ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠤᠳᠤᠷᠢᠳᠤᠯᠭ᠎ᠠ᠎ᠶᠢᠨ ᠲᠠᠨᠢᠯᠴᠠᠭᠤᠯᠭ᠎ᠠ
ᠦᠢᠯᠡᠴᠢᠯᠡᠭᠡ
ᠰᠢᠨᠵᠢᠯᠡᠭᠡ ᠮᠡᠷᠭᠡᠵᠢᠯ
ᠰᠣᠨᠢᠨ ᠮᠡᠳᠡᠭᠡ   -   ᠰᠣᠨᠢᠨ ᠮᠡᠳᠡᠭᠡ
ᠬᠦᠬᠡᠡᠡᠤᠲᠠ ᠪᠥᠬᠥ ᠬᠣᠲᠠ᠎ᠶᠢᠨ ᠤᠳᠤᠷᠢᠳᠬᠤ ᠺᠠᠳ᠋ᠷᠴᠤᠳ᠎ᠤᠨ ᠬᠤᠷᠠᠯ ᠬᠤᠷᠠᠯᠳᠤᠭᠤᠯᠵᠤ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ᠎ᠶᠢᠨ ᠬᠤᠯᠪᠤᠬᠳᠠᠯ ᠪᠦᠬᠦᠢ ᠲᠤᠰᠢᠶᠠᠯ᠎ᠳᠤ ᠲᠣᠮᠢᠯᠠᠵᠤ ᠲᠤᠰᠢᠶᠠᠯ ᠡᠴᠡ ᠨᠢ ᠪᠠᠭᠤᠯᠭᠠᠬᠤ ᠲᠣᠭᠲᠠᠭᠠᠯ᠎ᠢ ᠨᠡᠢᠲᠡᠯᠡᠪᠡ   ᠸᠠᠩ ᠸᠧᠢ ᠵᠦᠩ ᠬᠤᠷᠠᠯ ᠎ᠳᠤ ᠣᠷᠣᠯᠴᠠᠭᠰᠠᠨ ᠪᠥᠭᠡᠳ ᠶᠠᠷᠢᠶ᠎ᠠ ᠲᠠᠯᠪᠢᠵᠤ ᠪᠦᠦ ᠭᠠᠩ ᠬᠤᠷᠠᠯ᠎ᠢ ᠡᠷᠬᠢᠯᠡᠵᠡᠢ
ᠨᠡᠶ᠋ᠢᠲᠡᠯᠡᠭᠰᠡᠨ ᠴᠠᠭ᠄ 2025-12-22

12 ᠰᠠᠷ᠎ᠠ᠎ᠶᠢᠨ 20 ᠎ᠤ᠋ ᠡᠳᠦᠷ᠂ ᠬᠦᠬᠡᠡᠡᠤᠲᠠ ᠪᠥᠬᠥ ᠬᠣᠲᠠ᠎ᠶᠢᠨ ᠤᠳᠤᠷᠢᠳᠬᠤ ᠺᠠᠳ᠋ᠷᠴᠤᠳ᠎ᠤᠨ ᠬᠤᠷᠠᠯ ᠬᠤᠷᠠᠯᠳᠤᠭᠤᠯᠵᠤ᠂ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠤᠷᠢᠶ᠎ᠠ᠎ᠵᠢᠨ ᠬᠣᠯᠪᠣᠭᠳᠠᠯ ᠪᠦᠬᠦᠢ ᠲᠤᠰᠢᠶᠠᠯ᠎ᠳᠤ ᠲᠣᠮᠢᠯᠠᠵᠤ ᠲᠤᠰᠢᠶᠠᠯ᠎ᠡᠴᠡ ᠨᠢ ᠪᠠᠭᠤᠯᠭᠠᠬᠤ ᠲᠣᠭᠲᠠᠭᠠᠯ᠎ᠢ ᠨᠡᠢᠲᠡᠯᠡᠪᠡ᠃ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠤᠷᠢᠶ᠎ᠠ᠎ᠵᠢᠨ ᠱᠦᠵᠢ ᠸᠠᠩ ᠸᠧᠢ ᠵᠦᠩ ᠬᠤᠷᠠᠯ᠎ᠳᠤ ᠣᠷᠣᠯᠴᠠᠭᠰᠠᠨ ᠪᠥᠭᠡᠳ ᠶᠠᠷᠢᠶ᠎ᠠ ᠲᠠᠯᠪᠢᠵᠠᠢ᠃

  

 

ᠬᠤᠷᠠᠯ ᠳᠡᠭᠡᠷ᠎ᠡ᠂ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠤᠷᠢᠶ᠎ᠠ᠎ᠵᠢᠨ ᠪᠠᠢᠩᠭᠤ᠎ᠶᠢᠨ ᠭᠡᠰᠢᠭᠦᠨ᠂ ᠵᠣᠬᠢᠶᠠᠨ ᠪᠠᠶ᠋ᠢᠭᠤᠯᠬᠤ ᠬᠡᠯᠲᠡᠰ᠎ᠦᠨ ᠳᠠᠷᠤᠭ᠎ᠠ ᠯᠢ ᠢᠦᠢ ᠭᠠᠩ ᠲᠤᠰᠢᠶᠠᠯ᠎ᠳᠤ ᠲᠣᠮᠢᠯᠠᠵᠤ ᠲᠤᠰᠢᠶᠠᠯ᠎ᠡᠴᠡ ᠨᠢ ᠪᠠᠭᠤᠯᠭᠠᠬᠤ ᠲᠣᠭᠲᠠᠭᠠᠯ᠎ᠢ ᠤᠩᠰᠢᠨ ᠨᠡᠢᠲᠡᠯᠡᠪᠡ᠃ ᠦᠪᠡᠷᠳᠡᠬᠡᠨ ᠵᠠᠰᠬᠠᠤ ᠤᠷᠤᠨ᠎ᠤ ᠨᠠᠮ᠎ᠤᠨ ᠬᠤᠷᠢᠶ᠎ᠠ ᠡᠴᠡ  ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠤᠷᠢᠶ᠎ᠠ᠎ᠵᠢᠨ ᠪᠠᠢᠩᠭᠤ᠎ᠶᠢᠨ ᠭᠡᠰᠢᠭᠦᠨ ᠢᠦᠢ ᠬᠤᠢ ᠸᠸᠨ ᠨᠥᠬᠥᠷ ᠬᠦᠬᠡᠡᠡᠤᠲᠠ᠎ᠶᠢᠨ ᠨᠠᠮ᠎ᠤᠨ ᠬᠤᠷᠢᠶ᠎ᠠ᠎ᠵᠢᠨ ᠭᠡᠰᠢᠭᠦᠨ᠂ ᠪᠠᠢᠩᠭᠤ᠎ᠶᠢᠨ ᠭᠡᠰᠢᠭᠦᠨ᠂ ᠱᠦᠵᠢ᠎ᠶᠢᠨ ᠲᠤᠰᠢᠶᠠᠯ᠎ᠢ ᠬᠠᠪᠰᠤᠷᠭᠠᠨ ᠬᠠᠷᠢᠭᠤᠴᠠᠨ᠎ᠠ᠂ ᠪᠦᠦ ᠭᠠᠩ ᠨᠥᠬᠥᠷ ᠬᠦᠬᠡᠡᠡᠤᠲᠠ᠎ᠶᠢᠨ ᠨᠠᠮ᠎ᠤᠨ ᠬᠤᠷᠢᠶ᠎ᠠ᠎ᠵᠢᠨ ᠱᠦᠵᠢ᠂ ᠪᠠᠢᠩᠭᠤ᠎ᠶᠢᠨ ᠭᠡᠰᠢᠭᠦᠨ᠂ ᠭᠡᠰᠢᠭᠦᠨ᠎ᠦ ᠲᠤᠰᠢᠶᠠᠯ᠎ᠢ ᠬᠠᠪᠰᠤᠷᠭᠠᠨ ᠬᠠᠷᠢᠭᠤᠴᠠᠬᠤ ᠪᠠᠨ ᠪᠤᠯᠢᠨ᠎ᠠ ᠭᠡᠵᠦ ᠳᠤᠭᠳᠠᠭᠠᠪᠠ᠃

ᠸᠠᠩ ᠸᠧᠢ ᠵᠦᠩ᠂ ᠡᠨᠡ ᠤᠳᠠᠭ᠎ᠠ᠎ᠶᠢᠨ ᠺᠠᠳ᠋ᠷ᠎ᠤᠨ ᠲᠣᠬᠢᠷᠠᠭᠤᠯᠤᠯᠲᠠ ᠪᠣᠯ ᠨᠠᠮ᠎ᠤᠨ ᠲᠥᠪ ᠬᠣᠷᠢᠶ᠎ᠠ ᠪᠣᠯᠣᠨ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ ᠶᠡᠬᠡ ᠲᠠᠯ᠎ᠠ᠎ᠡᠴᠡ ᠡᠭᠦᠰᠴᠦ᠂ ᠠᠵᠢᠯ᠎ᠤᠨ ᠬᠡᠷᠡᠭᠴᠡᠭᠡ ᠪᠣᠯᠣᠨ ᠤᠳᠤᠷᠢᠳᠬᠤ ᠪᠠᠭ᠎ᠤᠨ ᠪᠠᠢᠭᠤᠯᠤᠯᠲᠠ᠎ᠶᠢᠨ ᠪᠣᠳᠠᠲᠤ ᠪᠠᠢᠳᠠᠯ᠎ᠢ ᠦᠨᠳᠦᠰᠦᠯᠡᠵᠦ᠂ ᠪᠦᠬᠦ ᠲᠠᠯ᠎ᠠ᠎ᠪᠠᠷ ᠪᠣᠳᠣᠯᠬᠢᠯᠠᠵᠤ᠂ ᠬᠢᠨᠠᠭᠤᠷ ᠪᠣᠯᠭᠣᠮᠵᠢᠲᠠᠢ ᠰᠤᠳᠤᠯᠵᠤ ᠲᠤᠬᠳᠠᠭᠠᠬᠰᠠᠨ ᠲᠣᠭᠲᠠᠭᠠᠯ ᠪᠣᠯᠣᠨ᠎ᠠ᠃ ᠪᠥᠬᠥ ᠬᠣᠲᠠ᠎ᠶᠢᠨ ᠡᠯ᠎ᠡ ᠱᠠᠲᠤᠨ᠎ᠤ ᠤᠳᠤᠷᠢᠳᠬᠤ ᠺᠠᠳ᠋ᠷᠴᠤᠳ ᠤᠯᠤᠰ ᠲᠥᠷᠥ᠎ᠶᠢ ᠡᠷᠬᠢᠮᠯᠡᠬᠦ᠂ ᠶᠡᠬᠡ ᠲᠠᠯ᠎ᠠ᠎ᠶᠢ ᠬᠠᠷᠠᠭᠠᠯᠵᠠᠬᠤ ᠥᠨᠳᠥᠷᠴᠡ᠎ᠳᠤ ᠵᠣᠭᠰᠣᠨ᠂ ᠢᠤᠢ ᠬᠣᠶ ᠸᠸᠨ ᠨᠥᠬᠥᠷ᠎ᠦᠨ ᠠᠵᠢᠯ᠎ᠢ ᠪᠥᠬᠥ ᠬᠦᠴᠦᠨ᠎ᠢᠶᠡᠷ᠎ᠢᠶᠡᠨ ᠳᠡᠮᠵᠢᠨ ᠬᠠᠮᠵᠢᠯᠴᠠᠵᠤ᠂ ᠰᠡᠳᠬᠢᠯ ᠨᠢᠭᠡᠳᠦᠨ ᠬᠦᠴᠦ᠎ᠪᠡᠨ ᠬᠠᠮᠲᠤᠳᠬᠠᠵᠤ ᠬᠦᠬᠡᠡᠡᠤᠲᠠ᠎ᠶᠢᠨ ᠡᠯ᠎ᠡ ᠵᠦᠢᠯ᠎ᠦᠨ ᠠᠵᠢᠯ ᠦᠢᠯᠡᠰ᠎ᠦᠨ ᠴᠢᠨᠠᠷ ᠰᠠᠢᠲᠠᠢ ᠬᠥᠭᠵᠢᠯᠲᠡ᠎ᠶᠢ ᠠᠬᠢᠭᠤᠯᠬᠤ ᠬᠡᠷᠡᠭᠲᠡᠢ ᠭᠡᠵᠦ ᠵᠢᠭᠠᠵᠤ ᠭᠠᠷᠭᠠᠪᠠ᠃

ᠸᠠᠩ ᠸᠧᠢ ᠵᠦᠩ᠂ ᠲᠤᠭ ᠲᠡᠮᠳᠡᠭ ᠲᠣᠳᠣᠷᠬᠠᠢ᠎ᠪᠠᠷ ᠤᠯᠤᠰ ᠲᠦᠷᠦ᠎ᠶᠢ ᠡᠷᠬᠢᠮᠯᠡᠵᠦ᠂ ᠨᠠᠮ᠎ᠤᠨ ᠲᠥᠪ ᠬᠤᠷᠢᠶ᠎ᠠ᠎ᠵᠢᠨ ᠰᠢᠢᠳᠪᠦᠷᠢᠲᠦ ᠪᠣᠳᠣᠯᠭ᠎ᠠ ᠪᠠᠢᠷᠢᠯᠠᠭᠤᠯᠤᠯᠲᠠ᠎ᠶᠢ ᠡᠷᠡᠰ ᠲᠤᠭᠤᠰᠢᠯᠠᠭᠤᠯᠵᠤ᠂ ᠶᠡᠷᠦᠩᠬᠡᠢ ᠱᠦᠵᠢ ᠰᠢ᠎ᠵᠢᠨ᠎ᠫᠢᠩ᠎ᠦᠨ ᠥᠪᠥᠷ ᠮᠣᠩᠭᠣᠯ᠎ᠤᠨ ᠲᠤᠬᠠᠢ ᠰᠢᠷᠢᠰ ᠴᠢᠬᠤᠯᠠ ᠶᠠᠷᠢᠶ᠎ᠠ ᠴᠢᠬᠤᠯᠠ ᠵᠢᠭᠠᠪᠤᠷᠢ᠎ᠶᠢᠨ ᠵᠣᠷᠢᠭ᠋ ᠰᠠᠨᠠᠭ᠎ᠠ᠎ᠶᠢ ᠭᠦᠨᠵᠡᠭᠡᠢ ᠰᠤᠷᠤᠯᠴᠠᠨ ᠲᠤᠭᠤᠰᠢᠯᠠᠭᠤᠯᠵᠤ᠂ ᠳᠤᠮᠳᠠᠳᠤ᠎ᠶᠢᠨ ᠦᠨᠳᠦᠰᠦᠲᠡᠨ᠎ᠦ ᠬᠠᠮᠲᠤ᠎ᠶᠢᠨ ᠴᠣᠭᠴᠠ᠎ᠶᠢᠨ ᠤᠬᠠᠮᠰᠠᠷ᠎ᠢ ᠪᠠᠲᠤ ᠴᠣᠭᠴᠠᠯᠠᠬᠤ ᠪᠠ 《ᠬᠣᠶᠠᠷ ᠬᠠᠯᠬᠠᠪᠴᠢ》᠂ 《ᠬᠣᠶᠠᠷ ᠰᠠᠭᠤᠷᠢᠨ》᠂ 《ᠨᠢᠭᠡ  ᠪᠡᠬᠢᠯᠡᠯᠲᠡ》 ᠵᠢ ᠪᠦᠲᠦᠭᠡᠨ ᠪᠠᠢᠭᠤᠯᠬᠤ ᠲᠠᠯ᠎ᠠ ᠪᠡᠷ ᠣᠷᠣᠨ᠎ᠤ ᠲᠥᠪ᠎ᠦᠨ ᠡᠭᠦᠷᠭᠡᠯᠡᠯ᠎ᠢ ᠢᠯᠡᠷᠡᠭᠦᠯᠵᠦ᠂ ᠣᠷᠣᠨ᠎ᠤ ᠲᠥᠪ᠎ᠦᠨ ᠬᠤᠪᠢ ᠨᠡᠮᠡᠷᠢ ᠵᠢ ᠦᠵᠡᠭᠦᠯᠵᠦ᠂ ᠪᠣᠳᠠᠲᠤ ᠠᠵᠢᠯᠯᠠᠭ᠎ᠠ ᠪᠠ ᠦᠷ᠎ᠡ ᠪᠦᠲᠦᠮᠵᠢ᠎ᠪᠡᠷ᠎ᠢᠶᠡᠨ 《ᠬᠣᠶᠠᠷ᠎ᠢ ᠲᠣᠭᠲᠠᠭᠠᠭᠰᠠᠨ》 ᠢ᠋ ᠡᠷᠡᠰ ᠬᠦᠷᠢᠶᠡᠯᠡᠵᠦ᠂ 《ᠬᠣᠶᠠᠷ᠎ᠢ ᠬᠠᠮᠠᠭᠠᠯᠠᠬᠤ》 ᠶ᠋ᠢ ᠡᠷᠡᠰ ᠪᠡᠶᠡᠯᠡᠭᠦᠯᠬᠦ ᠬᠡᠷᠡᠭᠲᠡᠢ᠃ ᠰᠢᠨ᠎ᠡ ᠬᠥᠭᠵᠢᠯᠲᠡ᠎ᠶᠢᠨ ᠣᠢᠯᠠᠭᠠᠭᠳᠠᠬᠤᠨ᠎ᠢ ᠪᠦᠷᠢᠨ ᠪᠦᠲᠦᠨ ᠵᠥᠪ ᠣᠨᠣᠪᠴᠢᠲᠠᠶ ᠪᠥᠬᠥ ᠲᠠᠯ᠎ᠠ᠎ᠪᠠᠷ ᠲᠤᠭᠤᠰᠢᠯᠠᠭᠤᠯᠵᠤ᠂ ᠭᠠᠵᠠᠷ ᠣᠷᠣᠨ᠎ᠤ ᠪᠠᠢᠳᠠᠯ᠎ᠳᠠᠭᠠᠨ ᠲᠣᠬᠢᠷᠠᠭᠤᠯᠤᠨ ᠰᠢᠨ᠎ᠡ ᠴᠢᠨᠠᠷ᠎ᠤᠨ ᠦᠢᠯᠡᠳᠪᠦᠷᠢᠯᠡᠯ᠎ᠦᠨ ᠬᠦᠴᠦᠨ᠎ᠢ ᠬᠥᠭᠵᠢᠭᠦᠯᠵᠦ᠂ ᠣᠷᠣᠨ᠎ᠤ ᠲᠥᠪ᠎ᠦᠨ ᠣᠨᠴᠠᠯᠢᠭ᠋ ᠳᠠᠪᠠᠭᠤᠯᠢᠭ᠋᠎ᠢ ᠢᠯᠡᠷᠡᠭᠦᠯᠦᠭᠰᠡᠨ ᠣᠳᠣᠬᠢᠴᠢᠯᠠᠭᠰᠠᠨ ᠠᠵᠤ ᠦᠢᠯᠡᠰ᠎ᠦᠨ ᠰᠢᠰᠲᠧᠮ᠎ᠢ ᠲᠦᠷᠭᠡᠳᠬᠡᠨ ᠪᠠᠢᠭᠤᠯᠵᠤ᠂ ᠠᠮᠢ ᠠᠬᠤᠢ᠎ᠶᠢᠨ ᠰᠢᠰᠲᠧᠮ᠎ᠢ ᠬᠠᠮᠠᠭᠠᠯᠠᠬᠤ ᠪᠠ ᠵᠠᠰᠠᠨ ᠰᠡᠷᠭᠦᠭᠡᠬᠦ ᠴᠢᠬᠤᠯᠠ ᠢᠨᠵᠧᠨᠧᠷᠢᠩ᠎ᠢ ᠶᠡᠬᠡ᠎ᠪᠡᠷ ᠬᠡᠷᠡᠭᠵᠢᠭᠦᠯᠵᠦ᠂ ᠬᠣᠲᠠ᠎ᠶᠢᠨ ᠴᠢᠳᠠᠮᠵᠢ᠎ᠶᠢ ᠦᠷᠭᠦᠯᠵᠢᠯᠡᠨ ᠲᠡᠭᠦᠯᠳᠡᠷᠵᠢᠭᠦᠯᠵᠦ᠂ ᠬᠣᠲᠠ᠎ᠶᠢᠨ ᠶᠠᠰᠤ ᠴᠢᠨᠠᠷ᠎ᠢ ᠳᠡᠭᠡᠭᠰᠢᠯᠡᠭᠦᠯᠦᠨ᠂ ᠨᠠᠩ ᠶᠡᠬᠡ ᠡᠷᠴᠢᠮ᠎ᠢᠶᠡᠷ ᠠᠷᠠᠳ᠎ᠤᠨ ᠠᠮᠢᠳᠤᠷᠠᠯ᠎ᠢ ᠪᠠᠲᠤᠯᠠᠨ ᠰᠠᠢᠵᠢᠷᠠᠭᠤᠯᠵᠤ᠂ ᠠᠵᠤ ᠠᠬᠤᠢ ᠨᠡᠢᠭᠡᠮ᠎ᠦᠨ ᠴᠢᠨᠠᠷ ᠰᠠᠢᠲᠠᠢ ᠬᠥᠭᠵᠢᠯᠲᠡ᠎ᠶᠢ ᠠᠬᠢᠭᠤᠯᠬᠤ ᠬᠡᠷᠡᠭᠲᠡᠢ᠃ ᠪᠦᠬᠦ ᠲᠠᠯ᠎ᠠ᠎ᠪᠠᠷ ᠨᠠᠮ᠎ᠢ ᠴᠢᠩᠭ᠎ᠠ ᠵᠠᠰᠠᠬᠤ᠎ᠶᠢ ᠭᠦᠨᠵᠡᠭᠡᠢ ᠠᠬᠢᠭᠤᠯᠵᠤ᠂ ᠰᠠᠢᠨ ᠰᠠᠢᠬᠠᠨ ᠤᠯᠤᠰ ᠲᠦᠷᠦ᠎ᠶᠢᠨ ᠠᠮᠢ ᠠᠬᠤᠢ᠎ᠶᠢ ᠴᠢᠷᠮᠠᠢᠨ ᠪᠤᠢ ᠪᠣᠯᠭᠠᠵᠤ᠂ ᠨᠠᠮ᠎ᠤᠨ ᠭᠡᠰᠢᠭᠦᠨ ᠺᠠᠳ᠋ᠷᠴᠤᠳ᠎ᠤᠨ  ᠲᠦᠪᠯᠡᠷᠡᠩᠬᠦᠢ ᠰᠤᠷᠤᠯᠴᠠᠯᠭ᠎ᠠ᠂ ᠭᠦᠨᠵᠡᠭᠡᠢ ᠪᠠᠢᠴᠠᠭᠠᠨ ᠰᠤᠳᠤᠯᠤᠯᠲᠠ᠂ ᠦᠨᠡᠨ ᠬᠦ᠌ ᠠᠳᠬᠤᠨ ᠪᠣᠳᠠᠲᠠᠢ ᠠᠵᠢᠯᠯᠠᠬᠤ᠂ ᠲᠥᠪ ᠭᠣᠣᠯᠴᠢ ᠠᠷᠢᠭᠤᠨ ᠴᠢᠬᠡᠴᠢ ᠪᠠᠢᠬᠤ᠎ᠶᠢ ᠬᠥᠲᠥᠯᠥᠨ ᠵᠢᠯᠤᠭᠣᠳᠬᠤ ᠬᠡᠷᠡᠭᠲᠡᠢ ᠭᠡᠵᠦ ᠴᠢᠬᠤᠯᠠᠴᠢᠯᠠᠪᠠ᠃

ᠪᠦᠦ ᠭᠠᠩ᠂ ᠡᠨᠡ ᠤᠳᠠᠭ᠎ᠠ ᠬᠦᠬᠡᠡᠡᠤᠲᠠ᠎ᠶᠢᠨ ᠨᠠᠮ᠎ᠤᠨ ᠬᠤᠷᠢᠶ᠎ᠠ᠎ᠵᠢᠨ ᠭᠣᠣᠯ ᠬᠠᠷᠢᠭᠤᠴᠠᠯᠭᠠᠲᠠᠨ ᠨᠦᠬᠦᠷ ᠲᠤ᠌ ᠲᠣᠬᠢᠷᠠᠭᠤᠯᠤᠯᠲᠠ ᠬᠢᠭᠰᠡᠨ ᠨᠢ ᠨᠠᠮ᠎ᠤᠨ ᠲᠥᠪ ᠬᠣᠷᠢᠶ᠎ᠠ᠂ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ᠎ᠡᠴᠡ ᠣᠷᠣᠨ᠎ᠤ ᠲᠥᠪ᠎ᠦᠨ ᠤᠳᠤᠷᠢᠳᠬᠤ ᠪᠠᠭ᠎ᠤᠨ ᠪᠠᠢᠭᠤᠯᠤᠯᠲᠠ᠎ᠶᠢ ᠳᠡᠭᠡᠳᠦ ᠬᠡᠮᠵᠢᠶ᠎ᠡ᠎ᠪᠡᠷ ᠴᠢᠬᠤᠯᠠᠴᠢᠯᠠᠵᠤ ᠪᠠᠢᠬᠤ᠎ᠶᠢ ᠭᠦᠢᠴᠡᠳ ᠬᠠᠷᠠᠭᠤᠯᠵᠤ ᠪᠠᠢᠨ᠎ᠠ᠂ ᠪᠢ ᠪᠦᠷᠢᠮᠦᠰᠦᠨ ᠬᠦᠷᠢᠶᠡᠯᠡᠵᠦ᠂ ᠡᠷᠡᠰ ᠲᠠᠭᠠᠨ᠎ᠠ᠃ ᠲᠦᠷᠪᠡᠨ ᠵᠢᠯ ᠭᠠᠷᠤᠢ᠎ᠶᠢᠨ ᠲᠤᠷᠰᠢ᠂ ᠪᠢ ᠨᠥᠬᠥᠳ᠎ᠨᠡᠷ ᠲᠠᠢ ᠬᠠᠮᠲᠤ᠎ᠪᠠᠷ᠂ ᠶᠡᠷᠦᠩᠬᠡᠢ ᠱᠦᠵᠢ ᠰᠢ᠎ᠵᠢᠨ᠎ᠫᠢᠩ᠎ᠦᠨ ᠥᠪᠥᠷ ᠮᠣᠩᠭᠣᠯ᠎ᠤᠨ ᠲᠤᠬᠠᠢ ᠰᠢᠷᠢᠰ ᠴᠢᠬᠤᠯᠠ ᠶᠠᠷᠢᠶ᠎ᠠ ᠴᠢᠬᠤᠯᠠ ᠵᠢᠭᠠᠪᠤᠷᠢ᠎ᠶᠢᠨ ᠵᠣᠷᠢᠭ᠋ ᠰᠠᠨᠠᠭ᠎ᠠ᠎ᠶᠢ ᠭᠦᠨᠵᠡᠭᠡᠢ ᠲᠤᠭᠤᠰᠢᠯᠠᠭᠤᠯᠵᠤ᠂ ᠳᠤᠮᠳᠠᠳᠤ ᠤᠯᠤᠰ᠎ᠤᠨ ᠮᠠᠶᠢᠭ᠎ᠤᠨ ᠣᠳᠣᠬᠢᠴᠢᠯᠠᠯᠲᠠ᠎ᠶᠢᠨ ᠣᠷᠣᠨ᠎ᠤ ᠲᠥᠪ᠎ᠦᠨ ᠪᠦᠲᠦᠭᠡᠨ ᠪᠠᠢᠭᠤᠯᠤᠯᠲᠠ᠎ᠶᠢᠨ ᠢᠳᠡᠷᠡᠭᠦᠨ ᠠᠯᠬᠤᠭ᠎ᠠ ᠪᠡᠷ ᠤᠷᠤᠬᠰᠢᠯᠠᠬᠤ ᠵᠢ ᠠᠬᠢᠭᠤᠯᠪᠠ᠃ ᠬᠦᠬᠡᠡᠡᠤᠲᠠ᠎ᠶᠢᠨ ᠤᠳᠠᠭ᠎ᠠ ᠪᠦᠷᠢ᠎ᠶᠢᠨ ᠳᠠᠪᠰᠢᠯᠲᠠ ᠪᠠ ᠳᠠᠪᠠᠯᠲᠠ ᠨᠢ ᠴᠥᠮ ᠰᠢ᠎ᠵᠢᠨ᠎ᠫᠢᠩ᠎ᠦᠨ ᠰᠢᠨ᠎ᠡ ᠴᠠᠭ ᠦᠶ᠎ᠡ᠎ᠶᠢᠨ ᠳᠤᠮᠳᠠᠳᠤ ᠤᠯᠤᠰ᠎ᠤᠨ ᠣᠨᠴᠠᠯᠢᠭ᠋᠎ᠪᠦᠬᠦᠢ ᠨᠡᠢᠭᠡᠮ ᠵᠢᠷᠤᠮ᠎ᠤᠨ ᠦᠵᠡᠯ ᠰᠠᠨᠠᠭᠠᠨ᠎ᠤ ᠰᠢᠨᠵᠢᠯᠡᠬᠦ ᠤᠬᠠᠭᠠᠨᠴᠢ ᠵᠢᠯᠣᠭᠣᠳᠤᠯᠭ᠎ᠠ᠎ᠳ᠋ᠤ ᠪᠤᠢ᠂ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠤᠷᠢᠶ᠎ᠠ᠎ᠵᠢᠨ ᠪᠠᠲᠤ ᠴᠢᠩᠭ᠎ᠠ ᠤᠳᠤᠷᠢᠳᠤᠯᠭ᠎ᠠ ᠪᠠ ᠪᠥᠬᠥ ᠬᠣᠲᠠ᠎ᠶᠢᠨ ᠺᠠᠳ᠋ᠷ ᠣᠯᠠᠨ ᠲᠦᠮᠡᠨ᠎ᠦ ᠰᠢᠷᠭᠠᠭᠤ ᠴᠢᠷᠮᠠᠢᠯᠭ᠎ᠠ᠎ᠡᠴᠡ ᠪᠣᠯᠤᠭᠰᠠᠨ ᠭᠡᠳᠡᠭ᠎ᠢ ᠪᠢ ᠦᠨᠡᠨ ᠰᠡᠳᠬᠢᠯ᠎ᠡᠴᠡ᠎ᠪᠡᠨ ᠮᠡᠳᠡᠷᠡᠵᠦ ᠪᠠᠢᠨ᠎ᠠ᠃ ᠲᠥᠪ ᠬᠣᠲᠠ᠎ᠶᠢᠨ ᠮᠠᠷᠭᠠᠰᠢ ᠨᠠᠩ ᠰᠠᠢᠨ ᠰᠠᠢᠬᠠᠨ ᠪᠣᠯᠬᠤ᠎ᠶᠢ ᠴᠢᠩ ᠰᠡᠳᠬᠢᠯ᠎ᠡᠴᠡ᠎ᠪᠡᠨ ᠵᠥᠩᠨᠡᠶ᠎ᠡ ᠭᠡᠪᠡ᠃

ᠢᠦᠢ ᠬᠤᠢ ᠸᠸᠨ᠂ ᠨᠠᠮ᠎ᠤᠨ ᠲᠥᠪ ᠬᠤᠷᠢᠶ᠎ᠠ᠎ᠵᠢᠨ ᠲᠣᠭᠲᠠᠭᠠᠯ᠎ᠢ ᠡᠷᠡᠰ ᠬᠦᠷᠢᠶᠡᠯᠡᠵᠦ᠂ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠤᠷᠢᠶ᠎ᠠ᠎ᠵᠢᠨ ᠲᠣᠬᠢᠷᠠᠭᠤᠯᠤᠯᠲᠠ᠎ᠶᠢ ᠡᠷᠡᠰ ᠲᠠᠭᠠᠨ᠎ᠠ ᠭᠡᠵᠦ ᠢᠯᠡᠷᠭᠡᠢᠯᠡᠪᠡ᠃ ᠲᠡᠷᠡ᠂ ᠬᠦᠬᠡᠡᠡᠤᠲᠠ᠎ᠳᠤ ᠢᠷᠡᠵᠦ ᠠᠵᠢᠯᠯᠠᠬᠤ ᠪᠤᠯᠤᠭᠰᠠᠨ ᠳ᠋ᠠᠭᠠᠨ ᠡᠭᠦᠷᠭᠡ ᠥᠩᠭᠡ ᠭᠡᠷᠡᠯᠲᠡᠢ᠂ ᠬᠠᠷᠢᠭᠤᠴᠠᠯᠭ᠎ᠠ ᠬᠦᠨᠳᠦ ᠶᠡᠬᠡ ᠭᠡᠳᠡᠭ᠎ᠢ ᠭᠦᠨᠵᠡᠭᠡᠢ ᠮᠡᠳᠡᠷᠡᠵᠦ ᠪᠠᠢᠨ᠎ᠠ᠃ ᠪᠢ ᠶᠡᠷᠦᠩᠬᠡᠢ ᠱᠦᠵᠢ ᠰᠢ᠎ᠵᠢᠨ᠎ᠫᠢᠩ᠎ᠦᠨ ᠥᠪᠥᠷ ᠮᠣᠩᠭᠣᠯ᠎ᠤᠨ ᠲᠤᠬᠠᠢ ᠰᠢᠷᠢᠰ ᠴᠢᠬᠤᠯᠠ ᠶᠠᠷᠢᠶ᠎ᠠ ᠴᠢᠬᠤᠯᠠ ᠵᠢᠭᠠᠪᠤᠷᠢ᠎ᠶᠢᠨ ᠵᠣᠷᠢᠭ᠋ ᠰᠠᠨᠠᠭ᠎ᠠ᠎ᠶᠢ ᠭᠦᠨᠵᠡᠭᠡᠢ ᠰᠤᠷᠤᠯᠴᠠᠨ ᠲᠤᠭᠤᠰᠢᠯᠠᠭᠤᠯᠵᠤ᠂ ᠳᠤᠮᠳᠠᠳᠤ᠎ᠶᠢᠨ ᠦᠨᠳᠦᠰᠦᠲᠡᠨ᠎ᠦ ᠬᠠᠮᠲᠤ᠎ᠶᠢᠨ ᠴᠣᠭᠴᠠ᠎ᠶᠢᠨ ᠤᠬᠠᠮᠰᠠᠷ᠎ᠢ ᠪᠠᠲᠤ ᠴᠣᠭᠴᠠᠯᠠᠵᠤ᠂ ᠪᠦᠬᠦ ᠬᠤᠳᠠ᠎ᠶᠢᠨ ᠦᠨᠳᠦᠰᠦᠲᠡᠨ᠎ᠨᠦᠭᠦᠳ᠎ᠦᠨ ᠺᠠᠳ᠋ᠷ ᠤᠯᠠᠨ ᠲᠦᠮᠡᠨ᠎ᠢ ᠪᠦᠯᠬᠦᠮᠳᠡᠭᠦᠯᠦᠨ ᠳᠠᠭᠠᠭᠤᠯᠵᠤ᠂ ᠭᠠᠵᠠᠷ ᠣᠷᠣᠨ᠎ᠤ ᠪᠠᠢᠳᠠᠯ᠎ᠳᠠᠭᠠᠨ ᠲᠣᠬᠢᠷᠠᠭᠤᠯᠤᠨ ᠰᠢᠨ᠎ᠡ ᠴᠢᠨᠠᠷ᠎ᠤᠨ ᠦᠢᠯᠡᠳᠪᠦᠷᠢᠯᠡᠯ᠎ᠦᠨ ᠬᠦᠴᠦᠨ᠎ᠢ ᠬᠥᠭᠵᠢᠭᠦᠯᠵᠦ᠂ ᠠᠵᠤ ᠦᠢᠯᠡᠰ᠎ᠢ ᠰᠢᠯᠢᠳᠡᠭᠵᠢᠭᠦᠯᠦᠨ ᠲᠡᠰ ᠳᠡᠪᠰᠢᠭᠦᠯᠬᠦ᠎ᠶᠢ ᠠᠬᠢᠭᠤᠯᠵᠤ᠂ ᠠᠷᠠᠳ᠎ᠤᠨ ᠠᠮᠢᠳᠤᠷᠠᠯ᠎ᠢ ᠪᠠᠲᠤᠯᠠᠨ ᠰᠠᠢᠵᠢᠷᠠᠭᠤᠯᠵᠤ᠂ ᠣᠷᠣᠨ᠎ᠤ ᠲᠥᠪ ᠬᠤᠳᠠ᠎ᠶᠢᠨ ᠲᠠᠪᠠᠭᠤᠯᠢᠭ ᠪᠣᠯᠣᠨ ᠨᠥᠯᠥᠭᠡᠯᠡᠬᠦ ᠬᠦᠴᠦᠨ᠎ᠢ ᠬᠦᠴᠦᠯᠡᠨ ᠳᠡᠭᠡᠭᠰᠢᠯᠡᠭᠦᠯᠦᠨ᠎ᠡ ᠭᠡᠪᠠ᠃

ᠢᠷᠡᠯᠲᠡ᠄ ᠥᠪᠥᠷ ᠮᠣᠩᠭᠣᠯ᠎ᠤᠨ ᠡᠳᠦᠷ᠎ᠦᠨ ᠰᠣᠨᠢᠨ
          
ᠬᠠᠮᠢᠶ᠎ᠡ ᠪᠦᠬᠦᠢ ᠰᠣᠨᠢᠨ
 
            