2023 ᠣᠨ ᠤ ᠮᠠᠰᠲ᠋ᠧᠷ ᠤᠨ ᠰᠢᠯᠭᠠᠯᠲᠠ ᠶᠢᠨ ᠴᠠᠭ ᠢ ᠨᠡᠶᠢᠲᠡᠯᠡᠪᠡ
ᠨᠡᠶᠢᠲᠡᠯᠡᠭᠰᠡᠨ ᠴᠠᠭ᠄
2022/9/7
     ᠰᠤᠷᠭᠠᠨ ᠬᠥᠮᠦᠵᠢᠯ ᠤᠨ ᠶᠠᠮᠤᠨ ᠣᠶᠢᠷ᠎ᠠ ᠳᠤ ︽2023 ᠣᠨ ᠤ ᠪᠥᠬᠦ ᠤᠯᠤᠰ ᠤᠨ ᠮᠠᠰᠲ᠋ᠧᠷ ᠡᠯᠰᠡᠬᠦ ᠠᠵᠢᠯ ᠤᠨ ᠬᠠᠮᠢᠶᠠᠷᠤᠯᠲᠠ ᠶᠢᠨ ᠲᠣᠭᠲᠠᠭᠠᠯ︾ ︵ᠳᠣᠷᠣᠭᠰᠢ ︽ᠲᠣᠭᠲᠠᠭᠠᠯ︾ ᠭᠡᠵᠦ ᠳᠦᠭᠦᠮᠴᠢᠯᠡᠨ᠎ᠡ︶ ᠢ ᠳᠠᠷᠤᠮᠠᠯᠯᠠᠨ ᠲᠠᠷᠬᠠᠭᠠᠵᠤ᠂ ᠡᠯ᠎ᠡ ᠭᠠᠵᠠᠷ ᠤᠨ ᠡᠯ᠎ᠡ ᠰᠣᠷᠣᠭᠴᠢ ᠡᠯᠰᠡᠬᠦ ᠨᠢᠭᠡᠴᠢ ᠶᠢᠨ ᠬᠢᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠶᠢ ᠪᠠᠶᠢᠩᠭᠤᠵᠢᠭᠤᠯᠤᠭᠰᠠᠨ ᠨᠥᠬᠦᠴᠡᠯ ᠳᠤ ᠮᠠᠰᠲ᠋ᠧᠷ ᠡᠯᠰᠡᠬᠦ ᠰᠢᠯᠭᠠᠯᠲᠠ ᠶᠢᠨ ᠠᠵᠢᠯ ᠢ ᠨᠢᠭᠡᠳᠦᠯᠲᠡᠶ ᠲᠥᠯᠥᠪᠯᠡᠨ ᠰᠠᠶᠢᠲᠤᠷ ᠬᠢᠬᠦ ᠲᠤᠬᠠᠶ ᠪᠠᠶᠢᠷᠢᠯᠠᠭᠤᠯᠪᠠ᠃ 2023 ᠣᠨ ᠤ ᠪᠥᠬᠦ ᠤᠯᠤᠰ ᠤᠨ ᠮᠠᠰᠲ᠋ᠧᠷ ᠡᠯᠰᠡᠬᠦ ᠰᠢᠯᠭᠠᠯᠲᠠ ᠶᠢᠨ ᠠᠩᠬᠠᠨ ᠤ ᠰᠢᠯᠭᠠᠯᠲᠠ ᠶᠢ 2022 ᠣᠨ ᠤ 12 ᠰᠠᠷ᠎ᠠ ᠶᠢᠨ 24 — 25 ᠤ ᠡᠳᠦᠷ ᠶᠠᠪᠤᠭᠳᠠᠭᠤᠯᠵᠤ᠂ ᠰᠢᠯᠭᠠᠯᠲᠠ ᠶᠢᠨ ᠴᠠᠭ ᠨᠢ 3 ᠴᠠᠭ ᠠᠴᠠ ᠬᠡᠲᠦᠷᠡᠬᠦ ᠪᠤᠶᠤ ᠵᠢᠷᠤᠭ ᠤᠨ ᠬᠠᠪᠲᠠᠰᠤ ᠬᠡᠷᠡᠭᠯᠡᠬᠦ ᠵᠡᠷᠭᠡ ᠣᠨᠴᠠᠭᠠᠶ ᠱᠠᠭᠠᠷᠳᠠᠯᠭ᠎ᠠ ᠲᠠᠢ ᠴᠥᠭᠡᠨ ᠲᠣᠭᠠᠨ ᠤ ᠰᠢᠯᠭᠠᠬᠤ ᠬᠢᠴᠢᠶᠡᠯ ᠲᠥᠷᠥᠯ ᠢ 12 ᠰᠠᠷ᠎ᠠ ᠶᠢᠨ 26 ᠤ ᠡᠳᠦᠷ ᠰᠢᠯᠭᠠᠨ᠎ᠠ᠃ ᠨᠠᠩ ᠣᠯᠠᠨ ᠮᠡᠳᠡᠭᠡ ᠵᠠᠩᠭᠢ ᠶᠢ ᠬᠠᠮᠲᠤ ᠳᠤ ᠪᠠᠨ ᠦᠵᠡᠵᠡᠭᠡᠶ᠎ᠡ᠃

     ᠪᠥᠬᠦ ᠤᠯᠤᠰ ᠤᠨ ᠮᠠᠰᠲ᠋ᠧᠷ ᠡᠯᠰᠡᠬᠦ ᠰᠢᠯᠭᠠᠯᠲᠠ ᠶᠢᠨ ᠨᠡᠷ᠎ᠡ ᠮᠡᠳᠡᠭᠦᠯᠬᠦ ᠠᠵᠢᠯ ᠰᠦᠯᠵᠢᠶᠡᠨ ᠳᠤ ᠨᠡᠷ᠎ᠡ

ᠮᠡᠳᠡᠭᠦᠯᠬᠦ ᠪᠠ ᠰᠦᠯᠵᠢᠶᠡᠨ ᠳᠤ ᠨᠤᠲᠠᠯᠠᠬᠤ ᠬᠤᠶᠠᠷ ᠱᠠᠲᠤ ᠶᠢ ᠪᠠᠭᠲᠠᠭᠠᠨ᠎ᠠ᠃ ᠰᠦᠯᠵᠢᠶᠡᠨ ᠳᠤ ᠨᠡᠷ᠎ᠡ ᠮᠡᠳᠡᠭᠦᠯᠬᠦ

ᠠᠵᠢᠯ ᠢ 10 ᠰᠠᠷ᠎ᠠ ᠶᠢᠨ 5 — 10 ᠰᠠᠷ᠎ᠠ ᠶᠢᠨ 25 ᠤ ᠡᠳᠦᠷ ︵ᠡᠳᠦᠷ ᠪᠦᠷᠢ ᠶᠢᠨ 9᠄ 00 — 22᠄ 00︶᠂

ᠤᠷᠢᠳᠴᠢᠯᠠᠨ ᠨᠡᠷ᠎ᠡ ᠮᠡᠳᠡᠭᠦᠯᠬᠦ ᠠᠵᠢᠯ ᠢ 9 ᠰᠠᠷ᠎ᠠ ᠶᠢᠨ 24 — 9 ᠰᠠᠷ᠎ᠠ ᠶᠢᠨ 27 ᠤ ᠡᠳᠦᠷ ︵ᠡᠳᠦᠷ ᠪᠦᠷᠢ

 ᠶᠢᠨ 9᠄ 00—22᠄ 00︶ ᠲᠣᠬᠢᠷᠠᠭᠤᠯᠪᠠ᠃ ᠪᠥᠬᠦ ᠤᠯᠤᠰ ᠤᠨ ᠮᠠᠰᠲ᠋ᠧᠷ ᠡᠯᠰᠡᠬᠦ ᠰᠢᠯᠭᠠᠯᠲᠠ ᠳᠤ ᠣᠷᠣᠯᠴᠠᠬᠤ

ᠪᠣᠶ ᠪᠥᠬᠦᠶ ᠰᠢᠯᠭᠠᠭᠤᠯᠤᠭᠴᠢ ᠴᠥᠮ ᠲᠣᠭᠲᠠᠭᠰᠠᠨ ᠴᠠᠭ ᠲᠤ ᠰᠦᠯᠵᠢᠶᠡᠨ ᠳᠤ ᠨᠡᠷ᠎ᠡ ᠮᠡᠳᠡᠭᠦᠯᠬᠦ ᠪᠠ

ᠰᠦᠯᠵᠢᠶᠡᠨ ᠳᠤ ᠨᠣᠲᠠᠯᠠᠭᠤᠯᠬᠤ ᠬᠡᠷᠡᠭᠲᠡᠶ᠃ ᠴᠡᠷᠢᠭ ᠠᠩᠭᠢ ᠳᠤ ᠥᠩᠭᠡ ᠭᠡᠷᠡᠯᠲᠡᠢ ᠪᠠᠷ ᠬᠤᠶᠠᠳᠤᠭᠠᠷ ᠳᠡᠰ ᠤᠨ

ᠭᠠᠪᠢᠶ᠎ᠠ ᠪᠠᠶᠢᠭᠤᠯᠤᠭᠰᠠᠨ ᠵᠡᠷᠭᠡ ᠠᠩᠬ᠎ᠠ ᠰᠢᠯᠭᠠᠯᠲᠠ ᠬᠢᠬᠦ ᠥᠬᠡᠶ ᠪᠠᠷ ᠮᠠᠰᠲ᠋ᠧᠷ ᠰᠤᠷᠤᠯᠴᠠᠬᠤ ᠬᠢᠷᠢ ᠬᠡᠮ ᠤᠨ

ᠨᠥᠬᠦᠴᠡᠯ ᠳᠤ ᠨᠡᠶᠢᠴᠡᠭᠰᠡᠳ ᠤᠯᠤᠰ ᠤᠨ ᠲᠣᠭᠲᠠᠭᠠᠭᠰᠠᠨ ᠪᠥᠬᠦ ᠤᠯᠤᠰ ᠤᠨ ᠨᠢᠭᠡᠳᠦᠯᠲᠡᠶ ᠰᠢᠯᠭᠠᠯᠲᠠ ᠳᠤ ᠨᠡᠷ᠎ᠡ

ᠮᠡᠳᠡᠭᠦᠯᠬᠦ ᠴᠠᠭ ᠲᠤ ︽ᠳᠤᠮᠳᠠᠳᠤ ᠤᠯᠤᠰ ᠤᠨ ᠮᠠᠰᠲ᠋ᠧᠷ ᠡᠯᠰᠡᠬᠦ ᠮᠡᠳᠡᠭᠡ ᠵᠠᠩᠭᠢ ᠶᠢᠨ ᠰᠦᠯᠵᠢᠶ᠎ᠡ — ᠪᠥᠬᠦ

ᠤᠯᠤᠰ ᠤᠨ ᠰᠢᠯᠭᠠᠯᠲᠠ ᠬᠢᠬᠦ ᠥᠬᠡᠶ ᠪᠠᠷ ᠮᠠᠰᠲ᠋ᠧᠷ ᠰᠤᠷᠤᠯᠴᠠᠭᠤᠯᠬᠤ ᠪᠠᠷ ᠲᠠᠨᠢᠯᠴᠠᠭᠤᠯᠤᠨ ᠮᠡᠳᠡᠭᠡ ᠵᠠᠩᠭᠢ ᠶᠢ

ᠢᠯᠡ ᠪᠣᠯᠭᠠᠬᠤ ᠵᠢᠴᠢ ᠬᠠᠮᠢᠶᠠᠷᠬᠤ ᠦᠢᠯᠡᠴᠢᠯᠡᠭᠡᠨ ᠤ ᠰᠢᠰᠲ᠋ᠧᠮ︾ ᠳᠤ ᠨᠡᠷ᠎ᠡ ᠮᠡᠳᠡᠭᠦᠯᠬᠦ ᠬᠡᠷᠡᠭᠲᠡᠶ᠃

     ︽ᠲᠣᠭᠲᠠᠭᠠᠯ︾ ᠳᠤ᠂ ᠰᠢᠯᠭᠠᠭᠤᠯᠤᠭᠴᠢ ᠳᠤ ᠦᠢᠯᠡᠴᠢᠯᠡᠬᠦ ᠶᠢ ᠬᠦᠴᠦᠯᠡᠨ ᠰᠢᠯᠢᠳᠡᠭᠵᠢᠭᠦᠯᠬᠦ ᠬᠡᠷᠡᠭᠲᠡᠶ

ᠭᠡᠵᠦ ᠱᠠᠭᠠᠷᠳᠠᠪᠠ᠃ ᠥᠷᠭᠡᠨ ᠣᠯᠠᠨ ᠰᠢᠯᠭᠠᠭᠤᠯᠤᠭᠴᠢ ᠳᠤ ᠮᠠᠰᠲ᠋ᠧᠷ ᠡᠯᠰᠡᠬᠦ ᠲᠥᠷᠥ ᠶᠢᠨ ᠪᠣᠳᠣᠯᠭ᠎ᠠ ᠶᠢ ᠪᠥᠬᠦ

ᠲᠠᠯ᠎ᠠ ᠪᠠᠷ᠂ ᠨᠠᠷᠢᠯᠢᠭ ᠣᠨᠣᠴᠠᠲᠠᠢ ᠣᠶᠢᠯᠠᠭᠠᠭᠤᠯᠬᠤ ᠶᠢᠨ ᠲᠥᠯᠥᠭᠡ᠂ ︽ᠳᠤᠮᠳᠠᠳᠤ ᠤᠯᠤᠰ ᠤᠨ ᠮᠠᠰᠲ᠋ᠧᠷ ᠡᠯᠰᠡᠬᠦ

ᠮᠡᠳᠡᠭᠡ ᠵᠠᠩᠭᠢ ᠶᠢᠨ ᠰᠦᠯᠵᠢᠶ᠎ᠡ︾ ︵https://yz.chsi.com.cnhttps://yz.chsi.cn

2022 ᠣᠨ ᠤ 9 ᠰᠠᠷ᠎ᠠ ᠶᠢᠨ 22 — 26 ᠤ ᠡᠳᠦᠷ ᠪᠣᠯᠲᠠᠯ᠎ᠠ ︽2023 ᠣᠨ ᠤ ᠪᠥᠬᠦ ᠤᠯᠤᠰ ᠤᠨ

ᠮᠠᠰᠲ᠋ᠧᠷ ᠡᠯᠰᠡᠬᠦ ᠶᠢ ᠣᠬᠠᠭᠤᠯᠬᠤ ᠪᠠ ᠵᠥᠪᠯᠡᠯᠭᠡ ᠥᠭᠬᠦ︾ ᠠᠵᠢᠯᠯᠠᠭ᠎ᠠ ᠶᠢ ᠥᠷᠨᠢᠭᠦᠯᠵᠦ᠂ ᠪᠣᠶ ᠪᠥᠬᠦᠶ ᠮᠠᠰᠲ᠋ᠧᠷ

ᠡᠯᠰᠡᠬᠦ ᠨᠢᠭᠡᠴᠢ ᠠᠴᠠ ᠰᠢᠯᠭᠠᠭᠤᠯᠤᠭᠴᠢ ᠶᠢᠨ ᠠᠰᠠᠭᠤᠯᠲᠠ ᠶᠢ ᠰᠦᠯᠵᠢᠶᠡᠨ ᠳᠤ ᠬᠠᠷᠢᠭᠤᠯᠠᠨ᠎ᠠ᠃ ᠵᠡᠮᠳᠡᠭ

ᠰᠢᠯᠭᠠᠭᠤᠯᠤᠭᠴᠢ ᠶᠢᠨ ᠠᠰᠢᠭ ᠲᠤᠰᠠ ᠶᠢ ᠨᠠᠩ ᠰᠠᠶᠢᠲᠤᠷ ᠪᠠᠲᠤᠯᠠᠬᠤ ᠶᠢᠨ ᠲᠥᠯᠥᠭᠡ᠂ ᠡᠯ᠎ᠡ ᠮᠤᠵᠢ ᠶᠢᠨ ᠳᠡᠰ ᠤᠨ

ᠰᠣᠷᠣᠭᠴᠢ ᠡᠯᠰᠡᠬᠦ ᠰᠢᠯᠭᠠᠯᠲᠠ ᠶᠢᠨ ᠪᠠᠶᠢᠭᠤᠯᠤᠮᠵᠢ ᠪᠠ ᠰᠣᠷᠣᠭᠴᠢ ᠡᠯᠰᠡᠬᠦ ᠨᠢᠭᠡᠴᠢ ᠳᠤ ᠬᠤᠯᠪᠤᠭᠳᠠᠬᠤ

ᠲᠣᠭᠲᠠᠭᠠᠯ ᠶᠣᠰᠤ ᠪᠠᠷ ᠵᠡᠮᠳᠡᠭᠴᠦᠳ ᠤᠨ ᠰᠢᠯᠭᠠᠯᠲᠠ ᠳᠤ ᠣᠷᠣᠯᠴᠠᠬᠤ ᠳᠤ ᠴᠢᠬᠤᠯᠠ ᠪᠥᠬᠦᠶ ᠳᠡᠮᠵᠢᠬᠦ ᠨᠥᠬᠦᠴᠡᠯ

ᠪᠠ ᠵᠦᠶ ᠵᠣᠬᠢᠰᠲᠠᠶ ᠲᠥᠬᠦᠮ ᠨᠥᠬᠦᠴᠡᠯ ᠢ ᠬᠠᠩᠭᠠᠨ᠎ᠠ᠃ ᠵᠡᠮᠳᠡᠭ ᠰᠢᠯᠭᠠᠭᠤᠯᠤᠭᠴᠢ ᠳᠤ ᠬᠡᠷᠪᠡ ᠰᠢᠯᠭᠠᠯᠲᠠ ᠶᠢ

ᠵᠣᠬᠢᠶᠠᠨ ᠪᠠᠶᠢᠭᠤᠯᠬᠤ ᠨᠢᠭᠡᠴᠢ ᠠᠴᠠ ᠰᠢᠯᠭᠠᠯᠲᠠ ᠶᠢᠨ ᠬᠤᠭᠤᠴᠠᠭᠠᠨ ᠳᠤ ᠵᠦᠢ ᠵᠣᠬᠢᠰᠲᠠᠢ ᠰᠢᠯᠭᠠᠭᠤᠯᠬᠤ ᠳᠤ

ᠲᠥᠬᠦᠮ ᠦᠵᠡᠭᠦᠯᠬᠦ ᠦᠢᠯᠡᠴᠢᠯᠡᠭᠡ ᠶᠢ ᠬᠠᠩᠭᠠᠬᠤ ᠴᠢᠬᠤᠯᠠᠲᠠᠶ ᠪᠣᠯ ᠨᠡᠷ᠎ᠡ ᠮᠡᠳᠡᠭᠦᠯᠬᠦ ᠱᠠᠲᠤᠨ ᠳᠤ ᠰᠢᠯᠭᠠᠯᠲᠠ ᠶᠢᠨ

ᠴᠡᠭ ᠤᠨ ᠪᠠᠶᠢᠭ᠎ᠠ ᠭᠠᠵᠠᠷ ᠤᠨ ᠮᠤᠵᠢ ᠶᠢᠨ ᠳᠡᠰ ᠤᠨ ᠰᠣᠷᠣᠭᠴᠢ ᠡᠯᠰᠡᠬᠦ ᠰᠢᠯᠭᠠᠯᠲᠠ ᠶᠢᠨ ᠪᠠᠶᠢᠭᠤᠯᠤᠮᠵᠢ ᠪᠠ

ᠰᠣᠷᠣᠭᠴᠢ ᠡᠯᠰᠡᠬᠦ ᠨᠢᠭᠡᠴᠢ ᠲᠠᠢ ᠰᠠᠨᠠᠯ ᠢᠶᠠᠨ ᠰᠣᠯᠢᠯᠴᠠᠵᠤ᠂ ᠤᠷᠢᠳᠴᠢᠯᠠᠨ ᠰᠠᠶᠢᠲᠤᠷ ᠲᠣᠬᠢᠷᠠᠭᠤᠯᠬᠤ ᠳᠤ

ᠳᠥᠭᠦᠮ ᠦᠵᠡᠭᠦᠯᠬᠦ ᠬᠡᠷᠡᠭᠲᠡᠶ᠃

     ᠰᠤᠷᠭᠠᠨ ᠬᠥᠮᠦᠵᠢᠯ ᠤᠨ ᠶᠠᠮᠤᠨ ᠠᠴᠠ ᠥᠷᠭᠡᠨ ᠣᠯᠠᠨ ᠰᠢᠯᠭᠠᠭᠤᠯᠤᠭᠴᠢ ᠳᠤ᠂ ᠰᠦᠯᠵᠢᠶᠡᠨ ᠳᠤ ᠨᠡᠷ᠎ᠡ

ᠮᠡᠳᠡᠭᠦᠯᠦᠭᠰᠡᠨ ᠤ ᠳᠠᠷᠠᠭ᠎ᠠ ᠮᠤᠵᠢ ᠶᠢᠨ ᠳᠡᠰ ᠤᠨ ᠰᠤᠷᠭᠠᠨ ᠬᠥᠮᠦᠵᠢᠯ ᠤᠨ ᠰᠣᠷᠣᠭᠴᠢ ᠡᠯᠰᠡᠬᠦ ᠰᠢᠯᠭᠠᠯᠲᠠ ᠶᠢᠨ

ᠪᠠᠶᠢᠭᠤᠯᠤᠮᠵᠢ᠂ ᠰᠢᠯᠭᠠᠯᠲᠠ ᠳᠤ ᠨᠡᠷ᠎ᠡ ᠮᠡᠳᠡᠭᠦᠯᠬᠦ ᠴᠡᠭ᠂ ᠰᠣᠷᠣᠭᠴᠢ ᠡᠯᠰᠡᠬᠦ ᠨᠢᠭᠡᠴᠢ ᠶᠢᠨ ᠠᠯᠪᠠᠨ ᠰᠦᠯᠵᠢᠶ᠎ᠡ

ᠵᠡᠷᠭᠡ ᠶᠢ ᠲᠣᠭᠲᠠᠮᠠᠯ ᠬᠤᠭᠤᠴᠠᠭ᠎ᠠ ᠲᠠᠢ ᠪᠠᠷ ᠪᠠᠶᠢᠴᠠᠭᠠᠨ ᠦᠵᠡᠬᠦ ᠵᠡᠷᠭᠡ ᠠᠷᠭ᠎ᠠ ᠮᠠᠶ᠋ᠢᠭ ᠢᠶᠠᠷ ᠳᠠᠮᠵᠢᠭᠤᠯᠤᠨ᠂

ᠰᠢᠯᠭᠠᠯᠲᠠ ᠶᠢᠨ ᠲᠣᠬᠢᠷᠠᠭᠤᠯᠤᠯᠲᠠ᠂ ᠬᠢᠵᠢᠭ ᠢ ᠰᠡᠷᠭᠡᠶᠢᠯᠡᠬᠦ ᠱᠠᠭᠠᠷᠳᠠᠯᠭ᠎ᠠ ᠵᠡᠷᠭᠡ ᠵᠦᠢᠯ ᠢ ᠰᠠᠨᠠᠭᠠᠴᠢᠯᠠᠭ᠎ᠠ ᠠᠴᠠ ᠪᠠᠨ

ᠣᠶᠢᠯᠠᠭᠠᠵᠤ᠂ ᠬᠤᠯᠪᠤᠭᠳᠠᠬᠤ ᠠᠵᠢᠯ ᠢ ᠢᠳᠡᠪᠬᠢᠲᠡᠶ ᠬᠠᠮᠵᠢᠯᠴᠠᠨ ᠪᠡᠶᠡᠯᠡᠭᠦᠯᠵᠦ᠂ ᠰᠢᠯᠭᠠᠯᠲᠠ ᠳᠤ ᠤᠷᠤᠭᠰᠢᠲᠠᠶ

ᠣᠷᠣᠯᠴᠠᠬᠤ ᠳᠤ ᠲᠥᠬᠦᠮ ᠦᠵᠡᠭᠦᠯᠬᠦ ᠬᠡᠷᠡᠭᠲᠡᠶ ᠭᠡᠵᠦ ᠣᠨᠴᠠᠭᠠᠶᠢᠯᠠᠨ ᠰᠠᠨᠠᠭᠤᠯᠵᠠᠶ᠃

     ᠡᠭᠦᠨ ᠠᠴᠠ ᠭᠠᠳᠠᠨ᠎ᠠ᠂ ︽ᠲᠣᠭᠲᠠᠭᠠᠯ︾ ᠳᠤ 2024 ᠣᠨ ᠤ ᠪᠥᠬᠦ ᠤᠯᠤᠰ ᠤᠨ ᠮᠠᠰᠲ᠋ᠧᠷ ᠡᠯᠰᠡᠬᠦ

ᠰᠢᠯᠭᠠᠯᠲᠠ ᠠᠴᠠ ᠡᠬᠢᠯᠡᠨ᠂ ᠰᠤᠷᠭᠠᠨ ᠬᠥᠮᠦᠵᠢᠯ ᠤᠨ ᠲᠤᠰᠬᠠᠶ ᠮᠡᠷᠭᠡᠵᠢᠯ ᠤᠨ ᠡᠷᠳᠡᠮ ᠤᠨ ᠴᠣᠯᠠ ᠶᠢᠨ

ᠲᠤᠬᠠᠶᠢᠯᠠᠭᠰᠠᠨ ᠠᠵᠢᠯ ᠤᠨ ᠬᠢᠴᠢᠶᠡᠯ ᠤᠨ ᠰᠢᠯᠭᠠᠯᠲᠠ ᠶᠢᠨ ᠬᠢᠴᠢᠶᠡᠯ ᠲᠥᠷᠥᠯ ᠳᠤ ᠪᠥᠬᠦ ᠤᠯᠤᠰ ᠤᠨ ᠨᠢᠭᠡᠳᠦᠯᠲᠡᠶ

ᠰᠡᠳᠦᠪ ᠭᠠᠷᠭᠠᠬᠤ ᠬᠢᠴᠢᠶᠡᠯ ᠲᠥᠷᠥᠯ ᠢ ᠨᠠᠮᠠᠨ ᠲᠣᠬᠢᠷᠠᠭᠤᠯᠵᠤ᠂ ᠬᠤᠯᠪᠤᠭᠳᠠᠬᠤ ᠰᠣᠷᠣᠭᠴᠢ ᠡᠯᠰᠡᠬᠦ ᠨᠢᠭᠡᠴᠢ

ᠪᠡᠶ᠎ᠡ ᠪᠠᠨ ᠳᠠᠭᠠᠭᠠᠵᠤ ᠰᠣᠩᠭᠤᠨ ᠬᠡᠷᠡᠭᠯᠡᠬᠦ ᠳᠤ ᠬᠠᠩᠭᠠᠨ᠎ᠠ ᠭᠡᠵᠦ ᠤᠷᠢᠳᠴᠢᠯᠠᠨ ᠵᠠᠷᠯᠠᠪᠠ᠃

 
ᠢᠷᠡᠯᠲᠡ᠄ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠰᠤᠷᠭᠠᠨ ᠬᠥᠮᠥᠵᠢᠯ ᠤᠨ ᠲᠢᠩᠬᠢᠮ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号