《ᠰᠢᠨᠵᠢᠯᠡᠬᠦ ᠤᠬᠠᠭ᠋ᠠᠨ ᠮᠡᠷᠭᠡᠵᠢᠯ᠎ᠤᠨ ᠬᠡᠯᠪᠡᠷᠢ ᠵᠢᠨ ᠳᠤᠮᠳᠠ ᠵᠢᠵᠢᠭ ᠠᠵᠤ ᠠᠬᠤᠢ᠌ᠯᠠᠯ᠎ᠢ ᠦᠨᠡᠯᠡᠬᠦ ᠠᠷᠭ᠎ᠠ》 (ᠲᠥᠷᠥ ᠰᠢᠨᠵᠢᠯᠡᠬᠦ ᠲᠠᠷᠬᠠᠭ᠋ᠠᠭᠰᠠᠨ ᠵᠠᠰᠠᠭ [2017] 115 ᠳ᠋ᠤᠭ᠋ᠠᠷ ᠲᠣᠭ᠋ᠠᠲᠤ) ᠪᠠ 《ᠰᠢᠨᠵᠢᠯᠡᠬᠦ ᠤᠬᠠᠭ᠋ᠠᠨ ᠮᠡᠷᠭᠡᠵᠢᠯ᠎ᠤᠨ ᠬᠡᠯᠪᠡᠷᠢ ᠵᠢᠨ ᠳᠤᠮᠳᠠ ᠵᠢᠵᠢᠭ ᠠᠵᠤ ᠠᠬᠤᠢ᠌ᠯᠠᠯ᠎ᠢ ᠦᠨᠡᠯᠡᠬᠦ ᠦᠢᠯᠡᠴᠢᠯᠡᠭᠡᠨ᠎ᠤ ᠠᠵᠢᠯ᠎ᠤᠨ ᠵᠢᠯᠣᠭᠣᠳᠤᠮᠵᠢ》 (ᠤᠯᠤᠰ ᠰᠢᠨᠵᠢᠯᠡᠬᠦ ᠭᠠᠯ ᠪᠠᠮᠪᠠᠷ ᠥᠰᠥᠭ [2022] 67 ᠳ᠋ᠤᠭ᠋ᠠᠷ ᠲᠣᠭ᠋ᠠᠲᠤ) ᠵᠢᠨ ᠬᠣᠯᠪᠣᠭᠳᠠᠯ ᠪᠥᠬᠥᠶ ᠲᠣᠭᠲᠠᠭ᠋ᠠᠯ᠎ᠢ ᠦᠨᠳᠦᠰᠦᠯᠡᠨ᠂ ᠡᠳᠦᠭᠡ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ 2025 ᠣᠨ᠎ᠤ ᠨᠢᠭᠡᠳᠦᠭᠡᠷ ᠪᠦᠯᠦᠭ ᠰᠢᠨᠵᠢᠯᠡᠬᠦ ᠤᠬᠠᠭ᠋ᠠᠨ ᠮᠡᠷᠭᠡᠵᠢᠯ᠎ᠤᠨ ᠬᠡᠯᠪᠡᠷᠢ ᠵᠢᠨ ᠳᠤᠮᠳᠠ ᠵᠢᠵᠢᠭ ᠠᠵᠤ ᠠᠬᠤᠢ᠌ᠯᠠᠯ᠎ᠤᠨ 365 ᠨᠡᠷᠡᠰ᠎ᠢ (ᠳᠠᠭ᠋ᠠᠯᠳᠤᠭᠤᠯᠤᠯ᠎ᠢ ᠨᠠᠷᠢᠨ ᠦᠵᠡᠭᠡᠷᠡᠶ) ᠨᠡᠢ᠌ᠲᠡ᠎ᠳᠤ ᠵᠠᠷᠯᠠᠵᠤ᠂ ᠨᠡᠢ᠌ᠲᠡ᠎ᠳᠤ ᠵᠠᠷᠯᠠᠬᠤ ᠴᠠᠭ᠎ᠨᠢ 10 ᠠᠵᠢᠯᠯᠠᠬᠤ ᠡᠳᠦᠷ ᠪᠣᠯᠤᠨ᠎ᠠ ᠃ ᠵᠠᠷᠯᠠᠨ ᠨᠡᠢ᠌ᠲᠡᠯᠡᠬᠦ ᠬᠤᠭᠤᠴᠠᠭ᠋ᠠᠨ᠎ᠳᠤ ᠬᠡᠷᠪᠡ ᠣᠨᠳᠣᠣ ᠰᠠᠨᠠᠯ᠎ᠲᠠᠢ ᠪᠠᠢ᠌ᠪᠠᠯ᠂ ᠮᠠᠨ᠎ᠤ ᠲᠢᠩᠬᠢᠮ᠎ᠳᠤ ᠪᠢᠴᠢᠭ ᠵᠶ᠋ᠡᠷ᠂ ᠦᠨᠡᠨ ᠨᠡᠷ᠎ᠡ ᠵᠢᠨ ᠬᠡᠯᠪᠡᠷᠢ᠎ᠪᠠᠷ ᠳᠤᠷᠠᠳᠤᠨ ᠭᠠᠷᠭ᠋ᠠᠵᠤ᠂ ᠣᠨᠳᠣᠣ ᠰᠠᠨᠠᠯ ᠳᠤᠷᠠᠳᠬᠤ᠎ᠳᠠᠭᠠᠨ ᠪᠣᠳᠠᠲᠤ ᠶᠠᠪᠤᠳᠠᠯ ᠵᠶ᠋ᠠᠷ ᠦᠨᠳᠦᠰᠦᠯᠡᠯ ᠪᠣᠯᠭ᠋ᠠᠵᠤ᠂ ᠬᠣᠯᠪᠣᠭᠳᠠᠯ ᠪᠦᠬᠦᠢ ᠭᠡᠷᠡᠴᠢ ᠪᠠᠷᠢᠮᠲᠠ ᠵᠢᠨ ᠮᠠᠲ᠋ᠧᠷᠢᠶᠠᠯ᠎ᠢ ᠳᠠᠭ᠋ᠠᠯᠳᠤᠭᠤᠯᠬᠤ ᠵᠢᠨ ᠬᠠᠮᠲᠤ ᠨᠡᠷ᠎ᠡ᠎ᠪᠠᠨ ᠪᠢᠴᠢᠵᠦ ᠬᠠᠷᠢᠯᠴᠠᠬᠤ ᠬᠥᠮᠦᠨ ᠵᠢᠴᠢ ᠬᠠᠷᠢᠯᠴᠠᠬᠤ ᠠᠷᠭ᠎ᠠ ᠮᠠᠶᠢᠭ ᠵᠶ᠋ᠠᠨ ᠳᠠᠭ᠋ᠠᠯᠳᠤᠭᠤᠯᠬᠤ ᠬᠡᠷᠡᠭᠲᠡᠢ ᠃
ᠬᠠᠷᠢᠯᠴᠠᠬᠤ ᠠᠷᠭ᠎ᠠ᠄ 0471 - 6328553 6328606 ᠬᠠᠷᠢᠯᠴᠠᠬᠤ
ᠬᠠᠶᠢᠭ᠄ ᠬᠥᠬᠡᠬᠣᠲᠠ ᠵᠢᠨ ᠰᠠᠢ᠌ᠬᠠᠨ ᠲᠣᠭᠣᠷᠢᠭ᠎ᠤᠨ ᠹᠸᠩ ᠵᠧᠦ ᠡᠮᠦᠨ᠎ᠡ ᠵᠠᠮ᠎ᠤᠨ 78 ᠳ᠋ᠤᠭ᠋ᠠᠷ ᠨᠣᠮᠧᠷ (ᠰᠢᠦᠳᠠᠨ ᠳ᠋ᠤᠭ᠋ᠠᠷ᠄ 010010)
ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠰᠢᠨᠵᠢᠯᠡᠬᠦ ᠤᠬᠠᠭ᠋ᠠᠨ ᠮᠡᠷᠭᠡᠵᠢᠯ᠎ᠤᠨ ᠲᠢᠩᠬᠢᠮ
2025 ᠣᠨ᠎ᠤ 7 ᠳ᠋ᠤᠭ᠋ᠠᠷ ᠰᠠᠷ᠎ᠠ ᠵᠢᠨ 24᠎ᠤ ᠡᠳᠦᠷ