2022 ᠣᠨ ᠳᠤ ᠪᠥᠬᠦ ᠣᠷᠣᠨ ᠤ ᠰᠤᠷᠭᠠᠨ ᠬᠥᠮᠦᠵᠢᠯ ᠤᠨ ᠦᠢᠯᠡᠰ ᠤᠨ ᠲᠤᠭ᠎ᠠ ᠪᠦᠷᠢᠳᠬᠡᠯ ᠤᠨ ᠪᠣᠯᠪᠠᠰᠤᠷᠠᠭᠤᠯᠤᠯ ᠤᠨ ᠠᠩᠭᠢ ᠶᠢ ᠣᠷᠳᠣᠰ ᠬᠤᠲᠠ ᠳᠤ ᠡᠷᠬᠢᠯᠡᠪᠡ
ᠨᠡᠶᠢᠲᠡᠯᠡᠭᠰᠡᠨ ᠴᠠᠭ᠄
2022/9/20
     9 ᠰᠠᠷ᠎ᠠ ᠶᠢᠨ 16 ᠤ ᠡᠳᠦᠷ᠂ 2022 ᠣᠨ ᠤ ᠪᠥᠬᠦ ᠣᠷᠣᠨ ᠤ ᠰᠤᠷᠭᠠᠨ ᠬᠥᠮᠦᠵᠢᠯ ᠤᠨ ᠦᠢᠯᠡᠰ ᠤᠨ ᠲᠤᠭ᠎ᠠ ᠪᠦᠷᠢᠳᠬᠡᠯ ᠤᠨ ᠪᠣᠯᠪᠠᠰᠤᠷᠠᠭᠤᠯᠤᠯ ᠤᠨ ᠠᠩᠭᠢ ᠣᠷᠳᠣᠰ ᠬᠤᠲᠠ ᠳᠤ ᠬᠢᠴᠢᠶᠡᠯ ᠡᠬᠢᠯᠡᠪᠡ᠃

     ᠰᠤᠷᠤᠯᠭ᠎ᠠ ᠡᠬᠢᠯᠡᠬᠦ ᠶᠣᠰᠣᠯᠠᠯ ᠳᠡᠭᠡᠷ᠎ᠡ᠂ ᠰᠤᠷᠭᠠᠨ ᠬᠥᠮᠦᠵᠢᠯ ᠤᠨ ᠲᠢᠩᠬᠢᠮ ᠠᠴᠠ 2022 ᠣᠨ ᠤ ᠪᠥᠬᠦ

ᠣᠷᠣᠨ ᠤ ᠰᠤᠷᠭᠠᠨ ᠬᠥᠮᠦᠵᠢᠯ ᠤᠨ ᠦᠢᠯᠡᠰ ᠤᠨ ᠲᠤᠭ᠎ᠠ ᠪᠦᠷᠢᠳᠬᠡᠯ ᠤᠨ ᠠᠵᠢᠯ ᠢ ᠪᠥᠬᠦ ᠲᠠᠯ᠎ᠠ ᠪᠠᠷ ᠰᠠᠶᠢᠲᠤᠷ

ᠬᠢᠬᠦ ᠲᠤᠬᠠᠶ ᠲᠣᠬᠢᠷᠠᠭᠤᠯᠤᠯᠲᠠ ᠪᠠ ᠪᠠᠶᠢᠷᠢᠯᠠᠭᠤᠯᠤᠯᠲᠠ ᠬᠢᠪᠠ᠃ ᠨᠢᠭᠡ ᠳᠤ᠂ ᠤᠯᠤᠰ ᠲᠥᠷᠥ ᠶᠢᠨ ᠵᠣᠭᠰᠣᠴᠠ ᠪᠠᠨ

ᠳᠡᠭᠡᠭᠰᠢᠯᠡᠭᠦᠯᠵᠦ᠂ ᠰᠤᠷᠭᠠᠨ ᠬᠥᠮᠦᠵᠢᠯ ᠤᠨ ᠦᠢᠯᠡᠰ ᠤᠨ ᠲᠤᠭ᠎ᠠ ᠪᠦᠷᠢᠳᠬᠡᠯ ᠤᠨ ᠠᠵᠢᠯ ᠢ ᠰᠠᠶᠢᠲᠤᠷ ᠬᠢᠬᠦ

ᠬᠠᠷᠢᠭᠤᠴᠠᠯᠭᠠᠲᠤ ᠰᠡᠳᠬᠢᠯᠭᠡ ᠪᠣᠯᠤᠨ ᠡᠭᠦᠷᠭᠡᠲᠦ ᠰᠡᠳᠬᠢᠯᠭᠡ ᠪᠠᠨ ᠬᠦᠴᠦᠯᠡᠨ ᠴᠢᠩᠭᠠᠳᠬᠠᠬᠤ ᠬᠡᠷᠡᠭᠲᠡᠢ᠃ ᠪᠥᠬᠦ

ᠣᠷᠣᠨ ᠤ ᠡᠯ᠎ᠡ ᠱᠠᠲᠤᠨ ᠤ ᠰᠤᠷᠭᠠᠨ ᠬᠥᠮᠦᠵᠢᠯ ᠤᠨ ᠰᠠᠯᠠᠭ᠎ᠠ ᠮᠥᠴᠢᠷ ᠪᠣᠯᠤᠨ ᠲᠤᠭ᠎ᠠ ᠪᠦᠷᠢᠳᠬᠡᠯ ᠤᠨ ᠠᠵᠢᠯᠲᠠᠨ

ᠤᠯᠤᠰ ᠲᠥᠷᠥ ᠶᠢᠨ ᠵᠣᠭᠰᠣᠴᠠ ᠪᠠᠨ ᠳᠡᠭᠡᠭᠰᠢᠯᠡᠭᠦᠯᠵᠦ᠂ ᠬᠠᠷᠢᠭᠤᠴᠠᠯᠭ᠎ᠠ ᠡᠭᠦᠷᠭᠡᠯᠡᠯ ᠢᠶᠠᠨ ᠴᠢᠩᠭᠠᠳᠬᠠᠨ᠂ ᠡᠯ᠎ᠡ

ᠱᠠᠲᠤᠨ ᠤ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠵᠤ᠂ 2022 ᠣᠨ ᠤ ᠰᠤᠷᠭᠠᠨ ᠬᠥᠮᠦᠵᠢᠯ ᠤᠨ ᠦᠢᠯᠡᠰ ᠤᠨ

ᠲᠤᠭ᠎ᠠ ᠪᠦᠷᠢᠳᠬᠡᠯ ᠤᠨ ᠠᠵᠢᠯ ᠢ ᠲᠡᠭᠦᠰ ᠠᠮᠵᠢᠯᠲᠠ ᠲᠠᠢ ᠪᠡᠶᠡᠯᠡᠭᠦᠯᠬᠦ ᠬᠡᠷᠡᠭᠲᠡᠶ᠃ ᠬᠤᠶᠠᠷ ᠲᠤ᠂ ᠠᠰᠠᠭᠤᠳᠠᠯ ᠢ

ᠵᠠᠳᠠᠯᠵᠤ᠂ ᠰᠤᠷᠭᠠᠨ ᠬᠥᠮᠦᠵᠢᠯ ᠤᠨ ᠦᠢᠯᠡᠰ ᠤᠨ ᠲᠤᠭ᠎ᠠ ᠪᠦᠷᠢᠳᠬᠡᠯ ᠤᠨ ᠠᠵᠢᠯ ᠢ ᠰᠠᠶᠢᠲᠤᠷ ᠬᠢᠬᠦ ᠬᠠᠨᠳᠤᠯᠭᠠᠲᠤ

ᠴᠢᠨᠠᠷ ᠪᠠ ᠪᠦᠲᠦᠮᠵᠢᠲᠦ ᠴᠢᠨᠠᠷ ᠢ ᠴᠢᠷᠮᠠᠶᠢᠨ ᠳᠡᠭᠡᠭᠰᠢᠯᠡᠭᠦᠯᠬᠦ ᠬᠡᠷᠡᠭᠲᠡᠶ᠃ ᠬᠠᠤᠯᠢ ᠲᠣᠭᠲᠠᠭᠠᠯ ᠶᠣᠰᠤ ᠪᠠᠷ ᠲᠤᠭ᠎ᠠ

ᠪᠦᠷᠢᠳᠭᠡᠯ ᠤᠨ ᠤᠬᠠᠮᠰᠠᠷ ᠢᠶᠠᠨ ᠴᠢᠩᠭᠠᠳᠬᠠᠵᠤ᠂ ᠲᠤᠭ᠎ᠠ ᠪᠦᠷᠢᠳᠬᠡᠯ ᠤᠨ ᠠᠵᠢᠯᠲᠠᠨ ᠤ ᠪᠣᠯᠪᠠᠰᠤᠷᠠᠭᠤᠯᠤᠯ ᠢ

ᠰᠠᠶᠢᠲᠤᠷ ᠠᠳᠬᠤᠵᠤ᠂ ᠲᠤᠭ᠎ᠠ ᠪᠠᠷᠢᠮᠲᠠ ᠶᠢ ᠵᠠᠳᠠᠯᠤᠨ ᠬᠡᠷᠡᠭᠯᠡᠬᠦ ᠴᠢᠳᠠᠪᠤᠷᠢ ᠪᠠᠨ ᠳᠡᠭᠡᠭᠰᠢᠯᠡᠭᠦᠯᠬᠦ ᠬᠡᠷᠡᠭᠲᠡᠶ᠃

ᠭᠤᠷᠪᠠ ᠳᠤ᠂ ᠭᠤᠤᠯᠳᠠᠯᠭ᠎ᠠ ᠪᠠᠨ ᠲᠣᠪᠤᠶᠢᠯᠭᠠᠨ᠂ ᠰᠤᠷᠭᠠᠨ ᠬᠥᠮᠦᠵᠢᠯ ᠤᠨ ᠦᠢᠯᠡᠰ ᠤᠨ ᠲᠤᠭ᠎ᠠ ᠪᠦᠷᠢᠳᠬᠡᠯ ᠤᠨ

ᠠᠵᠢᠯ ᠤᠨ ᠬᠢᠷᠢ ᠲᠦᠪᠰᠢᠨ ᠢ ᠪᠦᠬᠦ ᠬᠦᠴᠦᠨ ᠢᠶᠠᠷ ᠢᠶᠠᠨ ᠳᠡᠭᠡᠭᠰᠢᠯᠡᠭᠦᠯᠬᠦ ᠬᠡᠷᠡᠭᠲᠡᠶ᠃ ᠵᠣᠬᠢᠶᠠᠨ ᠪᠠᠶᠢᠭᠤᠯᠵᠤ

ᠤᠳᠤᠷᠢᠳᠬᠤ ᠪᠠᠨ ᠴᠢᠩᠭᠠᠳᠬᠠᠨ᠂ ᠲᠤᠭ᠎ᠠ ᠪᠠᠷᠢᠮᠲᠠ ᠶᠢᠨ ᠴᠢᠨᠠᠷ ᠴᠢᠨᠰᠠᠭ᠎ᠠ ᠶᠢ ᠳᠡᠭᠡᠭᠰᠢᠯᠡᠭᠦᠯᠵᠦ᠂ ᠲᠤᠭ᠎ᠠ

ᠪᠦᠷᠢᠳᠬᠡᠯ ᠤᠨ ᠬᠢᠨᠠᠨ ᠰᠢᠯᠭᠠᠵᠤ ᠦᠨᠡᠯᠡᠬᠦ ᠦᠢᠯᠡᠳᠦᠯ ᠢ ᠰᠠᠶᠢᠲᠤᠷ ᠪᠠᠳᠠᠷᠠᠭᠤᠯᠬᠤ ᠬᠡᠷᠡᠭᠲᠡᠢ ᠭᠡᠵᠡᠢ᠃

     ᠡᠨᠡ ᠤᠳᠠᠭᠠᠨ ᠤ ᠪᠣᠯᠪᠠᠰᠤᠷᠠᠭᠤᠯᠤᠯ ᠨᠢ ᠭᠤᠷᠪᠠᠨ ᠡᠳᠦᠷ ᠤᠨ ᠬᠤᠭᠤᠴᠠᠭ᠎ᠠ ᠲᠠᠢ ᠶᠠᠪᠤᠭᠳᠠᠵᠤ᠂ ᠣᠯᠠᠨ

ᠲᠤᠰᠬᠠᠶ ᠮᠡᠷᠭᠡᠵᠢᠯᠲᠡᠨ ᠢ ᠤᠷᠢᠵᠤ ᠲᠤᠭ᠎ᠠ ᠪᠦᠷᠢᠳᠬᠡᠯ ᠲᠤ ᠬᠤᠯᠪᠤᠭᠳᠠᠬᠤ ᠬᠠᠤᠯᠢ ᠴᠠᠭᠠᠵᠠ ᠬᠠᠤᠯᠢ ᠲᠣᠭᠲᠠᠭᠠᠯ᠂

ᠲᠤᠭ᠎ᠠ ᠪᠦᠷᠢᠳᠬᠡᠯ ᠤᠨ ᠶᠡᠷᠦᠩᠬᠡᠶᠢᠯᠡᠭᠰᠡᠨ ᠪᠠᠶᠢᠴᠠᠭᠠᠯᠲᠠ ᠶᠢᠨ ᠲᠦᠷᠢᠮ᠂ ᠲᠤᠭ᠎ᠠ ᠪᠦᠷᠢᠳᠬᠡᠯ ᠤᠨ ᠲᠤᠭ᠎ᠠ

ᠪᠠᠷᠢᠮᠲᠠ ᠶᠢ ᠬᠢᠨᠠᠨ ᠪᠠᠶᠢᠴᠠᠭᠠᠬᠤ ᠠᠷᠭ᠎ᠠ᠂ ᠰᠤᠷᠭᠠᠨ ᠬᠥᠮᠦᠵᠢᠯ ᠤᠨ ᠲᠤᠭ᠎ᠠ ᠪᠦᠷᠢᠳᠬᠡᠯ ᠤᠨ ᠮᠡᠳᠡᠭᠡ ᠵᠠᠩᠭᠢ ᠶᠢᠨ

ᠬᠠᠮᠢᠶᠠᠷᠤᠯᠲᠠ ᠶᠢᠨ ᠰᠢᠰᠲ᠋ᠧᠮ ᠤᠨ ᠠᠵᠢᠯᠯᠠᠭ᠎ᠠ ᠵᠡᠷᠭᠡ ᠲᠠᠯ᠎ᠠ ᠪᠠᠷ ᠬᠤᠷᠠᠯ ᠳᠤ ᠣᠷᠣᠯᠴᠠᠭᠰᠠᠳ ᠲᠤ

ᠪᠣᠯᠪᠠᠰᠤᠷᠠᠭᠤᠯᠤᠯ ᠬᠦᠷᠲᠡᠭᠡᠨ᠎ᠡ᠃ ᠪᠣᠯᠪᠠᠰᠤᠷᠠᠭᠤᠯᠤᠯ ᠨᠢ ᠪᠣᠳᠠᠲᠤ ᠦᠷ᠎ᠡ ᠪᠦᠲᠦᠮᠵᠢ ᠤᠯᠬᠤ ᠶᠢ ᠦᠨᠡᠨ ᠬᠦ

ᠪᠠᠲᠤᠯᠠᠬᠤ ᠶᠢᠨ ᠲᠥᠯᠥᠭᠡ᠂ ᠡᠨᠡ ᠤᠳᠠᠭᠠᠨ ᠤ ᠪᠣᠯᠪᠠᠰᠤᠷᠠᠭᠤᠯᠤᠯ ᠳᠤ ᠪᠠᠰᠠ ᠰᠢᠯᠭᠠᠬᠤ ᠭᠤᠭᠴᠤᠭ᠎ᠠ ᠶᠢ

ᠲᠤᠰᠬᠠᠶᠢᠯᠠᠨ ᠲᠣᠬᠢᠷᠠᠭᠤᠯᠪᠠ᠃

     ᠡᠨᠡ ᠤᠳᠠᠭᠠᠨ ᠤ ᠰᠦᠯᠵᠢᠶᠡᠨ ᠤ ᠭᠠᠳᠠᠨᠠᠬᠢ ᠪᠣᠯᠪᠠᠰᠤᠷᠠᠭᠤᠯᠤᠯ ᠳᠤ ᠪᠥᠬᠦ ᠣᠷᠣᠨ ᠤ 10 ᠠᠶᠢᠮᠠᠭ

ᠬᠤᠲᠠ ᠠᠴᠠ ᠢᠷᠡᠭᠰᠡᠨ ᠰᠤᠷᠭᠠᠨ ᠬᠥᠮᠦᠵᠢᠯ ᠤᠨ ᠦᠢᠯᠡᠰ ᠤᠨ ᠲᠤᠭ᠎ᠠ ᠪᠦᠷᠢᠳᠬᠡᠯ ᠤᠨ ᠭᠤᠤᠯᠯᠠᠭᠴᠢ ᠬᠦᠴᠦᠨ

58 ᠬᠥᠮᠦᠨ ᠣᠷᠣᠯᠴᠠᠵᠠᠶ᠃ ᠡᠭᠦᠨ ᠤ ᠬᠠᠮᠲᠤ᠂ ᠤᠯᠠᠭᠠᠨᠬᠠᠳᠠ ᠬᠤᠲᠠ᠂ ᠰᠢᠯᠢ ᠶᠢᠨ ᠭᠤᠤᠯ ᠠᠶᠢᠮᠠᠭ ᠵᠡᠷᠭᠡ ᠬᠤᠶᠠᠷ

ᠭᠠᠵᠠᠷ ᠲᠤ ᠪᠣᠯᠪᠠᠰᠤᠷᠠᠭᠤᠯᠤᠯ ᠤᠨ ᠬᠤᠪᠢᠶᠠᠷᠢ ᠬᠤᠷᠠᠯ ᠤᠨ ᠲᠠᠯᠠᠪᠠᠶ ᠭᠠᠷᠭᠠᠵᠤ᠂ ᠰᠦᠯᠵᠢᠶᠡᠨ ᠤ ᠰᠢᠭᠤᠳ

ᠨᠡᠪᠲᠡᠷᠡᠭᠦᠯᠭᠡ ᠪᠠᠷ ᠳᠠᠮᠵᠢᠭᠤᠯᠤᠨ ᠰᠦᠯᠵᠢᠶᠡᠨ ᠳᠠᠬᠢ ᠪᠣᠯᠪᠠᠰᠤᠷᠠᠭᠤᠯᠤᠯ ᠳᠤ ᠣᠷᠣᠯᠴᠠᠭᠰᠠᠨ ᠬᠥᠮᠦᠨ 300 ᠪᠣᠶ᠃

 
ᠢᠷᠡᠯᠲᠡ᠄ ᠥᠪᠥᠷ ᠮᠣᠩᠭᠤᠯ ᠤᠨ ᠦᠪᠡᠷᠲᠡᠭᠡᠨ ᠵᠠᠰᠠᠬᠤ ᠣᠷᠣᠨ ᠤ ᠰᠣᠷᠭᠠᠨ ᠬᠦᠮᠦᠵᠢᠯ ᠤᠨ ᠲᠢᠩᠬᠡᠮ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号