ᠰᠦᠨ ᠱᠤᠤ ᠴᠧᠩ ᠬᠤᠯᠪᠣᠭᠳᠠᠯ ᠪᠦᠬᠦᠢ ᠰᠠᠯᠠᠭ᠎ᠠ ᠮᠥᠴᠢᠷ ᠨᠢᠭᠡᠴᠢ ᠶᠢᠨ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠡᠨᠡ ᠬᠦ ᠭᠤᠣᠯ ᠰᠢᠵᠢᠮ ᠢ ᠪᠦᠭᠦ ᠲᠠᠯ᠎ᠠ ᠪᠠᠷ ᠲᠤᠭᠤᠰᠢᠯᠠᠭᠤᠯᠤᠭᠰᠠᠨ ᠠᠵᠢᠯ ᠤᠨ ᠬᠠᠷᠢᠭᠤ ᠮᠡᠳᠡᠭᠦᠯᠦᠯᠲᠡ ᠶᠢ ᠰᠣᠨᠣᠰᠪᠠ
ᠨᠡᠶᠢᠲᠡᠯᠡᠭᠰᠡᠨ ᠴᠠᠭ᠄
2023/11/17
      11 ᠰᠠᠷ᠎ᠠ ᠶᠢᠨ 16 ᠤ ᠡᠳᠦᠷ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠱᠦᠵᠢ ᠰᠦᠨ ᠱᠤᠤ ᠴᠧᠩ ᠬᠤᠷᠠᠯ ᠡᠷᠭᠢᠯᠡᠨ ᠬᠤᠷᠠᠯᠳᠤᠭᠤᠯᠵᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠡᠨᠡ ᠬᠦ ᠭᠤᠣᠯ ᠰᠢᠵᠢᠮ ᠢ ᠪᠦᠭᠦ ᠲᠠᠯ᠎ᠠ ᠪᠠᠷ ᠲᠤᠭᠤᠰᠢᠯᠠᠭᠤᠯᠤᠭᠰᠠᠨ ᠠᠵᠢᠯ ᠤᠨ ᠪᠠᠶᠢᠳᠠᠯ ᠤᠨ ᠲᠤᠬᠠᠢ ᠥᠪᠡᠷᠲᠡᠭᠡᠨ ᠵᠠᠰᠠᠬᠤ ᠣᠷᠣᠨ ᠤ ᠬᠤᠯᠪᠣᠭᠳᠠᠯ ᠪᠦᠬᠦᠢ ᠰᠠᠯᠠᠭ᠎ᠠ ᠮᠥᠴᠢᠷ ᠨᠢᠭᠡᠴᠢ ᠶᠢᠨ ᠬᠠᠷᠢᠭᠤ ᠮᠡᠳᠡᠭᠦᠯᠦᠯᠲᠡ ᠶᠢ ᠰᠣᠨᠣᠰᠪᠠ᠃      ᠡᠨᠡ ᠵᠢᠯ ᠤᠨ 6 ᠰᠠᠷ᠎ᠠ ᠳᠤ ᠶᠡᠷᠦᠩᠬᠡᠢ ᠱᠦᠵᠢ ᠰᠢ ᠶᠢᠨ ᠫᠢᠩ ᠥᠪᠥᠷ ᠮᠣᠩᠭᠤᠯ ᠳᠤ ᠰᠢᠨᠵᠢᠯᠡᠨ ᠪᠠᠶᠢᠴᠠᠭᠠᠬᠤ ᠳᠠᠭᠠᠨ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠪᠣᠯ ᠰᠢᠨ᠎ᠡ ᠴᠠᠭ ᠦᠶ᠎ᠡ ᠶᠢᠨ ᠨᠠᠮ ᠤᠨ ᠦᠨᠳᠦᠰᠦᠲᠡᠨ ᠤ ᠠᠵᠢᠯ ᠤᠨ ᠭᠤᠣᠯ ᠰᠢᠵᠢᠮ ᠮᠥᠨ᠂ ᠮᠥᠨ ᠴᠤ ᠦᠨᠳᠦᠰᠦᠲᠡᠨ ᠤ ᠭᠠᠵᠠᠷ ᠣᠷᠣᠨ ᠤ ᠡᠯ᠎ᠡ ᠵᠦᠢᠯ ᠤᠨ ᠠᠵᠢᠯ ᠤᠨ ᠭᠤᠣᠯ ᠰᠢᠵᠢᠮ ᠮᠥᠨ ᠭᠡᠵᠦ ᠵᠢᠭᠠᠵᠤ           ᠭᠠᠷᠭᠠᠪᠠ᠃ ᠬᠡᠳᠦᠨ ᠰᠠᠷ᠎ᠠ ᠶᠢᠨ ᠲᠤᠷᠰᠢ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠡᠷᠦᠩᠬᠡᠢ ᠱᠦᠵᠢ ᠰᠢ  ᠶᠢᠨ ᠫᠢᠩ ᠤᠨ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠨᠠᠷᠢᠨ ᠬᠢᠨᠠᠮᠠᠭᠠᠢ ᠰᠤᠷᠤᠯᠴᠠᠨ ᠲᠤᠭᠤᠰᠢᠯᠠᠭᠤᠯᠵᠤ᠂ ᠣᠯᠠᠨ ᠤᠳᠠᠭ᠎ᠠ ᠬᠤᠷᠠᠯ ᠬᠤᠷᠠᠯᠳᠤᠭᠤᠯᠵᠤ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠠᠵᠢᠯ ᠢ ᠰᠤᠳᠤᠯᠤᠨ ᠪᠠᠶᠢᠷᠢᠯᠠᠭᠤᠯᠵᠤ᠂ ︽ᠵᠢᠱᠢᠶᠡᠴᠢ ᠥᠪᠡᠷᠲᠡᠭᠡᠨ ᠵᠠᠰᠠᠬᠤ ᠣᠷᠣᠨ ᠢ ᠪᠦᠭᠦ ᠲᠠᠯ᠎ᠠ ᠪᠠᠷ ᠪᠦᠲᠦᠭᠡᠨ ᠪᠠᠶᠢᠭᠤᠯᠬᠤ ᠲᠤᠬᠠᠢ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠲᠣᠭᠲᠠᠭᠠᠯ︾ ᠢ ᠨᠡᠶᠢᠲᠡᠯᠡᠵᠦ᠂           ︽ᠲᠤᠯᠤᠭᠠᠨ ᠲᠠᠯ᠎ᠠ ᠪᠠᠷ ᠵᠢᠱᠢᠶᠡᠴᠢ ᠪᠤᠯᠬᠤ︾ ᠬᠠᠷᠠᠯᠲᠠ ᠡᠭᠦᠷᠭᠡ ᠶᠢ ᠳᠤᠷᠠᠳᠴᠤ᠂ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠵᠢᠱᠢᠶᠡᠴᠢ ᠥᠪᠡᠷᠲᠡᠭᠡᠨ ᠵᠠᠰᠠᠬᠤ ᠣᠷᠣᠨ ᠢ ᠪᠦᠭᠦ ᠲᠠᠯ᠎ᠠ ᠪᠠᠷ ᠪᠦᠲᠦᠭᠡᠨ ᠪᠠᠶᠢᠭᠤᠯᠬᠤ ᠶᠢ ᠠᠬᠢᠭᠤᠯᠬᠤ ᠳᠦᠷᠢᠮ︾ ᠢ ᠲᠣᠭᠲᠠᠭᠠᠬᠤ ᠶᠢ ᠠᠬᠢᠭᠤᠯᠵᠤ᠂ ᠡᠯ᠎ᠡ ᠭᠠᠵᠠᠷ ᠣᠷᠣᠨ ᠡᠯ᠎ᠡ ᠰᠠᠯᠠᠭ᠎ᠠ ᠮᠥᠴᠢᠷ ᠢᠳᠡᠪᠬᠢᠲᠡᠢ ᠬᠥᠳᠡᠯᠦᠯᠴᠡᠵᠦ᠂ ᠪᠣᠳᠠᠲᠤ ᠪᠠᠶᠢᠳᠠᠯ ᠲᠠᠢ  ᠪᠠᠨ ᠤᠶᠠᠯᠳᠤᠭᠤᠯᠤᠨ ᠭᠤᠣᠯ ᠰᠢᠵᠢᠮ ᠢ ᠪᠦᠭᠦ ᠲᠠᠯ᠎ᠠ ᠪᠠᠷ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠠᠵᠢᠯ ᠤᠨ ᠰᠡᠳᠬᠢᠴᠡ ᠪᠣᠯᠣᠨ ᠪᠣᠳᠠᠲᠠᠢ ᠠᠷᠭ᠎ᠠ ᠬᠡᠮᠵᠢᠶ᠎ᠡ ᠶᠢ ᠭᠦᠨᠵᠡᠭᠡᠢ ᠰᠤᠳᠤᠯᠤᠨ ᠰᠦᠪᠡᠭᠴᠢᠯᠡᠵᠦ᠂ ᠠᠯᠢ ᠣᠯᠠᠨ ᠠᠵᠢᠯ ᠢ ᠦᠨᠡᠨ ᠪᠣᠳᠠᠲᠠᠢ ᠥᠷᠥ ᠵᠢᠷᠦᠬᠡᠨ ᠠᠴᠠ ᠪᠠᠨ ᠥᠷᠨᠢᠭᠦᠯᠵᠦ᠂ ᠣᠷᠣᠨ ᠳᠠᠶᠠᠭᠠᠷ ᠤᠨ ᠭᠤᠣᠯ ᠱᠤᠭᠤᠮ ᠢ ᠪᠦᠭᠦ ᠲᠠᠯ᠎ᠠ ᠪᠠᠷ ᠲᠤᠭᠤᠰᠢᠯᠠᠭᠤᠯᠬᠤ ᠬᠠᠮᠲᠤ ᠶᠢᠨ ᠲᠠᠨᠢᠯᠲᠠ ᠲᠠᠰᠤᠷᠠᠯᠲᠠ ᠦᠭᠡᠢ ᠴᠢᠩᠭᠠᠷᠠᠵᠤ᠂ ᠠᠭᠤᠷ ᠠᠮᠢᠰᠬᠤᠯ ᠡᠳᠦᠷ ᠢᠷᠡᠬᠦᠶ᠎ᠡ ᠥᠳᠬᠡᠷᠡᠪᠡ᠃      ᠭᠤᠣᠯ ᠰᠢᠵᠢᠮ ᠤᠨ ᠡᠯ᠎ᠡ ᠵᠦᠢᠯ ᠤᠨ ᠠᠵᠢᠯ ᠢ ᠪᠦᠭᠦ ᠲᠠᠯ᠎ᠠ ᠪᠠᠷ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠶᠢ ᠤᠯᠠᠮ ᠴᠢᠨᠠᠭᠰᠢᠳᠠ ᠠᠬᠢᠭᠤᠯᠬᠤ ᠶᠢᠨ ᠲᠥᠯᠥᠭᠡ ᠲᠦᠷᠦᠭᠦᠬᠡᠨ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠠᠴᠠ ᠬᠤᠯᠪᠣᠭᠳᠠᠯ ᠪᠦᠬᠦᠢ ᠰᠠᠯᠠᠭ᠎ᠠ ᠮᠥᠴᠢᠷ ᠨᠢᠭᠡᠴᠢ ᠪᠣᠯᠣᠨ ᠡᠯ᠎ᠡ ᠠᠶᠢᠮᠠᠭ ᠬᠤᠲᠠ ᠶᠢᠨ ᠪᠣᠳᠠᠲᠠᠢ ᠰᠡᠳᠬᠢᠮᠵᠢ ᠠᠷᠭ᠎ᠠ ᠬᠡᠮᠵᠢᠶ᠎ᠡ ᠶᠢᠨ ᠬᠠᠷᠢᠭᠤ ᠮᠡᠳᠡᠭᠦᠯᠦᠯᠲᠡ ᠶᠢ ᠪᠦᠯᠦᠭ ᠬᠤᠪᠢᠶᠠᠨ ᠰᠣᠨᠣᠰᠬᠤ ᠪᠠᠷ ᠲᠣᠭᠲᠠᠵᠤ᠂ 16 ᠤ ᠦᠳᠡ ᠶᠢᠨ ᠬᠤᠶᠢᠨᠠᠬᠢ ᠬᠤᠷᠠᠯ ᠪᠣᠯ ᠨᠢᠭᠡᠳᠦᠭᠡᠷ ᠲᠠᠯᠠᠪᠠᠢ ᠬᠠᠷᠢᠭᠤ ᠮᠡᠳᠡᠭᠦᠯᠦᠯᠲᠡ ᠶᠢᠨ ᠬᠤᠷᠠᠯ ᠪᠣᠯᠣᠨ᠎ᠠ᠃ ᠬᠤᠷᠠᠯ ᠳᠡᠭᠡᠷ᠎ᠡ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠵᠣᠬᠢᠶᠠᠨ ᠪᠠᠶᠢᠭᠤᠯᠬᠤ ᠬᠡᠯᠲᠡᠰ᠂ ᠨᠠᠮ ᠤᠨ ᠬᠤᠷᠢᠶ᠎ᠠ ᠶᠢᠨ ᠨᠢᠭᠡᠳᠦᠮᠡᠯ ᠹᠷᠣᠨᠲ ᠤᠨ ᠬᠡᠯᠲᠡᠰ᠂ ᠳᠣᠲᠣᠭᠠᠳᠤ ᠶᠢ ᠬᠠᠮᠠᠭᠠᠯᠠᠬᠤ ᠲᠢᠩᠬᠢᠮ᠂ ᠬᠠᠤᠯᠢ ᠴᠠᠭᠠᠵᠠ ᠶᠢᠨ ᠲᠢᠩᠬᠢᠮ᠂ ᠣᠷᠣᠨ ᠰᠠᠭᠤᠴᠠ ᠪᠠ ᠬᠤᠲᠠ ᠬᠥᠳᠡᠭᠡ  ᠶᠢᠨ ᠪᠦᠲᠦᠭᠡᠨ ᠪᠠᠶᠢᠭᠤᠯᠤᠯᠲᠠ ᠶᠢᠨ ᠲᠢᠩᠬᠢᠮ᠂ ᠰᠣᠶᠣᠯ ᠵᠢᠭᠤᠯᠴᠢᠯᠠᠯ ᠤᠨ ᠲᠢᠩᠬᠢᠮ᠂ ᠪᠡᠶ᠎ᠡ ᠶᠢᠨ ᠲᠠᠮᠢᠷ ᠤᠨ ᠲᠣᠪᠴᠢᠶ᠎ᠠ᠂ ᠡᠮᠡᠭᠲᠡᠶᠢᠴᠦᠳ ᠤᠨ ᠬᠤᠯᠪᠤᠭ᠎ᠠ ᠶᠢᠨ ᠬᠠᠷᠢᠭᠤᠴᠠᠯᠭᠠᠲᠠᠨ ᠨᠥᠬᠦᠳ ᠲᠣᠰ ᠲᠣᠰ ᠬᠠᠷᠢᠭᠤ ᠮᠡᠳᠡᠭᠦᠯᠦᠯᠲᠡ ᠬᠢᠪᠡ᠃ ᠰᠦᠨ ᠱᠤᠤ ᠴᠧᠩ ᠶᠠᠷᠢᠶ᠎ᠠ ᠶᠢ ᠨᠠᠷᠢᠨ ᠬᠢᠨᠠᠮᠠᠭᠠᠢ ᠰᠣᠨᠣᠰᠴᠤ᠂ ᠪᠠᠶᠢᠨ ᠪᠠᠶᠢᠨ ᠬᠤᠯᠪᠣᠭᠳᠠᠯ ᠪᠦᠬᠦᠢ ᠠᠰᠠᠭᠤᠳᠠᠯ ᠤᠨ ᠲᠤᠬᠠᠢ ᠤᠯᠠᠨ ᠲᠠᠢ ᠰᠠᠨᠠᠯ ᠢᠶᠠᠨ ᠰᠣᠯᠢᠯᠴᠠᠵᠤ᠂ ᠬᠡᠳᠦᠨ ᠪᠠᠶᠢᠭᠤᠯᠭ᠎ᠠ ᠨᠢᠭᠡᠴᠢ ᠶᠢᠨ ᠬᠢᠨ ᠢ ᠬᠤᠷᠠᠯ ᠤᠨ ᠳᠠᠷᠠᠭ᠎ᠠ ᠳᠠᠭᠢᠨ ᠭᠦᠨᠵᠡᠭᠡᠢ ᠰᠡᠳᠬᠢᠨ ᠪᠣᠳᠣᠯᠬᠢᠯᠠᠵᠤ᠂ ᠨᠡᠩ ᠨᠠᠷᠢᠯᠢᠭ᠂ ᠨᠡᠩ ᠪᠣᠳᠠᠲᠠᠢ ᠠᠵᠢᠯ ᠤᠨ ᠠᠷᠭ᠎ᠠ ᠬᠡᠮᠵᠢᠶ᠎ᠡ ᠶᠢ ᠰᠤᠳᠤᠯᠤᠨ ᠳᠤᠷᠠᠳᠬᠤ ᠶᠢ ᠱᠠᠭᠠᠷᠳᠠᠪᠠ᠃      ᠰᠦᠨ ᠱᠤᠤ ᠴᠧᠩ ᠶᠠᠷᠢᠶᠠᠨ ᠳᠠᠭᠠᠨ ᠶᠡᠷᠦᠩᠬᠡᠢ ᠱᠦᠵᠢ ᠰᠢ ᠶᠢᠨ ᠫᠢᠩ ᠤᠨ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠲᠤᠬᠠᠢ ᠴᠢᠬᠤᠯᠠ ᠥᠭᠦᠯᠡᠯᠲᠡ ᠵᠢᠴᠢ ᠤᠴᠢᠷ ᠰᠢᠯᠲᠠᠭᠠᠨ ᠢ ᠨᠠᠷᠢᠨ ᠬᠢᠨᠠᠮᠠᠭᠠᠢ ᠡᠮᠬᠢᠳᠬᠡᠪᠡ᠃ ᠲᠡᠷᠡ᠂ ᠥᠪᠥᠷ ᠮᠣᠩᠭᠤᠯ ᠨᠢ ᠶᠡᠷᠦᠩᠬᠡᠢ ᠱᠦᠵᠢ ᠰᠢ ᠶᠢᠨ ᠫᠢᠩ ᠤᠨ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ︽ᠮᠥᠨ ᠴᠤ ᠦᠨᠳᠦᠰᠦᠲᠡᠨ ᠤ ᠭᠠᠵᠠᠷ ᠣᠷᠣᠨ ᠤ ᠡᠯ᠎ᠡ ᠵᠦᠢᠯ ᠤᠨ ᠠᠵᠢᠯ ᠤᠨ ᠭᠤᠣᠯ ᠰᠢᠵᠢᠮ ᠮᠥᠨ︾ ᠭᠡᠬᠦ ᠴᠢᠬᠤᠯᠠ ᠶᠡᠭᠡ ᠨᠤᠲᠠᠯᠠᠯᠲᠠ ᠶᠢ ᠠᠩᠬ᠎ᠠ ᠤᠳᠠᠭ᠎ᠠ ᠳᠤᠷᠠᠳᠤᠭᠰᠠᠨ ᠭᠠᠵᠠᠷ ᠪᠣᠯᠤᠭᠰᠠᠨ ᠤ ᠬᠤᠪᠢ ᠳᠤ ᠵᠠᠪᠠᠯ ᠡᠨᠡ ᠬᠦ ᠭᠤᠣᠯ ᠰᠢᠵᠢᠮ ᠢ ᠪᠦᠭᠦ ᠲᠠᠯ᠎ᠠ ᠪᠠᠷ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠲᠠᠯ᠎ᠠ ᠪᠠᠷ ᠲᠦᠷᠦᠭᠦᠨ ᠳᠤᠨᠢ ᠶᠠᠪᠤᠵᠤ᠂ ᠥᠯᠢᠭᠡᠷ ᠳᠠᠭᠤᠷᠢᠶᠠᠯ ᠪᠤᠯᠬᠤ ᠬᠡᠷᠡᠭᠲᠡᠢ᠃ ᠡᠯ᠎ᠡ ᠭᠠᠵᠠᠷ ᠣᠷᠣᠨ ᠡᠯ᠎ᠡ ᠰᠠᠯᠠᠭ᠎ᠠ ᠮᠥᠴᠢᠷ ᠨᠢᠭᠡᠴᠢ ᠶᠢᠨ ᠬᠢᠨ ᠴᠥᠮ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠦᠨᠳᠦᠰᠦᠨ ᠠᠭᠤᠯᠤᠭᠳᠠᠬᠤᠨ ᠪᠠ ᠦᠢᠯᠡᠳᠦᠯᠭᠡ ᠶᠢᠨ ᠱᠠᠭᠠᠷᠳᠠᠯᠭ᠎ᠠ ᠶᠢ ᠭᠦᠨᠵᠡᠭᠡᠢ ᠰᠤᠷᠤᠯᠴᠠᠨ ᠨᠠᠷᠢᠯᠢᠭ ᠣᠶᠢᠯᠠᠭᠠᠵᠤ᠂ ᠶᠡᠷᠦᠩᠬᠡᠢ ᠱᠦᠵᠢ ᠰᠢ ᠶᠢᠨ ᠫᠢᠩ ᠶᠠᠭᠤᠨ ᠳᠤ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠶᠢ ᠢᠩᠭᠢᠵᠦ ᠳᠡᠭᠡᠳᠦ ᠬᠡᠮᠵᠢᠶ᠎ᠡ ᠪᠠᠷ ᠴᠢᠬᠤᠯᠠᠴᠢᠯᠠᠵᠤ ᠪᠠᠶᠢᠬᠤ᠂ ᠶᠠᠭᠤᠨ ᠳᠤ ᠲᠡᠭᠦᠨ ᠢ ᠰᠢᠨ᠎ᠡ ᠴᠠᠭ ᠦᠶ᠎ᠡ ᠶᠢᠨ ᠨᠠᠮ ᠤᠨ ᠦᠨᠳᠦᠰᠦᠲᠡᠨ ᠤ ᠠᠵᠢᠯ ᠪᠣᠯᠣᠨ ᠦᠨᠳᠦᠰᠦᠲᠡᠨ ᠤ ᠭᠠᠵᠠᠷ ᠣᠷᠣᠨ ᠤ ᠡᠯ᠎ᠡ ᠵᠦᠢᠯ ᠤᠨ ᠠᠵᠢᠯ ᠤᠨ ᠭᠤᠣᠯ ᠱᠤᠭᠤᠮ ᠭᠡᠬᠦ ᠡᠶᠢᠮᠦᠷᠬᠦᠦ ᠥᠨᠳᠥᠷ ᠲᠦᠪᠰᠢᠨ ᠳᠤ ᠬᠦᠷᠭᠡᠭᠰᠡᠨ ᠢ ᠭᠦᠨᠵᠡᠭᠡᠢ ᠣᠶᠢᠯᠠᠭᠠᠵᠤ᠂ ᠲᠡᠷᠡ ᠨᠢ ᠶᠠᠭᠤ ᠪᠤᠯᠬᠤ ᠲᠡᠷᠡ ᠨᠢ ᠶᠠᠭᠠᠬᠢᠭᠠᠳ ᠲᠡᠶᠢᠮᠦ ᠪᠤᠯᠬᠤ ᠶᠢ ᠦᠨᠡᠨ ᠬᠦ ᠮᠡᠳᠡᠵᠦ᠂ ᠭᠤᠣᠯ ᠱᠤᠭᠤᠮ ᠢ ᠪᠦᠭᠦ ᠲᠠᠯ᠎ᠠ ᠪᠠᠷ ᠲᠤᠭᠤᠰᠢᠯᠠᠭᠤᠯᠬᠤ ᠦᠵᠡᠯ ᠤᠬᠠᠮᠰᠠᠷ ᠪᠣᠯᠣᠨ ᠰᠡᠷᠡᠯ ᠤᠬᠠᠮᠰᠠᠷ ᠢᠶᠠᠨ ᠤᠯᠠᠮ ᠴᠢᠨᠠᠭᠰᠢᠳᠠ ᠴᠢᠩᠭᠠᠳᠬᠠᠵᠤ᠂ ᠠᠵᠤ ᠠᠬᠤᠢ ᠶᠢᠨ ᠪᠦᠲᠦᠭᠡᠨ ᠪᠠᠶᠢᠭᠤᠯᠤᠯᠲᠠ᠂ ᠤᠯᠤᠰ ᠲᠦᠷᠦ ᠶᠢᠨ ᠪᠠᠶᠢᠭᠤᠯᠤᠯᠲᠠ᠂ ᠰᠣᠶᠣᠯ ᠤᠨ ᠪᠠᠶᠢᠭᠤᠯᠤᠯᠲᠠ᠂ ᠨᠡᠶᠢᠭᠡᠮ ᠤᠨ ᠪᠠᠶᠢᠭᠤᠯᠤᠯᠲᠠ᠂ ᠠᠮᠢ ᠠᠬᠤᠢ ᠶᠢᠨ ᠪᠣᠯᠪᠠᠰᠤᠨ ᠤ ᠪᠠᠶᠢᠭᠤᠯᠤᠯᠲᠠ ᠪᠠ ᠨᠠᠮ ᠤᠨ ᠪᠠᠶᠢᠭᠤᠯᠤᠯᠲᠠ ᠵᠡᠷᠭᠡ ᠲᠠᠢ ᠴᠥᠮ ᠨᠢᠭᠲᠠ ᠤᠶᠠᠯᠳᠤᠭᠤᠯᠵᠤ᠂ ᠡᠨᠡ ᠭᠤᠣᠯ ᠱᠤᠭᠤᠮ ᠠᠴᠠ ᠥᠴᠥᠬᠡᠨ ᠴᠦ ᠰᠠᠯᠬᠤ ᠦᠭᠡᠢ ᠪᠠᠶᠢᠬᠤ ᠶᠢ ᠪᠠᠲᠤᠯᠠᠬᠤ ᠬᠡᠷᠡᠭᠲᠡᠢ᠃ ᠡᠮᠦᠨᠡᠬᠢ ᠬᠤᠭᠤᠴᠠᠭᠠᠨ ᠤ ᠠᠵᠢᠯ ᠤᠨ ᠰᠠᠭᠤᠷᠢᠨ ᠳᠡᠭᠡᠷ᠎ᠡ ︽ᠭᠤᠷᠪᠠᠨ ᠰᠠᠯᠵᠤ ᠴᠢᠳᠠᠬᠤ ᠦᠭᠡᠢ︾᠂ ︽ᠳᠥᠷᠪᠡ ᠶᠢ ᠬᠠᠮᠲᠤᠳᠬᠠᠬᠤ︾᠂ ︽ᠲᠠᠪᠤᠨ ᠬᠠᠮᠲᠤ ᠶᠢᠨ           ᠲᠠᠨᠢᠯᠲᠠ︾ ᠪᠠ ︽ᠲᠤᠯᠤᠭᠠᠨ ᠲᠠᠯ᠎ᠠ ᠪᠠᠷ ᠵᠢᠱᠢᠶᠡᠴᠢ ᠪᠤᠯᠬᠤ︾ ᠵᠡᠷᠭᠡ ᠲᠠᠯ᠎ᠠ ᠶᠢᠨ ᠱᠠᠭᠠᠷᠳᠠᠯᠭ᠎ᠠ ᠶᠢ ᠬᠡᠷᠬᠢᠨ ᠨᠡᠩ ᠭᠦᠨᠵᠡᠭᠡᠢ ᠪᠣᠳᠠᠲᠠᠢ ᠨᠠᠶᠢᠳᠠᠪᠤᠷᠢᠵᠢᠭᠤᠯᠬᠤ ᠲᠠᠢ ᠨᠢᠭᠲᠠ ᠤᠶᠠᠯᠳᠤᠭᠤᠯᠤᠨ ᠭᠦᠨᠵᠡᠭᠡᠢ ᠰᠡᠳᠬᠢᠨ ᠪᠣᠳᠣᠯᠬᠢᠯᠠᠵᠤ᠂ ᠰᠡᠳᠬᠢᠮᠵᠢ ᠠᠷᠭ᠎ᠠ ᠬᠡᠮᠵᠢᠶ᠎ᠡ ᠪᠠᠨ ᠤᠯᠠᠮ ᠴᠢᠨᠠᠭᠰᠢᠳᠠ ᠨᠠᠷᠢᠯᠢᠭ ᠤᠨᠤᠪᠴᠢᠲᠠᠢ ᠪᠣᠳᠣᠯᠬᠢᠯᠠᠨ ᠲᠥᠯᠥᠪᠵᠢᠭᠦᠯᠵᠦ᠂ ᠭᠤᠣᠯ ᠰᠢᠵᠢᠮ ᠢᠶᠠᠨ ᠡᠯ᠎ᠡ ᠵᠦᠢᠯ ᠤᠨ ᠠᠵᠢᠯ ᠤᠨ ᠪᠦᠭᠦ ᠶᠠᠪᠤᠴᠠ ᠡᠯ᠎ᠡ ᠭᠤᠭᠴᠤᠭ᠎ᠠ ᠳᠤ ᠦᠨᠡᠨ ᠪᠣᠳᠠᠲᠠᠢ ᠨᠠᠶᠢᠳᠠᠪᠤᠷᠢᠵᠢᠭᠤᠯᠬᠤ ᠬᠡᠷᠡᠭᠲᠡᠢ᠃ ᠤᠶᠠᠯᠳᠤᠭᠤᠯᠬᠤ ᠪᠠ ᠠᠭᠤᠰᠤᠯᠴᠠᠭᠤᠯᠬᠤ ᠠᠵᠢᠯ ᠢ ᠰᠡᠳᠬᠢᠯ ᠲᠠᠯᠪᠢᠨ ᠰᠠᠶᠢᠲᠤᠷ ᠬᠢᠵᠦ᠂ ᠭᠤᠣᠯ ᠰᠢᠵᠢᠮ ᠢ ᠲᠤᠭᠤᠰᠢᠯᠠᠭᠤᠯᠬᠤ ᠪᠠ ᠲᠤᠰᠢᠶᠠᠯ ᠬᠠᠷᠢᠭᠤᠴᠠᠯᠭ᠎ᠠ ᠪᠠᠨ ᠭᠦᠢᠴᠡᠳᠬᠡᠬᠦ ᠶᠢ ᠦᠨᠡᠨ ᠬᠦ ᠣᠷᠭᠠᠨᠢᠭ ᠢᠶᠠᠷ ᠨᠢᠭᠡᠳᠬᠡᠵᠦ᠂ ᠭᠤᠣᠯ ᠰᠢᠵᠢᠮ ᠨᠢ ᠭᠤᠣᠯ ᠰᠢᠵᠢᠮ ᠢᠶᠠᠷ  ᠢᠶᠠᠨ᠂ ᠠᠵᠢᠯ ᠨᠢ ᠠᠵᠢᠯ ᠢᠶᠠᠷ ᠢᠶᠠᠨ ᠪᠠᠶᠢᠬᠤ ︽ᠬᠤᠶᠠᠷ ᠠᠰᠲᠠᠭᠠᠨ ᠶᠠᠪᠤᠳᠠᠯ︾ ᠪᠤᠯᠭᠠᠵᠤ ᠪᠤᠯᠬᠤ ᠦᠭᠡᠢ᠂ ᠨᠡᠩ ᠴᠤ ᠬᠤᠭᠤᠰᠤᠨ ᠤᠷᠢᠶ᠎ᠠ ᠬᠠᠰᠬᠢᠷᠤᠨ ᠭᠡᠯᠪᠡᠷᠢ ᠶᠢᠨ ᠲᠡᠳᠦᠢ ᠪᠠᠶᠢᠵᠤ ᠪᠤᠯᠬᠤ ᠦᠭᠡᠢ᠃ ︽ᠬᠠᠮᠲᠤ︾ ᠳᠡᠭᠡᠷ᠎ᠡ ᠬᠦᠴᠦ ᠣᠷᠣᠭᠤᠯᠵᠤ᠂ ᠦᠨᠳᠦᠰᠦᠲᠡᠨ  ᠨᠦᠭᠦᠳ ᠤᠨ ᠬᠠᠮᠲᠤ ᠪᠠᠷ ᠰᠠᠭᠤᠷᠢᠰᠢᠵᠤ ᠬᠠᠮᠲᠤ ᠪᠠᠷ ᠰᠤᠷᠤᠯᠴᠠᠬᠤ᠂ ᠬᠠᠮᠲᠤ ᠪᠠᠷ ᠪᠠᠶᠢᠭᠤᠯᠵᠤ ᠬᠠᠮᠲᠤ ᠪᠠᠷ ᠡᠳ᠋ᠯᠡᠬᠦ᠂ ᠬᠠᠮᠲᠤ ᠪᠠᠷ ᠠᠵᠢᠯᠯᠠᠵᠤ ᠬᠠᠮᠲᠤ ᠪᠠᠷ ᠵᠢᠷᠭᠠᠬᠤ᠂ ᠤᠴᠢᠷ ᠶᠠᠪᠤᠳᠠᠯ ᠢ ᠬᠠᠮᠲᠤ ᠪᠠᠷ ᠬᠢᠬᠦ᠂ ᠬᠦᠴᠢᠷ ᠠᠰᠠᠭᠤᠳᠠᠯ ᠢ ᠬᠠᠮᠲᠤ ᠪᠠᠷ ᠡᠭᠦᠷᠭᠡᠯᠡᠬᠦ᠂ ᠬᠥᠭᠵᠢᠯᠲᠡ ᠶᠢᠨ ᠦᠷ᠎ᠡ ᠪᠦᠲᠦᠭᠡᠯ ᠢ ᠬᠠᠮᠲᠤ ᠪᠠᠷ ᠡᠳ᠋ᠯᠡᠬᠦ ᠶᠢ ᠪᠦᠭᠦ ᠲᠠᠯ᠎ᠠ ᠪᠠᠷ ᠠᠬᠢᠭᠤᠯᠬᠤ ᠬᠡᠷᠡᠭᠲᠡᠢ᠃ ᠤᠮᠠᠷᠠᠲᠤ ᠬᠢᠯᠢ ᠶᠢᠨ ᠰᠣᠶᠣᠯ ᠤᠨ ᠲᠦᠷᠦᠯ ᠲᠡᠮᠳᠡᠭ ᠢ ᠡᠭᠦᠳᠦᠨ ᠰᠠᠶᠢᠲᠤᠷ ᠠᠰᠢᠭᠯᠠᠵᠤ᠂ ᠦᠨᠳᠦᠰᠦᠲᠡᠨ ᠨᠦᠭᠦᠳ ᠤᠨ ᠠᠷᠠᠳ ᠲᠦᠮᠡᠨ ᠤ ᠰᠡᠳᠬᠢᠯ ᠨᠢᠭᠡᠳᠦᠨ ᠵᠣᠷᠢᠭ ᠰᠠᠨᠠᠭ᠎ᠠ ᠪᠠᠨ ᠬᠠᠮᠲᠤᠳᠬᠠᠬᠤ ᠶᠢ ᠨᠡᠩ ᠰᠠᠶᠢᠲᠤᠷ ᠠᠬᠢᠭᠤᠯᠬᠤ ᠬᠡᠷᠡᠭᠲᠡᠢ᠃ ᠬᠤᠯᠪᠣᠭᠳᠠᠯ ᠪᠦᠬᠦᠢ ᠠᠵᠢᠯ ᠤᠨ ᠲᠣᠭᠲᠠᠴᠠ ᠶᠢ ᠪᠦᠷᠢᠨᠰᠢᠭᠦᠯᠦᠨ ᠲᠡᠭᠦᠯᠳᠡᠷᠵᠢᠭᠦᠯᠵᠦ᠂ ᠪᠣᠭᠤᠮᠲᠠ ᠰᠠᠬᠢᠬᠤ ᠶᠢ ᠴᠢᠩᠭᠠᠳᠬᠠᠵᠤ᠂ ᠤᠳᠤᠷᠢᠳᠤᠮᠵᠢ ᠶᠢ ᠪᠦᠷᠢᠯᠳᠦᠭᠦᠯᠵᠦ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ  ᠢ ᠪᠦᠭᠦ ᠲᠠᠯ᠎ᠠ ᠪᠠᠷ ᠲᠤᠭᠤᠰᠢᠯᠠᠭᠤᠯᠤᠨ ᠪᠠᠬᠢᠵᠢᠭᠦᠯᠬᠦ ᠡᠨᠡ ᠬᠦ ᠭᠤᠣᠯ ᠰᠢᠵᠢᠮ ᠢ ᠪᠠᠶᠢᠩᠭᠤ ᠪᠦᠲᠦᠮᠵᠢᠲᠡᠢ ᠪᠠᠷ ᠠᠳᠬᠤᠬᠤ ᠶᠢ ᠦᠨᠡᠨ ᠬᠦ ᠪᠠᠲᠤᠯᠠᠬᠤ ᠬᠡᠷᠡᠭᠲᠡᠢ ᠭᠡᠵᠦ ᠬᠡᠯᠡᠪᠡ᠃      ᠢᠦᠢ ᠯᠢ ᠰᠢᠨ ᠣᠷᠣᠯᠴᠠᠵᠠᠢ᠃
 
ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号