| | | | 1 ᠰᠠᠷ᠎ᠠ ᠶᠢᠨ 29 ᠤ ᠡᠳᠦᠷ᠂ ᠸᠠᠩ ᠯᠢ ᠰᠢᠶᠠ ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ ᠤ | ᠪᠠᠶᠢᠩᠭᠤ ᠶᠢᠨ ᠬᠤᠷᠠᠯ ᠢ ᠡᠷᠬᠢᠯᠡᠨ ᠬᠤᠷᠠᠯᠳᠤᠭᠤᠯᠵᠤ᠂ ᠲᠠᠪᠤᠨ ᠶᠡᠭᠡ ᠡᠭᠦᠷᠭᠡ ᠶᠢᠨ 2023 ᠣᠨ ᠤ | ᠭᠤᠣᠯᠳᠠᠯᠭ᠎ᠠ ᠲᠠᠢ ᠡᠭᠦᠷᠭᠡ ᠶᠢᠨ ᠨᠠᠷᠢᠨ ᠳᠠᠩᠰᠠ ᠶᠢ ᠰᠤᠳᠤᠯᠪᠠ᠃ | ᠬᠤᠷᠠᠯ ᠠᠴᠠ᠂ ᠣᠨ ᠤ ᠨᠠᠷᠢᠨ ᠳᠠᠩᠰᠠ ᠪᠣᠯ ᠲᠠᠪᠤᠨ ᠶᠡᠭᠡ ᠡᠭᠦᠷᠭᠡ ᠶᠢ ᠨᠠᠶᠢᠳᠠᠪᠤᠷᠢᠵᠢᠭᠤᠯᠬᠤ ᠭᠤᠣᠯ | ᠭᠠᠷᠳᠠᠴᠠ ᠪᠠ ᠲᠥᠷᠥᠯ ᠵᠦᠢᠯ ᠤᠨ ᠪᠢᠴᠢᠭ ᠪᠣᠯᠣᠨ᠎ᠠ᠂ ︽ᠭᠤᠷᠪᠠ ᠶᠢ ᠵᠣᠯᠭᠠᠭᠤᠯᠬᠤ︾ ᠶᠢ ᠣᠨᠴᠠᠭᠠᠶᠢᠯᠠᠨ | ᠴᠢᠬᠤᠯᠠᠴᠢᠯᠠᠬᠤ ᠬᠡᠷᠡᠭᠲᠡᠢ᠄ ᠨᠢᠭᠡ ᠳᠤ ᠲᠠᠪᠤᠨ ᠶᠡᠭᠡ ᠡᠭᠦᠷᠭᠡ ᠶᠢᠨ ᠬᠡᠷᠡᠭᠵᠢᠭᠦᠯᠬᠦ ᠲᠥᠰᠥᠯ ᠲᠠᠢ ᠰᠠᠶᠢᠲᠤᠷ | ᠵᠣᠯᠭᠠᠭᠤᠯᠵᠤ᠂ ᠬᠤᠶᠢᠰᠢᠳᠠ ᠶᠢᠨ ᠬᠡᠳᠦᠨ ᠵᠢᠯ ᠤᠨ ᠬᠠᠷᠠᠯᠲᠠ ᠶᠢ ᠨᠢᠭᠡᠳᠦᠯᠲᠡᠢ ᠲᠥᠯᠥᠪᠵᠢᠭᠦᠯᠦᠨ ᠪᠣᠳᠣᠯᠬᠢᠯᠠᠵᠤ᠂ | ᠳᠠᠩᠰᠠ ᠶᠢ ᠲᠣᠳᠣᠷᠬᠠᠢ ᠪᠣᠳᠣᠵᠤ᠂ ᠴᠠᠭ ᠤᠨ ᠬᠦᠰᠦᠨᠦᠭᠲᠦ ᠶᠢ ᠲᠣᠳᠣᠷᠬᠠᠶᠢᠯᠠᠨ᠂ ᠴᠢᠳᠠᠬᠤ ᠶᠢᠨ ᠬᠢᠷᠢ ᠪᠠᠷ ᠠᠬᠢᠴᠠ | ᠪᠠᠨ ᠲᠦᠷᠭᠡᠳᠬᠡᠵᠦ᠂ ᠲᠦᠷᠭᠡᠨ ᠠᠳᠬᠤᠵᠤ᠂ ᠤᠷᠢᠳᠴᠢᠯᠠᠨ ᠦᠷ᠎ᠡ ᠪᠦᠲᠦᠮᠵᠢ ᠭᠠᠷᠭᠠᠵᠤ᠂ ᠴᠢᠬᠤᠯᠠ | ᠠᠰᠠᠭᠤᠳᠠᠯ ᠢ ᠪᠦᠷ ᠬᠤᠶᠢᠨ᠎ᠠ ᠨᠢ ᠬᠠᠶᠠᠵᠤ ᠪᠣᠯᠬᠤ ᠦᠭᠡᠢ᠃ ᠬᠤᠶᠠᠷ ᠲᠤ ᠵᠠᠰᠠᠭ ᠤᠨ ᠣᠷᠳᠣᠨ ᠤ ᠠᠵᠢᠯ ᠤᠨ | ᠢᠯᠡᠳᠬᠡᠯ ᠳᠤ ᠲᠣᠭᠲᠠᠭᠠᠭᠰᠠᠨ ᠠᠵᠢᠯ ᠤᠨ ᠡᠭᠦᠷᠭᠡ ᠲᠠᠢ ᠰᠠᠶᠢᠲᠤᠷ ᠵᠣᠯᠭᠠᠭᠤᠯᠵᠤ᠂ ᠣᠷᠬᠢᠭᠳᠠᠭᠤᠯᠵᠤ ᠪᠣᠯᠬᠤ | ᠦᠭᠡᠢ᠂ ᠨᠢᠭᠡ ᠯᠡ ᠪᠥᠭᠡᠷᠡᠩᠬᠡᠶᠢᠯᠡᠬᠦ ᠠᠴᠠ ᠵᠠᠶᠢᠯᠠᠰᠬᠢᠵᠦ᠂ ᠪᠣᠳᠠᠲᠠᠢ ᠲᠣᠳᠣᠷᠬᠠᠢ᠂ ᠠᠳᠬᠤᠪᠠᠯ ᠳᠠᠷᠤᠢ | ᠬᠡᠷᠡᠭᠵᠢᠭᠦᠯᠵᠦ ᠳᠡᠶᠢᠯᠬᠦ ᠪᠣᠯᠭᠠᠬᠤ ᠬᠡᠷᠡᠭᠲᠡᠢ᠃ ᠭᠤᠷᠪᠠ ᠳᠤ ᠬᠤᠯᠪᠣᠭᠳᠠᠯ ᠪᠦᠬᠦᠢ ᠲᠥᠷᠥ ᠶᠢᠨ ᠪᠣᠳᠣᠯᠭ᠎ᠠ ᠲᠠᠢ | ᠰᠠᠶᠢᠲᠤᠷ ᠵᠣᠯᠭᠠᠭᠤᠯᠵᠤ᠂ ᠨᠠᠷᠢᠯᠢᠭ ᠣᠨᠣᠪᠴᠢᠲᠠᠢ᠂ ᠨᠢᠭᠡᠳᠦᠯᠲᠡᠢ ᠪᠠᠶᠢᠯᠭᠠᠵᠤ᠂ ᠬᠠᠮᠲᠤᠷᠠᠯ ᠬᠦᠴᠦᠨ ᠪᠣᠯᠭᠠᠨ | ᠨᠢᠭᠲᠠᠷᠠᠭᠤᠯᠵᠤ᠂ ᠲᠥᠷᠥ ᠶᠢᠨ ᠪᠣᠳᠣᠯᠭ᠎ᠠ ᠰᠠᠯᠤᠩᠭᠢᠷᠠᠬᠤ᠂ ᠲᠥᠷᠥ ᠶᠢᠨ ᠪᠣᠳᠣᠯᠭ᠎ᠠ ᠬᠠᠷᠢᠯᠴᠠᠨ ᠬᠠᠷᠰᠢᠯᠳᠤᠬᠤ ᠠᠴᠠ | ᠰᠡᠷᠭᠡᠶᠢᠯᠡᠬᠦ ᠬᠡᠷᠡᠭᠲᠡᠢ ᠭᠡᠵᠦ ᠴᠢᠬᠤᠯᠠᠴᠢᠯᠠᠪᠠ᠃ | ᠬᠤᠷᠠᠯ ᠠᠴᠠ ᠪᠠᠰᠠ ᠪᠤᠰᠤᠳ ᠵᠦᠢᠯ ᠢ ᠰᠤᠳᠤᠯᠵᠠᠢ᠃ |