ᠠᠷᠪᠠᠨ ᠳᠣᠯᠣᠳᠤᠭᠠᠷ ᠬᠤᠭᠤᠴᠠᠭᠠᠨ ᠤ ︽ᠤᠶᠤᠲᠠᠳ ᠤᠨ ᠣᠨ ᠤ ᠬᠥᠮᠦᠰ︾ ᠢᠶᠠᠷ ᠰᠢᠯᠭᠠᠷᠠᠭᠤᠯᠬᠤ ᠪᠠᠷ ᠪᠠᠶᠢᠭ᠎ᠠ ᠨᠡᠷᠡᠰ ᠤᠨ ᠲᠤᠬᠠᠶ ᠢᠯᠡ ᠨᠡᠶᠢᠲᠡᠯᠡᠯ
ᠨᠡᠶᠢᠲᠡᠯᠡᠭᠰᠡᠨ ᠴᠠᠭ᠄
2022/9/21
     ᠠᠷᠠᠳ ᠤᠨ ᠰᠦᠯᠵᠢᠶ᠎ᠡ ᠵᠡᠷᠭᠡ ᠳᠥᠷᠪᠡᠨ ᠨᠢᠭᠡᠴᠢ ᠶᠢᠨ ︽ᠠᠷᠪᠠᠨ ᠳᠣᠯᠣᠳᠤᠭᠠᠷ ᠬᠤᠭᠤᠴᠠᠭᠠᠨ ᠤ ︿ᠳᠤᠮᠳᠠᠳᠤ ᠤᠯᠤᠰ ᠤᠨ ᠤᠶᠤᠲᠠᠳ ᠤᠨ ᠣᠨ ᠤ ᠬᠥᠮᠦᠰ﹀ ᠢ ᠰᠢᠯᠭᠠᠷᠠᠭᠤᠯᠵᠤ ᠳᠡᠯᠭᠡᠨ ᠦᠵᠡᠭᠦᠯᠬᠦ ᠠᠵᠢᠯᠯᠠᠭ᠎ᠠ ᠶᠢ ᠵᠣᠬᠢᠶᠠᠨ ᠪᠠᠶᠢᠭᠤᠯᠵᠤ ᠥᠷᠨᠢᠭᠦᠯᠬᠦ ᠲᠤᠬᠠᠶ ᠵᠠᠬᠢᠳᠠᠯ︾ ᠤᠨ ᠠᠵᠢᠯ ᠤᠨ ᠲᠣᠬᠢᠷᠠᠭᠤᠯᠤᠯᠲᠠ ᠶᠢ ᠦᠨᠳᠦᠰᠦᠯᠡᠨ᠂ ᠡᠯ᠎ᠡ ᠳᠡᠭᠡᠳᠦ ᠰᠤᠷᠭᠠᠭᠤᠯᠢ ᠶᠢᠨ ᠱᠠᠲᠤ ᠳᠠᠷᠠᠭᠠᠯᠠᠨ ᠲᠠᠨᠢᠯᠴᠠᠭᠤᠯᠵᠤ ᠳᠡᠭᠡᠭᠰᠢ ᠮᠡᠳᠡᠭᠦᠯᠬᠦ᠂ ᠥᠪᠡᠷᠲᠡᠭᠡᠨ ᠵᠠᠰᠠᠬᠤ ᠣᠷᠣᠨ ᠤ ᠲᠤᠰᠬᠠᠶ ᠮᠡᠷᠭᠡᠵᠢᠯᠲᠡᠨ ᠬᠢᠨᠠᠨ ᠲᠣᠭᠲᠠᠭᠠᠬᠤ ᠪᠠᠷ ᠳᠠᠮᠵᠢᠨ᠂ ᠡᠳᠦᠭᠡ ᠠᠷᠪᠠᠨ ᠳᠣᠯᠣᠳᠤᠭᠠᠷ ᠬᠤᠭᠤᠴᠠᠭᠠᠨ ᠤ ︽ᠳᠤᠮᠳᠠᠳᠤ ᠤᠯᠤᠰ ᠤᠨ ᠤᠶᠤᠲᠠᠳ ᠤᠨ ᠣᠨ ᠤ ᠬᠥᠮᠦᠰ︾ ᠢᠶᠠᠷ ᠰᠢᠯᠭᠠᠷᠠᠭᠤᠯᠬᠤ ᠪᠠᠷ ᠪᠠᠶᠢᠭ᠎ᠠ ᠨᠡᠷᠡᠰ ︵ᠨᠠᠷᠢᠨ ᠵᠦᠢᠯ ᠢ ᠳᠠᠭᠠᠯᠳᠤᠭᠤᠯᠤᠯ ᠳᠤ ᠦᠵᠡᠭᠡᠷᠡᠢ︶ ᠢ ᠢᠯᠡ ᠨᠡᠶᠢᠲᠡᠯᠡᠪᠡ᠃      ᠢᠯᠡ ᠨᠡᠶᠢᠲᠡᠯᠡᠬᠦ ᠴᠠᠭ᠄ 2022 ᠣᠨ ᠤ 9 ᠰᠠᠷ᠎ᠠ ᠶᠢᠨ 20 — 9 ᠰᠠᠷ᠎ᠠ ᠶᠢᠨ 26 ᠤ ᠡᠳᠦᠷ᠃      ᠢᠯᠡ ᠨᠡᠶᠢᠲᠡᠯᠡᠬᠦ ᠬᠤᠭᠤᠴᠠᠭᠠᠨ ᠳᠤ᠂ ᠬᠡᠷᠪᠡ ᠰᠠᠨᠠᠯ ᠲᠠᠢ ᠪᠣᠯ ᠪᠢᠴᠢᠭ ᠤᠨ ᠬᠡᠯᠪᠡᠷᠢ ᠪᠠᠷ ᠮᠠᠨ ᠤ ᠲᠢᠩᠬᠢᠮ ᠳᠤ ᠲᠤᠰᠬᠠᠬᠤ ᠶᠢᠨ ᠬᠠᠮᠲᠤ ᠴᠢᠬᠤᠯᠠ ᠪᠦᠬᠦᠢ  ᠭᠡᠷᠡᠴᠢᠯᠡᠬᠦ ᠮᠠᠲ᠋ᠧᠷᠢᠶᠠᠯ ᠢ ᠬᠠᠩᠭᠠᠵᠤ᠂ ᠬᠢᠨᠠᠨ ᠬᠠᠷᠭᠤᠭᠤᠯᠵᠤ ᠪᠠᠶᠢᠴᠠᠭᠠᠨ ᠲᠤᠳᠤᠯᠠᠬᠤ ᠳᠤ ᠲᠦᠬᠦᠮ ᠦᠵᠡᠭᠦᠯᠬᠦ ᠬᠡᠷᠡᠭᠲᠡᠢ᠃ ᠰᠠᠨᠠᠯ ᠳᠤᠷᠠᠳᠤᠭᠰᠠᠳ ᠲᠣᠰ ᠬᠥᠮᠦᠨ  ᠤ ᠦᠨᠡᠨ ᠨᠡᠷ᠎ᠡ᠂ ᠠᠵᠢᠯᠯᠠᠵᠤ ᠪᠠᠶᠢᠭ᠎ᠠ ᠨᠢᠭᠡᠴᠢ᠂ ᠬᠠᠷᠢᠯᠴᠠᠬᠤ ᠤᠲᠠᠰᠤ ᠵᠡᠷᠭᠡ ᠪᠦᠲᠦᠮᠵᠢᠲᠡᠶ ᠬᠠᠷᠢᠯᠴᠠᠬᠤ ᠠᠷᠭ᠎ᠠ ᠮᠠᠶ᠋ᠢᠭ ︵ᠮᠠᠨ ᠤ ᠲᠢᠩᠬᠢᠮ ᠨᠢᠭᠤᠴᠠ ᠶᠢ ᠴᠢᠩᠭ᠎ᠠ ᠬᠠᠮᠠᠭᠠᠯᠠᠨ᠎ᠠ︶ ᠢ ᠬᠠᠩᠭᠠᠬᠤ ᠬᠡᠷᠡᠭᠲᠡᠢ᠃      ᠬᠢᠨᠠᠯᠲᠠ ᠲᠠᠯᠪᠢᠬᠤ ᠬᠠᠷᠢᠯᠴᠠᠬᠤ ᠤᠲᠠᠰᠤ᠄ 0471 - 2856075᠃      ᠳᠠᠭᠠᠯᠳᠤᠭᠤᠯᠤᠯ᠄ ᠠᠷᠪᠠᠨ ᠳᠣᠯᠣᠳᠤᠭᠠᠷ ᠬᠤᠭᠤᠴᠠᠭᠠᠨ ᠤ ︽ᠤᠶᠤᠲᠠᠳ ᠤᠨ ᠣᠨ ᠤ ᠬᠥᠮᠦᠰ︾ ᠢᠶᠠᠷ ᠰᠢᠯᠭᠠᠷᠠᠭᠤᠯᠬᠤ ᠪᠠᠷ ᠪᠠᠶᠢᠭ᠎ᠠ ᠨᠡᠷᠡᠰ        ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠰᠤᠷᠭᠠᠨ ᠬᠥᠮᠦᠵᠢᠯ ᠤᠨ ᠲᠢᠩᠬᠢᠮ               2022 ᠣᠨ ᠤ 9 ᠰᠠᠷ᠎ᠠ ᠶᠢᠨ 20 ᠤ ᠡᠳᠦᠷ      ᠳᠠᠭᠠᠯᠳᠤᠭᠤᠯᠤᠯ᠄

 
ᠢᠷᠡᠯᠲᠡ᠄ ᠦᠪᠦᠷ ᠮᠣᠩᠭᠤᠯ ᠤᠨ ᠦᠪᠡᠷᠲᠡᠭᠡᠨ ᠵᠠᠰᠠᠬᠤ ᠣᠷᠣᠨ ᠤ ᠰᠤᠷᠭᠠᠨ ᠬᠦᠮᠦᠵᠢᠯ ᠤᠨ ᠲᠢᠩᠬᠢᠮ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号