ᠬᠣᠯᠪᠣᠭᠳᠠᠯ ᠪᠦᠬᠦᠢ ᠬᠦᠷᠢᠶᠡᠨ᠎ᠤ ᠳᠡᠭᠡᠰᠦ ᠰᠢᠨ᠎ᠡ ᠮᠡᠷᠭᠡᠵᠢᠯ᠎ᠤᠨ ᠬᠥᠭᠵᠢᠯᠲᠡ ᠵᠢᠨ ᠲᠥᠯᠥᠪᠵᠢᠭᠦᠯᠪᠡ᠂ ᠲᠥᠷᠥ ᠵᠢᠨ ᠪᠣᠳᠣᠯᠭ᠎ᠠ ᠪᠣᠯᠤᠨ ᠠᠷᠭ᠎ᠠ ᠬᠡᠮᠵᠢᠶ᠎ᠡ ᠵᠢ ᠵᠣᠬᠢᠶᠠᠨ ᠪᠠᠶ᠋ᠢᠭᠤᠯᠤᠨ ᠲᠤᠭᠤᠷᠪᠢᠨ ᠲᠣᠭᠲᠠᠭ᠋ᠠᠨ᠎ᠠ᠃ ᠬᠠᠮᠢᠶ᠎ᠠ ᠪᠦᠬᠦᠢ ᠬᠦᠷᠢᠶ᠎ᠡ ᠴᠠᠷᠠᠭ᠎ᠠ ᠵᠢᠨ ᠮᠡᠷᠭᠡᠵᠢᠯ᠎ᠤᠨ ᠬᠥᠭᠵᠢᠯᠲᠡ ᠵᠢᠨ ᠬᠡᠷᠡᠭᠴᠡᠭᠡ ᠱᠠᠭ᠋ᠠᠷᠳᠠᠯᠭ᠎ᠠ ᠵᠢᠨ ᠵᠠᠳᠠᠯᠤᠯᠲᠠ ᠵᠢ ᠵᠣᠬᠢᠶᠠᠨ ᠪᠠᠶ᠋ᠢᠭᠤᠯᠤᠨ ᠥᠷᠨᠢᠭᠦᠯᠵᠦ᠂ ᠴᠢᠬᠤᠯᠠ ᠶᠡᠬᠡ ᠡᠭᠦᠷᠭᠡ ᠵᠢ ᠳᠤᠷᠠᠳᠬᠤ ᠵᠢᠨ ᠬᠠᠮᠲᠤ ᠬᠢᠨᠠᠯᠲᠠ ᠲᠠᠯᠪᠢᠨ ᠬᠡᠷᠡᠭᠵᠢᠭᠦᠯᠵᠦ᠂ ᠴᠢᠬᠤᠯᠠ ᠶᠡᠬᠡ ᠪᠡᠷᠬᠡ ᠰᠡᠳᠦᠪ᠎ᠢ ᠰᠢᠶᠳᠪᠦᠷᠢᠯᠡᠬᠦ ᠵᠢ ᠲᠦᠯᠬᠢᠨ ᠠᠬᠢᠭᠤᠯᠤᠨ᠎ᠠ᠃ ᠬᠠᠮᠢᠶ᠎ᠠ ᠪᠦᠬᠦᠢ ᠬᠦᠷᠢᠶᠡᠨ᠎ᠤ ᠰᠢᠨᠵᠢᠯᠡᠬᠦ ᠤᠬᠠᠭ᠋ᠠᠨ ᠮᠡᠷᠭᠡᠵᠢᠯ᠎ᠤᠨ ᠲᠥᠯᠥᠪᠯᠡᠭᠡ ᠵᠢᠨ ᠲᠥᠷᠥᠯ ᠵᠦᠶᠯ᠎ᠢ ᠵᠣᠬᠢᠶᠠᠨ ᠪᠠᠢ᠍ᠭᠤᠯᠤᠨ ᠬᠡᠷᠡᠭᠵᠢᠭᠦᠯᠦᠨ᠎ᠡ᠃ ᠬᠠᠮᠢᠶ᠎ᠠ ᠪᠦᠬᠦᠢ ᠬᠦᠷᠢᠶ᠎ᠡ ᠴᠠᠷᠠᠭ᠎ᠠ ᠵᠢᠨ ᠲᠠᠪᠴᠠᠩ᠂ ᠰᠠᠭᠤᠷᠢᠨ ᠭᠠᠵᠠᠷ᠎ᠤᠨ ᠲᠥᠯᠥᠪᠵᠢᠭᠦᠯᠭᠡ ᠵᠢᠨ ᠪᠠᠶ᠋ᠢᠷᠢᠰᠢᠭᠤᠯᠤᠯ᠎ᠢ ᠳᠤᠷᠠᠳᠬᠤ ᠵᠢᠨ ᠬᠠᠮᠲᠤ ᠵᠣᠬᠢᠶᠠᠨ ᠪᠠᠶ᠋ᠢᠭᠤᠯᠤᠨ ᠬᠡᠷᠡᠭᠵᠢᠭᠦᠯᠦᠨ᠎ᠡ᠃ ᠤᠯᠤᠰ᠎ᠠᠴᠠ ᠪᠡᠶ᠎ᠡ᠎ᠪᠠᠨ ᠳᠠᠭ᠋ᠠᠭ᠋ᠠᠵᠤ ᠰᠢᠨ᠎ᠡ ᠵᠢ ᠡᠭᠦᠳᠬᠦ ᠵᠢᠱ᠌ᠢᠶ᠎ᠡ ᠦᠵᠡᠭᠦᠯᠬᠦ ᠣᠷᠣᠨ᠎ᠤ ᠪᠦᠲᠦᠭᠡᠨ ᠪᠠᠶ᠋ᠢᠭᠤᠯᠤᠯᠲᠠ᠂ ᠤᠯᠤᠰ᠎ᠠᠴᠠ ᠳᠡᠭᠡᠰᠦ ᠰᠢᠨ᠎ᠡ ᠮᠡᠷᠭᠡᠵᠢᠯ᠎ᠤᠨ ᠠᠵᠤ ᠦᠢ᠍ᠯᠡᠰ᠎ᠤᠨ ᠨᠡᠭᠡᠭᠡᠯᠲᠡ ᠵᠢᠨ ᠣᠷᠣᠨ᠎ᠤ ᠪᠦᠲᠦᠭᠡᠨ ᠪᠠᠶ᠋ᠢᠭᠤᠯᠤᠯᠲᠠ ᠵᠡᠷᠭᠡ ᠬᠠᠮᠢᠶ᠎ᠠ ᠪᠦᠬᠦᠢ ᠠᠵᠢᠯ᠎ᠢ ᠡᠭᠦᠷᠭᠡᠯᠡᠨ᠎ᠡ᠃ ᠰᠢᠨᠵᠢᠯᠡᠬᠦ ᠤᠬᠠᠭ᠋ᠠᠨ ᠮᠡᠷᠭᠡᠵᠢᠯ᠎ᠤᠨ ᠴᠡᠷᠢᠭ᠎ᠤᠨ ᠬᠡᠷᠡᠭᠯᠡᠭᠡ ᠪᠠ ᠠᠷᠠᠳ᠎ᠤᠨ ᠬᠡᠷᠡᠭᠯᠡᠭᠡ ᠵᠢ ᠠᠭᠤᠰᠤᠯᠳᠤᠭᠤᠯᠤᠨ ᠬᠥᠭᠵᠢᠭᠦᠯᠬᠦ ᠵᠢ ᠲᠦᠯᠬᠢᠨ ᠠᠬᠢᠭᠤᠯᠬᠤ ᠬᠣᠯᠪᠣᠭᠳᠠᠯ ᠪᠦᠬᠦᠢ ᠠᠵᠢᠯ᠎ᠢ ᠡᠭᠦᠷᠭᠡᠯᠡᠨ᠎ᠡ᠃
ᠬᠠᠷᠢᠯᠴᠠᠬᠤ ᠤᠲᠠᠰᠤ᠄ 0471 — 6328606᠂ 0471 — 6328607
ᠬᠠᠶᠢᠭ᠄ ᠥᠪᠥᠷ ᠮᠣᠩᠭᠣᠯ᠎ᠤᠨ ᠬᠥᠬᠡ ᠬᠣᠲᠠ ᠵᠢᠨ ᠰᠠᠶ᠋ᠢᠬᠠᠨ ᠲᠣᠭᠣᠷᠢᠭ᠎ᠤᠨ ᠹᠧᠩᠵᠸᠤ ᠡᠮᠦᠨ᠎ᠡ ᠵᠠᠮ᠎ᠤᠨ ᠥᠪᠥᠷ ᠮᠣᠩᠭᠣᠯ᠎ᠤᠨ ᠰᠢᠨᠵᠢᠯᠡᠬᠦ ᠤᠬᠠᠭ᠋ᠠᠨ ᠮᠡᠷᠭᠡᠵᠢᠯ᠎ᠤᠨ ᠲᠢᠩᠬᠢᠮ (ᠰᠢᠤᠳᠠᠨ ᠳ᠋ᠤᠭ᠋ᠠᠷ 010010)
ᠠᠵᠢᠯᠯᠠᠬᠤ ᠴᠠᠭ᠄ ᠭᠠᠷᠠᠭ᠎ᠤᠨ ᠨᠢᠭᠡᠨ᠎ᠠᠴᠠ ᠭᠠᠷᠠᠭ᠎ᠤᠨ ᠲᠠᠪᠤᠨ 8᠄ 30 — 17᠄ 30