ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠤᠳᠤᠷᠢᠳᠤᠯᠭ᠎ᠠ᠎ᠶᠢᠨ ᠲᠠᠨᠢᠯᠴᠠᠭᠤᠯᠭ᠎ᠠ
ᠦᠢᠯᠡᠴᠢᠯᠡᠭᠡ
ᠰᠢᠨᠵᠢᠯᠡᠭᠡ ᠮᠡᠷᠭᠡᠵᠢᠯ
ᠰᠣᠨᠢᠨ ᠮᠡᠳᠡᠭᠡ   -   ᠵᠢᠷᠤᠬᠲᠦ᠍ ᠨᠡᠶ᠋ᠢᠳᠡᠯᠡᠯ
ᠥᠪᠡᠷᠲᠡᠭᠡᠨ ᠵᠠᠰᠠᠬᠤ ᠣᠷᠣᠨ᠎ᠤ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠲᠢᠩᠬᠢᠮ 《ᠭᠤᠷᠪᠠ ᠨᠠᠢᠮᠠ ᠵᠢ ᠤᠭᠲᠤᠬᠤ》 ᠳᠠᠷᠤᠯᠲᠠ ᠵᠢ ᠵᠣᠬᠢᠴᠠᠭᠤᠯᠬᠤ ᠪᠠ ᠰᠡᠳᠬᠢᠴᠡ ᠵᠢᠨ ᠡᠷᠡᠭᠦᠯ ᠮᠡᠨᠳᠦ ᠵᠢᠨ ᠲᠤᠰᠬᠠᠶ ᠰᠡᠳᠦᠪᠲᠦ ᠲᠠᠢ᠌ᠯᠤᠮᠵᠢ ᠡᠷᠭᠢᠯᠡᠪᠡ
ᠨᠡᠶ᠋ᠢᠲᠡᠯᠡᠭᠰᠡᠨ ᠴᠠᠭ᠄ 2021-03-09


    ᠡᠮᠡᠭᠲᠡᠶ ᠺᠠᠳ᠋ᠷ ᠠᠵᠢᠯᠲᠠᠨ ᠠᠵᠢᠯᠴᠢᠨ᠎ᠲᠠᠢ ᠤᠯᠠᠮ ᠨᠢᠭᠡ ᠠᠯᠬᠤᠮ ᠪᠦᠯᠬᠦᠮᠳᠡᠵᠦ᠂ ᠡᠮᠡᠭᠲᠡᠢ᠌ᠴᠦᠳ᠎ᠤᠨ ᠬᠦᠰᠡᠯ ᠵᠣᠷᠢᠭ᠎ᠢ ᠬᠥᠭᠵᠢᠭᠡᠨ᠂ ᠡᠮᠡᠭᠲᠡᠢ᠌ᠴᠦᠳ᠎ᠤᠨ ᠬᠦᠴᠦᠨ᠎ᠢ ᠨᠢᠭᠲᠠᠷᠠᠭᠤᠯᠵᠤ᠂ ᠡᠮᠡᠭᠲᠡᠢ᠌ᠴᠦᠳ᠎ᠤᠨ ᠭᠤᠸ᠎ᠠ ᠰᠠᠢ᠌ᠬᠠᠨ᠎ᠢ ᠢᠯᠡᠷᠡᠭᠦᠯᠦᠨ᠂ ᠥᠷᠭᠡᠨ ᠣᠯᠠᠨ ᠡᠮᠡᠭᠲᠡᠶ ᠺᠠᠳ᠋ᠷ ᠠᠵᠢᠯᠲᠠᠨ ᠠᠵᠢᠯᠴᠢᠨ᠎ᠢ   ᠬᠥᠲᠥᠯᠥᠨ ᠵᠢᠯᠣᠭᠣᠳᠴᠤ ᠪᠠᠢ᠌ᠭ᠋ᠠᠳ ᠠᠵᠢᠯ᠎ᠤᠨ ᠪᠠᠢ᠌ᠷᠢ᠎ᠳᠤᠨᠢ ᠰᠠᠭᠤᠷᠢᠯᠠᠨ᠂ ᠲᠡᠷᠢᠭᠦᠨ᠎ᠤ ᠲᠠᠰ᠎ᠢ ᠴᠢᠷᠮᠠᠢ᠌ᠨ ᠡᠭᠦᠳᠬᠦ ᠵᠢᠨ ᠲᠥᠯᠥᠭᠡ᠂ 3 ᠳ᠋ᠤᠭ᠋ᠠᠷ ᠰᠠᠷ᠎ᠠ ᠵᠢᠨ 4᠎ᠤ ᠡᠳᠦᠷ᠂ ᠥᠪᠡᠷᠲᠡᠭᠡᠨ ᠵᠠᠰᠠᠬᠤ ᠣᠷᠣᠨ᠎ᠤ ᠰᠢᠨᠵᠢᠯᠡᠬᠦ ᠤᠬᠠᠭ᠋ᠠᠨ   ᠲᠧᠭᠨᠢᠭ ᠮᠡᠷᠭᠡᠵᠢᠯ᠎ᠤᠨ ᠲᠢᠩᠬᠢᠮ᠎ᠠᠴᠠ ᠥᠪᠥᠷ ᠮᠣᠩᠭᠣᠯ᠎ᠤᠨ ᠣᠶᠤᠨ ᠮᠡᠳᠡᠷᠡᠯ᠎ᠤᠨ ᠡᠷᠡᠭᠦᠯ ᠬᠠᠮᠠᠭ᠋ᠠᠯᠠᠯ᠎ᠤᠨ ᠲᠥᠪ᠎ᠤᠨ ᠡᠮᠴᠢᠯᠡᠭᠡᠨ᠎ᠤ ᠰᠡᠳᠬᠢᠴᠡ ᠵᠢᠨ ᠰᠠᠯᠠᠭ᠋ᠠᠨ᠎ᠤ ᠡᠷᠬᠢᠯᠡᠭᠴᠢ ᠪᠠᠶ ᠲᠢᠩ ᠰᠢᠨ᠎ᠢ ᠲᠤᠰᠬᠠᠢ᠌ᠯᠠᠨ ᠤᠷᠢᠵᠤ ᠰᠡᠳᠬᠢᠴᠡ ᠵᠢᠨ ᠡᠷᠡᠭᠦᠯ ᠮᠡᠨᠳᠦ ᠵᠢᠨ ᠬᠠᠮᠢᠶ᠎ᠠ ᠪᠥᠬᠥᠶ ᠲᠠᠢ᠌ᠯᠤᠮᠵᠢ ᠬᠢᠯᠭᠡᠪᠡ᠃ ᠲᠢᠩᠬᠢᠮ᠎ᠤᠨ ᠨᠠᠮ᠎ᠤᠨ ᠤᠳᠤᠷᠢᠳᠬᠤ ᠳᠤᠭᠤᠢ᠌ᠯᠠᠩ᠎ᠤᠨ ᠪᠦᠷᠢᠯᠳᠦᠬᠦᠨ᠂ ᠲᠢᠩᠬᠢᠮ᠎ᠤᠨ ᠳᠡᠳ᠋ ᠳᠠᠷᠤᠭ᠎ᠠ ᠵᠠᠩ   ᡁᠢ ᠺᠤᠸᠠᠨ ᠲᠠᠢ᠌ᠯᠤᠮᠵᠢ᠎ᠳᠤ ᠣᠷᠣᠯᠴᠠᠵᠤ᠂ ᠲᠢᠩᠬᠢᠮ᠎ᠤᠨ ᠪᠠᠢ᠌ᠭᠤᠯᠭ᠎ᠠ ᠵᠢᠨ ᠭᠠᠵᠠᠷ ᠬᠡᠷ᠎ᠤᠨ ᠭᠣᠤᠯ ᠬᠠᠷᠢᠭᠤᠴᠠᠯᠭ᠋ᠠᠲᠠᠨ᠂ ᠪᠥᠬᠥ ᠡᠮᠡᠭᠲᠡᠶ ᠠᠵᠢᠯᠲᠠᠨ ᠠᠵᠢᠯᠴᠢᠨ᠂ ᠲᠢᠩᠬᠢᠮ᠎ᠤᠨ ᠬᠠᠷᠢᠶ᠎ᠠ ᠠᠵᠢᠯ ᠦᠢᠯᠡᠰ᠎ᠤᠨ ᠨᠢᠭᠡᠴᠢ ᠵᠢᠨ ᠳᠡᠳ᠋ ᠭᠠᠵᠠᠷ᠎ᠤᠨ ᠲᠠᠰ᠎ᠠᠴᠠ ᠳᠡᠭᠡᠭᠰᠢᠬᠢ ᠡᠮᠡᠭᠲᠡᠶ ᠤᠳᠤᠷᠢᠳᠬᠤ ᠺᠠᠳ᠋ᠷ ᠲᠠᠢ᠌ᠯᠤᠮᠵᠢ᠎ᠳᠤ ᠣᠷᠣᠯᠴᠠᠵᠤ᠂ ᠲᠠᠢ᠌ᠯᠤᠮᠵᠢ ᠵᠢ ᠰᠦᠯᠵᠢᠶᠡᠨ ᠳᠡᠭᠡᠷ᠎ᠡ ᠵᠡᠷᠭᠡ᠎ᠪᠠᠷ ᠰᠢᠭᠤᠳ ᠨᠡᠪᠲᠡᠷᠡᠭᠦᠯᠪᠡ᠃
    ᠡᠷᠬᠢᠯᠡᠭᠴᠢ ᠪᠠᠶ ᠲᠢᠩ ᠰᠢᠨ 《ᠳᠠᠷᠤᠯᠲᠠ ᠵᠢᠨ ᠵᠣᠬᠢᠴᠠᠯ ᠪᠠ ᠰᠡᠳᠬᠢᠴᠡ ᠵᠢᠨ ᠡᠷᠡᠭᠦᠯ ᠮᠡᠨᠳᠦ》 ᠭᠡᠬᠦ ᠰᠡᠳᠦᠪ᠎ᠲᠠᠢ᠂ ᠠᠮᠢᠳᠤᠯᠢᠭ ᠦᠭᠡ ᠬᠡᠯᠡ᠂ ᠨᠠᠷᠢᠨ ᠪᠣᠳᠠᠲᠠᠶ ᠬᠡᠷᠡᠭ᠎ᠤᠨ ᠵᠢᠱ᠌ᠢᠶ᠎ᠡ᠂ ᠬᠡᠷᠡᠭᠯᠡᠭᠡᠨ᠎ᠤ ᠠᠷᠭ᠎ᠠ᠎ᠪᠠᠷ᠂ ᠶᠠᠪᠤᠭᠤᠯ ᠠᠶᠠᠯᠭᠤ ᠵᠢᠨ ᠦᠷ᠎ᠡ ᠳ᠋ᠦᠩ᠎ᠠᠴᠠ ᠵᠠᠳᠠᠯᠵᠤ ᠦᠵᠡᠪᠡᠯ᠂ ᠰᠡᠳᠬᠢᠴᠡ     ᠵᠢᠨ ᠡᠷᠡᠭᠦᠯ ᠮᠡᠨᠳᠦ᠂ ᠳᠠᠷᠤᠯᠲᠠ ᠵᠢᠨ ᠬᠠᠮᠢᠶᠠᠷᠤᠯᠲᠠ᠂ ᠭᠠᠩᠰᠠᠷᠠᠯ ᠵᠣᠪᠠᠨᠢᠯ᠎ᠢ ᠢᠯᠭ᠋ᠠᠨ ᠲᠠᠨᠢᠬᠤ᠂ ᠵᠣᠯ   ᠵᠢᠷᠭ᠋ᠠᠯ᠎ᠢ ᠡᠷᠢᠯᠬᠢᠯᠡᠬᠦ   ᠲᠠᠪᠤᠨ ᠲᠠᠯ᠎ᠠ  ᠎ᠪᠠᠷ ᠨᠢᠭᠡᠨ ᠭᠣᠢ᠌ᠳᠠ ᠰᠠᠢ᠌ᠬᠠᠨ ᠤᠳᠤᠷᠢᠳᠬᠤ   ᠺᠠᠳ᠋ᠷ  ᠎ᠤᠨ ᠰᠡᠳᠬᠢᠴᠡ   ᠵᠢᠨ ᠡᠷᠡᠭᠦᠯ ᠮᠡᠨᠳᠦ ᠵᠢᠨ ᠬᠢᠴᠢᠶᠡᠯ᠎ᠢ ᠰᠢᠰᠲ᠋ᠧᠮ᠎ᠲᠠᠢ ᠶᠠᠷᠢᠵᠤ᠂ ᠳᠤᠤᠷ᠎ᠠ ᠰᠠᠭᠤᠵᠤ ᠪᠠᠢ᠌ᠭ᠎ᠠ ᠤᠳᠤᠷᠢᠳᠬᠤ   ᠺᠠᠳ᠋ᠷ᠎ᠤᠨ ᠰᠡᠳᠬᠢᠴᠡ ᠵᠢᠨ ᠳᠠᠷᠤᠯᠲᠠ ᠵᠢ ᠵᠣᠬᠢᠴᠠᠭᠤᠯᠬᠤ᠎ᠳᠤ ᠰᠢᠨ᠎ᠡ ᠬᠠᠷᠠᠭ᠎ᠠ ᠵᠢ ᠨᠡᠭᠡᠭᠡᠭᠰᠡᠨ   ᠪᠠᠢ᠌ᠨ᠎ᠠ᠃
    ᠲᠣᠰ ᠤᠳᠠᠭ᠋ᠠᠨ᠎ᠤ ᠲᠠᠢ᠌ᠯᠤᠮᠵᠢ᠎ᠨᠢ ᠤᠳᠤᠷᠢᠳᠬᠤ ᠺᠠᠳ᠋ᠷᠴᠤᠳ᠎ᠤᠨ ᠳᠤᠮᠳᠠ ᠰᠡᠳᠬᠢᠴᠡ ᠵᠢᠨ ᠡᠷᠡᠭᠦᠯ ᠮᠡᠨᠳᠦ ᠵᠢᠨ ᠮᠡᠳᠡᠯᠭᠡ ᠵᠢ ᠤᠯᠠᠮ ᠨᠢᠭᠡ ᠠᠯᠬᠤᠮ ᠲᠦᠭᠡᠮᠡᠯᠵᠢᠭᠦᠯᠵᠦ᠂ ᠣᠯᠠᠨ᠎ᠤ ᠰᠡᠳᠬᠢᠴᠡ ᠵᠢᠨ ᠡᠷᠡᠭᠦᠯᠵᠢᠯ᠎ᠤᠨ ᠴᠢᠳᠠᠪᠤᠷᠢ ᠵᠢ ᠨᠡᠮᠡᠭᠳᠡᠭᠦᠯᠦᠨ᠂ ᠪᠡᠶ᠎ᠡ ᠰᠡᠳᠬᠢᠯ᠎ᠤᠨ ᠡᠷᠡᠭᠦᠯ ᠮᠡᠨᠳᠦ ᠵᠢᠨ ᠬᠢᠷᠢ ᠲᠦᠪᠰᠢᠨ᠎ᠢ ᠳᠡᠭᠡᠭᠰᠢᠯᠡᠭᠦᠯᠵᠦ᠂ ᠣᠯᠠᠨ᠎ᠢ ᠬᠠᠪᠰᠤᠷᠤᠨ ᠢᠳᠡᠪᠬᠢᠲᠡᠶ᠎ᠪᠠᠷ ᠥᠭᠡᠳᠡᠯᠡᠨ ᠳᠠᠪᠰᠢᠬᠤ᠂ ᠪᠠᠶᠠᠰᠤᠩᠭᠤᠶ ᠪᠠᠭᠲᠠᠭ᠋ᠠᠮᠵᠢᠲᠠᠶ ᠪᠠᠢ᠌ᠬᠤ ᠣᠶᠤᠨ ᠰᠠᠨᠠᠭ᠋ᠠᠨ᠎ᠤ ᠳᠦᠷᠰᠦ ᠪᠠᠢ᠌ᠳᠠᠯ᠎ᠢ ᠪᠠᠲᠤᠯᠠᠵᠤ᠂ ᠨᠢᠭᠡ ᠰᠡᠳᠬᠢᠯ ᠨᠢᠭᠡ ᠵᠣᠷᠢᠭ     ᠵᠶ᠋ᠠᠷ ᠠᠵᠢᠯ ᠬᠢᠵᠦ ᠦᠢᠯᠡᠰ ᠴᠣᠭᠴᠠᠯᠠᠬᠤ᠂ ᠬᠠᠷᠢᠭᠤᠴᠠᠯᠭ᠎ᠠ ᠡᠭᠦᠷᠭᠡᠯᠡᠨ ᠵᠢᠳᠬᠦᠯ ᠴᠢᠷᠮᠠᠢ᠌ᠯᠭ᠎ᠠ ᠭᠠᠷᠭ᠋ᠠᠬᠤ   ᠵᠢ ᠵᠣᠷᠢᠭᠰᠠᠨ ᠪᠠᠢ᠌ᠨ᠎ᠠ᠃
    ᠲᠠᠢ᠌ᠯᠤᠮᠵᠢ᠎ᠳᠤ ᠣᠷᠣᠯᠴᠠᠭᠰᠠᠨ ᠺᠠᠳ᠋ᠷ ᠠᠵᠢᠯᠳᠠᠨ ᠠᠵᠢᠯᠴᠢᠨ᠂ ᠬᠣᠢ᠌ᠰᠢᠳᠠ ᠰᠠᠨᠠᠭ᠋ᠠᠴᠢᠯᠠᠭ᠎ᠠ᠎ᠠᠴᠠ᠎ᠪᠠᠨ ᠰᠤᠷᠤᠯᠴᠠᠬᠤ ᠵᠢᠨ ᠬᠠᠮᠲᠤ ᠰᠢᠨᠵᠢᠯᠡᠬᠦ ᠤᠬᠠᠭ᠋ᠠᠨᠴᠢ ᠠᠷᠭ᠎ᠠ᠎ᠪᠠᠷ ᠳᠠᠷᠤᠯᠲᠠ᠎ᠳᠤ ᠬᠠᠨᠳᠤᠵᠤ᠂ ᠵᠣᠬᠢᠰᠲᠠᠢ ᠠᠷᠭ᠎ᠠ ᠬᠡᠯᠪᠡᠷᠢ᠎ᠪᠠᠷ ᠤᠷᠮ᠎ᠠ ᠰᠡᠳᠬᠢᠯᠭᠡ᠎ᠪᠠᠨ ᠲᠤᠬᠢᠷᠠᠭᠤᠯᠤᠨ ᠡᠵᠡᠮᠳᠡᠵᠦ᠂ ᠨᠡᠩ ᠪᠠᠶᠠᠷ ᠬᠦᠷ᠎ᠲᠠᠢ ᠡᠷᠡᠭᠦᠯ ᠰᠠᠷᠠᠭᠤᠯ ᠵᠶ᠋ᠠᠷ ᠠᠮᠢᠳᠤᠷᠠᠵᠤ᠂ ᠨᠡᠩ ᠪᠠᠶᠠᠷ ᠬᠦᠷ᠎ᠲᠠᠢ ᠥᠨᠳᠥᠷ ᠪᠦᠲᠦᠮᠵᠢᠲᠡᠢ᠎ᠪᠠᠷ ᠠᠵᠢᠯᠯᠠᠵᠤ᠂     ᠴᠣ᠋ ᠰᠢᠨ᠎ᠡ ᠤᠶᠤᠨ ᠰᠠᠨᠠᠭ᠋ᠠᠨ᠎ᠤ ᠳᠦᠷᠰᠦ ᠪᠠᠢ᠌ᠳᠠᠯ ᠪᠣᠯᠤᠨ ᠴᠤᠭ ᠪᠠᠳᠠᠷᠠᠩᠭᠤᠢ ᠲᠡᠮᠡᠴᠡᠯ᠎ᠤᠨ ᠳᠦᠷᠰᠦ ᠪᠠᠢ᠌ᠳᠠᠯ ᠵᠶ᠋ᠠᠷ ᠰᠢᠨ᠎ᠡ ᠴᠠᠭ ᠦᠶ᠎ᠡ ᠵᠢ ᠤᠭᠲᠤᠵᠤ᠂ ᠰᠢᠨ᠎ᠡ ᠡᠭᠦᠷᠭᠡ ᠬᠠᠷᠢᠭᠤᠴᠠᠯᠭ᠎ᠠ ᠵᠢ ᠡᠭᠦᠷᠭᠡᠯᠡᠵᠦ᠂ ᠰᠢᠨ᠎ᠡ ᠵᠢ ᠡᠭᠦᠳᠬᠦ ᠮᠠᠶᠢᠭ᠎ᠤᠨ ᠥᠪᠥᠷ ᠮᠣᠩᠭᠣᠯ᠎ᠢ ᠪᠦᠳᠦᠭᠡᠨ ᠪᠠᠢ᠌ᠭᠤᠯᠬᠤ᠎ᠳᠤ ᠲᠠᠬᠢᠨ ᠰᠢᠨ᠎ᠡ ᠵᠢᠳᠬᠦᠯ ᠦᠵᠡᠭᠦᠯᠦᠨ᠎ᠡ ᠭᠡᠵᠦ ᠢᠯᠡᠳᠬᠡᠵᠡᠭᠡᠪᠡ᠃
    ᠲᠠᠢ᠌ᠯᠤᠮᠵᠢ ᠵᠢᠨ ᠠᠬᠤᠢ ᠲᠠᠯᠠᠪᠠᠢ᠎ᠳᠤ᠂ ᠥᠪᠡᠷᠲᠡᠭᠡᠨ ᠵᠠᠰᠠᠬᠤ ᠣᠷᠣᠨ᠎ᠤ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠲᠢᠩᠬᠢᠮ᠎ᠤᠨ ᠡᠮᠡᠭᠲᠡᠢ᠌ᠴᠦᠳ᠎ᠤᠨ ᠵᠥᠪᠯᠡᠯ ᠪᠠᠰᠠ ᠬᠤᠷᠠᠯ᠎ᠳᠤ ᠣᠷᠣᠯᠴᠠᠭᠰᠠᠳ    ᠎ᠲᠤ ᠰᠣᠷᠭᠣᠭ ᠴᠡᠴᠡᠭ ᠪᠠ ᠰᠠᠨᠠᠭ᠋ᠠᠴᠢᠯᠠᠭ᠎ᠠ ᠵᠢᠨ ᠪᠢᠴᠢᠭ ᠬᠦᠷᠭᠡᠵᠦ᠂ ᠤᠯᠠᠨ᠎ᠢ 《ᠡᠮᠡᠭᠲᠡᠢ᠌ᠴᠦᠳ᠎ᠤᠨ ᠵᠣᠷᠢᠭ᠎ᠢ ᠬᠥᠭᠵᠢᠭᠡᠵᠦ᠂ ᠴᠠᠭ ᠦᠶ᠎ᠡ ᠵᠢᠨ ᠤᠷᠤᠰᠬᠠᠯ᠎ᠤᠨ ᠡᠮᠦᠨ᠎ᠡ ᠵᠣᠷᠢᠭᠲᠠᠢ ᠵᠣᠭᠰᠣᠭ᠋ᠠᠷᠠᠢ᠂   ᠡᠮᠡᠭᠲᠡᠶ ᠬᠥᠮᠦᠨ᠎ᠤ ᠭᠤᠸ᠎ᠠ ᠰᠠᠢ᠌ᠬᠠᠨ᠎ᠢ ᠢᠯᠡᠷᠡᠭᠦᠯᠵᠦ᠂ ᠥᠪᠡᠷ᠎ᠤᠨ ᠬᠡᠪ ᠪᠣᠯᠪᠠᠰᠤᠷᠠᠯ ᠵᠶ᠋ᠠᠨ ᠳᠡᠭᠡᠭᠰᠢᠯᠡᠭᠦᠯᠦᠨ᠎ᠡ᠂ ᠡᠮᠡᠭᠲᠡᠢ᠌ᠴᠦᠳ᠎ᠤᠨ ᠬᠦᠴᠦᠨ᠎ᠢ ᠪᠠᠳᠠᠷᠠᠭᠤᠯᠵᠤ᠂ ᠳᠤᠮᠳᠠᠳᠤ ᠵᠢᠨ ᠡᠷᠬᠢᠮ ᠰᠤᠷᠲᠠᠯ᠎ᠢ ᠤᠯᠠᠮᠵᠢᠯᠠᠶ᠎ᠠ》 ᠭᠡᠵᠦ ᠬᠡᠯᠡᠪᠡ᠃

ᠢᠷᠡᠯᠲᠡ᠄
          
ᠬᠠᠮᠢᠶ᠎ᠡ ᠪᠦᠬᠦᠢ ᠰᠣᠨᠢᠨ
ᠥᠪᠡᠷᠲᠡᠭᠡᠨ ᠵᠠᠰᠠᠬᠤ ᠣᠷᠣᠨ᠎ᠤ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠲᠢᠩᠬᠢᠮ ᠠᠵᠢᠯᠯᠠᠭ᠎ᠠ ᠥᠷᠨᠢᠭᠦᠯᠵᠦ ᠳᠤᠮᠳᠠᠳᠤ ᠤᠯᠤᠰ᠎ᠤᠨ ᠡᠪ ᠬᠠᠮᠲᠤ ᠨᠠᠮ ᠪᠠᠢ᠌ᠭᠤᠯᠤᠭᠳᠠᠭᠰᠠᠨ 100 ᠵᠢᠯ᠎ᠤᠨ ᠣᠶ ᠵᠢ ᠪᠡᠯᠭᠡᠯᠡᠪᠡ
ᠥᠪᠡᠷᠲᠡᠭᠡᠨ ᠵᠠᠰᠠᠬᠤ ᠣᠷᠣᠨ᠎ᠤ ᠡᠳ᠋᠎ᠤᠨ ᠵᠠᠰᠠᠭ᠎ᠤᠨ ᠭᠤᠷᠪᠠᠨ ᠵᠦᠢ᠍ᠯ᠎ᠤᠨ ᠠᠷᠭ᠎ᠠ ᠬᠡᠮᠵᠢᠶ᠎ᠡ᠎ᠨᠢ ᠮᠠᠨ᠎ᠤ ᠤᠯᠤᠰ᠎ᠤᠨ ᠤᠮᠠᠷᠠᠰᠢ ᠨᠡᠭᠡᠭᠡᠯᠲᠡ ᠬᠢᠬᠦ ᠴᠢᠬᠤᠯᠠ ᠪᠡᠬᠢᠯᠡᠯᠲᠡ ᠵᠢᠨ ᠪᠦᠲᠦᠭᠡᠨ ᠪᠠᠢ᠌ᠭᠤᠯᠤᠯᠲᠠ ᠵᠢ ᠪᠥᠬᠥ ᠬᠦᠴᠦᠨ ᠵᠶ᠋ᠡᠷ ᠵᠶ᠋ᠡᠨ ᠪᠠᠲᠤᠯᠠᠵᠤ ᠪᠤᠢ
 
            