ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠤᠳᠤᠷᠢᠳᠤᠯᠭ᠎ᠠ᠎ᠶᠢᠨ ᠲᠠᠨᠢᠯᠴᠠᠭᠤᠯᠭ᠎ᠠ
ᠦᠢᠯᠡᠴᠢᠯᠡᠭᠡ
ᠰᠢᠨᠵᠢᠯᠡᠭᠡ ᠮᠡᠷᠭᠡᠵᠢᠯ
ᠰᠣᠨᠢᠨ ᠮᠡᠳᠡᠭᠡ   -   ᠰᠣᠨᠢᠨ ᠮᠡᠳᠡᠭᠡ
ᠪᠦᠦ ᠭᠠᠩ ᠬᠥᠬᠡᠬᠣᠲᠠ᠎ᠶ᠋ᠢᠨ ᠵᠠᠬᠢᠳᠠᠯ ᠰᠤᠷᠪᠤᠯᠵᠢᠯᠠᠯ ᠬᠦᠯᠢᠶᠡᠨ ᠠᠪᠬᠤ ᠲᠢᠩᠬᠢᠮ᠎ᠳᠦ ᠬᠦᠷᠴᠦ᠍ ᠵᠠᠬᠢᠳᠠᠯ ᠰᠤᠷᠪᠤᠯᠵᠢᠯᠠᠯ ᠬᠦᠯᠢᠶᠡᠪᠡ
ᠨᠡᠶ᠋ᠢᠲᠡᠯᠡᠭᠰᠡᠨ ᠴᠠᠭ᠄ 2025-12-19

12 ᠰᠠᠷ᠎ᠠ᠎ᠶ᠋ᠢᠨ 18᠎ᠤ ᠡᠳᠦᠷ᠂ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ᠎ᠶᠢᠨ ᠳᠡᠳ᠋ ᠱᠦᠵᠢ᠂ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ᠎ᠤ ᠲᠡᠷᠢᠭᠦᠯᠡᠭ᠌ᠴᠢ ᠪᠦᠦ ᠭᠠᠩ ᠬᠥᠬᠡᠬᠣᠲᠠ᠎ᠶ᠋ᠢᠨ ᠵᠠᠬᠢᠳᠠᠯ ᠰᠤᠷᠪᠤᠯᠵᠢᠯᠠᠯ᠎ᠤᠨ ᠲᠤᠪᠴᠢᠶ᠎ᠠ᠎ᠳᠤ ᠬᠦᠷᠴᠦ᠍ ᠵᠠᠬᠢᠳᠠᠯ ᠰᠤᠷᠪᠤᠯᠵᠢᠯᠠᠯ ᠬᠢᠬᠦ᠎ᠪᠠᠷ ᠢᠷᠡᠭᠰᠡᠨ ᠤᠯᠠᠨ ᠲᠦᠮᠡᠨ᠎ᠢ ᠬᠦᠯᠢᠶᠡᠨ ᠠᠪᠤᠪᠠ᠃

ᠪᠦᠦ ᠭᠠᠩ ᠵᠠᠬᠢᠳᠠᠯ ᠰᠤᠷᠪᠤᠯᠵᠢᠯᠠᠯ ᠬᠢᠬᠦ᠎ᠪᠠᠷ ᠢᠷᠡᠭ᠌ᠰᠡᠨ ᠤᠯᠠᠨ ᠲᠦᠮᠡᠨ᠎ᠲᠡᠶ ᠨᠢᠭᠤᠷᠳᠠᠨ ᠶᠠᠷᠢᠯᠴᠠᠵᠤ᠂ ᠵᠠᠬᠢᠳᠠᠯ ᠰᠤᠷᠪᠤᠯᠵᠢᠯᠠᠯ᠎ᠤᠨ ᠬᠦᠰᠡᠯ ᠱᠠᠭᠠᠷᠳᠠᠯᠭ᠎ᠠ᠎ᠶ᠋ᠢ ᠨᠠᠷᠢᠨ ᠣᠢᠯᠠᠭᠠᠵᠤ᠂ ᠬᠣᠯᠪᠣᠭ᠍ᠳᠠᠯ ᠪᠦᠬᠦᠢ ᠰᠠᠯᠠᠭ᠎ᠠ ᠮᠥᠴᠢᠷ ᠎ᠲᠡᠶ ᠱᠢᠢᠳᠪᠦᠷᠢᠯᠡᠬᠦ᠌ ᠠᠷᠭ᠎ᠠ᠎ᠶ᠋ᠢ ᠵᠥᠪᠳᠡᠯᠴᠡᠪᠡ᠃ ᠲᠡᠷᠡ᠂ ᠤᠯᠠᠨ ᠲᠦᠮᠡᠨ᠎ᠦ ᠲᠤᠰᠭᠠᠭ᠍ᠰᠠᠠ ᠠᠰᠠᠭᠤᠳᠠᠯ ᠨᠢ ᠶᠡᠬᠡ ᠪᠠᠭ᠎ᠠ ᠬᠦᠴᠢᠷ ᠬᠢᠯᠪᠡᠷ ᠭᠡᠰᠡᠨ ᠦᠭᠡᠢ ᠴᠦᠮ ᠲᠡᠳᠡᠨ᠎ᠦ ᠲᠤᠰ ᠪᠡᠶ᠎ᠡ᠎ᠶ᠋ᠢᠨ ᠠᠱᠢᠭ ᠲᠤᠰᠠ᠎ᠲᠠᠶ ᠬᠣᠯᠪᠣᠭ᠍ᠳᠠᠨ᠎ᠠ᠂ ᠳᠡᠳᠡᠨ᠎ᠤ ᠲᠠᠯ᠎ᠠ᠎ᠠᠴᠠ ᠪᠤᠳᠤᠨ ᠰᠡᠳᠭᠢᠵᠤ᠂ ᠤᠳᠠᠭᠠᠰᠢᠷᠠᠭᠤᠯᠵᠤ ᠪᠣᠯᠬᠤ ᠦᠭᠡᠢ᠂ ᠬᠣᠢᠱᠢᠯᠠᠭᠤᠯᠵᠤ ᠪᠣᠯᠬᠤ ᠦᠭᠡᠢ᠃ ᠡᠯ᠎ᠡ ᠱᠠᠲᠤᠨ᠎ᠤ ᠵᠠᠰᠠᠭ᠎ᠤᠨ ᠣᠷᠳᠣᠨ ᠱᠢᠨ᠎ᠡ ᠳᠠᠷᠤᠭ᠎ᠠ ᠬᠠᠭᠤᠴᠢᠨ ᠳᠠᠩᠰᠠ᠎ᠶ᠋ᠢ ᠰᠢᠢᠳᠪᠦᠷᠢᠯᠡᠬᠦ ᠣᠢᠯᠠᠭᠠᠭ᠍ᠳᠠᠬᠤᠨ᠎ᠢ ᠪᠤᠢ ᠪᠣᠯᠭᠠᠵᠤ᠂ ᠲᠡᠦᠬᠡᠨ᠎ᠡᠴᠡ ᠦᠯᠡᠳᠡᠭ᠌ᠳᠡᠵᠦ᠍ ᠢᠷᠡᠭ᠌ᠰᠡᠨ ᠠᠰᠠᠭᠤᠳᠠᠯ᠎ᠢ ᠲᠦᠷᠦᠯ ᠬᠤᠪᠢᠶᠠᠨ ᠡᠮᠬᠢᠯᠡᠵᠦ᠍᠂ ᠬᠠᠤᠯᠢ ᠴᠠᠭᠠᠵᠠ᠂ ᠲᠦᠷᠦ᠍ ᠎ᠶ᠋ᠢᠨ ᠪᠤᠳᠤᠯᠭ᠎ᠠ᠂ ᠠᠵᠤ ᠠᠬᠤᠢ ᠵᠡᠷᠭᠡ ᠠᠷᠭ᠎ᠠ ᠪᠠᠷᠢᠯ ᠪᠠ ᠰᠤᠷᠭᠠᠨ ᠬᠥᠮᠦᠵᠢᠭᠦᠯᠬᠦ᠌᠂ ᠡᠶᠡᠳᠡᠭᠦᠯᠬᠦ᠌᠂ ᠵᠢᠭᠠᠵᠤ ᠵᠢᠯᠣᠭᠣᠳᠭᠤ ᠵᠡᠷᠭᠡ ᠠᠷᠭ᠎ᠠ᠎ᠶᠢ ᠶᠡᠷᠦᠩᠬᠡᠢᠯᠡᠨ ᠬᠡᠷᠡᠭ᠌ᠯᠡᠵᠦ᠍᠂ ᠤᠯᠠᠨ ᠲᠦᠮᠡᠨ ᠎ᠦ ᠵᠦᠢ ᠵᠣᠬᠢᠰᠲᠠᠢ ᠬᠠᠤᠯᠢ ᠶᠣᠰᠣᠨ᠎ᠤ ᠠᠱᠢᠭ ᠲᠤᠰᠠ᠎ᠶ᠋ᠢᠨ ᠬᠦᠰᠡᠯ ᠱᠠᠭᠠᠷᠳᠠᠯᠭ᠎ᠠ᠎ᠶᠢ ᠦᠨᠡᠨ ᠬᠦ᠌ ᠰᠠᠢᠲᠤᠷ ᠱᠢᠢᠳᠪᠦᠷᠢᠯᠡᠬᠦ᠌ ᠬᠡᠷᠡᠭ᠌ᠲᠡᠢ ᠭᠡᠵᠤ ᠵᠢᠭᠠᠵᠤ ᠭᠠᠷᠭᠠᠵᠠᠢ᠃

ᠪᠦᠦ ᠭᠠᠩ᠂ ᠶᠡᠷᠦᠩᠬᠡᠶ ᠱᠦᠵᠢ ᠰᠢ᠎ᠵᠢᠨ᠎ᠫᠢᠩ᠎ᠦᠨ ᠠᠷᠠᠳ᠎ᠤᠨ ᠵᠠᠬᠢᠳᠠᠯ ᠰᠤᠷᠪᠤᠯᠵᠢᠯᠠᠯ᠎ᠤᠨ ᠠᠵᠢᠯ᠎ᠢ ᠴᠢᠩᠭᠠᠳᠭᠠᠨ ᠰᠠᠢᠵᠢᠷᠠᠭᠤᠯᠬᠤ ᠲᠤᠬᠠᠶ ᠴᠢᠬᠤᠯᠠ ᠦᠵᠡᠯ ᠰᠠᠨᠠᠭ᠎ᠠ᠎ᠶ᠋ᠢ ᠭᠦᠨᠵᠡᠭᠡᠶ ᠲᠤᠭᠤᠱᠢᠯᠠᠭᠤᠯᠵᠤ᠂ ᠵᠠᠬᠢᠳᠠᠯ ᠰᠤᠷᠪᠤᠯᠵᠢᠯᠠᠯ᠎ᠤᠨ ᠠᠰᠠᠭᠤᠳᠠᠯ᠎ᠢ ᠡᠬᠢ ᠡᠭᠦᠰᠦᠯ᠎ᠡᠴᠡ᠎ᠨᠢ ᠵᠠᠰᠠᠬᠤ᠎ᠶ᠋ᠢ ᠯᠠᠪᠳᠠᠭᠤᠨ ᠪᠠᠲᠤᠲᠠᠶ ᠥᠷᠨᠢᠭᠦᠯᠵᠦ᠍᠂ ᠨᠠᠩ ᠣᠯᠠᠨ ᠵᠥᠷᠢᠴᠡᠯ ᠵᠠᠭᠤᠷᠠᠯᠳᠤᠭᠠᠨ᠎ᠢ ᠦᠨᠳᠦᠰᠦᠨ ᠱᠠᠲᠤᠨ᠎ᠳᠤ ᠱᠢᠶ᠋ᠳᠪᠦᠷᠢᠯᠡᠵᠦ᠍᠂ ᠴᠤᠬᠤᠢᠵᠤ ᠪᠠᠢᠬᠤ ᠦᠶ᠎ᠡ᠎ᠳᠦᠨᠢ ᠱᠢᠶ᠋ᠳᠪᠦᠷᠢᠯᠡᠬᠦ᠌ ᠬᠡᠷᠡᠭ᠌ᠲᠡᠶ᠃ ᠤᠳᠤᠷᠢᠳᠭᠤ ᠺᠠᠳ᠋ᠷ ᠳᠣᠷᠣᠭ᠍ᠰᠢ ᠪᠠᠭᠤᠵᠤ ᠵᠠᠬᠢᠳᠠᠯ ᠰᠤᠷᠪᠤᠯᠵᠢᠯᠠᠯ᠎ᠢ ᠬᠦᠯᠢᠶᠡᠨ ᠠᠪᠬᠤ᠂ ᠬᠡᠷᠡᠭ᠎ᠢ ᠳᠠᠭᠠᠭᠠᠴᠢᠯᠠᠨ ᠱᠢᠢᠳᠪᠦᠷᠢᠯᠡᠬᠦ᠌ ᠳᠦᠷᠢᠮ᠎ᠢ ᠰᠠᠢᠲᠤᠷ ᠨᠠᠢᠳᠠᠪᠤᠷᠢᠵᠢᠭᠤᠯᠵᠤ᠂ ᠨᠢᠭᠡ ᠪᠦᠯᠦᠭ ᠵᠠᠬᠢᠳᠠᠯ ᠰᠤᠷᠪᠤᠯᠵᠢᠯᠠᠯ᠎ᠤᠨ ᠳᠠᠷᠤᠭ᠍ᠳᠠᠮᠠᠯ ᠬᠡᠷᠡᠭ ᠬᠦᠴᠢᠷ ᠬᠡᠷᠡᠭ᠎ᠢ ᠱᠢᠢᠳᠪᠦᠷᠢᠯᠡᠬᠦ᠌᠎ᠶ᠋ᠢ ᠠᠬᠢᠭᠤᠯᠵᠤ᠂ 《ᠬᠡᠷᠡᠭ᠎ᠢ ᠳᠠᠭᠤᠰᠭᠠᠵᠤ ᠤᠴᠢᠷ ᠶᠠᠪᠤᠳᠠᠯ᠎ᠢ ᠰᠢᠢᠳᠪᠦᠷᠢᠯᠡᠬᠦ》᠂ 《ᠤᠴᠢᠷ ᠶᠠᠪᠤᠳᠠᠯ᠎ᠢ ᠨᠢ ᠰᠢᠢᠳᠪᠦᠷᠢᠯᠡᠵᠤ ᠰᠡᠳᠭᠢᠯ ᠰᠠᠨᠠᠭ᠎ᠠ ᠵᠢ ᠨᠢ ᠠᠮᠤᠷᠵᠢᠭᠤᠯᠬᠤ  》᠎ᠶᠢ ᠴᠢᠷᠮᠠᠢᠨ ᠪᠡᠶᠡᠯᠡᠭᠦᠯᠬᠦ᠌ ᠬᠡᠷᠡᠭ᠌ᠲᠡᠢ ᠭᠡᠵᠤ ᠴᠢᠬᠤᠯᠠᠴᠢᠯᠠᠵᠠᠢ᠃

 

ᠢᠷᠡᠯᠲᠡ᠄ ᠥᠪᠥᠷ ᠮᠣᠩᠭᠣᠯ᠎ᠤᠨ ᠡᠳᠦᠷ᠎ᠦᠨ ᠰᠣᠨᠢᠨ
          
ᠬᠠᠮᠢᠶ᠎ᠡ ᠪᠦᠬᠦᠢ ᠰᠣᠨᠢᠨ
 
            