ᠥᠪᠡᠷᠲᠡᠭᠡᠨ ᠵᠠᠰᠠᠬᠤ ᠣᠷᠣᠨ ᠤ ᠰᠤᠷᠭᠠᠨ ᠬᠥᠮᠦᠵᠢᠯ ᠤᠨ ᠲᠢᠩᠬᠢᠮ ᠰᠤᠷᠭᠠᠨ ᠬᠥᠮᠦᠵᠢᠯ ᠤᠨ ᠰᠢᠰᠲ᠋ᠧᠮ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠶᠢ ᠬᠤᠯᠪᠤᠭᠠᠯᠠᠨ ᠳᠠᠭᠠᠭᠠᠴᠢᠯᠠᠵᠤ ᠬᠢᠨᠠᠨ ᠪᠠᠶᠢᠴᠠᠭᠠᠬᠤ ᠠᠵᠢᠯ ᠢ ᠥᠷᠨᠢᠭᠦᠯᠪᠡ
ᠨᠡᠶᠢᠲᠡᠯᠡᠭᠰᠡᠨ ᠴᠠᠭ᠄
2023/2/9
     ᠣᠶᠢᠷ᠎ᠠ ᠳᠤ᠂ ᠥᠪᠡᠷᠲᠡᠭᠡᠨ ᠵᠠᠰᠠᠬᠤ ᠣᠷᠣᠨ ᠤ ᠰᠤᠷᠭᠠᠨ ᠬᠥᠮᠦᠵᠢᠯ ᠤᠨ ᠲᠢᠩᠬᠢᠮ ᠠᠴᠠ ︽ᠪᠥᠬᠦ ᠣᠷᠣᠨ ᠤ ᠰᠤᠷᠭᠠᠨ ᠬᠥᠮᠦᠵᠢᠯ ᠤᠨ ᠰᠢᠰᠲ᠋ᠧᠮ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠶᠢ ᠬᠤᠯᠪᠤᠭᠠᠯᠠᠨ ᠳᠠᠭᠠᠭᠠᠴᠢᠯᠠᠵᠤ ᠬᠢᠨᠠᠨ ᠪᠠᠶᠢᠴᠠᠭᠠᠬᠤ ᠠᠵᠢᠯ ᠢ ᠥᠷᠨᠢᠭᠦᠯᠬᠦ ᠲᠤᠬᠠᠢ ᠮᠡᠳᠡᠭᠳᠡᠯ︾ ᠢ ᠳᠠᠷᠤᠮᠠᠯᠯᠠᠨ ᠲᠠᠷᠬᠠᠭᠠᠵᠤ᠂ ᠲᠢᠩᠬᠢᠮ ᠤᠨ ᠤᠳᠤᠷᠢᠳᠤᠯᠭ᠎ᠠ ᠲᠦᠷᠦᠭᠦᠯᠡᠨ ᠳᠠᠭᠠᠭᠤᠯᠤᠭᠰᠠᠨ 9 ᠬᠤᠯᠪᠤᠭᠠᠯᠠᠨ ᠳᠠᠭᠠᠭᠠᠴᠢᠯᠠᠵᠤ ᠬᠢᠨᠠᠨ ᠪᠠᠶᠢᠴᠠᠭᠠᠬᠤ ᠳᠤᠭᠤᠶᠢᠯᠠᠩ ᠢ ᠪᠠᠶᠢᠭᠤᠯᠵᠤ᠂ ᠰᠦᠯᠵᠢᠶᠡᠨ ᠳᠠᠬᠢ ᠪᠠ ᠰᠦᠯᠵᠢᠶᠡᠨ ᠭᠠᠳᠠᠨᠠᠬᠢ ᠶᠢ ᠤᠶᠠᠯᠳᠤᠭᠤᠯᠬᠤ ᠬᠡᠯᠪᠡᠷᠢ ᠪᠠᠷ ᠪᠥᠬᠦ ᠣᠷᠣᠨ ᠤ ᠡᠯ᠎ᠡ ᠠᠶᠢᠮᠠᠭ ᠬᠤᠲᠠ ᠵᠢᠴᠢ ᠳᠡᠭᠡᠳᠦ ᠰᠤᠷᠭᠠᠭᠤᠯᠢ ᠶᠢᠨ ᠰᠤᠷᠭᠠᠭᠤᠯᠢ ᠡᠬᠢᠯᠡᠬᠦ ᠠᠴᠠ ᠡᠮᠦᠨ᠎ᠡ ᠬᠤᠶᠢᠨᠠᠬᠢ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠢ ᠬᠤᠯᠪᠤᠭᠠᠯᠠᠨ ᠳᠠᠭᠠᠭᠠᠴᠢᠯᠠᠵᠤ ᠬᠢᠨᠠᠨ ᠪᠠᠶᠢᠴᠠᠭᠠᠪᠠ᠃ ᠡᠯ᠎ᠡ ᠬᠤᠯᠪᠤᠭᠠᠯᠠᠨ ᠳᠠᠭᠠᠭᠠᠴᠢᠯᠠᠬᠤ ᠳᠤᠭᠤᠶᠢᠯᠠᠩ ᠤᠨ ᠬᠢᠨ ᠭᠤᠣᠯᠳᠠᠭᠤ ᠰᠢᠨ᠎ᠡ ᠬᠡᠯᠪᠡᠷᠢ ᠶᠢᠨ ᠲᠢᠲᠢᠮᠯᠢᠭ ᠸᠢᠷᠦ᠋ᠰ ᠤᠨ ᠬᠠᠯᠳᠠᠪᠤᠷᠢᠯᠠᠯ ᠳᠤ ︽ᠬᠥᠬᠡᠭᠴᠢᠨ ᠲᠥᠷᠥᠯ ᠲᠤ ᠬᠥᠬᠡᠭᠴᠢᠨ ᠬᠠᠮᠢᠶᠠᠷᠤᠯᠲᠠ︾ ᠶᠢ ᠬᠡᠷᠡᠭᠵᠢᠭᠦᠯᠦᠭᠰᠡᠨ ᠤ ᠳᠠᠷᠠᠭᠠᠬᠢ ᠡᠯ᠎ᠡ ᠭᠠᠵᠠᠷ ᠤᠨ ᠡᠯ᠎ᠡ ᠰᠤᠷᠭᠠᠭᠤᠯᠢ ᠶᠢᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠲᠥᠷᠥ ᠶᠢᠨ ᠪᠣᠳᠣᠯᠭ᠎ᠠ ᠪᠠ ᠲᠥᠰᠦᠯ ᠤᠨ ᠲᠣᠬᠢᠷᠠᠭᠤᠯᠤᠯᠲᠠ᠂ ᠰᠤᠷᠭᠠᠭᠤᠯᠢ ᠶᠢᠨ ᠡᠷᠡᠭᠦᠯ ᠮᠡᠨᠳᠦ ᠶᠢᠨ ᠥᠷᠲᠡᠭᠡᠨ ᠤ ᠪᠥᠲᠥᠭᠡᠨ ᠪᠠᠶᠢᠭᠤᠯᠤᠯᠲᠠ᠂ ᠡᠮ ᠤᠨ ᠵᠦᠢᠯ ᠵᠢᠴᠢ ᠡᠯ᠎ᠡ ᠲᠥᠷᠥᠯ ᠤᠨ ᠬᠢᠵᠢᠭ ᠢ ᠰᠡᠷᠭᠡᠶᠢᠯᠡᠬᠦ ᠡᠳ᠋ ᠪᠣᠳᠠᠰ ᠤᠨ ᠨᠥᠭᠡᠴᠡ᠂ ᠪᠠᠭᠰᠢ ᠰᠤᠷᠤᠭᠴᠢᠳ ᠤᠨ ᠡᠷᠡᠭᠦᠯ ᠮᠡᠨᠳᠦ ᠶᠢᠨ ᠬᠢᠨᠠᠨ ᠪᠠᠶᠢᠴᠠᠭᠠᠯᠲᠠ ᠪᠠ ᠰᠠᠭᠤᠷᠢ ᠡᠪᠡᠳᠴᠢᠨ ᠡᠮᠭᠡᠭ ᠤᠨ ᠵᠢᠭᠰᠠᠭᠠᠨ ᠪᠠᠶᠢᠴᠠᠭᠠᠯᠲᠠ ᠵᠢᠴᠢ ᠰᠤᠷᠭᠠᠭᠤᠯᠢ ᠶᠢᠨ ᠬᠦᠷᠢᠶᠡᠨ ᠤ ᠡᠷᠡᠭᠦᠯ ᠬᠠᠮᠠᠭᠠᠯᠠᠯ ᠤᠨ ᠬᠠᠮᠢᠶᠠᠷᠤᠯᠲᠠ ᠵᠡᠷᠭᠡ ᠦᠢᠯᠡᠴᠢᠯᠡᠭᠡᠨ ᠤ ᠪᠠᠲᠤᠯᠠᠭ᠎ᠠ ᠶᠢ ᠪᠠᠶᠢᠴᠠᠭᠠᠵᠤ᠂ ᠣᠷᠣᠰᠢᠵᠤ ᠪᠠᠶᠢᠭ᠎ᠠ ᠠᠰᠠᠭᠤᠳᠠᠯ ᠳᠤ ᠴᠢᠭᠯᠡᠭᠦᠯᠦᠨ ᠰᠠᠨᠠᠯ ᠪᠠ ᠰᠠᠨᠠᠭᠤᠯᠭ᠎ᠠ ᠳᠤᠷᠠᠳᠤᠨ᠂ ᠴᠡᠭᠴᠡᠯᠡᠨ ᠥᠭᠡᠷᠡᠴᠢᠯᠡᠵᠦ ᠨᠠᠶᠢᠳᠠᠪᠤᠷᠢᠵᠢᠭᠤᠯᠬᠤ ᠶᠢ ᠰᠢᠪᠠᠳᠠᠭᠤᠯᠪᠠ᠃ ᠣᠳᠣᠬᠠᠨ ᠳᠤ ᠡᠯ᠎ᠡ ᠭᠠᠵᠠᠷ ᠤᠨ ᠡᠯ᠎ᠡ ᠰᠤᠷᠭᠠᠭᠤᠯᠢ ᠶᠢᠨ ᠰᠤᠷᠭᠠᠭᠤᠯᠢ ᠡᠬᠢᠯᠡᠬᠦ ᠡᠯ᠎ᠡ ᠵᠦᠢᠯ ᠤᠨ ᠪᠡᠯᠡᠳᠬᠡᠯ ᠠᠵᠢᠯ ᠵᠠᠯᠭᠠᠭ᠎ᠠ ᠪᠠᠷ ᠲᠡᠭᠦᠯᠳᠡᠷᠵᠢᠵᠦ᠂ ᠪᠠᠭᠰᠢ ᠰᠤᠷᠤᠭᠴᠢᠳ ᠤᠨ ᠰᠤᠷᠭᠠᠭᠤᠯᠢ ᠳᠤ ᠪᠤᠴᠠᠬᠤ ᠠᠵᠢᠯ ᠲᠣᠭᠲᠠᠭᠤᠨ ᠪᠥᠭᠡᠳ ᠡᠮᠬᠢ ᠵᠢᠷᠤᠮᠲᠠᠢ ᠶᠠᠪᠤᠭᠳᠠᠵᠤ ᠪᠣᠢ᠃

 
ᠢᠷᠡᠯᠲᠡ᠄ ᠦᠪᠦᠷ ᠮᠣᠩᠭᠤᠯ ᠤᠨ ᠦᠪᠡᠷᠲᠡᠭᠡᠨ ᠵᠠᠰᠠᠬᠤ ᠣᠷᠣᠨ ᠤ ᠰᠤᠷᠭᠠᠨ ᠬᠦᠮᠦᠵᠢᠯ ᠤᠨ ᠲᠢᠩᠬᠢᠮ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号