| | 9 ᠰᠠᠷ᠎ᠠ ᠶᠢᠨ 16 ᠤ ᠡᠳᠦᠷ᠂ 2022 ᠣᠨ ᠤ ᠪᠥᠬᠦ ᠣᠷᠣᠨ ᠤ ᠰᠤᠷᠭᠠᠨ ᠬᠥᠮᠦᠵᠢᠯ ᠤᠨ ᠦᠢᠯᠡᠰ ᠤᠨ | ᠲᠤᠭ᠎ᠠ ᠪᠦᠷᠢᠳᠬᠡᠯ ᠤᠨ ᠪᠣᠯᠪᠠᠰᠤᠷᠠᠭᠤᠯᠤᠯ ᠤᠨ ᠠᠩᠭᠢ ᠣᠷᠳᠣᠰ ᠬᠤᠲᠠ ᠳᠤ ᠬᠢᠴᠢᠶᠡᠯ ᠡᠬᠢᠯᠡᠪᠡ᠃ | | | | | | ᠰᠤᠷᠤᠯᠭ᠎ᠠ ᠡᠬᠢᠯᠡᠬᠦ ᠶᠣᠰᠣᠯᠠᠯ ᠳᠡᠭᠡᠷ᠎ᠡ᠂ ᠰᠤᠷᠭᠠᠨ ᠬᠥᠮᠦᠵᠢᠯ ᠤᠨ ᠲᠢᠩᠬᠢᠮ ᠠᠴᠠ 2022 ᠣᠨ ᠤ ᠪᠥᠬᠦ | ᠣᠷᠣᠨ ᠤ ᠰᠤᠷᠭᠠᠨ ᠬᠥᠮᠦᠵᠢᠯ ᠤᠨ ᠦᠢᠯᠡᠰ ᠤᠨ ᠲᠤᠭ᠎ᠠ ᠪᠦᠷᠢᠳᠬᠡᠯ ᠤᠨ ᠠᠵᠢᠯ ᠢ ᠪᠥᠬᠦ ᠲᠠᠯ᠎ᠠ ᠪᠠᠷ ᠰᠠᠶᠢᠲᠤᠷ | ᠬᠢᠬᠦ ᠲᠤᠬᠠᠶ ᠲᠣᠬᠢᠷᠠᠭᠤᠯᠤᠯᠲᠠ ᠪᠠ ᠪᠠᠶᠢᠷᠢᠯᠠᠭᠤᠯᠤᠯᠲᠠ ᠬᠢᠪᠠ᠃ ᠨᠢᠭᠡ ᠳᠤ᠂ ᠤᠯᠤᠰ ᠲᠥᠷᠥ ᠶᠢᠨ ᠵᠣᠭᠰᠣᠴᠠ ᠪᠠᠨ | ᠳᠡᠭᠡᠭᠰᠢᠯᠡᠭᠦᠯᠵᠦ᠂ ᠰᠤᠷᠭᠠᠨ ᠬᠥᠮᠦᠵᠢᠯ ᠤᠨ ᠦᠢᠯᠡᠰ ᠤᠨ ᠲᠤᠭ᠎ᠠ ᠪᠦᠷᠢᠳᠬᠡᠯ ᠤᠨ ᠠᠵᠢᠯ ᠢ ᠰᠠᠶᠢᠲᠤᠷ ᠬᠢᠬᠦ | ᠬᠠᠷᠢᠭᠤᠴᠠᠯᠭᠠᠲᠤ ᠰᠡᠳᠬᠢᠯᠭᠡ ᠪᠣᠯᠤᠨ ᠡᠭᠦᠷᠭᠡᠲᠦ ᠰᠡᠳᠬᠢᠯᠭᠡ ᠪᠠᠨ ᠬᠦᠴᠦᠯᠡᠨ ᠴᠢᠩᠭᠠᠳᠬᠠᠬᠤ ᠬᠡᠷᠡᠭᠲᠡᠢ᠃ ᠪᠥᠬᠦ | ᠣᠷᠣᠨ ᠤ ᠡᠯ᠎ᠡ ᠱᠠᠲᠤᠨ ᠤ ᠰᠤᠷᠭᠠᠨ ᠬᠥᠮᠦᠵᠢᠯ ᠤᠨ ᠰᠠᠯᠠᠭ᠎ᠠ ᠮᠥᠴᠢᠷ ᠪᠣᠯᠤᠨ ᠲᠤᠭ᠎ᠠ ᠪᠦᠷᠢᠳᠬᠡᠯ ᠤᠨ ᠠᠵᠢᠯᠲᠠᠨ | ᠤᠯᠤᠰ ᠲᠥᠷᠥ ᠶᠢᠨ ᠵᠣᠭᠰᠣᠴᠠ ᠪᠠᠨ ᠳᠡᠭᠡᠭᠰᠢᠯᠡᠭᠦᠯᠵᠦ᠂ ᠬᠠᠷᠢᠭᠤᠴᠠᠯᠭ᠎ᠠ ᠡᠭᠦᠷᠭᠡᠯᠡᠯ ᠢᠶᠠᠨ ᠴᠢᠩᠭᠠᠳᠬᠠᠨ᠂ ᠡᠯ᠎ᠡ | ᠱᠠᠲᠤᠨ ᠤ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠵᠤ᠂ 2022 ᠣᠨ ᠤ ᠰᠤᠷᠭᠠᠨ ᠬᠥᠮᠦᠵᠢᠯ ᠤᠨ ᠦᠢᠯᠡᠰ ᠤᠨ | ᠲᠤᠭ᠎ᠠ ᠪᠦᠷᠢᠳᠬᠡᠯ ᠤᠨ ᠠᠵᠢᠯ ᠢ ᠲᠡᠭᠦᠰ ᠠᠮᠵᠢᠯᠲᠠ ᠲᠠᠢ ᠪᠡᠶᠡᠯᠡᠭᠦᠯᠬᠦ ᠬᠡᠷᠡᠭᠲᠡᠶ᠃ ᠬᠤᠶᠠᠷ ᠲᠤ᠂ ᠠᠰᠠᠭᠤᠳᠠᠯ ᠢ | ᠵᠠᠳᠠᠯᠵᠤ᠂ ᠰᠤᠷᠭᠠᠨ ᠬᠥᠮᠦᠵᠢᠯ ᠤᠨ ᠦᠢᠯᠡᠰ ᠤᠨ ᠲᠤᠭ᠎ᠠ ᠪᠦᠷᠢᠳᠬᠡᠯ ᠤᠨ ᠠᠵᠢᠯ ᠢ ᠰᠠᠶᠢᠲᠤᠷ ᠬᠢᠬᠦ ᠬᠠᠨᠳᠤᠯᠭᠠᠲᠤ | ᠴᠢᠨᠠᠷ ᠪᠠ ᠪᠦᠲᠦᠮᠵᠢᠲᠦ ᠴᠢᠨᠠᠷ ᠢ ᠴᠢᠷᠮᠠᠶᠢᠨ ᠳᠡᠭᠡᠭᠰᠢᠯᠡᠭᠦᠯᠬᠦ ᠬᠡᠷᠡᠭᠲᠡᠶ᠃ ᠬᠠᠤᠯᠢ ᠲᠣᠭᠲᠠᠭᠠᠯ ᠶᠣᠰᠤ ᠪᠠᠷ ᠲᠤᠭ᠎ᠠ | ᠪᠦᠷᠢᠳᠭᠡᠯ ᠤᠨ ᠤᠬᠠᠮᠰᠠᠷ ᠢᠶᠠᠨ ᠴᠢᠩᠭᠠᠳᠬᠠᠵᠤ᠂ ᠲᠤᠭ᠎ᠠ ᠪᠦᠷᠢᠳᠬᠡᠯ ᠤᠨ ᠠᠵᠢᠯᠲᠠᠨ ᠤ ᠪᠣᠯᠪᠠᠰᠤᠷᠠᠭᠤᠯᠤᠯ ᠢ | ᠰᠠᠶᠢᠲᠤᠷ ᠠᠳᠬᠤᠵᠤ᠂ ᠲᠤᠭ᠎ᠠ ᠪᠠᠷᠢᠮᠲᠠ ᠶᠢ ᠵᠠᠳᠠᠯᠤᠨ ᠬᠡᠷᠡᠭᠯᠡᠬᠦ ᠴᠢᠳᠠᠪᠤᠷᠢ ᠪᠠᠨ ᠳᠡᠭᠡᠭᠰᠢᠯᠡᠭᠦᠯᠬᠦ ᠬᠡᠷᠡᠭᠲᠡᠶ᠃ | ᠭᠤᠷᠪᠠ ᠳᠤ᠂ ᠭᠤᠤᠯᠳᠠᠯᠭ᠎ᠠ ᠪᠠᠨ ᠲᠣᠪᠤᠶᠢᠯᠭᠠᠨ᠂ ᠰᠤᠷᠭᠠᠨ ᠬᠥᠮᠦᠵᠢᠯ ᠤᠨ ᠦᠢᠯᠡᠰ ᠤᠨ ᠲᠤᠭ᠎ᠠ ᠪᠦᠷᠢᠳᠬᠡᠯ ᠤᠨ | ᠠᠵᠢᠯ ᠤᠨ ᠬᠢᠷᠢ ᠲᠦᠪᠰᠢᠨ ᠢ ᠪᠦᠬᠦ ᠬᠦᠴᠦᠨ ᠢᠶᠠᠷ ᠢᠶᠠᠨ ᠳᠡᠭᠡᠭᠰᠢᠯᠡᠭᠦᠯᠬᠦ ᠬᠡᠷᠡᠭᠲᠡᠶ᠃ ᠵᠣᠬᠢᠶᠠᠨ ᠪᠠᠶᠢᠭᠤᠯᠵᠤ | ᠤᠳᠤᠷᠢᠳᠬᠤ ᠪᠠᠨ ᠴᠢᠩᠭᠠᠳᠬᠠᠨ᠂ ᠲᠤᠭ᠎ᠠ ᠪᠠᠷᠢᠮᠲᠠ ᠶᠢᠨ ᠴᠢᠨᠠᠷ ᠴᠢᠨᠰᠠᠭ᠎ᠠ ᠶᠢ ᠳᠡᠭᠡᠭᠰᠢᠯᠡᠭᠦᠯᠵᠦ᠂ ᠲᠤᠭ᠎ᠠ | ᠪᠦᠷᠢᠳᠬᠡᠯ ᠤᠨ ᠬᠢᠨᠠᠨ ᠰᠢᠯᠭᠠᠵᠤ ᠦᠨᠡᠯᠡᠬᠦ ᠦᠢᠯᠡᠳᠦᠯ ᠢ ᠰᠠᠶᠢᠲᠤᠷ ᠪᠠᠳᠠᠷᠠᠭᠤᠯᠬᠤ ᠬᠡᠷᠡᠭᠲᠡᠢ ᠭᠡᠵᠡᠢ᠃ | | | | | | | | | ᠡᠨᠡ ᠤᠳᠠᠭᠠᠨ ᠤ ᠪᠣᠯᠪᠠᠰᠤᠷᠠᠭᠤᠯᠤᠯ ᠨᠢ ᠭᠤᠷᠪᠠᠨ ᠡᠳᠦᠷ ᠤᠨ ᠬᠤᠭᠤᠴᠠᠭ᠎ᠠ ᠲᠠᠢ ᠶᠠᠪᠤᠭᠳᠠᠵᠤ᠂ ᠣᠯᠠᠨ | ᠲᠤᠰᠬᠠᠶ ᠮᠡᠷᠭᠡᠵᠢᠯᠲᠡᠨ ᠢ ᠤᠷᠢᠵᠤ ᠲᠤᠭ᠎ᠠ ᠪᠦᠷᠢᠳᠬᠡᠯ ᠲᠤ ᠬᠤᠯᠪᠤᠭᠳᠠᠬᠤ ᠬᠠᠤᠯᠢ ᠴᠠᠭᠠᠵᠠ ᠬᠠᠤᠯᠢ ᠲᠣᠭᠲᠠᠭᠠᠯ᠂ | ᠲᠤᠭ᠎ᠠ ᠪᠦᠷᠢᠳᠬᠡᠯ ᠤᠨ ᠶᠡᠷᠦᠩᠬᠡᠶᠢᠯᠡᠭᠰᠡᠨ ᠪᠠᠶᠢᠴᠠᠭᠠᠯᠲᠠ ᠶᠢᠨ ᠲᠦᠷᠢᠮ᠂ ᠲᠤᠭ᠎ᠠ ᠪᠦᠷᠢᠳᠬᠡᠯ ᠤᠨ ᠲᠤᠭ᠎ᠠ | ᠪᠠᠷᠢᠮᠲᠠ ᠶᠢ ᠬᠢᠨᠠᠨ ᠪᠠᠶᠢᠴᠠᠭᠠᠬᠤ ᠠᠷᠭ᠎ᠠ᠂ ᠰᠤᠷᠭᠠᠨ ᠬᠥᠮᠦᠵᠢᠯ ᠤᠨ ᠲᠤᠭ᠎ᠠ ᠪᠦᠷᠢᠳᠬᠡᠯ ᠤᠨ ᠮᠡᠳᠡᠭᠡ ᠵᠠᠩᠭᠢ ᠶᠢᠨ | ᠬᠠᠮᠢᠶᠠᠷᠤᠯᠲᠠ ᠶᠢᠨ ᠰᠢᠰᠲ᠋ᠧᠮ ᠤᠨ ᠠᠵᠢᠯᠯᠠᠭ᠎ᠠ ᠵᠡᠷᠭᠡ ᠲᠠᠯ᠎ᠠ ᠪᠠᠷ ᠬᠤᠷᠠᠯ ᠳᠤ ᠣᠷᠣᠯᠴᠠᠭᠰᠠᠳ ᠲᠤ | ᠪᠣᠯᠪᠠᠰᠤᠷᠠᠭᠤᠯᠤᠯ ᠬᠦᠷᠲᠡᠭᠡᠨ᠎ᠡ᠃ ᠪᠣᠯᠪᠠᠰᠤᠷᠠᠭᠤᠯᠤᠯ ᠨᠢ ᠪᠣᠳᠠᠲᠤ ᠦᠷ᠎ᠡ ᠪᠦᠲᠦᠮᠵᠢ ᠤᠯᠬᠤ ᠶᠢ ᠦᠨᠡᠨ ᠬᠦ | ᠪᠠᠲᠤᠯᠠᠬᠤ ᠶᠢᠨ ᠲᠥᠯᠥᠭᠡ᠂ ᠡᠨᠡ ᠤᠳᠠᠭᠠᠨ ᠤ ᠪᠣᠯᠪᠠᠰᠤᠷᠠᠭᠤᠯᠤᠯ ᠳᠤ ᠪᠠᠰᠠ ᠰᠢᠯᠭᠠᠬᠤ ᠭᠤᠭᠴᠤᠭ᠎ᠠ ᠶᠢ | ᠲᠤᠰᠬᠠᠶᠢᠯᠠᠨ ᠲᠣᠬᠢᠷᠠᠭᠤᠯᠪᠠ᠃ | ᠡᠨᠡ ᠤᠳᠠᠭᠠᠨ ᠤ ᠰᠦᠯᠵᠢᠶᠡᠨ ᠤ ᠭᠠᠳᠠᠨᠠᠬᠢ ᠪᠣᠯᠪᠠᠰᠤᠷᠠᠭᠤᠯᠤᠯ ᠳᠤ ᠪᠥᠬᠦ ᠣᠷᠣᠨ ᠤ 10 ᠠᠶᠢᠮᠠᠭ | ᠬᠤᠲᠠ ᠠᠴᠠ ᠢᠷᠡᠭᠰᠡᠨ ᠰᠤᠷᠭᠠᠨ ᠬᠥᠮᠦᠵᠢᠯ ᠤᠨ ᠦᠢᠯᠡᠰ ᠤᠨ ᠲᠤᠭ᠎ᠠ ᠪᠦᠷᠢᠳᠬᠡᠯ ᠤᠨ ᠭᠤᠤᠯᠯᠠᠭᠴᠢ ᠬᠦᠴᠦᠨ | 58 ᠬᠥᠮᠦᠨ ᠣᠷᠣᠯᠴᠠᠵᠠᠶ᠃ ᠡᠭᠦᠨ ᠤ ᠬᠠᠮᠲᠤ᠂ ᠤᠯᠠᠭᠠᠨᠬᠠᠳᠠ ᠬᠤᠲᠠ᠂ ᠰᠢᠯᠢ ᠶᠢᠨ ᠭᠤᠤᠯ ᠠᠶᠢᠮᠠᠭ ᠵᠡᠷᠭᠡ ᠬᠤᠶᠠᠷ | ᠭᠠᠵᠠᠷ ᠲᠤ ᠪᠣᠯᠪᠠᠰᠤᠷᠠᠭᠤᠯᠤᠯ ᠤᠨ ᠬᠤᠪᠢᠶᠠᠷᠢ ᠬᠤᠷᠠᠯ ᠤᠨ ᠲᠠᠯᠠᠪᠠᠶ ᠭᠠᠷᠭᠠᠵᠤ᠂ ᠰᠦᠯᠵᠢᠶᠡᠨ ᠤ ᠰᠢᠭᠤᠳ | ᠨᠡᠪᠲᠡᠷᠡᠭᠦᠯᠭᠡ ᠪᠠᠷ ᠳᠠᠮᠵᠢᠭᠤᠯᠤᠨ ᠰᠦᠯᠵᠢᠶᠡᠨ ᠳᠠᠬᠢ ᠪᠣᠯᠪᠠᠰᠤᠷᠠᠭᠤᠯᠤᠯ ᠳᠤ ᠣᠷᠣᠯᠴᠠᠭᠰᠠᠨ ᠬᠥᠮᠦᠨ 300 ᠪᠣᠶ᠃ | | |