ᠸᠠᠩ ᠯᠢ ᠰᠢᠶᠠ ᠳᠡᠭᠡᠳᠦ ᠵᠡᠷᠭᠡ ᠶᠢᠨ ᠠᠵᠢᠯ ᠮᠡᠷᠭᠡᠵᠢᠯ ᠤᠨ ᠰᠤᠷᠭᠠᠭᠤᠯᠢ ᠳᠤ ᠪᠠᠶᠢᠴᠠᠭᠠᠨ ᠰᠤᠳᠤᠯᠵᠤ ᠠᠵᠢᠯ ᠮᠡᠷᠭᠡᠵᠢᠯ ᠤᠨ ᠰᠤᠷᠭᠠᠨ ᠬᠥᠮᠦᠵᠢᠯ ᠤᠨ ᠴᠢᠨᠠᠷ ᠰᠠᠶᠢᠲᠠᠢ ᠬᠥᠭᠵᠢᠯᠲᠡ ᠶᠢᠨ ᠠᠵᠢᠯ ᠢ ᠰᠤᠳᠤᠯᠤᠨ ᠪᠠᠶᠢᠷᠢᠯᠠᠭᠤᠯᠪᠠ
ᠨᠡᠶᠢᠲᠡᠯᠡᠭᠰᠡᠨ ᠴᠠᠭ᠄
2022/9/21
     9 ᠰᠠᠷ᠎ᠠ ᠶᠢᠨ 20 ᠤ ᠡᠳᠦᠷ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠳᠡᠳ᠋ ᠱᠦᠵᠢ᠂ ᠥᠪᠡᠷᠲᠡᠭᠡᠨ ᠵᠠᠰᠠᠬᠤ ᠣᠷᠣᠨ ᠤ ᠲᠡᠷᠢᠭᠦᠯᠡᠭᠴᠢ ᠸᠠᠩ ᠯᠢ ᠰᠢᠶᠠ ᠳᠡᠭᠡᠳᠦ ᠵᠡᠷᠭᠡ ᠶᠢᠨ ᠠᠵᠢᠯ ᠮᠡᠷᠭᠡᠵᠢᠯ ᠤᠨ ᠰᠤᠷᠭᠠᠭᠤᠯᠢ ᠳᠤ ᠪᠠᠶᠢᠴᠠᠭᠠᠨ ᠰᠤᠳᠤᠯᠤᠯᠲᠠ ᠬᠢᠵᠦ᠂ ᠬᠤᠯᠪᠣᠭᠳᠠᠯ ᠪᠦᠬᠦᠢ ᠰᠠᠯᠠᠭ᠎ᠠ ᠮᠥᠴᠢᠷ ᠪᠣᠯᠣᠨ ᠬᠡᠰᠡᠭ ᠳᠡᠭᠡᠳᠦ ᠵᠡᠷᠭᠡ ᠶᠢᠨ ᠠᠵᠢᠯ ᠮᠡᠷᠭᠡᠵᠢᠯ ᠤᠨ ᠰᠤᠷᠭᠠᠭᠤᠯᠢ ᠶᠢᠨ ᠬᠠᠷᠢᠭᠤᠴᠠᠯᠭᠠᠲᠠᠨ ᠨᠥᠬᠦᠳ ᠲᠠᠢ ᠬᠠᠮᠲᠤ ᠮᠠᠨ ᠤ ᠣᠷᠣᠨ ᠤ ᠠᠵᠢᠯ ᠮᠡᠷᠭᠡᠵᠢᠯ ᠤᠨ ᠰᠤᠷᠭᠠᠨ ᠬᠥᠮᠦᠵᠢᠯ ᠤᠨ ᠴᠢᠨᠠᠷ ᠰᠠᠶᠢᠲᠠᠢ ᠬᠥᠭᠵᠢᠯᠲᠡ ᠶᠢᠨ ᠠᠵᠢᠯ ᠢ ᠰᠤᠳᠤᠯᠪᠠ᠃

     ᠸᠠᠩ ᠯᠢ ᠰᠢᠶᠠ ᠬᠢᠮᠢ ᠶᠢᠨ ᠠᠵᠤ ᠦᠢᠯᠡᠳᠪᠦᠷᠢ ᠶᠢᠨ ᠠᠵᠢᠯ ᠮᠡᠷᠭᠡᠵᠢᠯ ᠤᠨ ᠳᠡᠭᠡᠳᠦ ᠰᠤᠷᠭᠠᠭᠤᠯᠢ᠂

ᠠᠷᠠᠯᠵᠢᠶ᠎ᠠ ᠬᠤᠳᠠᠯᠳᠤᠭᠠᠨ ᠤ ᠠᠵᠢᠯ ᠮᠡᠷᠭᠡᠵᠢᠯ ᠤᠨ ᠳᠡᠭᠡᠳᠦ ᠰᠤᠷᠭᠠᠭᠤᠯᠢ᠂ ᠡᠯᠧᠺᠲᠷᠣᠨ ᠮᠡᠳᠡᠭᠡ ᠵᠠᠩᠭᠢ ᠶᠢᠨ ᠠᠵᠢᠯ

ᠮᠡᠷᠭᠡᠵᠢᠯ ᠤᠨ ᠳᠡᠭᠡᠳᠦ ᠰᠤᠷᠭᠠᠭᠤᠯᠢ ᠳᠤ ᠭᠦᠨᠵᠡᠭᠡᠶᠢᠷᠡᠵᠦ᠂ ᠮᠠᠨ ᠤ ᠣᠷᠣᠨ ᠤ ᠠᠵᠢᠯ ᠮᠡᠷᠭᠡᠵᠢᠯ ᠤᠨ ᠰᠤᠷᠭᠠᠨ

ᠬᠥᠮᠦᠵᠢᠯ ᠤᠨ ᠬᠥᠭᠵᠢᠯᠲᠡ ᠶᠢᠨ ᠪᠠᠶᠢᠳᠠᠯ ᠢ ᠣᠶᠢᠯᠠᠭᠠᠪᠠ᠃ ᠳᠠᠷᠠᠭ᠎ᠠ ᠨᠢ᠂ ᠲᠡᠷᠡ 8 ᠳᠡᠭᠡᠳᠦ ᠵᠡᠷᠭᠡ ᠶᠢᠨ ᠠᠵᠢᠯ

ᠮᠡᠷᠭᠡᠵᠢᠯ ᠤᠨ ᠰᠤᠷᠭᠠᠭᠤᠯᠢ ᠶᠢᠨ ᠬᠠᠷᠢᠭᠤᠴᠠᠯᠭᠠᠲᠠᠨ ᠤ ᠪᠠᠶᠢᠳᠠᠯ ᠤᠨ ᠬᠠᠷᠢᠭᠤ ᠮᠡᠳᠡᠭᠦᠯᠦᠯᠲᠡ ᠶᠢ ᠰᠣᠨᠣᠰᠪᠠ᠃

ᠸᠠᠩ ᠯᠢ ᠰᠢᠶᠠ᠂ ᠠᠵᠢᠯ ᠮᠡᠷᠭᠡᠵᠢᠯ ᠤᠨ ᠰᠤᠷᠭᠠᠨ ᠬᠥᠮᠦᠵᠢᠯ ᠪᠣᠯ ᠤᠯᠤᠰ ᠤᠨ ᠰᠤᠷᠭᠠᠨ ᠬᠥᠮᠦᠵᠢᠯ ᠤᠨ

ᠦᠢᠯᠡᠰ ᠤᠨ ᠴᠢᠬᠤᠯᠠ ᠪᠦᠷᠢᠯᠳᠦᠭᠦᠨ ᠬᠡᠰᠡᠭ ᠮᠥᠨ᠂ ᠠᠵᠤ ᠠᠬᠤᠢ ᠨᠡᠶᠢᠭᠡᠮ ᠤᠨ ᠬᠥᠭᠵᠢᠯᠲᠡ ᠪᠣᠯᠣᠨ ᠭᠦᠳᠡᠯᠮᠦᠷᠢ

ᠠᠵᠢᠯ ᠣᠯᠭᠤᠯᠲᠠ ᠶᠢ ᠠᠬᠢᠭᠤᠯᠬᠤ ᠴᠢᠬᠤᠯᠠ ᠠᠷᠭ᠎ᠠ ᠵᠠᠮ ᠮᠥᠨ᠃ ᠮᠠᠨ ᠤ ᠣᠷᠣᠨ ᠤ ᠤᠳᠤ ᠦᠶ᠎ᠡ ᠶᠢᠨ ᠠᠵᠢᠯ

ᠮᠡᠷᠭᠡᠵᠢᠯ ᠤᠨ ᠰᠤᠷᠭᠠᠨ ᠬᠥᠮᠦᠵᠢᠯ ᠤᠨ ᠬᠥᠭᠵᠢᠯᠲᠡ ᠶᠢ ᠠᠬᠢᠭᠤᠯᠬᠤ ᠳᠤ ᠲᠡᠷᠢᠭᠦᠨ ᠤ ᠬᠢ ᠪᠠᠷ ᠪᠠᠷᠢᠮᠵᠢᠶ᠎ᠠ ᠪᠤᠯᠭᠠᠵᠤ᠂

ᠰᠢᠯᠢᠳᠡᠭ ᠰᠣᠳᠣᠨ ᠢᠶᠠᠷ ᠪᠠᠷᠢᠮᠵᠢᠶᠠᠯᠠᠵᠤ᠂ ᠡᠬᠢ ᠪᠠᠶᠠᠯᠢᠭ ᠤᠨ ᠬᠦᠴᠦᠨ ᠢᠶᠠᠨ ᠲᠥᠪᠯᠡᠷᠡᠭᠦᠯᠦᠨ ᠠᠵᠢᠯ

ᠮᠡᠷᠭᠡᠵᠢᠯ ᠤᠨ ᠰᠤᠷᠭᠠᠨ ᠬᠥᠮᠦᠵᠢᠯ ᠢ ᠨᠠᠷᠢᠯᠢᠭᠵᠢᠭᠤᠯᠵᠤ ᠰᠢᠯᠢᠳᠡᠭᠵᠢᠭᠦᠯᠦᠨ ᠬᠦᠴᠦᠷᠬᠡᠭᠵᠢᠭᠦᠯᠬᠦ ᠶᠢ ᠳᠡᠮᠵᠢᠭᠦ

ᠬᠡᠷᠡᠭᠲᠡᠢ᠃ ᠥᠪᠡᠷᠮᠢᠴᠡ ᠣᠨᠴᠠᠯᠢᠭ ᠲᠠᠢ᠂ ᠥᠨᠳᠥᠷ ᠲᠦᠪᠰᠢᠨ ᠲᠠᠢ ᠡᠷᠭᠢᠯᠡᠵᠤ᠂ ︽ᠬᠤᠶᠠᠷ ᠬᠠᠯᠬᠠᠪᠴᠢ︾᠂

︽ᠬᠤᠶᠠᠷ ᠰᠠᠭᠤᠷᠢᠨ︾ ᠪᠣᠯᠣᠨ ︽ᠨᠢᠭᠡ ᠪᠠᠬᠢᠯᠡᠯᠲᠡ︾ ᠶᠢᠨ ᠪᠠᠶᠢᠯᠳᠤᠬᠤ ᠪᠣᠳᠣᠯᠭ᠎ᠠ ᠶᠢᠨ ᠪᠠᠶᠢᠷᠢ ᠲᠣᠭᠲᠠᠭᠠᠯᠲᠠ ᠶᠢ

ᠨᠠᠶᠢᠳᠠᠪᠤᠷᠢᠵᠢᠭᠤᠯᠬᠤ ᠶᠢᠨ ᠲᠣᠭᠤᠷᠢᠨ ᠳᠤ ᠲᠤᠰᠬᠠᠢ ᠮᠡᠷᠭᠡᠵᠢᠯ ᠨᠡᠭᠡᠭᠡᠵᠦ᠂ ᠰᠣᠳᠣᠨ ᠡᠭᠦᠳᠦᠯᠲᠡ ᠶᠢ ᠪᠦᠲᠦᠭᠡᠬᠦ

ᠬᠡᠷᠡᠭᠲᠡᠢ᠃ ᠵᠠᠬ᠎ᠠ ᠳᠡᠯᠭᠡᠭᠦᠷ ᠲᠤ ᠬᠠᠨᠳᠤᠭᠤᠯᠤᠨ᠂ ᠠᠵᠢᠯ ᠣᠯᠭᠤᠯᠲᠠ ᠳᠤ ᠬᠠᠨᠳᠤᠭᠤᠯᠵᠤ᠂ ᠰᠤᠷᠤᠬᠴᠢᠳ ᠤᠨ

ᠲᠤᠰᠬᠠᠢ ᠮᠡᠷᠭᠡᠵᠢᠯ ᠤᠨ ᠤᠷ᠎ᠠ ᠴᠢᠳᠠᠪᠤᠷᠢ ᠶᠢᠨ ᠲᠦᠪᠰᠢᠨ ᠢ ᠬᠦᠴᠦᠯᠡᠨ ᠳᠡᠭᠡᠭᠰᠢᠯᠡᠭᠦᠯᠵᠦ᠂ ᠠᠵᠤ ᠠᠬᠤᠶᠢᠯᠠᠯ ᠳᠤ

ᠬᠡᠷᠡᠭᠴᠡᠭᠡ ᠲᠠᠢ ᠴᠢᠳᠠᠪᠤᠷᠢᠲᠠᠨ ᠢ ᠬᠥᠮᠥᠵᠢᠭᠦᠯᠬᠦ ᠬᠡᠷᠡᠭᠲᠡᠢ᠃ ᠪᠠᠭᠰᠢ ᠶᠢᠨ ᠡᠩᠨᠡᠭᠡ ᠶᠢ ᠪᠠᠶᠢᠭᠤᠯᠤᠨ

ᠬᠦᠴᠦᠷᠬᠡᠭᠵᠢᠭᠦᠯᠵᠦ᠂ ︽ᠬᠤᠣᠰ ᠮᠡᠷᠭᠡᠵᠢᠯ ᠲᠠᠢ︾ ᠪᠠᠭᠰᠢ ᠶᠢᠨ ᠡᠩᠨᠡᠭᠡ ᠶᠢ ᠶᠡᠭᠡ ᠪᠠᠷ ᠪᠠᠶᠢᠭᠤᠯᠵᠤ᠂ ᠪᠠᠭᠰᠢ ᠶᠢᠨ

ᠠᠵᠢᠯ ᠮᠡᠷᠭᠡᠵᠢᠯ ᠤᠨ ᠬᠡᠪ ᠪᠣᠯᠪᠠᠰᠤᠷᠠᠯ ᠪᠣᠯᠣᠨ ᠵᠢᠭᠠᠨ ᠰᠤᠷᠭᠠᠯᠲᠠ ᠶᠢᠨ ᠴᠢᠳᠠᠪᠤᠷᠢ ᠶᠢ ᠦᠷᠭᠦᠯᠵᠢᠯᠡᠨ

ᠳᠡᠭᠡᠭᠰᠢᠯᠡᠭᠦᠯᠭᠦ ᠬᠡᠷᠡᠭᠲᠡᠢ᠃ ᠪᠠᠲᠤᠯᠠᠭ᠎ᠠ ᠶᠢ ᠴᠢᠩᠭᠠᠷᠠᠭᠤᠯᠤᠨ᠂ ᠣᠷᠣᠭᠤᠯᠤᠯᠲᠠ ᠶᠢ ᠴᠢᠩᠭᠠᠷᠠᠭᠤᠯᠵᠤ᠂ ᠤᠯᠤᠰ ᠪᠠ

ᠥᠪᠡᠷᠲᠡᠭᠡᠨ ᠵᠠᠰᠠᠬᠤ ᠣᠷᠣᠨ ᠤ ᠠᠵᠢᠯ ᠮᠡᠷᠭᠡᠵᠢᠯ ᠤᠨ ᠰᠤᠷᠭᠠᠨ ᠬᠥᠮᠦᠵᠢᠯ ᠤᠨ ᠬᠥᠭᠵᠢᠯᠲᠡ ᠶᠢ ᠳᠡᠮᠵᠢᠭᠦ ᠡᠯ᠎ᠡ

ᠵᠦᠢᠯ ᠤᠨ ᠲᠥᠷᠥ ᠶᠢᠨ ᠪᠣᠳᠣᠯᠭ᠎ᠠ ᠶᠢᠨ ᠠᠷᠭ᠎ᠠ ᠬᠡᠮᠵᠢᠶ᠎ᠡ ᠶᠢ ᠪᠦᠭᠦ ᠲᠠᠯ᠎ᠠ ᠪᠠᠷ ᠨᠠᠶᠢᠳᠠᠪᠤᠷᠢᠵᠢᠭᠤᠯᠬᠤ ᠬᠡᠷᠡᠭᠲᠡᠢ᠃

ᠤᠬᠠᠭᠤᠯᠭ᠎ᠠ ᠪᠠᠨ ᠴᠢᠩᠭᠠᠳᠬᠠᠵᠤ᠂ ᠬᠥᠲᠥᠯᠥᠨ ᠵᠢᠯᠤᠭᠤᠳᠬᠤ ᠪᠠᠨ ᠴᠢᠩᠭᠠᠳᠬᠠᠵᠤ᠂ ᠨᠡᠶᠢᠭᠡᠮ ᠳᠠᠶᠠᠭᠠᠷ ᠲᠤ

ᠠᠵᠢᠯ ᠮᠡᠷᠭᠡᠵᠢᠯ ᠤᠨ ᠰᠤᠷᠭᠠᠨ ᠬᠥᠮᠦᠵᠢᠯ ᠢ ᠬᠠᠮᠲᠤ ᠪᠠᠷ ᠬᠠᠯᠠᠮᠵᠢᠯᠠᠬᠤ᠂ ᠥᠷᠭᠡᠨ ᠢᠶᠠᠷ ᠳᠡᠮᠵᠢᠭᠦ᠂ ᠢᠳᠡᠪᠬᠢᠲᠡᠢ

ᠣᠷᠤᠯᠴᠠᠬᠤ ᠠᠭᠤᠷ ᠠᠮᠢᠰᠬᠤᠯ ᠢ ᠪᠤᠶ ᠪᠤᠯᠭᠠᠵᠤ᠂ ᠮᠠᠨ ᠤ ᠣᠷᠣᠨ ᠤ ᠣᠲᠣ ᠦᠶ᠎ᠡ ᠶᠢᠨ ᠠᠵᠢᠯ ᠮᠡᠷᠭᠡᠵᠢᠯ ᠤᠨ

ᠰᠤᠷᠭᠠᠨ ᠬᠥᠮᠦᠵᠢᠯ ᠤᠨ ᠴᠢᠨᠠᠷ ᠰᠠᠶᠢᠲᠠᠢ ᠬᠥᠭᠵᠢᠯᠲᠡ ᠶᠢ ᠯᠠᠪᠳᠠᠭᠤᠨ ᠪᠠᠲᠤᠲᠠᠢ ᠠᠬᠢᠭᠤᠯᠬᠤ ᠬᠡᠷᠡᠭᠲᠡᠢ ᠭᠡᠵᠦ

ᠬᠡᠯᠡᠪᠡ᠃

     ᠥᠪᠡᠷᠲᠡᠭᠡᠨ ᠵᠠᠰᠠᠬᠤ ᠣᠷᠣᠨ ᠤ ᠳᠡᠳ᠋ ᠲᠡᠷᠢᠭᠦᠯᠡᠭᠴᠢ ᠪᠦᠦ ᠰᠢᠶᠠᠨ ᠬᠤᠸᠠ ᠪᠠᠶᠢᠴᠠᠭᠠᠨ ᠰᠤᠳᠤᠯᠬᠤ ᠳᠤ

ᠣᠷᠣᠯᠴᠠᠬᠰᠠᠨ ᠪᠥᠭᠡᠳ ᠶᠠᠷᠢᠯᠴᠠᠬᠤ ᠬᠤᠷᠠᠯ ᠳᠤ ᠣᠷᠣᠯᠴᠠᠵᠠᠢ᠃

 
ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号