ᠥᠪᠡᠷᠲᠡᠭᠡᠨ ᠵᠠᠰᠠᠬᠤ ᠣᠷᠣᠨ ᠤ ᠰᠤᠷᠭᠠᠨ ᠬᠥᠮᠦᠵᠢᠯ ᠤᠨ ᠲᠢᠩᠬᠢᠮ ᠪᠥᠬᠦ ᠣᠷᠣᠨ ᠤ ᠳᠤᠮᠳᠠᠳᠤ ᠪᠠᠭ᠎ᠠ ᠰᠤᠷᠭᠠᠭᠤᠯᠢ ︵ᠬᠡᠦᠬᠡᠳ ᠤᠨ ᠴᠡᠴᠡᠷᠯᠢᠭ︶ ᠶᠢᠨ ᠪᠠᠭᠰᠢ ᠶᠢᠨ ᠤᠯᠤᠰ ᠤᠨ ᠨᠡᠶᠢᠳᠡᠮ ᠬᠡᠷᠡᠭᠯᠡᠬᠦ ᠦᠭᠡ ᠬᠡᠯᠡ ᠥᠰᠥᠭ ᠪᠢᠴᠢᠭ ᠤᠨ ᠬᠡᠷᠡᠭᠯᠡᠭᠡᠨ ᠤ ᠴᠢᠳᠠᠪᠤᠷᠢ ᠶᠢ ᠳᠡᠭᠡᠭᠰᠢᠯᠡᠭᠦᠯᠬᠦ ᠪᠣᠯᠪᠠᠰᠤᠷᠠᠭᠤᠯᠤᠯ ᠤᠨ ᠠᠩᠭᠢ ᠡᠷᠭᠢᠯᠡᠪᠡ
ᠨᠡᠶᠢᠲᠡᠯᠡᠭᠰᠡᠨ ᠴᠠᠭ᠄
2022/9/5
     ᠦᠨᠳᠦᠰᠦᠲᠡᠨ ᠤ ᠭᠠᠵᠠᠷ ᠣᠷᠣᠨ᠂ ᠬᠥᠳᠡᠭᠡ ᠲᠣᠰᠬᠤᠨ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠭᠤᠣᠯᠳᠠᠯᠭᠠᠲᠠᠢ ᠬᠠᠪᠰᠤᠷᠤᠨ ᠲᠡᠳᠬᠦᠬᠦ ᠰᠢᠶᠠᠨ ᠤ ᠳᠤᠮᠳᠠᠳᠤ ᠪᠠᠭ᠎ᠠ ᠰᠤᠷᠭᠠᠭᠤᠯᠢ᠂ ᠬᠡᠦᠬᠡᠳ ᠤᠨ ᠴᠡᠴᠡᠷᠯᠢᠭ ᠤᠨ ᠪᠠᠭᠰᠢ ᠶᠢᠨ ᠤᠯᠤᠰ ᠤᠨ ᠨᠡᠶᠢᠳᠡᠮ ᠬᠡᠷᠡᠭᠯᠡᠬᠦ ᠦᠭᠡ ᠬᠡᠯᠡ ᠦᠰᠦᠭ ᠪᠢᠴᠢᠭ ᠤᠨ ᠬᠡᠷᠡᠭᠯᠡᠭᠡᠨ ᠤ ᠬᠢᠷᠢ ᠲᠦᠪᠰᠢᠨ ᠪᠣᠯᠤᠨ ᠳᠤᠮᠳᠠᠳᠤ ᠪᠠᠭ᠎ᠠ ᠰᠤᠷᠭᠠᠭᠤᠯᠢ᠂ ᠬᠡᠦᠬᠡᠳ ᠤᠨ ᠴᠡᠴᠡᠷᠯᠢᠭ ᠤᠨ ᠪᠠᠭᠰᠢ ᠶᠢᠨ ᠤᠯᠤᠰ ᠤᠨ ᠨᠡᠶᠢᠳᠡᠮ ᠬᠡᠷᠡᠭᠯᠡᠬᠦ ᠦᠭᠡ ᠬᠡᠯᠡ ᠦᠰᠦᠭ ᠪᠢᠴᠢᠭ ᠤᠨ ᠰᠤᠷᠭᠠᠨ ᠬᠥᠮᠦᠵᠢᠯ ᠵᠢᠭᠠᠨ ᠰᠤᠷᠭᠠᠯᠲᠠ ᠶᠢᠨ ᠴᠢᠳᠠᠪᠤᠷᠢ ᠶᠢ ᠳᠡᠭᠡᠭᠰᠢᠯᠡᠭᠦᠯᠬᠦ ᠶᠢᠨ ᠲᠥᠯᠥᠭᠡ᠂ ᠤᠢᠢᠷ᠎ᠠ ᠳᠤ᠂ ᠥᠪᠡᠷᠲᠡᠭᠡᠨ ᠵᠠᠰᠠᠬᠤ ᠣᠷᠣᠨ ᠤ ᠰᠤᠷᠭᠠᠨ ᠬᠥᠮᠦᠵᠢᠯ ᠤᠨ ᠲᠢᠩᠬᠢᠮ ᠠᠩᠬᠠᠳᠤᠭᠠᠷ ᠬᠤᠭᠤᠴᠠᠭᠠᠨ ᠤ ᠪᠦᠬᠦ ᠣᠷᠣᠨ ᠤ ᠳᠤᠮᠳᠠᠳᠤ ᠪᠠᠭ᠎ᠠ ᠰᠤᠷᠭᠠᠭᠤᠯᠢ ︵ᠬᠡᠦᠬᠡᠳ ᠤᠨ ᠴᠡᠴᠡᠷᠯᠢᠭ︶ ᠶᠢᠨ ᠪᠠᠭᠰᠢ ᠶᠢᠨ ᠤᠯᠤᠰ ᠤᠨ ᠨᠡᠶᠢᠳᠡᠮ ᠬᠡᠷᠡᠭᠯᠡᠬᠦ ᠦᠭᠡ ᠬᠡᠯᠡ ᠦᠰᠦᠭ ᠪᠢᠴᠢᠭ ᠤᠨ ᠬᠡᠷᠡᠭᠯᠡᠭᠡᠨ ᠤ ᠴᠢᠳᠠᠪᠤᠷᠢ ᠶᠢ ᠳᠡᠭᠡᠭᠰᠢᠯᠡᠭᠦᠯᠬᠦ ᠪᠣᠯᠪᠠᠰᠤᠷᠠᠭᠤᠯᠤᠯ ᠢ ᠡᠷᠬᠢᠯᠡᠪᠡ᠃      ᠡᠨᠡ ᠤᠳᠠᠭᠠᠨ ᠤ ᠪᠣᠯᠪᠠᠰᠤᠷᠠᠭᠤᠯᠤᠯ ᠢ ᠰᠦᠯᠵᠢᠶᠡᠨ ᠳᠠᠬᠢ ᠪᠣᠯᠪᠠᠰᠤᠷᠠᠭᠤᠯᠤᠯ ᠤᠨ ᠬᠡᠯᠪᠡᠷᠢ ᠪᠠᠷ ᠶᠠᠪᠤᠭᠳᠠᠭᠤᠯᠪᠠ᠃ ᠪᠣᠯᠪᠠᠰᠤᠷᠠᠭᠤᠯᠤᠯ ᠳᠤ ᠣᠷᠣᠯᠴᠠᠭᠰᠠᠨ ᠰᠤᠷᠤᠯᠭᠠᠲᠠᠳ ᠡᠳᠦᠷ ᠪᠦᠷᠢ ᠶᠢᠨ ᠰᠦᠯᠵᠢᠶᠡᠨ ᠳᠤ ᠰᠤᠷᠤᠯᠴᠠᠬᠤ ᠡᠭᠦᠷᠭᠡ ᠪᠠ ᠪᠡᠶ᠎ᠡ ᠪᠠᠨ ᠳᠠᠭᠠᠭᠠᠵᠤ ᠰᠤᠷᠤᠯᠴᠠᠬᠤ ᠡᠭᠦᠷᠭᠡ ᠪᠠᠨ ᠪᠡᠶᠡᠯᠡᠭᠦᠯᠬᠦ ᠠᠴᠠ ᠭᠠᠳᠠᠨ᠎ᠠ ᠭᠠᠷᠠᠭ ᠪᠦᠷᠢ ᠶᠢᠨ ᠵᠢᠷᠭᠤᠭᠠᠨ ᠳᠤ ᠰᠦᠯᠵᠢᠶᠡᠨ ᠤ ᠰᠢᠭᠤᠳ ᠨᠡᠪᠲᠡᠷᠡᠭᠦᠯᠭᠡ ᠶᠢᠨ ᠬᠢᠴᠢᠶᠡᠯ ᠢ ᠲᠥᠯᠥᠪᠯᠡᠵᠦ᠂ ᠰᠢᠭᠤᠳ ᠨᠡᠪᠲᠡᠷᠡᠭᠦᠯᠭᠡ ᠶᠢᠨ ᠲᠤᠰᠬᠠᠶ ᠮᠡᠷᠭᠡᠵᠢᠯᠲᠡᠨ ᠠᠴᠠ ᠨᠡᠶᠢᠲᠡᠯᠢᠭ ᠬᠡᠯᠡ ᠶᠢ ᠰᠤᠷᠤᠯᠴᠠᠬᠤ ᠠᠭᠤᠯᠭ᠎ᠠ ᠶᠢᠨ ᠳᠣᠭᠲᠠᠯᠴᠠᠭ᠎ᠠ᠂ ᠦᠨᠳᠦᠰᠦᠲᠡᠨ ᠤ ᠬᠡᠯᠡ ᠪᠠᠷ ᠬᠢᠴᠢᠶᠡᠯᠯᠡᠵᠦ ᠪᠠᠶᠢᠭ᠎ᠠ ᠪᠠᠭᠰᠢ ᠶᠢᠨ ᠨᠡᠶᠢᠲᠡᠯᠢᠭ ᠬᠡᠯᠡ ᠶᠢ ᠰᠤᠷᠤᠯᠴᠠᠬᠤ ᠭᠤᠣᠯᠳᠠᠯᠭ᠎ᠠ ᠪᠠ ᠬᠦᠴᠢᠷᠳᠡᠯ ᠲᠠᠢ ᠤᠶᠠᠯᠳᠤᠭᠤᠯᠤᠨ᠂ ᠪᠣᠯᠪᠠᠰᠤᠷᠠᠭᠤᠯᠤᠯ ᠳᠤ ᠣᠷᠣᠯᠴᠠᠭᠰᠠᠨ ᠰᠤᠷᠤᠯᠭᠠᠲᠠᠳ ᠲᠤ ᠲᠤᠰᠬᠠᠶ ᠰᠡᠳᠦᠪᠲᠦ ᠰᠢᠭᠤᠳ ᠨᠡᠪᠲᠡᠷᠡᠭᠦᠯᠭᠡ ᠶᠢᠨ ᠬᠢᠴᠢᠶᠡᠯ 8 ᠶᠢ ᠲᠣᠬᠢᠷᠠᠭᠤᠯᠪᠠ᠃      ᠰᠢᠭᠤᠳ ᠨᠡᠪᠲᠡᠷᠡᠭᠦᠯᠭᠡ ᠶᠢᠨ ᠬᠢᠴᠢᠶᠡᠯ ᠳᠡᠭᠡᠷ᠎ᠡ ᠰᠤᠷᠭᠠᠨ ᠬᠥᠮᠦᠵᠢᠯ ᠤᠨ ᠶᠠᠮᠤᠨ ᠤ ᠦᠭᠡ ᠬᠡᠯᠡ ᠦᠰᠦᠭ ᠪᠢᠴᠢᠭ ᠤᠨ ᠬᠡᠷᠡᠭᠯᠡᠭᠡᠨ ᠤ ᠬᠠᠮᠢᠶᠠᠷᠤᠯᠲᠠ ᠶᠢᠨ ᠵᠤᠷᠭᠠᠨ ᠤ ᠤᠤᠯ ᠤᠨ ᠳᠡᠳ᠋ ᠳᠠᠷᠤᠭ᠎ᠠ᠂ ᠰᠤᠷᠭᠠᠨ ᠬᠥᠮᠦᠵᠢᠯ ᠤᠨ ᠶᠠᠮᠤᠨ ᠤ ᠦᠭᠡ ᠬᠡᠯᠡ ᠦᠰᠦᠭ ᠪᠢᠴᠢᠭ ᠤᠨ ᠬᠡᠷᠡᠭᠯᠡᠭᠡᠨ ᠤ ᠰᠤᠳᠤᠯᠭᠠᠨ ᠤ ᠭᠠᠵᠠᠷ ᠤᠨ ᠤᠤᠯ ᠤᠨ ᠳᠠᠷᠤᠭ᠎ᠠ ᠵᠠᠩ ᠱᠢ ᠫᠢᠩ ᠢ ᠤᠷᠢᠵᠤ᠂ ᠪᠣᠯᠪᠠᠰᠤᠷᠠᠭᠤᠯᠤᠯ ᠳᠤ ᠣᠷᠣᠯᠴᠠᠭᠰᠠᠨ ᠰᠤᠷᠤᠯᠭᠠᠲᠠᠳ ᠲᠤ ︽ᠤᠯᠤᠰ ᠤᠨ ᠨᠡᠶᠢᠳᠡᠮ ᠬᠡᠷᠡᠭᠯᠡᠬᠦ ᠦᠭᠡ ᠬᠡᠯᠡ ᠦᠰᠦᠭ ᠪᠢᠴᠢᠭ ᠢ ᠳᠡᠯᠭᠡᠷᠡᠭᠦᠯᠵᠦ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠪᠠᠬᠢ ᠪᠤᠢ ᠪᠣᠯᠭᠠᠶ᠎ᠠ︾ ᠭᠡᠬᠦ ᠲᠤᠰᠬᠠᠢ ᠰᠡᠳᠦᠪᠲᠦ ᠲᠠᠶᠢᠯᠤᠮᠵᠢ︔ ᠥᠪᠥᠷ ᠮᠣᠩᠭᠤᠯ ᠤᠨ ᠶᠡᠭᠡ ᠰᠤᠷᠭᠠᠭᠤᠯᠢ ᠶᠢᠨ ᠫᠷᠦᠹᠧᠰᠰᠤᠷ᠂ ᠳ᠋ᠣᠺᠲ᠋ᠣᠷᠠᠨᠲ ᠤᠨ ᠵᠢᠯᠤᠭᠤᠳᠤᠭᠴᠢ ᠪᠠᠭᠰᠢ ᠰᠢᠤᠢ ᠶᠢᠨ ᠫᠷᠦᠹᠧᠰᠰᠤᠷ ᠢ ᠤᠷᠢᠵᠤ ᠪᠣᠯᠪᠠᠰᠤᠷᠠᠭᠤᠯᠤᠯ ᠳᠤ ᠣᠷᠣᠯᠴᠠᠭᠰᠠᠨ ᠰᠤᠷᠤᠯᠭᠠᠲᠠᠳ ᠲᠤ᠄ ᠦᠭᠡ ᠬᠡᠯᠡ ᠦᠰᠦᠭ ᠪᠢᠴᠢᠭ ᠠᠳᠠᠯᠢ ᠪᠣᠯ ᠰᠡᠳᠬᠢᠯ ᠨᠠᠶᠢᠯᠡᠵᠦ ᠬᠠᠶᠢᠷ᠎ᠠ ᠰᠡᠳᠬᠢᠯᠭᠡ ᠠᠭᠤᠰᠤᠯᠴᠠᠵᠤ ᠴᠢᠳᠠᠨ᠎ᠠ — ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ︿ᠪᠦᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠤᠯᠤᠰ ᠤᠨ ᠨᠡᠶᠢᠳᠡᠮ ᠬᠡᠷᠡᠭᠯᠡᠬᠦ ᠦᠭᠡ ᠬᠡᠯᠡ ᠦᠰᠦᠭ ᠪᠢᠴᠢᠭ ᠤᠨ ᠬᠠᠤᠯᠢ﹀ ᠶᠢ ᠬᠡᠷᠡᠭᠵᠢᠭᠦᠯᠬᠦ ᠠᠷᠭ᠎ᠠ︾ ᠭᠡᠬᠦ ᠲᠤᠰᠬᠠᠢ ᠰᠡᠳᠦᠪᠲᠦ ᠲᠠᠶᠢᠯᠤᠮᠵᠢ ᠬᠢᠯᠭᠡᠪᠡ᠃

     ᠡᠨᠡ ᠤᠳᠠᠭᠠᠨ ᠤ ᠪᠣᠯᠪᠠᠰᠤᠷᠠᠭᠤᠯᠤᠯ ᠢ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠰᠤᠷᠭᠠᠨ

ᠬᠥᠮᠦᠵᠢᠯ ᠤᠨ ᠲᠢᠩᠬᠢᠮ ᠠᠴᠠ ᠭᠤᠤᠯᠯᠠᠨ ᠡᠷᠭᠢᠯᠡᠵᠦ᠂ ᠥᠪᠥᠷ ᠮᠣᠩᠭᠤᠯ ᠤᠨ ᠡᠯᠧᠺᠲᠷᠣᠨ ᠮᠡᠳᠡᠭᠡ ᠵᠠᠩᠭᠢ ᠶᠢᠨ

ᠠᠵᠢᠯ ᠮᠡᠷᠭᠡᠵᠢᠯ ᠤᠨ ᠳᠡᠭᠡᠳᠦ ᠰᠤᠷᠭᠠᠭᠤᠯᠢ ᠠᠴᠠ ᠳᠠᠭᠠᠭᠠᠴᠢᠯᠠᠨ ᠡᠷᠭᠢᠯᠡᠵᠦ᠂ 30 ᠡᠳᠦᠷ ᠤᠨ ᠬᠤᠭᠤᠴᠠᠭ᠎ᠠ ᠲᠠᠢ

ᠪᠣᠯᠪᠠᠰᠤᠷᠠᠭᠤᠯᠵᠤ᠂ ᠪᠥᠬᠦ ᠣᠷᠣᠨ ᠤ 12 ᠠᠶᠢᠮᠠᠭ ᠬᠤᠲᠠ ᠪᠠ ᠠᠰᠳᠠᠭᠠᠨ ᠲᠥᠯᠦᠪᠯᠡᠭᠰᠡᠨ 2 ᠬᠤᠲᠠ ᠶᠢᠨ

3536 ᠰᠤᠷᠤᠯᠭᠠᠲᠠᠨ ᠪᠣᠯᠪᠠᠰᠤᠷᠠᠭᠤᠯᠤᠯ ᠳᠤ ᠣᠷᠣᠯᠴᠠᠪᠠ᠃

 
ᠢᠷᠡᠯᠲᠡ᠄ ᠥᠪᠥᠷ ᠮᠣᠩᠭᠤᠯ ᠤᠨ ᠦᠪᠡᠷᠲᠡᠭᠡᠨ ᠵᠠᠰᠠᠬᠤ ᠣᠷᠣᠨ ᠤ ᠰᠤᠷᠭᠠᠨ ᠬᠦᠮᠦᠵᠢᠯ ᠤᠨ ᠲᠢᠩᠬᠢᠮ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号