ᠰᠢᠯᠢ ᠶᠢᠨ ᠭᠤᠤᠯ ᠠᠶᠢᠮᠠᠭ ᠤᠨ ᠡᠯ᠎ᠡ ᠳᠤᠮᠳᠠᠳᠤ ᠪᠠᠭ᠎ᠠ ᠰᠤᠷᠭᠠᠭᠤᠯᠢ ᠬᠡᠦᠬᠡᠳ ᠤᠨ ᠴᠡᠴᠡᠷᠯᠢᠭ ᠤᠨ ᠬᠢᠨ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠬᠥᠮᠦᠵᠢᠯ ᠢ ᠰᠤᠷᠭᠠᠭᠤᠯᠢ ᠡᠬᠢᠯᠡᠭᠰᠡᠨ ᠠᠩᠬᠠᠨ ᠤ ᠬᠢᠴᠢᠶᠡᠯ ᠳᠤ ᠠᠭᠤᠰᠬᠠᠪᠠ
ᠨᠡᠶᠢᠲᠡᠯᠡᠭᠰᠡᠨ ᠴᠠᠭ᠄
2022/9/8
     8 ᠰᠠᠷ᠎ᠠ ᠶᠢᠨ 21 ᠤ ᠡᠳᠦᠷ ᠠᠴᠠ ᠨᠠᠭᠠᠰᠢ᠂ ᠰᠢᠯᠢ ᠶᠢᠨ ᠭᠤᠤᠯ ᠠᠶᠢᠮᠠᠭ ᠤᠨ 264 ᠳᠤᠮᠳᠠᠳᠤ ᠪᠠᠭ᠎ᠠ ᠰᠤᠷᠭᠠᠭᠤᠯᠢ ᠬᠡᠦᠬᠡᠳ ᠤᠨ ᠴᠡᠴᠡᠷᠯᠢᠭ ᠤᠨ ᠲᠦᠮᠡ ᠭᠠᠷᠤᠶ ᠰᠣᠷᠣᠭᠴᠢ ︵ᠬᠡᠦᠬᠡᠳ︶ 2022 ᠣᠨ ᠤ ᠨᠠᠮᠤᠷ ᠤᠨ ᠤᠯᠠᠷᠢᠯ ᠤᠨ ᠰᠤᠷᠤᠯᠭ᠎ᠠ ᠶᠢᠨ ᠬᠤᠭᠤᠴᠠᠭ᠎ᠠ ᠶᠢ ᠵᠠᠯᠭᠠᠭ᠎ᠠ ᠪᠠᠷ ᠤᠭᠲᠤᠪᠠ᠃ ᠰᠤᠷᠭᠠᠭᠤᠯᠢ ᠡᠬᠢᠯᠡᠭᠰᠡᠨ ᠠᠩᠬᠠᠨ ᠤ ᠡᠳᠦᠷ᠂ ᠰᠢᠯᠢ ᠶᠢᠨ ᠭᠤᠤᠯ ᠠᠶᠢᠮᠠᠭ ᠤᠨ ᠰᠤᠷᠭᠠᠨ ᠬᠥᠮᠦᠵᠢᠯ ᠤᠨ ᠳᠣᠪᠴᠢᠶᠠᠨ ᠤ ᠵᠢᠯᠣᠭᠤᠳᠣᠯᠭ᠎ᠠ ᠪᠠᠷ ᠡᠯ᠎ᠡ ᠭᠠᠵᠠᠷ ᠤᠨ ᠡᠯ᠎ᠡ ᠳᠤᠮᠳᠠᠳᠤ ᠪᠠᠭ᠎ᠠ ᠰᠤᠷᠭᠠᠭᠤᠯᠢ ᠬᠡᠦᠬᠡᠳ ᠤᠨ ᠴᠡᠴᠡᠷᠯᠢᠭ ᠬᠡᠯᠪᠡᠷᠢ ᠣᠯᠠᠨ ᠶᠠᠩᠵᠤ ᠶᠢᠨ᠂ ᠠᠭᠤᠯᠭ᠎ᠠ ᠡᠯᠪᠡᠭ ᠪᠠᠶᠠᠯᠢᠭ ᠭᠤᠤᠯ ᠰᠡᠳᠦᠪᠲᠦ ᠬᠥᠮᠦᠵᠢᠯ ᠤᠨ ᠠᠵᠢᠯᠯᠠᠭ᠎ᠠ ᠶᠢ ᠥᠷᠨᠢᠭᠦᠯᠵᠦ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠶᠢ ᠰᠤᠷᠭᠠᠭᠤᠯᠢ ᠡᠬᠢᠯᠡᠭᠰᠡᠨ ᠠᠩᠬᠠᠨ ᠤ ᠬᠢᠴᠢᠶᠡᠯ ᠳᠤ ᠪᠦᠲᠦᠮᠵᠢᠲᠡᠶ ᠠᠭᠤᠰᠬᠠᠪᠠ᠃      ᠭᠤᠤᠯ ᠰᠡᠳᠦᠪᠲᠦ ᠠᠩᠭᠢ ᠡᠪᠯᠡᠯ ᠪᠦᠯᠬᠦᠮ ᠤᠨ ᠬᠤᠷᠠᠯ ᠤᠨ ᠠᠵᠢᠯᠯᠠᠭ᠎ᠠ ᠶᠢ ᠥᠷᠨᠢᠭᠦᠯᠪᠡ      ᠡᠯ᠎ᠡ ᠭᠠᠵᠠᠷ ᠤᠨ ᠳᠤᠮᠳᠠᠳᠤ ᠪᠠᠭ᠎ᠠ ᠰᠤᠷᠭᠠᠭᠤᠯᠢ ᠬᠡᠦᠬᠡᠳ ᠤᠨ ᠴᠡᠴᠡᠷᠯᠢᠭ ︽ᠰᠤᠷᠭᠠᠭᠤᠯᠢ ᠡᠬᠢᠯᠡᠬᠦ ᠠᠩᠬᠠᠨ ᠤ ᠬᠢᠴᠢᠶᠡᠯ — ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ︾ ᠪᠠᠷ ᠭᠤᠤᠯ ᠰᠡᠳᠦᠪ ᠪᠣᠯᠭᠠᠭᠰᠠᠨ ᠠᠩᠭᠢ ᠡᠪᠯᠡᠯ ᠪᠦᠯᠬᠦᠮ ᠤᠨ ᠬᠤᠷᠠᠯ ᠢ ᠢᠳᠡᠪᠬᠢᠲᠡᠶ ᠥᠷᠨᠢᠭᠦᠯᠪᠡ᠃ ᠬᠡᠦᠬᠡᠳ ᠤᠨ ᠴᠡᠴᠡᠷᠯᠢᠭ ᠲᠤ ᠭᠤᠣᠯᠳᠠᠭᠤ ᠦᠨᠳᠦᠰᠦᠲᠡᠨ ᠤ ᠰᠤᠷᠭᠠᠨ ᠬᠥᠮᠦᠵᠢᠯ ᠤᠨ ᠶᠡᠷᠦ ᠶᠢᠨ ᠮᠡᠳᠡᠯᠭᠡ ᠶᠢ ᠶᠠᠷᠢᠵᠤ᠂ ᠲᠣᠭᠯᠠᠭᠠᠮ ᠢᠶᠠᠷ ᠬᠥᠮᠥᠵᠢᠯ ᠭᠦᠷᠲᠡᠭᠡᠬᠦ ᠬᠡᠯᠪᠡᠷᠢ ᠪᠠᠷ ᠦᠨᠳᠦᠰᠦᠲᠡᠨ ᠤ ᠪᠦᠯᠬᠦᠮᠳᠡᠯ ᠤᠨ ᠦᠷ᠎ᠡ ᠶᠢ ᠬᠡᠦᠬᠡᠳ ᠨᠢᠭᠡ ᠪᠦᠷᠢ ᠶᠢᠨ ᠰᠡᠳᠬᠢᠯ ᠳᠤ ᠦᠨᠳᠦᠰᠦᠯᠡᠭᠦᠯᠵᠦ᠂ ᠬᠡᠦᠬᠡᠳ ᠢ ᠬᠥᠲᠥᠯᠥᠨ ᠵᠢᠯᠣᠭᠤᠳᠴᠤ ᠬᠡᠦᠬᠡᠳ ᠤᠨ ᠬᠡᠯᠪᠡᠷᠢ ᠪᠠᠷ ᠡᠬᠡ ᠤᠯᠤᠰ᠂ ᠳᠤᠮᠳᠠᠳᠤ ᠶᠢᠨ ᠦᠨᠳᠦᠰᠦᠲᠡᠨ ᠢᠶᠠᠨ ᠬᠠᠶᠢᠷᠠᠯᠠᠬᠤ ᠰᠡᠳᠬᠢᠯᠭᠡ ᠶᠢ ᠢᠯᠡᠳᠭᠡᠵᠦ᠂ ᠲᠥᠮᠡ ᠭᠠᠷᠤᠢ ᠬᠡᠦᠬᠡᠳ ᠤᠨ ᠴᠡᠴᠡᠷᠯᠢᠭ ᠤᠨ ᠬᠡᠦᠬᠡᠳ ᠢ ᠬᠠᠮᠤᠷᠪᠠ᠃ ᠳᠤᠮᠳᠠᠳᠤ ᠪᠠᠭ᠎ᠠ ᠰᠤᠷᠭᠠᠭᠤᠯᠢ ᠶᠢᠨ ᠬᠢᠨ ᠭᠤᠣᠯᠳᠠᠭᠤ ᠦᠨᠳᠦᠰᠦᠲᠡᠨ ᠤ ᠲᠥᠷᠥ ᠶᠢᠨ ᠪᠣᠳᠣᠯᠭ᠎ᠠ ᠶᠢᠨ ᠣᠨᠣᠯ ᠤᠨ ᠤᠬᠠᠭᠤᠯᠭ᠎ᠠ ᠪᠠ ᠬᠥᠮᠦᠵᠢᠯ᠂ ᠦᠵᠡᠯ ᠰᠠᠨᠠᠭ᠎ᠠ ᠤᠯᠤᠰ ᠲᠥᠷᠥ ᠶᠢᠨ ᠬᠥᠮᠦᠵᠢᠯ ᠢ ᠥᠷᠨᠢᠭᠦᠯᠵᠦ᠂ ᠰᠤᠷᠤᠭᠴᠢᠳ ᠢ ᠵᠣᠬᠢᠶᠠᠨ ᠪᠠᠶᠢᠭᠤᠯᠤᠨ ᠦᠨᠳᠦᠰᠦᠲᠡᠨ ᠤ ᠣᠷᠣᠨ ᠤ ᠥᠪᠡᠷᠲᠡᠭᠡᠨ ᠵᠠᠰᠠᠬᠤ ᠬᠠᠤᠯᠢ᠂ ᠥᠪᠡᠷᠲᠡᠭᠡᠨ ᠵᠠᠰᠠᠬᠤ ᠣᠷᠣᠨ ᠤ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢ ᠠᠬᠢᠭᠤᠯᠬᠤ ᠲᠦᠷᠢᠮ᠂ ᠶᠡᠷᠦᠩᠬᠡᠶ ᠱᠦᠵᠢ ᠰᠢ ᠶᠢᠨ ᠫᠢᠩ ᠤᠨ 2021 ᠣᠨ ᠤ ᠲᠥᠪ ᠤᠨ ᠦᠨᠳᠦᠰᠦᠲᠡᠨ ᠤ ᠠᠵᠢᠯ ᠤᠨ ᠬᠤᠷᠠᠯ ᠳᠡᠭᠡᠷᠡᠬᠢ ᠴᠢᠬᠤᠯᠠ ᠶᠠᠷᠢᠶᠠᠨ ᠤ ᠵᠣᠷᠢᠭ ᠰᠠᠨᠠᠭ᠎ᠠ ᠵᠡᠷᠭᠡ ᠬᠠᠤᠯᠢ ᠴᠠᠭᠠᠵᠠ ᠬᠠᠤᠯᠢ ᠳᠦᠷᠢᠮ ᠵᠢᠴᠢ ᠲᠥᠷᠥ ᠶᠢᠨ ᠪᠣᠳᠣᠯᠭ᠎ᠠ ᠶᠢᠨ ᠣᠨᠣᠯ ᠢ ᠰᠤᠷᠤᠯᠴᠠᠭᠤᠯᠤᠭᠰᠠᠨ ᠰᠠᠭᠤᠷᠢᠨ ᠳᠡᠭᠡᠷ᠎ᠡ᠂ ︽ᠠᠨᠠᠷ ᠤᠨ ᠦᠷ᠎ᠡ ᠶᠢᠨ ᠪᠢᠴᠢᠯ ᠬᠢᠴᠢᠶᠡᠯᠯᠡᠭᠡ︾᠂ ︽ᠪᠠᠭᠠᠴᠤᠳ ᠤᠨ ᠬᠤᠰᠢᠭᠤᠴᠢ ᠠᠩᠭᠢ ᠶᠢᠨ ᠪᠢᠴᠢᠯ ᠬᠢᠴᠢᠶᠡᠯᠯᠡᠭᠡ︾᠂ ︽ᠰᠦᠯᠵᠢᠶᠡᠨ ᠳᠠᠬᠢ ᠡᠪ ᠬᠠᠮᠲᠤ ᠵᠠᠯᠠᠭᠤᠴᠤᠳ ᠤᠨ ᠡᠪᠯᠡᠯ︾ ᠵᠡᠷᠭᠡ ᠠᠴᠢᠶᠠᠯᠠᠪᠤᠷᠢ ᠶᠢ ᠠᠰᠢᠭᠯᠠᠨ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠭᠤᠤᠯ ᠰᠡᠳᠦᠪᠲᠦ ᠵᠣᠬᠢᠶᠠᠯ᠂ ᠪᠢᠴᠢᠯ ᠸᠢᠳᠢᠣ᠋ ᠵᠡᠷᠭᠡ ᠪᠦᠲᠦᠭᠡᠯ ᠢ ᠦᠢᠯᠡᠳᠴᠦ᠂ ᠵᠠᠯᠠᠭᠤᠴᠤᠳ ᠪᠠᠭᠠᠴᠤᠳ ᠢ ᠬᠥᠲᠥᠯᠥᠨ ᠵᠢᠯᠣᠭᠤᠳᠴᠤ ᠵᠥᠪ ᠣᠨᠣᠪᠴᠢᠲᠠᠢ ᠤᠯᠤᠰ ᠤᠨ ᠦᠵᠡᠯᠲᠡ᠂ ᠲᠡᠦᠬᠡ ᠶᠢᠨ ᠦᠵᠡᠯᠲᠡ᠂ ᠦᠨᠳᠦᠰᠦᠲᠡᠨ ᠤ ᠦᠵᠡᠯᠲᠡ᠂ ᠰᠣᠶᠣᠯ ᠤᠨ ᠦᠵᠡᠯᠲᠡ᠂ ᠱᠠᠰᠢᠨ ᠰᠤᠷᠲᠠᠬᠤᠨ ᠤ ᠦᠵᠡᠯᠲᠡ ᠶᠢ ᠪᠣᠢ ᠪᠣᠯᠭᠠᠵᠤ᠂ ᠰᠤᠷᠭᠠᠭᠤᠯᠢ ᠳᠤ ᠪᠠᠶᠢᠭ᠎ᠠ ᠳᠤᠮᠳᠠᠳᠤ ᠪᠠᠭ᠎ᠠ ᠰᠤᠷᠭᠠᠭᠤᠯᠢ ᠶᠢᠨ ᠲᠦᠮᠡ ᠭᠠᠷᠤᠶ ᠰᠤᠷᠤᠭᠴᠢ ᠶᠢ ᠬᠠᠮᠤᠷᠪᠠ᠃      ᠭᠤᠤᠯ ᠰᠡᠳᠦᠪᠲᠦ ᠶᠠᠷᠢᠶ᠎ᠠ ᠢᠯᠡᠳᠬᠡᠯ ᠵᠣᠬᠢᠶᠠᠨ ᠪᠢᠴᠢᠯᠭᠡ ᠶᠢᠨ ᠠᠵᠢᠯᠯᠠᠭ᠎ᠠ ᠶᠢ ᠥᠷᠨᠢᠭᠦᠯᠪᠡ      ᠡᠯ᠎ᠡ ᠭᠠᠵᠠᠷ ᠤᠨ ᠳᠤᠮᠳᠠᠳᠤ ᠪᠠᠭ᠎ᠠ ᠰᠤᠷᠭᠠᠭᠤᠯᠢ ᠬᠡᠦᠬᠡᠳ ᠤᠨ ᠴᠡᠴᠡᠷᠯᠢᠭ ᠤᠨ ᠬᠢᠨ ᠠᠳᠠᠯᠢ ᠪᠤᠰᠤ ᠱᠠᠲᠤᠨ ᠤ ᠨᠠᠰᠤᠨ ᠤ ᠣᠨᠴᠠᠯᠢᠭ ᠠᠴᠠ ᠭᠠᠷᠳᠠᠵᠤ᠂ ᠰᠤᠷᠤᠭᠴᠢᠳ ᠢ ᠬᠥᠲᠥᠯᠥᠨ ᠵᠢᠯᠣᠭᠤᠳᠴᠤ ᠵᠥᠪ ᠣᠨᠣᠪᠴᠢᠲᠠᠶ ᠤᠯᠤᠰ ᠤᠨ ᠦᠵᠡᠯᠲᠡ᠂ ᠲᠡᠦᠬᠡ ᠶᠢᠨ ᠦᠵᠡᠯᠲᠡ᠂ ᠦᠨᠳᠦᠰᠦᠲᠡᠨ ᠤ ᠦᠵᠡᠯᠲᠡ᠂ ᠰᠣᠶᠣᠯ ᠤᠨ ᠦᠵᠡᠯᠲᠡ᠂ ᠱᠠᠰᠢᠨ ᠰᠤᠷᠲᠠᠬᠤᠨ ᠤ ᠦᠵᠡᠯᠲᠡ ᠶᠢ ᠪᠠᠲᠤ ᠪᠠᠬᠢ ᠪᠣᠶ ᠪᠣᠯᠭᠠᠵᠤ᠂ ᠠᠭᠤᠤ ᠶᠡᠭᠡ ᠡᠬᠡ ᠤᠯᠤᠰ᠂ ᠳᠤᠮᠳᠠᠳᠤ ᠶᠢᠨ ᠦᠨᠳᠦᠰᠦᠲᠡᠨ᠂ ᠳᠤᠮᠳᠠᠳᠤ ᠶᠢᠨ ᠰᠣᠶᠣᠯ᠂ ᠳᠤᠮᠳᠠᠳᠤ ᠤᠯᠤᠰ ᠤᠨ ᠡᠪ ᠬᠠᠮᠲᠤ ᠨᠠᠮ᠂ ᠳᠤᠮᠳᠠᠳᠤ ᠤᠯᠤᠰ ᠤᠨ ᠣᠨᠴᠠᠯᠢᠭ ᠪᠥᠬᠦᠢ ᠨᠡᠶᠢᠭᠡᠮ ᠵᠢᠷᠤᠮ ᠢ ᠳᠡᠭᠡᠳᠦ ᠬᠡᠮᠵᠢᠶ᠎ᠡ ᠪᠠᠷ ᠵᠦᠪᠰᠢᠶᠡᠷᠡᠬᠦ ᠶᠢ ᠤᠯᠠᠮ ᠨᠢᠭᠡ ᠠᠯᠬᠤᠮ ᠴᠢᠩᠭᠠᠳᠬᠠᠵᠤ᠂ ᠳᠤᠮᠳᠠᠳᠤ ᠪᠠᠨ ᠬᠠᠶᠢᠷᠠᠯᠠᠬᠤ ᠦᠷ᠎ᠡ ᠶᠢ ᠰᠣᠷᠣᠭᠴᠢ ᠨᠢᠭᠡ ᠪᠦᠷᠢ ᠶᠢᠨ ᠰᠡᠳᠬᠢᠯ ᠤᠨ ᠭᠦᠨ ᠳᠤ ᠬᠠᠳᠠᠩᠰᠢᠭᠤᠯᠪᠠ᠃ ᠴᠡᠴᠡᠷᠯᠢᠭ ᠤᠨ ᠬᠡᠦᠬᠡᠳ ᠤᠨ ᠱᠠᠲᠤᠨ ᠳᠤ ᠰᠡᠩᠬᠡᠷᠡᠭᠦᠯᠬᠦ ᠬᠥᠮᠦᠵᠢᠯ ᠳᠤ ᠰᠠᠭᠤᠷᠢᠯᠠᠵᠤ᠂ ︽ᠶᠣᠰᠣ ᠰᠤᠷᠲᠠᠬᠤᠨ ᠢ ᠪᠣᠢ ᠪᠣᠯᠭᠠᠵᠤ ᠬᠡᠦᠬᠡᠳ ᠢ ᠪᠤᠶᠢᠵᠢᠭᠤᠯᠬᠤ︾ ᠦᠯᠢᠭᠡᠷ ᠶᠠᠷᠢᠬᠤ ᠠᠵᠢᠯᠯᠠᠭ᠎ᠠ ᠶᠢ ᠥᠷᠨᠢᠭᠦᠯᠪᠡ︔ ᠪᠠᠭ᠎ᠠ ᠰᠤᠷᠭᠠᠭᠤᠯᠢ ᠶᠢᠨ ᠱᠠᠲᠤᠨ ᠳᠤ ᠬᠠᠶᠢᠷ᠎ᠠ ᠰᠡᠳᠬᠢᠯᠭᠡ ᠶᠢᠨ ᠮᠡᠳᠡᠷᠡᠮᠵᠢ ᠶᠢᠨ ᠬᠥᠮᠦᠵᠢᠯ ᠳᠤ ᠰᠠᠭᠤᠷᠢᠯᠠᠵᠤ᠂ ︽ᠳᠤᠮᠳᠠᠳᠤ ᠶᠢᠨ ᠦᠨᠳᠦᠰᠦᠲᠡᠨ ᠨᠢᠭᠡ ᠭᠡᠷ ᠤᠨ ᠬᠢᠨ ᠮᠡᠲᠦ ᠳᠣᠲᠣᠨᠣ᠂ ᠰᠡᠳᠬᠢᠯ ᠨᠢᠭᠡᠳᠦᠨ ᠳᠤᠮᠳᠠᠳᠤ ᠶᠢᠨ ᠬᠦᠰᠡᠯ ᠢ ᠬᠠᠮᠲᠤ ᠪᠠᠷ ᠪᠡᠶᠡᠯᠡᠭᠦᠯᠦᠶ᠎ᠡ︾᠂ ︽ᠭᠠᠷ ᠢᠶᠠᠨ ᠬᠤᠯᠪᠤᠯᠴᠠᠨ ᠰᠡᠳᠬᠢᠯ ᠢᠶᠠᠨ ᠨᠢᠭᠡᠳᠭᠡᠶ᠎ᠡ᠂ ᠦᠨᠳᠦᠰᠦᠲᠡᠨ ᠤ ᠪᠦᠯᠬᠦᠮᠳᠡᠯ ᠨᠢᠭᠡ ᠭᠡᠷ ᠤᠨ ᠬᠢᠨ ᠮᠡᠲᠦ ᠳᠣᠲᠣᠨᠣ︾᠂ ︽ᠪᠢ ᠪᠣᠯ ᠦᠨᠳᠦᠰᠦᠲᠡᠨ ᠤ ᠪᠦᠯᠬᠦᠮᠳᠡᠯ ᠤᠨ ᠠᠨᠠᠷ ᠤᠨ ᠦᠷ᠎ᠡ︾ ᠵᠡᠷᠭᠡ ᠶᠠᠷᠢᠶ᠎ᠠ ᠢᠯᠡᠳᠬᠡᠯ ᠤᠨ ᠠᠵᠢᠯᠯᠠᠭ᠎ᠠ ᠶᠢ ᠥᠷᠨᠢᠭᠦᠯᠪᠡ︔ ᠠᠩᠬ᠎ᠠ ᠵᠡᠷᠭᠡ ᠶᠢᠨ ᠳᠤᠮᠳᠠᠳᠤ ᠰᠤᠷᠭᠠᠭᠤᠯᠢ ᠶᠢᠨ ᠱᠠᠲᠤᠨ ᠳᠤ ᠦᠵᠡᠯ ᠰᠠᠨᠠᠭ᠎ᠠ ᠤᠯᠤᠰ ᠲᠥᠷᠥ ᠶᠢᠨ ᠬᠥᠮᠦᠵᠢᠯ ᠳᠤ ᠰᠠᠭᠤᠷᠢᠯᠠᠨ᠂ ︽ᠤᠯᠤᠰ ᠤᠨ ᠲᠤᠭ ᠤᠨ ᠳᠤᠤᠷᠠᠬᠢ ᠶᠠᠷᠢᠶ᠎ᠠ︾᠂ ︽ᠦᠨᠳᠦᠰᠦᠲᠡᠨ ᠤ ᠮᠡᠳᠡᠯᠭᠡ ᠶᠢ ᠪᠢ ᠮᠡᠳᠡᠵᠦ᠂ ᠦᠨᠳᠦᠰᠦᠲᠡᠨ ᠤ ᠪᠦᠯᠬᠦᠮᠳᠡᠯ ᠳᠤ ᠪᠢ ᠣᠷᠣᠯᠴᠠᠨ᠎ᠠ︾᠂ ︽ᠦᠨᠳᠦᠰᠦᠲᠡᠨ ᠤ ᠪᠦᠯᠬᠦᠮᠳᠡᠯ ᠤᠨ ᠥᠯᠢᠭᠡᠷ ᠢ ᠪᠢ ᠶᠠᠷᠢᠶ᠎ᠠ︾᠂ ︽ᠰᠡᠳᠬᠢᠯ ᠵᠢᠷᠦᠬᠡ ᠪᠠᠨ ᠬᠤᠯᠪᠣᠵᠤ᠂ ᠰᠠᠬᠢᠨ ᠪᠡᠷᠡᠯᠡᠵᠦ ᠬᠠᠷᠢᠯᠴᠠᠨ ᠬᠠᠪᠰᠤᠷᠤᠶ᠎ᠠ︾ ᠵᠡᠷᠭᠡ ᠶᠠᠷᠢᠶ᠎ᠠ ᠢᠯᠡᠳᠬᠡᠯ ᠪᠠ ᠵᠣᠬᠢᠶᠠᠨ ᠪᠢᠴᠢᠯᠭᠡ ᠶᠢᠨ ᠠᠵᠢᠯᠯᠠᠭ᠎ᠠ ᠶᠢ ᠥᠷᠨᠢᠭᠦᠯᠪᠡ︔ ᠳᠡᠭᠡᠳᠦ ᠵᠡᠷᠭᠡ ᠶᠢᠨ ᠳᠤᠮᠳᠠᠳᠤ ᠰᠤᠷᠭᠠᠭᠤᠯᠢ  ᠶᠢᠨ ᠱᠠᠲᠤᠨ ᠳᠤ ᠤᠯᠤᠰ ᠲᠥᠷᠥ ᠶᠢᠨ ᠬᠡᠪ ᠪᠣᠯᠪᠠᠰᠤᠷᠠᠯ ᠤᠨ ᠬᠥᠮᠦᠵᠢᠯ ᠳᠤ ᠰᠠᠭᠤᠷᠢᠯᠠᠵᠤ᠂ ︽ᠨᠠᠮ ᠤᠨ ᠲᠡᠦᠬᠡ ᠶᠢ ᠰᠤᠷᠤᠯᠴᠠᠵᠤ᠂ ᠠᠤᠭ᠎ᠠ ᠵᠢᠳᠬᠦᠯ ᠭᠠᠷᠭᠠᠶ᠎ᠠ︾᠂ ︽ᠰᠡᠳᠬᠢᠯ ᠨᠢᠭᠡᠳᠦᠨ ᠬᠠᠮᠲᠤ ᠳᠤ ᠪᠠᠨ ᠰᠢᠨ᠎ᠡ ᠠᠶᠠᠯᠠᠯ ᠢᠶᠠᠨ ᠡᠬᠢᠯᠡᠭᠦᠯᠦᠶ᠎ᠡ︾᠂ ︽ᠡᠬᠡ ᠤᠯᠤᠰ ᠲᠤ ᠪᠠᠨ ᠭᠦᠨ ᠵᠤᠵᠠᠭᠠᠨ ᠬᠠᠶᠢᠷ᠎ᠠ ᠰᠡᠳᠬᠢᠯᠭᠡ ᠪᠠᠨ ᠢᠯᠡᠳᠭᠡᠶ᠎ᠡ︾ ᠵᠡᠷᠭᠡ ᠶᠠᠷᠢᠶ᠎ᠠ ᠢᠯᠡᠳᠬᠡᠯ᠂ ᠵᠣᠬᠢᠶᠠᠨ ᠪᠢᠴᠢᠯᠭᠡ ᠵᠢᠨ‌ᠠᠵᠢᠯᠯᠠᠭ᠎ᠠ ᠶᠢ ᠥᠷᠨᠢᠭᠦᠯᠪᠡ᠃ ᠡᠭᠦᠨ ᠤ ᠬᠠᠮᠲᠤ᠂ ᠥᠷᠭᠡᠨ ᠣᠯᠠᠨ ᠪᠠᠭᠰᠢ ᠰᠤᠷᠤᠭᠴᠢ ᠶᠢ ᠬᠥᠲᠥᠯᠥᠨ ᠵᠢᠯᠣᠭᠤᠳᠴᠤ ᠤᠯᠤᠰ ᠤᠨ ᠨᠡᠶᠢᠳᠡᠮ ᠬᠡᠷᠡᠭᠯᠡᠬᠦ ᠦᠭᠡ ᠬᠡᠯᠡ ᠦᠰᠦᠭ ᠪᠢᠴᠢᠭ ᠢ ᠳᠡᠯᠭᠡᠷᠡᠭᠦᠯᠦᠨ ᠲᠦᠭᠡᠮᠡᠯᠵᠢᠭᠦᠯᠬᠦ ᠠᠵᠢᠯ ᠪᠠ ᠤᠯᠤᠰ ᠤᠨ ᠨᠢᠭᠡᠳᠦᠯᠲᠡᠶ ᠨᠠᠶᠢᠷᠠᠭᠤᠯᠤᠭᠰᠠᠨ ᠵᠢᠭᠠᠬᠤ ᠮᠠᠲ᠋ᠧᠷᠢᠶᠠᠯ ᠢ ᠪᠦᠬᠦ ᠲᠠᠯ᠎ᠠ ᠪᠠᠷ ᠳᠡᠯᠭᠡᠷᠡᠭᠦᠯᠦᠨ ᠬᠡᠷᠡᠭᠯᠡᠬᠦ ᠶᠢ ᠤᠯᠠᠮ ᠴᠠᠭᠠᠰᠢᠲᠠ ᠭᠦᠨᠵᠡᠭᠡᠶ ᠣᠶᠢᠯᠠᠭᠠᠭᠤᠯᠬᠤ ᠪᠣᠯ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠶᠢᠨ ᠵᠠᠶᠢᠯᠠᠰᠢ ᠦᠭᠡᠢ ᠱᠠᠭᠠᠷᠳᠠᠯᠭ᠎ᠠ ᠮᠥᠨ᠃      ᠪᠤᠰᠤᠳ ᠬᠡᠯᠪᠡᠷᠢ ᠶᠢᠨ ᠭᠤᠤᠯ ᠰᠡᠳᠦᠪᠲᠦ ᠠᠵᠢᠯᠯᠠᠭ᠎ᠠ ᠶᠢ ᠥᠷᠨᠢᠭᠦᠯᠪᠡ      ᠡᠯ᠎ᠡ ᠭᠠᠵᠠᠷ ᠤᠨ ᠳᠤᠮᠳᠠᠳᠤ ᠪᠠᠭ᠎ᠠ ᠰᠤᠷᠭᠠᠭᠤᠯᠢ ᠬᠡᠦᠬᠡᠳ ᠤᠨ ᠴᠡᠴᠡᠷᠯᠢᠭ ᠤᠨ ᠬᠢᠨ ᠬᠡᠦᠬᠡᠳ ᠤᠨ ᠴᠡᠴᠡᠷᠯᠢᠭ᠂ ᠪᠠᠭ᠎ᠠ ᠰᠤᠷᠭᠠᠭᠤᠯᠢ᠂ ᠠᠩᠬ᠎ᠠ ᠵᠡᠷᠭᠡ ᠶᠢᠨ ᠳᠤᠮᠳᠠᠳᠤ ᠰᠤᠷᠭᠠᠭᠤᠯᠢ᠂ ᠳᠡᠭᠡᠳᠦ ᠵᠡᠷᠭᠡ ᠶᠢᠨ ᠳᠤᠮᠳᠠᠳᠤ ᠰᠤᠷᠭᠠᠭᠤᠯᠢ ᠵᠡᠷᠭᠡ ᠳᠥᠷᠪᠡᠨ ᠱᠠᠲᠤᠨ ᠤ ᠰᠤᠷᠤᠭᠴᠢ ᠶᠢᠨ ᠨᠠᠰᠤᠨ ᠤ ᠣᠨᠴᠠᠯᠢᠭ ᠲᠤ ᠴᠢᠭᠯᠡᠭᠦᠯᠦᠨ᠂ ︽ᠬᠤᠪᠢᠰᠬᠠᠯᠲᠤ ᠤᠳᠤᠮᠰᠢᠯ ᠢ ᠤᠯᠠᠮᠵᠢᠯᠠᠨ ᠬᠤᠪᠢᠰᠬᠠᠯᠲᠤ ᠰᠣᠩᠭᠤᠳᠠᠭ ᠵᠣᠬᠢᠶᠠᠯ ᠢ ᠮᠠᠭᠲᠠᠨ ᠳᠠᠭᠤᠯᠠᠬᠤ︾ ᠭᠤᠤᠯ ᠰᠡᠳᠦᠪᠲᠦ ᠤᠩᠰᠢᠯᠭ᠎ᠠ ᠶᠢᠨ ᠠᠵᠢᠯᠯᠠᠭ᠎ᠠ ᠶᠢ ᠥᠷᠨᠢᠭᠦᠯᠵᠦ᠂ ᠪᠠᠭᠰᠢ ᠰᠤᠷᠤᠭᠴᠢᠳ ᠢ ᠬᠥᠲᠥᠯᠥᠨ ᠵᠢᠯᠣᠭᠤᠳᠴᠤ ᠳᠤᠮᠳᠠᠳᠤ ᠶᠢᠨ ᠰᠣᠩᠭᠤᠳᠠᠭ ᠵᠣᠬᠢᠶᠠᠯ ᠳᠤ ᠣᠶᠢᠷᠠᠲᠤᠭᠤᠯᠵᠤ᠂ ᠰᠤᠷᠤᠭᠴᠢᠳ ᠤᠨ ᠦᠨᠳᠦᠰᠦᠲᠡᠨ ᠤ ᠪᠦᠯᠬᠦᠮᠳᠡᠯ ᠤᠨ ᠬᠠᠶᠢᠷ᠎ᠠ ᠰᠡᠳᠬᠢᠯᠭᠡ ᠶᠢ ᠬᠥᠮᠦᠵᠢᠭᠦᠯᠪᠡ︔ ᠰᠤᠷᠤᠭᠴᠢᠳ ᠢ ᠵᠣᠬᠢᠶᠠᠨ ᠪᠠᠶᠢᠭᠤᠯᠵᠤ ︽ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠵᠤ ᠬᠠᠮᠲᠤ ᠳᠤ ᠪᠠᠨ ᠨᠢᠭᠡ ᠳᠠᠭᠤᠤ ᠳᠠᠭᠤᠯᠠᠨᠠᠮ︾ ᠭᠡᠬᠦ ᠠᠵᠢᠯᠯᠠᠭ᠎ᠠ ᠶᠢ ᠥᠷᠨᠢᠭᠦᠯᠪᠡ︔ ︽ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ︾ ᠭᠠᠷ ᠪᠢᠴᠢᠮᠡᠯ ᠰᠣᠨᠢᠨ ᠦᠢᠯᠡᠳᠬᠦ ᠠᠵᠢᠯᠯᠠᠭ᠎ᠠ ᠶᠢ ᠥᠷᠨᠢᠭᠦᠯᠪᠡ︔ ᠰᠤᠷᠤᠭᠴᠢᠳ ᠢ ᠵᠣᠬᠢᠶᠠᠨ ᠪᠠᠶᠢᠭᠤᠯᠵᠤ᠂ ᠥᠪᠡᠷᠲᠡᠭᠡᠨ ᠵᠠᠰᠠᠬᠤ ᠣᠷᠣᠨ ᠤ ᠰᠤᠷᠭᠠᠨ ᠬᠥᠮᠦᠵᠢᠯ ᠤᠨ ᠲᠢᠩᠬᠢᠮ ᠤᠨ ᠰᠢᠩᠭᠡᠭᠡᠨ ᠦᠢᠯᠡᠳᠦᠭᠰᠡᠨ ︽︿ᠨᠠᠮ ᠤᠨ ᠬᠤᠷᠢᠳᠤᠭᠠᠷ ᠶᠡᠭᠡ ᠬᠤᠷᠠᠯ ᠢ ᠪᠠᠶᠠᠷᠯᠠᠨ ᠤᠭᠲᠤᠵᠤ᠂ ᠤᠯᠤᠰ ᠢᠶᠠᠨ ᠬᠦᠴᠦᠷᠬᠡᠭᠵᠢᠭᠦᠯᠦᠨ ᠮᠠᠨᠳᠤᠭᠤᠯᠬᠤ ᠳᠤ ᠪᠢ ᠪᠣᠢ﹀ 2022 ᠣᠨ ᠤ ᠨᠠᠮᠤᠷ ᠤᠨ ᠤᠯᠠᠷᠢᠯ ᠤᠨ ᠰᠤᠷᠤᠯᠭ᠎ᠠ ᠶᠢᠨ ᠬᠤᠭᠤᠴᠠᠭᠠᠨ ᠤ ᠪᠦᠬᠦ ᠣᠷᠣᠨ ᠤ ᠳᠡᠭᠡᠳᠦ ᠰᠤᠷᠭᠠᠭᠤᠯᠢ᠂ ᠳᠤᠮᠳᠠᠳᠤ ᠪᠠᠭ᠎ᠠ ᠰᠤᠷᠭᠠᠭᠤᠯᠢ ᠶᠢᠨ ᠰᠤᠷᠤᠭᠴᠢᠳ ᠤᠨ ᠰᠤᠷᠭᠠᠭᠤᠯᠢ ᠡᠬᠢᠯᠡᠬᠦ ᠠᠩᠬᠠᠨ ᠤ ᠬᠢᠴᠢᠶᠡᠯ︾ ᠪᠣᠯᠤᠨ ᠲᠥᠪ ᠤᠨ ᠤᠬᠠᠭᠤᠯᠬᠤ ᠬᠡᠯᠲᠡᠰ᠂ ᠰᠤᠷᠭᠠᠨ ᠬᠥᠮᠦᠵᠢᠯ ᠤᠨ ᠶᠠᠮᠤᠨ᠂ ᠲᠥᠪ ᠤᠨ ᠷᠠᠳᠢᠣ᠋ ᠲᠧᠯᠸᠢᠰ ᠤᠨ ᠶᠡᠷᠦᠩᠬᠡᠢ ᠬᠤᠷᠢᠶᠠᠨ ᠤ ᠬᠠᠮᠲᠤᠷᠠᠨ ᠦᠢᠯᠡᠳᠦᠭᠰᠡᠨ 2022 ᠣᠨ ᠤ ︽ᠰᠤᠷᠭᠠᠭᠤᠯᠢ ᠡᠬᠢᠯᠡᠬᠦ ᠠᠩᠬᠠᠨ ᠤ ᠬᠢᠴᠢᠶᠡᠯ︾ ᠢ ᠰᠣᠨᠢᠷᠬᠠᠭᠤᠯᠪᠠ᠃ ᠡᠭᠦᠨ ᠤ ᠬᠠᠮᠲᠤ ᠰᠤᠷᠭᠠᠭᠤᠯᠢ ᠶᠢᠨ ᠸᠢᠴᠠᠲ ᠤᠨ ᠣᠯᠠᠨ ᠨᠡᠶᠢᠲᠡ ᠶᠢᠨ ᠳ᠋ᠤᠭᠠᠷ᠂ LED ᠳᠡᠯᠭᠡᠴᠡ᠂ ᠦᠵᠡᠭᠦᠯᠭᠡ ᠶᠢᠨ ᠰᠠᠮᠪᠠᠷ᠎ᠠ᠂ ᠤᠬᠠᠭᠤᠯᠭ᠎ᠠ ᠶᠢᠨ ᠪᠤᠯᠤᠩ ᠵᠡᠷᠭᠡ ᠶᠢ ᠭᠦᠢᠴᠡᠳ ᠠᠰᠢᠭᠯᠠᠨ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠤᠬᠠᠭᠤᠯᠭ᠎ᠠ ᠬᠥᠮᠦᠵᠢᠯ ᠢ ᠢᠳᠡᠪᠬᠢᠲᠡᠶ ᠥᠷᠨᠢᠭᠦᠯᠪᠡ᠃       ︵ᠨᠠᠶᠢᠷᠠᠭᠤᠯᠤᠭᠴᠢ᠄ ᠪᠦᠦ ᠮᠠᠨ ᠰᠢ᠂ ᠵᠧᠩ ᠵᠢᠶᠠ ᠴᠢ᠂ ᠬᠢᠨᠠᠭᠴᠢ᠄ ᠪᠦᠦ ᠭᠧ ᠮᠢᠩ︶
 
ᠢᠷᠡᠯᠲᠡ᠄ ᠦᠪᠦᠷ ᠮᠣᠩᠭᠤᠯ ᠤᠨ ᠦᠪᠡᠷᠲᠡᠭᠡᠨ ᠵᠠᠰᠠᠬᠤ ᠣᠷᠣᠨ ᠤ ᠰᠤᠷᠭᠠᠨ ᠬᠦᠮᠦᠵᠢᠯ ᠤᠨ ᠲᠢᠩᠬᠢᠮ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号