ᠥᠪᠡᠷᠲᠡᠭᠡᠨ ᠵᠠᠰᠠᠬᠤ ᠣᠷᠣᠨ ᠤ ︽ᠬᠤᠶᠠᠷ ᠢ ᠬᠥᠩᠭᠡᠷᠡᠭᠦᠯᠬᠦ︾ ᠠᠵᠢᠯ ᠤᠨ ᠬᠤᠯᠪᠤᠭᠠᠲᠤ ᠬᠤᠷᠠᠯ ᠤᠨ ᠲᠣᠭᠲᠠᠴᠠ ᠶᠢᠨ ᠠᠯᠪᠠᠨ ᠬᠡᠷ ᠡᠪᠦᠯ ᠤᠨ ᠠᠮᠠᠷᠠᠯᠲᠠ ᠶᠢᠨ ᠰᠤᠷᠭᠠᠭᠤᠯᠢ ᠶᠢᠨ ᠭᠠᠳᠠᠨᠠᠬᠢ ᠪᠣᠯᠪᠠᠰᠤᠷᠠᠭᠤᠯᠤᠯ ᠤᠨ ᠵᠠᠰᠠᠯᠲᠠ ᠶᠢᠨ ᠠᠵᠢᠯ ᠤᠨ ᠸᠢᠳᠢᠤ᠋ ᠲᠣᠬᠢᠷᠠᠭᠤᠯᠤᠯᠲᠠ ᠶᠢᠨ ᠬᠤᠷᠠᠯ ᠢ ᠵᠣᠬᠢᠶᠠᠨ ᠪᠠᠶᠢᠭᠤᠯᠤᠨ ᠬᠤᠷᠠᠯᠳᠤᠭᠤᠯᠪᠠ
ᠨᠡᠶᠢᠲᠡᠯᠡᠭᠰᠡᠨ ᠴᠠᠭ᠄
2023/1/13
     ᠲᠦᠷᠦᠭᠦᠬᠡᠨ᠂ ᠥᠪᠡᠷᠲᠡᠭᠡᠨ ᠵᠠᠰᠠᠬᠤ ᠣᠷᠣᠨ ᠤ ︽ᠬᠤᠶᠠᠷ ᠢ ᠬᠥᠩᠭᠡᠷᠡᠭᠦᠯᠬᠦ︾ ᠠᠵᠢᠯ ᠤᠨ ᠬᠤᠯᠪᠤᠭᠠᠲᠤ ᠬᠤᠷᠠᠯ ᠤᠨ ᠲᠣᠭᠲᠠᠴᠠ ᠶᠢᠨ ᠠᠯᠪᠠᠨ ᠬᠡᠷ ᠡᠪᠦᠯ ᠤᠨ ᠠᠮᠠᠷᠠᠯᠲᠠ ᠶᠢᠨ ᠰᠤᠷᠭᠠᠭᠤᠯᠢ ᠶᠢᠨ ᠭᠠᠳᠠᠨᠠᠬᠢ ᠪᠣᠯᠪᠠᠰᠤᠷᠠᠭᠤᠯᠤᠯ ᠤᠨ ᠵᠠᠰᠠᠯᠲᠠ ᠶᠢᠨ ᠠᠵᠢᠯ ᠤᠨ ᠸᠢᠳᠢᠤ᠋ ᠲᠣᠬᠢᠷᠠᠭᠤᠯᠤᠯᠲᠠ ᠶᠢᠨ ᠬᠤᠷᠠᠯ ᠢ ᠵᠣᠬᠢᠶᠠᠨ ᠪᠠᠶᠢᠭᠤᠯᠤᠨ ᠬᠤᠷᠠᠯᠳᠤᠭᠤᠯᠵᠤ᠂ ᠥᠪᠡᠷᠲᠡᠭᠡᠨ ᠵᠠᠰᠠᠬᠤ ᠣᠷᠣᠨ ᠤ ᠰᠤᠷᠭᠠᠨ ᠬᠥᠮᠦᠵᠢᠯ ᠤᠨ ᠲᠢᠩᠬᠢᠮ ᠤᠨ ᠨᠠᠮ ᠤᠨ ᠤᠳᠤᠷᠢᠳᠬᠤ ᠳᠤᠭᠤᠶᠢᠯᠠᠩ ᠤᠨ ᠬᠡᠰᠢᠭᠦᠨ᠂ ᠶᠡᠷᠦᠩᠬᠡᠶ ᠰᠤᠷᠭᠠᠭᠤᠯᠢ ᠪᠠᠶᠢᠴᠠᠭᠠᠭᠴᠢ ᠵᠦ ᠪᠦᠦ ᠵᠢᠶᠠᠩ ᠬᠤᠷᠠᠯ ᠳᠤ ᠣᠷᠣᠯᠴᠠᠭᠰᠠᠨ ᠪᠥᠭᠡᠳ ᠡᠪᠦᠯ ᠤᠨ ᠠᠮᠠᠷᠠᠯᠲᠠ ᠶᠢᠨ ᠬᠤᠭᠤᠴᠠᠭᠠᠨ ᠳᠠᠬᠢ ᠰᠤᠷᠭᠠᠭᠤᠯᠢ ᠶᠢᠨ ᠭᠠᠳᠠᠨᠠᠬᠢ ᠪᠣᠯᠪᠠᠰᠤᠷᠠᠭᠤᠯᠤᠯ ᠤᠨ ᠵᠠᠰᠠᠯᠲᠠ ᠶᠢᠨ ᠠᠵᠢᠯ ᠤᠨ ᠭᠤᠤᠯᠳᠠᠯᠭ᠎ᠠ ᠲᠠᠢ ᠡᠭᠦᠷᠭᠡ ᠶᠢ ᠪᠠᠶᠢᠷᠢᠯᠠᠭᠤᠯᠵᠤ᠂ ᠰᠢᠨᠵᠢᠯᠡᠬᠦ ᠤᠬᠠᠭᠠᠨ ᠮᠡᠷᠭᠡᠵᠢᠯ ᠤᠨ ᠲᠢᠩᠬᠢᠮ᠂ ᠰᠣᠶᠣᠯ ᠵᠢᠭᠤᠯᠴᠢᠯᠠᠯ ᠤᠨ ᠲᠢᠩᠬᠢᠮ᠂ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ᠂ ᠪᠡᠶ᠎ᠡ ᠶᠢᠨ ᠲᠠᠮᠢᠷ ᠤᠨ ᠲᠣᠪᠴᠢᠶ᠎ᠠ ᠬᠤᠯᠪᠣᠭᠳᠠᠯ ᠪᠥᠬᠦᠶ ᠠᠵᠢᠯ ᠢ ᠲᠣᠬᠢᠷᠠᠭᠤᠯᠤᠨ ᠪᠠᠶᠢᠷᠢᠯᠠᠭᠤᠯᠪᠠ᠃

     ᠬᠤᠷᠠᠯ ᠠᠴᠠ᠂ ᠡᠨᠡ ᠵᠢᠯ ᠤᠨ ᠡᠪᠦᠯ ᠤᠨ ᠠᠮᠠᠷᠠᠯᠲᠠ ᠪᠣᠯ ︽ᠬᠤᠶᠠᠷ ᠢ ᠬᠥᠩᠭᠡᠷᠡᠭᠦᠯᠬᠦ︾ ᠠᠵᠢᠯ ᠢ

ᠡᠬᠢᠯᠡᠭᠦᠯᠦᠭᠰᠡᠨ ᠠᠴᠠ ᠨᠠᠭᠠᠰᠢᠬᠢ ᠬᠤᠶᠠᠳᠡᠬᠢ ᠡᠪᠦᠯ ᠤᠨ ᠠᠮᠠᠷᠠᠯᠲᠠ ᠪᠣᠯᠤᠨ᠎ᠠ᠂ ᠡᠮᠦᠨᠡᠬᠢ ᠬᠤᠭᠤᠴᠠᠭᠠᠨ ᠤ

ᠰᠤᠷᠭᠠᠭᠤᠯᠢ ᠶᠢᠨ ᠭᠠᠳᠠᠨᠠᠬᠢ ᠪᠣᠯᠪᠠᠰᠤᠷᠠᠭᠤᠯᠤᠯ ᠤᠨ ᠵᠠᠰᠠᠯᠲᠠ ᠤᠨ ᠠᠵᠢᠯ ᠱᠠᠳᠤᠴᠢ ᠴᠢᠨᠠᠷᠲᠠᠢ ᠦᠷ᠎ᠡ ᠪᠦᠲᠦᠮᠵᠢ

ᠤᠯᠪᠠ᠂ ᠭᠡᠪᠡᠴᠦ ᠬᠢᠴᠢᠶᠡᠯ ᠲᠦᠷᠦᠯ ᠤᠨ ︽ᠬᠡᠯᠪᠡᠷᠢ ᠪᠠᠨ ᠥᠭᠡᠷᠡᠲᠦᠭᠦᠯᠬᠦ︾ ᠪᠠᠶᠢᠳᠠᠯ ᠮᠥᠨ ᠬᠦ ᠣᠷᠣᠰᠢᠵᠤ᠂

ᠬᠢᠴᠢᠶᠡᠯ ᠲᠦᠷᠦᠯ ᠤᠨ ᠪᠣᠰᠤ ᠪᠣᠯᠪᠠᠰᠤᠷᠠᠭᠤᠯᠤᠯ ᠵᠢᠷᠤᠮᠵᠢᠯ ᠦᠭᠡᠢ ᠪᠠᠶᠢᠵᠤ᠂ ᠪᠣᠯᠪᠠᠰᠤᠷᠠᠭᠤᠯᠤᠯ ᠤᠨ

ᠪᠠᠶᠢᠭᠤᠯᠤᠮᠵᠢ ᠳᠤ ᠠᠮᠤᠷ ᠲᠦᠪᠰᠢᠨ ᠤ ᠳᠠᠯᠳᠠ ᠭᠡᠮ ᠣᠷᠣᠰᠢᠨ᠂ ᠣᠨᠴᠠᠭᠠᠶᠢᠯᠠᠨ ᠬᠢᠵᠢᠭ ᠤᠨ ᠪᠠᠶᠢᠳᠠᠯ ᠵᠡᠷᠭᠡ

ᠨᠥᠯᠥᠭᠡ ᠠᠴᠠ ᠪᠤᠯᠵᠥ᠂ ᠵᠠᠰᠠᠯᠲᠠ ᠶᠢᠨ ᠦᠷ᠎ᠡ ᠪᠥᠲᠦᠮᠵᠢ ᠶᠢ ᠦᠷᠭᠦᠯᠵᠢᠯᠡᠨ ᠪᠠᠬᠢᠵᠢᠭᠦᠯᠬᠦ ᠴᠢᠬᠤᠯᠠᠲᠠᠢ ᠪᠠᠶᠢᠨ᠎ᠠ

ᠭᠡᠵᠦ ᠵᠢᠭᠠᠵᠤ ᠭᠠᠷᠭᠠᠪᠠ᠃

     ᠬᠤᠷᠠᠯ ᠠᠴᠠ᠂ ᠬᠢᠴᠢᠶᠡᠯ ᠲᠥᠷᠥᠯ ᠤᠨ ᠬᠡᠯᠪᠡᠷᠢ ᠪᠠᠨ ᠥᠭᠡᠷᠡᠲᠦᠭᠦᠯᠦᠭᠰᠡᠨ ᠪᠣᠯᠪᠠᠰᠤᠷᠠᠭᠤᠯᠤᠯ ᠤᠨ

ᠠᠵᠢᠯᠯᠠᠭ᠎ᠠ ᠶᠢ ᠡᠷᠡᠰ ᠴᠢᠩᠭ᠎ᠠ ᠪᠠᠶᠢᠴᠠᠭᠠᠨ ᠰᠢᠢᠳᠪᠦᠷᠢᠯᠡᠵᠦ᠂ ᠰᠦᠯᠵᠢᠶᠡᠨ ᠭᠠᠳᠠᠨ᠎ᠠ ᠢᠯᠡ ᠪᠠᠷ ᠪᠠᠶᠢᠴᠠᠭᠠᠵᠤ

ᠳᠠᠯᠳᠠᠭᠤᠷ ᠰᠤᠷᠪᠤᠯᠵᠢᠯᠠᠬᠤ ᠪᠠ ᠰᠦᠯᠵᠢᠶᠡᠨ ᠳᠤ ᠲᠣᠭᠤᠷᠢᠨ ᠪᠠᠶᠢᠴᠠᠭᠠᠬᠤ ᠶᠢ ᠬᠠᠮᠲᠤ ᠳᠤ ᠨᠢ ᠥᠷᠨᠢᠭᠦᠯᠦᠨ᠂

ᠳᠤᠮᠳᠠᠳᠤ ᠪᠠᠭ᠎ᠠ ᠰᠤᠷᠭᠠᠭᠤᠯᠢ ᠶᠢᠨ ᠠᠵᠢᠯ ᠤᠨ ᠪᠠᠶᠢᠷᠢ ᠳᠤ ᠪᠠᠶᠢᠭ᠎ᠠ ᠪᠠᠭᠰᠢ ᠶᠢᠨ ᠲᠥᠯᠦᠪᠦᠷᠢᠲᠡᠢ ᠬᠢᠴᠢᠶᠡᠯ

ᠨᠥᠬᠦᠬᠦ ᠶᠢ ᠴᠢᠩᠭ᠎ᠠ ᠬᠤᠷᠢᠭᠯᠠᠵᠤ᠂ ᠰᠣᠷᠣᠭᠴᠢ ᠵᠢᠴᠢ ᠬᠡᠷ ᠤᠨ ᠠᠬᠠᠮᠠᠳ ᠢ ᠬᠥᠲᠥᠯᠥᠨ ᠵᠢᠯᠣᠭᠤᠳᠴᠤ

ᠲᠦᠷᠢᠮ ᠠᠴᠠ ᠵᠥᠷᠢᠴᠡᠭᠰᠡᠨ ᠪᠣᠯᠪᠠᠰᠤᠷᠠᠭᠤᠯᠤᠯ ᠳᠤ ᠣᠷᠣᠯᠴᠠᠬᠤ ᠥᠬᠡᠶ᠂ ᠵᠣᠬᠢᠶᠠᠨ ᠪᠠᠶᠢᠭᠤᠯᠬᠤ ᠥᠬᠡᠶ᠂ ᠳᠡᠮᠵᠢᠬᠦ

ᠥᠬᠡᠶ ᠪᠠᠶᠢᠯᠭᠠᠬᠤ ᠬᠡᠷᠡᠭᠲᠡᠶ︔ ᠬᠢᠴᠢᠶᠡᠯ ᠲᠥᠷᠥᠯ ᠤᠨ ᠪᠣᠰᠤ ᠪᠣᠯᠪᠠᠰᠤᠷᠠᠭᠤᠯᠤᠯ ᠤᠨ ᠬᠢᠨᠠᠯᠲᠠ ᠬᠠᠮᠢᠶᠠᠷᠤᠯᠲᠠ ᠶᠢ

ᠴᠢᠩᠭᠠᠷᠠᠭᠤᠯᠵᠤ᠂ ᠰᠦᠢᠳᠭᠡᠯ ᠬᠤᠷᠢᠶᠠᠬᠤ ᠦᠨ᠎ᠡ ᠬᠠᠩᠰᠢ ᠶᠢ ᠭᠤᠤᠯᠳᠠᠯᠭ᠎ᠠ ᠲᠠᠢ ᠪᠠᠶᠢᠴᠠᠭᠠᠵᠤ᠂ ᠬᠢᠴᠢᠶᠡᠯ

ᠲᠥᠷᠥᠯ ᠤᠨ ᠪᠣᠰᠤ ᠪᠣᠯᠪᠠᠰᠤᠷᠠᠭᠤᠯᠤᠯ ᠤᠨ ᠰᠦᠢᠳᠭᠡᠯ ᠬᠤᠷᠢᠶᠠᠬᠤ ᠢ ᠨᠢᠭᠡ ᠯᠡ ᠤᠳᠠᠭ᠎ᠠ ᠳᠤ 3 ᠰᠠᠷ᠎ᠠ᠂ 60

ᠬᠢᠴᠢᠶᠡᠯ ᠤᠨ ᠴᠠᠭ ᠠᠴᠠ ᠬᠡᠲᠦᠷᠡᠭᠦᠯᠵᠦ ᠪᠣᠯᠬᠤ ᠥᠬᠡᠶ ᠮᠥᠷᠲᠡᠭᠡᠨ 5000 ᠲᠥᠭᠦᠷᠢᠭ ᠠᠴᠠ ᠬᠡᠲᠦᠷᠡᠭᠦᠯᠵᠦ

ᠪᠣᠯᠬᠤ ᠥᠬᠡᠶ︔ ᠪᠥᠬᠦ ᠤᠯᠤᠰ ᠤᠨ ᠰᠤᠷᠭᠠᠭᠤᠯᠢ ᠶᠢᠨ ᠭᠠᠳᠠᠨᠠᠬᠢ ᠰᠤᠷᠭᠠᠨ ᠬᠥᠮᠦᠵᠢᠯ ᠤᠨ ᠪᠣᠯᠪᠠᠰᠤᠷᠠᠭᠤᠯᠤᠯ ᠤᠨ

ᠬᠢᠨᠠᠯᠲᠠ ᠬᠠᠮᠢᠶᠠᠷᠤᠯᠲᠠ ᠪᠠ ᠦᠢᠯᠡᠴᠢᠯᠡᠭᠡᠨ ᠤ ᠶᠡᠷᠦᠩᠬᠡᠶᠢᠯᠡᠭᠰᠡᠨ ᠲᠠᠪᠴᠠᠩ ᠢ ᠪᠥᠬᠦ ᠲᠠᠯ᠎ᠠ ᠪᠠᠷ ᠳᠡᠯᠭᠡᠷᠡᠭᠦᠯᠦᠨ

ᠬᠡᠷᠡᠭᠯᠡᠵᠦ᠂ ᠪᠣᠯᠪᠠᠰᠤᠷᠠᠭᠤᠯᠤᠯ ᠤᠨ ᠪᠠᠶᠢᠭᠤᠯᠤᠮᠵᠢ ᠪᠦᠬᠦᠨ ᠢ ᠲᠠᠪᠴᠠᠩ ᠤᠨ ᠬᠠᠮᠢᠶᠠᠷᠤᠯᠲᠠ ᠳᠤ ᠣᠷᠣᠭᠤᠯᠬᠤ

ᠬᠡᠷᠡᠭᠲᠡᠶ︔ ᠰᠤᠷᠭᠠᠭᠤᠯᠢ ᠶᠢᠨ ᠭᠠᠳᠠᠨᠠᠬᠢ ᠪᠣᠯᠪᠠᠰᠤᠷᠠᠭᠤᠯᠤᠯ ᠤᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠦᠯᠲᠡ ᠶᠢ

ᠴᠢᠩᠭᠠᠷᠠᠭᠤᠯᠤᠨ᠂ ᠠᠵᠢᠯ ᠤᠨ ᠪᠠᠶᠢᠭᠤᠯᠤᠮᠵᠢ ᠶᠢ ᠲᠡᠭᠦᠯᠳᠡᠷᠵᠢᠭᠦᠯᠵᠦ᠂ ᠠᠵᠢᠯᠲᠠᠨ ᠢ ᠪᠦᠷᠢᠨ ᠭᠦᠢᠴᠡᠳ ᠴᠢᠩᠭ᠎ᠠ

ᠲᠣᠬᠢᠷᠠᠭᠤᠯᠬᠤ ᠬᠡᠷᠡᠭᠲᠡᠶ︔ ᠤᠷᠠᠯᠢᠭ ᠤᠨ ᠰᠢᠯᠭᠠᠯᠲᠠ ᠶᠢᠨ ᠪᠣᠯᠪᠠᠰᠤᠷᠠᠭᠤᠯᠤᠯ ᠤᠨ ᠪᠠᠶᠢᠭᠤᠯᠤᠮᠵᠢ ᠶᠢᠨ ᠵᠠᠰᠠᠯᠲᠠ ᠶᠢ

ᠴᠢᠩᠭᠠᠳᠬᠠᠵᠤ᠂ ᠤᠷᠳᠤ ᠬᠤᠭᠤᠴᠠᠭᠠᠨ ᠤ ᠪᠦᠲᠦᠮᠵᠢᠲᠡᠢ ᠬᠠᠮᠢᠶᠠᠷᠤᠯᠲᠠ ᠶᠢᠨ ᠲᠣᠭᠲᠠᠴᠠ ᠶᠢ ᠲᠡᠭᠦᠯᠳᠡᠷᠵᠢᠭᠦᠯᠬᠦ

ᠬᠡᠷᠡᠭᠲᠡᠢ ᠭᠡᠵᠦ ᠴᠢᠬᠤᠯᠠᠴᠢᠯᠠᠪᠠ᠃

     ᠬᠤᠷᠠᠯ ᠠᠴᠠ᠂ ᠡᠯ᠎ᠡ ᠭᠠᠵᠠᠷ ᠣᠷᠣᠨ ᠡᠯ᠎ᠡ ᠰᠠᠯᠠᠭ᠎ᠠ ᠮᠥᠴᠢᠷ ᠤᠨ ᠬᠢᠨ ᠳᠠᠷᠤᠢ ᠲᠦᠷᠭᠡᠨ ᠬᠥᠳᠡᠯᠦᠯᠴᠡᠵᠦ᠂

ᠳᠠᠷᠤᠢ ᠲᠦᠷᠭᠡᠨ ᠪᠠᠶᠢᠷᠢᠯᠠᠭᠤᠯᠵᠤ᠂ ᠲᠤᠬᠢᠷᠠᠭᠤᠯᠬᠤ ᠬᠤᠷᠠᠯ ᠢ ᠬᠤᠷᠠᠯᠳᠤᠭᠤᠯᠵᠤ᠂ ᠱᠠᠳᠤ ᠱᠠᠳᠤ ᠪᠠᠷ ᠳᠠᠷᠤᠯᠲᠠ

ᠥᠭᠴᠦ᠂ ᠠᠵᠢᠯ ᠤᠨ ᠬᠤᠪᠢᠶᠠᠷᠢᠯᠠᠯ ᠢᠶᠠᠨ ᠲᠣᠳᠣᠷᠬᠠᠶᠢᠯᠠᠵᠤ᠂ ᠠᠵᠢᠯ ᠤᠨ ᠬᠤᠭᠤᠴᠠᠭ᠎ᠠ ᠶᠢ ᠲᠣᠩᠭᠤᠷᠠᠭᠤᠯᠤᠨ

ᠵᠢᠭᠰᠠᠭᠠᠵᠤ᠂ ᠱᠠᠭᠠᠷᠳᠠᠯᠭ᠎ᠠ ᠶᠢ ᠨᠠᠷᠢᠯᠢᠭᠵᠢᠭᠤᠯᠤᠨ᠂ ᠨᠢᠭᠡᠳᠦᠯᠲᠡᠢ ᠲᠥᠯᠥᠪᠵᠢᠭᠦᠯᠦᠨ ᠠᠬᠢᠭᠤᠯᠵᠤ᠂ ᠪᠣᠳᠠᠲᠠᠢ ᠶᠢ

ᠡᠷᠬᠢᠮᠯᠡᠭᠰᠡᠨ ᠠᠷᠭ᠎ᠠ ᠬᠡᠮᠵᠢᠶ᠎ᠡ ᠠᠪᠴᠤ᠂ ᠤᠯᠠᠨ ᠤᠳᠠᠭ᠎ᠠ ᠨᠢᠭᠲᠠ ᠴᠢᠩᠭ᠎ᠠ ᠵᠢᠭᠰᠠᠭᠠᠨ ᠪᠠᠶᠢᠴᠠᠭᠠᠬᠤ ᠪᠠ ᠳᠠᠯᠳᠠᠭᠤᠷ

ᠰᠤᠷᠪᠤᠯᠵᠢᠯᠠᠵᠤ᠂ ᠨᠢᠭᠡ ᠶᠢ ᠢᠯᠡᠷᠡᠭᠦᠯᠪᠡᠯ ᠨᠢᠭᠡ ᠶᠢ ᠪᠠᠶᠢᠴᠠᠭᠠᠨ ᠰᠢᠢᠳᠪᠦᠷᠢᠯᠡᠵᠦ ᠵᠠᠷᠯᠠᠨ ᠮᠡᠳᠡᠭᠳᠡᠵᠦ᠂ ᠬᠢᠨᠠᠯᠲᠠ

ᠬᠠᠮᠢᠶᠠᠷᠤᠯᠲᠠ ᠶᠢᠨ ᠥᠨᠳᠥᠷ ᠳᠠᠷᠤᠯᠲᠠᠲᠤ ᠪᠠᠶᠢᠳᠠᠯ ᠢ ᠪᠦᠷᠢᠯᠳᠦᠭᠦᠯᠵᠦ᠂ ᠰᠤᠷᠤᠭᠴᠢᠳ ᠤᠨ ᠪᠣᠯᠪᠠᠰᠤᠷᠠᠭᠤᠯᠤᠯ ᠤᠨ

ᠳᠠᠷᠤᠭᠠᠰᠤ ᠪᠣᠯᠤᠨ ᠭᠡᠷ ᠪᠦᠯᠢ ᠶᠢᠨ ᠠᠵᠤ ᠠᠬᠤᠢ ᠶᠢᠨ ᠳᠠᠷᠤᠭᠠᠰᠤ ᠶᠢ ᠦᠷᠭᠦᠯᠵᠢᠯᠡᠨ ᠬᠥᠩᠭᠡᠷᠡᠭᠦᠯᠵᠦ᠂ ᠤᠯᠠᠨ

ᠲᠦᠮᠡᠨ ᠢ ᠨᠡᠩ ᠢᠯᠡᠭᠦᠦ ᠰᠤᠷᠭᠠᠨ ᠬᠥᠮᠦᠵᠢᠯ ᠤᠨ ᠭᠦᠷᠲᠡᠭᠡᠮᠵᠢ ᠶᠢᠨ ᠲᠦᠷᠦᠭᠳᠡᠯ ᠲᠠᠢ ᠪᠣᠯᠭᠠᠬᠤ ᠬᠡᠷᠡᠭᠲᠡᠢ ᠭᠡᠵᠦ

ᠱᠠᠭᠠᠷᠳᠠᠪᠠ᠃

     ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠤᠯᠤᠰ ᠲᠥᠷᠥ ᠬᠠᠤᠯᠢ ᠴᠠᠭᠠᠵᠠ ᠶᠢᠨ ᠬᠤᠷᠢᠶ᠎ᠠ᠂

ᠨᠠᠮ ᠤᠨ ᠬᠤᠷᠢᠶᠠᠨ ᠤ ᠰᠦᠯᠵᠢᠶᠡᠨ ᠤ ᠠᠮᠤᠷ ᠲᠦᠪᠰᠢᠨ ᠪᠠ ᠮᠡᠳᠡᠭᠡ ᠵᠠᠩᠭᠢᠴᠢᠯᠠᠯᠲᠠ ᠶᠢᠨ ᠵᠦᠪᠯᠡᠯ ᠤᠨ ᠠᠯᠪᠠᠨ

ᠬᠡᠷ᠂ ᠰᠢᠨᠵᠢᠯᠡᠬᠦ ᠤᠬᠠᠭᠠᠨ ᠮᠡᠷᠭᠡᠵᠢᠯ ᠤᠨ ᠲᠢᠩᠬᠢᠮ᠂ ᠳᠣᠲᠣᠭᠠᠳᠤ ᠶᠢ ᠬᠠᠮᠠᠭᠠᠯᠠᠬᠤ ᠲᠢᠩᠬᠢᠮ᠂ ᠠᠷᠠᠳ ᠤᠨ

ᠶᠠᠪᠤᠳᠠᠯ ᠤᠨ ᠲᠢᠩᠬᠢᠮ᠂ ᠰᠣᠶᠣᠯ ᠵᠢᠭᠤᠯᠴᠢᠯᠠᠯ ᠤᠨ ᠲᠢᠩᠬᠢᠮ᠂ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ

ᠲᠣᠪᠴᠢᠶ᠎ᠠ᠂ ᠪᠡᠶ᠎ᠡ ᠶᠢᠨ ᠲᠠᠮᠢᠷ ᠤᠨ ᠲᠣᠪᠴᠢᠶ᠎ᠠ᠂ ᠴᠢᠮᠡᠭᠡ ᠬᠤᠯᠪᠣᠭᠠᠨ ᠤ ᠬᠠᠮᠢᠶᠠᠷᠤᠯᠲᠠ ᠶᠢᠨ ᠲᠣᠪᠴᠢᠶ᠎ᠠ᠂ ᠭᠠᠯ ᠢ

ᠰᠡᠷᠭᠡᠶᠢᠯᠡᠵᠦ ᠠᠪᠤᠷᠠᠨ ᠲᠤᠰᠠᠯᠠᠬᠤ ᠶᠡᠷᠦᠩᠬᠡᠶ ᠠᠩᠭᠢ ᠵᠡᠷᠭᠡ ᠰᠠᠯᠠᠭ᠎ᠠ ᠮᠥᠴᠢᠷ ᠤᠨ ᠬᠤᠯᠪᠣᠭᠳᠠᠯ ᠪᠥᠬᠦᠶ

ᠬᠠᠷᠢᠭᠤᠴᠠᠯᠭᠠᠲᠠᠨ ᠭᠤᠤᠯ ᠬᠤᠷᠠᠯ ᠤᠨ ᠲᠠᠯᠠᠪᠠᠶ ᠳᠤ ᠬᠤᠷᠠᠯ ᠳᠤ ᠣᠷᠣᠯᠴᠠᠪᠠ︔ ᠡᠯ᠎ᠡ ᠠᠶᠢᠮᠠᠭ ᠬᠤᠲᠠ ᠶᠢᠨ

︽ᠬᠤᠶᠠᠷ ᠢ ᠬᠥᠩᠭᠡᠷᠡᠭᠦᠯᠬᠦ︾ ᠠᠵᠢᠯ ᠤᠨ ᠬᠤᠯᠪᠤᠭᠠᠲᠤ ᠬᠤᠷᠠᠯ ᠤᠨ ᠲᠣᠭᠲᠠᠴᠠ ᠶᠢᠨ ᠬᠤᠯᠪᠣᠭᠳᠠᠯ ᠪᠥᠬᠦᠶ

ᠪᠦᠷᠢᠯᠳᠦᠬᠦᠨ ᠨᠢᠭᠡᠴᠢ ᠶᠢᠨ ᠬᠠᠷᠢᠭᠤᠴᠠᠯᠭᠠᠲᠠᠨ᠂ ᠡᠯ᠎ᠡ ᠠᠶᠢᠮᠠᠭ ᠬᠤᠲᠠ ᠶᠢᠨ ᠰᠤᠷᠭᠠᠨ ᠬᠥᠮᠦᠵᠢᠯ ︵ᠰᠤᠷᠭᠠᠨ

ᠬᠥᠮᠦᠵᠢᠯ ᠪᠡᠶ᠎ᠡ ᠶᠢᠨ ᠲᠠᠮᠢᠷ︶ ᠤᠨ ᠳᠣᠪᠴᠢᠶᠠᠨ ᠤ ᠬᠤᠪᠢᠳᠠᠨ ᠬᠠᠮᠢᠶᠠᠷᠬᠤ ᠬᠠᠷᠢᠭᠤᠴᠠᠯᠭᠠᠲᠠᠨ ᠵᠢᠴᠢ ᠬᠠᠮᠢᠶ᠎ᠠ

ᠪᠥᠬᠦᠶ ᠰᠠᠯᠠᠭ᠎ᠠ ᠲᠠᠰᠤᠭ ᠤᠨ ᠬᠠᠷᠢᠭᠤᠴᠠᠯᠭᠠᠲᠠᠨ ᠠᠶᠢᠮᠠᠭ ᠬᠤᠲᠠ ᠶᠢᠨ ᠬᠤᠪᠢᠶᠠᠷᠢ ᠬᠤᠷᠠᠯ ᠤᠨ ᠲᠠᠯᠠᠪᠠᠶ ᠳᠤ

ᠬᠤᠷᠠᠯ ᠳᠤ ᠣᠷᠣᠯᠴᠠᠵᠠᠶ᠃

 
ᠢᠷᠡᠯᠲᠡ᠄ ᠦᠪᠦᠷ ᠮᠣᠩᠭᠤᠯ ᠤᠨ ᠦᠪᠡᠷᠲᠡᠭᠡᠨ ᠵᠠᠰᠠᠬᠤ ᠣᠷᠣᠨ ᠤ ᠰᠤᠷᠭᠠᠨ ᠬᠦᠮᠦᠵᠢᠯ ᠤᠨ ᠲᠢᠩᠬᠢᠮ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号