ᠶᠡᠷᠦᠩᠬᠡᠶ ᠱᠦᠵᠢ ᠰᠢ ᠵᠢᠨ ᠫᠢᠩ᠎ᠤᠨ ᠦᠨᠳᠦᠰᠦᠲᠡᠨ᠎ᠤ ᠠᠵᠢᠯ᠎ᠢ ᠴᠢᠩᠭ᠋ᠠᠳᠬᠠᠨ ᠰᠠᠢ᠌ᠵᠢᠷᠠᠭᠤᠯᠬᠤ ᠲᠤᠬᠠᠶ ᠴᠢᠬᠤᠯᠠ ᠦᠵᠡᠯ ᠰᠠᠨᠠᠭ᠎ᠠ ᠪᠣᠯᠤᠨ ᠥᠪᠥᠷ ᠮᠣᠩᠭᠣᠯ᠎ᠤᠨ ᠲᠤᠬᠠᠶ ᠴᠢᠬᠤᠯᠠ ᠵᠢᠭ᠋ᠠᠪᠤᠷᠢ ᠵᠢᠨ ᠵᠣᠷᠢᠭ ᠰᠠᠨᠠᠭ᠎ᠠ ᠵᠢ ᠭᠦᠨᠵᠡᠭᠡᠶ ᠲᠤᠭᠤᠰᠢᠯᠠᠭᠤᠯᠤᠨ ᠨᠠᠢ᠌ᠳᠠᠪᠤᠷᠢᠵᠢᠭᠤᠯᠵᠤ᠂ ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢᠨ ᠤᠬᠠᠮᠰᠠᠷ᠎ᠢ ᠪᠠᠲᠤ ᠴᠣᠭᠴᠠᠯᠠᠬᠤ ᠠᠵᠢᠯ᠎ᠤᠨ ᠭᠦᠨᠵᠡᠭᠡᠢ᠌ᠷᠡᠨ ᠪᠤᠲᠠᠲᠠᠢ᠌ᠵᠢᠭᠤᠯᠬᠤ ᠵᠢ ᠪᠥᠬᠥ ᠲᠠᠯ᠎ᠠ᠎ᠪᠠᠷ ᠠᠬᠢᠭᠤᠯᠬᠤ ᠵᠢᠨ ᠲᠥᠯᠥᠭᠡ᠂ ᠥᠪᠡᠷᠲᠡᠭᠡᠨ ᠵᠠᠰᠠᠬᠤ ᠣᠷᠣᠨ᠎ᠤ 42 ᠳ᠋ᠤᠭ᠋ᠠᠷ ᠪᠥᠬᠥ ᠣᠷᠣᠨ᠎ᠤ ᠦᠨᠳᠦᠰᠦᠲᠡᠨ᠎ᠤ ᠪᠦᠯᠬᠦᠮᠳᠡᠯ ᠳᠠᠪᠰᠢᠯᠲᠠ ᠵᠢᠨ ᠠᠵᠢᠯᠯᠠᠭ᠎ᠠ ᠵᠢᠨ ᠰᠠᠷ᠎ᠠ ᠵᠢᠨ ᠲᠠᠰᠢᠷᠠᠮ᠎ᠳᠤ᠂ 9 ᠳ᠋ᠦ᠍ᠭᠡᠷ ᠰᠠᠷ᠎ᠠ ᠵᠢᠨ 24᠎ᠤ ᠡᠳᠦᠷ᠂ ᠥᠪᠡᠷᠲᠡᠭᠡᠨ ᠵᠠᠰᠠᠬᠤ ᠣᠷᠣᠨ᠎ᠤ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠲᠢᠩᠬᠢᠮ ᠨᠠᠮ᠎ᠤᠨ ᠤᠳᠤᠷᠢᠳᠬᠤ ᠳᠤᠭᠤᠢ᠌ᠯᠠᠩ᠎ᠤᠨ ᠣᠨᠣᠯ ᠰᠤᠷᠤᠯᠴᠠᠬᠤ ᠭᠣᠤᠯ ᠳᠤᠭᠤᠢ᠌ᠯᠠᠩ (ᠥᠷᠭᠡᠳᠬᠡᠭᠰᠡᠨ)᠎ᠤᠨ ᠠᠷᠪᠠᠨ ᠭᠤᠷᠪᠠᠳᠤᠭ᠋ᠠᠷ ᠤᠳᠠᠭ᠎ᠠ ᠵᠢᠨ ᠬᠠᠮᠲᠤ ᠵᠢᠨ ᠰᠤᠷᠤᠯᠴᠠᠯᠭ᠎ᠠ ᠵᠢᠨ ᠬᠤᠷᠠᠯ᠎ᠢ ᠵᠣᠬᠢᠶᠠᠨ ᠪᠠᠢ᠌ᠭᠤᠯᠤᠨ ᠬᠤᠷᠠᠯᠳᠤᠭᠤᠯᠵᠤ᠂ ᠥᠪᠥᠷ ᠮᠣᠩᠭᠣᠯ᠎ᠤᠨ ᠪᠠᠭᠰᠢ ᠵᠢᠨ ᠶᠡᠬᠡ ᠰᠤᠷᠭ᠋ᠠᠭᠤᠯᠢ ᠵᠢᠨ ᠮᠠᠷᠺᠰ᠎ᠤᠨ ᠦᠵᠡᠯ᠎ᠤᠨ ᠳᠡᠭᠡᠳᠦ ᠰᠤᠷᠭ᠋ᠠᠭᠤᠯᠢ ᠵᠢᠨ ᠸᠠᠩ ᠯᠢ ᠬᠤᠸᠠ ᠫᠷᠤᠹᠧᠰᠰᠤᠷ᠎ᠢ ᠤᠷᠢᠵᠤ ᠲᠤᠰᠬᠠᠶ ᠰᠡᠳᠦᠪᠲᠦ ᠬᠠᠪᠰᠤᠷᠤᠨ ᠵᠢᠯᠣᠭᠣᠳᠣᠯᠭ᠎ᠠ ᠬᠢᠯᠭᠡᠪᠡ ᠃ ᠥᠪᠡᠷᠲᠡᠭᠡᠨ ᠵᠠᠰᠠᠬᠤ ᠣᠷᠣᠨ᠎ᠤ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠲᠢᠩᠬᠢᠮ᠎ᠤᠨ ᠨᠠᠮ᠎ᠤᠨ ᠤᠳᠤᠷᠢᠳᠬᠤ ᠳᠤᠭᠤᠢ᠌ᠯᠠᠩ᠎ᠤᠨ ᠱᠦᠵᠢ᠂ ᠲᠢᠩᠬᠢᠮ᠎ᠤᠨ ᠳᠠᠷᠤᠭ᠎ᠠ ᠵᠠᠩ ᠸᠸᠨ ᠲᠤᠤ ᠬᠤᠷᠠᠯ᠎ᠢ ᠡᠷᠭᠢᠯᠡᠭᠰᠡᠨ ᠪᠥᠭᠡᠳ ᠶᠠᠷᠢᠶ᠎ᠠ ᠲᠠᠯᠪᠢᠵᠠᠶ᠃

ᠬᠤᠷᠠᠯ᠎ᠠᠴᠠ᠂ ᠲᠢᠩᠬᠢᠮ᠎ᠤᠨ ᠰᠢᠰᠲ᠋ᠧᠮ᠎ᠤᠨ ᠨᠠᠮ᠎ᠤᠨ ᠭᠡᠰᠢᠭᠦᠨ ᠺᠠᠳ᠋ᠷ ᠤᠨᠤᠯ᠎ᠤᠨ ᠰᠤᠷᠤᠯᠴᠠᠯᠭ᠎ᠠ ᠪᠣᠯᠤᠨ ᠦᠵᠡᠯ ᠰᠠᠨᠠᠭ᠋ᠠᠨ᠎ᠤ ᠵᠢᠯᠤᠭᠤᠳᠤᠯᠭ᠎ᠠ᠎ᠪᠠᠨ ᠤᠯᠠᠮ ᠴᠢᠨᠠᠭᠰᠢᠳᠠ ᠴᠢᠩᠭ᠋ᠠᠳᠬᠠᠵᠤ᠂ ᠤᠬᠠᠮᠰᠠᠷ᠎ᠠᠴᠠ᠎ᠪᠠᠨ ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢᠨ ᠤᠬᠠᠮᠰᠠᠷ᠎ᠢ ᠪᠠᠲᠤ ᠴᠣᠭᠴᠠᠯᠠᠬᠤ ᠠᠵᠢᠯ᠎ᠤᠨ ᠭᠣᠣᠯ ᠰᠢᠵᠢᠮ᠎ᠢ ᠢᠮᠠᠭᠲᠠ ᠲᠤᠭᠤᠰᠢᠯᠠᠭᠤᠯᠵᠤ᠂ ᠤᠯᠤᠰ ᠲᠦᠷᠦ ᠵᠢᠨ ᠮᠠᠭ᠋ᠠᠳᠯᠠᠬᠤ ᠴᠢᠳᠠᠪᠤᠷᠢ᠂ ᠤᠯᠤᠰ ᠲᠦᠷᠦ ᠵᠢᠨ ᠣᠢ᠌ᠯᠠᠭ᠋ᠠᠬᠤ ᠴᠢᠳᠠᠪᠤᠷᠢ ᠪᠣᠯᠤᠨ ᠤᠯᠤᠰ ᠲᠦᠷᠦ ᠵᠢᠨ ᠬᠡᠷᠡᠭᠵᠢᠭᠦᠯᠬᠦ ᠴᠢᠳᠠᠪᠤᠷᠢ᠎ᠪᠠᠨ ᠲᠠᠰᠤᠷᠠᠯᠳᠠ ᠦᠭᠡᠢ ᠴᠢᠩᠭ᠋ᠠᠳᠬᠠᠵᠤ᠂ ᠤᠨᠤᠯ᠎ᠤᠨ ᠰᠤᠷᠤᠯᠴᠠᠯᠭ᠎ᠠ ᠵᠢ ᠲᠠᠷᠢᠬᠢᠨ᠎ᠳᠠᠭᠠᠨ ᠬᠠᠳᠠᠩᠰᠢᠭᠤᠯᠬᠤ ᠵᠢ ᠠᠬᠢᠭᠤᠯᠬᠤ ᠬᠡᠷᠡᠭᠲᠡᠢ; ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠠᠵᠢᠯ᠎ᠤᠨ ᠪᠣᠳᠠᠲᠤ ᠪᠠᠢ᠌ᠳᠠᠯ᠎ᠲᠠᠢ᠎ᠪᠠᠨ ᠤᠶᠠᠯᠳᠤᠭᠤᠯᠤᠨ ᠲᠤᠭᠤᠰᠢᠯᠠᠭᠤᠯᠤᠨ ᠨᠠᠢ᠌ᠳᠠᠪᠤᠷᠢᠵᠢᠭᠤᠯᠬᠤ ᠵᠢ ᠰᠠᠢ᠌ᠲᠤᠷ ᠠᠳᠬᠤᠵᠤ᠂ ᠡᠭᠦᠷᠭᠡ ᠴᠢᠳᠠᠪᠬᠢ ᠲᠤᠰᠢᠶᠠᠯ ᠬᠠᠷᠢᠭᠤᠴᠠᠯᠭ᠎ᠠ᠎ᠳᠠᠭᠠᠨ ᠰᠠᠭᠤᠷᠢᠯᠠᠨ᠂ ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢᠨ ᠤᠬᠠᠮᠰᠠᠷ᠎ᠢ ᠪᠠᠲᠤ ᠴᠣᠭᠴᠠᠯᠠᠬᠤ ᠡᠨᠡ ᠬᠦ᠌ ᠱᠠᠭ᠋ᠠᠷᠳᠠᠯᠭ᠎ᠠ ᠵᠢ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠰᠢᠨ᠎ᠡ ᠵᠢ ᠡᠭᠦᠳᠬᠦ᠂ ᠦᠷ᠎ᠡ ᠪᠦᠲᠦᠭᠡᠯ᠎ᠢ ᠣᠨᠳᠣᠣᠰᠢᠭᠤᠯᠬᠤ᠂ ᠴᠢᠳᠠᠪᠤᠷᠢᠲᠠᠨ᠎ᠤ ᠡᠩᠨᠡᠭᠡᠨ᠎ᠤ ᠪᠠᠢ᠌ᠭᠤᠯᠤᠯᠲᠠ ᠵᠡᠷᠭᠡ ᠡᠯ᠎ᠡ ᠭᠣᠭᠴᠣᠭ᠎ᠠ᠎ᠳᠤ ᠭᠦᠨᠵᠡᠭᠡᠢ ᠠᠭᠤᠰᠤᠯᠴᠠᠭᠤᠯᠵᠤ᠂ ᠦᠨᠳᠦᠰᠦᠲᠡᠨ᠎ᠨᠦᠭᠦᠳ᠎ᠤᠨ ᠰᠢᠨᠵᠢᠯᠡᠬᠦ ᠤᠬᠠᠭ᠋ᠠᠨ᠎ᠤ ᠰᠤᠳᠤᠯᠭ᠋ᠠᠨ᠎ᠤ ᠠᠵᠢᠯᠲᠠᠳ᠎ᠤᠨ ᠶᠠᠪᠤᠯᠴᠠᠭ᠎ᠠ ᠰᠣᠯᠢᠯᠴᠠᠭ᠎ᠠ ᠠᠭᠤᠰᠤᠯᠴᠠᠯ᠎ᠤᠨ ᠲᠠᠪᠴᠠᠩ᠎ᠢ ᠢᠳᠡᠪᠬᠢᠲᠡᠢ ᠪᠠᠢ᠌ᠭᠤᠯᠤᠨ᠂ ᠯᠠᠪᠳᠠᠭᠤᠨ ᠪᠠᠲᠤᠲᠠᠢ ᠠᠵᠢᠯ᠎ᠤᠨ ᠦᠷ᠎ᠡ ᠪᠦᠲᠦᠮᠵᠢ᠎ᠪᠠᠷ ᠴᠢᠨᠠᠷ ᠰᠠᠢ᠌ᠲᠠᠢ ᠬᠥᠭᠵᠢᠯᠲᠡ ᠵᠢᠨ ᠶᠡᠬᠡ ᠲᠠᠯ᠎ᠠ᠎ᠳᠤ ᠦᠢ᠍ᠯᠡᠴᠢᠯᠡᠬᠦ ᠬᠡᠷᠡᠭᠲᠡᠢ ᠃

ᠲᠢᠩᠬᠢᠮ᠎ᠤᠨ ᠤᠳᠤᠷᠢᠳᠤᠯᠭ᠎ᠠ᠂ ᠲᠢᠩᠬᠢᠮ᠎ᠤᠨ ᠰᠢᠰᠲ᠋ᠧᠮ᠎ᠤᠨ ᠪᠥᠬᠥ ᠨᠠᠮ᠎ᠤᠨ ᠭᠡᠰᠢᠭᠦᠨ ᠺᠠᠳ᠋ᠷ ᠰᠤᠷᠤᠯᠴᠠᠯᠭ᠎ᠠ᠎ᠳᠤ ᠣᠷᠣᠯᠴᠠᠪᠠ᠃