ᠥᠪᠡᠷᠲᠡᠭᠡᠨ ᠵᠠᠰᠠᠬᠤ ᠣᠷᠣᠨ ᠤ ᠰᠤᠷᠭᠠᠨ ᠬᠥᠮᠦᠵᠢᠯ ᠤᠨ ᠲᠢᠩᠬᠢᠮ ᠠᠵᠢᠯ ᠠᠴᠠ ᠪᠠᠨ ᠠᠮᠠᠷᠠᠭᠰᠠᠨ ᠨᠠᠮ ᠤᠨ ᠭᠡᠰᠢᠭᠦᠨ ᠺᠠᠳ᠋ᠷ ᠢ ᠵᠣᠬᠢᠶᠠᠨ ᠪᠠᠶᠢᠭᠤᠯᠵᠤ ᠭᠤᠤᠯ ᠰᠡᠳᠦᠪᠲᠦ ᠨᠠᠮ ᠤᠨ ᠡᠳᠦᠷ ᠤᠨ ᠠᠵᠢᠯᠯᠠᠭ᠎ᠠ ᠶᠢ ᠥᠷᠨᠢᠭᠦᠯᠪᠡ
ᠨᠡᠶᠢᠲᠡᠯᠡᠭᠰᠡᠨ ᠴᠠᠭ᠄
2022/9/26
     9 ᠰᠠᠷ᠎ᠠ ᠶᠢᠨ 22 ᠤᠨ ᠡᠳᠦᠷ᠂ ᠥᠪᠡᠷᠲᠡᠭᠡᠨ ᠵᠠᠰᠠᠬᠤ ᠣᠷᠣᠨ ᠤ ᠰᠤᠷᠭᠠᠨ ᠬᠥᠮᠦᠵᠢᠯ ᠤᠨ ᠲᠢᠩᠬᠢᠮ ᠠᠵᠢᠯ ᠠᠴᠠ ᠪᠠᠨ ᠠᠮᠠᠷᠠᠭᠰᠠᠨ ᠨᠠᠮ ᠤᠨ ᠭᠡᠰᠢᠭᠦᠨ ᠺᠠᠳ᠋ᠷᠴᠤᠳ ᠢ ᠵᠣᠬᠢᠶᠠᠨ ᠪᠠᠶᠢᠭᠤᠯᠤᠨ ︽ᠬᠤᠷᠢᠳᠤᠭᠠᠷ ᠶᠡᠭᠡ ᠬᠤᠷᠠᠯ ᠢ ᠪᠠᠶᠠᠷᠯᠠᠨ ᠤᠭᠲᠤᠵᠤ᠂ ᠴᠠᠭ ᠦᠶ᠎ᠡ ᠶᠢᠨ ᠰᠢᠨ᠎ᠡ ᠬᠤᠪᠢᠷᠠᠯᠲᠠ ᠶᠢ ᠬᠠᠷᠠᠰᠤᠭᠠᠢ︾ ᠭᠡᠬᠦ ᠭᠤᠤᠯ ᠰᠡᠳᠦᠪᠲᠦ ᠨᠠᠮ ᠤᠨ ᠡᠳᠦᠷ ᠤᠨ ᠠᠵᠢᠯᠯᠠᠭ᠎ᠠ ᠶᠢ ᠥᠷᠨᠢᠭᠦᠯᠵᠦ᠂ ᠬᠠᠮᠲᠤ ᠪᠠᠷ ᠬᠥᠬᠡᠬᠤᠲᠠ ᠶᠢᠨ ᠰᠢᠨ᠎ᠡ ᠬᠤᠲᠠ ᠲᠣᠭᠤᠷᠢᠭ ᠤᠨ ᠳᠥᠷᠪᠡᠳᠦᠭᠡᠷ ᠬᠡᠦᠬᠡᠳ ᠤᠨ ᠴᠡᠴᠡᠷᠯᠢᠭ᠂ ᠰᠢᠨ᠎ᠡ ᠬᠤᠲᠠ ᠲᠣᠭᠤᠷᠢᠭ ᠤᠨ ᠪᠣᠷᠣᠬᠤᠰᠢᠭᠤ ᠪᠠᠯᠭᠠᠰᠤᠨ ᠤ ᠣᠪᠣᠭ᠎ᠠ ᠲᠣᠰᠬᠤᠨ ᠳᠤ ᠬᠦᠷᠴᠦ ᠲᠣᠭᠤᠷᠢᠨ ᠦᠵᠡᠵᠦ ᠰᠤᠷᠤᠯᠴᠠᠨ᠂ ᠰᠢᠨ᠎ᠡ ᠴᠠᠭ ᠦᠶ᠎ᠡ ᠶᠢᠨ ᠰᠢᠨ᠎ᠡ ᠬᠥᠳᠡᠭᠡ ᠲᠣᠰᠬᠤᠨ ᠤ ᠪᠥᠲᠥᠭᠡᠨ ᠪᠠᠶᠢᠭᠤᠯᠤᠯᠲᠠ ᠪᠠ ᠪᠥᠬᠦ ᠣᠷᠣᠨ ᠤ ᠰᠤᠷᠭᠠᠨ ᠬᠥᠮᠦᠵᠢᠯ ᠤᠨ ᠦᠢᠯᠡᠰ ᠤᠨ ᠬᠥᠭᠵᠢᠯᠲᠡ ᠶᠢᠨ ᠠᠮᠵᠢᠯᠲᠠ ᠪᠦᠲᠦᠮᠵᠢ ᠶᠢ ᠣᠶᠢᠯᠠᠭᠠᠵᠤ᠂ ᠴᠤᠭ ᠪᠠᠳᠠᠷᠠᠩᠭᠤᠶ ᠣᠶᠤᠨ ᠰᠠᠨᠠᠭᠠᠨ ᠤ ᠳᠦᠷᠰᠦ ᠪᠠᠶᠢᠳᠠᠯ ᠢᠶᠠᠷ ᠨᠠᠮ ᠤᠨ ᠬᠤᠷᠢᠳᠤᠭᠠᠷ ᠶᠡᠭᠡ ᠬᠤᠷᠠᠯ ᠤᠨ ᠠᠮᠵᠢᠯᠲᠠᠲᠠᠢ ᠬᠤᠷᠠᠯᠳᠤᠬᠤ ᠶᠢ ᠤᠭᠲᠤᠪᠠ᠃

     ᠰᠢᠨ᠎ᠡ ᠬᠤᠳᠠ ᠲᠣᠭᠤᠷᠢᠭ ᠤᠨ ᠳᠥᠷᠪᠡᠳᠦᠭᠡᠷ ᠬᠡᠦᠬᠡᠳ ᠤᠨ ᠴᠡᠴᠡᠷᠯᠢᠭ ᠢ ᠲᠣᠭᠤᠷᠢᠨ ᠦᠵᠡᠬᠦ ᠦᠶ᠎ᠡ

ᠪᠢᠴᠢᠬᠠᠨ ᠨᠠᠶᠢᠵᠠ ᠨᠠᠷ ︽ᠭᠢᠯᠠᠯᠵᠠᠭᠰᠠᠨ ᠤᠯᠠᠭᠠᠨ ᠤᠳᠤ︾ ᠭᠡᠬᠦ ᠲᠠᠶᠢᠰᠠᠨ ᠤ ᠵᠦᠴᠦᠭᠡ ᠶᠢ ᠲᠣᠭᠯᠠᠵᠤ᠂

ᠠᠵᠢᠯ ᠠᠴᠠ ᠪᠠᠨ ᠠᠮᠠᠷᠠᠭᠰᠠᠨ ᠨᠠᠮ ᠤᠨ ᠭᠡᠰᠢᠭᠦᠨ ᠺᠠᠳ᠋ᠷ ᠤᠨ ᠲᠥᠯᠥᠭᠡᠯᠡᠭᠴᠢ ᠪᠢᠴᠢᠬᠠᠨ ᠨᠠᠶᠢᠵᠠ ᠨᠠᠷ ᠲᠤ ︽ᠨᠢᠯᠬ᠎ᠠ

ᠲᠤᠭᠤᠯ ᠪᠠᠷᠰ ᠠᠴᠠ ᠠᠶᠤᠬᠤ ᠦᠭᠡᠢ︾ ᠭᠡᠬᠦ ᠦᠯᠢᠭᠡᠷ ᠢ ᠶᠠᠷᠢᠵᠤ ᠥᠭᠭᠦᠭᠰᠡᠨ ᠪᠥᠭᠡᠳ ᠬᠠᠨᠳᠢᠪᠯᠠᠬᠤ ᠶᠣᠰᠣᠯᠠᠯ

ᠶᠠᠪᠤᠭᠤᠯᠪᠠ᠃

     ᠣᠪᠣᠭ᠎ᠠ ᠲᠣᠰᠬᠤᠨ ᠤ ᠨᠠᠮ ᠤᠨ ᠲᠡᠦᠬᠡ ᠶᠢᠨ ᠣᠷᠳᠣᠨ᠂ ᠨᠠᠮ ᠤᠯᠠᠨ ᠲᠦᠮᠡᠨ ᠤ ᠦᠢᠯᠡᠴᠢᠯᠡᠭᠡᠨ ᠤ ᠲᠥᠪ᠂

ᠰᠣᠶᠣᠯ ᠤᠨ ᠬᠦᠷᠢᠶᠡᠯᠡᠩ ᠪᠣᠯᠤᠨ ᠠᠷᠠᠳ ᠤᠨ ᠵᠠᠩ ᠦᠢᠯᠡ ᠶᠢᠨ ᠦᠵᠡᠰᠬᠦᠯᠡᠩ ᠤᠨ ᠣᠷᠳᠣᠨ ᠢ ᠲᠣᠭᠤᠷᠢᠨ

ᠦᠵᠡᠬᠦ ᠪᠠᠷ ᠳᠠᠮᠵᠢᠨ᠂ ᠠᠵᠢᠯ ᠠᠴᠠ ᠪᠠᠨ ᠠᠮᠠᠷᠠᠭᠰᠠᠨ ᠨᠠᠮ ᠤᠨ ᠭᠡᠰᠢᠭᠦᠨ ᠺᠠᠳ᠋ᠷᠴᠤᠳ ᠨᠠᠮ‌‍ᠤᠨ ᠠᠷᠪᠠᠨ ᠨᠠᠢᠮᠠᠳᠤᠭᠠᠷ

ᠶᠡᠭᠡ ᠬᠤᠷᠠᠯ ᠠᠴᠠ ᠨᠠᠭᠠᠰᠢᠬᠢ ᠰᠢᠨ᠎ᠡ ᠬᠥᠳᠡᠭᠡ ᠲᠣᠰᠬᠤᠨ ᠤ ᠪᠦᠲᠦᠭᠡᠨ ᠪᠠᠶᠢᠭᠤᠯᠤᠯᠲᠠ ᠶᠢᠨ ᠦᠷ᠎ᠡ ᠪᠦᠲᠦᠭᠡᠯ ᠤᠨ

ᠲᠤᠬᠠᠢ ᠨᠡᠩ ᠭᠦᠨᠵᠡᠭᠡᠢ ᠲᠦᠷᠦᠭᠳᠡᠯ ᠲᠠᠢ ᠪᠤᠯᠵᠤ᠂ ᠤᠳᠠᠯ ᠦᠭᠡᠢ ᠬᠤᠷᠠᠯᠳᠤᠬᠤ ᠭᠡᠵᠦ ᠪᠠᠶᠢᠭ᠎ᠠ ᠬᠤᠷᠢᠳᠤᠭᠠᠷ ᠶᠡᠭᠡ

ᠬᠤᠷᠠᠯ ᠳᠤ ᠨᠡᠩ ᠶᠡᠭᠡ ᠢᠲᠡᠭᠡᠯ ᠲᠠᠢ ᠪᠣᠯᠵᠠᠢ᠃ ᠤᠯᠠᠨ ᠢᠶᠠᠷ ᠢᠶᠠᠨ᠂ ᠨᠠᠮ ᠤᠨ ᠭᠡᠰᠢᠭᠦᠨ ᠤ ᠭᠠᠷᠤᠯ ᠢᠶᠠᠨ ᠢᠮᠠᠭᠲᠠ

ᠪᠠᠲᠤ ᠴᠡᠭᠡᠵᠢᠯᠡᠵᠦ᠂ ᠠᠵᠢᠯ ᠠᠴᠠ ᠪᠠᠨ ᠠᠮᠠᠷᠠᠭᠰᠠᠨ ᠴᠤ ᠦᠩᠭᠡ ᠬᠤᠪᠢᠷᠠᠬᠤ ᠦᠭᠡᠢ᠂ ᠡᠪ ᠬᠠᠮᠲᠤ ᠨᠠᠮ ᠤᠨ

ᠭᠡᠰᠢᠭᠦᠨ ᠤ ᠤᠯᠤᠰ ᠲᠦᠷᠦ ᠶᠢᠨ ᠤᠤᠷ ᠴᠢᠨᠠᠷ ᠢᠶᠠᠨ ᠡᠭᠦᠷᠢᠳᠡ ᠬᠠᠳᠠᠭᠠᠯᠠᠵᠤ᠂ ᠲᠡᠰᠪᠦᠷᠢ ᠬᠠᠲᠠᠭᠤᠵᠢᠯᠲᠠᠢ

ᠲᠡᠮᠡᠴᠡᠬᠦ ᠵᠣᠷᠢᠭ ᠰᠠᠨᠠᠭ᠎ᠠ ᠶᠢ ᠪᠠᠳᠠᠷᠠᠭᠤᠯᠵᠤ᠂ ᠬᠢᠵᠠᠭᠠᠷ ᠲᠠᠢ ᠬᠦᠴᠦᠨ ᠴᠢᠳᠠᠯ ᠢᠶᠠᠨ ᠦᠷᠭᠦᠯᠵᠢᠯᠡᠨ ᠢᠳᠡᠪᠬᠢᠲᠡᠢ

ᠪᠠᠳᠠᠷᠠᠭᠤᠯᠵᠤ᠂ ᠰᠤᠷᠭᠠᠨ ᠬᠥᠮᠦᠵᠢᠯ ᠤᠨ ᠦᠢᠯᠡᠰ ᠤᠨ ᠴᠢᠨᠠᠷᠯᠢᠭ ᠬᠥᠭᠵᠢᠯᠲᠡ ᠳᠤ ︽ᠪᠤᠭᠤᠷᠤᠯᠴᠤᠳ ᠤᠨ ᠬᠦᠴᠦᠨ︾

 ᠢᠶᠠᠨ ᠡᠷᠭᠦᠨ᠎ᠡ ᠭᠡᠵᠦ ᠢᠯᠡᠳᠬᠡᠵᠡᠭᠡᠪᠡ᠃

 
ᠢᠷᠡᠯᠲᠡ᠄ ᠦᠪᠦᠷ ᠮᠣᠩᠭᠤᠯ ᠤᠨ ᠦᠪᠡᠷᠲᠡᠭᠡᠨ ᠵᠠᠰᠠᠬᠤ ᠣᠷᠣᠨ ᠤ ᠰᠤᠷᠭᠠᠨ ᠬᠦᠮᠦᠵᠢᠯ ᠤᠨ ᠲᠢᠩᠬᠢᠮ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号