ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠤᠳᠤᠷᠢᠳᠤᠯᠭ᠎ᠠ᠎ᠶᠢᠨ ᠲᠠᠨᠢᠯᠴᠠᠭᠤᠯᠭ᠎ᠠ
ᠦᠢᠯᠡᠴᠢᠯᠡᠭᠡ
ᠰᠢᠨᠵᠢᠯᠡᠭᠡ ᠮᠡᠷᠭᠡᠵᠢᠯ
ᠰᠣᠨᠢᠨ ᠮᠡᠳᠡᠭᠡ   -   ᠰᠣᠨᠢᠨ ᠮᠡᠳᠡᠭᠡ
ᠸᠠᠩ ᠸᠧᠢ ᠵᠦᠩ ᠪᠦᠦ ᠭᠠᠩ ᠳᠤᠮᠳᠠᠳᠤ ᠤᠯᠤᠰ᠎ᠤᠨ ᠭᠤᠸᠠᠩ ᠾᠧ ᠪᠦᠯᠦᠭ᠌ᠯᠡᠯ ᠬᠢᠵᠠᠭᠠᠷᠳᠤ ᠺᠣᠮᠫᠠᠨᠢ᠎ᠶ᠋ᠢᠨ ᠬᠡᠷᠡᠭ ᠮᠡᠳᠡᠭ᠌ᠴᠢᠳ᠎ᠦᠨ ᠳᠠᠷᠤᠭ᠎ᠠ ᠶᠠᠩ ᠴᠠᠩ ᠯᠢ ᠶᠡᠷᠦᠩᠬᠡᠢ ᠳᠠᠭᠠᠭᠠᠮᠠᠯ ᠫᠠᠩ ᠰᠦᠩ ᠲᠤᠤ᠎ᠲᠠᠶ ᠠᠭᠤᠯᠵᠠᠪᠠ
ᠨᠡᠶ᠋ᠢᠲᠡᠯᠡᠭᠰᠡᠨ ᠴᠠᠭ᠄ 2025-12-18

12 ᠰᠠᠷ᠎ᠠ᠎ᠶ᠋ᠢᠨ 17 ᠎ᠤ᠋ ᠡᠳᠦᠷ᠂ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠢ᠎ᠠ᠎ᠶ᠋ᠢᠨ ᠱᠦᠵᠢ ᠸᠠᠩ ᠸᠧᠢ ᠵᠦᠩ᠂ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠢ᠎ᠠ᠎ᠶ᠋ᠢᠨ ᠳᠡᠳ᠋ ᠱᠦᠵᠢ᠂ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ᠎ᠤ ᠲᠡᠷᠢᠭᠦᠯᠡᠭ᠌ᠴᠢ ᠪᠦᠦ ᠭᠠᠩ ᠬᠥᠬᠡᠬᠣᠲᠠ᠎ᠳᠤ ᠳᠤᠮᠳᠠᠳᠤ ᠤᠯᠤᠰ᠎ᠤᠨ ᠭᠤᠸᠠᠩ ᠾᠧ ᠪᠦᠯᠦᠭ᠌ᠯᠡᠯ ᠬᠢᠵᠠᠭᠠᠷᠲᠤ ᠺᠣᠮᠫᠠᠨᠢ᠎ᠶ᠋ᠢᠨ ᠬᠡᠷᠡᠭ ᠮᠡᠳᠡᠭ᠌ᠴᠢᠳ᠎ᠦᠨ ᠳᠠᠷᠤᠭ᠎ᠠ ᠶᠠᠩ ᠴᠠᠩ ᠯᠢ᠂ ᠶᠡᠷᠦᠩᠬᠡᠢ ᠳᠠᠭᠠᠭᠠᠮᠠᠯ ᠫᠠᠩ ᠰᠦᠩ ᠲᠤᠤ᠎ᠨᠠᠷ᠎ᠲᠠᠶ ᠠᠭᠤᠯᠵᠠᠪᠠ᠃

 

 

 

ᠸᠠᠩ ᠸᠧᠢ ᠵᠦᠩ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠢ᠎ᠠ ᠪᠣᠯᠤᠨ ᠵᠠᠰᠠᠭ᠎ᠤᠨ ᠣᠷᠳᠣᠨ᠎ᠤ ᠡᠮᠦᠨ᠎ᠡ᠎ᠡᠴᠡ ᠶᠠᠩ ᠴᠠᠩ ᠯᠢ᠎ᠨᠡᠷ᠎ᠢ ᠪᠠᠶᠠᠷᠯᠠᠨ ᠤᠭ᠍ᠲᠤᠵᠤ ᠪᠠᠢᠬᠤ᠎ᠪᠠᠨ ᠢᠯᠡᠳᠭᠡᠵᠦ᠍᠂ ᠳᠤᠮᠳᠠᠳᠤ ᠤᠯᠤᠰ᠎ᠤᠨ ᠭᠤᠸᠠᠩ ᠾᠧ ᠎ᠪᠦᠯᠦᠭᠯᠡᠯ᠎ᠤᠨ ᠤᠷᠳᠤ ᠬᠤᠭᠤᠴᠠᠭᠠᠨ᠎ᠤ ᠲᠤᠷᠰᠢ ᠥᠪᠥᠷ ᠮᠣᠩᠭᠣᠯ᠎ᠤᠨ ᠠᠵᠤ ᠠᠬᠤᠢ ᠨᠡᠢᠭᠡᠮ᠎ᠦᠨ ᠬᠥᠭ᠌ᠵᠢᠯᠲᠡ᠎ᠳᠦ ᠦᠵᠡᠭᠦᠯᠦᠭ᠌ᠰᠡᠨ ᠬᠤᠪᠢ ᠨᠡᠮᠡᠷᠢ᠎ᠳᠦ ᠲᠠᠯᠠᠷᠬᠠᠵᠤ ᠪᠠᠢᠬᠤ᠎ᠪᠠᠨ ᠢᠯᠡᠳᠭᠡᠭ᠌ᠰᠡᠨ ᠪᠥᠭᠡᠳ ᠪᠦᠬᠦ᠌ ᠣᠷᠣᠨ᠎ᠤ ᠠᠵᠤ ᠠᠬᠤᠢ ᠨᠡᠢᠭᠡᠮ᠎ᠦᠨ ᠬᠥᠭ᠌ᠵᠢᠯᠲᠡ᠎ᠶ᠋ᠢᠨ ᠪᠠᠢᠳᠠᠯ᠎ᠢ ᠲᠠᠨᠢᠯᠴᠠᠭᠤᠯᠪᠠ᠃ ᠲᠡᠷᠡ᠂ ᠣᠳᠣᠬᠠᠨ᠎ᠳᠤ ᠪᠢᠳᠡ ᠨᠠᠮ᠎ᠤᠨ ᠬᠣᠷᠢᠳᠤᠭᠠᠷ ᠬᠤᠭᠤᠴᠠᠭᠠᠨ᠎ᠤ ᠲᠥᠪ ᠬᠤᠷᠢᠶ᠎ᠠ ᠵᠢᠨ ᠳᠥᠷᠪᠡᠳᠦᠭᠡᠷ ᠪᠥᠬᠥᠳᠡ ᠬᠤᠷᠠᠯ ᠪᠣᠯᠤᠨ ᠲᠥᠪ᠎ᠦᠨ ᠠᠵᠤ ᠠᠬᠤᠶ᠎ᠶ᠋ᠢᠨ ᠠᠵᠢᠯ᠎ᠤᠨ ᠬᠤᠷᠠᠯ᠎ᠤᠨ ᠵᠣᠷᠢᠭ ᠰᠠᠨᠠᠭ᠎ᠠ᠎ᠶ᠋ᠢ ᠭᠦᠨᠵᠡᠭᠡᠶ ᠰᠤᠷᠤᠯᠴᠠᠨ ᠲᠤᠭᠤᠱᠢᠯᠠᠭᠤᠯᠵᠤ᠂ ᠶᠡᠷᠦᠩᠬᠡᠶ ᠱᠦᠵᠢ ᠰᠢ᠎ᠵᠢᠨ᠎ᠫᠢᠩ᠎ᠦᠨ ᠥᠪᠥᠷ ᠮᠣᠩᠭᠣᠯ᠎ᠤᠨ ᠲᠤᠬᠠᠶ ᠱᠢᠷᠢᠰ ᠴᠢᠬᠤᠯᠠ ᠶᠠᠷᠢᠶ᠎ᠠ ᠴᠢᠬᠤᠯᠠ ᠵᠢᠭᠠᠪᠤᠷᠢ᠎ᠶ᠋ᠢᠨ ᠵᠣᠷᠢᠭ ᠰᠠᠨᠠᠭ᠎ᠠ᠎ᠶ᠋ᠢ ᠪᠥᠬᠥ᠌ ᠲᠠᠯ᠎ᠠ᠎ᠪᠠᠷ ᠲᠤᠭᠤᠱᠢᠯᠠᠭᠤᠯᠤᠨ ᠨᠠᠢᠳᠠᠪᠤᠷᠢᠵᠢᠭᠤᠯᠵᠤ᠂ ᠣᠲᠣ ᠦᠶ᠎ᠡ᠎ᠶ᠋ᠢᠨ ᠡᠨᠧᠷᠭᠢ᠎ᠶ᠋ᠢᠨ ᠠᠵᠤ ᠠᠬᠤᠶ᠎ᠶ᠋ᠢᠨ ᠠᠵᠢᠯ᠎ᠢ ᠪᠥᠬᠥ᠌ ᠬᠦᠴᠦᠨ᠎ᠢᠶᠡᠷ᠎ᠢᠶᠡᠨ ᠰᠠᠢᠲᠤᠷ ᠬᠢᠵᠦ᠍᠂ ᠡᠨᠧᠷᠭᠢ᠎ᠶ᠋ᠢᠨ ᠬᠠᠩᠭᠠᠯᠭ᠎ᠠ᠎ᠶ᠋ᠢ ᠪᠠᠲᠤᠯᠠᠬᠤ ᠬᠠᠷᠢᠭᠤᠴᠠᠯᠭ᠎ᠠ᠎ᠶ᠋ᠢ ᠪᠠᠲᠤ ᠡᠭᠦᠷᠭᠡᠯᠡᠭ᠌ᠰᠡᠨ ᠤᠷᠢᠲᠠᠯ ᠳᠤᠤᠷ᠎ᠠ᠂ ᠤᠯᠠᠮᠵᠢᠯᠠᠯᠲᠤ ᠡᠨᠧᠷᠭᠢ᠎ᠶ᠋ᠢᠨ ᠬᠡᠯᠪᠡᠷᠢ᠎ᠶ᠋ᠢ ᠬᠤᠪᠢᠷᠠᠭᠤᠯᠤᠨ ᠲᠠᠰ ᠳᠡᠪᠱᠢᠭᠦᠯᠬᠦ᠌᠎ᠶ᠋ᠢ ᠲᠦᠷᠭᠡᠳᠭᠡᠨ ᠠᠬᠢᠭᠤᠯᠵᠤ᠂ ᠱᠢᠨ᠎ᠡ ᠡᠨᠧᠷᠭᠢ᠎ᠶ᠋ᠢ ᠨᠡᠭᠡᠭᠡᠨ ᠠᠱᠢᠭ᠍ᠯᠠᠬᠤ ᠲᠦᠪᠱᠢᠨ᠎ᠢ ᠬᠦᠴᠦᠯᠡᠨ ᠳᠡᠭᠡᠭ᠌ᠰᠢᠯᠡᠭᠦᠯᠵᠦ᠍᠂ ᠡᠨᠧᠷᠭᠢ᠎ᠶ᠋ᠢᠨ ᠬᠦᠷᠢᠶᠡᠨ᠎ᠦ ᠱᠢᠨ᠎ᠡ ᠲᠡᠢᠨ᠎ᠦ ᠲᠠᠯᠠᠪᠤᠷ᠎ᠢ ᠢᠳᠡᠪᠬᠢᠲᠡᠶ ᠨᠡᠭᠡᠭᠡᠵᠦ᠍᠂ ᠤᠯᠤᠰ᠎ᠤᠨ ᠡᠨᠧᠷᠭᠢ᠎ᠶ᠋ᠢᠨ ᠠᠮᠤᠷ ᠲᠦᠪᠱᠢᠨ᠎ᠢ ᠨᠠᠩ ᠰᠠᠢᠲᠤᠷ ᠪᠠᠲᠤᠯᠠᠵᠤ ᠪᠠᠢᠨ᠎ᠠ᠃ 《ᠠᠷᠪᠠᠨ ᠲᠠᠪᠤᠳᠤᠭᠠᠷ ᠲᠠᠪᠤᠨ ᠵᠢᠯ》᠎ᠳᠦ ᠬᠠᠨᠳᠤᠭᠤᠯᠤᠨ᠂ ᠥᠪᠥᠷ ᠮᠣᠩᠭᠣᠯ ᠰᠠᠯᠬᠢ ᠬᠡᠷᠡᠯ ᠤᠰᠤ ᠴᠥᠮ᠎ᠡ ᠵᠡᠷᠭᠡ ᠣᠯᠠᠨ ᠡᠨᠧᠷᠭᠢ᠎ᠶ᠋ᠢ ᠵᠡᠷᠭᠡ᠎ᠪᠡᠷ ᠬᠥᠭ᠌ᠵᠢᠭᠦᠯᠬᠦ᠌᠎ᠶ᠋ᠢ ᠪᠠᠷᠢᠮᠲᠠᠯᠠᠵᠤ᠂ ᠱᠢᠨ᠎ᠡ ᠡᠨᠧᠷᠭᠢ᠎ᠶ᠋ᠢᠨ ᠬᠠᠩᠭᠠᠯᠭ᠎ᠠ᠎ᠶ᠋ᠢᠨ ᠬᠤᠪᠢ᠎ᠶ᠋ᠢᠨ ᠵᠢᠩ᠎ᠢ ᠦᠷᠭᠦᠯᠵᠢᠯᠡᠨ ᠳᠡᠭᠡᠭ᠌ᠰᠢᠯᠡᠭᠦᠯᠵᠦ᠍᠂ ᠱᠢᠨ᠎ᠡ᠎ᠪᠡᠷ ᠨᠡᠮᠡᠭ᠌ᠳᠡᠭ᠌ᠰᠡᠨ ᠴᠠᠬᠢᠯᠭᠠᠨ ᠬᠡᠷᠡᠭ᠌ᠯᠡᠬᠦ᠌ ᠬᠡᠮᠵᠢᠶ᠎ᠡ᠎ᠶ᠋ᠢ ᠭᠤᠤᠯᠳᠠᠭᠤ ᠱᠢᠨ᠎ᠡ ᠪᠡᠷ ᠨᠡᠮᠡᠭᠳᠡᠭᠰᠡᠨ ᠱᠢᠨ᠎ᠡ ᠡᠨᠧᠷᠭᠢ᠎ᠵᠢᠨ ᠴᠠᠬᠢᠯᠭᠠᠨ ᠭᠠᠷᠭᠠᠯᠲᠠ᠎ᠪᠡᠷ ᠬᠠᠨᠭᠭᠠᠬᠤ᠎ᠶᠢ ᠠᠬᠢᠭᠤᠯᠤᠨ᠎ᠠ᠃ ᠬᠣᠶᠠᠷ ᠲᠠᠯ᠎ᠠ᠎ᠪᠠᠷ᠎ᠢᠶᠠᠨ ᠰᠠᠯᠬᠢ ᠬᠡᠷᠡᠯ᠎ᠢ ᠤᠰᠤᠲᠥ᠋ᠷᠥᠭ᠌ᠴᠢᠭᠤᠯᠤᠨ ᠬᠠᠳᠠᠭᠠᠯᠠᠵᠤ ᠬᠡᠷᠡᠭᠯᠡᠬᠦ᠂ ᠴᠥᠮ᠎ᠡ᠎ᠶ᠋ᠢᠨ ᠡᠨᠧᠷᠭᠢ᠎ᠶ᠋ᠢ ᠨᠡᠭᠡᠭᠡᠨ ᠠᠱᠢᠭ᠍ᠯᠠᠬᠤ᠂ ᠬᠡᠷᠡᠯᠴᠢ ᠴᠡᠨᠡᠭ᠎ᠢᠶᠡᠷ ᠡᠯᠡᠰᠦ᠎ᠶ᠋ᠢ ᠵᠠᠰᠠᠬᠤ ᠵᠡᠷᠭᠡ ᠬᠦᠷᠢᠶᠡᠨ᠎ᠦ ᠲᠣᠭᠣᠷᠢᠨ᠎ᠳᠤ ᠬᠠᠮᠲᠤᠷᠠᠯᠴᠠᠭᠠᠨ᠎ᠤ ᠳᠠᠯᠳᠠ ᠬᠦᠴᠦᠨ᠎ᠢ ᠠᠭᠤᠳᠠᠯᠵᠤ᠂ ᠬᠠᠮᠲᠤᠷᠠᠯᠴᠠᠭᠠᠨ᠎ᠤ ᠣᠷᠣᠨ ᠵᠠᠶ᠎ᠶ᠋ᠢ ᠥᠷᠭᠡᠳᠭᠡᠵᠦ᠂ ᠤᠯᠤᠰ᠎ᠤᠨ ᠴᠢᠬᠤᠯᠠ ᠡᠨᠧᠷᠭᠢ ᠪᠣᠯᠤᠨ ᠪᠠᠢᠯᠳᠤᠬᠤ ᠪᠣᠳᠣᠯᠭ᠎ᠠ᠎ᠶ᠋ᠢᠨ ᠡᠬᠢ ᠪᠠᠶᠠᠯᠢᠭ᠎ᠤᠨ ᠰᠠᠭᠤᠷᠢᠨ᠎ᠤ ᠪᠥᠲᠥᠭᠡᠨ ᠪᠠᠢᠭᠤᠯᠤᠯᠲᠠ ᠎ᠳᠤ ᠲᠠᠰᠤᠷᠠᠯᠲᠠ ᠥᠬᠡᠶ ᠱᠢᠨ᠎ᠡ ᠦᠷ᠎ᠡ ᠪᠦᠲᠦᠮᠵᠢ ᠤᠯᠬᠤ᠎ᠶ᠋ᠢ ᠠᠬᠢᠭᠤᠯᠬᠤ᠎ᠶ᠋ᠢ ᠬᠦᠰᠡᠵᠦ᠍ ᠪᠠᠢᠨ᠎ᠠ ᠭᠡᠵᠦ᠍ ᠬᠡᠯᠡᠪᠡ᠃

ᠶᠠᠩ ᠴᠠᠩ ᠯᠢ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠢ᠎ᠠ ᠪᠣᠯᠤᠨ ᠵᠠᠰᠠᠭ᠎ᠤᠨ ᠣᠷᠳᠣᠨ᠎ᠤ ᠤᠷᠳᠤ ᠬᠤᠭᠤᠴᠠᠭᠠᠨ᠎ᠤ ᠲᠤᠷᠰᠢ ᠲᠤᠮᠳᠠᠳᠤ ᠤᠯᠤᠰ᠎ᠤᠨ ᠭᠤᠸᠠᠩ ᠾᠧ ᠪᠦᠯᠦᠭᠯᠡᠯ᠎ᠳᠦ ᠦᠵᠡᠭᠦᠯᠦᠭᠰᠡᠨ ᠬᠠᠯᠠᠮᠵᠢᠯᠠᠯ ᠳᠡᠮᠵᠢᠯᠭᠡ᠎ᠳᠦ ᠲᠠᠯᠠᠷᠬᠠᠬᠤ᠎ᠶ᠋ᠢᠨ ᠬᠠᠮᠲᠤ ᠪᠦᠯᠦᠭ᠌ᠯᠡᠯ᠎ᠦᠨ ᠥᠪᠥᠷ ᠮᠣᠩᠭᠣᠯ᠎ᠳᠠᠬᠢ ᠠᠵᠤ ᠦᠢᠯᠡᠰ᠎ᠦᠨ ᠪᠠᠢᠷᠢᠱᠢᠭᠤᠯᠤᠯᠲᠠ᠎ᠶ᠋ᠢᠨ ᠪᠠᠢᠳᠠᠯ᠎ᠢ ᠲᠠᠨᠢᠯᠴᠠᠭᠤᠯᠪᠠ᠃ ᠲᠡᠷᠡ᠂ ᠥᠪᠥᠷ ᠮᠣᠩᠭᠣᠯ᠎ᠤᠨ ᠱᠢᠨ᠎ᠡ ᠡᠨᠧᠷᠭᠢ᠎ᠶᠢ ᠬᠦᠭᠵᠢᠭᠦᠯᠬᠦ ᠳᠠᠪᠠᠭᠤᠯᠢᠭ ᠢᠯᠡᠷᠬᠡᠢ᠂ ᠳᠠᠯᠳᠠ ᠬᠦᠴᠦᠨ ᠯᠤᠲᠤ ᠶᠡᠬᠡ᠂ ᠠᠯᠤᠰ ᠢᠷᠡᠭᠡᠳᠦᠶ ᠥᠷᠭᠡᠨ ᠠᠭᠤᠳᠠᠮ ᠶᠤᠮ᠂ ᠪᠦᠯᠦᠭ᠌ᠯᠡᠯ᠎ᠦᠨ᠎ᠬᠢᠨ ᠤᠯᠤᠰ᠎ᠤᠨ ᠴᠢᠬᠤᠯᠠ ᠶᠡᠬᠡ ᠪᠠᠢᠯᠳᠤᠬᠤ ᠪᠣᠳᠣᠯᠭ᠎ᠠ ᠪᠣᠯᠤᠨ ᠥᠪᠡᠷᠲᠡᠭᠡᠨ ᠵᠠᠰᠠᠬᠤ ᠣᠷᠣᠨ᠎ᠤ ᠬᠥᠭ᠌ᠵᠢᠯᠲᠡ᠎ᠶ᠋ᠢᠨ ᠬᠡᠷᠡᠭ᠌ᠴᠡᠭᠡ᠎ᠳᠦ ᠦᠶ᠋ᠯᠡᠴᠢᠯᠡᠬᠦ᠌᠎ᠶ᠋ᠢ ᠪᠠᠷᠢᠮᠲᠠᠯᠠᠵᠤ᠂ ᠡᠨᠧᠷᠭᠢ᠎ᠶᠢᠨ ᠪᠣᠬᠢᠷᠲᠤᠯ ᠥᠬᠡᠶ ᠪᠠᠭ᠎ᠠ ᠨᠡᠭᠦᠷᠡᠰᠦᠲᠥ᠋ᠷᠥᠭ᠌ᠴᠢᠲᠦ ᠲᠡᠢᠰᠢ ᠬᠡᠯᠪᠡᠷᠢ᠎ᠪᠡᠨ ᠬᠤᠪᠢᠷᠠᠭᠤᠯᠬᠤ ᠠᠵᠠ ᠲᠣᠬᠢᠶᠠᠯ᠎ᠢ ᠴᠢᠩᠭ᠎ᠠ ᠠᠳᠭᠤᠵᠤ᠂ 《ᠡᠯᠡᠰᠦ ᠭᠤᠪᠢ ᠴᠦᠯᠯᠡᠷᠬᠡᠭ ᠭᠠᠵᠠᠷ》᠎ᠤᠨ ᠲᠣᠮᠣ ᠰᠠᠭᠤᠷᠢᠨ᠎ᠢ ᠨᠡᠭᠡᠭᠡᠨ ᠬᠥᠭ᠌ᠵᠢᠭᠦᠯᠬᠦ᠌᠂ ᠤᠰᠤᠲᠥ᠋ᠷᠥᠭ᠌ᠴᠢ ᠳᠠᠮᠵᠢᠭᠤᠯᠬᠤ ᠬᠣᠭᠣᠯᠠᠶ ᠲᠤᠤᠷ᠎ᠤᠨ ᠪᠥᠲᠥᠭᠡᠨ ᠪᠠᠢᠭᠤᠯᠤᠯᠲᠠ᠂ ᠡᠯᠡᠰᠦᠷᠬᠡᠭ᠌ᠵᠢᠯ᠎ᠢ ᠰᠡᠷᠭᠡᠢᠯᠡᠨ ᠡᠯᠡᠰᠦ᠎ᠶᠢ ᠵᠠᠰᠠᠬᠤ᠂ ᠴᠥᠮ᠎ᠡ᠎ᠳᠦ ᠬᠤᠯᠪᠤᠭᠳᠠᠬᠤ ᠤᠨᠴᠠᠯᠢᠬ᠍ᠳᠤ ᠠᠵᠤ ᠦᠶ᠋ᠯᠡᠰ᠎ᠦᠨ ᠬᠥᠭ᠌ᠵᠢᠯᠲᠡ ᠵᠡᠷᠭᠡ ᠬᠦᠷᠢᠶᠡᠨ᠎ᠳᠦ ᠥᠪᠥᠷ ᠮᠣᠩᠭᠣᠯ᠎ᠯᠤᠭ᠎ᠠ᠎ᠶ᠋ᠢᠨ ᠪᠣᠳᠠᠲᠠᠶ᠎ᠶ᠋ᠢ ᠡᠷᠬᠢᠮᠯᠡᠭ᠌ᠰᠡᠨ ᠬᠠᠮᠲᠤᠷᠠᠯᠴᠠᠭ᠎ᠠ᠎ᠪᠠᠨ ᠭᠦᠨᠵᠡᠭᠡᠢᠷᠡᠭᠦᠯᠵᠦ᠍᠂ ᠥᠪᠡᠷᠲᠡᠭᠡᠨ ᠵᠠᠰᠠᠬᠤ ᠣᠷᠣᠨ᠎ᠤ ᠠᠵᠤ ᠠᠬᠤᠶ ᠨᠡᠢᠭᠡᠮ᠎ᠦᠨ ᠴᠢᠨᠠᠷ ᠰᠠᠢᠲᠠᠶ ᠬᠥᠭ᠌ᠵᠢᠯᠲᠡ᠎ᠳᠦ ᠬᠦᠴᠦᠨ ᠨᠡᠮᠡᠷᠢᠯᠡᠨ᠎ᠡ ᠭᠡᠵᠦ ᠬᠡᠯᠡᠪᠡ᠃

ᠥᠪᠡᠷᠲᠡᠭᠡᠨ ᠵᠠᠰᠠᠬᠤ ᠣᠷᠣᠨ᠎ᠤ ᠤᠳᠤᠷᠢᠳᠤᠯᠭ᠎ᠠ ᠢᠦᠶ ᠯᠢ ᠱᠢᠨ ᠣᠷᠣᠯᠴᠠᠵᠠᠢ᠃

ᠢᠷᠡᠯᠲᠡ᠄ ᠥᠪᠥᠷ ᠮᠣᠩᠭᠣᠯ᠎ᠤᠨ ᠡᠳᠦᠷ᠎ᠦᠨ ᠰᠣᠨᠢᠨ
          
ᠬᠠᠮᠢᠶ᠎ᠡ ᠪᠦᠬᠦᠢ ᠰᠣᠨᠢᠨ
 
            