ᠠᠯᠠᠱᠠ ᠠᠶᠢᠮᠠᠭ ᠨᠠᠮᠤᠷ ᠤᠨ ᠤᠯᠠᠷᠢᠯ ᠤᠨ ᠰᠤᠷᠤᠯᠭ᠎ᠠ ᠶᠢᠨ ᠬᠤᠭᠤᠴᠠᠭᠠᠨ ᠤ ᠰᠤᠷᠭᠠᠭᠤᠯᠢ ᠶᠢᠨ ᠬᠦᠷᠢᠶᠡᠨ ᠤ ᠠᠮᠤᠷ ᠲᠦᠪᠰᠢᠨ ᠤ ᠬᠥᠮᠦᠵᠢᠯ ᠤᠨ ᠠᠵᠢᠯ ᠢ ᠯᠠᠪᠳᠠᠭᠤᠨ ᠪᠠᠲᠤᠲᠠᠶ ᠥᠷᠨᠢᠭᠦᠯᠪᠡ
ᠨᠡᠶᠢᠲᠡᠯᠡᠭᠰᠡᠨ ᠴᠠᠭ᠄
2022/9/8
     ᠣᠶᠢᠷ᠎ᠠ ᠳᠤ᠂ ᠠᠯᠠᠱᠠ ᠠᠶᠢᠮᠠᠭ ᠤᠨ ᠡᠯ᠎ᠡ ᠱᠠᠲᠤᠨ ᠤ ᠰᠤᠷᠭᠠᠨ ᠬᠥᠮᠦᠵᠢᠯ ᠪᠡᠶ᠎ᠡ ᠶᠢᠨ ᠲᠠᠮᠢᠷ ᠤᠨ ᠵᠠᠰᠠᠭ ᠵᠠᠬᠢᠷᠭᠠᠨ ᠤ ᠰᠠᠯᠠᠭ᠎ᠠ ᠮᠥᠴᠢᠷ ᠣᠯᠠᠨ ᠲᠠᠯ᠎ᠠ ᠪᠠᠷ ᠬᠦᠴᠦᠯᠡᠵᠦ᠂ ᠨᠠᠮᠤᠷ ᠤᠨ ᠤᠯᠠᠷᠢᠯ ᠤᠨ ᠰᠤᠷᠤᠯᠭ᠎ᠠ ᠶᠢᠨ ᠬᠤᠭᠤᠴᠠᠭᠠᠨ ᠤ ᠰᠤᠷᠭᠠᠭᠤᠯᠢ ᠶᠢᠨ ᠬᠦᠷᠢᠶᠡᠨ ᠤ ᠠᠮᠤᠷ ᠲᠦᠪᠰᠢᠨ ᠤ ᠬᠥᠮᠦᠵᠢᠯ ᠤᠨ ᠠᠵᠢᠯ ᠢ ᠯᠠᠪᠳᠠᠭᠤᠨ ᠪᠠᠲᠤᠲᠠᠶ ᠥᠷᠨᠢᠭᠦᠯᠵᠦ᠂ ᠥᠷᠭᠡᠨ ᠣᠯᠠᠨ ᠪᠠᠭᠰᠢ ᠰᠤᠷᠤᠭᠴᠢ ᠶᠢᠨ ᠠᠮᠢ ᠨᠠᠰᠤᠨ ᠤ ᠠᠮᠤᠷ ᠲᠦᠪᠰᠢᠨ ᠪᠠ ᠪᠡᠶ᠎ᠡ ᠮᠠᠬᠠᠪᠣᠳ ᠤᠨ ᠡᠷᠡᠭᠦᠯ ᠮᠡᠨᠳᠦ ᠶᠢ ᠦᠨᠡᠨ ᠬᠦ ᠪᠠᠲᠤᠯᠠᠪᠠ᠃

     ᠰᠤᠷᠭᠠᠭᠤᠯᠢ ᠶᠢᠨ ᠬᠦᠷᠢᠶᠡᠨ ᠤ ᠠᠮᠤᠷ ᠲᠦᠪᠰᠢᠨ ᠢ ᠬᠢᠨᠠᠨ ᠵᠢᠯᠣᠭᠤᠳᠴᠤ ᠪᠠᠶᠢᠴᠠᠭᠠᠬᠤ ᠶᠢ

ᠪᠣᠳᠠᠲᠠᠶᠢᠵᠢᠭᠤᠯᠪᠠ᠃ ᠠᠯᠠᠱᠠ ᠠᠶᠢᠮᠠᠭ ᠤᠨ ᠡᠯ᠎ᠡ ᠱᠠᠲᠤᠨ ᠤ ᠰᠤᠷᠭᠠᠨ ᠬᠥᠮᠦᠵᠢᠯ ᠪᠡᠶ᠎ᠡ ᠶᠢᠨ ᠲᠠᠮᠢᠷ ᠤᠨ ᠵᠠᠰᠠᠭ

ᠵᠠᠬᠢᠷᠭᠠᠨ ᠤ ᠰᠠᠯᠠᠭ᠎ᠠ ᠮᠥᠴᠢᠷ ᠳᠣᠲᠣᠭᠠᠳᠤ ᠶᠢ ᠬᠠᠮᠠᠭᠠᠯᠠᠬᠤ᠂ ᠬᠤᠲᠠ ᠶᠢᠨ ᠬᠢᠨᠠᠯᠲᠠ ᠬᠠᠮᠢᠶᠠᠷᠤᠯᠲᠠ᠂ ᠭᠠᠯ ᠢ

ᠰᠡᠷᠭᠡᠶᠢᠯᠡᠬᠦ᠂ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ ᠵᠡᠷᠭᠡ ᠰᠠᠯᠠᠭ᠎ᠠ ᠮᠥᠴᠢᠷ ᠲᠠᠢ ᠬᠠᠮᠲᠤᠷᠠᠨ᠂

ᠰᠤᠷᠭᠠᠭᠤᠯᠢ ᠡᠬᠢᠯᠡᠵᠦ ᠬᠢᠴᠢᠶᠡᠯ ᠰᠡᠷᠭᠦᠭᠡᠭᠰᠡᠨ ᠪᠠᠶᠢᠳᠠᠯ ᠢ ᠪᠠᠶᠢᠴᠠᠭᠠᠵᠤ ᠦᠨᠡᠯᠡᠨ ᠵᠢᠱᠢᠬᠦ ᠳᠤᠭᠤᠶᠢᠯᠠᠩ

ᠪᠠᠶᠢᠭᠤᠯᠵᠤ᠂ ᠪᠥᠬᠦ ᠠᠶᠢᠮᠠᠭ ᠤᠨ ᠡᠯ᠎ᠡ ᠱᠠᠲᠤᠨ ᠤ ᠡᠯ᠎ᠡ ᠲᠥᠷᠥᠯ ᠤᠨ ᠳᠤᠮᠳᠠᠳᠤ ᠪᠠᠭ᠎ᠠ ᠰᠤᠷᠭᠠᠭᠤᠯᠢ᠂ ᠬᠡᠦᠬᠡᠳ

 ᠤᠨ ᠴᠡᠴᠡᠷᠯᠢᠭ ᠤᠨ ᠢᠳᠡᠭᠡᠨ ᠤ ᠠᠮᠤᠷ ᠲᠦᠪᠰᠢᠨ᠂ ᠡᠷᠡᠭᠦᠯ ᠬᠠᠮᠠᠭᠠᠯᠠᠯ ᠡᠷᠡᠭᠦᠯ ᠮᠡᠨᠳᠦ᠂ ᠭᠠᠯ ᠢ ᠰᠡᠷᠭᠡᠶᠢᠯᠡᠬᠦ ᠠᠮᠤᠷ

ᠲᠦᠪᠰᠢᠨ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ᠂ ᠰᠤᠷᠭᠠᠭᠤᠯᠢ ᠶᠢᠨ ᠬᠦᠷᠢᠶ᠎ᠡ ᠵᠢᠴᠢ ᠡᠷᠬᠢᠨ ᠲᠣᠭᠤᠷᠢᠨ ᠤ

ᠠᠮᠤᠷ ᠲᠦᠪᠰᠢᠨ ᠵᠡᠷᠭᠡ ᠲᠠᠯ᠎ᠠ ᠳᠤ ᠪᠥᠬᠦ ᠲᠠᠯ᠎ᠠ ᠶᠢᠨ ᠪᠠᠶᠢᠴᠠᠭᠠᠯᠲᠠ ᠬᠢᠵᠦ᠂ ᠰᠤᠷᠭᠠᠭᠤᠯᠢ ᠡᠬᠢᠯᠡᠭᠦᠯᠬᠦ ᠠᠮᠤᠷ

ᠲᠦᠪᠰᠢᠨ ᠢ ᠦᠨᠡᠨ ᠬᠦ ᠪᠠᠲᠤᠯᠠᠪᠠ᠃ ᠡᠯ᠎ᠡ ᠱᠠᠲᠤᠨ ᠤ ᠡᠯ᠎ᠡ ᠲᠥᠷᠥᠯ ᠤᠨ ᠰᠤᠷᠭᠠᠭᠤᠯᠢ ᠨᠢ ᠰᠤᠷᠭᠠᠭᠤᠯᠢ ᠶᠢᠨ

ᠪᠠᠶᠢᠷᠢ ᠶᠢᠨ ᠠᠮᠤᠷ ᠲᠦᠪᠰᠢᠨ᠂ ᠰᠤᠷᠭᠠᠭᠤᠯᠢ ᠶᠢᠨ ᠬᠦᠷᠢᠶᠡᠨ ᠤ ᠡᠷᠬᠢᠨ ᠲᠣᠭᠤᠷᠢᠨ ᠤ ᠡᠮᠬᠢ ᠳᠢᠭᠯᠢᠮ᠂ ᠠᠶᠤᠯᠲᠠᠶ

ᠬᠢᠮᠢ ᠶᠢᠨ ᠪᠣᠳᠠᠰ ᠤᠨ ᠬᠠᠮᠢᠶᠠᠷᠤᠯᠲᠠ ᠵᠡᠷᠭᠡ ᠭᠤᠣᠯᠳᠠᠯᠭᠠᠲᠠᠢ ᠬᠡᠰᠡᠭ ᠪᠠ ᠭᠤᠣᠯᠳᠠᠯᠭᠠᠲᠠᠢ ᠬᠦᠷᠢᠶ᠎ᠡ ᠴᠠᠷᠠᠭ᠎ᠠ ᠳᠤ

ᠴᠢᠭᠯᠡᠭᠦᠯᠦᠨ ︽ᠲᠣᠣᠷ ᠳᠠᠲᠠᠬᠤ ᠮᠠᠶ᠋ᠢᠭ︾ ᠢᠶᠠᠷ ᠪᠠᠯᠠᠶ ᠣᠷᠣᠨ᠂ ᠥᠨᠴᠥᠭ ᠪᠤᠯᠤᠩ ᠦᠯᠡᠳᠡᠭᠡᠯ ᠦᠭᠡᠢ ᠵᠢᠭᠰᠠᠭᠠᠨ

ᠪᠠᠶᠢᠴᠠᠭᠠᠵᠤ᠂ ᠡᠯ᠎ᠡ ᠲᠥᠷᠥᠯ ᠤᠨ ᠠᠮᠤᠷ ᠲᠦᠪᠰᠢᠨ ᠤ ᠳᠠᠯᠳᠠ ᠬᠡᠮ ᠢ ᠳᠠᠷᠤᠢ ᠳᠤ ᠨᠢ ᠠᠷᠢᠯᠭᠠᠵᠤ᠂ ᠠᠮᠤᠷ

ᠲᠦᠪᠰᠢᠨ ᠤ ᠬᠠᠮᠢᠶᠠᠷᠤᠯᠲᠠ ᠶᠢᠨ ᠲᠣᠭᠲᠠᠴᠠ ᠶᠢ ᠪᠥᠷᠢᠨ ᠭᠦᠢᠴᠡᠳ ᠲᠡᠭᠦᠯᠳᠡᠷᠵᠢᠭᠦᠯᠬᠦ ᠪᠠᠷ ᠳᠠᠮᠵᠢᠭᠤᠯᠤᠨ᠂

ᠬᠠᠷᠢᠭᠤᠴᠠᠯᠭ᠎ᠠ ᠶᠢ ᠤᠯᠠᠮ ᠨᠢᠭᠡ ᠠᠯᠬᠤᠮ ᠲᠣᠳᠤᠷᠬᠠᠶᠢᠯᠠᠵᠤ᠂ ᠠᠷᠭ᠎ᠠ ᠬᠡᠮᠵᠢᠶ᠎ᠡ ᠶᠢ ᠴᠢᠩᠭᠠᠷᠠᠭᠤᠯᠵᠤ᠂ ᠪᠥᠬᠦ ᠪᠠᠭᠰᠢ

ᠰᠤᠷᠤᠭᠴᠢ ᠳᠤ ᠠᠮᠤᠷ ᠲᠦᠪᠰᠢᠨ ᠤ ᠣᠷᠴᠢᠨ ᠨᠥᠬᠦᠴᠡᠯ ᠢ ᠴᠢᠷᠮᠠᠶᠢᠨ ᠪᠣᠶ ᠪᠣᠯᠭᠠᠵᠤ ᠥᠭᠪᠡ᠃

     ᠰᠤᠷᠭᠠᠭᠤᠯᠢ ᠶᠢᠨ ᠬᠦᠷᠢᠶᠡᠨ ᠤ ᠠᠮᠤᠷ ᠲᠦᠪᠰᠢᠨ ᠤ ᠬᠥᠮᠦᠵᠢᠯ ᠢ ᠭᠦᠨᠵᠡᠭᠡᠶ ᠥᠷᠨᠢᠭᠦᠯᠪᠡ᠃ ᠡᠯ᠎ᠡ

ᠱᠠᠲᠤᠨ ᠤ ᠡᠯ᠎ᠡ ᠲᠥᠷᠥᠯ ᠤᠨ ᠰᠤᠷᠭᠠᠭᠤᠯᠢ ᠶᠢᠨ ᠬᠢᠨ  ᠠᠮᠤᠷ ᠢ ᠬᠠᠮᠠᠭᠠᠯᠠᠬᠤ ᠠᠷᠠᠳ ᠤᠨ ᠴᠠᠭᠳᠠᠭ᠎ᠠ ᠶᠢ ᠤᠷᠢᠵᠤ

ᠰᠤᠷᠭᠠᠭᠤᠯᠢ ᠳᠤ ᠭᠦᠨᠵᠡᠭᠡᠶᠢᠷᠡᠭᠦᠯᠦᠨ ︽ᠠᠮᠢ ᠨᠠᠰᠤ ᠪᠠᠨ ᠨᠠᠨᠳᠢᠩᠨᠠᠨ ᠬᠠᠶᠢᠷᠠᠯᠠᠵᠤ᠂ ᠠᠮᠤᠷ ᠲᠦᠪᠰᠢᠨ ᠪᠢᠳᠡᠨ ᠲᠠᠢ

ᠬᠠᠮᠲᠤ︾ ᠪᠠᠷ ᠭᠤᠤᠯ ᠰᠡᠳᠦᠪ ᠪᠣᠯᠭᠠᠭᠰᠠᠨ ᠠᠮᠤᠷ ᠲᠦᠪᠰᠢᠨ ᠤ ᠬᠥᠮᠦᠵᠢᠯ ᠤᠨ ᠠᠵᠢᠯᠯᠠᠭ᠎ᠠ ᠶᠢ ᠥᠷᠨᠢᠭᠦᠯᠵᠦ᠂

ᠰᠣᠨᠢᠷᠬᠠᠯᠲᠤ ᠬᠢᠴᠢᠶᠡᠯᠯᠡᠭᠡ᠂ ᠲᠥᠪᠯᠡᠷᠡᠭᠦᠯᠦᠨ ᠤᠬᠠᠭᠤᠯᠤᠨ ᠲᠠᠶᠢᠯᠪᠤᠷᠢᠯᠠᠬᠤ ᠠᠷᠭ᠎ᠠ ᠮᠠᠶ᠋ᠢᠭ ᠢᠶᠠᠷ ᠪᠠᠭᠰᠢ

ᠰᠤᠷᠤᠭᠴᠢᠳ ᠲᠤ ᠰᠤᠷᠭᠠᠭᠤᠯᠢ ᠶᠢᠨ ᠬᠦᠷᠢᠶᠡᠨ ᠤ ᠠᠮᠤᠷ ᠲᠦᠪᠰᠢᠨ ᠤ ᠬᠥᠮᠦᠵᠢᠯ᠂ ᠬᠤᠤᠷᠲᠤ ᠡᠳ᠋ ᠤᠨ ᠬᠤᠤᠷ

ᠬᠥᠨᠥᠭᠡᠯ᠂ ᠴᠠᠬᠢᠯᠭᠠᠨ ᠬᠤᠯᠪᠤᠭᠠᠨ ᠤ ᠮᠡᠬᠡᠯᠡᠯ ᠢ ᠰᠡᠷᠭᠡᠶᠢᠯᠡᠬᠦ ᠵᠢᠴᠢ ᠰᠤᠷᠭᠠᠭᠤᠯᠢ ᠶᠢᠨ ᠬᠦᠷᠢᠶᠡᠨ ᠤ ᠬᠦᠴᠦᠷᠬᠡᠭᠯᠡᠯ᠂

ᠰᠤᠷᠭᠠᠭᠤᠯᠢ ᠶᠢᠨ ᠬᠦᠷᠢᠶᠡᠨ ᠤ ᠳᠣᠷᠣᠮᠵᠢᠯᠠᠯ ᠢ ᠶᠠᠭᠠᠬᠢᠵᠤ ᠠᠷᠭᠠᠴᠠᠬᠤ ᠪᠠ ᠰᠡᠷᠭᠡᠶᠢᠯᠡᠬᠦ ᠵᠡᠷᠭᠡ ᠠᠭᠤᠯᠭ᠎ᠠ ᠶᠢ

ᠭᠤᠣᠯᠳᠠᠯᠭᠠᠲᠠᠢ ᠲᠠᠶᠢᠯᠪᠤᠷᠢᠯᠠᠵᠤ᠂ ᠰᠤᠷᠤᠭᠴᠢᠳ ᠢ ᠬᠥᠲᠥᠯᠥᠨ ᠵᠢᠯᠣᠭᠤᠳᠴᠤ ᠬᠠᠤᠯᠢ ᠰᠠᠬᠢᠯᠭ᠎ᠠ ᠶᠢ ᠵᠢᠷᠤᠮᠯᠠᠬᠤ

ᠦᠵᠡᠯᠲᠡ ᠶᠢ ᠪᠠᠲᠤ ᠪᠠᠬᠢ ᠪᠣᠶ ᠪᠣᠯᠭᠠᠵᠤ᠂ ᠬᠠᠤᠯᠢ ᠴᠠᠭᠠᠵᠠ ᠪᠠᠷ ᠥᠪᠡᠷ ᠤᠨ ᠬᠠᠤᠯᠢ ᠶᠣᠰᠣᠨ ᠤ ᠡᠷᠬᠡ ᠠᠰᠢᠭ

 ᠢᠶᠠᠨ ᠬᠠᠮᠠᠭᠠᠯᠠᠬᠤ ᠶᠢ ᠰᠤᠷᠴᠤ᠂ ᠬᠠᠤᠯᠢ ᠶᠢ ᠰᠤᠷᠴᠤ᠂ ᠬᠠᠤᠯᠢ ᠶᠢ ᠣᠶᠢᠯᠠᠭᠠᠵᠤ᠂ ᠬᠠᠤᠯᠢ ᠶᠢ ᠰᠠᠬᠢᠵᠤ᠂

ᠬᠠᠤᠯᠢ ᠶᠢ ᠬᠡᠷᠡᠭᠯᠡᠬᠦ ᠶᠢᠨ ᠦᠢᠯᠡᠳᠦᠯᠭᠡᠵᠢᠭᠦᠯᠦᠭᠴᠢ  ᠪᠣᠯᠭᠠᠪᠠ᠃ ᠠᠯᠠᠱᠠ ᠶᠢᠨ ᠮᠣᠩᠭᠤᠯ ᠦᠨᠳᠦᠰᠦᠲᠡᠨ ᠤ ᠪᠦᠷᠢᠨ

ᠳᠤᠮᠳᠠᠳᠤ ᠰᠤᠷᠭᠠᠭᠤᠯᠢ᠂ ᠡᠵᠡᠨ᠎ᠡ ᠬᠤᠰᠢᠭᠤᠨ ᠤ ᠪᠠᠭ᠎ᠠ ᠰᠤᠷᠭᠠᠭᠤᠯᠢ ᠤᠯᠤᠰ ᠲᠥᠷᠥ ᠶᠢᠨ ᠠᠮᠤᠷ ᠲᠦᠪᠰᠢᠨ᠂

ᠨᠡᠶᠢᠭᠡᠮ ᠤᠨ ᠠᠮᠤᠷ ᠲᠦᠪᠰᠢᠨ᠂ ᠰᠦᠯᠵᠢᠶᠡᠨ ᠤ ᠠᠮᠤᠷ ᠲᠦᠪᠰᠢᠨ ᠵᠡᠷᠭᠡ ᠲᠠᠢ ᠤᠶᠠᠯᠳᠤᠭᠤᠯᠤᠨ᠂ ᠠᠮᠤᠷ

ᠲᠦᠪᠰᠢᠨ ᠤ ᠬᠥᠮᠦᠵᠢᠯ ᠤᠨ  ᠪᠣᠯᠪᠠᠰᠤᠷᠠᠭᠤᠯᠤᠯ ᠢ ᠵᠣᠬᠢᠶᠠᠨ ᠪᠠᠶᠢᠭᠤᠯᠤᠨ ᠥᠷᠨᠢᠭᠦᠯᠵᠦ᠂ ᠤᠯᠤᠰ ᠤᠨ ᠶᠡᠷᠦᠩᠬᠡᠶ

ᠠᠮᠤᠷ ᠲᠦᠪᠰᠢᠨ ᠤ ᠦᠵᠡᠯᠲᠡ ᠵᠢᠴᠢ ︽ᠤᠯᠤᠰ ᠤᠨ ᠠᠮᠤᠷ ᠲᠦᠪᠰᠢᠨ ᠤ ᠬᠠᠤᠯᠢ︾ ᠵᠡᠷᠭᠡ ᠤᠯᠤᠰ ᠤᠨ ᠠᠮᠤᠷ

ᠲᠦᠪᠰᠢᠨ ᠳᠤ ᠬᠤᠯᠪᠤᠭᠳᠠᠬᠤ ᠬᠠᠤᠯᠢ ᠴᠠᠭᠠᠵᠠ ᠬᠠᠤᠯᠢ ᠳᠦᠷᠢᠮ ᠢ ᠤᠯᠠᠮ ᠨᠢᠭᠡ ᠠᠯᠬᠤᠮ ᠤᠬᠠᠭᠤᠯᠤᠨ

ᠲᠦᠭᠡᠮᠡᠯᠵᠢᠭᠦᠯᠵᠦ᠂ ᠥᠷᠭᠡᠨ ᠣᠯᠠᠨ ᠪᠠᠭᠰᠢ ᠰᠤᠷᠤᠭᠴᠢ ᠳᠤ ︽ᠤᠯᠤᠰ ᠤᠨ ᠠᠮᠤᠷ ᠲᠦᠪᠰᠢᠨ ᠢ ᠬᠠᠮᠠᠭᠠᠯᠠᠬᠤ ᠳᠤ

ᠬᠥᠮᠦᠨ ᠪᠦᠬᠦᠨ ᠬᠠᠷᠢᠭᠤᠴᠠᠯᠭ᠎ᠠ ᠲᠠᠢ︾ ᠭᠡᠳᠡᠭ ᠢ ᠦᠨᠡᠨ ᠬᠦ ᠮᠡᠳᠡᠷᠡᠭᠦᠯᠪᠡ᠃

     ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠪᠣᠯᠪᠠᠰᠤᠷᠠᠭᠤᠯᠤᠯ ᠢ ᠨᠠᠷᠢᠨ ᠨᠢᠮᠪᠠᠶ ᠰᠠᠶᠢᠲᠤᠷ ᠬᠢᠪᠡ᠃

ᠬᠡᠰᠡᠭ ᠰᠤᠷᠭᠠᠭᠤᠯᠢ᠂ ᠬᠡᠦᠬᠡᠳ ᠤᠨ ᠴᠡᠴᠡᠷᠯᠢᠭ ᠤᠨ ᠬᠢᠨ ᠡᠮᠨᠡᠯᠭᠡ ᠶᠢᠨ ᠠᠵᠢᠯᠲᠠᠨ ᠢ ᠤᠷᠢᠵᠤ ᠥᠷᠭᠡᠨ ᠣᠯᠠᠨ

ᠪᠠᠭᠰᠢ ᠠᠵᠢᠯᠲᠠᠨ ᠠᠵᠢᠯᠴᠢᠨ᠂ ᠰᠤᠷᠤᠭᠴᠢ ᠳᠤ ᠰᠢᠨ᠎ᠡ ᠲᠢᠲᠢᠮᠯᠢᠭ ᠠᠭᠤᠰᠬᠢᠨ ᠤ ᠦᠷᠪᠢᠰᠦᠯ ᠤᠨ ᠬᠢᠵᠢᠭ ᠤᠨ

ᠪᠠᠶᠢᠳᠠᠯ ᠢ ᠰᠡᠷᠭᠡᠶᠢᠯᠡᠨ ᠡᠵᠡᠮᠳᠡᠬᠦ ᠵᠢᠴᠢ ᠠᠷᠢᠭᠤᠳᠬᠠᠬᠤ ᠮᠡᠳᠡᠯᠭᠡ ᠶᠢᠨ ᠲᠤᠰᠬᠠᠶ ᠰᠡᠳᠦᠪᠲᠦ ᠪᠣᠯᠪᠠᠰᠤᠷᠠᠭᠤᠯᠤᠯ ᠢ

ᠥᠷᠨᠢᠭᠦᠯᠪᠡ᠃ ᠪᠣᠯᠪᠠᠰᠤᠷᠠᠭᠤᠯᠤᠯ ᠢᠶᠠᠷ ᠳᠠᠮᠵᠢᠭᠤᠯᠤᠨ᠂ ᠪᠠᠭᠰᠢ ᠠᠵᠢᠯᠲᠠᠨ ᠠᠵᠢᠯᠴᠢᠨ᠂ ᠰᠤᠷᠤᠭᠴᠢᠳ ᠲᠤ ᠰᠢᠨ᠎ᠡ

ᠲᠢᠲᠢᠮᠯᠢᠭ ᠠᠭᠤᠰᠬᠢᠨ ᠤ ᠦᠷᠪᠢᠰᠦᠯ ᠵᠡᠷᠭᠡ ᠬᠠᠯᠳᠠᠪᠤᠷᠢᠲᠤ ᠡᠪᠡᠳᠴᠢᠨ ᠢ ᠤᠷᠢᠳᠴᠢᠯᠠᠨ ᠰᠡᠷᠭᠡᠶᠢᠯᠡᠬᠦ ᠮᠡᠳᠡᠯᠭᠡ ᠪᠠ

ᠠᠷᠭᠠᠴᠠᠬᠤ ᠠᠷᠭ᠎ᠠ᠂ ᠬᠠᠯᠠᠭᠤᠷᠠᠬᠤ᠂ ᠨᠢᠰᠤ ᠭᠤᠭᠤᠵᠢᠬᠤ᠂ ᠠᠮᠢᠰᠬᠤᠯ ᠤᠨ ᠵᠠᠮ ᠤᠨ ᠡᠪᠡᠳᠴᠢᠨ ᠤ ᠢᠯᠡᠷᠡᠯ ᠭᠠᠷᠬᠤ

ᠵᠡᠷᠭᠡ ᠭᠡᠨᠡᠳᠲᠡ ᠶᠢᠨ ᠪᠠᠶᠢᠳᠠᠯ ᠢ ᠶᠠᠭᠠᠬᠢᠵᠤ ᠠᠷᠭᠠᠴᠠᠬᠤ ᠶᠢ ᠵᠢᠭᠠᠵᠤ᠂ ᠪᠥᠬᠦ ᠪᠠᠭᠰᠢ᠂ ᠰᠤᠷᠤᠭᠴᠢ ᠶᠢᠨ ᠰᠢᠨ᠎ᠡ

ᠲᠢᠲᠢᠮᠯᠢᠭ ᠠᠭᠤᠰᠬᠢᠨ ᠤ ᠦᠷᠪᠢᠰᠦᠯ ᠢ ᠰᠡᠷᠭᠡᠶᠢᠯᠡᠨ ᠡᠵᠡᠮᠳᠡᠬᠦ ᠤᠬᠠᠮᠰᠠᠷ ᠢ ᠴᠢᠩᠭᠠᠳᠬᠠᠪᠠ᠃

     ᠤᠰᠤᠨ ᠳᠤ ᠤᠨᠠᠬᠤ ᠶᠢ ᠰᠡᠷᠭᠡᠶᠢᠯᠡᠬᠦ ᠤᠬᠠᠭᠤᠯᠭ᠎ᠠ ᠶᠢ ᠦᠷᠭᠦᠯᠵᠢᠯᠡᠨ ᠥᠷᠨᠢᠭᠦᠯᠪᠡ᠃ ᠡᠯ᠎ᠡ

ᠰᠤᠷᠭᠠᠭᠤᠯᠢ ᠶᠢᠨ ᠬᠢᠨ ᠰᠤᠷᠤᠭᠴᠢᠳ ᠤᠨ ᠤᠰᠤᠨ ᠳᠤ ᠤᠨᠠᠬᠤ ᠶᠢ ᠰᠡᠷᠭᠡᠶᠢᠯᠡᠬᠦ ᠠᠵᠢᠯ ᠢ ᠰᠤᠷᠭᠠᠭᠤᠯᠢ ᠶᠢᠨ ᠠᠮᠤᠷ

ᠲᠦᠪᠰᠢᠨ ᠤ ᠠᠵᠢᠯ ᠤᠨ ᠨᠢᠭᠡᠨ ᠴᠢᠬᠤᠯᠠ ᠡᠭᠦᠷᠭᠡ ᠪᠠᠨ ᠪᠣᠯᠭᠠᠵᠤ᠂ ᠣᠯᠠᠨ ᠵᠦᠢᠯ ᠤᠨ ᠠᠷᠭ᠎ᠠ ᠬᠡᠮᠵᠢᠶ᠎ᠡ ᠶᠢ

ᠵᠡᠷᠭᠡ ᠪᠠᠷ ᠬᠡᠷᠡᠭᠯᠡᠨ᠂ ᠤᠰᠤᠨ ᠳᠤ ᠤᠨᠠᠬᠤ ᠶᠢ ᠰᠡᠷᠭᠡᠶᠢᠯᠡᠬᠦ ᠰᠢᠷᠢᠰ ᠭᠤᠤᠯ ᠰᠡᠳᠦᠪᠲᠦ ᠬᠥᠮᠦᠵᠢᠯ ᠤᠨ

ᠠᠵᠢᠯᠯᠠᠭ᠎ᠠ ᠶᠢ ᠭᠦᠨᠵᠡᠭᠡᠶ ᠥᠷᠨᠢᠭᠦᠯᠪᠡ᠃ ᠬᠡᠷ ᠤᠨ ᠠᠬᠠᠮᠠᠳ ᠲᠤ ᠢᠯᠡᠭᠡᠭᠰᠡᠨ ᠵᠠᠬᠢᠳᠠᠯ ᠳᠤ ᠪᠠᠨ ᠰᠤᠷᠤᠭᠴᠢᠳ ᠤᠨ

ᠤᠰᠤᠨ ᠳᠤ ᠤᠨᠠᠬᠤ ᠠᠴᠠ ᠰᠡᠷᠭᠡᠶᠢᠯᠡᠬᠦ ᠬᠥᠮᠦᠵᠢᠯ ᠢ ᠴᠢᠩᠭᠠᠳᠬᠠᠵᠤ᠂ ᠠᠩᠭᠢ ᠶᠢᠨ QQ ᠴᠤᠭᠯᠠᠷᠠᠯ᠂ ᠸᠢᠴᠠᠲ

ᠴᠤᠭᠯᠠᠷᠠᠯ ᠢ ᠠᠰᠢᠭᠯᠠᠨ᠂ ᠬᠡᠷ ᠤᠨ ᠠᠬᠠᠮᠠᠳ ᠤᠨ ᠤᠰᠤᠨ ᠳᠤ ᠤᠨᠠᠬᠤ ᠶᠢ ᠰᠡᠷᠭᠡᠶᠢᠯᠡᠬᠦ ᠰᠠᠨᠠᠭᠤᠯᠤᠮᠵᠢ ᠬᠢᠬᠦ ᠶᠢ

ᠴᠢᠩᠭᠠᠳᠬᠠᠵᠤ᠂ ᠣᠶᠢᠷ᠎ᠠ ᠶᠢᠨ ᠬᠤᠭᠤᠴᠠᠭᠠᠨ ᠳᠤ ᠡᠭᠦᠰᠦᠭᠰᠡᠨ ᠤᠰᠤᠨ ᠳᠤ ᠤᠨᠠᠭᠰᠠᠨ ᠬᠡᠷᠡᠭ ᠤᠨ ᠵᠢᠱᠢᠶ᠎ᠡ ᠶᠢ

ᠭᠦᠢᠴᠡᠳ ᠠᠰᠢᠭᠯᠠᠨ ᠰᠤᠷᠤᠭᠴᠢᠳ ᠢ ᠰᠤᠷᠭᠠᠨ ᠬᠥᠮᠦᠵᠢᠭᠦᠯᠵᠦ᠂ ᠬᠡᠷ ᠤᠨ ᠠᠬᠠᠮᠠᠳ ᠲᠤ ᠰᠡᠷᠡᠮᠵᠢᠯᠡᠭᠦᠯᠵᠦ᠂

ᠬᠡᠷ ᠤᠨ ᠠᠬᠠᠮᠠᠳ ᠢ ᠬᠥᠲᠥᠯᠥᠨ ᠵᠢᠯᠣᠭᠤᠳᠴᠤ ᠬᠢᠨᠠᠨ ᠬᠠᠮᠠᠭᠠᠯᠠᠬᠤ ᠬᠠᠷᠢᠭᠤᠴᠠᠯᠭ᠎ᠠ᠂ ᠰᠤᠷᠭᠠᠨ ᠬᠥᠮᠦᠵᠢᠭᠦᠯᠬᠦ

ᠬᠠᠷᠢᠭᠤᠴᠠᠯᠭ᠎ᠠ ᠶᠢ ᠦᠨᠡᠨ ᠬᠦ ᠭᠦᠢᠴᠡᠳᠭᠡᠯᠭᠡᠵᠦ᠂ ᠭᠠᠳᠠᠭᠰᠢ ᠭᠠᠷᠤᠭᠰᠠᠨ ᠰᠤᠷᠤᠭᠴᠢᠳ ᠤᠨ ᠣᠴᠢᠭᠰᠠᠨ ᠭᠠᠵᠠᠷ ᠢ

ᠮᠡᠳᠡᠬᠦ᠂ ᠬᠠᠮᠲᠤ ᠶᠠᠪᠤᠭᠰᠠᠳ ᠢ ᠮᠡᠳᠡᠬᠦ᠂ ᠠᠭᠤᠯᠭ᠎ᠠ ᠶᠢ ᠮᠡᠳᠡᠬᠦ᠂ ᠪᠤᠴᠠᠵᠤ ᠢᠷᠡᠬᠦ ᠴᠠᠭ ᠢ ᠮᠡᠳᠡᠬᠦ ᠶᠢ ᠪᠡᠶᠡᠯᠡᠭᠦᠯᠪᠡ᠃

     ︵ᠨᠠᠶᠢᠷᠠᠭᠤᠯᠤᠭᠴᠢ᠄ ᠪᠦᠦ ᠮᠠᠨ ᠰᠢ᠂ ᠵᠧᠩ ᠵᠢᠶᠠ ᠴᠢ᠂ ᠬᠢᠨᠠᠭᠴᠢ᠄ ᠪᠦᠦ ᠭᠧ ᠮᠢᠩ︶

 
ᠢᠷᠡᠯᠲᠡ᠄ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠤᠨ ᠤ ᠰᠤᠷᠭᠠᠨ ᠬᠥᠮᠦᠵᠢᠯ ᠤᠨ ᠲᠢᠩᠬᠢᠮ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号