8 ᠳ᠋ᠤᠭ᠋ᠠᠷ ᠰᠠᠷ᠎ᠠ ᠵᠢᠨ 9᠎ᠤ ᠡᠳᠦᠷ᠎ᠠᠴᠠ 11᠎ᠤ ᠡᠳᠦᠷ ᠪᠣᠯᠲᠠᠯ᠎ᠠ᠂ ᠳᠤᠮᠳᠠᠳᠤ ᠤᠯᠤᠰ᠎ᠤᠨ ᠲᠠᠷᠢᠶᠠᠯᠠᠩ᠎ᠤᠨ ᠰᠢᠨᠵᠢᠯᠡᠬᠦ ᠤᠬᠠᠭ᠋ᠠᠨ᠎ᠤ ᠬᠦᠷᠢᠶᠡᠯᠡᠩ᠎ᠤᠨ ᠢᠳᠡᠰᠢᠨ ᠨᠣᠭᠣᠭ᠎ᠠ ᠬᠤᠸᠠᠷ ᠴᠡᠴᠡᠭ ᠰᠤᠳᠤᠯᠬᠤ ᠭᠠᠵᠠᠷ᠎ᠠᠴᠠ ᠭᠣᠤᠯᠯᠠᠨ ᠡᠷᠭᠢᠯᠡᠵᠦ᠂ ᠤᠯᠠᠭ᠋ᠠᠨᠴᠠᠪ ᠬᠣᠲᠠ ᠵᠢᠨ ᠰᠢᠨᠵᠢᠯᠡᠬᠦ ᠤᠬᠠᠭ᠋ᠠᠨ ᠮᠡᠷᠭᠡᠵᠢᠯ᠎ᠤᠨ ᠣᠨᠴᠠ ᠲᠣᠮᠢᠯᠠᠭᠳᠠᠭᠰᠠᠳ᠎ᠤᠨ ᠠᠳᠠᠯ ᠦᠢᠯᠡᠰ ᠴᠣᠭᠴᠠᠯᠠᠬᠤ ᠬᠣᠯᠪᠣᠭ᠋ᠠᠲᠤ ᠬᠤᠷᠠᠯ᠎ᠠᠴᠠ ᠳᠠᠭ᠋ᠠᠭ᠋ᠠᠨ ᠡᠷᠭᠢᠯᠡᠭᠰᠡᠨ《ᠴᠢᠨᠠᠷ ᠰᠠᠢ᠌ᠲᠠᠶ ᠢᠳᠡᠰᠢᠨ ᠨᠣᠭᠣᠭ᠋ᠠᠨ᠎ᠤ ᠡᠭᠦᠯᠳᠡᠷ᠎ᠤᠨ ᠢᠷᠡᠯᠲᠡ》ᠰᠢᠨ᠎ᠡ ᠡᠭᠦᠯᠳᠡᠷ᠎ᠤᠨ ᠦᠵᠡᠭᠦᠯᠦᠯᠭᠡ ᠵᠢᠨ ᠬᠤᠷᠠᠯ ᠤᠯᠠᠭ᠋ᠠᠨᠴᠠᠪ ᠬᠣᠲᠠ᠎ᠳᠤ ᠬᠤᠷᠠᠯᠳᠤᠵᠤ᠂ ᠪᠥᠬᠥ ᠤᠯᠤᠰ᠎ᠤᠨ ᠡᠯ᠎ᠡ ᠭᠠᠵᠠᠷ᠎ᠠᠴᠠ ᠢᠷᠡᠭᠰᠡᠨ ᠢᠳᠡᠰᠢᠨ ᠨᠣᠭᠣᠭ᠎ᠠ ᠵᠢᠨ ᠬᠦᠷᠢᠶᠡᠨ᠎ᠤ ᠨᠠᠷᠠᠲᠤ ᠲᠤᠰᠬᠠᠶ ᠮᠡᠷᠭᠡᠵᠢᠯᠲᠡᠨ ᠵᠢᠴᠢ ᠲᠥᠷᠥᠯ ᠵᠦᠢᠯ᠎ᠤᠨ ᠪᠦᠯᠬᠦᠮ᠎ᠤᠨ 60 ᠭᠠᠷᠤᠶ ᠬᠥᠮᠥᠨ ᠬᠤᠷᠠᠯ᠎ᠳᠤ ᠣᠷᠣᠯᠴᠠᠪᠠ᠃
ᠬᠤᠷᠠᠯ᠎ᠠᠴᠠ ᠡᠮᠦᠨ᠎ᠡ᠂ ᠬᠤᠷᠠᠯ᠎ᠳᠤ ᠣᠷᠣᠯᠴᠠᠭᠰᠠᠳ ᠬᠦᠢᠲᠡᠨ ᠰᠡᠷᠢᠭᠦᠨ ᠢᠳᠡᠰᠢᠨ ᠨᠣᠭᠣᠭ᠋ᠠᠨ᠎ᠤ ᠠᠺᠠᠳᠧᠮᠢᠴᠢ ᠵᠢᠨ ᠠᠵᠢᠯ᠎ᠤᠨ ᠥᠷᠲᠡᠭᠡ ᠪᠣᠯᠤᠨ ᠴᠠᠬᠠᠷ ᠪᠠᠷᠠᠭᠤᠨ ᠭᠠᠷᠤᠨ ᠳᠤᠮᠳᠠᠳᠤ ᠬᠣᠰᠢᠭᠤᠨ᠎ᠤ ᠤᠰᠤᠲᠤ ᠪᠠᠯᠭ᠋ᠠᠰᠤ᠂ ᠲᠢᠶᠧ ᠱᠠ ᠭᠠᠶ ᠪᠠᠯᠭ᠋ᠠᠰᠤᠨ᠎ᠤ ᠤᠯᠤᠰ᠎ᠲᠠᠭᠠᠨ ᠦᠢᠯᠡᠳᠪᠦᠷᠢᠯᠡᠭᠰᠡᠨ ᠬᠤᠯᠤᠤᠪᠠᠩ᠎ᠤᠨ ᠰᠢᠨ᠎ᠡ ᠲᠥᠷᠥᠯ ᠵᠦᠢᠯ᠎ᠤᠨ ᠬᠡᠪᠴᠢᠶᠡᠵᠢᠭᠰᠡᠨ ᠲᠠᠷᠢᠮᠠᠯ᠎ᠤᠨ ᠰᠠᠭᠤᠷᠢᠨ᠎ᠢ ᠲᠣᠭᠣᠷᠢᠨ ᠦᠵᠡᠪᠡ᠃
ᠬᠠᠷᠢᠭᠤ ᠮᠡᠳᠡᠭᠦᠯᠦᠯᠲᠡ ᠰᠣᠯᠢᠯᠴᠠᠬᠤ ᠬᠤᠷᠠᠯ ᠳᠡᠭᠡᠷ᠎ᠡ᠂ ᠳᠤᠮᠳᠠᠳᠤ ᠤᠯᠤᠰ᠎ᠤᠨ ᠢᠨᠵᠧᠨᠧᠷᠢᠩ᠎ᠤᠨ ᠬᠦᠷᠢᠶᠡᠯᠡᠩ᠎ᠤᠨ ᠠᠺᠠᠳᠧᠮᠢᠴᠢ ᠽᠸᠤ ᠰᠢᠤᠸᠠᠢ᠂ ᠤᠯᠠᠭ᠋ᠠᠨᠴᠠᠪ ᠬᠤᠳᠠ ᠵᠢᠨ ᠳᠡᠳ᠋ ᠳᠠᠷᠤᠭ᠎ᠠ ᠯᠢ ᠵᠢᠶᠠᠨ ᠸᠸᠨ᠂ ᠳᠤᠮᠳᠠᠳᠤ ᠤᠯᠤᠰ᠎ᠤᠨ ᠲᠠᠷᠢᠶᠠᠯᠠᠩ᠎ᠤᠨ ᠰᠢᠨᠵᠢᠯᠡᠬᠦ ᠤᠬᠠᠭ᠋ᠠᠨ᠎ᠤ ᠬᠦᠷᠢᠶᠡᠯᠡᠩ᠎ᠤᠨ ᠢᠳᠡᠰᠢᠨ ᠨᠣᠭᠣᠭ᠎ᠠ ᠬᠤᠸᠠᠷ ᠴᠡᠴᠡᠭ ᠰᠤᠳᠤᠯᠬᠤ ᠭᠠᠵᠠᠷ᠎ᠤᠨ ᠳᠡᠳ᠋ ᠳᠠᠷᠤᠭ᠎ᠠ ᠵᠠᠩ ᠱᠧᠩ ᠫᠢᠩ᠂ ᠬᠥᠳᠡᠭᠡ ᠠᠵᠤ ᠠᠬᠤᠢ ᠬᠥᠳᠡᠭᠡ ᠲᠣᠰᠬᠣᠨ᠎ᠤ ᠶᠠᠮᠤᠨ᠎ᠤ ᠦᠷ᠎ᠡ ᠵᠢᠨ ᠦᠢ᠍ᠯᠡᠰ᠎ᠤᠨ ᠬᠠᠮᠢᠶᠠᠷᠤᠯᠲᠠ ᠵᠢᠨ ᠵᠤᠷᠭ᠋ᠠᠨ᠎ᠤ ᠪᠠᠢ᠌ᠴᠠᠭ᠋ᠠᠨ ᠰᠤᠳᠤᠯᠤᠭᠴᠢ ᠯᠢ ᠵᠢᠶᠠᠨ ᠮᠸᠩ ᠬᠤᠷᠠᠯ᠎ᠳᠤ ᠣᠷᠣᠯᠴᠠᠵᠤ ᠪᠠᠶᠠᠷ᠎ᠤᠨ ᠦᠭᠡ ᠬᠡᠯᠡᠪᠡ᠃ ᠳᠤᠮᠳᠠᠳᠤ ᠤᠯᠤᠰ᠎ᠤᠨ ᠲᠠᠷᠢᠶᠠᠯᠠᠩ᠎ᠤᠨ ᠰᠢᠨᠵᠢᠯᠡᠬᠦ ᠤᠬᠠᠭ᠋ᠠᠨ᠎ᠤ ᠬᠦᠷᠢᠶᠡᠯᠡᠩ᠎ᠤᠨ ᠢᠳᠡᠰᠢᠨ ᠨᠣᠭᠣᠭ᠎ᠠ ᠬᠤᠸᠠᠷ ᠴᠡᠴᠡᠭ ᠰᠤᠳᠤᠯᠬᠤ ᠭᠠᠵᠠᠷ᠎ᠤᠨ ᠳᠡᠳ᠋ ᠳᠠᠷᠤᠭ᠎ᠠ ᠵᠠᠩ ᠶᠠᠩ ᠶᠦᠩ ᠬᠤᠷᠠᠯ᠎ᠢ ᠡᠷᠭᠢᠯᠡᠪᠡ᠃
ᠯᠢ ᠵᠢᠶᠠᠨ ᠸᠸᠨ ᠳᠡᠳ᠋ ᠬᠣᠲᠠ ᠵᠢᠨ ᠳᠠᠷᠤᠭ᠎ᠠ ᠢᠯᠡᠷᠬᠡᠢ᠌ᠯᠡᠬᠦ᠎ᠳᠡᠭᠡᠨ᠂ ᠤᠯᠠᠭ᠋ᠠᠨᠴᠠᠪ ᠬᠣᠲᠠ ᠪᠣᠯ ᠪᠥᠬᠥ ᠤᠯᠤᠰ᠎ᠤᠨ ᠭᠤᠷᠪᠠᠨ ᠲᠣᠮᠣ ᠬᠦᠢᠲᠡᠨ ᠰᠡᠷᠢᠭᠦᠨ ᠢᠳᠡᠰᠢᠨ ᠨᠣᠭᠣᠭ᠎ᠠ ᠵᠢᠨ ᠦᠢᠯᠡᠳᠪᠦᠷᠢᠯᠡᠯ᠎ᠤᠨ ᠰᠠᠭᠤᠷᠢᠨ ᠭᠠᠵᠠᠷ᠎ᠤᠨ ᠨᠢᠭᠡ ᠮᠥᠨ᠂ ᠪᠥᠬᠥ ᠬᠣᠲᠠ ᠵᠢᠨ ᠢᠳᠡᠰᠢᠨ ᠨᠣᠭᠣᠭ᠎ᠠ ᠳᠠᠷᠢᠭᠰᠠᠨ ᠲᠠᠯᠠᠪᠠᠶ᠎ᠨᠢ 60 ᠭᠠᠷᠤᠶ ᠲᠦᠮᠡᠨ ᠮᠥ᠍ ᠪᠠᠢ᠌ᠵᠤ᠂ 《ᠴᠠᠬᠠᠷ ᠪᠠᠷᠠᠭᠤᠨ ᠭᠠᠷᠤᠨ ᠳᠤᠮᠳᠠᠳᠤ ᠬᠣᠰᠢᠭᠤᠨ᠎ᠤ ᠤᠯᠠᠭ᠋ᠠᠨ ᠬᠤᠤ ᠯᠤᠤᠪᠠᠩ᠂ ᠬᠤᠸᠠᠳᠧ ᠰᠢᠶᠠᠨ᠎ᠤ ᠴᠠᠭ᠋ᠠᠨ ᠨᠣᠭᠣᠭ᠎ᠠ᠂ ᠱᠠᠩᠳᠤ ᠰᠢᠶᠠᠨ᠎ᠤ ᠰᠢ ᠴᠢᠨ᠂ ᠰᠢᠩ ᠾᠧ ᠰᠢᠶᠠᠨ᠎ᠤ ᠥᠷᠭᠡᠰᠦᠲᠦ ᠨᠣᠭᠣᠭ᠎ᠠ᠂ ᠵᠦᠸᠧᠽᠢ ᠰᠢᠶᠠᠨ᠎ᠤ ᠰᠢ ᠯᠠᠨ ᠬᠤᠸᠠ᠂ ᠯᠢᠶᠠᠩᠴᠧᠩ ᠰᠢᠶᠠᠨ᠎ᠤ ᠰᠢᠬᠢᠷᠯᠢᠭ ᠡᠷᠳᠡᠨᠢ ᠰᠢᠰᠢ᠂ ᠳᠥᠷᠪᠡᠳ ᠬᠣᠰᠢᠭᠤᠨ᠎ᠤ ᠯᠠᠩᠭᠤᠸᠠ᠂ ᠴᠠᠬᠠᠷ ᠪᠠᠷᠠᠭᠤᠨ ᠭᠠᠷᠤᠨ ᠡᠮᠦᠨᠡᠲᠦ ᠬᠣᠰᠢᠭᠤᠨ᠎ᠤ ᠪᠡᠯᠡᠳᠬᠡᠮᠵᠢᠲᠦ ᠢᠳᠡᠰᠢᠨ ᠨᠣᠭᠣᠭ᠎ᠠ᠂ ᠴᠠᠬᠠᠷ ᠪᠠᠷᠠᠭᠤᠨ ᠭᠠᠷᠤᠨ ᠬᠣᠢ᠌ᠲᠤ ᠬᠣᠰᠢᠭᠤᠨ᠎ᠤ ᠪᠥᠭᠡᠷᠡᠩᠬᠡᠶ ᠰᠣᠩᠭᠢᠨ᠎ᠠ᠂ ᠵᠢᠨᠢᠩ ᠲᠣᠭᠣᠷᠢᠭ᠎ᠤᠨ ᠭᠠᠨ ᠯᠠᠨ ᠵᠶ᠋ᠠᠷ ᠭᠣᠤᠯ ᠪᠣᠯᠭ᠋ᠠᠭᠰᠠᠨ ᠠᠷᠪᠠᠨ ᠲᠣᠮᠣ ᠥᠪᠡᠷᠮᠢᠴᠡ ᠰᠡᠷᠢᠭᠦᠨ ᠢᠳᠡᠰᠢᠨ ᠨᠣᠭᠣᠭ᠎ᠠ ᠵᠢᠨ ᠰᠠᠭᠤᠷᠢᠨ ᠭᠠᠵᠠᠷ ᠪᠣᠯᠤᠨ᠎ᠠ》ᠭᠡᠵᠡᠶ᠃ ᠬᠦᠢᠲᠡᠨ ᠰᠡᠷᠢᠭᠦᠨ ᠠᠭᠤᠷ ᠠᠮᠢᠰᠬᠤᠯ᠎ᠤᠨ ᠪᠠᠢ᠌ᠭ᠋ᠠᠯᠢ ᠵᠢᠨ ᠳᠠᠪᠠᠭᠤᠯᠢᠭ᠎ᠢ ᠭᠦᠢᠴᠡᠳ ᠪᠠᠳᠠᠷᠠᠭᠤᠯᠵᠤ᠂ ᠲᠦᠬᠦᠭᠡᠷᠤᠮᠵᠢᠳᠤ ᠲᠠᠷᠢᠶᠠᠯᠠᠩ ᠵᠶ᠋ᠠᠷ ᠭᠣᠤᠯ ᠪᠣᠯᠭ᠋ᠠᠭᠰᠠᠨ ᠬᠦᠢᠲᠡᠨ ᠰᠡᠷᠢᠭᠦᠨ ᠢᠳᠡᠰᠢᠨ ᠨᠣᠭᠣᠭ᠎ᠠ ᠵᠢᠨ ᠠᠵᠤ ᠦᠢᠯᠡᠰ᠎ᠤᠨ ᠬᠥᠭᠵᠢᠯᠲᠡ ᠵᠢ ᠠᠬᠢᠭᠤᠯᠵᠤ᠂ ᠬᠦᠢᠲᠡᠨ ᠰᠡᠷᠢᠭᠦᠨ ᠢᠳᠡᠰᠢᠨ ᠨᠣᠭᠣᠭ᠎ᠠ᠎ᠨᠢ ᠪᠦᠳᠦᠭᠦᠯᠢᠭ ᠮᠠᠶᠢᠭ᠎ᠤᠨ ᠤᠯᠠᠮᠵᠢᠯᠠᠯᠲᠤ ᠲᠠᠷᠢᠮᠠᠯ᠎ᠠᠴᠠ ᠪᠠᠷᠢᠮᠵᠢᠶᠠᠵᠢᠭᠰᠠᠨ ᠨᠠᠷᠢᠯᠢᠭ ᠳᠠᠷᠢᠵᠤ ᠨᠠᠷᠢᠯᠢᠭ ᠳᠠᠷᠢᠬᠤ ᠳᠠᠰᠢ ᠢᠳᠡᠭ ᠢᠳᠡᠭ ᠵᠶ᠋ᠡᠷ ᠰᠢᠯᠵᠢᠵᠦ᠂ 《ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ ᠵᠶ᠋ᠡᠷ ᠬᠥᠲᠥᠯᠥᠨ ᠳᠠᠭ᠋ᠠᠭᠤᠯᠬᠤ᠂ ᠭᠣᠣᠯ ᠵᠢᠱ᠌ᠢᠶ᠎ᠡ ᠦᠵᠡᠭᠦᠯᠬᠦ᠂ ᠪᠦᠬᠦᠢ᠌ᠯᠡ ᠲᠣᠰᠬᠣᠨ ᠵᠶ᠋ᠠᠷ ᠠᠬᠢᠭᠤᠯᠬᠤ᠂ ᠨᠥᠯᠥᠭᠡᠯᠡᠨ ᠳᠠᠢ᠌ᠴᠢᠯᠠᠬᠤ》᠎ᠪᠠᠷ ᠰᠡᠳᠬᠢᠴᠡ ᠪᠣᠯᠭ᠋ᠠᠵᠤ᠂ ᠬᠦᠢᠲᠡᠨ ᠰᠡᠷᠢᠭᠦᠨᠤ ᠡᠬᠢ ᠪᠠᠶᠠᠯᠢᠭ᠎ᠲᠤ ᠲᠦᠰᠢᠭᠯᠡᠨ᠂ ᠬᠦᠢᠲᠡᠨ ᠰᠡᠷᠢᠭᠦᠨᠤ ᠲᠥᠷᠥᠯ ᠲᠡᠮᠳᠡᠭ᠎ᠢ ᠡᠭᠦᠳᠴᠦ᠂ ᠬᠦᠢᠲᠡᠨ ᠰᠡᠷᠢᠭᠦᠨᠤ ᠢᠳᠡᠰᠢᠨ ᠨᠣᠭᠣᠭ᠎ᠠ ᠵᠢᠨ ᠠᠵᠤ ᠦᠢᠯᠡᠰ᠎ᠢ ᠲᠦᠷᠭᠡᠨ ᠪᠥᠭᠡᠳ ᠥᠨᠳᠥᠷ ᠪᠦᠲᠦᠮᠵᠢᠲᠡᠶ ᠬᠥᠭᠵᠢᠯᠲᠡ ᠵᠢᠨ ᠵᠠᠮ᠎ᠳᠤ ᠣᠷᠣᠭᠤᠯᠬᠤ ᠵᠢ ᠠᠬᠢᠭᠤᠯᠤᠨ᠎ᠠ ᠭᠡᠵᠡᠢ᠃
ᠬᠤᠷᠠᠯ᠎ᠤᠨ ᠶᠠᠪᠤᠴᠠ᠎ᠳᠤ᠂ 《ᠴᠢᠨᠠᠷ ᠰᠠᠢ᠌ᠲᠠᠶ ᠢᠳᠡᠰᠢᠨ ᠨᠣᠭᠣᠭ᠋ᠠᠨ᠎ᠤ ᠡᠭᠦᠯᠳᠡᠷ᠎ᠤᠨ ᠢᠷᠡᠯᠲᠡ》 ᠵᠢᠨ ᠡᠯ᠎ᠡ ᠲᠥᠷᠥᠯ ᠵᠦᠢᠯ᠎ᠤᠨ ᠬᠠᠷᠢᠭᠤᠴᠠᠯᠭ᠋ᠠᠲᠠᠨ ᠲᠥᠷᠥᠯ ᠵᠦᠢᠯ᠎ᠤᠨ ᠠᠬᠢᠴᠠ ᠵᠢᠴᠢ ᠬᠠᠷᠠᠯᠲᠠ ᠡᠭᠦᠷᠭᠡ ᠵᠢ ᠪᠡᠶᠡᠯᠡᠭᠦᠯᠦᠭᠰᠡᠨ ᠪᠠᠢ᠌ᠳᠠᠯ ᠵᠶ᠋ᠠᠨ ᠬᠠᠷᠢᠭᠤ ᠮᠡᠳᠡᠭᠦᠯᠵᠦ᠂ ᠲᠤᠰᠬᠠᠶ ᠮᠡᠷᠭᠡᠵᠢᠯᠲᠡᠨ᠎ᠤ ᠳᠤᠭᠤᠢ᠌ᠯᠠᠩ ᠲᠥᠷᠥᠯ ᠵᠦᠢᠯ᠎ᠢ ᠪᠡᠶᠡᠯᠡᠭᠦᠯᠦᠭᠰᠡᠨ ᠪᠠᠢ᠌ᠳᠠᠯ᠎ᠳᠤ ᠶᠡᠷᠦᠩᠬᠡᠢ᠌ᠯᠡᠭᠰᠡᠨ ᠦᠨᠡᠯᠡᠯᠲᠡ ᠬᠢᠬᠦ ᠵᠢᠨ ᠬᠠᠮᠲᠤ ᠰᠠᠢ᠌ᠵᠢᠷᠠᠭᠤᠯᠬᠤ ᠰᠠᠨᠠᠯ ᠳᠤᠷᠠᠳᠪᠠ᠃
ᠲᠣᠰ ᠤᠳᠠᠭ᠋ᠠᠨ᠎ᠤ 《ᠴᠢᠨᠠᠷ ᠰᠠᠢ᠌ᠲᠠᠶ ᠢᠳᠡᠰᠢᠨ ᠨᠣᠭᠣᠭ᠋ᠠᠨ᠎ᠤ ᠡᠭᠦᠯᠳᠡᠷ᠎ᠤᠨ ᠢᠷᠡᠯᠲᠡ》 ᠵᠢᠨ ᠰᠢᠨ᠎ᠡ ᠡᠭᠦᠯᠳᠡᠷ᠎ᠤᠨ ᠦᠵᠡᠭᠦᠯᠦᠯᠭᠡ ᠵᠢᠨ ᠬᠤᠷᠠᠯ᠎ᠨᠢ ᠲᠥᠷᠥᠯ ᠵᠦᠢᠯ᠎ᠤᠨ ᠦᠷ᠎ᠡ ᠪᠦᠲᠦᠭᠡᠯ᠎ᠢ ᠳ᠋ᠦᠩᠨᠡᠬᠦ ᠪᠠ ᠲᠠᠷᠠᠭ᠋ᠠᠴᠢ ᠵᠢᠨ ᠱᠠᠲᠤᠨ᠎ᠤ ᠲᠥᠷᠥᠯ ᠵᠦᠢᠯ᠎ᠤᠨ ᠡᠭᠦᠷᠭᠡ ᠵᠢ ᠠᠬᠢᠭᠤᠯᠬᠤ᠎ᠳᠤ ᠰᠠᠭᠤᠷᠢ ᠲᠠᠯᠪᠢᠵᠤ ᠥᠭᠭᠦᠭᠰᠡᠨ ᠪᠥᠭᠡᠳ ᠢᠳᠡᠰᠢᠨ ᠨᠣᠭᠣᠭ᠎ᠠ ᠵᠢᠨ ᠦᠷ᠎ᠡ ᠪᠣᠢ᠌ᠵᠢᠭᠤᠯᠬᠤ ᠵᠠᠩᠭᠢᠯᠠᠭ᠎ᠠ ᠵᠢᠨ ᠮᠡᠷᠭᠡᠵᠢᠯ᠎ᠤᠨ ᠪᠡᠷᠬᠡ ᠰᠡᠳᠦᠪ᠎ᠢ ᠤᠯᠠᠮ ᠨᠢᠭᠡ ᠠᠯᠬᠤᠮ ᠬᠠᠮᠲᠤᠷᠠᠨ ᠰᠢᠢᠳᠪᠦᠷᠢᠯᠡᠵᠦ᠂ ᠢᠳᠡᠰᠢᠨ ᠨᠣᠭᠣᠭ᠎ᠠ ᠵᠢᠨ ᠰᠢᠨ᠎ᠡ ᠡᠭᠦᠯᠳᠡᠷ᠎ᠤᠨ ᠬᠤᠪᠢᠷᠠᠭᠤᠯᠤᠯᠲᠠ ᠵᠢ ᠲᠦᠷᠭᠡᠳᠬᠡᠬᠦ᠎ᠳᠤ ᠰᠠᠢ᠌ᠨ ᠰᠠᠢ᠌ᠬᠠᠨ ᠨᠡᠪᠲᠡᠷᠡᠯᠴᠡᠨ ᠰᠣᠯᠢᠯᠴᠠᠬᠤ ᠲᠠᠪᠴᠠᠩ᠎ᠢ ᠪᠠᠢ᠌ᠭᠤᠯᠵᠤ ᠥᠭᠭᠦᠭᠰᠡᠨ ᠪᠠᠢ᠌ᠨ᠎ᠠ᠃ ᠲᠠᠷᠠᠭ᠋ᠠᠴᠢ ᠵᠢᠨ ᠠᠯᠬᠤᠮ᠎ᠳᠤ᠂ ᠤᠯᠠᠭ᠋ᠠᠨᠴᠠᠪ ᠬᠣᠲᠠ ᠡᠯ᠎ᠡ ᠲᠤᠰᠬᠠᠶ ᠮᠡᠷᠭᠡᠵᠢᠯᠲᠡᠨ ᠡᠷᠳᠡᠮᠲᠡᠨ᠎ᠲᠠᠢ ᠬᠠᠮᠲᠤ᠎ᠪᠠᠷ ᠬᠦᠢᠲᠡᠨ ᠰᠡᠷᠢᠭᠦᠨ ᠢᠳᠡᠰᠢᠨ ᠨᠣᠭᠣᠭ᠎ᠠ ᠵᠢᠨ ᠰᠠᠢ᠌ᠨ ᠡᠭᠦᠯᠳᠡᠷ᠎ᠢ ᠤᠯᠤᠰ᠎ᠲᠠᠭᠠᠨ ᠦᠢᠯᠡᠳᠪᠦᠷᠢᠯᠡᠬᠦ ᠡᠨᠡ ᠬᠦ᠌ ᠬᠠᠷᠠᠯᠲᠠ ᠵᠢᠨ ᠲᠣᠭᠣᠷᠢᠨ᠎ᠳᠤ᠂ ᠡᠭᠦᠯᠳᠡᠷ ᠪᠣᠢ᠌ᠵᠢᠭᠤᠯᠬᠤ ᠭᠣᠤᠯᠯᠠᠬᠤ ᠮᠡᠷᠭᠡᠵᠢᠯ᠎ᠤᠨ ᠪᠣᠭᠣᠮᠲᠠ ᠰᠢᠪᠲᠤᠯᠬᠤ ᠠᠵᠢᠯ᠎ᠢ ᠢᠳᠡᠪᠬᠢᠲᠡᠶ ᠵᠣᠬᠢᠶᠠᠨ ᠪᠠᠢ᠌ᠭᠤᠯᠤᠨ ᠥᠷᠨᠢᠭᠦᠯᠵᠦ᠂ ᠣᠲᠣ ᠦᠶ᠎ᠡ ᠵᠢᠨ ᠲᠠᠷᠢᠶᠠᠯᠠᠩ ᠮᠠᠯ ᠠᠵᠤ ᠠᠬᠤᠶ ᠵᠢᠨ ᠮᠡᠷᠭᠡᠵᠢᠯ᠎ᠤᠨ ᠰᠤᠳᠤᠯᠭ᠋ᠠᠨ ᠨᠡᠭᠡᠭᠡᠯᠲᠡ ᠵᠢ ᠦᠷᠭᠦᠯᠵᠢᠯᠡᠨ ᠴᠢᠩᠭ᠋ᠠᠳᠬᠠᠵᠤ᠂ ᠨᠢᠭᠡ ᠪᠦᠯᠦᠭ ᠠᠵᠤ ᠦᠢᠯᠡᠰ᠎ᠤᠨ ᠮᠡᠷᠭᠡᠵᠢᠯ᠎ᠤᠨ ᠪᠣᠭᠣᠮᠢ ᠵᠢ ᠬᠦᠴᠦᠯᠡᠨ ᠰᠢᠪᠲᠤᠯᠵᠤ᠂ ᠤᠯᠤᠰ᠎ᠤᠨ ᠴᠢᠬᠤᠯᠠ ᠮᠠᠯ᠎ᠤᠨ ᠠᠰᠢᠭ ᠰᠢᠮ᠎ᠡ ᠲᠠᠷᠢᠶᠠᠯᠠᠩ᠎ᠤᠨ ᠪᠦᠲᠦᠭᠡᠭᠳᠡᠬᠦᠨ᠎ᠤ ᠦᠢᠯᠡᠳᠪᠦᠷᠢᠯᠡᠯ᠎ᠤᠨ ᠰᠠᠭᠤᠷᠢᠨ᠎ᠢ ᠪᠥᠲᠥᠭᠡᠨ ᠪᠠᠢ᠌ᠭᠤᠯᠬᠤ᠎ᠳᠤ ᠰᠢᠨ᠎ᠡ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠬᠥᠳᠡᠯᠭᠡᠬᠦ ᠬᠦᠴᠦᠨ ᠨᠡᠮᠡᠷᠢᠯᠡᠨ᠎ᠡ᠃
ᠤᠯᠠᠭ᠋ᠠᠨᠴᠠᠪ ᠬᠣᠲᠠ ᠵᠢᠨ ᠰᠢᠨᠵᠢᠯᠡᠬᠦ ᠤᠬᠠᠭ᠋ᠠᠨ ᠮᠡᠷᠭᠡᠵᠢᠯ᠎ᠤᠨ ᠲᠣᠪᠴᠢᠶᠠᠨ᠎ᠤ ᠳᠠᠷᠤᠭ᠎ᠠ ᠸᠠᠩ ᠴᠢᠩ᠂ ᠬᠠᠮᠢᠶ᠎ᠠ ᠪᠥᠬᠥᠶ ᠰᠠᠯᠠᠭ᠎ᠠ ᠲᠠᠰᠤᠭ᠎ᠤᠨ ᠠᠵᠢᠯᠲᠠᠳ ᠬᠤᠷᠠᠯ᠎ᠳᠤ ᠣᠷᠣᠯᠴᠠᠵᠠᠶ᠃