ᠥᠪᠡᠷᠲᠡᠭᠡᠨ ᠵᠠᠰᠠᠬᠤ ᠣᠷᠣᠨ ᠤ ᠳᠡᠭᠡᠳᠦ ᠰᠤᠷᠭᠠᠭᠤᠯᠢ ᠶᠢᠨ ᠭᠤᠸ᠎ᠠ ᠰᠠᠶᠢᠬᠠᠨ ᠤ ᠬᠥᠮᠦᠵᠢᠯ ᠤᠨ ᠣᠯᠠᠨ ᠨᠡᠶᠢᠲᠡ ᠶᠢᠨ ᠤᠷᠠᠯᠢᠭ ᠤᠨ ᠰᠤᠷᠭᠠᠨ ᠬᠥᠮᠦᠵᠢᠯ ᠤᠨ ᠰᠢᠯᠢᠳᠡᠭ ᠬᠢᠴᠢᠶᠡᠯ ᠢ ᠰᠢᠯᠭᠠᠷᠠᠭᠤᠯᠤᠭᠰᠠᠨ ᠦᠷ᠎ᠡ ᠳ᠋ᠦᠩ ᠤᠨ ᠲᠤᠬᠠᠶ ᠢᠯᠡ ᠨᠡᠶᠢᠲᠡᠯᠡᠯ
ᠨᠡᠶᠢᠲᠡᠯᠡᠭᠰᠡᠨ ᠴᠠᠭ᠄
2022/9/30
     ︽ᠪᠥᠬᠦ ᠣᠷᠣᠨ ᠤ ᠳᠡᠭᠡᠳᠦ ᠰᠤᠷᠭᠠᠭᠤᠯᠢ ᠶᠢᠨ ᠭᠤᠸ᠎ᠠ ᠰᠠᠶᠢᠬᠠᠨ ᠤ ᠬᠥᠮᠦᠵᠢᠯ ᠤᠨ ᠣᠯᠠᠨ ᠨᠡᠶᠢᠲᠡ ᠶᠢᠨ ᠤᠷᠠᠯᠢᠭ ᠤᠨ ᠰᠤᠷᠭᠠᠨ ᠬᠥᠮᠦᠵᠢᠯ ᠤᠨ ᠰᠢᠯᠢᠳᠡᠭ ᠬᠢᠴᠢᠶᠡᠯ ᠵᠢᠴᠢ ᠰᠢᠯᠢᠳᠡᠭ ᠵᠢᠭᠠᠬᠤ ᠮᠠᠲ᠋ᠧᠷᠢᠶᠠᠯ ᠢ ᠰᠢᠯᠭᠠᠷᠠᠭᠤᠯᠬᠤ ᠠᠵᠢᠯ ᠢ ᠥᠷᠨᠢᠭᠦᠯᠬᠦ ᠲᠤᠬᠠᠶ ᠮᠡᠳᠡᠭᠳᠡᠯ︾ ︵ᠥᠪᠥᠷ ᠰᠤᠷᠭᠠᠨ ᠪᠡᠶ᠎ᠡ ᠶᠢᠨ ᠲᠠᠮᠢᠷ ᠪᠢᠴᠢᠭ  ﹇2021﹈ 74 ᠳ᠋ᠦ᠋ᠭᠡᠷ ᠲᠣᠭᠠᠲᠤ︶ ᠤᠨ ᠱᠠᠭᠠᠷᠳᠠᠯᠭ᠎ᠠ ᠪᠠ ᠬᠤᠯᠪᠤᠭᠳᠠᠬᠤ ᠠᠵᠢᠯ ᠤᠨ ᠲᠠᠰ ᠳᠠᠷᠠᠭᠠᠯᠠᠯ ᠶᠣᠰᠤ ᠪᠠᠷ ᠥᠪᠥᠷ ᠮᠣᠩᠭᠤᠯ ᠤᠨ ᠪᠠᠭᠰᠢ ᠶᠢᠨ ᠶᠡᠭᠡ ᠰᠤᠷᠭᠠᠭᠤᠯᠢ ᠶᠢᠨ ︽ᠶᠡᠭᠡ ᠰᠤᠷᠭᠠᠭᠤᠯᠢ ᠶᠢᠨ ᠤᠷᠠᠨ ᠪᠢᠴᠢᠯᠭᠡ ᠶᠢᠨ ᠤᠷᠠᠯᠢᠭ︾ ᠵᠡᠷᠭᠡ 17 ᠲᠥᠷᠥᠯ ᠤᠨ ᠬᠢᠴᠢᠶᠡᠯ ᠢ ᠭᠤᠸ᠎ᠠ ᠰᠠᠶᠢᠬᠠᠨ ᠤ ᠬᠥᠮᠦᠵᠢᠯ ᠤᠨ ᠣᠯᠠᠨ ᠨᠡᠶᠢᠲᠡ ᠶᠢᠨ ᠤᠷᠠᠯᠢᠭ ᠤᠨ ᠰᠤᠷᠭᠠᠨ ᠬᠥᠮᠦᠵᠢᠯ ᠤᠨ ᠰᠢᠯᠢᠳᠡᠭ ᠬᠢᠴᠢᠶᠡᠯ ᠳᠤ ᠰᠣᠩᠭᠤᠨ ᠣᠷᠣᠭᠤᠯᠵᠤ᠂ ᠥᠪᠥᠷ ᠮᠣᠩᠭᠤᠯ ᠤᠨ ᠶᠡᠭᠡ ᠰᠤᠷᠭᠠᠭᠤᠯᠢ ᠶᠢᠨ ︽ᠰᠢᠨ᠎ᠡ ᠵᠠᠭᠤᠴᠢᠯᠠᠭᠤᠷ ᠤᠨ ᠤᠷᠠᠯᠢᠭ ᠪᠣᠯᠤᠨ ᠲᠣᠭᠠᠵᠢᠭᠰᠠᠨ ᠭᠤᠸ᠎ᠠ ᠰᠠᠶᠢᠬᠠᠨ ᠤ ᠤᠬᠠᠭᠠᠨ︾ ᠵᠡᠷᠭᠡ 9 ᠲᠥᠷᠥᠯ ᠤᠨ ᠬᠢᠴᠢᠶᠡᠯ ᠢ ᠭᠤᠸ᠎ᠠ ᠰᠠᠶᠢᠬᠠᠨ ᠤ ᠬᠥᠮᠦᠵᠢᠯ ᠤᠨ ᠣᠯᠠᠨ ᠨᠡᠶᠢᠲᠡ ᠶᠢᠨ ᠤᠷᠠᠯᠢᠭ ᠤᠨ ᠰᠤᠷᠭᠠᠨ ᠬᠥᠮᠦᠵᠢᠯ ᠤᠨ ᠬᠥᠮᠦᠵᠢᠭᠦᠯᠬᠦ ᠬᠢᠴᠢᠶᠡᠯ ᠳᠤ ᠰᠣᠩᠭᠤᠨ ᠣᠷᠣᠭᠤᠯᠵᠤ᠂ ᠡᠳᠦᠭᠡ ᠢᠯᠡ ᠨᠡᠶᠢᠲᠡᠯᠡᠵᠦ᠂ ᠢᠯᠡ ᠨᠡᠶᠢᠲᠡᠯᠡᠬᠦ ᠬᠤᠭᠤᠴᠠᠭ᠎ᠠ 2022 ᠣᠨ ᠤ 9 ᠰᠠᠷ᠎ᠠ ᠶᠢᠨ 28 — 10 ᠰᠠᠷ᠎ᠠ ᠶᠢᠨ 2 ᠤᠨ ᠡᠳᠦᠷ ᠪᠣᠯᠤᠨ᠎ᠠ᠃      ᠨᠢᠭᠡᠴᠢ ᠪᠠ ᠬᠤᠪᠢ ᠬᠥᠮᠦᠨ ᠤᠲᠠᠰᠤ ᠢᠷᠡᠭᠦᠯᠬᠦ᠂ ᠰᠤᠷᠪᠤᠯᠵᠢᠯᠠᠬᠤ ᠪᠠᠷ ᠢᠷᠡᠬᠦ᠂ ᠵᠠᠬᠢᠳᠠᠯ ᠢᠷᠡᠭᠦᠯᠬᠦ ᠵᠡᠷᠭᠡ ᠬᠡᠯᠪᠡᠷᠢ ᠪᠠᠷ ᠳᠡᠭᠡᠷ᠎ᠡ ᠳᠤᠷᠠᠳᠤᠭᠰᠠᠨ ᠢᠯᠡ ᠨᠡᠶᠢᠲᠡᠯᠡᠭᠰᠡᠨ ᠡᠲᠡᠭᠡᠳ ᠤᠨ ᠬᠤᠯᠪᠤᠭᠳᠠᠬᠤ ᠪᠠᠶᠢᠳᠠᠯ ᠪᠠ ᠠᠰᠠᠭᠤᠳᠠᠯ ᠢ ᠲᠤᠰᠬᠠᠬᠤ ᠶᠢᠨ ᠬᠠᠮᠲᠤ ᠴᠢᠬᠤᠯᠠ ᠪᠥᠬᠦᠶ ᠭᠡᠷᠡᠴᠢᠯᠡᠬᠦ ᠮᠠᠲ᠋ᠧᠷᠢᠶᠠᠯ ᠢ ᠬᠠᠩᠭᠠᠨ᠎ᠠ᠂ ᠡᠭᠦᠨ ᠤ ᠬᠠᠮᠲᠤ ᠲᠣᠰ ᠬᠥᠮᠦᠨ ᠤ ᠦᠨᠡᠨ ᠣᠪᠣᠭ ᠨᠡᠷ᠎ᠡ᠂ ᠬᠠᠷᠢᠯᠴᠠᠬᠤ ᠠᠷᠭ᠎ᠠ ᠮᠠᠶ᠋ᠢᠭ ᠪᠠ ᠠᠵᠢᠯᠯᠠᠬᠤ ᠨᠢᠭᠡᠴᠢ ᠵᠡᠷᠭᠡ ᠮᠡᠳᠡᠭᠡ ᠵᠠᠩᠭᠢ ᠪᠠᠨ ᠬᠠᠩᠭᠠᠵᠤ᠂ ᠪᠠᠶᠢᠴᠠᠭᠠᠬᠤ ᠪᠠ ᠪᠠᠶᠢᠳᠠᠯ ᠢ ᠬᠠᠷᠢᠭᠤ ᠲᠤᠰᠬᠠᠬᠤ ᠳᠤ ᠲᠥᠬᠦᠮ ᠦᠵᠡᠭᠦᠯᠵᠦ᠂ ᠬᠤᠭᠤᠴᠠᠭ᠎ᠠ ᠬᠡᠲᠦᠷᠡᠭᠰᠡᠨ ᠵᠢᠴᠢ ᠨᠡᠷ᠎ᠡ ᠪᠤᠷᠤᠭᠤᠯᠠᠭᠰᠠᠨ ᠲᠤᠰᠬᠠᠯ ᠢ ᠭᠥᠯᠢᠶᠡᠨ ᠠᠪᠴᠤ ᠰᠢᠢᠳᠪᠦᠷᠢᠯᠡᠬᠦ ᠥᠬᠡᠶ᠃      ᠬᠦᠯᠢᠶᠡᠨ ᠠᠪᠬᠤ ᠤᠲᠠᠰᠤ᠄ 0471 - 2857025᠂ 2857003      ᠬᠦᠯᠢᠶᠡᠨ ᠠᠪᠬᠤ ᠬᠠᠶ᠋ᠢᠭ᠄ ᠬᠥᠬᠡᠬᠤᠲᠠ ᠶᠢᠨ ᠰᠢᠨ᠎ᠡ ᠬᠤᠲᠠ ᠲᠣᠭᠤᠷᠢᠭ ᠤᠨ ᠳ᠋ᠢᠩ ᠰᠢᠶᠠᠩ ᠵᠠᠮ ᠤᠨ 5 ᠳ᠋ᠤᠭᠠᠷ ᠨᠣᠮᠧᠷ      ᠬᠦᠯᠢᠶᠡᠨ ᠠᠪᠬᠤ ᠢᠮᠧᠯ᠄ 447320894@qq.com      ᠳᠠᠭᠠᠯᠳᠤᠭᠤᠯᠤᠯ᠄      1 . 2022 ᠣᠨ ᠤ ᠥᠪᠡᠷᠲᠡᠭᠡᠨ ᠵᠠᠰᠠᠬᠤ ᠣᠷᠣᠨ ᠤ ᠳᠡᠭᠡᠳᠦ ᠰᠤᠷᠭᠠᠭᠤᠯᠢ ᠶᠢᠨ ᠭᠤᠸ᠎ᠠ ᠰᠠᠶᠢᠬᠠᠨ ᠤ ᠬᠥᠮᠦᠵᠢᠯ ᠤᠨ ᠣᠯᠠᠨ ᠨᠡᠶᠢᠲᠡ ᠶᠢᠨ ᠤᠷᠠᠯᠢᠭ ᠤᠨ ᠰᠤᠷᠭᠠᠨ ᠬᠥᠮᠦᠵᠢᠯ ᠤᠨ ᠰᠢᠯᠢᠳᠡᠭ ᠬᠢᠴᠢᠶᠡᠯ ᠢᠶᠠᠷ ᠰᠣᠩᠭᠤᠭᠳᠠᠭᠰᠠᠳ ᠤᠨ ᠨᠡᠷᠡᠰ      2 . 2022 ᠣᠨ ᠤ ᠥᠪᠡᠷᠲᠡᠭᠡᠨ ᠵᠠᠰᠠᠬᠤ ᠣᠷᠣᠨ ᠤ ᠳᠡᠭᠡᠳᠦ ᠰᠤᠷᠭᠠᠭᠤᠯᠢ ᠶᠢᠨ ᠭᠤᠸ᠎ᠠ ᠰᠠᠶᠢᠬᠠᠨ ᠤ ᠬᠥᠮᠦᠵᠢᠯ ᠤᠨ ᠣᠯᠠᠨ ᠨᠡᠶᠢᠲᠡ ᠶᠢᠨ ᠤᠷᠠᠯᠢᠭ ᠤᠨ ᠰᠤᠷᠭᠠᠨ ᠬᠥᠮᠦᠵᠢᠯ ᠤᠨ ᠬᠥᠮᠦᠵᠢᠭᠦᠯᠬᠦ ᠬᠢᠴᠢᠶᠡᠯ ᠢᠶᠠᠷ ᠰᠣᠩᠭᠤᠭᠳᠠᠭᠰᠠᠳ ᠤᠨ ᠨᠡᠷᠡᠰ          ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠰᠤᠷᠭᠠᠨ ᠬᠥᠮᠦᠵᠢᠯ ᠤᠨ ᠲᠢᠩᠬᠢᠮ                 2022 ᠣᠨ ᠤ 9 ᠰᠠᠷ᠎ᠠ ᠶᠢᠨ 27 ᠤ ᠡᠳᠦᠷᠳᠠᠭᠠᠯᠳᠤᠭᠤᠯᠤᠯ᠄1 . 2022 ᠣᠨ ᠤ ᠥᠪᠡᠷᠲᠡᠭᠡᠨ ᠵᠠᠰᠠᠬᠤ ᠣᠷᠣᠨ ᠤ ᠳᠡᠭᠡᠳᠦ ᠰᠤᠷᠭᠠᠭᠤᠯᠢ ᠶᠢᠨ ᠭᠤᠸ᠎ᠠ ᠰᠠᠶᠢᠬᠠᠨ ᠤ ᠬᠥᠮᠦᠵᠢᠯ ᠤᠨ ᠣᠯᠠᠨ ᠨᠡᠶᠢᠲᠡ ᠶᠢᠨ ᠤᠷᠠᠯᠢᠭ ᠤᠨ ᠰᠤᠷᠭᠠᠨ ᠬᠥᠮᠦᠵᠢᠯ ᠤᠨ ᠰᠢᠯᠢᠳᠡᠭ ᠬᠢᠴᠢᠶᠡᠯ ᠢᠶᠠᠷ ᠰᠣᠩᠭᠤᠭᠳᠠᠭᠰᠠᠳ ᠤᠨ ᠨᠡᠷᠡᠰ . docx 2 . 2022 ᠣᠨ ᠤ ᠥᠪᠡᠷᠲᠡᠭᠡᠨ ᠵᠠᠰᠠᠬᠤ ᠣᠷᠣᠨ ᠤ ᠳᠡᠭᠡᠳᠦ ᠰᠤᠷᠭᠠᠭᠤᠯᠢ ᠶᠢᠨ ᠭᠤᠸ᠎ᠠ ᠰᠠᠶᠢᠬᠠᠨ ᠤ ᠬᠥᠮᠦᠵᠢᠯ ᠤᠨ ᠣᠯᠠᠨ ᠨᠡᠶᠢᠲᠡ ᠶᠢᠨ ᠤᠷᠠᠯᠢᠭ ᠤᠨ ᠰᠤᠷᠭᠠᠨ ᠬᠥᠮᠦᠵᠢᠯ ᠤᠨ ᠬᠥᠮᠦᠵᠢᠭᠦᠯᠬᠦ ᠬᠢᠴᠢᠶᠡᠯ ᠢᠶᠠᠷ ᠰᠣᠩᠭᠤᠭᠳᠠᠭᠰᠠᠳ ᠤᠨ ᠨᠡᠷᠡᠰ . docx  
 
ᠢᠷᠡᠯᠲᠡ᠄ ᠥᠪᠥᠷ ᠮᠣᠩᠭᠤᠯ ᠤᠨ ᠦᠪᠡᠷᠲᠡᠭᠡᠨ ᠵᠠᠰᠠᠬᠤ ᠣᠷᠣᠨ ᠤ ᠰᠣᠷᠭᠠᠨ ᠬᠦᠮᠦᠵᠢᠯ ᠤᠨ ᠲᠢᠩᠬᠡᠮ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号