︽ᠰᠤᠷᠲᠠᠯ ᠢ ᠰᠠᠶᠢᠵᠢᠷᠠᠭᠤᠯᠵᠤ᠂ ᠦᠷ᠎ᠡ ᠪᠦᠲᠦᠮᠵᠢ ᠶᠢ ᠳᠡᠭᠡᠭᠰᠢᠯᠡᠭᠦᠯᠬᠦ︾ ᠳᠤ ᠦᠷᠭᠦᠯᠵᠢᠯᠡᠨ ᠠᠩᠬᠠᠷᠤᠯ ᠬᠠᠨᠳᠤᠭᠤᠯᠬᠤ ᠨᠢ — ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠰᠤᠷᠭᠠᠨ ᠬᠥᠮᠦᠵᠢᠯ ᠤᠨ ᠲᠢᠩᠬᠢᠮ 2023 ᠣᠨ ᠤ ᠰᠤᠷᠭᠠᠨ ᠬᠥᠮᠦᠵᠢᠯ ᠤᠨ ᠰᠢᠰᠲ᠋ᠧᠮ ᠤᠨ ᠠᠯᠪᠠᠨ ᠬᠡᠷ ᠤᠨ ᠡᠷᠬᠢᠯᠡᠭᠴᠢ ᠶᠢᠨ ᠲᠤᠰᠬᠠᠶ ᠰᠡᠳᠦᠪᠲᠦ ᠪᠣᠯᠪᠠᠰᠤᠷᠠᠭᠤᠯᠤᠯ ᠤᠨ ᠠᠩᠭᠢ ᠡᠷᠭᠢᠯᠡᠪᠡ
ᠨᠡᠶᠢᠲᠡᠯᠡᠭᠰᠡᠨ ᠴᠠᠭ᠄
2023/4/14
    ︽ᠰᠤᠷᠲᠠᠯ ᠢ ᠰᠠᠶᠢᠵᠢᠷᠠᠭᠤᠯᠵᠤ᠂ ᠦᠷ᠎ᠡ ᠪᠦᠲᠦᠮᠵᠢ ᠶᠢ ᠳᠡᠭᠡᠭᠰᠢᠯᠡᠭᠦᠯᠬᠦ︾ ᠲᠤᠰᠬᠠᠶ ᠠᠵᠢᠯᠯᠠᠭ᠎ᠠ ᠶᠢ ᠭᠦᠨᠵᠡᠭᠡᠶ ᠬᠡᠷᠡᠭᠵᠢᠭᠦᠯᠵᠦ᠂ ᠰᠤᠷᠭᠠᠨ ᠬᠥᠮᠦᠵᠢᠯ ᠤᠨ ᠴᠢᠨᠠᠷᠯᠢᠭ ᠬᠥᠭᠵᠢᠯᠲᠡ ᠳᠤ ᠦᠢᠯᠡᠴᠢᠯᠡᠬᠦ ᠪᠠᠲᠤᠯᠠᠭᠠᠨ ᠤ ᠴᠢᠳᠠᠪᠤᠷᠢ ᠶᠢᠨ ᠬᠢᠷᠢ ᠲᠦᠪᠰᠢᠨ ᠢ ᠤᠯᠠᠮ ᠨᠢᠭᠡ ᠠᠯᠬᠤᠮ ᠳᠡᠭᠡᠭᠰᠢᠯᠡᠭᠦᠯᠬᠦ ᠶᠢᠨ ᠲᠥᠯᠥᠭᠡ᠂ 4 ᠰᠠᠷ᠎ᠠ ᠶᠢᠨ 13 ᠤ ᠡᠳᠦᠷ᠂ ᠪᠥᠬᠦ ᠣᠷᠣᠨ ᠤ ᠰᠤᠷᠭᠠᠨ ᠬᠥᠮᠦᠵᠢᠯ ᠤᠨ ᠰᠢᠰᠲ᠋ᠧᠮ ᠤᠨ ᠠᠯᠪᠠᠨ ᠬᠡᠷ ᠤᠨ ᠡᠷᠬᠢᠯᠡᠭᠴᠢ ᠶᠢᠨ ᠲᠤᠰᠬᠠᠶ ᠰᠡᠳᠦᠪᠲᠦ ᠪᠣᠯᠪᠠᠰᠤᠷᠠᠭᠤᠯᠤᠯ ᠤᠨ ᠠᠩᠭᠢ ᠵᠧᠵᠢᠶᠠᠩ ᠶᠡᠭᠡ ᠰᠤᠷᠭᠠᠭᠤᠯᠢ ᠳᠤ ᠬᠢᠴᠢᠶᠡᠯ ᠡᠬᠢᠯᠡᠵᠦ᠂ ᠵᠧᠵᠢᠶᠠᠩ ᠶᠡᠭᠡ ᠰᠤᠷᠭᠠᠭᠤᠯᠢ ᠶᠢᠨ ᠦᠷᠭᠦᠯᠵᠢᠯᠡᠯ ᠰᠤᠷᠭᠠᠨ ᠬᠥᠮᠦᠵᠢᠯ ᠤᠨ ᠳᠡᠭᠡᠳᠦ ᠰᠤᠷᠭᠠᠭᠤᠯᠢ ᠶᠢᠨ ᠨᠠᠮ ᠤᠨ ᠬᠤᠷᠢᠶᠠᠨ ᠤ ᠱᠦᠵᠢ ᠪᠥᠭᠡᠳ ᠳᠡᠳ᠋ ᠵᠠᠬᠢᠷᠤᠯ᠂ ᠪᠥᠬᠦ ᠤᠯᠤᠰ ᠤᠨ ᠺᠠᠳ᠋ᠷ ᠤᠨ ᠰᠤᠷᠭᠠᠨ ᠬᠥᠮᠦᠵᠢᠯ ᠤᠨ ᠪᠣᠯᠪᠠᠰᠤᠷᠠᠭᠤᠯᠤᠯ ᠤᠨ ᠵᠧᠵᠢᠶᠠᠩ ᠶᠡᠭᠡ ᠰᠤᠷᠭᠠᠭᠤᠯᠢ ᠶᠢᠨ ᠰᠠᠭᠤᠷᠢᠨ ᠭᠠᠵᠠᠷ ᠤᠨ ᠪᠠᠶᠢᠩᠭᠤ ᠶᠢᠨ ᠳᠡᠳ᠋ ᠡᠷᠬᠢᠯᠡᠭᠴᠢ ᠬᠤ᠋ ᠸᠧᠶ ᠬᠢᠴᠢᠶᠡᠯ ᠡᠬᠢᠯᠡᠬᠦ ᠶᠣᠰᠣᠯᠠᠯ ᠳᠤ ᠣᠷᠣᠯᠴᠠᠭᠰᠠᠨ ᠪᠥᠭᠡᠳ ᠪᠠᠶᠠᠷ ᠤᠨ ᠦᠭᠡ ᠬᠡᠯᠡᠵᠦ᠂ ᠥᠪᠡᠷᠲᠡᠭᠡᠨ ᠵᠠᠰᠠᠬᠤ ᠣᠷᠣᠨ ᠤ ᠰᠤᠷᠭᠠᠨ ᠬᠥᠮᠦᠵᠢᠯ ᠤᠨ ᠲᠢᠩᠬᠢᠮ ᠤᠨ ᠬᠤᠶᠠᠳᠤᠭᠠᠷ ᠳᠡᠰ ᠤᠨ ᠲᠣᠭᠤᠷᠢᠨ ᠪᠠᠶᠢᠴᠠᠭᠠᠭᠴᠢ ᠵᠢᠶᠠ ᠶᠦᠨ ᠳᠠᠶᠢᠴᠢᠯᠠᠯᠲᠠ ᠶᠢᠨ ᠶᠠᠷᠢᠶ᠎ᠠ ᠲᠠᠯᠪᠢᠪᠠ᠃

     ᠬᠤᠷᠠᠯ ᠠᠴᠠ᠂ ᠠᠯᠪᠠᠨ ᠭᠡᠷ ᠤᠨ ᠰᠠᠯᠠᠭ᠎ᠠ ᠮᠥᠴᠢᠷ ᠤᠨ ᠬᠢᠨ ᠶᠡᠷᠦᠩᠬᠡᠢ ᠱᠦᠵᠢ ᠰᠢ ᠶᠢᠨ ᠫᠢᠩ ᠤᠨ

︽ᠲᠠᠪᠤ ᠶᠢ ᠪᠠᠷᠢᠮᠲᠠᠯᠠᠬᠤ︾ ᠴᠢᠬᠤᠯᠠ ᠱᠠᠭᠠᠷᠳᠠᠯᠭ᠎ᠠ ᠶᠢ ᠦᠨᠡᠨᠴᠢ ᠰᠢᠳᠤᠷᠭᠤ ᠪᠠᠷ ᠦᠢᠯᠡᠳᠦᠯᠭᠡᠵᠢᠭᠦᠯᠵᠦ᠂ ᠨᠠᠮ ᠤᠨ

ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠭᠦᠨᠵᠡᠭᠡᠢ ᠰᠤᠷᠤᠯᠴᠠᠨ ᠲᠤᠭᠤᠰᠢᠯᠠᠭᠤᠯᠵᠤ᠂ ᠰᠤᠷᠭᠠᠨ

ᠬᠥᠮᠦᠵᠢᠯ ᠤᠨ ᠰᠢᠨ᠎ᠡ ᠲᠡᠦᠬᠡᠨ ᠣᠷᠣᠨ ᠪᠠᠶᠢᠷᠢ ᠪᠣᠯᠤᠨ ᠨᠡᠶᠢᠭᠡᠮ ᠵᠢᠷᠤᠮᠲᠤ ᠣᠳᠣᠬᠢᠴᠢᠯᠠᠭᠰᠠᠨ ᠬᠦᠴᠦᠷᠬᠡᠭ

ᠤᠯᠤᠰ ᠢ ᠪᠦᠳᠦᠭᠡᠨ ᠪᠠᠶᠢᠭᠤᠯᠬᠤ ᠠᠴᠠ ᠣᠯᠭᠤᠭᠰᠠᠨ ᠰᠤᠷᠭᠠᠨ ᠬᠥᠮᠦᠵᠢᠯ ᠤᠨ ᠲᠡᠦᠬᠡᠲᠦ ᠡᠭᠦᠷᠭᠡ ᠶᠢ ᠭᠦᠨᠵᠡᠭᠡᠢ

ᠡᠵᠡᠮᠳᠡᠬᠦ ᠬᠡᠷᠡᠭᠲᠡᠢ᠃ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ

ᠵᠢᠷᠤᠮ ᠤᠨ ᠦᠵᠡᠯ ᠰᠠᠨᠠᠭ᠎ᠠ ᠶᠢ ᠰᠤᠷᠤᠯᠴᠠᠨ ᠲᠤᠭᠤᠰᠢᠯᠠᠭᠤᠯᠬᠤ ᠭᠤᠣᠯ ᠰᠡᠳᠦᠪᠲᠦ ᠬᠥᠮᠦᠵᠢᠯ ᠢ ᠥᠷᠨᠢᠭᠦᠯᠬᠦ ᠪᠠᠷ

ᠲᠣᠬᠢᠶᠠᠯ ᠪᠣᠯᠭᠠᠨ᠂ ᠤᠨᠤᠯ ᠤᠨ ᠰᠤᠷᠤᠯᠴᠠᠯᠭ᠎ᠠ ᠶᠢ ᠪᠦᠬᠦ ᠲᠠᠯ᠎ᠠ ᠪᠠᠷ ᠴᠢᠩᠭᠠᠳᠬᠠᠵᠤ᠂ ᠪᠠᠶᠢᠴᠠᠭᠠᠨ ᠰᠤᠳᠤᠯᠤᠯᠲᠠ ᠶᠢ

ᠨᠠᠷᠢᠨ ᠬᠢᠨᠠᠮᠠᠭᠠᠢ ᠵᠣᠬᠢᠶᠠᠨ ᠪᠠᠶᠢᠭᠤᠯᠤᠨ ᠥᠷᠨᠢᠭᠦᠯᠵᠦ᠂ ᠰᠤᠷᠭᠠᠨ ᠬᠥᠮᠦᠵᠢᠯ ᠤᠨ ᠬᠦᠷᠢᠶᠡᠨ ᠳᠠᠬᠢ ᠠᠷᠠᠳ ᠤᠯᠠᠨ ᠤ

ᠪᠠᠴᠢᠮᠳᠠᠯ᠂ ᠬᠦᠴᠢᠷᠳᠡᠯ᠂ ᠵᠣᠪᠠᠨᠢᠯ᠂ ᠡᠷᠡᠮᠡᠯᠵᠡᠯ ᠤᠨ ᠠᠰᠠᠭᠤᠳᠠᠯ ᠢ ᠬᠦᠴᠦᠯᠡᠨ ᠰᠢᠢᠳᠪᠦᠷᠢᠯᠡᠬᠦ ᠬᠡᠷᠡᠭᠲᠡᠢ᠃ ︽ᠲᠠᠪᠤᠨ

ᠵᠦᠢᠯ ᠤᠨ ᠴᠢᠳᠠᠪᠤᠷᠢ︾ ᠶᠢ ᠳᠡᠭᠡᠭᠰᠢᠯᠡᠭᠦᠯᠬᠦ ᠳᠡᠭᠡᠷ᠎ᠡ ᠦᠷᠭᠦᠯᠵᠢᠯᠡᠨ ᠬᠦᠴᠦ ᠲᠠᠯᠪᠢᠵᠤ᠂ ︽ᠳᠥᠷᠪᠡᠨ ᠬᠠᠮᠤᠭ ᠨᠢᠭᠡ

ᠲᠥᠪ︾ ᠤᠨ ᠪᠠᠶᠢᠷᠢ ᠲᠣᠭᠲᠠᠭᠠᠯᠲᠠ ᠳᠤ ᠰᠠᠭᠤᠷᠢᠯᠠᠨ᠂ ︽ᠰᠤᠷᠲᠠᠯ ᠢ ᠰᠠᠶᠢᠵᠢᠷᠠᠭᠤᠯᠬᠤ᠂ ᠦᠷ᠎ᠡ ᠪᠦᠲᠦᠮᠵᠢ ᠶᠢ

ᠳᠡᠭᠡᠭᠰᠢᠯᠡᠭᠦᠯᠬᠦ︾ ᠲᠤᠰᠬᠠᠶ ᠠᠵᠢᠯᠯᠠᠭ᠎ᠠ ᠶᠢ ᠭᠦᠨᠵᠡᠭᠡᠶ ᠬᠡᠷᠡᠭᠵᠢᠭᠦᠯᠵᠦ᠂ ᠰᠢᠪᠠᠳᠠᠭᠤᠯᠤᠨ ᠪᠠᠶᠢᠴᠠᠭᠠᠵᠤ

ᠰᠢᠪᠠᠳᠠᠭᠤᠯᠤᠨ ᠭᠦᠢᠴᠡᠳᠭᠡᠬᠦ᠂ ᠵᠠᠰᠠᠭ ᠤᠨ ᠶᠠᠪᠤᠳᠠᠯ ᠤᠨ ᠮᠡᠳᠡᠭᠡ ᠵᠠᠩᠭᠢ᠂ ᠰᠤᠷᠭᠠᠨ ᠬᠥᠮᠦᠵᠢᠯ ᠤᠨ ᠮᠡᠳᠡᠭᠡ

ᠵᠠᠩᠭᠢᠴᠢᠯᠠᠯᠲᠠ ᠵᠡᠷᠭᠡ ᠭᠤᠤᠯᠳᠠᠯᠭ᠎ᠠ ᠲᠠᠢ ᠠᠵᠢᠯ ᠤᠨ ᠴᠢᠨᠠᠷ ᠴᠢᠨᠰᠠᠭ᠎ᠠ ᠦᠷ᠎ᠡ ᠪᠦᠲᠦᠮᠵᠢ ᠶᠢ ᠦᠨᠡᠨ ᠬᠦ

ᠳᠡᠭᠡᠭᠰᠢᠯᠡᠭᠦᠯᠵᠦ᠂ ᠰᠤᠷᠤᠯᠴᠠᠯᠭ᠎ᠠ ᠶᠢᠨ ᠦᠷ᠎ᠡ ᠪᠦᠲᠦᠮᠵᠢ ᠶᠢ ︽ᠲᠠᠪᠤᠨ ᠶᠡᠭᠡ ᠡᠭᠦᠷᠭᠡ︾ ᠪᠠ ︽ᠵᠢᠱᠢᠶᠡᠴᠢ

ᠥᠪᠡᠷᠲᠡᠭᠡᠨ ᠵᠠᠰᠠᠬᠤ ᠣᠷᠣᠨ︾ ᠢ ᠪᠥᠬᠦ ᠲᠠᠯ᠎ᠠ ᠪᠠᠷ ᠪᠥᠲᠥᠭᠡᠨ ᠪᠠᠶᠢᠭᠤᠯᠬᠤ ᠡᠨᠡ ᠬᠤᠶᠠᠷ ᠶᠡᠭᠡ ᠶᠠᠪᠤᠳᠠᠯ ᠢ

ᠰᠠᠶᠢᠲᠤᠷ ᠪᠡᠶᠡᠯᠡᠭᠦᠯᠬᠦ  ᠴᠢᠳᠠᠪᠤᠷᠢ ᠪᠣᠯᠭᠠᠨ ᠬᠤᠪᠢᠷᠠᠭᠤᠯᠬᠤ ᠪᠠᠷ ᠴᠢᠷᠮᠠᠶᠢᠬᠤ ᠬᠡᠷᠡᠭᠲᠡᠶ ᠭᠡᠵᠦ ᠱᠠᠭᠠᠷᠳᠠᠪᠠ᠃

     ᠡᠨᠡ ᠤᠳᠠᠭᠠᠨ ᠤ ᠪᠣᠯᠪᠠᠰᠤᠷᠠᠭᠤᠯᠤᠯ 3 ᠡᠳᠦᠷ ᠤᠨ ᠬᠤᠭᠤᠴᠠᠭ᠎ᠠ ᠲᠠᠢ᠂ ᠬᠢᠴᠢᠶᠡᠯ ᠤᠨ ᠠᠭᠤᠯᠭ᠎ᠠ ᠪᠠᠶᠠᠯᠢᠭ᠂

ᠭᠤᠭᠴᠤᠭ᠎ᠠ ᠠᠪᠴᠠᠯᠳᠤᠩᠭᠤᠢ ᠪᠠᠶᠢᠵᠤ᠂ ᠲᠤᠰᠬᠠᠶ ᠮᠡᠷᠭᠡᠵᠢᠯᠲᠡᠨ ᠤ ᠲᠠᠶᠢᠯᠤᠮᠵᠢ᠂ ᠦᠢᠯᠡᠳᠦᠯᠭᠡ ᠶᠢᠨ ᠵᠢᠭᠠᠨ

ᠰᠤᠷᠭᠠᠯᠲᠠ ᠪᠠ ᠰᠤᠳᠤᠯᠤᠨ ᠶᠠᠷᠢᠯᠴᠠᠵᠤ ᠰᠣᠯᠢᠯᠴᠠᠬᠤ ᠶᠢ ᠤᠶᠠᠯᠳᠤᠭᠤᠯᠤᠨ᠂ ᠵᠧᠵᠢᠶᠠᠩ ᠶᠡᠭᠡ ᠰᠤᠷᠭᠠᠭᠤᠯᠢ ᠶᠢᠨ

ᠬᠢᠴᠢᠶᠡᠯ ᠤᠨ ᠦᠵᠡᠯ ᠰᠠᠨᠠᠭ᠎ᠠ ᠤᠯᠤᠰ ᠲᠥᠷᠥ ᠶᠢᠨ ᠠᠵᠢᠯ ᠤᠨ ᠭᠠᠵᠠᠷ ᠤᠨ ᠡᠷᠬᠢᠯᠡᠭᠴᠢ ᠱᠧᠨ ᠸᠧᠨ ᠬᠤᠸᠠ᠂

ᠵᠧᠵᠢᠶᠠᠩ ᠮᠤᠵᠢ ᠶᠢᠨ ᠨᠡᠶᠢᠭᠡᠮ ᠤᠨ ᠰᠢᠨᠵᠢᠯᠡᠬᠦ ᠤᠬᠠᠭᠠᠨ ᠤ ᠬᠦᠷᠢᠶᠡᠯᠡᠩ ᠤᠨ ᠳᠡᠳ᠋ ᠳᠠᠷᠤᠭ᠎ᠠ ᠵᠠ ᡁᠢ ᠴᠢᠶᠠᠩ

ᠵᠡᠷᠭᠡ ᠲᠤᠰᠬᠠᠶ ᠮᠡᠷᠭᠡᠵᠢᠯᠲᠡᠨ ᠡᠷᠳᠡᠮᠲᠡᠨ ᠢ ᠤᠷᠢᠵᠤ᠂ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ

ᠰᠠᠨᠠᠭᠠᠨ ᠤ ᠲᠣᠭᠤᠷᠢᠨ ᠳᠤ ᠰᠤᠷᠭᠠᠨ ᠬᠥᠮᠦᠵᠢᠯ ᠤᠨ ᠬᠦᠴᠦᠷᠬᠡᠭ ᠤᠯᠤᠰ ᠢ ᠪᠦᠲᠦᠭᠡᠨ ᠪᠠᠶᠢᠭᠤᠯᠬᠤ ᠲᠤᠬᠠᠶ

ᠲᠠᠶᠢᠯᠤᠮᠵᠢ᠂ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢ ᠤᠷᠢᠳ ᠢᠶᠠᠷ ᠬᠠᠶᠢᠬᠤ᠂ ᠬᠢᠮᠡᠯ ᠣᠶᠤᠨ ᠤ

ᠰᠢᠨ᠎ᠡ ᠶᠢ ᠡᠭᠦᠳᠬᠦ ᠬᠥᠭᠵᠢᠯᠲᠡ ᠵᠡᠷᠭᠡ ᠲᠠᠯ᠎ᠠ ᠪᠠᠷ ᠬᠢᠴᠢᠶᠡᠯ ᠣᠷᠣᠵᠤ᠂ ᠠᠯᠪᠠᠨ ᠭᠡᠷ ᠤᠨ ︽ᠭᠤᠷᠪᠠ ᠳᠤ

ᠦᠢᠯᠡᠴᠢᠯᠡᠬᠦ︾ ᠬᠢᠷᠢ ᠲᠦᠪᠰᠢᠨ ᠢ ᠦᠨᠡᠨ ᠬᠦ ᠳᠡᠭᠡᠭᠰᠢᠯᠡᠭᠦᠯᠦᠨ᠂ ᠵᠠᠰᠠᠭ ᠤᠨ ᠶᠠᠪᠤᠳᠠᠯ ᠳᠤ ᠳᠤᠰᠠᠯᠠᠵᠤ ᠵᠦᠪᠯᠡᠬᠦ᠂

ᠡᠯ᠎ᠡ ᠲᠠᠯ᠎ᠠ ᠶᠢ ᠵᠣᠬᠢᠴᠠᠭᠤᠯᠬᠤ᠂ ᠨᠢᠭᠡᠳᠦᠯᠲᠡᠶ ᠲᠥᠯᠥᠪᠯᠡᠨ ᠨᠠᠶᠢᠳᠠᠪᠤᠷᠢᠵᠢᠭᠤᠯᠬᠤ ᠴᠢᠬᠤᠯᠠ ᠵᠠᠩᠭᠢᠯᠠᠭ᠎ᠠ ᠶᠢᠨ

ᠦᠢᠯᠡᠳᠦᠯ ᠢ ᠨᠡᠩ ᠪᠠᠳᠠᠷᠠᠭᠤᠯᠪᠠ᠃

     ᠪᠦᠬᠦ ᠣᠷᠣᠨ ᠤ ᠡᠯ᠎ᠡ ᠠᠶᠢᠮᠠᠭ ᠬᠤᠲᠠ ᠶᠢᠨ ᠰᠤᠷᠭᠠᠨ ᠬᠥᠮᠦᠵᠢᠯ ︵ᠰᠤᠷᠭᠠᠨ ᠬᠥᠮᠦᠵᠢᠯ ᠪᠡᠶ᠎ᠡ ᠶᠢᠨ ᠲᠠᠮᠢᠷ︶

 ᠤᠨ ᠲᠣᠪᠴᠢᠶ᠎ᠠ᠂ ᠡᠯ᠎ᠡ ᠳᠡᠭᠡᠳᠦ ᠰᠤᠷᠭᠠᠭᠤᠯᠢ᠂ ᠰᠤᠷᠭᠠᠨ ᠬᠥᠮᠦᠵᠢᠯ ᠤᠨ ᠲᠢᠩᠬᠢᠮ ᠤᠨ ᠰᠢᠭᠤᠳ ᠬᠠᠷᠢᠶ᠎ᠠ ᠠᠵᠢᠯ

ᠦᠢᠯᠡᠰ ᠤᠨ ᠨᠢᠭᠡᠴᠢ ᠶᠢᠨ ᠠᠯᠪᠠᠨ ᠭᠡᠷ ᠤᠨ ᠡᠷᠬᠢᠯᠡᠭᠴᠢ 80 ᠭᠠᠷᠤᠶ ᠬᠥᠮᠦᠨ ᠪᠣᠯᠪᠠᠰᠤᠷᠠᠭᠤᠯᠤᠯ ᠳᠤ ᠣᠷᠣᠯᠴᠠᠪᠠ᠃

 
ᠢᠷᠡᠯᠲᠡ᠄ ᠦᠪᠦᠷ ᠮᠣᠩᠭᠤᠯ ᠤᠨ ᠦᠪᠡᠷᠲᠡᠭᠡᠨ ᠵᠠᠰᠠᠬᠤ ᠣᠷᠣᠨ ᠤ ᠰᠤᠷᠭᠠᠨ ᠬᠦᠮᠦᠵᠢᠯ ᠤᠨ ᠲᠢᠩᠬᠢᠮ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号