ᠡᠯ᠎ᠡ ᠬᠠᠮᠢᠶ᠎ᠠ ᠪᠦᠬᠦᠢ ᠨᠢᠭᠲᠠᠯᠠᠨ ᠪᠣᠳᠣᠭᠴᠢ ᠵᠢᠨ ᠬᠡᠷᠡᠭ ᠡᠷᠬᠢᠯᠡᠬᠦ ᠭᠠᠵᠠᠷ᠂ ᠬᠢᠨᠠᠨ ᠪᠣᠳᠣᠭᠴᠢ ᠵᠢᠨ ᠬᠡᠷᠡᠭ ᠡᠷᠬᠢᠯᠡᠬᠦ ᠭᠠᠵᠠᠷ᠄
ᠣᠢ᠌ᠷ᠎ᠠ᠎ᠳᠤ᠂ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠲᠢᠩᠬᠢᠮ᠎ᠠᠴᠠ ᠥᠪᠡᠷᠲᠡᠭᠡᠨ ᠵᠠᠰᠠᠬᠤ ᠣᠷᠣᠨ᠎ᠤ ᠰᠢᠨᠵᠢᠯᠡᠬᠦ ᠤᠬᠠᠭ᠋ᠠᠨ ᠮᠡᠷᠭᠡᠵᠢᠯ᠎ᠤᠨ ᠦᠷ᠎ᠡ ᠪᠦᠲᠦᠭᠡᠯ᠎ᠤᠨ ᠪᠠᠯᠠ ᠲᠣᠬᠢᠷᠠᠭᠤᠯᠭ᠎ᠠ ᠵᠢᠨ ᠲᠦᠭᠰᠢᠭᠦᠷᠢ ᠵᠢᠨ ᠪᠡᠯᠡᠳᠬᠡᠯ ᠮᠥᠩᠭᠥ ᠪᠠ ᠪᠠᠯᠠ ᠲᠣᠬᠢᠷᠠᠭᠤᠯᠭ᠎ᠠ ᠵᠢᠨ ᠨᠥᠬᠥᠪᠥᠷᠢ ᠪᠠᠯᠠ ᠮᠥᠩᠭᠥ᠎ᠳᠤ ᠠᠵᠢᠯ᠎ᠤᠨ ᠠᠮᠵᠢᠯᠲᠠ ᠪᠦᠲᠦᠮᠵᠢ ᠵᠢ ᠦᠨᠡᠯᠡᠬᠦ ᠠᠵᠢᠯ ᠥᠷᠨᠢᠭᠦᠯᠬᠦ᠎ᠪᠠᠷ ᠪᠠᠢ᠌ᠨ᠎ᠠ᠃ ᠤᠯᠤᠰ᠂ ᠥᠪᠡᠷᠲᠡᠭᠡᠨ ᠵᠠᠰᠠᠬᠤ ᠣᠷᠣᠨ᠎ᠤ ᠵᠠᠰᠠᠭ᠎ᠤᠨ ᠣᠷᠳᠣᠨ᠎ᠤ ᠬᠤᠳᠠᠯᠳᠤᠨ ᠠᠪᠠᠨ᠋ᠥ ᠬᠠᠮᠢᠶ᠎ᠠ ᠪᠥᠬᠥᠶ ᠲᠣᠭᠲᠠᠭ᠋ᠠᠯ᠎ᠢ ᠦᠨᠳᠦᠰᠦᠯᠡᠨ᠂ ᠡᠳᠦᠭᠡ ᠰᠢᠯᠢᠨ ᠰᠣᠩᠭᠣᠬᠤ ᠪᠠᠢ᠌ᠭᠤᠯᠤᠮᠵᠢ ᠵᠢᠨ ᠬᠣᠯᠪᠣᠭᠳᠠᠯ ᠪᠥᠬᠥᠶ ᠵᠦᠢᠯᠡᠰ᠎ᠢ ᠳᠣᠤᠷᠠᠬᠢ ᠮᠡᠲᠦ ᠵᠠᠷᠯᠠᠨ᠎ᠠ᠄
ᠨᠢᠭᠡ᠂ ᠦᠨᠳᠦᠰᠦᠨ ᠪᠠᠢ᠌ᠳᠠᠯ
(ᠨᠢᠭᠡ) ᠲᠥᠷᠥᠯ ᠵᠦᠢᠯ᠎ᠤᠨ ᠨᠡᠷᠡᠢ᠌ᠳᠦᠯ᠃ ᠥᠪᠡᠷᠲᠡᠭᠡᠨ ᠵᠠᠰᠠᠬᠤ ᠣᠷᠣᠨ᠎ᠤ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠦᠷ᠎ᠡ ᠪᠦᠲᠦᠭᠡᠯ᠎ᠤᠨ ᠪᠠᠯᠠ ᠲᠣᠬᠢᠷᠠᠭᠤᠯᠭ᠎ᠠ ᠵᠢᠨ ᠲᠦᠭᠰᠢᠭᠦᠷᠢ ᠵᠢᠨ ᠪᠡᠯᠡᠳᠬᠡᠯ ᠮᠥᠩᠭᠥ ᠪᠠ ᠪᠠᠯᠠ ᠲᠣᠬᠢᠷᠠᠭᠤᠯᠭ᠎ᠠ ᠵᠢᠨ ᠨᠥᠬᠥᠪᠥᠷᠢ ᠪᠠᠯᠠ ᠮᠥᠩᠭᠥ᠎ᠳᠤ ᠠᠵᠢᠯ᠎ᠤᠨ ᠠᠮᠵᠢᠯᠲᠠ ᠪᠦᠲᠦᠮᠵᠢ ᠵᠢ ᠦᠨᠡᠯᠡᠬᠦ ᠠᠵᠢᠯ᠎ᠢ ᠥᠷᠨᠢᠭᠦᠯᠦᠨ᠎ᠡ᠃
(ᠬᠣᠶᠠᠷ) ᠦᠢ᠍ᠯᠡᠴᠢᠯᠡᠭᠡᠨ᠎ᠤ ᠠᠭᠤᠯᠭ᠎ᠠ᠃ ᠠᠮᠵᠢᠯᠲᠠ ᠪᠦᠲᠦᠮᠵᠢ ᠵᠢ ᠦᠨᠡᠯᠡᠬᠦ ᠬᠠᠮᠢᠶ᠎ᠠ ᠪᠦᠬᠦᠢ ᠠᠵᠢᠯ᠃
(ᠭᠤᠷᠪᠠ) ᠰᠢᠯᠢᠨ ᠰᠣᠩᠭᠣᠬᠤ ᠵᠠᠷᠴᠢᠮ᠃ ᠲᠣᠰ ᠤᠳᠠᠭ᠋ᠠᠨ᠎ᠤ ᠰᠢᠯᠢᠨ ᠰᠣᠩᠭᠣᠬᠤ ᠠᠵᠢᠯ᠎ᠳᠤ ᠬᠠᠤᠯᠢ ᠲᠣᠭᠲᠠᠭ᠋ᠠᠯ ᠶᠣᠰᠣᠭ᠋ᠠᠷ᠂ ᠡᠷᠬᠡ ᠲᠡᠭᠰᠢ᠂ ᠲᠥᠪ ᠭᠣᠤᠯᠴᠢ ᠪᠠᠢ᠌ᠬᠤ ᠵᠠᠷᠴᠢᠮ᠎ᠢ ᠪᠠᠷᠢᠮᠲᠠᠯᠠᠵᠤ᠂ ᠰᠢᠨᠵᠢᠯᠡᠬᠦ ᠤᠬᠠᠭ᠋ᠠᠨᠴᠢ᠎ᠪᠠᠷ ᠦᠨᠡᠯᠡᠨ ᠵᠢᠱ᠌ᠢᠬᠦ᠂ ᠰᠢᠯᠢᠳᠡᠭ᠎ᠢ᠎ᠨᠢ ᠰᠣᠩᠭᠣᠬᠤ᠂ ᠬᠠᠮᠲᠤ᠎ᠪᠠᠷ ᠰᠢᠢᠳᠪᠦᠷᠢᠲᠦ ᠪᠣᠳᠣᠯᠭ᠎ᠠ ᠲᠣᠭᠲᠠᠭ᠋ᠠᠬᠤ ᠵᠢ ᠬᠡᠷᠡᠭᠵᠢᠭᠦᠯᠦᠨ᠎ᠡ ᠃
ᠬᠣᠶᠠᠷ᠂ ᠨᠡᠷ᠎ᠡ ᠮᠡᠳᠡᠭᠦᠯᠬᠦ ᠨᠥᠬᠥᠴᠡᠯ
(ᠨᠢᠭᠡ) ᠬᠠᠤᠯᠢ ᠶᠣᠰᠣᠭ᠋ᠠᠷ ᠳᠠᠩᠰᠠᠯᠠᠭᠤᠯᠤᠭᠰᠠᠨ ᠨᠢᠭᠲᠠᠯᠠᠨ ᠪᠤᠳᠤᠭᠴᠢ ᠵᠢᠨ ᠬᠡᠷᠡᠭ ᠡᠷᠬᠢᠯᠡᠬᠦ ᠭᠠᠵᠠᠷ᠂ ᠬᠢᠨᠠᠨ ᠪᠤᠳᠤᠭᠴᠢ ᠵᠢᠨ ᠬᠡᠷᠡᠭ ᠡᠷᠬᠢᠯᠡᠬᠦ ᠭᠠᠵᠠᠷ ᠃
(ᠬᠣᠶᠠᠷ) ᠪᠠᠢ᠌ᠭᠤᠯᠤᠮᠵᠢ ᠵᠢᠨ ᠵᠠᠬ᠎ᠠ ᠳᠡᠯᠭᠡᠭᠦᠷ᠎ᠤᠨ ᠦᠢ᠍ᠯᠡ ᠠᠵᠢᠯᠯᠠᠭ᠎ᠠ᠎ᠨᠢ ᠵᠢᠷᠤᠮᠵᠢᠯ᠎ᠲᠠᠢ᠂ ᠨᠡᠢ᠌ᠭᠡᠮ᠎ᠤᠨ ᠢᠲᠡᠭᠡᠮᠵᠢ᠎ᠪᠠᠷ ᠰᠠᠢ᠌ᠨ᠂ ᠮᠠᠭᠤ ᠦᠢ᠍ᠯᠡ ᠠᠵᠢᠯᠯᠠᠭ᠎ᠠ ᠦᠭᠡᠶ᠃
ᠭᠤᠷᠪᠠ᠂ ᠨᠡᠷ᠎ᠡ ᠮᠡᠳᠡᠭᠦᠯᠬᠦ ᠮᠠᠲ᠋ᠧᠷᠢᠶᠠᠯ
(ᠨᠢᠭᠡ) ᠪᠠᠢ᠌ᠭᠤᠯᠤᠮᠵᠢ ᠵᠢᠨ ᠡᠵᠡᠩᠨᠡᠯᠲᠡ ᠵᠢᠨ ᠦᠨᠡᠮᠯᠡᠯ᠎ᠤᠨ ᠬᠠᠭᠤᠯᠪᠤᠷᠢ᠃
(ᠬᠣᠶᠠᠷ) ᠬᠠᠤᠯᠢ᠎ᠪᠠᠷ ᠲᠣᠭᠲᠠᠭ᠋ᠠᠭᠰᠠᠨ ᠲᠥᠯᠥᠭᠡᠯᠡᠭᠴᠢ ᠵᠢᠨ ᠪᠡᠶ᠎ᠡ ᠵᠢᠨ ᠦᠨᠡᠮᠯᠡᠯ᠎ᠤᠨ ᠬᠠᠭᠤᠯᠪᠤᠷᠢ᠃
(ᠭᠤᠷᠪᠠ) ᠬᠠᠤᠯᠢ᠎ᠪᠠᠷ ᠲᠣᠭᠲᠠᠭ᠋ᠠᠭᠰᠠᠨ ᠪᠤᠰᠤ ᠲᠥᠯᠥᠭᠡᠯᠡᠭᠴᠢ ᠬᠤᠪᠢ ᠬᠥᠮᠦᠨ᠎ᠨᠢ ᠨᠡᠷ᠎ᠡ ᠮᠡᠳᠡᠭᠦᠯᠬᠦ ᠮᠠᠲ᠋ᠧᠷᠢᠶᠠᠯ ᠵᠶ᠋ᠠᠨ ᠲᠤᠰᠢᠶᠠᠬᠤ᠎ᠳᠤ ᠡᠷᠬᠡᠪᠰᠢ ᠡᠷᠬᠡ ᠣᠯᠭᠣᠭᠰᠠᠨ ᠨᠠᠢ᠌ᠳᠠᠯᠭ᠎ᠠ ᠵᠢᠨ ᠪᠢᠴᠢᠭ᠎ᠤᠨ ᠣᠭ ᠮᠠᠲ᠋ᠧᠷᠢᠶᠠᠯ ᠵᠢᠴᠢ ᠨᠠᠢ᠌ᠳᠠᠭᠰᠠᠨ ᠣᠷᠣᠯᠠᠭᠴᠢ ᠵᠢᠨ ᠪᠡᠶ᠎ᠡ ᠵᠢᠨ ᠦᠨᠡᠮᠯᠡᠯ᠎ᠤᠨ ᠬᠠᠭᠤᠯᠪᠤᠷᠢ ᠵᠢ ᠬᠠᠩᠭ᠋ᠠᠨ᠎ᠠ᠃
(ᠳᠥᠷᠪᠡ) ᠪᠠᠢ᠌ᠭᠤᠯᠤᠮᠵᠢ ᠵᠢᠨ ᠲᠣᠪᠴᠢ ᠲᠠᠨᠢᠯᠴᠠᠭᠤᠯᠭ᠎ᠠ ᠵᠢᠴᠢ ᠥᠩᠭᠡᠷᠡᠭᠰᠡᠨ᠎ᠤ ᠠᠵᠢᠯ᠎ᠤᠨ ᠠᠮᠵᠢᠯᠲᠠ ᠪᠦᠲᠦᠮᠵᠢ᠃
(ᠲᠠᠪᠤ) ᠪᠠᠢ᠌ᠭᠤᠯᠤᠮᠵᠢ ᠵᠢᠨ ᠬᠠᠮᠢᠶ᠎ᠠ ᠪᠥᠬᠥᠶ ᠬᠢᠷᠢ ᠬᠡᠮ᠎ᠤᠨ ᠬᠠᠭᠤᠯᠪᠤᠷᠢ ᠪᠤᠶᠤ ᠪᠠᠢ᠌ᠴᠠᠭ᠋ᠠᠨ ᠯᠠᠪᠯᠠᠭᠰᠠᠨ ᠲᠡᠮᠳᠡᠭᠯᠡᠯ᠎ᠤᠨ ᠵᠢᠷᠤᠭ᠃
(ᠵᠢᠷᠭᠤᠭ᠎ᠠ) ᠦᠢ᠍ᠯᠡᠴᠢᠯᠡᠭᠡᠨ᠎ᠤ ᠪᠠᠢ᠌ᠭᠤᠯᠤᠮᠵᠢ ᠵᠢᠨ ᠬᠠᠩᠭ᠋ᠠᠬᠤ ᠶᠣᠰᠣᠲᠠᠢ ᠪᠤᠰᠤᠳ ᠮᠠᠲ᠋ᠧᠷᠢᠶᠠᠯ᠃ ᠳᠡᠭᠡᠷᠡᠬᠢ ᠪᠣᠶ ᠪᠥᠬᠥᠶ ᠨᠡᠷ᠎ᠡ ᠮᠡᠳᠡᠭᠦᠯᠬᠦ ᠮᠠᠲ᠋ᠧᠷᠢᠶᠠᠯ᠎ᠢ ᠡᠷᠬᠡᠪᠰᠢ ᠦᠳᠡᠵᠦ᠂ ᠨᠡᠷ᠎ᠡ ᠮᠡᠳᠡᠭᠦᠯᠬᠦ ᠪᠠᠢ᠌ᠭᠤᠯᠤᠮᠵᠢ ᠵᠢᠨ ᠠᠯᠪᠠᠨ ᠲᠠᠮᠠᠭ᠎ᠠ ᠵᠢᠴᠢ ᠬᠠᠤᠯᠢ᠎ᠪᠠᠷ ᠲᠣᠭᠲᠠᠭ᠋ᠠᠭᠰᠠᠨ ᠲᠥᠯᠥᠭᠡᠯᠡᠭᠴᠢ ᠵᠢᠨ ᠭᠠᠷᠤᠨ ᠥᠰᠥᠭ ᠵᠢᠷᠤᠭᠰᠠᠨ ᠰᠢᠷᠪᠢᠯᠲᠡ PDF ᠬᠡᠪᠯᠡᠯ᠃
ᠳᠥᠷᠪᠡ᠂ ᠨᠡᠷ᠎ᠡ ᠮᠡᠳᠡᠭᠦᠯᠬᠦ ᠱᠠᠭ᠋ᠠᠷᠳᠠᠯᠭ᠎ᠠ
(ᠨᠢᠭᠡ) ᠨᠡᠷ᠎ᠡ ᠮᠡᠳᠡᠭᠦᠯᠬᠦ ᠴᠠᠭ ᠃ 2024 ᠣᠨ᠎ᠤ 8 ᠰᠠᠷ᠎ᠠ ᠵᠢᠨ 29᠎ᠤ ᠡᠳᠦᠷ᠎ᠠᠴᠠ 9 ᠰᠠᠷ᠎ᠠ ᠵᠢᠨ 4᠎ᠤ ᠡᠳᠦᠷ ᠪᠣᠯᠲᠠᠯ᠎ᠠ᠃
(ᠬᠣᠶᠠᠷ) ᠨᠡᠷ᠎ᠡ ᠮᠡᠳᠡᠭᠦᠯᠬᠦ ᠮᠠᠲ᠋ᠧᠷᠢᠶᠠᠯ᠎ᠢ ᠰᠢᠷᠪᠢᠬᠦ PDF ᠬᠡᠪᠯᠡᠯ᠎ᠢ nmgkjtztc @ 163 . com ᠲᠤ ᠢᠯᠡᠭᠡᠨ᠎ᠡ᠃
ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠰᠢᠨᠵᠢᠯᠡᠬᠦ ᠤᠬᠠᠭ᠋ᠠᠨ ᠮᠡᠷᠭᠡᠵᠢᠯ᠎ᠤᠨ ᠲᠢᠩᠬᠢᠮ
2024 ᠣᠨ᠎ᠤ 8 ᠰᠠᠷ᠎ᠠ ᠵᠢᠨ 29᠎ᠤ ᠡᠳᠦᠷ
(ᠬᠠᠷᠢᠯᠴᠠᠬᠤ ᠬᠥᠮᠦᠨ᠄ ᠵᠧᠦ ᠬᠤᠢ᠂ ᠬᠠᠷᠢᠯᠴᠠᠬᠤ ᠤᠲᠠᠰᠤ᠄ 0471 - 6328604)