ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠰᠤᠷᠭᠠᠨ ᠬᠥᠮᠦᠵᠢᠯ ᠤᠨ ᠠᠵᠢᠯ ᠤᠨ ᠬᠤᠷᠢᠶ᠎ᠠ᠂ ᠰᠤᠷᠭᠠᠨ ᠬᠥᠮᠦᠵᠢᠯ ᠤᠨ ᠲᠢᠩᠬᠢᠮ ᠤᠨ ᠨᠠᠮ ᠤᠨ ᠤᠳᠤᠷᠢᠳᠬᠤ ᠳᠤᠭᠤᠶᠢᠯᠠᠩ 2022 ᠣᠨ ᠤ ᠠᠷᠠᠳᠴᠢᠯᠠᠯ ᠤᠨ ᠠᠮᠢᠳᠤᠷᠠᠯ ᠤᠨ ᠬᠤᠷᠠᠯ ᠢ ᠬᠤᠷᠠᠯᠳᠤᠭᠤᠯᠪᠠ
ᠨᠡᠶᠢᠲᠡᠯᠡᠭᠰᠡᠨ ᠴᠠᠭ᠄
2023/1/31
     1 ᠰᠠᠷ᠎ᠠ ᠶᠢᠨ 31 ᠤ ᠡᠳᠦᠷ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠰᠤᠷᠭᠠᠨ ᠬᠥᠮᠦᠵᠢᠯ ᠤᠨ ᠠᠵᠢᠯ ᠤᠨ ᠬᠤᠷᠢᠶ᠎ᠠ᠂ ᠰᠤᠷᠭᠠᠨ ᠬᠥᠮᠦᠵᠢᠯ ᠤᠨ ᠲᠢᠩᠬᠢᠮ ᠤᠨ ᠨᠠᠮ ᠤᠨ ᠤᠳᠤᠷᠢᠳᠬᠤ ᠳᠤᠭᠤᠶᠢᠯᠠᠩ 2022 ᠣᠨ ᠤ ᠠᠷᠠᠳᠴᠢᠯᠠᠯ ᠤᠨ ᠠᠮᠢᠳᠤᠷᠠᠯ ᠤᠨ ᠬᠤᠷᠠᠯ ᠢ ᠬᠤᠷᠠᠯᠳᠤᠭᠤᠯᠵᠤ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠨᠠᠢᠮᠠᠳᠤᠭᠠᠷ ᠬᠢᠨᠠᠨ ᠵᠢᠯᠣᠭᠤᠳᠬᠤ ᠳᠤᠭᠤᠶᠢᠯᠠᠩ ᠤᠨ ᠬᠤᠯᠪᠣᠭᠳᠠᠯ ᠪᠥᠬᠦᠶ ᠬᠠᠷᠢᠭᠤᠴᠠᠯᠭᠠᠲᠠᠨ ᠬᠤᠷᠠᠯ ᠳᠤ ᠣᠷᠣᠯᠴᠠᠨ ᠵᠢᠭᠠᠨ ᠵᠢᠯᠣᠭᠤᠳᠪᠠ᠃ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠰᠤᠷᠭᠠᠨ ᠬᠥᠮᠦᠵᠢᠯ ᠤᠨ ᠠᠵᠢᠯ ᠤᠨ ᠬᠤᠷᠢᠶᠠᠨ ᠤ ᠱᠦᠵᠢ᠂ ᠰᠤᠷᠭᠠᠨ ᠬᠥᠮᠦᠵᠢᠯ ᠤᠨ ᠲᠢᠩᠬᠢᠮ ᠤᠨ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ᠂ ᠲᠢᠩᠬᠢᠮ ᠤᠨ ᠳᠠᠷᠤᠭ᠎ᠠ ᠬᠤᠸᠠᠩ ᠶᠠ ᠯᠢ ᠬᠤᠷᠠᠯ ᠢ ᠡᠷᠭᠢᠯᠡᠭᠰᠡᠨ ᠪᠥᠭᠡᠳ ᠶᠠᠷᠢᠶ᠎ᠠ ᠲᠠᠯᠪᠢᠵᠠᠶ᠃

     ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠰᠤᠷᠭᠠᠨ ᠬᠥᠮᠦᠵᠢᠯ ᠤᠨ ᠠᠵᠢᠯ ᠤᠨ ᠬᠤᠷᠢᠶ᠎ᠠ᠂

ᠰᠤᠷᠭᠠᠨ ᠬᠥᠮᠦᠵᠢᠯ ᠤᠨ ᠲᠢᠩᠬᠢᠮ ᠤᠨ ᠨᠠᠮ ᠤᠨ ᠤᠳᠤᠷᠢᠳᠬᠤ ᠳᠤᠭᠤᠶᠢᠯᠠᠩ ᠡᠨᠡ ᠤᠳᠠᠭᠠᠨ ᠤ ᠠᠷᠠᠳᠴᠢᠯᠠᠯ ᠤᠨ

ᠠᠮᠢᠳᠤᠷᠠᠯ ᠤᠨ ᠬᠤᠷᠠᠯ ᠢ ᠰᠠᠶᠢᠲᠤᠷ ᠬᠤᠷᠠᠯᠳᠤᠭᠤᠯᠬᠤ ᠶᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠵᠤ᠂ ᠰᠤᠷᠤᠯᠴᠠᠵᠥ

ᠰᠤᠳᠤᠯᠤᠨ ᠶᠠᠷᠢᠯᠴᠠᠬᠤ ᠶᠢ ᠨᠠᠷᠢᠨ ᠬᠢᠨᠠᠮᠠᠭᠠᠢ ᠥᠷᠨᠢᠭᠦᠯᠵᠦ᠂ ᠥᠷᠭᠡᠨ ᠢᠶᠠᠷ ᠰᠠᠨᠠᠯ ᠰᠠᠨᠠᠭᠤᠯᠭ᠎ᠠ ᠬᠤᠷᠢᠶᠠᠵᠤ᠂

ᠶᠠᠷᠢᠯᠴᠠᠯᠭ᠎ᠠ ᠶᠢ ᠭᠦᠨᠵᠡᠭᠡᠢ ᠥᠷᠨᠢᠭᠦᠯᠵᠦ᠂ ᠬᠠᠷᠢᠴᠠᠭᠤᠯᠤᠨ ᠪᠠᠶᠢᠴᠠᠭᠠᠬᠤ ᠮᠠᠲ᠋ᠧᠷᠢᠶᠠᠯ ᠢ ᠨᠠᠷᠢᠨ ᠬᠢᠨᠠᠮᠠᠭᠠᠢ ᠪᠢᠴᠢᠵᠦ᠂

ᠠᠷᠠᠳᠴᠢᠯᠠᠯ ᠤᠨ ᠠᠮᠢᠳᠤᠷᠠᠯ ᠤᠨ ᠬᠤᠷᠠᠯ ᠢ ᠰᠠᠶᠢᠲᠤᠷ ᠬᠤᠷᠠᠯᠳᠤᠭᠤᠯᠬᠤ ᠳᠤ ᠭᠦᠢᠴᠡᠳ ᠪᠡᠯᠡᠳᠬᠡᠯ ᠬᠢᠭᠰᠡᠨ    

ᠪᠠᠶᠢᠨ᠎ᠠ᠃

     ᠬᠤᠷᠠᠯ ᠠᠴᠠ ᠡᠩ ᠲᠡᠷᠢᠭᠦᠨ ᠳᠤ ᠨᠠᠮ ᠤᠨ ᠲᠡᠦᠬᠡ ᠶᠢᠨ ᠰᠤᠷᠤᠯᠴᠠᠯᠭ᠎ᠠ ᠬᠥᠮᠦᠵᠢᠯ ᠤᠨ ᠲᠤᠰᠬᠠᠶ ᠰᠡᠳᠦᠪᠲᠦ

ᠠᠷᠠᠳᠴᠢᠯᠠᠯ ᠤᠨ ᠠᠮᠢᠳᠤᠷᠠᠯ ᠤᠨ ᠬᠤᠷᠠᠯ ᠤᠨ ᠴᠡᠭᠴᠡᠯᠡᠨ ᠰᠠᠶᠢᠵᠢᠷᠠᠭᠤᠯᠬᠤ ᠠᠷᠭ᠎ᠠ ᠬᠡᠮᠵᠢᠶ᠎ᠡ ᠶᠢ

ᠨᠠᠶᠢᠳᠠᠪᠤᠷᠢᠵᠢᠭᠤᠯᠤᠭᠰᠠᠨ ᠪᠠᠶᠢᠳᠠᠯ ᠪᠣᠯᠤᠨ ᠡᠨᠡ ᠤᠳᠠᠭᠠᠨ ᠤ ᠠᠷᠠᠳᠴᠢᠯᠠᠯ ᠤᠨ ᠠᠮᠢᠳᠤᠷᠠᠯ ᠤᠨ ᠬᠤᠷᠠᠯ ᠤᠨ ᠰᠠᠨᠠᠯ

ᠬᠤᠷᠢᠶᠠᠭᠰᠠᠨ ᠪᠠᠶᠢᠳᠠᠯ ᠢ ᠵᠠᠷᠯᠠᠨ ᠮᠡᠳᠡᠭᠳᠡᠪᠡ᠃ ᠬᠤᠸᠠᠩ ᠶᠠ ᠯᠢ ᠰᠤᠷᠭᠠᠨ ᠬᠥᠮᠦᠵᠢᠯ ᠤᠨ ᠠᠵᠢᠯ ᠤᠨ ᠬᠤᠷᠢᠶ᠎ᠠ᠂

ᠰᠤᠷᠭᠠᠨ ᠬᠥᠮᠦᠵᠢᠯ ᠤᠨ ᠲᠢᠩᠬᠢᠮ ᠤᠨ ᠤᠳᠤᠷᠢᠳᠬᠤ ᠪᠠᠭ ᠢ ᠲᠥᠯᠥᠭᠡᠯᠡᠨ ᠬᠠᠷᠢᠴᠠᠭᠤᠯᠤᠨ ᠪᠠᠶᠢᠴᠠᠭᠠᠭᠰᠠᠨ ᠤ

ᠬᠠᠮᠲᠤ ᠲᠦᠷᠦᠭᠦᠯᠡᠨ ᠬᠤᠪᠢ ᠬᠥᠮᠦᠨ ᠤ ᠪᠠᠶᠢᠴᠠᠭᠠᠯᠲᠠ ᠬᠢᠪᠠ᠃ ᠪᠠᠭ ᠤᠨ ᠬᠡᠰᠢᠭᠦᠳ ᠬᠤᠪᠢ ᠬᠥᠮᠦᠨ ᠤ

ᠬᠠᠷᠢᠴᠠᠭᠤᠯᠤᠭᠰᠠᠨ ᠪᠠᠶᠢᠴᠠᠭᠠᠯᠲᠠ ᠶᠢ ᠨᠠᠷᠢᠨ ᠬᠢᠨᠠᠮᠠᠭᠠᠶ ᠬᠢᠵᠦ᠂ ᠰᠢᠭᠦᠮᠵᠢᠯᠡᠯ ᠪᠠ ᠥᠪᠡᠷ ᠤᠨ ᠰᠢᠭᠦᠮᠵᠢᠯᠡᠯ ᠢ

ᠥᠷᠨᠢᠭᠦᠯᠪᠡ᠃

     ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠨᠠᠢᠮᠠᠳᠤᠭᠠᠷ ᠬᠢᠨᠠᠨ ᠵᠢᠯᠣᠭᠤᠳᠬᠤ

ᠳᠤᠭᠤᠶᠢᠯᠠᠩ ᠤᠨ ᠳᠠᠷᠤᠭ᠎ᠠ ᠡᡁᠦ᠋ᠸᠧ ᠶᠦᠩ ᠸᠠᠩ ᠦᠨᠡᠯᠡᠯᠲᠡ ᠳᠤ ᠪᠠᠨ ᠡᠨᠡ ᠤᠳᠠᠭᠠᠨ ᠤ ᠠᠷᠠᠳᠴᠢᠯᠠᠯ ᠤᠨ

ᠠᠮᠢᠳᠤᠷᠠᠯ ᠤᠨ ᠬᠤᠷᠠᠯ ᠤᠨ ᠣᠯᠤᠭᠰᠠᠨ ᠦᠷ᠎ᠡ ᠪᠦᠲᠦᠮᠵᠢ ᠶᠢ ᠭᠦᠢᠴᠡᠳ ᠨᠤᠲᠠᠯᠠᠭᠰᠠᠨ ᠪᠥᠭᠡᠳ ᠴᠡᠭᠴᠡᠯᠡᠨ

ᠰᠠᠶᠢᠵᠢᠷᠠᠭᠤᠯᠬᠤ ᠠᠵᠢᠯ ᠢ ᠰᠠᠶᠢᠲᠤᠷ ᠠᠳᠬᠤᠬᠤ ᠲᠤᠬᠠᠢ ᠵᠢᠯᠣᠭᠤᠳᠬᠤ ᠰᠠᠨᠠᠯ ᠳᠤᠷᠠᠳᠴᠠᠢ᠃

     ᠬᠤᠷᠠᠯ ᠠᠴᠠ᠂ ᠨᠠᠮ ᠤᠨ ᠭᠡᠰᠢᠭᠦᠨ ᠤᠳᠤᠷᠢᠳᠬᠤ ᠺᠠᠳ᠋ᠷ ᠤᠯᠤᠰ ᠲᠦᠷᠦ ᠶᠢᠨ ᠵᠣᠭᠰᠣᠴᠠ ᠪᠠᠨ

ᠳᠡᠭᠡᠭᠰᠢᠯᠡᠭᠦᠯᠵᠦ᠂ ︽ᠬᠤᠶᠠᠷ ᠢ ᠳᠣᠭᠲᠠᠭᠠᠭᠰᠠᠨ︾ ᠢ ᠭᠦᠨᠵᠡᠭᠡᠢ ᠣᠶᠢᠯᠠᠭᠠᠵᠤ᠂ ︽ᠬᠤᠶᠠᠷ ᠢ ᠬᠠᠮᠠᠭᠠᠯᠠᠬᠤ︾ ᠶᠢ

ᠡᠷᠡᠰ ᠪᠡᠶᠡᠯᠡᠭᠦᠯᠵᠦ᠂ ᠶᠣᠰᠣ ᠰᠤᠷᠲᠠᠬᠤᠨ ᠢ ᠪᠣᠢ ᠪᠣᠯᠭᠠᠵᠤ ᠬᠥᠮᠦᠨ ᠢ ᠬᠥᠮᠦᠵᠢᠭᠦᠯᠬᠦ ᠦᠨᠳᠦᠰᠦᠨ ᠡᠭᠦᠷᠭᠡ ᠶᠢ

ᠴᠢᠩᠭ᠎ᠠ ᠡᠵᠡᠮᠳᠡᠵᠦ᠂ ᠦᠵᠡᠯ ᠰᠠᠨᠠᠭ᠎ᠠ ᠪᠠ ᠦᠢᠯᠡ ᠠᠵᠢᠯᠯᠠᠭ᠎ᠠ ᠪᠠᠨ ᠨᠠᠮ ᠤᠨ ᠬᠤᠷᠢᠳᠤᠭᠠᠷ ᠶᠡᠭᠡ ᠬᠤᠷᠠᠯ ᠠᠴᠠ

ᠲᠣᠭᠲᠠᠭᠠᠭᠰᠠᠨ ᠡᠯ᠎ᠡ ᠵᠦᠢᠯ ᠤᠨ ᠰᠢᠢᠳᠪᠦᠷᠢᠲᠦ ᠪᠤᠳᠤᠯᠭ᠎ᠠ ᠪᠠᠶᠢᠷᠢᠯᠠᠭᠤᠯᠤᠯᠲᠠ ᠲᠠᠢ ᠦᠨᠡᠨ ᠬᠦ ᠨᠢᠭᠡᠳᠬᠡᠬᠦ

ᠬᠡᠷᠡᠭᠲᠡᠢ᠃ ᠪᠡᠶ᠎ᠡ ᠪᠠᠷ ᠢᠶᠠᠨ ᠬᠡᠪ ᠲᠦᠷᠢᠮ ᠪᠣᠯᠬᠤ ᠶᠢ ᠪᠠᠷᠢᠮᠲᠠᠯᠠᠵᠤ᠂ ︽ᠵᠠᠩᠭᠢᠯᠠᠭ᠎ᠠ ᠶᠢᠨ ᠴᠥᠭᠡᠨ ᠲᠣᠭᠠᠲᠠᠨ︾ ᠤ

ᠦᠢᠯᠡᠳᠦᠯ ᠢ ᠰᠠᠶᠢᠲᠤᠷ ᠪᠠᠳᠠᠷᠠᠭᠤᠯᠵᠤ᠂ ᠵᠣᠷᠢᠭᠲᠠᠢ ᠪᠠᠷ ᠳᠣᠲᠤᠭᠠᠲᠤ ᠳᠤ ᠪᠠᠨ ᠥᠭᠡᠷᠡᠴᠢᠯᠡᠯᠡᠲᠡ ᠬᠢᠵᠦ᠂

ᠪᠡᠶ᠎ᠡ ᠪᠠᠨ ᠴᠢᠩᠭ᠎ᠠ ᠵᠠᠰᠠᠵᠤ᠂ ᠰᠠᠶᠢᠨ ᠰᠠᠶᠢᠬᠠᠨ ᠤᠯᠤᠰ ᠲᠦᠷᠦ ᠶᠢᠨ ᠠᠮᠢ ᠠᠬᠤᠢ ᠪᠣᠯᠤᠨ ᠨᠡᠶᠢᠭᠡᠮ ᠤᠨ ᠬᠡᠪ

ᠰᠤᠷᠲᠠᠯ ᠤᠨ ᠲᠠᠭᠠᠭᠤᠯᠤᠬᠴᠢ᠂ ᠪᠠᠶᠢᠭᠤᠯᠤᠭᠴᠢ᠂ ᠬᠠᠮᠠᠭᠠᠯᠠᠭᠴᠢ ᠪᠣᠯᠬᠤ ᠬᠡᠷᠡᠭᠲᠡᠢ᠃ ᠨᠠᠮ ᠢ ᠬᠠᠮᠢᠶᠠᠷᠴᠤ ᠨᠠᠮ ᠢ

ᠵᠠᠰᠠᠬᠤ ᠤᠯᠤᠰ ᠲᠦᠷᠦ ᠶᠢᠨ ᠬᠠᠷᠢᠭᠤᠴᠠᠯᠭ᠎ᠠ ᠶᠢ ᠪᠠᠲᠤ ᠡᠭᠦᠷᠭᠡᠯᠡᠵᠦ᠂ ᠬᠠᠷᠢᠭᠤᠴᠠᠯᠭ᠎ᠠ ᠡᠭᠦᠷᠭᠡᠯᠡᠨ ᠵᠢᠳᠬᠦᠯ

ᠴᠢᠷᠮᠠᠶᠢᠯᠭ᠎ᠠ ᠭᠠᠷᠭᠠᠵᠤ᠂ ᠬᠦᠴᠦᠯᠡᠨ ᠴᠢᠷᠮᠠᠶᠢᠵᠤ ᠵᠢᠳᠬᠦᠯ ᠴᠢᠷᠮᠠᠶᠢᠯᠭ᠎ᠠ ᠭᠠᠷᠭᠠᠬᠤ ᠤᠶᠤᠨ ᠰᠠᠨᠠᠭᠠᠨ ᠤ ᠳᠦᠷᠰᠦ

ᠪᠠᠶᠢᠳᠠᠯ ᠢᠶᠠᠷ ᠴᠡᠭᠴᠡᠯᠡᠨ ᠰᠠᠶᠢᠵᠢᠷᠠᠭᠤᠯᠬᠤ ᠶᠢ ᠰᠠᠶᠢᠲᠤᠷ ᠠᠳᠬᠤᠵᠤ᠂ ᠪᠦᠬᠦ ᠣᠷᠣᠨ ᠤ ᠰᠤᠷᠭᠠᠨ ᠬᠥᠮᠦᠵᠢᠯ ᠤᠨ

ᠴᠢᠨᠠᠷᠯᠢᠭ ᠬᠥᠭᠵᠢᠯᠲᠡ ᠶᠢ ᠬᠦᠴᠦᠲᠡᠢ ᠪᠦᠲᠦᠮᠵᠢᠲᠡᠢ ᠠᠬᠢᠭᠤᠯᠬᠤ ᠬᠡᠷᠡᠭᠲᠡᠢ ᠭᠡᠵᠦ ᠴᠢᠬᠤᠯᠠᠴᠢᠯᠠᠪᠠ᠃

     ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠰᠤᠷᠭᠠᠨ ᠬᠥᠮᠦᠵᠢᠯ ᠤᠨ ᠠᠵᠢᠯ ᠤᠨ ᠬᠤᠷᠢᠶ᠎ᠠ᠂

ᠰᠤᠷᠭᠠᠨ ᠬᠥᠮᠦᠵᠢᠯ ᠤᠨ ᠲᠢᠩᠬᠢᠮ ᠤᠨ ᠤᠳᠤᠷᠢᠳᠬᠤ ᠪᠠᠭ ᠤᠨ ᠬᠡᠰᠢᠭᠦᠳ᠂ ᠲᠢᠩᠬᠢᠮ ᠳᠤ ᠰᠠᠭᠤᠭ᠎ᠠ ᠰᠠᠬᠢᠯᠭ᠎ᠠ

ᠪᠠᠲᠤ ᠶᠢ ᠪᠠᠶᠢᠴᠠᠭᠠᠬᠤ ᠬᠢᠨᠠᠨ ᠪᠠᠶᠢᠴᠠᠭᠠᠬᠤ ᠳᠤᠭᠤᠶᠢᠯᠠᠩ ᠪᠣᠯᠤᠨ ᠬᠠᠮᠢᠶ᠎ᠠ ᠪᠥᠬᠦᠶ ᠭᠠᠵᠠᠷ ᠳᠠᠰᠤᠭ ᠤᠨ

ᠬᠠᠷᠢᠭᠤᠴᠠᠯᠭᠠᠲᠠᠨ ᠬᠤᠷᠠᠯ ᠳᠤ ᠣᠷᠣᠯᠴᠠᠵᠠᠶ᠃

 
ᠢᠷᠡᠯᠲᠡ᠄ ᠦᠪᠦᠷ ᠮᠣᠩᠭᠤᠯ ᠤᠨ ᠦᠪᠡᠷᠲᠡᠭᠡᠨ ᠵᠠᠰᠠᠬᠤ ᠣᠷᠣᠨ ᠤ ᠰᠤᠷᠭᠠᠨ ᠬᠦᠮᠦᠵᠢᠯ ᠤᠨ ᠲᠢᠩᠬᠢᠮ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号