ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠤᠳᠤᠷᠢᠳᠤᠯᠭ᠎ᠠ᠎ᠶᠢᠨ ᠲᠠᠨᠢᠯᠴᠠᠭᠤᠯᠭ᠎ᠠ
ᠦᠢᠯᠡᠴᠢᠯᠡᠭᠡ
ᠰᠢᠨᠵᠢᠯᠡᠭᠡ ᠮᠡᠷᠭᠡᠵᠢᠯ
ᠰᠣᠨᠢᠨ ᠮᠡᠳᠡᠭᠡ   -   ᠠᠶ᠋ᠢᠮᠠᠭ ᠬᠤᠲᠠ᠎ᠶᠢᠨ ᠰᠣᠨᠣᠰᠬᠠᠯ
ᠪᠤᠭᠤᠲᠤ ᠬᠣᠲᠠ ᠵᠢᠨ ᠪᠡᠭᠡᠵᠢᠩ ᠥᠪᠥᠷ ᠮᠣᠩᠭᠣᠯ᠎ᠤᠨ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠬᠠᠮᠲᠤᠷᠠᠯᠴᠠᠭ᠋ᠠᠨ᠎ᠤ ᠲᠥᠷᠥᠯ ᠵᠦᠢᠯ᠎ᠨᠢ ᠪᠡᠭᠡᠵᠢᠩ ᠬᠣᠲᠠ ᠵᠢᠨ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠵᠥᠪᠯᠡᠯ᠎ᠤᠨ ᠲᠥᠷᠥᠯ ᠵᠦᠢᠯ᠎ᠤᠨ ᠳᠡᠮᠵᠢᠯᠭᠡ ᠵᠢ ᠣᠯᠪᠠ
ᠨᠡᠶ᠋ᠢᠲᠡᠯᠡᠭᠰᠡᠨ ᠴᠠᠭ᠄ 2025-03-20


    ᠣᠢ᠌ᠷ᠎ᠠ᠎ᠳᠤ᠂ ᠪᠡᠭᠡᠵᠢᠩ᠎ᠤᠨ ᠰᠠᠨᠰᠠᠷ᠎ᠤᠨ ᠠᠶᠠᠯᠠᠯ᠎ᠤᠨ ᠴᠠᠭ ᠦᠶ᠎ᠡ ᠵᠢᠨ ᠹᠸᠢ ᠬᠣᠩ ᠬᠢᠵᠠᠭ᠋ᠠᠷᠲᠤ ᠺᠣᠮᠫᠠᠨᠢ ᠵᠢᠨ ᠪᠤᠭᠤᠲᠤ ᠬᠣᠲᠠ ᠵᠢᠨ ᠳᠠᠷᠬᠠᠨ ᠮᠤᠤᠮᠢᠩᠭ᠋ᠠᠨ ᠬᠣᠯᠪᠣᠭ᠋ᠠᠲᠤ ᠬᠣᠰᠢᠭᠤᠨ᠎ᠳᠤ ᠥᠷᠨᠢᠭᠦᠯᠦᠭᠰᠡᠨ 《ᠵᠢᠯᠣᠭᠣᠴᠢ ᠥᠬᠡᠶ ᠨᠢᠰᠬᠡᠯ᠎ᠤᠨ ᠤᠶᠤᠨᠲᠤ ᠰᠢᠰᠲ᠋ᠧᠮ᠎ᠢ ᠰᠤᠳᠤᠯᠤᠨ ᠪᠣᠯᠪᠠᠰᠤᠷᠠᠬᠤ ᠰᠠᠭᠤᠷᠢᠨ ᠭᠠᠵᠠᠷ᠎ᠤᠨ ᠪᠤᠳᠤᠯᠢᠶᠠᠨᠲᠠᠶ ᠣᠷᠴᠢᠨ ᠲᠣᠭᠣᠷᠢᠨ᠎ᠢ ᠤᠷᠠᠯᠠᠨ ᠲᠦᠯᠦᠪᠯᠡᠬᠦ ᠲᠥᠷᠥᠯ ᠵᠦᠢᠯ》᠎ᠨᠢ ᠪᠡᠭᠡᠵᠢᠩ ᠬᠣᠲᠠ ᠵᠢᠨ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠵᠥᠪᠯᠡᠯ᠎ᠤᠨ 《ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠰᠢᠨ᠎ᠡ ᠵᠢ ᠡᠭᠦᠳᠬᠦ ᠣᠷᠣᠨ ᠪᠦᠰᠡ ᠵᠢᠨ ᠬᠠᠮᠲᠤᠷᠠᠯᠴᠠᠭ᠎ᠠ》 ᠵᠢᠨ ᠲᠤᠰᠬᠠᠶ ᠲᠥᠷᠥᠯ ᠵᠦᠢᠯ᠎ᠤᠨ ᠳᠡᠮᠵᠢᠯᠭᠡ ᠵᠢ ᠣᠯᠵᠤ᠂ ᠲᠥᠷᠥᠯ ᠵᠦᠢᠯ᠎ᠤᠨ ᠶᠡᠷᠦᠩᠬᠡᠶ ᠪᠠᠯᠠ ᠣᠷᠣᠭᠤᠯᠤᠯᠲᠠ᠎ᠨᠢ 1100 ᠲᠦᠮᠡᠨ ᠲᠥᠭᠥᠷᠢᠭ᠂ ᠵᠥᠪᠰᠢᠶᠡᠷᠡᠭᠰᠡᠨ ᠲᠥᠷᠥᠯ ᠵᠦᠢᠯ᠎ᠤᠨ ᠪᠠᠯᠠ ᠮᠥᠩᠭᠥ᠎ᠨᠢ 200 ᠲᠦᠮᠡᠨ ᠲᠥᠭᠥᠷᠢᠭ ᠪᠣᠯᠤᠨ᠎ᠠ᠃ ᠲᠥᠷᠥᠯ ᠵᠦᠢᠯ᠎ᠨᠢ ᠭᠣᠤᠯᠳᠠᠭᠤ ᠳᠠᠷᠬᠠᠨ ᠮᠤᠤᠮᠢᠩᠭ᠋ᠠᠨ ᠬᠣᠯᠪᠣᠭ᠋ᠠᠲᠤ ᠬᠣᠰᠢᠭᠤᠨ᠎ᠤ ᠬᠥᠮᠦᠨ ᠥᠬᠡᠶ ᠤᠶᠤᠨᠳᠤ ᠰᠢᠰᠲ᠋ᠧᠮ᠎ᠢ ᠰᠤᠳᠤᠯᠤᠨ ᠪᠣᠯᠪᠠᠰᠤᠷᠠᠬᠤ ᠰᠠᠭᠤᠷᠢᠨ ᠭᠠᠵᠠᠷ᠎ᠲᠤ ᠪᠤᠳᠤᠯᠢᠶᠠᠨᠲᠠᠶ ᠴᠠᠬᠢᠯᠭ᠋ᠠᠨ ᠰᠣᠷᠢᠨᠵᠢᠨ ᠣᠷᠴᠢᠨ ᠲᠣᠭᠣᠷᠢᠨ᠎ᠢ ᠤᠷᠠᠯᠠᠨ ᠲᠦᠯᠦᠪᠯᠡᠬᠦ᠂ ᠲᠤᠷᠰᠢᠯᠲᠠ ᠵᠢᠨ ᠰᠤᠳᠤᠯᠭ᠋ᠠᠨ ᠪᠠ ᠡᠯᠧᠺᠲᠷᠣᠨ ᠮᠡᠳᠡᠭᠡ ᠵᠠᠩᠭᠢ ᠵᠢᠨ ᠲᠣᠨᠣᠭᠯᠠᠯ᠎ᠤᠨ ᠰᠢᠰᠲ᠋ᠧᠮ᠎ᠤᠨ ᠰᠢᠯᠭ᠋ᠠᠯᠲᠠ᠂ ᠦᠷ᠎ᠡ ᠪᠦᠲᠦᠮᠵᠢ ᠵᠢ ᠦᠨᠡᠯᠡᠨ ᠵᠢᠱ᠌ᠢᠬᠦ ᠮᠡᠷᠭᠡᠵᠢᠯ᠎ᠤᠨ ᠲᠤᠷᠰᠢᠯᠲᠠ ᠵᠢᠨ ᠲᠠᠪᠴᠠᠩ ᠵᠡᠷᠭᠡ ᠵᠢ ᠬᠠᠩᠭ᠋ᠠᠵᠤ᠂ ᠪᠡᠭᠡᠵᠢᠩ ᠥᠪᠥᠷ ᠮᠣᠩᠭᠣᠯ᠎ᠤᠨ ᠬᠠᠮᠵᠢᠯᠴᠠᠭ᠋ᠠᠨ᠎ᠤ 《ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠰᠢᠨ᠎ᠡ ᠡᠭᠦᠳᠦᠯᠳᠡ ᠵᠢ ᠳᠠᠬᠢᠨ ᠵᠶ᠋ᠠᠷ ᠨᠡᠮᠡᠭᠳᠡᠭᠦᠯᠬᠦ ᠲᠥᠯᠥᠪᠯᠡᠭᠡ》ᠵᠢ ᠬᠡᠷᠡᠭᠵᠢᠭᠦᠯᠦᠭᠰᠡᠨ᠎ᠠᠴᠠ ᠨᠠᠭ᠋ᠠᠰᠢᠬᠢ ᠪᠤᠭᠤᠲᠤ ᠬᠣᠲᠠ ᠵᠢᠨ ᠠᠩᠬᠠᠳᠠᠭᠴᠢ ᠪᠡᠭᠡᠵᠢᠩ ᠬᠣᠲᠠ ᠵᠢᠨ ᠵᠠᠰᠠᠭ᠎ᠤᠨ ᠣᠷᠳᠣᠨ᠎ᠤ ᠳᠡᠮᠵᠢᠯᠭᠡ ᠵᠢ ᠣᠯᠤᠭᠰᠠᠨ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠬᠠᠮᠲᠤᠷᠠᠯᠴᠠᠭ᠋ᠠᠨ᠎ᠤ ᠲᠥᠷᠥᠯ ᠵᠦᠢᠯ ᠪᠣᠯᠤᠨ᠎ᠠ᠃
    ᠣᠢ᠌ᠷ᠎ᠠ ᠵᠢᠨ ᠵᠢᠯ᠎ᠤᠨ ᠲᠤᠷᠰᠢ᠂ ᠪᠤᠭᠤᠲᠤ ᠬᠣᠲᠠ ᠥᠪᠡᠷᠲᠡᠭᠡᠨ ᠵᠠᠰᠠᠬᠤ ᠣᠷᠣᠨ᠎ᠤ ᠰᠢᠨᠵᠢᠯᠡᠬᠦ ᠤᠬᠠᠭ᠋ᠠᠨ ᠮᠡᠷᠭᠡᠵᠢᠯ᠎ᠤᠨ ᠲᠢᠩᠬᠢᠮ ᠪᠠ ᠪᠡᠭᠡᠵᠢᠩ ᠬᠣᠲᠠ ᠵᠢᠨ ᠰᠢᠨᠵᠢᠯᠡᠬᠦ ᠤᠬᠠᠭ᠋ᠠᠨ ᠮᠡᠷᠭᠡᠵᠢᠯ᠎ᠤᠨ ᠵᠥᠪᠯᠡᠯ᠎ᠤᠨ ᠳᠡᠮᠵᠢᠯᠭᠡ ᠳᠣᠤᠷ᠎ᠠ᠂ 《ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ ᠵᠶ᠋ᠡᠷ ᠥᠪᠥᠷ ᠮᠣᠩᠭᠣᠯ ᠵᠶ᠋ᠠᠨ ᠮᠠᠨᠳᠤᠭᠤᠯᠬᠤ》 ᠠᠵᠢᠯᠯᠠᠭ᠎ᠠ ᠵᠢ ᠲᠦᠷᠭᠡᠳᠬᠡᠨ ᠨᠠᠢ᠌ᠳᠠᠪᠤᠷᠢᠵᠢᠭᠤᠯᠵᠤ᠂ 《4 + 8 + N》 ᠭᠣᠤᠯ ᠴᠣᠭᠴᠠ᠎ᠯᠤᠭ᠎ᠠ ᠵᠢᠨ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠬᠠᠮᠲᠤᠷᠠᠯᠴᠠᠭ᠎ᠠ ᠵᠢ ᠤᠯᠠᠮ ᠨᠢᠭᠡ ᠠᠯᠬᠤᠮ ᠥᠷᠭᠡᠳᠬᠡᠵᠦ᠂ ᠢᠯᠠᠩᠭᠤᠶ᠎ᠠ ᠪᠡᠭᠡᠵᠢᠩ ᠥᠪᠥᠷ ᠮᠣᠩᠭᠣᠯ᠎ᠤᠨ ᠬᠠᠮᠵᠢᠯᠴᠠᠬᠤ 《ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠰᠢᠨ᠎ᠡ ᠡᠭᠦᠳᠦᠯᠲᠡ ᠵᠢ ᠳᠠᠬᠢᠨ ᠵᠶ᠋ᠠᠷ ᠨᠡᠮᠡᠭᠳᠡᠭᠦᠯᠬᠦ ᠲᠥᠯᠥᠪᠯᠡᠭᠡ》 ᠵᠢ ᠭᠣᠤᠯᠳᠠᠯᠭ᠎ᠠ᠎ᠲᠠᠢ ᠠᠬᠢᠭᠤᠯᠤᠨ ᠨᠠᠢ᠌ᠳᠠᠪᠤᠷᠢᠵᠢᠭᠤᠯᠤᠭ᠋ᠠᠳ ᠯᠠᠪᠳᠠᠭᠤᠨ ᠪᠠᠲᠤᠲᠠᠶ ᠦᠷ᠎ᠡ ᠪᠦᠲᠦᠮᠵᠢ ᠣᠯᠵᠤ᠂ ᠪᠡᠭᠡᠵᠢᠩ ᠣᠷᠣᠨ᠎ᠤ ᠰᠢᠨ᠎ᠡ ᠵᠢ ᠡᠭᠦᠳᠬᠦ ᠭᠣᠤᠯ ᠴᠣᠭᠴᠠ᠎ᠯᠤᠭ᠎ᠠ ᠥᠷᠨᠢᠭᠦᠯᠦᠭᠰᠡᠨ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠪᠣᠭᠣᠮᠲᠠ ᠰᠢᠪᠲᠤᠯᠬᠤ ᠪᠠ ᠠᠵᠤ ᠦᠢ᠌ᠯᠡᠰᠵᠢᠭᠦᠯᠬᠦ ᠬᠠᠮᠲᠤᠷᠠᠯᠴᠠᠭ᠋ᠠᠨ᠎ᠤ ᠲᠥᠷᠥᠯ ᠵᠦᠢᠯ᠎ᠨᠢ ᠵᠢᠯ ᠪᠦᠷᠢ ᠳᠤᠮᠳᠠᠴᠢ᠎ᠪᠠᠷ 20᠎ᠠᠴᠠ ᠳᠡᠭᠡᠭᠰᠢ᠎ᠳᠤ ᠬᠦᠷᠴᠦ᠂ ᠲᠥᠷᠥᠯ ᠵᠦᠢᠯ᠎ᠤᠨ ᠶᠡᠷᠦᠩᠬᠡᠶ ᠵᠣᠭᠣᠰ᠎ᠤᠨ ᠲᠣᠭ᠎ᠠ᠎ᠨᠢ 2000 ᠲᠦᠮᠡᠨ ᠲᠥᠭᠥᠷᠢᠭ᠎ᠠᠴᠠ ᠳᠡᠭᠡᠭᠰᠢ᠎ᠳᠤ ᠬᠦᠷᠴᠡᠶ᠃ ᠢᠯᠠᠩᠭᠤᠶ᠎ᠠ 2024 ᠣᠨ᠎ᠠᠴᠠ ᠨᠠᠭ᠋ᠠᠰᠢ᠂ ᠪᠤᠭᠤᠲᠤ ᠬᠣᠲᠠ ᠥᠪᠡᠷᠲᠡᠭᠡᠨ ᠵᠠᠰᠠᠬᠤ ᠣᠷᠣᠨ᠎ᠤ ᠳᠣᠤᠷ᠎ᠠ ᠠᠭ᠋ᠠᠷ᠎ᠤᠨ ᠠᠵᠤ ᠠᠬᠤᠶ ᠵᠢᠨ ᠴᠢᠨᠠᠷ ᠰᠠᠢ᠌ᠲᠠᠶ ᠬᠥᠭᠵᠢᠯᠲᠡ ᠵᠢᠨ ᠲᠤᠬᠠᠶ ᠰᠢᠢᠳᠪᠦᠷᠢᠲᠦ ᠪᠣᠳᠣᠯᠭ᠎ᠠ ᠵᠢᠨ ᠪᠠᠢ᠌ᠷᠢᠯᠠᠭᠤᠯᠤᠯᠲᠠ ᠵᠢ ᠢᠳᠡᠪᠬᠢᠲᠡᠶ ᠨᠠᠢ᠌ᠳᠠᠪᠤᠷᠢᠵᠢᠭᠤᠯᠵᠤ᠂ ᠥᠪᠡᠷᠲᠡᠭᠡᠨ ᠵᠠᠰᠠᠬᠤ ᠣᠷᠣᠨ᠎ᠤ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ 《ᠪᠤᠭᠤᠮᠲᠠ ᠰᠢᠪᠲᠤᠯᠬᠤ》ᠢᠨᠵᠧᠨᠧᠷᠢᠩ᠎ᠤᠨ ᠭᠣᠤᠯᠳᠠᠯᠭ᠎ᠠ᠎ᠲᠠᠢ ᠴᠡᠭ᠎ᠤᠨ ᠪᠠᠢ᠌ᠷᠢᠰᠢᠭᠤᠯᠤᠯᠲᠠ ᠵᠢ ᠬᠠᠷᠠᠭ᠋ᠠᠯᠠᠨ᠂ ᠳᠣᠤᠷ᠎ᠠ ᠠᠭ᠋ᠠᠷ᠎ᠤᠨ ᠠᠵᠤ ᠠᠬᠤᠶ ᠵᠢᠨ ᠬᠦᠷᠢᠶᠡᠨ᠎ᠤ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠰᠢᠨ᠎ᠡ ᠵᠢ ᠡᠭᠦᠳᠬᠦ ᠪᠠ ᠦᠷ᠎ᠡ ᠪᠦᠲᠦᠭᠡᠯ᠎ᠢ ᠤᠯᠠᠷᠢᠭᠤᠯᠬᠤ ᠵᠢ ᠪᠠᠢ᠌ᠷᠢᠯᠠᠭᠤᠯᠤᠨ ᠥᠷᠨᠢᠭᠦᠯᠵᠦ᠂ ᠮᠠᠨ᠎ᠤ ᠬᠣᠲᠠ ᠵᠢᠨ ᠰᠢᠨ᠎ᠡ ᠴᠢᠨᠠᠷ ᠰᠠᠢ᠌ᠲᠠᠶ ᠦᠢᠯᠡᠳᠪᠦᠷᠢᠯᠡᠯ᠎ᠤᠨ ᠬᠦᠴᠦᠨ᠎ᠢ ᠣᠷᠣᠭᠤᠯᠤᠨ ᠠᠪᠴᠢᠷᠠᠵᠤ ᠪᠣᠢ᠌ᠵᠢᠭᠤᠯᠬᠤ᠂ ᠪᠤᠭᠤᠲᠤ ᠬᠣᠲᠠ ᠵᠢᠨ ᠠᠵᠤ ᠦᠢᠯᠡᠰ᠎ᠤᠨ ᠴᠢᠨᠠᠷ ᠰᠠᠢ᠌ᠲᠠᠶ ᠬᠥᠭᠵᠢᠯᠲᠡ᠎ᠳᠤ ᠦᠢᠯᠡᠴᠢᠯᠡᠬᠦ᠎ᠳᠤ ᠰᠢᠨ᠎ᠡ ᠰᠣᠷᠭᠣᠭ ᠠᠮᠢᠵᠢᠷᠠᠯ᠎ᠤᠨ ᠬᠦᠴᠦᠨ ᠨᠡᠮᠡᠷᠢᠯᠡᠪᠡ᠃
    ᠲᠠᠷᠠᠭ᠋ᠠᠴᠢ ᠵᠢᠨ ᠠᠯᠬᠤᠮ᠎ᠳᠤ᠂ ᠪᠤᠭᠤᠲᠤ ᠬᠣᠲᠠ ᠵᠢᠨ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠲᠣᠪᠴᠢᠶ᠎ᠠ ᠪᠡᠭᠡᠵᠢᠩ᠎ᠤᠨ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠵᠥᠪᠯᠡᠯ᠎ᠯᠦᠭᠡ ᠵᠢᠨ ᠨᠡᠪᠲᠡᠷᠡᠯᠴᠡᠭᠡ ᠵᠣᠯᠭ᠋ᠠᠯᠴᠠᠭ᠎ᠠ᠎ᠪᠠᠨ ᠤᠯᠠᠮ ᠨᠢᠭᠡ ᠠᠯᠬᠤᠮ ᠨᠢᠭᠲᠠᠷᠠᠭᠤᠯᠵᠤ᠂ ᠬᠠᠮᠲᠤᠷᠠᠯᠴᠠᠭ᠋ᠠᠨ᠎ᠤ ᠣᠷᠳᠣ ᠬᠤᠭᠤᠴᠠᠭ᠋ᠠᠨ᠎ᠤ ᠪᠦᠲᠦᠮᠵᠢᠲᠡᠶ ᠲᠣᠭᠲᠠᠴᠠ ᠵᠢ ᠴᠢᠷᠮᠠᠢ᠌ᠨ ᠪᠦᠷᠢᠯᠳᠦᠭᠦᠯᠵᠦ᠂ ᠪᠤᠭᠤᠲᠤ ᠬᠣᠲᠠ ᠵᠢᠨ ᠠᠵᠤ ᠠᠬᠤᠢ᠌ᠯᠠᠯ᠂ ᠶᠡᠬᠡ ᠳᠡᠭᠡᠳᠦ ᠰᠤᠷᠭ᠋ᠠᠭᠤᠯᠢ ᠬᠦᠷᠢᠶᠡᠯᠡᠩ ᠭᠠᠵᠠᠷ ᠬᠢᠭᠡᠳ ᠪᠡᠭᠡᠵᠢᠩ ᠣᠷᠣᠨ᠎ᠤ ᠰᠢᠨ᠎ᠡ ᠵᠢ ᠡᠭᠦᠳᠬᠦ ᠭᠣᠤᠯ ᠴᠣᠭᠴᠠ ᠵᠢᠨ ᠬᠠᠮᠲᠤᠷᠠᠯᠴᠠᠭ᠎ᠠ ᠵᠢ ᠳᠡᠮᠵᠢᠬᠦ ᠵᠢᠨ ᠬᠠᠮᠲᠤ ᠪᠡᠭᠡᠵᠢᠩ ᠣᠷᠣᠨ᠎ᠤ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠦᠷ᠎ᠡ ᠪᠦᠲᠦᠭᠡᠯ᠎ᠢ ᠣᠷᠣᠭᠤᠯᠤᠨ ᠠᠪᠴᠢᠷᠠᠵᠤ ᠮᠠᠨ᠎ᠤ ᠬᠣᠲᠠ ᠵᠢᠨ ᠠᠵᠤ ᠦᠢ᠌ᠯᠡᠰᠵᠢᠯᠲᠡ ᠵᠢᠨ ᠲᠥᠷᠥᠯ ᠵᠦᠢᠯ᠎ᠳᠤ ᠳᠡᠮᠵᠢᠯᠭᠡ ᠦᠵᠡᠭᠦᠯᠬᠦ ᠡᠷᠴᠢᠮ ᠵᠶ᠋ᠡᠨ ᠴᠢᠩᠭ᠋ᠠᠷᠠᠭᠤᠯᠵᠤ᠂ ᠰᠠᠨᠠᠭ᠋ᠠᠴᠢᠯᠠᠭ᠎ᠠ᠎ᠠᠴᠠ᠎ᠪᠠᠨ ᠤᠷᠢᠳᠴᠢᠯᠠᠨ ᠦᠢᠯᠡᠴᠢᠯᠡᠵᠦ᠂ ᠪᠡᠭᠡᠵᠢᠩ᠎ᠤᠨ ᠨᠠᠩ ᠣᠯᠠᠨ ᠲᠡᠷᠢᠭᠦᠨ᠎ᠤ ᠮᠡᠷᠭᠡᠵᠢᠯ᠎ᠤᠨ ᠦᠷ᠎ᠡ ᠪᠦᠲᠦᠭᠡᠯ᠎ᠢ ᠮᠠᠨ᠎ᠤ ᠬᠣᠲᠠ᠎ᠳᠤ ᠤᠯᠠᠷᠢᠭᠤᠯᠤᠨ ᠬᠡᠷᠡᠭᠯᠡᠬᠦ ᠵᠢ ᠠᠬᠢᠭᠤᠯᠵᠤ᠂ ᠴᠡᠭ ᠵᠶ᠋ᠡᠷ ᠪᠦᠬᠦ ᠲᠠᠯ᠎ᠠ ᠵᠢ ᠳᠠᠢ᠌ᠴᠢᠯᠠᠨ᠂ ᠬᠦᠴᠦᠨ᠎ᠢ ᠲᠥᠪᠯᠡᠷᠡᠭᠦᠯᠵᠦ᠂ ᠰᠢᠨ᠎ᠡ ᠬᠢᠯᠠᠰ ᠴᠡᠭ᠎ᠢ ᠲᠠᠰᠤᠷᠠᠯᠲᠠ ᠥᠬᠡᠶ ᠪᠣᠶ ᠪᠣᠯᠭ᠋ᠠᠵᠤ᠂ ᠰᠢᠨ᠎ᠡ ᠡᠵᠡᠩᠨᠡᠯᠲᠡ ᠵᠢᠨ ᠬᠡᠯᠪᠡᠷᠢ ᠵᠢ ᠪᠣᠢ᠌ᠵᠢᠭᠤᠯᠤᠨ᠎ᠠ᠃

ᠢᠷᠡᠯᠲᠡ᠄ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠲᠢᠩᠬᠢᠮ
          
ᠬᠠᠮᠢᠶ᠎ᠡ ᠪᠦᠬᠦᠢ ᠰᠣᠨᠢᠨ
 
            