ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠤᠳᠤᠷᠢᠳᠤᠯᠭ᠎ᠠ᠎ᠶᠢᠨ ᠲᠠᠨᠢᠯᠴᠠᠭᠤᠯᠭ᠎ᠠ
ᠦᠢᠯᠡᠴᠢᠯᠡᠭᠡ
ᠰᠢᠨᠵᠢᠯᠡᠭᠡ ᠮᠡᠷᠭᠡᠵᠢᠯ
ᠰᠣᠨᠢᠨ ᠮᠡᠳᠡᠭᠡ   -   ᠠᠯᠪᠠᠨ ᠨᠡᠶ᠋ᠢᠲᠡᠯᠡᠯ
2023 ᠣᠨ᠎ᠤ ᠰᠢᠨᠵᠢᠯᠡᠬᠦ ᠤᠬᠠᠭ᠋ᠠᠨ ᠮᠡᠷᠭᠡᠵᠢᠯ᠎ᠤᠨ ᠲᠥᠯᠥᠪᠯᠡᠭᠡ ᠵᠢᠨ ᠰᠡᠳᠦᠪ ᠲᠣᠭᠲᠠᠭ᠋ᠠᠬᠤ ᠲᠥᠷᠥᠯ ᠵᠦᠢᠯ᠎ᠢ ᠵᠠᠷᠯᠠᠨ ᠨᠡᠢ᠌ᠲᠡᠯᠡᠬᠦ ᠲᠤᠬᠠᠶ ᠮᠡᠳᠡᠭᠳᠡᠯ
ᠨᠡᠶ᠋ᠢᠲᠡᠯᠡᠭᠰᠡᠨ ᠴᠠᠭ᠄ 2023-09-29


      ᠠᠮᠢ ᠠᠬᠤᠶ ᠵᠢᠨ ᠣᠷᠴᠢᠨ ᠲᠣᠭᠣᠷᠢᠨ᠎ᠤ ᠪᠥᠲᠥᠭᠡᠨ ᠪᠠᠢ᠌ᠭᠤᠯᠤᠯᠲᠠ ᠵᠢᠨ ᠲᠤᠬᠠᠶ ᠥᠪᠡᠷᠲᠡᠭᠡᠨ ᠵᠠᠰᠠᠬᠤ ᠣᠷᠣᠨ᠎ᠤ ᠤᠳᠤᠷᠢᠳᠤᠯᠭ᠎ᠠ ᠵᠢᠨ ᠬᠣᠯᠪᠣᠭᠳᠠᠯ ᠪᠥᠬᠥᠶ ᠴᠣᠬᠣᠯᠠᠪᠤᠷᠢ ᠵᠢᠨ ᠵᠣᠷᠢᠭ ᠰᠠᠨᠠᠭ᠎ᠠ ᠵᠢ ᠲᠤᠤᠱᠯᠠᠭᠤᠯᠤᠨ ᠨᠠᠢ᠌ᠳᠠᠪᠤᠷᠢᠵᠢᠭᠤᠯᠵᠤ᠂ ᠬᠤᠳᠠᠯᠳᠤᠭ᠋ᠠᠴᠢᠨ ᠤᠷᠢᠵᠤ ᠪᠠᠯᠠ ᠣᠷᠣᠭᠤᠯᠬᠤ ᠠᠵᠤ ᠠᠬᠤᠢ᠌ᠯᠠᠯ᠎ᠤᠨ ᠰᠢᠨ᠎ᠡ ᠵᠢ ᠡᠭᠦᠳᠦᠨ ᠬᠥᠭᠵᠢᠬᠦ᠎ᠳᠤ ᠦᠢᠯᠡᠴᠢᠯᠡᠬᠦ ᠵᠢᠨ ᠲᠤᠰᠠᠳᠠ᠂ 《ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠰᠢᠨᠵᠢᠯᠡᠬᠦ ᠤᠬᠠᠭ᠋ᠠᠨ ᠮᠡᠷᠭᠡᠵᠢᠯ᠎ᠤᠨ ᠲᠥᠯᠥᠪᠯᠡᠭᠡ ᠵᠢᠨ ᠲᠥᠷᠥᠯ ᠵᠦᠢᠯ᠎ᠤᠨ ᠬᠠᠮᠢᠶᠠᠷᠤᠯᠲᠠ ᠵᠢᠨ ᠠᠷᠭ᠎ᠠ》 (ᠥᠪᠥᠷ ᠰᠠᠯᠠᠭ᠎ᠠ ᠲᠠᠷᠬᠠᠭ᠋ᠠᠭᠰᠠᠨ 20224 ᠳ᠋ᠦ᠍ᠭᠡᠷ ᠲᠣᠭ᠋ᠠᠲᠤ) ᠵᠢ ᠦᠨᠳᠦᠰᠦᠯᠡᠨ᠂ ᠡᠳᠦᠭᠡ 2023 ᠣᠨ᠎ᠤ ᠥᠪᠡᠷᠲᠡᠭᠡᠨ ᠵᠠᠰᠠᠬᠤ ᠣᠷᠣᠨ᠎ᠤ ᠰᠢᠨᠵᠢᠯᠡᠬᠦ ᠤᠬᠠᠭ᠋ᠠᠨ ᠮᠡᠷᠭᠡᠵᠢᠯ᠎ᠤᠨ ᠲᠥᠯᠥᠪᠯᠡᠭᠡ ᠵᠢᠨ ᠲᠥᠷᠥᠯ ᠵᠦᠢᠯ ᠲᠣᠭᠲᠠᠭ᠋ᠠᠬᠤ᠎ᠪᠠᠷ ᠪᠠᠢ᠌ᠭ᠎ᠠ ᠳᠠᠭ᠋ᠠᠭ᠋ᠠᠨ ᠡᠭᠦᠷᠭᠡᠯᠡᠭᠰᠡᠨ ᠨᠢᠭᠡᠴᠡ ᠵᠢ ᠢᠯᠡ ᠨᠡᠢ᠌ᠲᠡᠯᠡᠵᠦ᠂ ᠢᠯᠡ ᠨᠡᠢ᠌ᠲᠡᠯᠡᠬᠦ ᠴᠠᠭ᠎ᠨᠢ 9 ᠳ᠋ᠦ᠍ᠭᠡᠷ ᠰᠠᠷ᠎ᠠ ᠵᠢᠨ 28᠎ᠤ ᠡᠳᠦᠷ᠎ᠠᠴᠠ 10 ᠳ᠋ᠤᠭ᠋ᠠᠷ ᠰᠠᠷ᠎ᠠ ᠵᠢᠨ 10᠎ᠤ ᠡᠳᠦᠷ ᠪᠣᠯᠲᠠᠯ᠎ᠠ ᠪᠣᠯᠤᠨ᠎ᠠ  ᠃ ᠣᠨᠳᠣᠤ ᠰᠠᠨᠠᠯ᠎ᠲᠠᠢ ᠬᠥᠮᠦᠨ ᠪᠣᠯ ᠵᠠᠷᠯᠠᠨ ᠨᠡᠢ᠌ᠲᠡᠯᠡᠬᠦ ᠬᠤᠭᠤᠴᠠᠭ᠋ᠠᠨ᠎ᠳᠤ ᠪᠢᠴᠢᠭ᠎ᠤᠨ ᠮᠠᠲ᠋ᠧᠷᠢᠶᠠᠯ ᠵᠶ᠋ᠠᠨ ᠲᠤᠰᠢᠶᠠᠭ᠋ᠠᠷᠠᠶ᠂ ᠬᠤᠭᠤᠴᠠᠭ᠎ᠠ ᠬᠡᠲᠦᠷᠡᠭᠰᠡᠨ ᠪᠠᠢ᠌ᠲᠠᠯ᠎ᠠ ᠭᠥᠯᠢᠶᠡᠨ ᠠᠪᠴᠤ ᠰᠢᠢᠳᠪᠦᠷᠢᠯᠡᠬᠦ ᠥᠬᠡᠶ  ᠃ ᠬᠤᠪᠢ ᠬᠥᠮᠦᠨ᠎ᠤ ᠲᠤᠰᠢᠶᠠᠭᠰᠠᠨ ᠮᠠᠲ᠋ᠧᠷᠢᠶᠠᠯ᠎ᠳᠤ ᠦᠨᠡᠨ ᠪᠣᠳᠠᠲᠠᠶ ᠣᠪᠣᠭ ᠨᠡᠷ᠎ᠡ ᠪᠠ ᠬᠠᠷᠢᠯᠴᠠᠬᠤ ᠠᠷᠭ᠎ᠠ ᠮᠠᠶᠢᠭ ᠵᠶ᠋ᠠᠨ ᠲᠣᠳᠣᠷᠬᠠᠶ ᠪᠢᠴᠢᠬᠦ ᠬᠡᠷᠡᠭᠲᠡᠶ᠂ ᠨᠢᠭᠡᠴᠡ ᠵᠢᠨ ᠲᠤᠰᠢᠶᠠᠭᠰᠠᠨ ᠮᠠᠲ᠋ᠧᠷᠢᠶᠠᠯ᠎ᠳᠤ ᠪᠠᠢ᠌ᠭ᠎ᠠ ᠨᠢᠭᠡᠴᠡ ᠵᠢᠨ ᠵᠶ᠋ᠡᠨ ᠠᠯᠪᠠᠨ ᠲᠠᠮᠠᠭ᠎ᠠ ᠵᠢ ᠳᠠᠷᠤᠬᠤ ᠬᠡᠷᠡᠭᠲᠡᠶ᠂ ᠨᠡᠷ᠎ᠡ ᠪᠤᠷᠤᠭᠤᠯᠠᠭᠰᠠᠨ ᠮᠠᠲ᠋ᠧᠷᠢᠶᠠᠯ᠎ᠢ ᠭᠥᠯᠢᠶᠡᠨ ᠠᠪᠴᠤ ᠰᠢᠢᠳᠪᠦᠷᠢᠯᠡᠬᠦ ᠥᠬᠡᠶ  ᠃
    ᠮᠠᠨ᠎ᠤ ᠲᠢᠩᠬᠢᠮ ᠲᠥᠪ ᠴᠢᠩᠭ᠎ᠠ᠎ᠪᠠᠷ ᠢᠯᠡᠷᠬᠡᠢ᠌ᠯᠡᠬᠦ᠎ᠨᠢ᠄ ᠥᠪᠡᠷᠲᠡᠭᠡᠨ ᠵᠠᠰᠠᠬᠤ ᠣᠷᠣᠨ᠎ᠤ ᠰᠢᠨᠵᠢᠯᠡᠬᠦ ᠤᠬᠠᠭ᠋ᠠᠨ ᠮᠡᠷᠭᠡᠵᠢᠯ᠎ᠤᠨ ᠲᠢᠩᠬᠢᠮ᠎ᠤᠨ ᠠᠵᠢᠯᠲᠠᠨ ᠶᠡᠷᠦ᠎ᠠᠴᠠ ᠲᠥᠷᠥᠯ ᠵᠦᠢᠯ᠎ᠳᠤ ᠭᠤᠶᠤᠴᠢᠯᠠᠨ ᠮᠡᠳᠡᠭᠦᠯᠦᠭᠰᠡᠨ ᠥᠬᠡᠶ᠂ ᠳᠠᠭ᠋ᠠᠭ᠋ᠠᠨ ᠡᠭᠦᠷᠭᠡᠯᠡᠭᠰᠡᠨ ᠨᠢᠭᠡᠴᠡ ᠵᠢᠨ ᠪᠠᠢ᠌ᠷᠢᠯᠠᠭᠤᠯᠤᠭᠰᠠᠨ᠎ᠨᠢ ᠬᠡᠪ᠎ᠤᠨ ᠬᠠᠮᠢᠶᠠᠷᠤᠯᠲᠠ ᠵᠢᠨ ᠠᠵᠢᠯ᠎ᠲᠠᠢ ᠬᠠᠮᠢᠶ᠎ᠠ ᠥᠬᠡᠶ ᠶᠠᠮᠠᠷᠪᠠ ᠠᠵᠢᠯ᠎ᠨᠢ ᠶᠡᠷᠦ᠎ᠠᠴᠠ ᠲᠥᠷᠥᠯ ᠵᠦᠢᠯ ᠭᠤᠶᠤᠴᠢᠯᠠᠨ ᠮᠡᠳᠡᠭᠦᠯᠬᠦ ᠵᠢ ᠱᠠᠭ᠋ᠠᠷᠳᠠᠭᠰᠠᠨ ᠥᠬᠡᠶ᠂ ᠳᠠᠭ᠋ᠠᠭ᠋ᠠᠨ ᠡᠭᠦᠷᠭᠡᠯᠡᠭᠰᠡᠨ ᠨᠢᠭᠡᠴᠡ᠎ᠨᠢ ᠬᠡᠪ᠎ᠤᠨ ᠬᠠᠮᠢᠶᠠᠷᠤᠯᠲᠠ ᠵᠢᠨ ᠠᠵᠢᠯ᠎ᠲᠠᠢ ᠬᠠᠮᠢᠶ᠎ᠠ ᠥᠬᠡᠶ ᠶᠠᠮᠠᠷᠪᠠ ᠦᠢᠯᠡᠴᠢᠯᠡᠭᠡ ᠬᠠᠩᠭ᠋ᠠᠬᠤ᠂ ᠵᠢᠱ᠌ᠢᠶᠡᠯᠡᠪᠡᠯ ᠡᠯ᠎ᠡ ᠵᠦᠢᠯ᠎ᠤᠨ ᠦᠢᠯᠡᠳᠬᠦᠨ᠂ ᠨᠣᠮ ᠪᠢᠴᠢᠭ᠎ᠢ ᠪᠣᠷᠣᠯᠠᠭᠤᠯᠬᠤ᠂ ᠴᠢᠨᠠᠭᠰᠢᠯᠠᠪᠠᠯ ᠡᠯ᠎ᠡ ᠵᠦᠢᠯ᠎ᠤᠨ ᠰᠢᠯᠲᠠᠭ ᠵᠶ᠋ᠠᠷ ᠵᠣᠭᠣᠰ ᠮᠥᠩᠭᠥ ᠨᠡᠬᠡᠨ ᠠᠪᠬᠤ ᠵᠡᠷᠭᠡ ᠪᠣᠯᠤᠨ᠎ᠠ  ᠃ ᠡᠯ᠎ᠡ ᠭᠠᠵᠠᠷ᠎ᠤᠨ ᠰᠢᠨᠵᠢᠯᠡᠬᠦ ᠤᠬᠠᠭ᠋ᠠᠨ ᠮᠡᠷᠭᠡᠵᠢᠯ᠎ᠤᠨ ᠰᠠᠯᠠᠭ᠎ᠠ ᠮᠥᠴᠢᠷ᠎ᠤᠳ ᠰᠡᠷᠭᠡᠢ᠌ᠯᠡᠬᠦ ᠦᠵᠡᠯ ᠤᠬᠠᠮᠰᠠᠷ ᠵᠶ᠋ᠠᠨ ᠴᠢᠩᠭ᠋ᠠᠳᠬᠠᠵᠤ᠂ ᠮᠡᠬᠡᠯᠡᠭᠳᠡᠬᠦ᠎ᠠᠴᠠ ᠴᠢᠩᠭ᠎ᠠ ᠰᠡᠷᠭᠡᠢ᠌ᠯᠡᠬᠦ ᠵᠢᠨ ᠬᠠᠮᠲᠤ ᠬᠠᠮᠢᠶ᠎ᠠ ᠪᠦᠬᠦᠢ ᠠᠵᠢᠯᠲᠠᠨ ᠪᠣᠯᠤᠨ ᠬᠣᠯᠪᠣᠭᠳᠠᠯ ᠪᠦᠬᠦᠢ ᠠᠵᠤ ᠠᠬᠤᠢ᠌ᠯᠠᠯ᠎ᠳᠤ ᠰᠣᠨᠣᠷ ᠰᠡᠷᠡᠮᠵᠢ᠎ᠪᠠᠨ ᠳᠡᠭᠡᠭᠰᠢᠯᠡᠭᠦᠯᠵᠦ᠂ ᠬᠣᠯᠪᠣᠭᠳᠠᠯ ᠪᠦᠬᠦᠢ ᠪᠠᠢ᠌ᠳᠠᠯ ᠲᠣᠬᠢᠶᠠᠯᠳᠤᠪᠠᠯ ᠴᠠᠭ ᠲᠤᠬᠠᠶ᠎ᠳᠤᠨᠢ ᠮᠠᠨ᠎ᠤ ᠲᠢᠩᠬᠢᠮ᠎ᠲᠠᠢ ᠬᠠᠷᠢᠯᠴᠠᠵᠤ ᠬᠢᠨᠠᠨ ᠬᠠᠷᠭᠤᠭᠤᠯᠵᠤ᠂ ᠦᠢ᠍ᠯᠡ ᠪᠠᠢ᠌ᠳᠠᠯ᠎ᠨᠢ ᠬᠦᠨᠳᠦ ᠨᠣᠴᠢᠲᠠᠶ ᠪᠣᠯ ᠴᠠᠭ ᠲᠤᠬᠠᠶ᠎ᠳᠤᠨᠢ ᠲᠤᠬᠠᠶ ᠵᠢᠨ ᠭᠠᠵᠠᠷ᠎ᠤᠨ ᠳᠣᠲᠣᠭ᠋ᠠᠳᠤ ᠵᠢ ᠬᠠᠮᠠᠭ᠋ᠠᠯᠠᠬᠤ ᠰᠠᠯᠠᠭ᠎ᠠ ᠮᠥᠴᠢᠷ᠎ᠲᠤ ᠬᠡᠷᠡᠭ ᠮᠡᠳᠡᠭᠦᠯᠵᠦ᠂ ᠨᠡᠬᠡᠮᠵᠢᠯᠡᠨ ᠪᠠᠢ᠌ᠴᠠᠭ᠋ᠠᠬᠤ ᠬᠡᠷᠡᠭᠲᠡᠶ  ᠃
    ᠬᠠᠷᠢᠯᠴᠠᠬᠤ ᠤᠲᠠᠰᠤ᠄ ᠪᠠᠢ᠌ᠯᠳᠤᠬᠤ ᠪᠣᠳᠣᠯᠭ᠎ᠠ ᠵᠢᠨ ᠲᠥᠯᠥᠪᠵᠢᠭᠦᠯᠭᠡ ᠵᠢᠨ ᠭᠠᠵᠠᠷ 0471 - 6328708
    ᠲᠥᠷᠥ ᠵᠢᠨ ᠪᠣᠳᠣᠯᠭ᠎ᠠ ᠬᠠᠤᠯᠢ ᠲᠣᠭᠲᠠᠭ᠋ᠠᠯ ᠬᠢᠭᠡᠳ ᠬᠢᠨᠠᠯᠲᠠ ᠲᠠᠯᠪᠢᠬᠤ ᠭᠠᠵᠠᠷ 0471 - 6328712
    ᠪᠠᠢ᠌ᠭᠤᠯᠭ᠎ᠠ ᠵᠢᠨ ᠰᠠᠬᠢᠯᠭ᠎ᠠ ᠪᠠᠲᠤ ᠪᠠᠢ᠌ᠴᠠᠭ᠋ᠠᠬᠤ ᠬᠣᠷᠢᠢ᠎ᠠ 0471 - 6328717
    ᠳᠠᠭ᠋ᠠᠯᠳᠤᠭᠤᠯᠤᠯ᠄ 2023 ᠣᠨ᠎ᠤ ᠥᠪᠡᠷᠲᠡᠭᠡᠨ ᠵᠠᠰᠠᠬᠤ ᠣᠷᠣᠨ᠎ᠤ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠲᠥᠯᠥᠪᠯᠡᠭᠡ ᠵᠢᠨ ᠰᠡᠳᠦᠪ ᠲᠣᠭᠲᠠᠭ᠋ᠠᠬᠤ᠎ᠪᠠᠷ ᠪᠠᠢ᠌ᠭ᠎ᠠ ᠲᠥᠷᠥᠯ ᠵᠦᠢᠯ᠎ᠤᠨ ᠨᠡᠷᠡᠰ  
    ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠰᠢᠨᠵᠢᠯᠡᠬᠦ ᠤᠬᠠᠭ᠋ᠠᠨ ᠮᠡᠷᠭᠡᠵᠢᠯ᠎ᠤᠨ ᠲᠢᠩᠬᠢᠮ  ᠃
    2023 ᠣᠨ᠎ᠤ 9 ᠳ᠋ᠦ᠍ᠭᠡᠷ ᠰᠠᠷ᠎ᠠ ᠵᠢᠨ 28᠎ᠤ ᠡᠳᠦᠷ  ᠃

ᠢᠷᠡᠯᠲᠡ᠄ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠲᠢᠩᠬᠢᠮ
          
ᠬᠠᠮᠢᠶ᠎ᠡ ᠪᠦᠬᠦᠢ ᠰᠣᠨᠢᠨ
 
            