ᠥᠪᠡᠷᠲᠡᠭᠡᠨ ᠵᠠᠰᠠᠬᠤ ᠣᠷᠣᠨ ᠤ ᠠᠷᠪᠠᠨ ᠳᠥᠷᠪᠡᠳᠦᠭᠡᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠠᠩᠬᠠᠳᠤᠭᠠᠷ ᠬᠤᠷᠠᠯ ᠤᠨ ᠲᠡᠷᠢᠭᠦᠯᠡᠭᠴᠢᠳ ᠤᠨ ᠪᠦᠯᠭᠦᠮ ᠳᠥᠷᠪᠡᠳᠦᠭᠡᠷ ᠤᠳᠠᠭ᠎ᠠ ᠶᠢᠨ ᠬᠤᠷᠠᠯ ᠬᠢᠵᠡᠢ ᠰᠦᠨ ᠱᠤᠤ ᠴᠧᠩ ᠬᠤᠷᠠᠯ ᠢ ᠡᠷᠭᠢᠯᠡᠪᠡ
ᠨᠡᠶᠢᠲᠡᠯᠡᠭᠰᠡᠨ ᠴᠠᠭ᠄
2023/1/16
     1 ᠰᠠᠷ᠎ᠠ ᠶᠢᠨ 15 ᠤ ᠦᠳᠡ ᠶᠢᠨ ᠬᠤᠶᠢᠨ᠎ᠠ᠂ ᠥᠪᠡᠷᠲᠡᠭᠡᠨ ᠵᠠᠰᠠᠬᠤ ᠣᠷᠣᠨ ᠤ ᠠᠷᠪᠠᠨ ᠳᠥᠷᠪᠡᠳᠦᠭᠡᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠠᠩᠬᠠᠳᠤᠭᠠᠷ ᠬᠤᠷᠠᠯ ᠤᠨ ᠲᠡᠷᠢᠭᠦᠯᠡᠭᠴᠢᠳ ᠤᠨ ᠪᠦᠯᠭᠦᠮ ᠳᠥᠷᠪᠡᠳᠦᠭᠡᠷ ᠤᠳᠠᠭ᠎ᠠ ᠶᠢᠨ ᠬᠤᠷᠠᠯ ᠬᠢᠪᠡ᠃      ᠥᠪᠡᠷᠲᠡᠭᠡᠨ ᠵᠠᠰᠠᠬᠤ ᠣᠷᠣᠨ ᠤ ᠠᠷᠪᠠᠨ ᠳᠥᠷᠪᠡᠳᠦᠭᠡᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠠᠩᠬᠠᠳᠤᠭᠠᠷ ᠬᠤᠷᠠᠯ ᠤᠨ ᠲᠡᠷᠢᠭᠦᠯᠡᠭᠴᠢᠳ ᠤᠨ ᠪᠦᠯᠭᠦᠮ ᠤᠨ ᠪᠦᠷᠢᠯᠳᠦᠭᠦᠨ 71 ᠬᠥᠮᠥᠨ ᠪᠤᠶ᠂ ᠲᠣᠰ ᠤᠳᠠᠭ᠎ᠠ ᠶᠢᠨ ᠬᠤᠷᠠᠯ ᠳᠤ 68 ᠬᠥᠮᠥᠨ ᠣᠷᠣᠯᠴᠠᠵᠤ᠂ ᠬᠠᠤᠯᠢ ᠳᠤ ᠲᠣᠭᠲᠠᠭᠠᠭᠰᠠᠨ ᠬᠥᠮᠥᠨ ᠤ ᠲᠤᠭ᠎ᠠ ᠳᠤ ᠨᠡᠶᠢᠴᠡᠪᠡ᠃      ᠶᠡᠭᠡ ᠬᠤᠷᠠᠯ ᠤᠨ ᠲᠡᠷᠢᠭᠦᠯᠡᠭᠴᠢᠳ ᠤᠨ ᠪᠦᠯᠭᠦᠮ ᠤᠨ ᠪᠠᠶᠢᠩᠭᠤ ᠶᠢᠨ ᠲᠡᠷᠢᠭᠦᠯᠡᠭᠴᠢ ᠰᠦᠨ ᠱᠤᠤ ᠴᠧᠩ ᠬᠤᠷᠠᠯ ᠢ ᠡᠷᠭᠢᠯᠡᠪᠡ᠃ ᠲᠡᠷᠢᠭᠦᠯᠡᠭᠴᠢᠳ ᠤᠨ ᠪᠦᠯᠭᠦᠮ ᠤᠨ ᠪᠠᠶᠢᠩᠭᠤ ᠶᠢᠨ ᠲᠡᠷᠢᠭᠦᠯᠡᠭᠴᠢ ᠯᠢᠨ ᠱᠤᠤ ᠴᠦᠨ᠂ ᠵᠠᠩ ᠱᠤᠤ ᠴᠦᠨ᠂ ᠳ᠋ᠤᠸᠠᠨ ᡁᠢ ᠴᠢᠶᠠᠩ᠂ ᠠᠢ ᠯᠢ ᠬᠤᠸᠠ᠂ ᠯᠢ ᠪᠢᠩ ᠷᠦᠩ᠂ ᠦ᠋ ᠶᠠᠨ ᠭᠠᠩ᠂ ᠱᠢ ᠸᠧᠨ ᠰᠢᠤᠸᠠᠢ ᠬᠤᠷᠠᠯ ᠳᠤ ᠣᠷᠣᠯᠴᠠᠵᠠᠢ᠃      ᠬᠤᠷᠠᠯ ᠠᠴᠠ ᠶᠡᠭᠡ ᠬᠤᠷᠠᠯ ᠤᠨ ᠳᠡᠳ᠋ ᠨᠠᠷᠢᠨ ᠪᠢᠴᠢᠭ ᠤᠨ ᠳᠠᠷᠤᠭ᠎ᠠ᠂ ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ ᠤ ᠨᠠᠷᠢᠨ ᠪᠢᠴᠢᠭ ᠤᠨ ᠳᠠᠷᠤᠭ᠎ᠠ ᠵᠧᠩ ᠳ᠋ᠦᠩ ᠪᠦᠸᠧ ᠶᠢᠨ ᠬᠢᠭᠰᠡᠨ ᠵᠠᠰᠠᠭ ᠤᠨ ᠣᠷᠳᠣᠨ ᠤ ᠠᠵᠢᠯ ᠤᠨ ᠢᠯᠡᠳᠬᠡᠯ ᠪᠣᠯᠣᠨ ᠲᠥᠯᠥᠪᠯᠡᠭᠡ᠂ ᠲᠥᠰᠥᠪ ᠤᠨ ᠮᠡᠳᠡᠭᠦᠯᠦᠯᠲᠡ ᠶᠢ ᠬᠢᠨᠠᠨ ᠵᠥᠪᠯᠡᠭᠰᠡᠨ ᠪᠠᠶᠢᠳᠠᠯ ᠤᠨ ᠲᠤᠬᠠᠢ ᠬᠠᠷᠢᠭᠤ ᠮᠡᠳᠡᠭᠦᠯᠦᠯᠲᠡ᠂ ᠶᠡᠭᠡ ᠬᠤᠷᠠᠯ ᠤᠨ ᠳᠡᠳ᠋ ᠨᠠᠷᠢᠨ ᠪᠢᠴᠢᠭ ᠤᠨ ᠳᠠᠷᠤᠭ᠎ᠠ᠂ ᠥᠪᠡᠷᠲᠡᠭᠡᠨ ᠵᠠᠰᠠᠬᠤ ᠣᠷᠣᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠨᠠᠷᠢᠨ ᠪᠢᠴᠢᠭ ᠤᠨ ᠳᠠᠷᠤᠭ᠎ᠠ ᠱᠢ ᠸᠧᠨ ᠰᠢᠤᠸᠠᠢ ᠶᠢᠨ ᠬᠢᠭᠰᠡᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ᠂ ᠥᠪᠡᠷᠲᠡᠭᠡᠨ ᠵᠠᠰᠠᠬᠤ ᠣᠷᠣᠨ ᠤ ᠠᠷᠠᠳ ᠤᠨ ᠥᠨᠳᠥᠷ ᠵᠡᠷᠭᠡ ᠶᠢᠨ ᠰᠢᠭᠦᠭᠦ ᠬᠤᠷᠢᠶ᠎ᠠ᠂ ᠥᠪᠡᠷᠲᠡᠭᠡᠨ ᠵᠠᠰᠠᠬᠤ ᠣᠷᠣᠨ ᠤ ᠠᠷᠠᠳ ᠤᠨ ᠪᠠᠶᠢᠴᠠᠭᠠᠬᠤ ᠬᠤᠷᠢᠶᠠᠨ ᠤ ᠠᠵᠢᠯ ᠤᠨ ᠮᠡᠳᠡᠭᠦᠯᠦᠯᠲᠡ ᠶᠢ ᠬᠢᠨᠠᠨ ᠵᠥᠪᠯᠡᠭᠰᠡᠨ ᠪᠠᠶᠢᠳᠠᠯ ᠤᠨ ᠲᠤᠬᠠᠢ ᠬᠠᠷᠢᠭᠤ ᠮᠡᠳᠡᠭᠦᠯᠦᠯᠲᠡ ᠶᠢ ᠰᠣᠨᠣᠰᠴᠤ᠂ ᠲᠥᠯᠥᠭᠡᠯᠡᠭᠴᠢᠳ ᠤᠨ ᠬᠢᠨᠠᠨ ᠵᠥᠪᠯᠡᠭᠰᠡᠨ ᠰᠠᠨᠠᠯ ᠢ ᠦᠨᠳᠦᠰᠦᠯᠡᠵᠦ᠂ ᠢᠯᠡᠳᠬᠡᠯ ᠮᠡᠳᠡᠭᠦᠯᠦᠯᠲᠡ ᠳᠤ ᠵᠠᠰᠠᠪᠤᠷᠢ ᠣᠷᠣᠭᠤᠯᠬᠤ ᠶᠢᠨ ᠬᠠᠮᠲᠤ ᠵᠠᠰᠠᠪᠤᠷᠢ ᠣᠷᠣᠭᠤᠯᠤᠭᠰᠠᠨ ᠪᠠᠶᠢᠳᠠᠯ ᠢ ᠲᠥᠯᠥᠭᠡᠯᠡᠭᠴᠢᠳ ᠤᠨ ᠪᠦᠯᠭᠦᠮ ᠳᠤ ᠳᠠᠷᠤᠮᠠᠯᠯᠠᠨ ᠲᠠᠷᠬᠠᠭᠠᠬᠤ ᠪᠠᠷ ᠲᠣᠭᠲᠠᠪᠠ᠃      ᠬᠤᠷᠠᠯ ᠠᠴᠠ ᠥᠪᠡᠷᠲᠡᠭᠡᠨ ᠵᠠᠰᠠᠬᠤ ᠣᠷᠣᠨ ᠤ ᠠᠷᠪᠠᠨ ᠳᠥᠷᠪᠡᠳᠦᠭᠡᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠡᠳ᠋ ᠤᠨ ᠵᠠᠰᠠᠭ ᠠᠵᠤ ᠠᠬᠤᠢ ᠶᠢᠨ ᠵᠥᠪᠯᠡᠯ ᠤᠨ ᠡᠷᠭᠢᠯᠡᠭᠴᠢ ᠭᠡᠰᠢᠭᠦᠨ ᠹᠧᠩ ᠢᠦᠢ ᠵᠧᠨ ᠤ ᠬᠢᠭᠰᠡᠨ ᠥᠪᠡᠷᠲᠡᠭᠡᠨ ᠵᠠᠰᠠᠬᠤ ᠣᠷᠣᠨ ᠤ 2022 ᠣᠨ ᠤ ᠤᠯᠤᠰ ᠠᠷᠠᠳ ᠤᠨ ᠠᠵᠤ ᠠᠬᠤᠢ ᠪᠠ ᠨᠡᠶᠢᠭᠡᠮ ᠤᠨ ᠬᠥᠭᠵᠢᠯᠲᠡ ᠶᠢᠨ ᠲᠥᠯᠥᠪᠯᠡᠭᠡ ᠶᠢ ᠭᠦᠢᠴᠡᠳᠬᠡᠭᠰᠡᠨ ᠪᠠᠶᠢᠳᠠᠯ ᠵᠢᠴᠢ 2023 ᠣᠨ ᠤ ᠤᠯᠤᠰ ᠠᠷᠠᠳ ᠤᠨ ᠠᠵᠤ ᠠᠬᠤᠢ ᠪᠠ ᠨᠡᠶᠢᠭᠡᠮ ᠤᠨ ᠬᠥᠭᠵᠢᠯᠲᠡ ᠶᠢᠨ ᠲᠥᠯᠥᠪᠯᠡᠭᠡ ᠶᠢᠨ ᠲᠥᠰᠥᠯ ᠢ ᠬᠢᠨᠠᠨ ᠪᠠᠶᠢᠴᠠᠭᠠᠭᠰᠠᠨ ᠦᠷ᠎ᠡ ᠳ᠋ᠦᠩ ᠤᠨ ᠲᠤᠬᠠᠢ ᠮᠡᠳᠡᠭᠦᠯᠦᠯᠲᠡ᠂ ᠥᠪᠡᠷᠲᠡᠭᠡᠨ ᠵᠠᠰᠠᠬᠤ ᠣᠷᠣᠨ ᠤ 2022 ᠣᠨ ᠤ ᠲᠥᠰᠥᠪ ᠢ ᠭᠦᠢᠴᠡᠳᠬᠡᠭᠰᠡᠨ ᠪᠠᠶᠢᠳᠠᠯ ᠪᠠ 2023 ᠣᠨ ᠤ ᠲᠥᠰᠥᠪ ᠤᠨ ᠲᠥᠰᠥᠯ ᠢ ᠬᠢᠨᠠᠨ ᠪᠠᠶᠢᠴᠠᠭᠠᠭᠰᠠᠨ ᠦᠷ᠎ᠡ ᠳ᠋ᠦᠩ ᠤᠨ ᠲᠤᠬᠠᠢ ᠮᠡᠳᠡᠭᠦᠯᠦᠯᠲᠡ ᠶᠢ ᠰᠣᠨᠣᠰᠤᠨ ᠪᠠᠲᠤᠯᠠᠯᠲᠠ ᠬᠢᠵᠦ ᠪᠠᠲᠤᠯᠠᠵᠤ᠂ ᠳᠡᠭᠡᠷ᠎ᠡ ᠳᠤᠷᠠᠳᠤᠭᠰᠠᠨ ᠬᠤᠶᠠᠷ ᠮᠡᠳᠡᠭᠦᠯᠦᠯᠲᠡ ᠶᠢ ᠪᠦᠭᠦ ᠲᠥᠯᠥᠭᠡᠯᠡᠭᠴᠢᠳ ᠲᠤ ᠳᠠᠷᠤᠮᠠᠯᠯᠠᠨ ᠲᠠᠷᠬᠠᠭᠠᠬᠤ ᠪᠠᠷ ᠲᠣᠭᠲᠠᠪᠠ᠃      ᠬᠤᠷᠠᠯ ᠠᠴᠠ ᠥᠪᠡᠷᠲᠡᠭᠡᠨ ᠵᠠᠰᠠᠬᠤ ᠣᠷᠣᠨ ᠤ ᠠᠷᠪᠠᠨ ᠳᠥᠷᠪᠡᠳᠦᠭᠡᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠰᠠᠨᠠᠯ ᠵᠥᠪᠯᠡᠯᠭᠡ ᠶᠢ ᠬᠢᠨᠠᠨ ᠪᠠᠶᠢᠴᠠᠭᠠᠬᠤ ᠵᠥᠪᠯᠡᠯ ᠤᠨ ᠡᠷᠭᠢᠯᠡᠭᠴᠢ ᠭᠡᠰᠢᠭᠦᠨ ᠱᠢ ᠸᠧᠨ ᠰᠢᠤᠸᠠᠢ ᠶᠢᠨ ᠬᠢᠭᠰᠡᠨ ᠥᠪᠡᠷᠲᠡᠭᠡᠨ ᠵᠠᠰᠠᠬᠤ ᠣᠷᠣᠨ ᠤ ᠠᠷᠪᠠᠨ ᠳᠥᠷᠪᠡᠳᠦᠭᠡᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠠᠩᠬᠠᠳᠤᠭᠠᠷ ᠬᠤᠷᠠᠯ ᠤᠨ ᠲᠥᠯᠥᠭᠡᠯᠡᠭᠴᠢᠳ ᠤᠨ ᠰᠠᠨᠠᠯ ᠵᠥᠪᠯᠡᠯᠭᠡ ᠶᠢ ᠬᠢᠨᠠᠨ ᠪᠠᠶᠢᠴᠠᠭᠠᠭᠰᠠᠨ ᠦᠷ᠎ᠡ ᠳ᠋ᠦᠩ ᠤᠨ ᠲᠤᠬᠠᠢ ᠮᠡᠳᠡᠭᠦᠯᠦᠯᠲᠡ ᠶᠢ ᠰᠣᠨᠣᠰᠤᠨ ᠪᠠᠲᠤᠯᠠᠯᠲᠠ ᠬᠢᠵᠦ ᠪᠠᠲᠤᠯᠠᠵᠤ᠂ ᠡᠨᠡ ᠬᠦ ᠮᠡᠳᠡᠭᠦᠯᠦᠯᠲᠡ ᠶᠢ ᠪᠦᠭᠦ ᠲᠥᠯᠥᠭᠡᠯᠡᠭᠴᠢᠳ ᠲᠤ ᠳᠠᠷᠤᠮᠠᠯᠯᠠᠨ ᠲᠠᠷᠬᠠᠭᠠᠬᠤ ᠪᠠᠷ ᠲᠣᠭᠲᠠᠪᠠ᠃      ᠬᠤᠷᠠᠯ ᠠᠴᠠ ᠶᠡᠭᠡ ᠬᠤᠷᠠᠯ ᠤᠨ ᠳᠡᠳ᠋ ᠨᠠᠷᠢᠨ ᠪᠢᠴᠢᠭ ᠤᠨ ᠳᠠᠷᠤᠭ᠎ᠠ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠵᠣᠬᠢᠶᠠᠨ ᠪᠠᠶᠢᠭᠤᠯᠬᠤ ᠬᠡᠯᠲᠡᠰ ᠤᠨ ᠪᠠᠶᠢᠩᠭᠤ ᠶᠢᠨ ᠳᠡᠳ᠋ ᠳᠠᠷᠤᠭ᠎ᠠ ᠵᠧᠦ ᠺᠠᠢ ᠶᠢᠨ ᠬᠢᠭᠰᠡᠨ ᠡᠯ᠎ᠡ ᠲᠥᠯᠥᠭᠡᠯᠡᠭᠴᠢᠳ ᠤᠨ ᠪᠦᠯᠭᠦᠮ ᠤᠨ ᠠᠷᠪᠠᠨ ᠳᠥᠷᠪᠡᠳᠦᠭᠡᠷ ᠬᠤᠭᠤᠴᠠᠭᠠᠨ ᠤ ᠪᠦᠭᠦ ᠤᠯᠤᠰ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠳᠤ ᠣᠷᠤᠯᠴᠠᠬᠤ ᠲᠥᠯᠥᠭᠡᠯᠡᠭᠴᠢᠳ᠂ ᠥᠪᠡᠷᠲᠡᠭᠡᠨ ᠵᠠᠰᠠᠬᠤ ᠣᠷᠣᠨ ᠤ ᠲᠥᠷᠥ ᠶᠢᠨ ᠪᠠᠶᠢᠭᠤᠯᠭ᠎ᠠ ᠶᠢᠨ ᠤᠳᠤᠷᠢᠳᠬᠤ ᠬᠥᠮᠥᠰ ᠤᠨ ᠵᠢᠱᠢᠭᠳᠡᠭᠴᠢ ᠶᠢ ᠵᠥᠪᠳᠡᠯᠴᠡᠨ᠂ ᠶᠠᠷᠢᠯᠴᠠᠭᠰᠠᠨ ᠪᠠᠶᠢᠳᠠᠯ ᠪᠣᠯᠣᠨ ᠥᠪᠡᠷᠲᠡᠭᠡᠨ ᠵᠠᠰᠠᠬᠤ ᠣᠷᠣᠨ ᠤ ᠠᠷᠪᠠᠨ ᠳᠥᠷᠪᠡᠳᠦᠭᠡᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠬᠤᠯᠪᠣᠭᠳᠠᠯ ᠪᠦᠬᠦᠢ ᠲᠤᠰᠬᠠᠢ ᠵᠥᠪᠯᠡᠯ ᠤᠨ ᠪᠦᠷᠢᠯᠳᠦᠭᠦᠨ ᠤ ᠨᠡᠷᠡᠰ ᠤᠨ ᠲᠥᠰᠥᠯ ᠢ ᠬᠢᠨᠠᠨ ᠵᠥᠪᠯᠡᠭᠰᠡᠨ ᠪᠠᠶᠢᠳᠠᠯ ᠤᠨ ᠬᠠᠷᠢᠭᠤ ᠮᠡᠳᠡᠭᠦᠯᠦᠯᠲᠡ ᠶᠢ ᠰᠣᠨᠣᠰᠴᠤ᠂ ︽ᠠᠷᠪᠠᠨ ᠳᠥᠷᠪᠡᠳᠦᠭᠡᠷ ᠬᠤᠭᠤᠴᠠᠭᠠᠨ ᠤ ᠪᠦᠭᠦ ᠤᠯᠤᠰ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠳᠤ ᠣᠷᠤᠯᠴᠠᠬᠤ ᠲᠥᠯᠥᠭᠡᠯᠡᠭᠴᠢ ᠶᠢᠨ ᠵᠢᠱᠢᠭᠳᠡᠭᠰᠡᠳ ᠤᠨ ᠨᠡᠷᠡᠰ︾᠂ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠪᠠᠨ ᠳᠥᠷᠪᠡᠳᠦᠭᠡᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠡᠷᠭᠢᠯᠡᠭᠴᠢ᠂ ᠳᠡᠳ᠋ ᠡᠷᠭᠢᠯᠡᠭᠴᠢ᠂ ᠨᠠᠷᠢᠨ ᠪᠢᠴᠢᠭ ᠤᠨ ᠳᠠᠷᠤᠭ᠎ᠠ᠂ ᠭᠡᠰᠢᠭᠦᠨ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠲᠡᠷᠢᠭᠦᠯᠡᠭᠴᠢ᠂ ᠳᠡᠳ᠋ ᠲᠡᠷᠢᠭᠦᠯᠡᠭᠴᠢ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠬᠢᠨᠠᠨ ᠪᠠᠶᠢᠴᠠᠭᠠᠬᠤ ᠵᠥᠪᠯᠡᠯ ᠤᠨ ᠡᠷᠭᠢᠯᠡᠭᠴᠢ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠥᠨᠳᠥᠷ ᠵᠡᠷᠭᠡ ᠶᠢᠨ ᠰᠢᠭᠦᠭᠦ ᠬᠤᠷᠢᠶᠠᠨ ᠤ ᠳᠠᠷᠤᠭ᠎ᠠ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠪᠠᠶᠢᠴᠠᠭᠠᠬᠤ ᠬᠤᠷᠢᠶᠠᠨ ᠤ ᠪᠠᠶᠢᠴᠠᠭᠠᠬᠤ ᠳᠠᠷᠤᠭ᠎ᠠ ᠶᠢᠨ ᠵᠢᠱᠢᠭᠳᠡᠭᠰᠡᠳ ᠤᠨ ᠨᠡᠷᠡᠰ︾ ᠢ ᠪᠠᠲᠤᠯᠠᠯᠲᠠ ᠬᠢᠵᠦ ᠪᠠᠲᠤᠯᠠᠨ᠂ ᠳᠡᠭᠡᠷ᠎ᠡ ᠳᠤᠷᠠᠳᠤᠭᠰᠠᠨ ᠵᠢᠱᠢᠭᠳᠡᠭᠰᠡᠳ ᠤᠨ ᠨᠡᠷᠡᠰ ᠢ ᠵᠢᠩᠬᠢᠨᠢ ᠵᠢᠱᠢᠭᠳᠡᠭᠰᠡᠳ ᠤᠨ ᠨᠡᠷᠡᠰ ᠪᠣᠯᠭᠠᠨ ᠪᠦᠭᠦ ᠲᠥᠯᠥᠭᠡᠯᠡᠭᠴᠢᠳ ᠲᠤ ᠳᠠᠷᠤᠮᠠᠯᠯᠠᠨ ᠲᠠᠷᠬᠠᠭᠠᠵᠤ᠂ ᠶᠡᠭᠡ ᠬᠤᠷᠠᠯ ᠳᠤ ᠳᠡᠪᠰᠢᠭᠦᠯᠦᠨ ᠰᠣᠩᠭᠤᠭᠤᠯᠤᠨ᠎ᠠ︔ ᠬᠤᠯᠪᠣᠭᠳᠠᠯ ᠪᠦᠬᠦᠢ ᠲᠤᠰᠬᠠᠢ ᠵᠥᠪᠯᠡᠯ ᠤᠨ ᠪᠦᠷᠢᠯᠳᠦᠭᠦᠨ ᠤ ᠨᠡᠷᠡᠰ ᠤᠨ ᠲᠥᠰᠥᠯ ᠢ ᠶᠡᠭᠡ ᠬᠤᠷᠠᠯ ᠳᠤ ᠳᠡᠪᠰᠢᠭᠦᠯᠵᠦ ᠪᠠᠲᠤᠯᠠᠯᠲᠠ ᠭᠢᠯᠭᠡᠭᠦ ᠪᠠᠷ ᠲᠣᠭᠲᠠᠪᠠ᠃      ᠬᠤᠷᠠᠯ ᠠᠴᠠ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠪᠠᠨ ᠳᠥᠷᠪᠡᠳᠦᠭᠡᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠠᠩᠬᠠᠳᠤᠭᠠᠷ ᠬᠤᠷᠠᠯ ᠤᠨ ᠶᠡᠷᠦᠩᠬᠡᠢ ᠪᠢᠯᠧᠲ ᠬᠢᠨᠠᠭᠴᠢ᠂ ᠳᠡᠳ᠋ ᠶᠡᠷᠦᠩᠬᠡᠢ ᠪᠢᠯᠧᠲ ᠬᠢᠨᠠᠭᠴᠢ᠂ ᠪᠢᠯᠧᠲ ᠬᠢᠨᠠᠭᠴᠢ ᠶᠢᠨ ᠨᠡᠷᠡᠰ ︵ᠲᠥᠰᠥᠯ︶︾ ᠢ ᠪᠠᠲᠤᠯᠠᠯᠲᠠ ᠬᠢᠵᠦ ᠪᠠᠲᠤᠯᠠᠵᠤ᠂ ᠪᠠᠲᠤᠯᠠᠭᠰᠠᠨ ᠤ ᠳᠠᠷᠠᠭᠠᠬᠢ ᠨᠡᠷᠡᠰ ᠤᠨ ᠲᠥᠰᠥᠯ ᠢ ᠪᠦᠭᠦ ᠲᠥᠯᠥᠭᠡᠯᠡᠭᠴᠢᠳ ᠲᠤ ᠳᠠᠷᠤᠮᠠᠯᠯᠠᠨ ᠲᠠᠷᠬᠠᠭᠠᠵᠤ᠂ ᠶᠡᠭᠡ ᠬᠤᠷᠠᠯ ᠳᠤ ᠳᠡᠪᠰᠢᠭᠦᠯᠵᠦ ᠪᠠᠲᠤᠯᠠᠭᠤᠯᠬᠤ ᠪᠠᠷ ᠲᠣᠭᠲᠠᠪᠠ᠃      ᠬᠤᠷᠠᠯ ᠠᠴᠠ ᠥᠪᠡᠷᠲᠡᠭᠡᠨ ᠵᠠᠰᠠᠬᠤ ᠣᠷᠣᠨ ᠤ ᠠᠷᠪᠠᠨ ᠳᠥᠷᠪᠡᠳᠦᠭᠡᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠠᠩᠬᠠᠳᠤᠭᠠᠷ ᠬᠤᠷᠠᠯ ᠤᠨ ᠵᠠᠰᠠᠭ ᠤᠨ ᠣᠷᠳᠣᠨ ᠤ ᠠᠵᠢᠯ ᠤᠨ ᠢᠯᠡᠳᠬᠡᠯ ᠤᠨ ᠲᠤᠬᠠᠢ ᠰᠢᠢᠳᠪᠦᠷᠢ ︵ᠲᠥᠰᠥᠯ︶᠂ ᠥᠪᠡᠷᠲᠡᠭᠡᠨ ᠵᠠᠰᠠᠬᠤ ᠣᠷᠣᠨ ᠤ 2022 ᠣᠨ ᠤ ᠤᠯᠤᠰ ᠠᠷᠠᠳ ᠤᠨ ᠠᠵᠤ ᠠᠬᠤᠢ ᠪᠠ ᠨᠡᠶᠢᠭᠡᠮ ᠤᠨ ᠬᠥᠭᠵᠢᠯᠲᠡ ᠶᠢᠨ ᠲᠥᠯᠥᠪᠯᠡᠭᠡ ᠶᠢ ᠭᠦᠢᠴᠡᠳᠬᠡᠭᠰᠡᠨ ᠪᠠᠶᠢᠳᠠᠯ ᠵᠢᠴᠢ 2023 ᠣᠨ ᠤᠯᠤᠰ ᠠᠷᠠᠳ ᠤᠨ ᠠᠵᠤ ᠠᠬᠤᠢ ᠪᠠ ᠨᠡᠶᠢᠭᠡᠮ ᠤᠨ ᠬᠥᠭᠵᠢᠯᠲᠡ ᠶᠢᠨ ᠲᠥᠯᠥᠪᠯᠡᠭᠡ ᠶᠢᠨ ᠲᠤᠬᠠᠢ ᠰᠢᠢᠳᠪᠦᠷᠢ ︵ᠲᠥᠰᠥᠯ︶᠂ ᠥᠪᠡᠷᠲᠡᠭᠡᠨ ᠵᠠᠰᠠᠬᠤ ᠣᠷᠣᠨ ᠤ 2022 ᠣᠨ ᠤ ᠲᠥᠰᠥᠪ ᠢ ᠭᠦᠢᠴᠡᠳᠬᠡᠭᠰᠡᠨ ᠪᠠᠶᠢᠳᠠᠯ ᠪᠠ 2023 ᠣᠨ ᠤ ᠲᠥᠰᠥᠪ ᠤᠨ ᠲᠤᠬᠠᠢ ᠰᠢᠢᠳᠪᠦᠷᠢ ︵ᠲᠥᠰᠥᠯ︶᠂ ᠥᠪᠡᠷᠲᠡᠭᠡᠨ ᠵᠠᠰᠠᠬᠤ ᠣᠷᠣᠨ ᠤ ᠠᠷᠪᠠᠨ ᠭᠤᠷᠪᠠᠳᠤᠭᠠᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠠᠵᠢᠯ ᠤᠨ ᠮᠡᠳᠡᠭᠦᠯᠦᠯᠲᠡ ᠶᠢᠨ ᠲᠤᠬᠠᠢ ᠰᠢᠢᠳᠪᠦᠷᠢ ︵ᠲᠥᠰᠥᠯ︶᠂ ᠥᠪᠡᠷᠲᠡᠭᠡᠨ ᠵᠠᠰᠠᠬᠤ ᠣᠷᠣᠨ ᠤ ᠠᠷᠠᠳ ᠤᠨ ᠥᠨᠳᠥᠷ ᠵᠡᠷᠭᠡ ᠶᠢᠨ ᠰᠢᠭᠦᠭᠦ ᠬᠤᠷᠢᠶᠠᠨ ᠤ ᠠᠵᠢᠯ ᠤᠨ ᠮᠡᠳᠡᠭᠦᠯᠦᠯᠲᠡ ᠶᠢᠨ ᠲᠤᠬᠠᠢ ᠰᠢᠢᠳᠪᠦᠷᠢ ︵ᠲᠥᠰᠥᠯ︶᠂ ᠥᠪᠡᠷᠲᠡᠭᠡᠨ ᠵᠠᠰᠠᠬᠤ ᠣᠷᠣᠨ ᠤ ᠠᠷᠠᠳ ᠤᠨ ᠪᠠᠶᠢᠴᠠᠭᠠᠬᠤ ᠬᠤᠷᠢᠶᠠᠨ ᠤ ᠠᠵᠢᠯ ᠤᠨ ᠮᠡᠳᠡᠭᠦᠯᠦᠯᠲᠡ ᠶᠢᠨ ᠲᠤᠬᠠᠢ ᠰᠢᠢᠳᠪᠦᠷᠢ ︵ᠲᠥᠰᠥᠯ︶ ᠢ ᠪᠠᠲᠤᠯᠠᠯᠲᠠ ᠬᠢᠵᠦ ᠪᠠᠲᠤᠯᠠᠨ᠂ ᠪᠠᠲᠤᠯᠠᠭᠰᠠᠨ ᠤ ᠳᠠᠷᠠᠭᠠᠬᠢ ᠡᠯ᠎ᠡ ᠵᠦᠢᠯ ᠤᠨ ᠰᠢᠢᠳᠪᠦᠷᠢ ᠶᠢᠨ ᠲᠥᠰᠥᠯ ᠢ ᠪᠦᠭᠦ ᠲᠥᠯᠥᠭᠡᠯᠡᠭᠴᠢᠳ ᠲᠤ ᠳᠠᠷᠤᠮᠠᠯᠯᠠᠨ ᠲᠠᠷᠬᠠᠭᠠᠵᠤ᠂ ᠶᠡᠭᠡ ᠬᠤᠷᠠᠯ ᠳᠤ ᠳᠡᠪᠰᠢᠭᠦᠯᠵᠦ ᠬᠢᠨᠠᠨ ᠵᠥᠪᠯᠡᠭᠦᠯᠵᠦ᠂ ᠪᠠᠲᠤᠯᠠᠯᠲᠠ ᠭᠢᠯᠭᠡᠭᠦ ᠪᠠᠷ ᠲᠣᠭᠲᠠᠵᠠᠢ᠃      ᠬᠤᠷᠠᠯ ᠠᠴᠠ ᠥᠪᠡᠷᠲᠡᠭᠡᠨ ᠵᠠᠰᠠᠬᠤ ᠣᠷᠣᠨ ᠤ ᠠᠷᠪᠠᠨ ᠳᠥᠷᠪᠡᠳᠦᠭᠡᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠠᠩᠬᠠᠳᠤᠭᠠᠷ ᠬᠤᠷᠠᠯ ᠤᠨ ᠦᠨᠳᠦᠰᠦᠨ ᠬᠠᠤᠯᠢ ᠳᠤ ᠲᠠᠩᠭᠠᠷᠢᠭᠯᠠᠬᠤ ᠶᠢ ᠵᠣᠬᠢᠶᠠᠨ ᠪᠠᠶᠢᠭᠤᠯᠬᠤ ᠲᠥᠰᠥᠯ ᠶᠣᠰᠣᠭᠠᠷ᠂ ᠦᠨᠳᠦᠰᠦᠨ ᠬᠠᠤᠯᠢ ᠳᠤ ᠲᠠᠩᠭᠠᠷᠢᠭᠯᠠᠬᠤ ᠶᠣᠰᠣᠯᠠᠯ ᠢ ᠵᠣᠬᠢᠶᠠᠨ ᠪᠠᠶᠢᠭᠤᠯᠤᠨ ᠬᠡᠷᠡᠭᠵᠢᠭᠦᠯᠬᠦ ᠪᠠᠷ ᠲᠣᠭᠲᠠᠪᠠ᠃
 
ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号