ᠰᠤᠷᠪᠤᠯᠵᠢᠯᠠᠭ᠍ᠴᠢ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠡᠳ᠋᠎ᠦᠨ ᠵᠠᠰᠠᠭ᠎ᠤᠨ ᠲᠢᠩᠬᠢᠮ᠎ᠡᠴᠡ ᠣᠢᠯᠠᠭᠠᠭᠰᠠᠨ᠎ᠢᠶᠠᠷ᠂ ᠣᠢᠷ᠎ᠠ᠎ᠳᠤ ᠥᠪᠡᠷᠲᠡᠭᠡᠨ ᠵᠠᠰᠠᠬᠤ ᠣᠷᠣᠨ᠎ᠤ ᠡᠳ᠋᠎ᠦᠨ ᠵᠠᠰᠠᠭ᠎ᠤᠨ ᠲᠢᠩᠬᠢᠮ ᠨᠢ ᠥᠪᠡᠷᠲᠡᠭᠡᠨ ᠵᠠᠰᠠᠬᠤ ᠣᠷᠣᠨ᠎ᠤ ᠰᠢᠨᠵᠢᠯᠡᠬᠦ ᠤᠬᠠᠭᠠᠨ ᠲᠸᠭ᠌ᠨᠢᠭ᠌ ᠮᠡᠷᠭᠡᠵᠢᠯ᠎ᠦᠨ ᠲᠢᠩᠬᠢᠮ ᠯᠦ᠍ᠭᠡ ᠬᠠᠮᠲᠤᠷᠠᠨ ᠤᠯᠤᠰ᠎ᠤᠨ ᠡᠪᠡᠰᠦᠨ᠎ᠦ ᠦᠢᠯᠡᠰ᠎ᠦᠨ ᠮᠡᠷᠭᠡᠵᠢᠯᠦᠨᠰᠢᠨᠡᠶᠢ ᠡᠭᠦᠳᠬᠦ ᠲᠥᠪ᠎ᠦᠨ 2025 ᠣᠨ᠎ᠤ ᠰᠢᠨ᠎ᠡ᠎ᠶᠢ ᠡᠭᠦᠳᠬᠦ ᠴᠢᠳᠠᠪᠤᠷᠢ᠎ᠶᠢᠨ ᠪᠠᠢᠭᠤᠯᠤᠯᠲᠠ᠎ᠶᠢᠨ ᠪᠡᠯᠡ ᠮᠥᠩᠭᠥ᠎ᠶᠢ 1 ᠳ᠋ᠦᠩᠰᠢᠭᠤᠷ ᠲᠥᠭᠥᠷᠢᠭ ᠪᠠᠭᠤᠯᠭᠠᠭᠰᠠᠨ ᠪᠥᠭᠡᠳ ᠰᠢᠨᠵᠢᠯᠡᠬᠦ ᠤᠬᠠᠭᠠᠨ ᠲᠸᠭ᠌ᠨᠢᠭ᠌ ᠮᠡᠷᠭᠡᠵᠢᠯ᠎ᠦᠨ ᠦᠷ᠎ᠡ ᠪᠦᠲᠦᠭᠡᠯ᠎ᠦᠨ ᠤᠯᠠᠷᠢᠭᠤᠯᠤᠯᠲᠠ᠎ᠶᠢᠨ 《 ᠡᠴᠦᠰ᠎ᠦᠨ ᠨᠢᠭᠡ ᠺᠢᠯᠣᠮᠧᠲᠷ 》᠎ᠤᠨ ᠬᠦᠴᠢᠷ ᠠᠰᠠᠭᠤᠳᠠᠯ᠎ᠢ ᠰᠢᠢᠳᠪᠦᠷᠢᠯᠡᠨ᠂ ᠠᠵᠤ ᠦᠢᠯᠡᠰ᠎ᠦᠨ ᠬᠡᠯᠬᠢᠶ᠎ᠡ᠂ ᠰᠢᠨ᠎ᠡ᠎ᠶᠢ ᠡᠭᠦᠳᠬᠦ ᠬᠡᠯᠬᠢᠶ᠎ᠡ᠂ ᠥᠷᠲᠡᠭ᠎ᠦᠨ ᠬᠡᠯᠬᠢᠶ᠎ᠡ᠂ ᠴᠢᠳᠠᠪᠤᠷᠢᠲᠠᠨ᠎ᠤ ᠬᠡᠯᠬᠢᠶ᠎ᠡ᠂ ᠮᠥᠩᠭᠥᠨ ᠭᠦᠢᠯᠭᠡᠭᠡᠨ᠎ᠦ ᠬᠡᠯᠬᠢᠶ᠎ᠡ᠎ᠶᠢ ᠵᠣᠯᠭᠠᠭᠤᠯᠵᠤ᠂ ᠡᠪᠡᠰᠦᠨ᠎ᠦ ᠦᠢᠯᠡᠰ᠎ᠦᠨ ᠰᠢᠨ᠎ᠡ ᠴᠢᠨᠠᠷ᠎ᠤᠨ ᠦᠢᠯᠡᠳᠪᠦᠷᠢᠯᠡᠯ᠎ᠦᠨ ᠬᠦᠴᠦᠨ᠎ᠢ ᠬᠠᠮᠵᠢᠯᠴᠠᠨ ᠪᠣᠢᠵᠢᠭᠤᠯᠬᠤ᠎ᠪᠠᠷ ᠵᠣᠷᠢᠯᠭ᠎ᠠ᠎ᠪᠡᠨ ᠪᠣᠯᠭᠠᠭᠰᠠᠨ ᠪᠠᠢᠨ᠎ᠠ ᠃
ᠡᠪᠡᠰᠦᠨ᠎ᠦ ᠠᠵᠤ ᠦᠢᠯᠡᠰ ᠨᠢ ᠤᠯᠤᠰ᠎ᠤᠨ ᠠᠮᠢ ᠠᠬᠤᠢ᠎ᠶᠢᠨ ᠠᠮᠤᠷ ᠲᠦᠪᠰᠢᠨ᠂ ᠦᠷ᠎ᠡ᠎ᠶᠢᠨ ᠦᠢᠯᠡᠰ᠎ᠦᠨ ᠠᠮᠤᠷ ᠲᠦᠪᠰᠢᠨ᠂ ᠠᠮᠤ ᠪᠤᠳᠠᠭᠠᠨ᠎ᠤ ᠠᠮᠤᠷ ᠲᠦᠪᠰᠢᠨ ᠪᠠ ᠬᠥᠳᠡᠭᠡ ᠲᠣᠰᠬᠣᠨ᠎ᠢ ᠪᠦᠬᠦ ᠲᠠᠯ᠎ᠠ᠎ᠪᠠᠷ ᠬᠥᠭᠵᠢᠭᠦᠯᠦᠨ ᠮᠠᠨᠳᠤᠭᠤᠯᠬᠤ᠎ᠳᠤ ᠬᠣᠯᠪᠣᠭᠳᠠᠵᠤ ᠪᠠᠢᠳᠠᠭ᠃ ᠣᠢᠯᠠᠭᠠᠭᠰᠠᠨ᠎ᠢᠶᠠᠷ᠂ ᠣᠢᠷ᠎ᠠ᠎ᠶᠢᠨ ᠵᠢᠯ᠎ᠦᠳ᠎ᠲᠦ᠂ ᠥᠪᠡᠷᠲᠡᠭᠡᠨ ᠵᠠᠰᠠᠬᠤ ᠣᠷᠣᠨ᠎ᠤ ᠡᠳ᠋᠎ᠦᠨ ᠵᠠᠰᠠᠭ ᠨᠢ ᠤᠯᠤᠰ᠎ᠤᠨ ᠡᠪᠡᠰᠦᠨ᠎ᠦ ᠦᠢᠯᠡᠰ᠎ᠦᠨ ᠮᠡᠷᠭᠡᠵᠢᠯᠦᠨᠰᠢᠨᠡᠶᠢ ᠡᠭᠦᠳᠬᠦ ᠲᠥᠪ᠎ᠦᠨ ᠨᠤᠲᠤᠭ᠎ᠤᠨ ᠡᠪᠡᠰᠦᠨ᠎ᠦ ᠲᠥᠷᠥᠯ᠎ᠢ ᠪᠣᠢᠵᠢᠭᠤᠯᠬᠤ᠎ᠶᠢ ᠶᠡᠬᠡᠪᠡᠷ ᠳᠡᠮᠵᠢᠵᠦ᠂ ᠠᠮᠢ ᠠᠬᠤᠢ᠎ᠶᠢᠨ ᠰᠡᠷᠭᠦᠯᠲᠡ᠎ᠳᠦ ᠬᠦᠴᠦᠨ ᠨᠡᠮᠡᠷᠢᠯᠡᠨ᠂ ᠳᠤᠮᠳᠠᠳᠤ ᠤᠯᠤᠰ᠎ᠤᠨ ᠡᠪᠡᠰᠦᠨ᠎ᠦ ᠲᠥᠷᠥᠯ᠎ᠢᠶᠡᠷ ᠳᠤᠮᠳᠠᠳᠤ ᠤᠯᠤᠰ᠎ᠤᠨ ᠲᠠᠯ᠎ᠠ ᠨᠤᠲᠤᠭ᠎ᠢ ᠪᠠᠶᠠᠯᠢᠭ᠍ᠵᠢᠭᠤᠯᠵᠤ ᠪᠠᠢᠨ᠎ᠠ᠃ ᠰᠢᠨᠵᠢᠯᠡᠬᠦ ᠤᠬᠠᠭᠠᠨ ᠲᠸᠭ᠌ᠨᠢᠭ᠌ ᠮᠡᠷᠭᠡᠵᠢᠯ᠎ᠦᠨ ᠦᠷ᠎ᠡ ᠪᠦᠲᠦᠭᠡᠯ᠎ᠦᠨ ᠤᠯᠠᠷᠢᠭᠤᠯᠤᠯᠲᠠ᠎ᠶᠢᠨ 《 ᠡᠴᠦᠰ᠎ᠦᠨ ᠨᠢᠭᠡ ᠺᠢᠯᠣᠮᠧᠲᠷ 》᠎ᠢ ᠨᠡᠪᠲᠡᠷᠡᠭᠦᠯᠬᠦ᠎ᠶᠢᠨ ᠲᠥᠯᠥᠭᠡ᠂ ᠥᠪᠡᠷᠲᠡᠭᠡᠨ ᠵᠠᠰᠠᠬᠤ ᠣᠷᠣᠨ᠎ᠤ ᠡᠳ᠋᠎ᠦᠨ ᠵᠠᠰᠠᠭ ᠨᠢ ᠤᠯᠤᠰ᠎ᠤᠨ ᠡᠪᠡᠰᠦᠨ᠎ᠦ ᠦᠢᠯᠡᠰ᠎ᠦᠨ ᠮᠡᠷᠭᠡᠵᠢᠯᠦᠨᠰᠢᠨᠡᠶᠢ ᠡᠭᠦᠳᠬᠦ ᠲᠥᠪ᠎ᠦᠨ ᠪᠠᠢᠷᠢᠰᠢᠭᠤᠯᠵᠤ ᠰᠤᠳᠤᠯᠤᠨ ᠨᠡᠭᠡᠭᠡᠬᠦ ᠲᠥᠪ᠂ ᠣᠷᠣᠨ ᠪᠦᠰᠡ᠎ᠶᠢᠨ ᠲᠥᠪ ᠵᠢᠴᠢ ᠦᠷ᠎ᠡ ᠪᠦᠲᠦᠭᠡᠯ᠎ᠦᠨ ᠤᠯᠠᠷᠢᠭᠤᠯᠤᠯᠲᠠ᠎ᠶᠢᠨ ᠰᠠᠭᠤᠷᠢᠨ ᠭᠠᠵᠠᠷ᠎ᠢ ᠭᠣᠣᠯᠳᠠᠯᠭ᠎ᠠ᠎ᠲᠠᠢ ᠳᠡᠮᠵᠢᠵᠦ᠂ ᠰᠢᠨᠵᠢᠯᠡᠬᠦ ᠤᠬᠠᠭᠠᠨ ᠲᠸᠭ᠌ᠨᠢᠭ᠌ ᠮᠡᠷᠭᠡᠵᠢᠯ᠎ᠦᠨ ᠦᠷ᠎ᠡ ᠪᠦᠲᠦᠭᠡᠯ᠎ᠦᠨ ᠤᠯᠠᠷᠢᠭᠤᠯᠤᠯᠲᠠ᠎ᠶᠢᠨ ᠪᠣᠳᠠᠲᠠᠶ᠋ᠢᠵᠢᠭᠤᠯᠤᠯᠲᠠᠶᠢ ᠲᠤᠯᠭᠠᠭᠤᠷᠢᠯᠠᠨ᠎ᠠ; ᠲᠥᠷᠥᠯ ᠵᠦᠢᠯ᠎ᠦᠨ ᠪᠥᠬᠥ ᠦᠶᠡᠯᠡᠯ᠎ᠳᠡᠬᠢ ᠲᠥᠷᠥᠯ ᠵᠦᠢᠯ ᠲᠣᠭᠲᠠᠭᠠᠨ ᠬᠠᠮᠢᠶᠠᠷᠬᠤ᠎ᠶᠢ ᠳᠡᠮᠵᠢᠵᠦ᠂ ᠴᠢᠳᠠᠪᠤᠷᠢᠲᠠᠨ᠎ᠢ ᠣᠷᠣᠭᠤᠯᠤᠨ ᠠᠪᠴᠢᠷᠠᠵᠤ ᠪᠣᠢᠵᠢᠭᠤᠯᠬᠤ ᠪᠠ ᠤᠷᠮᠠᠰᠢᠭᠤᠯᠬᠤ᠂ ᠰᠢᠨᠵᠢᠯᠡᠬᠦ ᠤᠬᠠᠭᠠᠨ ᠲᠸᠭ᠌ᠨᠢᠭ᠌ ᠮᠡᠷᠭᠡᠵᠢᠯ᠎ᠦᠨ ᠦᠷ᠎ᠡ ᠪᠦᠲᠦᠭᠡᠯ᠎ᠢ ᠤᠯᠠᠷᠢᠭᠤᠯᠬᠤ ᠵᠢᠴᠢ ᠠᠰᠢᠭ᠋ ᠲᠤᠰᠠ᠎ᠶᠢ ᠬᠤᠪᠢᠶᠠᠷᠢᠯᠠᠬᠤ ᠵᠡᠷᠭᠡ ᠲᠣᠭᠲᠠᠴᠠ᠎ᠶᠢ ᠳᠡᠮᠵᠢᠨ᠎ᠡ; ᠪᠡᠯᠡ ᠮᠥᠩᠭᠥ ᠴᠤᠭᠯᠠᠭᠤᠯᠬᠤ ᠤᠯᠠᠨ ᠡᠰᠢᠴᠢᠯᠡᠭᠰᠡᠨ ᠲᠣᠭᠲᠠᠯᠴᠠᠭ᠎ᠠ᠎ᠶᠢ ᠪᠠᠶ᠋ᠢᠭᠤᠯᠬᠤ᠎ᠶᠢ ᠳᠡᠮᠵᠢᠵᠦ᠂ ᠰᠢᠨᠵᠢᠯᠡᠬᠦ ᠤᠬᠠᠭᠠᠨ᠎ᠤ ᠰᠤᠳᠤᠯᠭᠠᠨ᠎ᠤ ᠦᠷ᠎ᠡ ᠪᠦᠲᠦᠭᠡᠯ᠎ᠢ ᠤᠯᠠᠷᠢᠭᠤᠯᠤᠨ ᠳᠡᠯᠭᠡᠷᠡᠭᠦᠯᠬᠦ ᠪᠣᠯᠪᠠᠰᠤᠷᠠᠩᠭᠤᠢ ᠲᠣᠭᠲᠠᠯᠴᠠᠭ᠎ᠠ᠎ᠶᠢ ᠪᠤᠢ ᠪᠣᠯᠭᠠᠬᠤ᠎ᠶᠢ ᠠᠬᠢᠭᠤᠯᠤᠨ᠎ᠠ᠃