ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠤᠳᠤᠷᠢᠳᠤᠯᠭ᠎ᠠ᠎ᠶᠢᠨ ᠲᠠᠨᠢᠯᠴᠠᠭᠤᠯᠭ᠎ᠠ
ᠦᠢᠯᠡᠴᠢᠯᠡᠭᠡ
ᠰᠢᠨᠵᠢᠯᠡᠭᠡ ᠮᠡᠷᠭᠡᠵᠢᠯ
ᠢᠯᠡ ᠵᠠᠰᠠᠭ   -   ᠪᠠᠶ᠋ᠢᠭᠤᠯᠤᠮᠵᠢ
ᠪᠠᠢ᠌ᠭᠤᠯᠤᠮᠵᠢ ᠵᠢᠨ ᠡᠭᠦᠷᠭᠡ ᠬᠠᠷᠢᠭᠤᠴᠠᠯᠭ᠎ᠠ
ᠨᠡᠶ᠋ᠢᠲᠡᠯᠡᠭᠰᠡᠨ ᠴᠠᠭ᠄ 2024-01-22

      ᠨᠢᠭᠡᠳᠦᠭᠡᠷ ᠵᠦᠢ᠍ᠯ ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠲᠥᠪ ᠬᠣᠷᠢᠶ᠎ᠠ᠂ ᠲᠥᠷᠥ ᠵᠢᠨ ᠶᠠᠪᠤᠳᠠᠯ᠎ᠤᠨ ᠬᠣᠷᠢᠶ᠎ᠠ ᠵᠢᠨ ᠵᠥᠪᠰᠢᠶᠡᠷᠡᠭᠰᠡᠨ 《ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠪᠠᠢ᠌ᠭᠤᠯᠤᠮᠵᠢ ᠵᠢᠨ ᠥᠭᠡᠷᠡᠴᠢᠯᠡᠯᠲᠡ ᠵᠢᠨ ᠲᠥᠰᠦᠯ》 ᠪᠣᠯᠤᠨ ᠥᠪᠡᠷᠲᠡᠭᠡᠨ ᠵᠠᠰᠠᠬᠤ ᠣᠷᠣᠨ᠎ᠤ ᠳᠠᠷᠤᠮᠠᠯᠯᠠᠨ ᠶᠠᠪᠤᠭᠤᠯᠤᠭᠰᠠᠨ 《ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠪᠠᠢ᠌ᠭᠤᠯᠤᠮᠵᠢ ᠵᠢᠨ ᠥᠭᠡᠷᠡᠴᠢᠯᠡᠯᠲᠡ ᠵᠢᠨ ᠬᠡᠷᠡᠭᠵᠢᠭᠦᠯᠬᠦ ᠰᠠᠨᠠᠯ》᠎ᠢ ᠦᠨᠳᠦᠰᠦᠯᠡᠨ᠂ ᠲᠤᠰ ᠲᠣᠭᠲᠠᠭ᠋ᠠᠯ᠎ᠢ ᠲᠣᠭᠲᠠᠭ᠋ᠠᠪᠠ  ᠃
    ᠬᠣᠶᠠᠳᠤᠭ᠋ᠠᠷ ᠵᠦᠢ᠍ᠯ ᠥᠪᠥᠷ ᠮᠣᠩᠭᠣᠯ ᠣᠨ ᠥᠪᠡᠷᠲᠡᠭᠡᠨ ᠵᠠᠰᠠᠬᠤ ᠣᠷᠣᠨ ᠤ ᠰᠢᠨᠵᠢᠯᠡᠬᠦ ᠤᠬᠠᠭ᠋ᠠᠨ ᠮᠡᠷᠭᠡᠵᠢᠯ ᠣᠨ ᠲᠢᠩᠬᠢᠮ ᠪᠣᠯ ᠥᠪᠡᠷᠲᠡᠭᠡᠨ ᠵᠠᠰᠠᠬᠤ ᠣᠷᠣᠨ ᠤ ᠠᠷᠠᠳ ᠣᠨ ᠵᠠᠰᠠᠭ ᠣᠨ ᠣᠷᠳᠣᠨ ᠤ ᠪᠦᠷᠢᠯᠳᠦᠬᠦᠨ ᠰᠠᠯᠠᠭ᠎ᠠ ᠮᠥᠴᠢᠷ ᠪᠣᠯᠬᠤ ᠪᠥᠭᠡᠳ ᠵᠢᠩᠬᠢᠨᠢ ᠲᠢᠩᠬᠢᠮ ᠣᠨ ᠲᠡᠰ ᠪᠣᠯᠤᠨ᠎ᠠ  ᠃
    ᠭᠤᠷᠪᠠᠳᠤᠭ᠋ᠠᠷ ᠵᠦᠢᠯ ᠥᠪᠡᠷᠲᠡᠭᠡᠨ ᠵᠠᠰᠠᠬᠤ ᠣᠷᠣᠨ᠎ᠤ ᠰᠢᠨᠵᠢᠯᠡᠬᠦ ᠤᠬᠠᠭ᠋ᠠᠨ ᠮᠡᠷᠭᠡᠵᠢᠯ᠎ᠤᠨ ᠲᠢᠩᠬᠢᠮ᠎ᠨᠢ ᠰᠢᠨᠵᠢᠯᠡᠬᠦ ᠤᠬᠠᠭ᠋ᠠᠨ ᠮᠡᠷᠭᠡᠵᠢᠯ᠎ᠤᠨ ᠰᠢᠨ᠎ᠡ ᠵᠢ ᠡᠭᠦᠳᠬᠦ ᠠᠵᠢᠯ᠎ᠤᠨ ᠲᠤᠬᠠᠶ ᠨᠠᠮ᠎ᠤᠨ ᠲᠥᠪ ᠬᠣᠷᠢᠶ᠎ᠠ ᠵᠢᠨ ᠴᠢᠭᠯᠡᠯᠲᠡ ᠲᠥᠷᠥ ᠵᠢᠨ ᠪᠣᠳᠣᠯᠭ᠎ᠠ ᠪᠠ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ ᠵᠢᠨ ᠬᠠᠮᠢᠶ᠎ᠠ ᠪᠥᠬᠥᠶ ᠰᠢᠢᠳᠪᠦᠷᠢᠲᠦ ᠪᠣᠳᠣᠯᠭ᠎ᠠ ᠵᠢᠨ ᠪᠠᠢ᠌ᠷᠢᠯᠠᠭᠤᠯᠤᠯᠲᠠ ᠵᠢ ᠲᠤᠤᠱᠯᠠᠭᠤᠯᠤᠨ ᠨᠠᠢ᠌ᠳᠠᠪᠤᠷᠢᠵᠢᠭᠤᠯᠵᠤ᠂ ᠡᠭᠦᠷᠭᠡ ᠬᠠᠷᠢᠭᠤᠴᠠᠯᠭ᠎ᠠ᠎ᠪᠠᠨ ᠭᠦᠢᠴᠡᠳᠬᠡᠬᠦ ᠶᠠᠪᠤᠴᠠ᠎ᠳᠤ ᠰᠢᠨᠵᠢᠯᠡᠬᠦ ᠤᠬᠠᠭ᠋ᠠᠨ ᠮᠡᠷᠭᠡᠵᠢᠯ᠎ᠤᠨ ᠰᠢᠨ᠎ᠡ ᠵᠢ ᠡᠭᠦᠳᠬᠦ ᠠᠵᠢᠯ᠎ᠳᠠᠬᠢ ᠨᠠᠮ᠎ᠤᠨ ᠲᠥᠪᠯᠡᠷᠡᠩᠭᠦᠶ ᠨᠢᠭᠡᠳᠦᠯᠲᠡᠶ ᠤᠳᠤᠷᠢᠳᠤᠯᠭ᠎ᠠ ᠵᠢ ᠪᠠᠷᠢᠮᠲᠠᠯᠠᠨ ᠴᠢᠩᠭ᠋ᠠᠳᠬᠠᠬᠤ ᠬᠡᠷᠡᠭᠲᠡᠶ  ᠃
    ᠭᠣᠣᠯ ᠡᠭᠦᠷᠭᠡ ᠬᠠᠷᠢᠭᠤᠴᠠᠯᠭ᠎ᠠ᠄
    (ᠨᠢᠭᠡ  ) ᠥᠪᠡᠷᠲᠡᠭᠡᠨ ᠵᠠᠰᠠᠬᠤ ᠣᠷᠣᠨ᠎ᠤ ᠰᠢᠨᠵᠢᠯᠡᠬᠦ ᠤᠬᠠᠭ᠋ᠠᠨ ᠮᠡᠷᠭᠡᠵᠢᠯ᠎ᠤᠨ ᠰᠢᠨ᠎ᠡ ᠵᠢ ᠡᠭᠦᠳᠬᠦ᠎ᠪᠠᠷ ᠬᠥᠳᠡᠯᠭᠡᠭᠦᠷ ᠪᠣᠯᠭ᠋ᠠᠭᠰᠠᠨ ᠬᠥᠭᠵᠢᠯᠲᠡ ᠵᠢᠨ ᠪᠠᠢ᠌ᠯᠳᠤᠬᠤ ᠪᠣᠳᠣᠯᠭ᠎ᠠ ᠵᠢᠴᠢ ᠰᠢᠨᠵᠢᠯᠡᠬᠦ ᠤᠬᠠᠭ᠋ᠠᠨ ᠮᠡᠷᠭᠡᠵᠢᠯ᠎ᠤᠨ ᠬᠥᠭᠵᠢᠯᠲᠡ᠂ ᠭᠠᠳᠠᠭ᠋ᠠᠳᠤ ᠵᠢᠨ ᠣᠶᠤᠨ ᠴᠢᠳᠠᠪᠤᠷᠢ ᠵᠢ ᠣᠷᠣᠭᠤᠯᠤᠨ ᠠᠪᠴᠢᠷᠠᠬᠤ ᠲᠥᠯᠥᠪᠵᠢᠭᠦᠯᠭᠡ ᠪᠠ ᠲᠥᠷᠥ ᠵᠢᠨ ᠪᠣᠳᠣᠯᠭ᠎ᠠ ᠵᠢ ᠲᠦᠷᠦᠭᠦᠯᠡᠨ ᠲᠤᠭᠤᠷᠪᠢᠬᠤ ᠵᠢᠨ ᠬᠠᠮᠲᠤ ᠵᠣᠬᠢᠶᠠᠨ ᠪᠠᠢ᠌ᠭᠤᠯᠤᠨ ᠬᠡᠷᠡᠭᠵᠢᠭᠦᠯᠦᠨ᠎ᠡ  ᠃
   (ᠬᠣᠶᠠᠷ) ᠥᠪᠡᠷᠲᠡᠭᠡᠨ ᠵᠠᠰᠠᠬᠤ ᠣᠷᠣᠨ᠎ᠤ ᠰᠢᠨᠵᠢᠯᠡᠬᠦ ᠤᠬᠠᠭ᠋ᠠᠨ ᠮᠡᠷᠭᠡᠵᠢᠯ᠎ᠤᠨ ᠴᠢᠳᠠᠪᠤᠷᠢᠲᠠᠨ᠎ᠤ ᠡᠩᠨᠡᠭᠡ ᠵᠢᠨ ᠪᠠᠢ᠌ᠭᠤᠯᠤᠯᠲᠠ ᠵᠢᠨ ᠲᠥᠯᠥᠪᠵᠢᠭᠦᠯᠪᠡ ᠪᠠ ᠲᠥᠷᠥ ᠵᠢᠨ ᠪᠣᠳᠣᠯᠭ᠎ᠠ ᠵᠢ ᠵᠣᠬᠢᠶᠠᠨ ᠪᠠᠢ᠌ᠭᠤᠯᠤᠨ ᠲᠤᠭᠤᠷᠪᠢᠬᠤ ᠵᠢᠨ ᠬᠠᠮᠲᠤ ᠬᠢᠨᠠᠯᠲᠠ ᠲᠠᠯᠪᠢᠨ ᠬᠡᠷᠡᠭᠵᠢᠭᠦᠯᠵᠦ᠂ ᠰᠢᠨᠵᠢᠯᠡᠬᠦ ᠤᠬᠠᠭ᠋ᠠᠨ ᠮᠡᠷᠭᠡᠵᠢᠯ᠎ᠤᠨ ᠴᠢᠳᠠᠪᠤᠷᠢᠲᠠᠨ᠎ᠢ ᠦᠨᠡᠯᠡᠬᠦ ᠪᠠ ᠤᠷᠮᠠᠰᠢᠭᠤᠯᠬᠤ ᠲᠣᠭᠲᠠᠴᠠ ᠵᠢ ᠪᠠᠢ᠌ᠭᠤᠯᠤᠨ ᠪᠦᠷᠢᠨᠰᠢᠭᠦᠯᠵᠦ᠂ ᠰᠢᠨᠵᠢᠯᠡᠬᠦ ᠤᠬᠠᠭ᠋ᠠᠨ ᠮᠡᠷᠭᠡᠵᠢᠯ᠎ᠤᠨ ᠴᠢᠳᠠᠪᠤᠷᠢᠲᠠᠨ᠎ᠤ ᠲᠥᠯᠥᠪᠯᠡᠭᠡ ᠵᠢ ᠵᠣᠬᠢᠶᠠᠨ ᠪᠠᠢ᠌ᠭᠤᠯᠤᠨ ᠬᠡᠷᠡᠭᠵᠢᠭᠦᠯᠵᠦ᠂ ᠰᠢᠨᠵᠢᠯᠡᠬᠦ ᠤᠬᠠᠭ᠋ᠠᠨ ᠮᠡᠷᠭᠡᠵᠢᠯ᠎ᠤᠨ ᠰᠢᠨ᠎ᠡ ᠵᠢ ᠡᠭᠦᠳᠴᠦ ᠠᠳᠠᠯ ᠦᠢᠯᠡᠰ ᠴᠣᠭᠴᠠᠯᠠᠬᠤ ᠴᠢᠳᠠᠪᠤᠷᠢᠲᠠᠨ᠎ᠤ ᠡᠩᠨᠡᠭᠡ ᠵᠢᠨ ᠪᠠᠢ᠌ᠭᠤᠯᠤᠯᠲᠠ ᠵᠢ ᠠᠬᠢᠭᠤᠯᠤᠨ᠎ᠠ  ᠃
   (ᠭᠤᠷᠪᠠ) ᠥᠪᠡᠷᠲᠡᠭᠡᠨ ᠵᠠᠰᠠᠬᠤ ᠣᠷᠣᠨ᠎ᠤ ᠰᠢᠨ᠎ᠡ ᠵᠢ ᠡᠭᠦᠳᠬᠦ ᠰᠢᠰᠲ᠋ᠧᠮᠵᠢ ᠵᠢᠨ ᠪᠠᠢ᠌ᠭᠤᠯᠤᠯᠲᠠ ᠪᠠ ᠰᠢᠨᠵᠢᠯᠡᠬᠦ ᠤᠬᠠᠭ᠋ᠠᠨ ᠮᠡᠷᠭᠡᠵᠢᠯ᠎ᠤᠨ ᠪᠠᠢ᠌ᠭᠤᠯᠤᠯ᠎ᠤᠨ ᠥᠭᠡᠷᠡᠴᠢᠯᠡᠯᠲᠡ ᠵᠢ ᠨᠢᠭᠡᠳᠦᠯᠲᠡᠶ ᠲᠥᠯᠥᠪᠯᠡᠨ ᠠᠬᠢᠭᠤᠯᠵᠤ᠂ ᠬᠣᠯᠪᠣᠭᠳᠠᠯ ᠪᠦᠬᠦᠢ ᠰᠠᠯᠠᠭ᠎ᠠ ᠮᠥᠴᠢᠷ᠎ᠲᠠᠢ ᠬᠠᠮᠲᠤᠷᠠᠨ ᠮᠡᠷᠭᠡᠵᠢᠯ᠎ᠤᠨ ᠰᠢᠨ᠎ᠡ ᠵᠢ ᠡᠭᠦᠳᠬᠦ ᠵᠢ ᠤᠷᠮᠠᠰᠢᠭᠤᠯᠬᠤ ᠲᠣᠭᠲᠠᠴᠠ ᠵᠢ ᠪᠦᠷᠢᠨᠰᠢᠭᠦᠯᠦᠨ᠎ᠡ  ᠃ ᠰᠢᠨᠵᠢᠯᠡᠬᠦ ᠤᠬᠠᠭ᠋ᠠᠨ᠎ᠤ ᠰᠤᠳᠤᠯᠤᠯ᠎ᠤᠨ ᠰᠢᠰᠲ᠋ᠧᠮᠵᠢ ᠵᠢᠨ ᠪᠠᠢ᠌ᠭᠤᠯᠤᠯᠲᠠ ᠵᠢ ᠰᠢᠯᠢᠳᠡᠭᠵᠢᠭᠦᠯᠦᠨ᠂ ᠰᠢᠨᠵᠢᠯᠡᠬᠦ ᠤᠬᠠᠭ᠋ᠠᠨ᠎ᠤ ᠰᠤᠳᠤᠯᠤᠯ᠎ᠤᠨ ᠪᠠᠢ᠌ᠭᠤᠯᠤᠮᠵᠢ ᠪᠣᠯᠤᠨ ᠠᠵᠤ ᠠᠬᠤᠢ᠌ᠯᠠᠯ᠎ᠤᠨ ᠰᠢᠨᠵᠢᠯᠡᠬᠦ ᠤᠬᠠᠭ᠋ᠠᠨ ᠮᠡᠷᠭᠡᠵᠢᠯ᠎ᠤᠨ ᠰᠢᠨ᠎ᠡ ᠵᠢ ᠡᠭᠦᠳᠬᠦ ᠴᠢᠳᠠᠪᠤᠷᠢ ᠵᠢᠨ ᠪᠠᠢ᠌ᠭᠤᠯᠤᠯᠲᠠ ᠵᠢ ᠲᠦᠯᠬᠢᠨ ᠠᠬᠢᠭᠤᠯᠤᠨ᠎ᠠ  ᠃ ᠰᠢᠨᠵᠢᠯᠡᠬᠦ ᠤᠬᠠᠭ᠋ᠠᠨ ᠮᠡᠷᠭᠡᠵᠢᠯ᠎ᠤᠨ ᠴᠡᠷᠢᠭ ᠠᠷᠠᠳ᠎ᠤᠨ ᠬᠡᠷᠡᠭᠯᠡᠭᠡ ᠵᠢ ᠠᠭᠤᠰᠤᠯᠴᠠᠭᠤᠯᠤᠨ ᠬᠥᠭᠵᠢᠭᠦᠯᠬᠦ ᠵᠢ ᠠᠬᠢᠭᠤᠯᠬᠤ ᠬᠠᠮᠢᠶ᠎ᠠ ᠪᠦᠬᠦᠢ ᠠᠵᠢᠯ᠎ᠢ ᠡᠭᠦᠷᠭᠡᠯᠡᠨ᠎ᠡ  ᠃
   (ᠳᠥᠷᠪᠡ) ᠥᠪᠡᠷᠲᠡᠭᠡᠨ ᠵᠠᠰᠠᠬᠤ ᠣᠷᠣᠨ᠎ᠤ ᠰᠢᠨᠵᠢᠯᠡᠬᠦ ᠤᠬᠠᠭ᠋ᠠᠨ ᠮᠡᠷᠭᠡᠵᠢᠯ᠎ᠤᠨ ᠲᠥᠯᠥᠪᠯᠡᠭᠡ ᠵᠢ ᠨᠠᠢ᠌ᠷᠠᠭᠤᠯᠤᠨ ᠵᠣᠬᠢᠶᠠᠬᠤ ᠵᠢᠨ ᠬᠠᠮᠲᠤ ᠬᠢᠨᠠᠯᠲᠠ ᠲᠠᠯᠪᠢᠨ ᠬᠡᠷᠡᠭᠵᠢᠭᠦᠯᠵᠦ᠂ ᠵᠠᠩᠭᠢᠯᠠᠭ᠎ᠠ ᠵᠢᠨ ᠨᠡᠢ᠌ᠲᠡᠯᠢᠭ ᠴᠢᠨᠠᠷᠲᠠᠶ ᠮᠡᠷᠭᠡᠵᠢᠯ᠎ᠤᠨ ᠰᠤᠳᠤᠯᠤᠨ ᠨᠡᠭᠡᠭᠡᠬᠦ ᠪᠠ ᠰᠢᠨ᠎ᠡ ᠵᠢ ᠡᠭᠦᠳᠬᠦ ᠵᠢ ᠨᠢᠭᠡᠳᠦᠯᠲᠡᠶ ᠲᠥᠯᠥᠪᠯᠡᠨ᠂ ᠴᠢᠬᠤᠯᠠ ᠶᠡᠬᠡ ᠮᠡᠷᠭᠡᠵᠢᠯ᠎ᠤᠨ ᠪᠣᠭᠣᠮᠲᠠ ᠰᠢᠪᠲᠤᠯᠬᠤ ᠪᠠ ᠦᠷ᠎ᠡ ᠪᠦᠲᠦᠭᠡᠯ᠎ᠤᠨ ᠬᠡᠷᠡᠭᠯᠡᠭᠡᠨ᠎ᠤ ᠵᠢᠱ᠌ᠢᠶ᠎ᠡ ᠦᠵᠡᠭᠦᠯᠬᠦ ᠵᠢ ᠲᠦᠷᠦᠭᠦᠯᠡᠨ ᠵᠣᠬᠢᠶᠠᠨ ᠪᠠᠢ᠌ᠭᠤᠯᠤᠨ᠎ᠠ  ᠃
    (ᠲᠠᠪᠤ) ᠪᠦᠬᠦ ᠣᠷᠣᠨ᠎ᠤ ᠰᠢᠨᠵᠢᠯᠡᠬᠦ ᠤᠬᠠᠭ᠋ᠠᠨ ᠮᠡᠷᠭᠡᠵᠢᠯ᠎ᠤᠨ ᠬᠠᠮᠢᠶᠠᠷᠤᠯᠲᠠ ᠵᠢᠨ ᠨᠢᠭᠡᠳᠦᠯᠲᠡᠶ ᠲᠠᠪᠴᠠᠩ ᠪᠣᠯᠤᠨ ᠰᠢᠨᠵᠢᠯᠡᠬᠦ ᠤᠬᠠᠭ᠋ᠠᠨ᠎ᠤ ᠰᠤᠳᠤᠯᠤᠯ᠎ᠤᠨ ᠲᠥᠷᠥᠯ ᠵᠦᠢ᠍ᠯ᠎ᠤᠨ ᠪᠡᠯᠡ ᠮᠥᠩᠭᠥ ᠵᠢ ᠵᠣᠬᠢᠴᠠᠭᠤᠯᠬᠤ᠂ ᠦᠨᠡᠯᠡᠨ ᠵᠢᠱ᠌ᠢᠬᠦ᠂ ᠬᠢᠨᠠᠨ ᠬᠠᠮᠢᠶᠠᠷᠬᠤ ᠲᠣᠭᠲᠠᠴᠠ ᠵᠢ ᠲᠦᠷᠦᠭᠦᠯᠡᠨ ᠪᠠᠢ᠌ᠭᠤᠯᠤᠨ᠎ᠠ  ᠃ ᠬᠣᠯᠪᠣᠭᠳᠠᠯ ᠪᠦᠬᠦᠢ ᠰᠠᠯᠠᠭ᠎ᠠ ᠮᠥᠴᠢᠷ᠎ᠲᠠᠢ ᠬᠠᠮᠲᠤᠷᠠᠨ ᠰᠢᠨᠵᠢᠯᠡᠬᠦ ᠤᠬᠠᠭ᠋ᠠᠨ ᠮᠡᠷᠭᠡᠵᠢᠯ᠎ᠤᠨ ᠡᠬᠢ ᠪᠠᠶᠠᠯᠢᠭ᠎ᠢ ᠰᠢᠯᠢᠳᠡᠭᠵᠢᠭᠦᠯᠦᠨ ᠲᠣᠬᠢᠷᠠᠭᠤᠯᠬᠤ ᠲᠥᠷᠥ ᠵᠢᠨ ᠪᠣᠳᠣᠯᠭ᠎ᠠ ᠵᠢᠨ ᠰᠠᠨᠠᠭᠤᠯᠭ᠎ᠠ ᠵᠢ ᠳᠤᠷᠠᠳᠴᠤ᠂ ᠰᠢᠨᠵᠢᠯᠡᠬᠦ ᠤᠬᠠᠭ᠋ᠠᠨ ᠮᠡᠷᠭᠡᠵᠢᠯ᠎ᠤᠨ ᠣᠯᠠᠨ ᠡᠰᠢᠵᠢᠭᠰᠡᠨ ᠣᠷᠣᠭᠤᠯᠤᠯᠲᠠ ᠵᠢᠨ ᠰᠢᠰᠲ᠋ᠧᠮᠵᠢ ᠵᠢᠨ ᠪᠠᠢ᠌ᠭᠤᠯᠤᠯᠲᠠ ᠵᠢ ᠲᠦᠯᠬᠢᠨ ᠠᠬᠢᠭᠤᠯᠵᠤ᠂ ᠥᠪᠡᠷᠲᠡᠭᠡᠨ ᠵᠠᠰᠠᠬᠤ ᠣᠷᠣᠨ᠎ᠤ ᠡᠳ᠋᠎ᠤᠨ ᠵᠠᠰᠠᠭ᠎ᠤᠨ ᠰᠢᠨᠵᠢᠯᠡᠬᠦ ᠤᠬᠠᠭ᠋ᠠᠨ ᠮᠡᠷᠭᠡᠵᠢᠯ᠎ᠤᠨ ᠲᠥᠯᠥᠪᠯᠡᠭᠡ (ᠲᠤᠰᠬᠠᠶ ᠵᠦᠢᠯ᠂ ᠰᠠᠭᠤᠷᠢ ᠮᠥᠩᠭᠥ ᠵᠡᠷᠭᠡ) ᠵᠢ ᠵᠣᠬᠢᠴᠠᠭᠤᠯᠤᠨ ᠬᠠᠮᠢᠶᠠᠷᠬᠤ ᠵᠢᠨ ᠬᠠᠮᠲᠤ ᠬᠢᠨᠠᠯᠲᠠ ᠲᠠᠯᠪᠢᠨ ᠬᠡᠷᠡᠭᠵᠢᠭᠦᠯᠦᠨ᠎ᠡ  ᠃
   (ᠵᠢᠷᠭᠤᠭ᠎ᠠ) ᠥᠪᠡᠷᠲᠡᠭᠡᠨ ᠵᠠᠰᠠᠬᠤ ᠣᠷᠣᠨ᠎ᠤ ᠰᠠᠭᠤᠷᠢ ᠰᠤᠳᠤᠯᠤᠯ᠎ᠤᠨ ᠲᠥᠯᠥᠪᠵᠢᠭᠦᠯᠭᠡ᠂ ᠲᠥᠷᠥ ᠵᠢᠨ ᠪᠣᠳᠣᠯᠭ᠎ᠠ ᠪᠠ ᠪᠠᠷᠢᠮᠵᠢᠶ᠎ᠠ ᠵᠢ ᠲᠤᠭᠤᠷᠪᠢᠬᠤ ᠵᠢᠨ ᠬᠠᠮᠲᠤ ᠵᠣᠬᠢᠶᠠᠨ ᠪᠠᠢ᠌ᠭᠤᠯᠤᠨ ᠬᠡᠷᠡᠭᠵᠢᠭᠦᠯᠦᠨ᠎ᠡ  ᠃ ᠥᠪᠡᠷᠲᠡᠭᠡᠨ ᠵᠠᠰᠠᠬᠤ ᠣᠷᠣᠨ᠎ᠤ ᠴᠢᠬᠤᠯᠠ ᠶᠡᠬᠡ ᠰᠠᠭᠤᠷᠢ ᠰᠤᠳᠤᠯᠤᠯ ᠪᠣᠯᠤᠨ ᠬᠡᠷᠡᠭᠯᠡᠭᠡᠨ᠎ᠤ ᠰᠠᠭᠤᠷᠢ ᠰᠤᠳᠤᠯᠤᠯ᠎ᠢ ᠵᠣᠬᠢᠶᠠᠨ ᠪᠠᠢ᠌ᠭᠤᠯᠤᠨ ᠵᠣᠬᠢᠴᠠᠭᠤᠯᠤᠨ᠎ᠠ  ᠃ ᠥᠪᠡᠷᠲᠡᠭᠡᠨ ᠵᠠᠰᠠᠬᠤ ᠣᠷᠣᠨ᠎ᠤ ᠪᠠᠢ᠌ᠭ᠋ᠠᠯᠢ ᠵᠢᠨ ᠰᠢᠨᠵᠢᠯᠡᠬᠦ ᠤᠬᠠᠭ᠋ᠠᠨ᠎ᠤ ᠰᠠᠭᠤᠷᠢ ᠮᠥᠩᠭᠥ ᠵᠢ ᠬᠠᠷᠢᠭᠤᠴᠠᠨ ᠬᠠᠮᠢᠶᠠᠷᠤᠨ᠎ᠠ  ᠃
    (ᠳᠣᠯᠣᠭ᠎ᠠ) ᠥᠪᠡᠷᠲᠡᠭᠡᠨ ᠵᠠᠰᠠᠬᠤ ᠣᠷᠣᠨ᠎ᠤ ᠭᠣᠤᠯᠳᠠᠯᠭ᠎ᠠ᠎ᠲᠠᠢ ᠲᠤᠷᠰᠢᠯᠲᠠ ᠵᠢᠨ ᠲᠠᠰᠤᠭ᠂ ᠢᠨᠵᠧᠨᠧᠷᠢᠩ᠎ᠤᠨ ᠮᠡᠷᠭᠡᠵᠢᠯ᠎ᠤᠨ ᠰᠤᠳᠤᠯᠭ᠋ᠠᠨ᠎ᠤ ᠲᠥᠪ᠎ᠤᠨ ᠪᠥᠲᠥᠭᠡᠨ ᠪᠠᠢ᠌ᠭᠤᠯᠤᠯᠲᠠ ᠵᠢ ᠲᠦᠷᠦᠭᠦᠯᠡᠨ ᠵᠣᠬᠢᠶᠠᠨ ᠪᠠᠢ᠌ᠭᠤᠯᠵᠤ᠂ ᠰᠢᠨᠵᠢᠯᠡᠬᠦ ᠤᠬᠠᠭ᠋ᠠᠨ᠎ᠤ ᠰᠤᠳᠤᠯᠭ᠋ᠠᠨ᠎ᠤ ᠨᠥᠬᠥᠴᠡᠯ᠎ᠤᠨ ᠪᠠᠲᠤᠯᠠᠭ᠎ᠠ ᠵᠢᠨ ᠪᠥᠲᠥᠭᠡᠨ ᠪᠠᠢ᠌ᠭᠤᠯᠤᠯᠲᠠ ᠪᠠ ᠰᠢᠨᠵᠢᠯᠡᠬᠦ ᠤᠬᠠᠭ᠋ᠠᠨ ᠮᠡᠷᠭᠡᠵᠢᠯ᠎ᠤᠨ ᠡᠬᠢ ᠪᠠᠶᠠᠯᠢᠭ᠎ᠢ ᠨᠡᠭᠡᠭᠡᠯᠲᠡ᠎ᠲᠠᠢ ᠪᠠᠢ᠌ᠯᠭ᠋ᠠᠵᠤ ᠬᠠᠮᠲᠤ᠎ᠳᠤ᠎ᠪᠠᠨ ᠭᠥᠷᠳᠡᠬᠦ ᠵᠢ ᠠᠬᠢᠭᠤᠯᠤᠨ᠎ᠠ  ᠃
    (ᠨᠠᠢᠮᠠ) ᠳᠡᠭᠡᠳᠦ ᠰᠢᠨ᠎ᠡ ᠮᠡᠷᠭᠡᠵᠢᠯ᠎ᠤᠨ ᠬᠥᠭᠵᠢᠯᠲᠡ᠂ ᠰᠢᠨᠵᠢᠯᠡᠬᠦ ᠤᠬᠠᠭ᠋ᠠᠨ ᠮᠡᠷᠭᠡᠵᠢᠯ ᠵᠶ᠋ᠡᠷ ᠲᠠᠷᠢᠶᠠᠯᠠᠩ ᠮᠠᠯ ᠠᠵᠤ ᠠᠬᠤᠶ ᠲᠠᠷᠢᠶᠠᠯᠠᠬᠤ ᠮᠠᠯᠵᠢᠬᠤ ᠣᠷᠣᠨ ᠪᠣᠯᠤᠨ ᠨᠡᠢ᠌ᠭᠡᠮ᠎ᠤᠨ ᠬᠥᠭᠵᠢᠯᠲᠡ ᠵᠢ ᠠᠬᠢᠭᠤᠯᠬᠤ ᠲᠥᠯᠥᠪᠵᠢᠭᠦᠯᠭᠡ᠂ ᠲᠥᠷᠥ ᠵᠢᠨ ᠪᠣᠳᠣᠯᠭ᠎ᠠ ᠪᠣᠯᠤᠨ ᠠᠷᠭ᠎ᠠ ᠬᠡᠮᠵᠢᠶ᠎ᠡ ᠵᠢ ᠵᠣᠬᠢᠶᠠᠨ ᠪᠠᠢ᠌ᠭᠤᠯᠤᠨ ᠲᠣᠭᠲᠠᠭ᠋ᠠᠨ᠎ᠠ  ᠃ ᠥᠪᠡᠷᠲᠡᠭᠡᠨ ᠵᠠᠰᠠᠬᠤ ᠣᠷᠣᠨ᠎ᠤ ᠭᠣᠤᠯᠳᠠᠯᠭ᠎ᠠ᠎ᠲᠠᠢ ᠬᠦᠷᠢᠶ᠎ᠡ ᠴᠠᠷᠠᠭ᠎ᠠ ᠵᠢᠨ ᠮᠡᠷᠭᠡᠵᠢᠯ᠎ᠤᠨ ᠬᠥᠭᠵᠢᠯᠲᠡ ᠵᠢᠨ ᠪᠠᠷᠠᠭ᠋ᠠᠯᠬᠢᠯᠠᠯ᠎ᠤᠨ ᠴᠢᠨᠠᠷᠲᠠᠶ ᠰᠤᠳᠤᠯᠭ᠋ᠠᠨ᠎ᠢ ᠵᠣᠬᠢᠶᠠᠨ ᠪᠠᠢ᠌ᠭᠤᠯᠤᠨ ᠥᠷᠨᠢᠭᠦᠯᠵᠦ᠂ ᠴᠢᠬᠤᠯᠠ ᠶᠡᠬᠡ ᠡᠭᠦᠷᠭᠡ ᠵᠢ ᠳᠤᠷᠠᠳᠬᠤ ᠵᠢᠨ ᠬᠠᠮᠲᠤ ᠬᠢᠨᠠᠯᠲᠠ ᠲᠠᠯᠪᠢᠵᠤ ᠬᠡᠷᠡᠭᠵᠢᠭᠦᠯᠦᠨ᠎ᠡ  ᠃
    (ᠶᠢᠰᠦ) ᠥᠪᠡᠷᠲᠡᠭᠡᠨ ᠵᠠᠰᠠᠬᠤ ᠣᠷᠣᠨ᠎ᠤ ᠮᠡᠷᠭᠡᠵᠢᠯ᠎ᠢ ᠰᠢᠯᠵᠢᠭᠦᠯᠬᠦ ᠰᠢᠰᠲ᠋ᠧᠮᠵᠢ ᠵᠢᠨ ᠪᠠᠢ᠌ᠭᠤᠯᠤᠯᠲᠠ ᠵᠢ ᠲᠦᠷᠦᠭᠦᠯᠡᠨ᠂ ᠰᠢᠨᠵᠢᠯᠡᠬᠦ ᠤᠬᠠᠭ᠋ᠠᠨ ᠮᠡᠷᠭᠡᠵᠢᠯ᠎ᠤᠨ ᠦᠷ᠎ᠡ ᠪᠦᠲᠦᠭᠡᠯ᠎ᠢ ᠬᠠᠮᠢᠶᠠᠷᠬᠤ᠂ ᠰᠢᠯᠵᠢᠭᠦᠯᠦᠨ ᠤᠯᠠᠷᠢᠭᠤᠯᠬᠤ ᠪᠠ ᠦᠢᠯᠡᠳᠪᠦᠷᠢᠯᠡᠬᠦ ᠵᠢᠭ᠋ᠠᠬᠤ ᠰᠤᠳᠤᠯᠬᠤ ᠵᠢ ᠤᠶᠠᠯᠳᠤᠭᠤᠯᠬᠤ ᠵᠢ ᠠᠬᠢᠭᠤᠯᠬᠤ ᠬᠠᠮᠢᠶ᠎ᠠ ᠪᠥᠬᠥᠶ ᠲᠥᠷᠥ ᠵᠢᠨ ᠪᠣᠳᠣᠯᠭ᠎ᠠ ᠵᠢᠨ ᠠᠷᠭ᠎ᠠ ᠬᠡᠮᠵᠢᠶ᠎ᠡ ᠵᠢ ᠲᠤᠭᠤᠷᠪᠢᠬᠤ ᠵᠢᠨ ᠬᠠᠮᠲᠤ ᠬᠢᠨᠠᠯᠲᠠ ᠲᠠᠯᠪᠢᠵᠤ ᠬᠡᠷᠡᠭᠵᠢᠭᠦᠯᠦᠨ᠎ᠡ  ᠃ ᠰᠢᠨᠵᠢᠯᠡᠬᠦ ᠤᠬᠠᠭ᠋ᠠᠨ ᠮᠡᠷᠭᠡᠵᠢᠯ᠎ᠤᠨ ᠦᠢ᠍ᠯᠡᠴᠢᠯᠡᠭᠡᠨ᠎ᠤ ᠦᠢ᠍ᠯᠡᠰ᠂ ᠮᠡᠷᠭᠡᠵᠢᠯ᠎ᠤᠨ ᠵᠠᠬ᠎ᠠ ᠳᠡᠯᠭᠡᠭᠦᠷ ᠪᠠ ᠰᠢᠨᠵᠢᠯᠡᠬᠦ ᠤᠬᠠᠭ᠋ᠠᠨ ᠮᠡᠷᠭᠡᠵᠢᠯ᠎ᠤᠨ ᠵᠠᠭᠤᠴᠢ ᠵᠣᠬᠢᠶᠠᠨ ᠪᠠᠢ᠌ᠭᠤᠯᠤᠯᠲᠠ ᠵᠢᠨ ᠬᠥᠭᠵᠢᠯᠲᠡ ᠵᠢ ᠵᠢᠯᠣᠭᠣᠳᠤᠨ᠎ᠠ  ᠃ ᠰᠢᠨᠵᠢᠯᠡᠬᠦ ᠤᠬᠠᠭ᠋ᠠᠨ᠎ᠢ ᠲᠦᠭᠡᠮᠡᠯᠵᠢᠭᠦᠯᠬᠦ ᠪᠠ ᠰᠢᠨᠵᠢᠯᠡᠬᠦ ᠤᠬᠠᠭ᠋ᠠᠨ᠎ᠢ ᠤᠯᠠᠮᠵᠢᠯᠠᠨ ᠳᠡᠯᠭᠡᠷᠡᠭᠦᠯᠬᠦ ᠲᠥᠯᠥᠪᠵᠢᠭᠦᠯᠭᠡ᠂ ᠲᠦᠷᠦ ᠵᠢᠨ ᠪᠤᠳᠤᠯᠭ᠎ᠠ ᠵᠢ ᠲᠣᠭᠲᠠᠭ᠋ᠠᠨ᠎ᠠ  ᠃
    (ᠠᠷᠪᠠ) ᠣᠷᠣᠨ ᠪᠦᠰᠡ ᠵᠢᠨ ᠰᠢᠨ᠎ᠡ ᠵᠢ ᠡᠭᠦᠳᠦᠨ ᠬᠥᠭᠵᠢᠭᠦᠯᠬᠦ᠂ ᠰᠢᠨᠵᠢᠯᠡᠬᠦ ᠤᠬᠠᠭ᠋ᠠᠨ ᠮᠡᠷᠭᠡᠵᠢᠯ᠎ᠤᠨ ᠡᠬᠢ ᠪᠠᠶᠠᠯᠢᠭ᠎ᠢ ᠵᠦᠶ ᠵᠣᠬᠢᠰᠲᠠᠶ ᠪᠠᠢ᠌ᠷᠢᠯᠠᠭᠤᠯᠬᠤ ᠪᠠ ᠬᠠᠮᠵᠢᠯᠴᠠᠨ ᠰᠢᠨ᠎ᠡ ᠵᠢ ᠡᠭᠦᠳᠬᠦ ᠴᠢᠳᠠᠪᠤᠷᠢ ᠵᠢᠨ ᠪᠠᠢ᠌ᠭᠤᠯᠤᠯᠲᠠ ᠵᠢ ᠵᠢᠯᠣᠭᠣᠳᠴᠤ᠂ ᠰᠢᠨᠵᠢᠯᠡᠬᠦ ᠤᠬᠠᠭ᠋ᠠᠨ ᠮᠡᠷᠭᠡᠵᠢᠯ᠎ᠤᠨ ᠰᠢᠨ᠎ᠡ ᠵᠢ ᠡᠭᠦᠳᠬᠦ ᠲᠠᠪᠴᠠᠩ᠂ ᠠᠴᠢᠶᠠᠯᠠᠪᠤᠷᠢ ᠵᠢᠴᠢ ᠬᠦᠷᠢᠶᠡᠯᠡᠩ ᠲᠣᠭᠣᠷᠢᠭ᠎ᠤᠨ ᠪᠠᠢ᠌ᠭᠤᠯᠤᠯᠲᠠ ᠵᠢ ᠠᠬᠢᠭᠤᠯᠤᠨ᠎ᠠ  ᠃
    (ᠠᠷᠪᠠᠨ ᠨᠢᠭᠡ) ᠰᠢᠨᠵᠢᠯᠡᠬᠦ ᠤᠬᠠᠭ᠋ᠠᠨ ᠮᠡᠷᠭᠡᠵᠢᠯ᠎ᠳᠤ ᠬᠢᠨᠠᠯᠲᠠ ᠲᠠᠯᠪᠢᠨ ᠦᠨᠡᠯᠡᠬᠦ ᠰᠢᠰᠲ᠋ᠧᠮᠵᠢ ᠵᠢᠨ ᠪᠠᠢ᠌ᠭᠤᠯᠤᠯᠲᠠ ᠪᠠ ᠬᠠᠮᠢᠶ᠎ᠠ ᠪᠦᠬᠦᠢ ᠰᠢᠨᠵᠢᠯᠡᠬᠦ ᠤᠬᠠᠭ᠋ᠠᠨ ᠮᠡᠷᠭᠡᠵᠢᠯ᠎ᠤᠨ ᠦᠨᠡᠯᠡᠨ ᠵᠢᠱ᠌ᠢᠬᠦ ᠬᠠᠮᠢᠶᠠᠷᠤᠯᠲᠠ ᠵᠢ ᠬᠠᠷᠢᠭᠤᠴᠠᠵᠤ᠂ ᠰᠢᠨᠵᠢᠯᠡᠬᠦ ᠤᠬᠠᠭ᠋ᠠᠨ ᠮᠡᠷᠭᠡᠵᠢᠯ᠎ᠤᠨ ᠦᠨᠡᠯᠡᠬᠦ ᠲᠣᠭᠲᠠᠴᠠ ᠵᠢᠨ ᠥᠭᠡᠷᠡᠴᠢᠯᠡᠯᠲᠡ ᠵᠢ ᠵᠢᠯᠣᠭᠣᠳᠴᠤ᠂ ᠰᠢᠨᠵᠢᠯᠡᠬᠦ ᠤᠬᠠᠭ᠋ᠠᠨ᠎ᠤ ᠰᠤᠳᠤᠯᠤᠯ᠎ᠤᠨ ᠦᠨᠡᠨᠴᠢ ᠢᠲᠡᠭᠡᠮᠵᠢ ᠵᠢᠨ ᠪᠠᠢ᠌ᠭᠤᠯᠤᠯᠲᠠ ᠵᠢ ᠨᠢᠭᠡᠳᠦᠯᠲᠡᠶ ᠲᠥᠯᠥᠪᠯᠡᠨ᠎ᠡ  ᠃
    (ᠠᠷᠪᠠᠨ ᠬᠣᠶᠠᠷ) ᠥᠪᠡᠷᠲᠡᠭᠡᠨ ᠵᠠᠰᠠᠬᠤ ᠣᠷᠣᠨ᠎ᠤ ᠰᠢᠨ᠎ᠡ ᠵᠢ ᠡᠭᠦᠳᠦᠭᠰᠡᠨ ᠪᠠᠢ᠌ᠴᠠᠭ᠋ᠠᠯᠲᠠ ᠪᠠ ᠰᠢᠨᠵᠢᠯᠡᠬᠦ ᠤᠬᠠᠭ᠋ᠠᠨ ᠮᠡᠷᠭᠡᠵᠢᠯ᠎ᠤᠨ ᠮᠡᠳᠡᠭᠦᠯᠦᠯᠲᠡ ᠵᠢᠨ ᠳᠦᠷᠢᠮ᠎ᠢ ᠵᠣᠬᠢᠶᠠᠨ ᠪᠠᠢ᠌ᠭᠤᠯᠤᠨ ᠬᠡᠷᠡᠭᠵᠢᠭᠦᠯᠵᠦ᠂ ᠪᠦᠬᠦ ᠣᠷᠣᠨ᠎ᠤ ᠰᠢᠨᠵᠢᠯᠡᠬᠦ ᠤᠬᠠᠭ᠋ᠠᠨ ᠮᠡᠷᠭᠡᠵᠢᠯ᠎ᠤᠨ ᠨᠢᠭᠤᠴᠠ ᠵᠢ ᠬᠠᠮᠠᠭ᠋ᠠᠯᠠᠬᠤ ᠠᠵᠢᠯ᠎ᠢ ᠵᠣᠬᠢᠶᠠᠨ ᠪᠠᠢ᠌ᠭᠤᠯᠤᠨ ᠥᠷᠨᠢᠭᠦᠯᠦᠨ᠎ᠡ  ᠃
    (ᠠᠷᠪᠠᠨ ᠭᠤᠷᠪᠠ) ᠥᠪᠡᠷᠲᠡᠭᠡᠨ ᠵᠠᠰᠠᠬᠤ ᠣᠷᠣᠨ᠎ᠤ ᠭᠠᠳᠠᠭ᠋ᠠᠳᠤ᠎ᠯᠤᠭ᠎ᠠ ᠵᠢᠨ ᠰᠢᠨᠵᠢᠯᠡᠬᠦ ᠤᠬᠠᠭ᠋ᠠᠨ ᠮᠡᠷᠭᠡᠵᠢᠯ᠎ᠤᠨ ᠶᠠᠪᠤᠯᠴᠠᠭ᠎ᠠ ᠬᠢᠭᠡᠳ ᠰᠢᠨ᠎ᠡ ᠵᠢ ᠡᠭᠦᠳᠬᠦ ᠴᠢᠳᠠᠪᠤᠷᠢ ᠵᠢᠨ ᠨᠡᠭᠡᠭᠡᠯᠲᠡ ᠬᠢᠵᠦ ᠬᠣᠷᠰᠢᠯᠴᠠᠬᠤ ᠲᠥᠯᠥᠪᠵᠢᠭᠦᠯᠭᠡ᠂ ᠲᠥᠷᠥ ᠵᠢᠨ ᠪᠣᠳᠣᠯᠭ᠎ᠠ ᠪᠣᠯᠤᠨ ᠠᠷᠭ᠎ᠠ ᠬᠡᠮᠵᠢᠶ᠎ᠡ ᠵᠢ ᠬᠠᠷᠢᠭᠤᠴᠠᠨ ᠲᠤᠭᠤᠷᠪᠢᠵᠤ᠂ ᠤᠯᠤᠰ᠎ᠤᠨ ᠳᠣᠲᠣᠭ᠋ᠠᠳᠤ ᠭᠠᠳᠠᠭ᠋ᠠᠳᠤ ᠵᠢᠨ ᠰᠢᠨᠵᠢᠯᠡᠬᠦ ᠤᠬᠠᠭ᠋ᠠᠨ ᠮᠡᠷᠭᠡᠵᠢᠯ᠎ᠤᠨ ᠬᠣᠷᠰᠢᠯᠴᠠᠭ᠎ᠠ ᠬᠢᠭᠡᠳ ᠰᠣᠯᠢᠯᠴᠠᠭ᠋ᠠᠨ᠎ᠤ ᠠᠵᠢᠯ᠎ᠢ ᠵᠣᠬᠢᠶᠠᠨ ᠪᠠᠢ᠌ᠭᠤᠯᠤᠨ ᠥᠷᠨᠢᠭᠦᠯᠦᠨ᠎ᠡ  ᠃ ᠠᠢ᠌ᠮᠠᠭ ᠬᠣᠲᠠ ᠪᠣᠯᠤᠨ ᠬᠣᠯᠪᠣᠭᠳᠠᠯ ᠪᠦᠬᠦᠢ ᠰᠠᠯᠠᠭ᠎ᠠ ᠮᠥᠴᠢᠷ᠎ᠤᠨ ᠭᠠᠳᠠᠭ᠋ᠠᠳᠤ᠎ᠯᠤᠭ᠎ᠠ ᠵᠢᠨ ᠰᠢᠨᠵᠢᠯᠡᠬᠦ ᠤᠬᠠᠭ᠋ᠠᠨ ᠮᠡᠷᠭᠡᠵᠢᠯ᠎ᠤᠨ ᠬᠣᠷᠰᠢᠯᠴᠠᠭ᠎ᠠ ᠬᠢᠭᠡᠳ ᠰᠣᠯᠢᠯᠴᠠᠭ᠎ᠠ ᠵᠢᠨ ᠠᠵᠢᠯ᠎ᠢ ᠵᠢᠯᠣᠭᠣᠳᠤᠨ᠎ᠠ  ᠃
    (ᠠᠷᠪᠠᠨ ᠲᠦᠷᠪᠡ) ᠭᠠᠳᠠᠭ᠋ᠠᠳᠤ ᠵᠢᠨ ᠤᠶᠤᠨ ᠮᠡᠳᠡᠯᠭᠡ ᠵᠢ ᠣᠷᠣᠭᠤᠯᠬᠤ ᠠᠵᠢᠯ᠎ᠢ ᠬᠠᠷᠢᠭᠤᠴᠠᠨ᠎ᠠ  ᠃ ᠥᠪᠡᠷᠲᠡᠭᠡᠨ ᠵᠠᠰᠠᠬᠤ ᠣᠷᠣᠨ᠎ᠤ ᠭᠠᠳᠠᠭ᠋ᠠᠳᠤ ᠵᠢᠨ ᠲᠤᠰᠬᠠᠶ ᠮᠡᠷᠭᠡᠵᠢᠯᠲᠡᠨ᠎ᠢ ᠣᠷᠣᠭᠤᠯᠤᠨ ᠠᠪᠴᠢᠷᠠᠬᠤ ᠶᠡᠷᠦᠩᠬᠡᠶ ᠲᠥᠯᠥᠪᠵᠢᠭᠦᠯᠭᠡ᠂ ᠲᠥᠯᠥᠪᠯᠡᠭᠡ ᠵᠢ ᠲᠤᠭᠤᠷᠪᠢᠬᠤ ᠵᠢᠨ ᠬᠠᠮᠲᠤ ᠵᠣᠬᠢᠶᠠᠨ ᠪᠠᠢ᠌ᠭᠤᠯᠤᠨ ᠬᠡᠷᠡᠭᠵᠢᠭᠦᠯᠵᠦ᠂ ᠭᠠᠳᠠᠭ᠋ᠠᠳᠤ ᠵᠢᠨ ᠲᠤᠰᠬᠠᠶ ᠮᠡᠷᠭᠡᠵᠢᠯᠲᠡᠨ᠂ ᠪᠦᠯᠬᠦᠮ ᠨᠡᠢ᠌ᠲᠡ ᠵᠢᠨ ᠣᠷᠣᠭᠤᠯᠤᠨ ᠠᠪᠴᠢᠷᠠᠵᠤ ᠬᠤᠷᠠᠭᠤᠯᠬᠤ ᠲᠣᠭᠲᠠᠴᠠ ᠪᠠ ᠭᠣᠤᠯᠳᠠᠯᠭ᠎ᠠ᠎ᠲᠠᠢ ᠭᠠᠳᠠᠭ᠋ᠠᠳᠤ ᠵᠢᠨ ᠲᠤᠰᠬᠠᠶ ᠮᠡᠷᠭᠡᠵᠢᠯᠲᠡᠨ᠎ᠲᠠᠢ ᠬᠠᠷᠢᠯᠴᠠᠬᠤ ᠦᠢᠯᠡᠴᠢᠯᠡᠭᠡᠨ᠎ᠤ ᠲᠣᠭᠲᠠᠴᠠ ᠪᠠᠢ᠌ᠭᠤᠯᠬᠤ ᠵᠢ ᠠᠬᠢᠭᠤᠯᠤᠨ᠎ᠠ  ᠃ ᠥᠪᠡᠷᠲᠡᠭᠡᠨ ᠵᠠᠰᠠᠬᠤ ᠣᠷᠣᠨ᠎ᠤ ᠭᠠᠳᠠᠭ᠋ᠠᠳᠤ (ᠬᠢᠯᠢ)᠎ᠠᠴᠠ ᠭᠠᠷᠬᠤ ᠪᠣᠯᠪᠠᠰᠤᠷᠠᠭᠤᠯᠤᠯ᠎ᠤᠨ ᠲᠥᠯᠥᠪᠵᠢᠭᠦᠯᠭᠡ᠂ ᠲᠥᠷᠥ ᠵᠢᠨ ᠪᠣᠳᠣᠯᠭ᠎ᠠ ᠪᠣᠯᠤᠨ ᠣᠨ᠎ᠤ ᠲᠥᠯᠥᠪᠯᠡᠭᠡ ᠵᠢ ᠲᠤᠭᠤᠷᠪᠢᠬᠤ ᠵᠢᠨ ᠬᠠᠮᠲᠤ ᠬᠢᠨᠠᠯᠲᠠ ᠲᠠᠯᠪᠢᠨ ᠬᠡᠷᠡᠭᠵᠢᠭᠦᠯᠦᠨ᠎ᠡ  ᠃
    (ᠠᠷᠪᠠᠨ ᠲᠠᠪᠤ) ᠥᠪᠡᠷᠲᠡᠭᠡᠨ ᠵᠠᠰᠠᠬᠤ ᠣᠷᠣᠨ᠎ᠤ ᠰᠢᠨᠵᠢᠯᠡᠬᠦ ᠤᠬᠠᠭ᠋ᠠᠨ ᠮᠡᠷᠭᠡᠵᠢᠯ᠎ᠤᠨ ᠱᠠᠩᠨᠠᠯ ᠵᠡᠷᠭᠡ ᠱᠠᠩᠨᠠᠯ᠎ᠤᠨ ᠵᠦᠢᠯ᠎ᠢ ᠬᠢᠨᠠᠨ ᠲᠣᠭᠲᠠᠭ᠋ᠠᠵᠤ ᠵᠣᠬᠢᠶᠠᠨ ᠪᠠᠢ᠌ᠭᠤᠯᠬᠤ ᠠᠵᠢᠯ᠎ᠢ ᠬᠠᠷᠢᠭᠤᠴᠠᠨ᠎ᠠ  ᠃
    (ᠠᠷᠪᠠᠨ ᠵᠢᠷᠭᠤᠭ᠎ᠠ) ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ᠂ ᠵᠠᠰᠠᠭ᠎ᠤᠨ ᠣᠷᠳᠣᠨ᠎ᠤ ᠲᠤᠰᠢᠶᠠᠭᠰᠠᠨ ᠪᠤᠰᠤᠳ ᠡᠭᠦᠷᠭᠡ ᠵᠢ ᠪᠡᠶᠡᠯᠡᠭᠦᠯᠦᠨ᠎ᠡ  ᠃
   (ᠠᠷᠪᠠᠨ ᠳᠣᠯᠣᠭ᠎ᠠ) ᠡᠭᠦᠷᠭᠡ ᠴᠢᠳᠠᠪᠤᠷᠢ ᠵᠢ ᠬᠤᠪᠢᠷᠠᠭᠤᠯᠬᠤ  ᠃ ᠰᠢᠨᠵᠢᠯᠡᠬᠦ ᠤᠬᠠᠭ᠋ᠠᠨ ᠰᠤᠷᠭ᠋ᠠᠨ ᠬᠥᠮᠦᠵᠢᠯ ᠵᠶ᠋ᠡᠷ ᠣᠷᠣᠨ ᠵᠶ᠋ᠠᠨ ᠮᠠᠨᠳᠤᠭᠤᠯᠬᠤ᠂ ᠴᠢᠳᠠᠪᠤᠷᠢᠲᠠᠨ ᠵᠶ᠋ᠠᠷ ᠣᠷᠣᠨ ᠵᠶ᠋ᠠᠨ ᠬᠦᠴᠦᠷᠬᠡᠭᠵᠢᠭᠦᠯᠬᠦ᠂ ᠰᠢᠨ᠎ᠡ ᠵᠢ ᠡᠭᠦᠳᠬᠦ᠎ᠪᠠᠷ ᠬᠥᠳᠡᠯᠭᠡᠭᠦᠷ ᠪᠣᠯᠭ᠋ᠠᠭᠰᠠᠨ ᠬᠥᠭᠵᠢᠯᠲᠡ ᠵᠢᠨ ᠪᠠᠢ᠌ᠯᠳᠤᠬᠤ ᠪᠣᠳᠣᠯᠭ᠎ᠠ ᠵᠢ ᠲᠤᠤᠱᠯᠠᠭᠤᠯᠤᠨ ᠬᠡᠷᠡᠭᠵᠢᠭᠦᠯᠬᠦ ᠵᠢᠨ ᠲᠣᠭᠣᠷᠢᠨ᠎ᠳᠤ᠂ ᠵᠠᠰᠠᠭ᠎ᠤᠨ ᠣᠷᠳᠣᠨ᠎ᠤ ᠰᠢᠨᠵᠢᠯᠡᠬᠦ ᠤᠬᠠᠭ᠋ᠠᠨ ᠮᠡᠷᠭᠡᠵᠢᠯ᠎ᠤᠨ ᠬᠠᠮᠢᠶᠠᠷᠤᠯᠲᠠ ᠪᠣᠯᠤᠨ ᠦᠢᠯᠡᠴᠢᠯᠡᠭᠡᠨ᠎ᠤ ᠡᠭᠦᠷᠭᠡ ᠴᠢᠳᠠᠪᠤᠷᠢ ᠵᠢ ᠴᠢᠩᠭ᠋ᠠᠳᠬᠠᠨ ᠰᠢᠯᠢᠳᠡᠭᠵᠢᠭᠦᠯᠵᠦ᠂ ᠰᠢᠨᠵᠢᠯᠡᠬᠦ ᠤᠬᠠᠭ᠋ᠠᠨ ᠮᠡᠷᠭᠡᠵᠢᠯ᠎ᠤᠨ ᠰᠢᠨ᠎ᠡ ᠵᠢ ᠡᠭᠦᠳᠬᠦ ᠳᠦᠷᠢᠮ ᠪᠣᠯᠤᠨ ᠵᠣᠬᠢᠶᠠᠨ ᠪᠠᠢ᠌ᠭᠤᠯᠤᠯᠲᠠ ᠵᠢᠨ ᠰᠢᠰᠲ᠋ᠧᠮᠵᠢ ᠵᠢ ᠲᠡᠭᠦᠯᠳᠡᠷᠵᠢᠭᠦᠯᠦᠨ᠂ ᠬᠣᠷᠸ᠎ᠠ ᠬᠠᠮᠢᠶᠠᠷᠤᠯᠲᠠ ᠪᠣᠯᠤᠨ ᠨᠢᠭᠡᠳᠦᠯᠲᠡᠶ ᠲᠥᠯᠥᠪᠯᠡᠨ ᠵᠣᠬᠢᠴᠠᠭᠤᠯᠬᠤ ᠵᠢ ᠴᠢᠩᠭ᠋ᠠᠳᠬᠠᠵᠤ᠂ ᠪᠢᠴᠢᠯ ᠬᠠᠮᠢᠶᠠᠷᠤᠯᠲᠠ ᠪᠣᠯᠤᠨ ᠪᠣᠳᠠᠲᠠᠶ ᠬᠢᠨᠠᠨ ᠵᠥᠪᠰᠢᠶᠡᠷᠡᠬᠦ ᠵᠦᠢᠯᠡᠰ᠎ᠢ ᠪᠠᠭ᠋ᠠᠰᠬᠠᠨ᠂ ᠠᠵᠢᠯ ᠶᠠᠪᠤᠳᠠᠯ᠎ᠤᠨ ᠳᠤᠮᠳᠠᠬᠢ ᠪᠠ ᠠᠵᠢᠯ ᠶᠠᠪᠤᠳᠠᠯ᠎ᠤᠨ ᠳᠠᠷᠠᠭ᠋ᠠᠬᠢ ᠬᠢᠨᠠᠯᠲᠠ ᠬᠠᠮᠢᠶᠠᠷᠤᠯᠲᠠ ᠪᠣᠯᠤᠨ ᠰᠢᠨᠵᠢᠯᠡᠬᠦ ᠤᠬᠠᠭ᠋ᠠᠨ᠎ᠤ ᠰᠤᠳᠤᠯᠤᠯ᠎ᠤᠨ ᠦᠨᠡᠨᠴᠢ ᠢᠲᠡᠭᠡᠮᠵᠢ ᠵᠢᠨ ᠪᠠᠢ᠌ᠭᠤᠯᠤᠯᠲᠠ ᠵᠢ ᠴᠢᠩᠭ᠋ᠠᠳᠬᠠᠨ᠎ᠠ  ᠃ ᠰᠤᠳᠤᠯᠤᠨ ᠨᠡᠭᠡᠭᠡᠬᠦ ᠬᠠᠮᠢᠶᠠᠷᠤᠯᠲᠠ ᠵᠢ ᠰᠢᠨ᠎ᠡ ᠵᠢ ᠡᠭᠦᠳᠬᠦ ᠦᠢ᠍ᠯᠡᠴᠢᠯᠡᠭᠡ ᠪᠣᠯᠭ᠋ᠠᠨ ᠬᠤᠪᠢᠷᠠᠭᠤᠯᠵᠤ᠂ ᠰᠢᠨᠵᠢᠯᠡᠬᠦ ᠤᠬᠠᠭ᠋ᠠᠨ ᠮᠡᠷᠭᠡᠵᠢᠯ᠎ᠤᠨ ᠲᠥᠯᠥᠪᠯᠡᠭᠡ ᠵᠢᠨ ᠬᠠᠮᠢᠶᠠᠷᠤᠯᠲᠠ ᠵᠢᠨ ᠥᠭᠡᠷᠡᠴᠢᠯᠡᠯᠲᠡ ᠵᠢ ᠭᠦᠨᠵᠡᠭᠡᠢ ᠲᠦᠯᠬᠢᠨ ᠠᠬᠢᠭᠤᠯᠵᠤ᠂ ᠰᠢᠨᠵᠢᠯᠡᠬᠦ ᠤᠬᠠᠭ᠋ᠠᠨ ᠮᠡᠷᠭᠡᠵᠢᠯ᠎ᠤᠨ ᠡᠬᠢ ᠪᠠᠶᠠᠯᠢᠭ᠎ᠤᠨ ᠲᠤᠬᠢᠷᠠᠭᠤᠯᠤᠯᠳᠠ ᠵᠢ ᠰᠢᠯᠢᠳᠡᠭᠵᠢᠭᠦᠯᠦᠨ᠎ᠡ  ᠃ ᠵᠠᠰᠠᠭ᠎ᠤᠨ ᠣᠷᠳᠣᠨ᠎ᠤ ᠰᠠᠯᠠᠭ᠎ᠠ ᠮᠥᠴᠢᠷ᠎ᠨᠢ ᠪᠣᠳᠠᠲᠠᠶ ᠡᠷᠳᠡᠮ ᠰᠢᠨᠵᠢᠯᠡᠭᠡᠨ᠎ᠤ ᠲᠥᠷᠥᠯ ᠵᠦᠢᠯ᠎ᠢ ᠰᠢᠭᠤᠳ ᠬᠠᠮᠢᠶᠠᠷᠬᠤ ᠥᠬᠡᠶ ᠪᠠᠢ᠌ᠬᠤ ᠵᠢ ᠠᠬᠢᠭᠤᠯᠵᠤ᠂ ᠲᠥᠷᠥᠯ ᠵᠦᠢᠯ᠎ᠤᠨ ᠬᠠᠮᠢᠶᠠᠷᠤᠯᠲᠠ ᠵᠢᠨ ᠲᠤᠰᠬᠠᠶ ᠪᠠᠢ᠌ᠭᠤᠯᠤᠮᠵᠢ᠎ᠳᠤ ᠨᠠᠢ᠌ᠳᠠᠵᠤ ᠲᠥᠷᠥᠯ ᠵᠦᠢᠯ᠎ᠢ ᠭᠥᠯᠢᠶᠡᠨ ᠠᠪᠴᠤ ᠰᠢᠢᠳᠪᠦᠷᠢᠯᠡᠬᠦ᠂ ᠬᠢᠨᠠᠨ ᠲᠣᠭᠲᠠᠭ᠋ᠠᠬᠤ᠂ ᠲᠥᠷᠥᠯ ᠵᠦᠢᠯ ᠲᠣᠭᠲᠠᠭ᠋ᠠᠬᠤ᠂ ᠶᠠᠪᠤᠴᠠ ᠵᠢᠨ ᠬᠠᠮᠢᠶᠠᠷᠤᠯᠲᠠ᠂ ᠰᠢᠯᠭ᠋ᠠᠨ ᠬᠤᠷᠢᠶᠠᠬᠤ ᠵᠡᠷᠭᠡ ᠪᠣᠳᠠᠲᠠᠶ ᠠᠵᠢᠯ᠎ᠢ ᠥᠷᠨᠢᠭᠦᠯᠦᠨ᠎ᠡ  ᠃ ᠰᠢᠨᠵᠢᠯᠡᠬᠦ ᠤᠬᠠᠭ᠋ᠠᠨ᠎ᠤ ᠰᠤᠳᠤᠯᠭ᠋ᠠᠨ᠎ᠤ ᠪᠠᠢ᠌ᠭᠤᠯᠤᠮᠵᠢ ᠵᠢ ᠵᠣᠬᠢᠶᠠᠨ ᠪᠠᠢ᠌ᠭᠤᠯᠬᠤ ᠪᠠ ᠲᠣᠬᠢᠷᠠᠭᠤᠯᠤᠯᠲᠠ ᠬᠢᠬᠦ ᠵᠦᠢᠯᠡᠰ᠎ᠢ ᠳᠠᠭᠢᠵᠤ ᠬᠢᠨᠠᠨ ᠬᠠᠷᠭᠤᠭᠤᠯᠬᠤ ᠥᠬᠡᠶ ᠪᠠᠢ᠌ᠵᠤ᠂ ᠲᠥᠯᠥᠪᠵᠢᠭᠦᠯᠭᠡ ᠵᠢᠨ ᠪᠠᠢ᠌ᠷᠢᠰᠢᠭᠤᠯᠤᠯᠲᠠ ᠪᠠ ᠠᠵᠢᠯ᠎ᠤᠨ ᠠᠮᠵᠢᠯᠲᠠ ᠪᠦᠲᠦᠮᠵᠢ ᠵᠢᠨ ᠦᠨᠡᠯᠡᠯᠲᠡ ᠵᠢ ᠭᠣᠤᠯᠴᠢᠯᠠᠨ ᠴᠢᠩᠭ᠋ᠠᠳᠬᠠᠨ᠎ᠠ  ᠃ ᠰᠢᠨᠵᠢᠯᠡᠬᠦ ᠤᠬᠠᠭ᠋ᠠᠨ ᠮᠡᠷᠭᠡᠵᠢᠯ᠎ᠤᠨ ᠴᠢᠳᠠᠪᠤᠷᠢᠲᠠᠨ᠎ᠢ ᠦᠨᠡᠯᠡᠬᠦ ᠲᠣᠭᠲᠠᠴᠠ ᠵᠢ ᠤᠯᠠᠮ ᠨᠢᠭᠡ ᠠᠯᠬᠤᠮ ᠰᠠᠢ᠌ᠵᠢᠷᠠᠭᠤᠯᠵᠤ᠂ ᠣᠷᠣᠨ᠎ᠤ ᠳᠣᠲᠣᠷᠠᠬᠢ ᠰᠢᠨᠵᠢᠯᠡᠬᠦ ᠤᠬᠠᠭ᠋ᠠᠨ ᠮᠡᠷᠭᠡᠵᠢᠯ᠎ᠤᠨ ᠴᠢᠳᠠᠪᠤᠷᠢᠲᠠᠨ᠎ᠤ ᠡᠩᠨᠡᠭᠡ ᠵᠢᠨ ᠪᠠᠢ᠌ᠭᠤᠯᠤᠯᠲᠠ ᠪᠠ ᠣᠷᠣᠨ᠎ᠤ ᠳᠣᠲᠣᠷ᠎ᠠ ᠭᠠᠳᠠᠨᠠᠬᠢ ᠣᠶᠤᠨ ᠴᠢᠳᠠᠪᠤᠷᠢ ᠵᠢ ᠣᠷᠣᠭᠤᠯᠤᠨ ᠠᠪᠴᠢᠷᠠᠬᠤ ᠠᠵᠢᠯ᠎ᠢ ᠨᠢᠭᠡᠳᠦᠯᠲᠡᠶ ᠲᠥᠯᠥᠪᠯᠡᠨ᠎ᠡ  ᠃
     (ᠠᠷᠪᠠᠨ ᠨᠠᠢᠮᠠ) ᠬᠣᠯᠪᠣᠭᠳᠠᠯ ᠪᠦᠬᠦᠢ ᠡᠭᠦᠷᠭᠡ ᠬᠠᠷᠢᠭᠤᠴᠠᠯᠭ᠎ᠠ ᠵᠢᠨ ᠬᠤᠪᠢᠶᠠᠷᠢᠯᠠᠯ  ᠃
    ᠥᠪᠡᠷᠲᠡᠭᠡᠨ ᠵᠠᠰᠠᠬᠤ ᠣᠷᠣᠨ᠎ᠤ ᠬᠥᠮᠦᠨ᠎ᠤ ᠬᠦᠴᠦᠨ᠎ᠤ ᠡᠬᠢ ᠪᠠᠶᠠᠯᠢᠭ ᠨᠡᠢ᠌ᠭᠡᠮ᠎ᠤᠨ ᠪᠠᠲᠤᠯᠠᠭ᠎ᠠ ᠵᠢᠨ ᠲᠢᠩᠬᠢᠮ᠎ᠯᠦᠭᠡ ᠬᠣᠯᠪᠣᠭᠳᠠᠯ ᠪᠦᠬᠦᠢ ᠡᠭᠦᠷᠭᠡ ᠬᠠᠷᠢᠭᠤᠴᠠᠯᠭ᠎ᠠ ᠵᠢᠨ ᠬᠤᠪᠢᠶᠠᠷᠢᠯᠠᠯ  ᠃ ᠭᠠᠳᠠᠭ᠋ᠠᠳᠤ ᠵᠢᠨ ᠬᠥᠮᠦᠨ ᠳᠤᠮᠳᠠᠳᠤ ᠤᠯᠤᠰ᠎ᠲᠤ ᠢᠷᠡᠵᠦ ᠠᠵᠢᠯᠯᠠᠬᠤ ᠵᠥᠪᠰᠢᠶᠡᠷᠡᠯ᠎ᠤᠨ ᠲᠥᠷᠥ ᠵᠢᠨ ᠪᠣᠳᠣᠯᠭ᠎ᠠ ᠵᠢ ᠲᠣᠭᠲᠠᠭ᠋ᠠᠬᠤ ᠲᠠᠯ᠎ᠠ᠎ᠪᠠᠷ᠂ A ᠲᠥᠷᠥᠯ᠎ᠤᠨ ᠬᠥᠮᠦᠰ᠎ᠤᠨ ᠲᠥᠷᠥ ᠵᠢᠨ ᠪᠣᠳᠣᠯᠭ᠎ᠠ ᠵᠢ ᠥᠪᠡᠷᠲᠡᠭᠡᠨ ᠵᠠᠰᠠᠬᠤ ᠣᠷᠣᠨ᠎ᠤ ᠰᠢᠨᠵᠢᠯᠡᠬᠦ ᠤᠬᠠᠭ᠋ᠠᠨ ᠮᠡᠷᠭᠡᠵᠢᠯ᠎ᠤᠨ ᠲᠢᠩᠬᠢᠮ᠎ᠠᠴᠠ ᠥᠪᠡᠷᠲᠡᠭᠡᠨ ᠵᠠᠰᠠᠬᠤ ᠣᠷᠣᠨ᠎ᠤ ᠬᠥᠮᠦᠨ᠎ᠤ ᠬᠦᠴᠦᠨ᠎ᠤ ᠡᠬᠢ ᠪᠠᠶᠠᠯᠢᠭ ᠨᠡᠢ᠌ᠭᠡᠮ᠎ᠤᠨ ᠪᠠᠲᠤᠯᠠᠭ᠎ᠠ ᠵᠢᠨ ᠲᠢᠩᠬᠢᠮ᠎ᠲᠠᠢ ᠬᠠᠮᠲᠤᠷᠠᠨ ᠲᠣᠭᠲᠠᠭ᠋ᠠᠵᠤ᠂ B ᠲᠥᠷᠥᠯ ᠪᠠ C ᠲᠥᠷᠥᠯ᠎ᠤᠨ ᠬᠥᠮᠦᠰ᠎ᠤᠨ ᠲᠥᠷᠥ ᠵᠢᠨ ᠪᠣᠳᠣᠯᠭ᠎ᠠ ᠵᠢ ᠥᠪᠡᠷᠲᠡᠭᠡᠨ ᠵᠠᠰᠠᠬᠤ ᠣᠷᠣᠨ᠎ᠤ ᠬᠥᠮᠦᠨ᠎ᠤ ᠬᠦᠴᠦᠨ᠎ᠤ ᠡᠬᠢ ᠪᠠᠶᠠᠯᠢᠭ ᠨᠡᠢ᠌ᠭᠡᠮ᠎ᠤᠨ ᠪᠠᠲᠤᠯᠠᠭ᠎ᠠ ᠵᠢᠨ ᠲᠢᠩᠬᠢᠮ᠎ᠠᠴᠠ ᠥᠪᠡᠷᠲᠡᠭᠡᠨ ᠵᠠᠰᠠᠬᠤ ᠣᠷᠣᠨ᠎ᠤ ᠰᠢᠨᠵᠢᠯᠡᠬᠦ ᠤᠬᠠᠭ᠋ᠠᠨ ᠮᠡᠷᠭᠡᠵᠢᠯ᠎ᠤᠨ ᠲᠢᠩᠬᠢᠮ᠎ᠲᠠᠢ ᠬᠠᠮᠲᠤᠷᠠᠨ ᠲᠣᠭᠲᠠᠭ᠋ᠠᠨ᠎ᠠ  ᠃ ᠭᠠᠳᠠᠭ᠋ᠠᠳᠤ ᠵᠢᠨ ᠬᠥᠮᠦᠨ᠎ᠤ ᠳᠤᠮᠳᠠᠳᠤ ᠤᠯᠤᠰ᠎ᠲᠤ ᠢᠷᠡᠵᠦ ᠠᠵᠢᠯᠯᠠᠬᠤ ᠵᠥᠪᠰᠢᠶᠡᠷᠡᠯ᠎ᠢ ᠵᠣᠬᠢᠶᠠᠨ ᠪᠠᠢ᠌ᠭᠤᠯᠤᠨ ᠬᠡᠷᠡᠭᠵᠢᠭᠦᠯᠬᠦ ᠲᠠᠯ᠎ᠠ᠎ᠪᠠᠷ᠂ ᠣᠳᠣ ᠵᠢᠨ ᠪᠠᠢ᠌ᠭ᠎ᠠ 《ᠭᠠᠳᠠᠭ᠋ᠠᠳᠤ ᠵᠢᠨ ᠬᠥᠮᠦᠨ᠎ᠤ ᠳᠤᠮᠳᠠᠳᠤ ᠤᠯᠤᠰ᠎ᠲᠤ ᠢᠷᠡᠵᠦ ᠠᠵᠢᠯᠯᠠᠬᠤ ᠬᠠᠮᠢᠶᠠᠷᠤᠯᠲᠠ ᠵᠢᠨ ᠦᠢ᠍ᠯᠡᠴᠢᠯᠡᠭᠡᠨ᠎ᠤ ᠰᠢᠰᠲ᠋ᠧᠮ》᠎ᠢ ᠦᠷᠭᠦᠯᠵᠢᠯᠡᠨ ᠬᠡᠷᠡᠭᠯᠡᠵᠦ᠂ ᠥᠪᠡᠷᠲᠡᠭᠡᠨ ᠵᠠᠰᠠᠬᠤ ᠣᠷᠣᠨ᠎ᠤ ᠰᠢᠨᠵᠢᠯᠡᠬᠦ ᠤᠬᠠᠭ᠋ᠠᠨ ᠮᠡᠷᠭᠡᠵᠢᠯ᠎ᠤᠨ ᠲᠢᠩᠬᠢᠮ᠎ᠠᠴᠠ ᠬᠠᠷᠢᠭᠤᠴᠠᠨ ᠬᠠᠮᠢᠶᠠᠷᠴᠤ ᠬᠠᠮᠠᠭ᠋ᠠᠯᠠᠨ᠎ᠠ; ᠬᠥᠮᠦᠨ᠎ᠤ ᠬᠦᠴᠦᠨ᠎ᠤ ᠡᠬᠢ ᠪᠠᠶᠠᠯᠢᠭ ᠪᠠ ᠨᠡᠢ᠌ᠭᠡᠮ᠎ᠤᠨ ᠪᠠᠲᠤᠯᠠᠭ᠎ᠠ ᠵᠢᠨ ᠶᠠᠮᠤᠨ᠂ ᠭᠠᠳᠠᠭ᠋ᠠᠳᠤ ᠵᠢᠨ ᠲᠤᠰᠬᠠᠶ ᠮᠡᠷᠭᠡᠵᠢᠯᠲᠡᠨ᠎ᠤ ᠲᠣᠪᠴᠢᠶ᠎ᠠ᠎ᠠᠴᠠ ᠬᠠᠮᠲᠤᠷᠠᠨ ᠳᠠᠷᠤᠮᠠᠯᠯᠠᠨ ᠵᠣᠬᠢᠶᠠᠭᠰᠠᠨ 《ᠭᠠᠳᠠᠭ᠋ᠠᠳᠤ ᠵᠢᠨ ᠬᠥᠮᠦᠨ᠎ᠤ ᠠᠵᠢᠯ᠎ᠤᠨ ᠵᠥᠪᠰᠢᠶᠡᠷᠡᠯ᠎ᠤᠨ ᠦᠨᠡᠮᠯᠡᠯ》᠂ A ᠲᠥᠷᠥᠯ ᠪᠠ B ᠲᠥᠷᠥᠯ᠎ᠤᠨ ᠠᠵᠢᠯᠲᠠᠨ᠎ᠤ ᠠᠵᠢᠯ᠎ᠤᠨ ᠵᠥᠪᠰᠢᠶᠡᠷᠡᠯ᠎ᠢ ᠦᠷᠭᠦᠯᠵᠢᠯᠡᠨ ᠬᠡᠷᠡᠭᠯᠡᠬᠦ ᠬᠡᠷᠡᠭᠲᠡᠶ᠂ ᠥᠪᠡᠷᠲᠡᠭᠡᠨ ᠵᠠᠰᠠᠬᠤ ᠣᠷᠣᠨ᠎ᠤ ᠰᠢᠨᠵᠢᠯᠡᠬᠦ ᠤᠬᠠᠭ᠋ᠠᠨ ᠮᠡᠷᠭᠡᠵᠢᠯ᠎ᠤᠨ ᠲᠢᠩᠬᠢᠮ᠎ᠠᠴᠠ ᠥᠪᠡᠷᠲᠡᠭᠡᠨ ᠵᠠᠰᠠᠬᠤ ᠣᠷᠣᠨ᠎ᠤ ᠬᠥᠮᠦᠨ᠎ᠤ ᠬᠦᠴᠦᠨ᠎ᠤ ᠡᠬᠢ ᠪᠠᠶᠠᠯᠢᠭ ᠪᠠ ᠨᠡᠢ᠌ᠭᠡᠮ᠎ᠤᠨ ᠪᠠᠲᠤᠯᠠᠭ᠎ᠠ ᠵᠢᠨ ᠲᠢᠩᠬᠢᠮ᠎ᠲᠠᠢ ᠬᠠᠮᠲᠤᠷᠠᠨ ᠵᠣᠬᠢᠶᠠᠨ ᠪᠠᠢ᠌ᠭᠤᠯᠤᠨ ᠬᠡᠷᠡᠭᠵᠢᠭᠦᠯᠵᠦ᠂ C ᠲᠥᠷᠥᠯ᠎ᠤᠨ ᠠᠵᠢᠯᠲᠠᠨ᠎ᠤ ᠠᠵᠢᠯ᠎ᠤᠨ ᠵᠥᠪᠰᠢᠶᠡᠷᠡᠯ᠎ᠢ ᠥᠪᠡᠷᠲᠡᠭᠡᠨ ᠵᠠᠰᠠᠬᠤ ᠣᠷᠣᠨ᠎ᠤ ᠬᠥᠮᠦᠨ᠎ᠤ ᠬᠦᠴᠦᠨ᠎ᠤ ᠡᠬᠢ ᠪᠠᠶᠠᠯᠢᠭ ᠪᠠ ᠨᠡᠢ᠌ᠭᠡᠮ᠎ᠤᠨ ᠪᠠᠲᠤᠯᠠᠭ᠎ᠠ ᠵᠢᠨ ᠲᠢᠩᠬᠢᠮ᠎ᠠᠴᠠ ᠵᠣᠬᠢᠶᠠᠨ ᠪᠠᠢ᠌ᠭᠤᠯᠤᠨ ᠬᠡᠷᠡᠭᠵᠢᠭᠦᠯᠵᠦ᠂ ᠬᠣᠶᠠᠷ ᠰᠠᠯᠠᠭ᠎ᠠ ᠮᠥᠴᠢᠷ᠎ᠠᠴᠠ ᠠᠵᠢᠯ᠎ᠤᠨ ᠵᠥᠪᠰᠢᠶᠡᠷᠡᠯ ᠣᠯᠭᠣᠬᠤ᠎ᠠᠴᠠ ᠡᠮᠦᠨ᠎ᠡ ᠴᠥᠮ ᠨᠡᠭᠦᠳᠡᠯ ᠠᠷᠠᠳ᠎ᠤᠨ ᠬᠠᠮᠢᠶᠠᠷᠤᠯᠲᠠ ᠵᠢᠨ ᠰᠠᠯᠠᠭ᠎ᠠ ᠮᠥᠴᠢᠷ᠎ᠲᠤ ᠭᠠᠷ᠎ᠤᠨ ᠥᠰᠥᠭ ᠵᠢᠷᠤᠬᠤ ᠬᠡᠷᠡᠭᠲᠡᠶ  ᠃

ᠳᠣᠲᠣᠭ᠋ᠠᠳᠤ ᠪᠠᠢ᠌ᠭᠤᠯᠤᠮᠵᠢ᠄
    (ᠨᠢᠭᠡ) ᠠᠯᠪᠠᠨ ᠭᠡᠷ  ᠃ ᠪᠠᠢ᠌ᠭᠤᠯᠭ᠎ᠠ ᠵᠢᠨ ᠡᠳᠦᠷ ᠲᠤᠲᠤᠮ᠎ᠤᠨ ᠠᠵᠢᠯᠯᠠᠭ᠋ᠠᠨ᠎ᠢ ᠬᠠᠷᠢᠭᠤᠴᠠᠵᠤ᠂ ᠮᠡᠳᠡᠭᠡ ᠵᠠᠩᠭᠢ᠂ ᠠᠮᠤᠷ ᠲᠦᠪᠰᠢᠨ᠂ ᠨᠢᠭᠤᠴᠠ ᠵᠢ ᠬᠠᠮᠠᠭ᠋ᠠᠯᠠᠬᠤ᠂ ᠵᠠᠬᠢᠳᠠᠯ ᠰᠤᠷᠪᠤᠯᠵᠢᠯᠠᠯ᠂ ᠵᠠᠰᠠᠭ᠎ᠤᠨ ᠶᠠᠪᠤᠳᠠᠯ᠎ᠢ ᠢᠯᠡ ᠪᠣᠯᠭ᠋ᠠᠬᠤ᠂ ᠮᠡᠳᠡᠭᠡ ᠵᠠᠩᠭᠢᠵᠢᠯᠲᠠ᠂ ᠰᠣᠨᠢᠨ ᠮᠡᠳᠡᠭᠡᠨ᠎ᠤ ᠤᠬᠠᠭᠤᠯᠭ᠎ᠠ ᠵᠡᠷᠭᠡ ᠠᠵᠢᠯ᠎ᠢ ᠡᠭᠦᠷᠭᠡᠯᠡᠨ᠎ᠡ  ᠃
    (ᠬᠣᠶᠠᠷ) ᠠᠵᠢᠯᠲᠠᠨ᠎ᠤ ᠶᠠᠪᠤᠳᠠᠯ᠎ᠤᠨ ᠭᠠᠵᠠᠷ  ᠃ ᠪᠠᠢ᠌ᠭᠤᠯᠤᠯᠭ᠎ᠠ ᠪᠣᠯᠤᠨ ᠬᠠᠷᠢᠶ᠎ᠠ ᠨᠢᠭᠡᠴᠡ ᠵᠢᠨ ᠺᠠᠳ᠋ᠷ ᠠᠵᠢᠯᠲᠠᠨ᠎ᠤ ᠶᠠᠪᠤᠳᠠᠯ᠂ ᠪᠠᠢ᠌ᠭᠤᠯᠤᠮᠵᠢ ᠵᠢᠨ ᠣᠷᠣᠨ ᠲᠣᠭ᠎ᠠ᠂ ᠬᠥᠳᠡᠯᠮᠦᠷᠢ ᠵᠢᠨ ᠴᠠᠯᠢᠩ ᠪᠣᠯᠤᠨ ᠬᠥᠮᠦᠵᠢᠯ ᠪᠣᠯᠪᠠᠰᠤᠷᠠᠭᠤᠯᠤᠯ᠎ᠤᠨ ᠠᠵᠢᠯ᠎ᠢ ᠡᠭᠦᠷᠭᠡᠯᠡᠨ᠎ᠡ  ᠃ ᠥᠪᠡᠷᠲᠡᠭᠡᠨ ᠵᠠᠰᠠᠬᠤ ᠣᠷᠣᠨ᠎ᠤ ᠰᠢᠨᠵᠢᠯᠡᠬᠦ ᠤᠬᠠᠭ᠋ᠠᠨ ᠮᠡᠷᠭᠡᠵᠢᠯ᠎ᠤᠨ ᠴᠢᠳᠠᠪᠤᠷᠢᠲᠠᠨ᠎ᠤ ᠡᠩᠨᠡᠭᠡ ᠵᠢᠨ ᠪᠠᠢ᠌ᠭᠤᠯᠤᠯᠲᠠ ᠵᠢᠨ ᠲᠥᠯᠥᠪᠵᠢᠭᠦᠯᠭᠡ ᠪᠠ ᠲᠥᠷᠥ ᠵᠢᠨ ᠪᠣᠳᠣᠯᠭ᠎ᠠ ᠵᠢ ᠲᠤᠭᠤᠷᠪᠢᠬᠤ ᠵᠢᠨ ᠬᠠᠮᠲᠤ ᠬᠢᠨᠠᠯᠲᠠ ᠲᠠᠯᠪᠢᠨ ᠬᠡᠷᠡᠭᠵᠢᠭᠦᠯᠵᠦ᠂ ᠰᠢᠨᠵᠢᠯᠡᠬᠦ ᠤᠬᠠᠭ᠋ᠠᠨ ᠮᠡᠷᠭᠡᠵᠢᠯ᠎ᠤᠨ ᠴᠢᠳᠠᠪᠤᠷᠢᠲᠠᠨ᠎ᠢ ᠦᠨᠡᠯᠡᠬᠦ ᠪᠠ ᠤᠷᠮᠠᠰᠢᠭᠤᠯᠬᠤ ᠲᠣᠭᠲᠠᠴᠠ ᠵᠢ ᠪᠠᠢ᠌ᠭᠤᠯᠤᠨ ᠪᠦᠷᠢᠨᠰᠢᠭᠦᠯᠦᠨ᠎ᠡ  ᠃
    (ᠭᠤᠷᠪᠠ) ᠲᠥᠷᠥ ᠵᠢᠨ ᠪᠣᠳᠣᠯᠭ᠎ᠠ ᠬᠠᠤᠯᠢ ᠲᠣᠭᠲᠠᠭ᠋ᠠᠯ ᠬᠢᠭᠡᠳ ᠬᠢᠨᠠᠯᠲᠠ ᠲᠠᠯᠪᠢᠬᠤ ᠭᠠᠵᠠᠷ  ᠃ ᠰᠢᠨᠵᠢᠯᠡᠬᠦ ᠤᠬᠠᠭ᠋ᠠᠨ ᠮᠡᠷᠭᠡᠵᠢᠯ᠎ᠤᠨ ᠰᠢᠨ᠎ᠡ ᠵᠢ ᠡᠭᠦᠳᠬᠦ ᠰᠢᠰᠲ᠋ᠧᠮᠵᠢ ᠵᠢᠨ ᠪᠠᠢ᠌ᠭᠤᠯᠤᠯᠲᠠ ᠪᠣᠯᠤᠨ ᠰᠢᠨᠵᠢᠯᠡᠬᠦ ᠤᠬᠠᠭ᠋ᠠᠨ ᠮᠡᠷᠭᠡᠵᠢᠯ᠎ᠤᠨ ᠪᠠᠢ᠌ᠭᠤᠯᠤᠯ᠎ᠤᠨ ᠥᠭᠡᠷᠡᠴᠢᠯᠡᠯᠲᠡ ᠵᠢᠨ ᠠᠵᠢᠯ᠎ᠢ ᠡᠭᠦᠷᠭᠡᠯᠡᠨ᠎ᠡ  ᠃ ᠰᠢᠨᠵᠢᠯᠡᠬᠦ ᠤᠬᠠᠭ᠋ᠠᠨ ᠮᠡᠷᠭᠡᠵᠢᠯ᠎ᠤᠨ ᠰᠢᠨ᠎ᠡ ᠵᠢ ᠡᠭᠦᠳᠬᠦ ᠲᠦᠷᠦ ᠵᠢᠨ ᠪᠤᠳᠤᠯᠭ᠎ᠠ ᠠᠷᠭ᠎ᠠ ᠬᠡᠮᠵᠢᠶ᠎ᠡ ᠵᠢ ᠲᠤᠭᠤᠷᠪᠢᠨ ᠲᠣᠭᠲᠠᠭ᠋ᠠᠨ᠎ᠠ  ᠃ ᠬᠠᠮᠢᠶ᠎ᠠ ᠪᠥᠬᠥᠶ ᠣᠷᠣᠨ ᠨᠤᠲᠤᠭ᠎ᠤᠨ ᠴᠢᠨᠠᠷᠲᠠᠶ ᠬᠠᠤᠯᠢ ᠲᠣᠭᠲᠠᠭ᠋ᠠᠯ᠂ ᠲᠦᠷᠢᠮ ᠲᠣᠭᠲᠠᠭ᠋ᠠᠯ᠎ᠤᠨ ᠲᠥᠰᠦᠯ᠎ᠢ ᠵᠣᠬᠢᠶᠠᠨ ᠪᠠᠢ᠌ᠭᠤᠯᠵᠤ ᠲᠤᠭᠤᠷᠪᠢᠨ ᠪᠢᠴᠢᠨ᠎ᠡ  ᠃ ᠬᠠᠤᠯᠢ᠎ᠪᠠᠷ ᠵᠠᠰᠠᠬᠤ ᠤᠬᠠᠭᠤᠯᠭ᠎ᠠ ᠬᠥᠮᠦᠵᠢᠯ᠎ᠢ ᠥᠷᠨᠢᠭᠦᠯᠦᠨ᠎ᠡ  ᠃ ᠰᠢᠨᠵᠢᠯᠡᠬᠦ ᠤᠬᠠᠭ᠋ᠠᠨ᠎ᠤ ᠰᠤᠳᠤᠯᠭ᠋ᠠᠨ᠎ᠤ ᠪᠠᠢ᠌ᠭᠤᠯᠤᠮᠵᠢ ᠵᠢᠨ ᠰᠢᠨ᠎ᠡ ᠵᠢ ᠡᠭᠦᠳᠬᠦ ᠪᠠ ᠠᠵᠤ ᠠᠬᠤᠢ᠌ᠯᠠᠯ᠎ᠤᠨ ᠮᠡᠷᠭᠡᠵᠢᠯ᠎ᠤᠨ ᠰᠢᠨ᠎ᠡ ᠵᠢ ᠡᠭᠦᠳᠬᠦ ᠵᠢ ᠠᠬᠢᠭᠤᠯᠬᠤ ᠲᠥᠷᠥ ᠵᠢᠨ ᠪᠣᠳᠣᠯᠭ᠎ᠠ ᠵᠢᠨ ᠰᠠᠨᠠᠭᠤᠯᠭ᠎ᠠ ᠳᠤᠷᠠᠳᠤᠨ᠎ᠠ  ᠃ ᠰᠢᠨᠵᠢᠯᠡᠬᠦ ᠤᠬᠠᠭ᠋ᠠᠨ᠎ᠤ ᠰᠤᠳᠤᠯᠤᠯ᠎ᠤᠨ ᠪᠠᠢ᠌ᠭᠤᠯᠤᠮᠵᠢ ᠵᠢᠨ ᠥᠭᠡᠷᠡᠴᠢᠯᠡᠯᠲᠡ ᠵᠢᠨ ᠬᠥᠭᠵᠢᠯᠲᠡ ᠬᠢᠭᠡᠳ ᠪᠠᠢ᠌ᠷᠢᠰᠢᠭᠤᠯᠤᠯᠲᠠ ᠵᠢᠨ ᠲᠥᠯᠥᠪᠵᠢᠭᠦᠯᠭᠡ ᠵᠢᠨ ᠲᠥᠷᠥ ᠵᠢᠨ ᠪᠣᠳᠣᠯᠭ᠎ᠠ ᠵᠢ ᠲᠤᠭᠤᠷᠪᠢᠬᠤ ᠵᠢᠨ ᠬᠠᠮᠲᠤ ᠬᠢᠨᠠᠯᠲᠠ ᠲᠠᠯᠪᠢᠨ ᠬᠡᠷᠡᠭᠵᠢᠭᠦᠯᠵᠦ᠂ ᠰᠢᠨᠵᠢᠯᠡᠬᠦ ᠤᠬᠠᠭ᠋ᠠᠨ᠎ᠤ ᠰᠤᠳᠤᠯᠤᠯ᠎ᠤᠨ ᠪᠠᠢ᠌ᠭᠤᠯᠤᠮᠵᠢ ᠵᠢᠨ ᠰᠢᠨ᠎ᠡ ᠵᠢ ᠡᠭᠦᠳᠬᠦ ᠠᠮᠵᠢᠯᠲᠠ ᠪᠦᠲᠦᠮᠵᠢ ᠵᠢᠨ ᠬᠠᠮᠢᠶᠠᠷᠤᠯᠲᠠ ᠵᠢ ᠵᠣᠬᠢᠶᠠᠨ ᠪᠠᠢ᠌ᠭᠤᠯᠤᠨ ᠥᠷᠨᠢᠭᠦᠯᠦᠨ᠎ᠡ  ᠃ ᠰᠢᠨᠵᠢᠯᠡᠬᠦ ᠤᠬᠠᠭ᠋ᠠᠨ ᠮᠡᠷᠭᠡᠵᠢᠯ᠎ᠤᠨ ᠬᠢᠨᠠᠯᠲᠠ ᠲᠠᠯᠪᠢᠵᠤ ᠦᠨᠡᠯᠡᠬᠦ ᠰᠢᠰᠲ᠋ᠧᠮᠵᠢ ᠵᠢᠨ ᠪᠠᠢ᠌ᠭᠤᠯᠤᠯᠲᠠ ᠪᠠ ᠰᠢᠨᠵᠢᠯᠡᠬᠦ ᠤᠬᠠᠭ᠋ᠠᠨ ᠮᠡᠷᠭᠡᠵᠢᠯ᠎ᠤᠨ ᠦᠨᠡᠯᠡᠨ ᠵᠢᠱ᠌ᠢᠬᠦ ᠬᠠᠮᠢᠶᠠᠷᠤᠯᠲᠠ ᠵᠢᠨ ᠬᠠᠮᠢᠶ᠎ᠠ ᠪᠦᠬᠦᠢ ᠠᠵᠢᠯ᠎ᠢ ᠡᠭᠦᠷᠭᠡᠯᠡᠵᠦ᠂ ᠰᠢᠨᠵᠢᠯᠡᠬᠦ ᠤᠬᠠᠭ᠋ᠠᠨ ᠮᠡᠷᠭᠡᠵᠢᠯ᠎ᠤᠨ ᠦᠨᠡᠯᠡᠬᠦ ᠳᠦᠷᠢᠮ᠎ᠤᠨ ᠥᠭᠡᠷᠡᠴᠢᠯᠡᠯᠲᠡ ᠵᠢᠨ ᠲᠥᠷᠥ ᠵᠢᠨ ᠪᠣᠳᠣᠯᠭ᠎ᠠ ᠵᠢᠨ ᠰᠠᠨᠠᠭᠤᠯᠭ᠎ᠠ ᠵᠢ ᠳᠤᠷᠠᠳᠬᠤ ᠵᠢᠨ ᠬᠠᠮᠲᠤ ᠬᠢᠨᠠᠯᠲᠠ ᠲᠠᠯᠪᠢᠨ ᠬᠡᠷᠡᠭᠵᠢᠭᠦᠯᠵᠦ᠂ ᠰᠢᠨᠵᠢᠯᠡᠬᠦ ᠤᠬᠠᠭ᠋ᠠᠨ ᠮᠡᠷᠭᠡᠵᠢᠯ᠎ᠤᠨ ᠦᠨᠡᠯᠡᠨ ᠵᠢᠱ᠌ᠢᠬᠦ ᠦᠨᠡᠯᠡᠯᠲᠡ ᠪᠠ ᠲᠥᠷᠥᠯ ᠵᠦᠢ᠍ᠯ᠎ᠤᠨ ᠬᠡᠷᠡᠭᠵᠢᠭᠦᠯᠦᠯᠲᠡ᠂ ᠪᠡᠯᠡ ᠮᠥᠩᠭᠥ ᠵᠢᠨ ᠬᠡᠷᠡᠭᠯᠡᠯᠲᠡ᠎ᠳᠤ ᠬᠢᠨᠠᠯᠲᠠ ᠲᠠᠯᠪᠢᠵᠤ ᠪᠠᠢ᠌ᠴᠠᠭ᠋ᠠᠬᠤ ᠠᠵᠢᠯ᠎ᠢ ᠥᠷᠨᠢᠭᠦᠯᠦᠨ᠎ᠡ  ᠃ ᠵᠥᠭᠡᠯᠡᠨ ᠰᠢᠨᠵᠢᠯᠡᠬᠦ ᠤᠬᠠᠭ᠋ᠠᠨ᠎ᠤ ᠰᠤᠳᠤᠯᠤᠯ᠎ᠢ ᠵᠣᠬᠢᠶᠠᠨ ᠪᠠᠢ᠌ᠭᠤᠯᠤᠨ ᠥᠷᠨᠢᠭᠦᠯᠦᠨ᠎ᠡ  ᠃ ᠪᠦᠬᠦ ᠣᠷᠣᠨ᠎ᠤ ᠰᠢᠨᠵᠢᠯᠡᠬᠦ ᠤᠬᠠᠭ᠋ᠠᠨ᠎ᠢ ᠲᠦᠭᠡᠮᠡᠯᠵᠢᠭᠦᠯᠬᠦ ᠪᠠ ᠰᠢᠨᠵᠢᠯᠡᠬᠦ ᠤᠬᠠᠭ᠋ᠠᠨ᠎ᠢ ᠳᠡᠯᠭᠡᠷᠡᠭᠦᠯᠬᠦ ᠲᠥᠯᠥᠪᠵᠢᠭᠦᠯᠭᠡ᠂ ᠲᠥᠷᠥ ᠵᠢᠨ ᠪᠣᠳᠣᠯᠭ᠎ᠠ ᠵᠢ ᠲᠣᠭᠲᠠᠭ᠋ᠠᠨ᠎ᠠ  ᠃ ᠰᠢᠨᠵᠢᠯᠡᠬᠦ ᠤᠬᠠᠭ᠋ᠠᠨ᠎ᠤ ᠰᠤᠳᠤᠯᠭ᠋ᠠᠨ᠎ᠤ ᠦᠨᠡᠨᠴᠢ ᠢᠲᠡᠭᠡᠮᠵᠢ ᠵᠢᠨ ᠪᠠᠢ᠌ᠭᠤᠯᠤᠯᠲᠠ ᠵᠢᠨ ᠠᠵᠢᠯ᠎ᠢ ᠡᠭᠦᠷᠭᠡᠯᠡᠨ᠎ᠡ  ᠃
    (ᠳᠥᠷᠪᠡ) ᠪᠠᠢ᠌ᠯᠳᠤᠬᠤ ᠪᠣᠳᠣᠯᠭ᠎ᠠ ᠵᠢᠨ ᠲᠥᠯᠥᠪᠵᠢᠭᠦᠯᠭᠡ ᠵᠢᠨ ᠭᠠᠵᠠᠷ  ᠃ ᠥᠪᠡᠷᠲᠡᠭᠡᠨ ᠵᠠᠰᠠᠬᠤ ᠣᠷᠣᠨ᠎ᠤ ᠰᠢᠨᠵᠢᠯᠡᠬᠦ ᠤᠬᠠᠭ᠋ᠠᠨ ᠮᠡᠷᠭᠡᠵᠢᠯ᠎ᠤᠨ ᠰᠢᠨ᠎ᠡ ᠵᠢ ᠡᠭᠦᠳᠬᠦ ᠬᠥᠭᠵᠢᠯᠲᠡ ᠵᠢᠨ ᠪᠠᠢ᠌ᠯᠳᠤᠬᠤ ᠪᠣᠳᠣᠯᠭ᠎ᠠ᠂ ᠲᠥᠯᠥᠪᠵᠢᠭᠦᠯᠭᠡ ᠪᠠ ᠣᠨ᠎ᠤ ᠲᠥᠯᠥᠪᠯᠡᠭᠡ ᠵᠢ ᠲᠤᠭᠤᠷᠪᠢᠬᠤ ᠵᠢᠨ ᠬᠠᠮᠲᠤ ᠵᠣᠬᠢᠴᠠᠭᠤᠯᠤᠨ ᠬᠡᠷᠡᠭᠵᠢᠭᠦᠯᠵᠦ᠂ ᠰᠢᠨᠵᠢᠯᠡᠬᠦ ᠤᠬᠠᠭ᠋ᠠᠨ ᠮᠡᠷᠭᠡᠵᠢᠯ᠎ᠤᠨ ᠲᠥᠯᠥᠪᠯᠡᠭᠡ ᠵᠢᠨ ᠲᠥᠷᠥᠯ ᠵᠦᠢᠯ᠎ᠢ ᠨᠢᠭᠡᠳᠦᠯᠲᠡᠶ ᠲᠥᠯᠥᠪᠯᠡᠨ ᠬᠠᠮᠢᠶᠠᠷᠤᠨ᠎ᠠ  ᠃ ᠥᠪᠡᠷᠲᠡᠭᠡᠨ ᠵᠠᠰᠠᠬᠤ ᠣᠷᠣᠨ᠎ᠤ ᠭᠣᠤᠯᠳᠠᠯᠭ᠎ᠠ᠎ᠲᠠᠢ ᠬᠦᠷᠢᠶ᠎ᠡ ᠴᠠᠷᠠᠭ᠎ᠠ ᠵᠢᠨ ᠮᠡᠷᠭᠡᠵᠢᠯ᠎ᠤᠨ ᠬᠥᠭᠵᠢᠯᠲᠡ ᠵᠢᠨ ᠪᠠᠷᠠᠭ᠋ᠠᠯᠬᠢᠯᠠᠯ᠎ᠤᠨ ᠴᠢᠨᠠᠷᠲᠠᠶ ᠰᠤᠳᠤᠯᠭ᠋ᠠᠨ᠎ᠢ ᠵᠣᠬᠢᠶᠠᠨ ᠪᠠᠢ᠌ᠭᠤᠯᠤᠨ ᠥᠷᠨᠢᠭᠦᠯᠵᠦ᠂ ᠵᠠᠩᠭᠢᠯᠠᠭ᠎ᠠ ᠵᠢᠨ ᠨᠡᠢ᠌ᠲᠡᠯᠢᠭ ᠴᠢᠨᠠᠷᠲᠠᠶ ᠮᠡᠷᠭᠡᠵᠢᠯ᠎ᠢ ᠰᠤᠳᠤᠯᠤᠨ ᠨᠡᠭᠡᠭᠡᠬᠦ ᠪᠠ ᠰᠢᠨ᠎ᠡ ᠵᠢ ᠡᠭᠦᠳᠬᠦ ᠵᠢ ᠨᠢᠭᠡᠳᠦᠯᠲᠡᠶ ᠲᠥᠯᠥᠪᠯᠡᠨ᠎ᠡ  ᠃ ᠥᠪᠡᠷᠲᠡᠭᠡᠨ ᠵᠠᠰᠠᠬᠤ ᠣᠷᠣᠨ᠎ᠤ ᠰᠢᠨᠵᠢᠯᠡᠬᠦ ᠤᠬᠠᠭ᠋ᠠᠨ ᠮᠡᠷᠭᠡᠵᠢᠯ᠎ᠤᠨ ᠬᠠᠮᠢᠶᠠᠷᠤᠯᠲᠠ ᠵᠢᠨ ᠮᠡᠳᠡᠭᠡ ᠵᠠᠩᠭᠢ ᠵᠢᠨ ᠰᠢᠰᠲ᠋ᠧᠮ᠎ᠢ ᠪᠠᠢ᠌ᠭᠤᠯᠤᠨ ᠬᠠᠮᠢᠶᠠᠷᠴᠤ᠂ ᠲᠥᠷᠥᠯ ᠵᠦᠢᠯ᠎ᠤᠨ ᠬᠠᠮᠢᠶᠠᠷᠤᠯᠲᠠ ᠵᠢᠨ ᠲᠤᠰᠬᠠᠶ ᠪᠠᠢ᠌ᠭᠤᠯᠤᠮᠵᠢ ᠵᠢᠨ ᠪᠠᠢ᠌ᠭᠤᠯᠤᠯᠲᠠ ᠵᠢ ᠵᠢᠯᠣᠭᠣᠳᠴᠤ᠂ ᠥᠪᠡᠷᠲᠡᠭᠡᠨ ᠵᠠᠰᠠᠬᠤ ᠣᠷᠣᠨ᠎ᠤ ᠰᠢᠨᠵᠢᠯᠡᠬᠦ ᠤᠬᠠᠭ᠋ᠠᠨ ᠮᠡᠷᠭᠡᠵᠢᠯ᠎ᠤᠨ ᠮᠡᠳᠡᠭᠦᠯᠦᠯᠲᠡ ᠵᠢᠨ ᠲᠦᠷᠢᠮ᠎ᠢ ᠬᠡᠷᠡᠭᠵᠢᠭᠦᠯᠦᠨ᠎ᠡ  ᠃ ᠰᠢᠨ᠎ᠡ ᠵᠢ ᠡᠭᠦᠳᠬᠦ ᠪᠠᠢ᠌ᠴᠠᠭ᠋ᠠᠯᠲᠠ ᠵᠢᠨ ᠳᠦᠷᠢᠮ᠎ᠢ ᠵᠣᠬᠢᠶᠠᠨ ᠪᠠᠢ᠌ᠭᠤᠯᠤᠨ ᠬᠡᠷᠡᠭᠵᠢᠭᠦᠯᠵᠦ᠂ ᠰᠢᠨᠵᠢᠯᠡᠬᠦ ᠤᠬᠠᠭ᠋ᠠᠨ ᠮᠡᠷᠭᠡᠵᠢᠯ᠎ᠤᠨ ᠲᠣᠭ᠎ᠠ ᠪᠦᠷᠢᠳᠬᠡᠯ᠎ᠤᠨ ᠬᠠᠮᠢᠶ᠎ᠠ ᠪᠦᠬᠦᠢ ᠠᠵᠢᠯ᠎ᠢ ᠡᠭᠦᠷᠭᠡᠯᠡᠨ᠎ᠡ  ᠃ ᠣᠷᠣᠨ ᠪᠦᠰᠡ ᠵᠢᠨ ᠰᠢᠨᠵᠢᠯᠡᠬᠦ ᠤᠬᠠᠭ᠋ᠠᠨ ᠮᠡᠷᠭᠡᠵᠢᠯ᠎ᠤᠨ ᠰᠢᠨ᠎ᠡ ᠵᠢ ᠡᠭᠦᠳᠬᠦ ᠠᠵᠢᠯ᠎ᠢ ᠡᠭᠦᠷᠭᠡᠯᠡᠨ᠎ᠡ  ᠃
    (ᠲᠠᠪᠤ) ᠡᠬᠢ ᠪᠠᠶᠠᠯᠢᠭ᠎ᠤᠨ ᠲᠣᠬᠢᠷᠠᠭᠤᠯᠤᠯᠲᠠ ᠬᠢᠭᠡᠳ ᠬᠠᠮᠢᠶᠠᠷᠤᠯᠲᠠ ᠵᠢᠨ ᠭᠠᠵᠠᠷ  ᠃ ᠥᠪᠡᠷᠲᠡᠭᠡᠨ ᠵᠠᠰᠠᠬᠤ ᠣᠷᠣᠨ᠎ᠤ ᠰᠢᠨᠵᠢᠯᠡᠬᠦ ᠤᠬᠠᠭ᠋ᠠᠨ᠎ᠤ ᠰᠤᠳᠤᠯᠤᠯ᠎ᠤᠨ ᠪᠡᠯᠡ ᠮᠥᠩᠭᠥ ᠵᠢ ᠵᠣᠬᠢᠴᠠᠭᠤᠯᠬᠤ᠂ ᠦᠨᠡᠯᠡᠨ ᠵᠢᠱ᠌ᠢᠬᠦ᠂ ᠬᠢᠨᠠᠨ ᠬᠠᠮᠢᠶᠠᠷᠬᠤ ᠵᠡᠷᠭᠡ ᠬᠠᠮᠢᠶ᠎ᠠ ᠪᠦᠬᠦᠢ ᠠᠵᠢᠯ᠎ᠢ ᠡᠭᠦᠷᠭᠡᠯᠡᠨ᠎ᠡ  ᠃ ᠬᠣᠯᠪᠣᠭᠳᠠᠯ ᠪᠦᠬᠦᠢ ᠰᠠᠯᠠᠭ᠎ᠠ ᠮᠥᠴᠢᠷ᠎ᠲᠠᠢ ᠬᠠᠮᠲᠤᠷᠠᠨ ᠰᠢᠨᠵᠢᠯᠡᠬᠦ ᠤᠬᠠᠭ᠋ᠠᠨ ᠮᠡᠷᠭᠡᠵᠢᠯ᠎ᠤᠨ ᠡᠬᠢ ᠪᠠᠶᠠᠯᠢᠭ᠎ᠢ ᠵᠦᠢ ᠵᠣᠬᠢᠰᠲᠠᠢ ᠲᠤᠬᠢᠷᠠᠭᠤᠯᠬᠤ ᠲᠦᠷᠦ ᠵᠢᠨ ᠪᠤᠳᠤᠯᠭ᠎ᠠ ᠠᠷᠭ᠎ᠠ ᠬᠡᠮᠵᠢᠢ᠎ᠡ ᠵᠢᠨ ᠲᠤᠬᠠᠢ ᠰᠠᠨᠠᠭᠤᠯᠭ᠎ᠠ ᠳᠤᠷᠠᠳᠴᠤ᠂ ᠰᠢᠨᠵᠢᠯᠡᠬᠦ ᠤᠬᠠᠭ᠋ᠠᠨ ᠮᠡᠷᠭᠡᠵᠢᠯ᠎ᠤᠨ ᠤᠯᠠᠨ ᠡᠰᠢᠵᠢᠭᠰᠡᠨ ᠣᠷᠣᠭᠤᠯᠤᠯᠲᠠ ᠵᠢᠨ ᠰᠢᠰᠲ᠋ᠧᠮ᠎ᠤᠨ ᠪᠠᠢ᠌ᠭᠤᠯᠤᠯᠲᠠ ᠵᠢ ᠲᠦᠯᠬᠢᠨ ᠠᠬᠢᠭᠤᠯᠵᠤ᠂ ᠲᠤᠰ ᠰᠠᠯᠠᠭ᠎ᠠ ᠮᠥᠴᠢᠷ᠎ᠤᠨ ᠵᠶ᠋ᠡᠨ ᠲᠥᠰᠦᠪ᠎ᠤᠨ ᠠᠵᠢᠯ᠎ᠢ ᠬᠠᠷᠢᠭᠤᠴᠠᠨ᠎ᠠ  ᠃
   (ᠵᠢᠷᠭᠤᠭ᠎ᠠ) ᠰᠠᠭᠤᠷᠢ ᠰᠤᠳᠤᠯᠭ᠋ᠠᠨ᠎ᠤ ᠭᠠᠵᠠᠷ  ᠃ ᠥᠪᠡᠷᠲᠡᠭᠡᠨ ᠵᠠᠰᠠᠬᠤ ᠣᠷᠣᠨ᠎ᠤ ᠰᠠᠭᠤᠷᠢ ᠰᠤᠳᠤᠯᠭ᠋ᠠᠨ᠎ᠤ ᠲᠥᠯᠥᠪᠵᠢᠭᠦᠯᠭᠡ᠂ ᠲᠥᠷᠥ ᠵᠢᠨ ᠪᠣᠳᠣᠯᠭ᠎ᠠ ᠵᠢ ᠲᠤᠭᠤᠷᠪᠢᠬᠤ ᠵᠢᠨ ᠬᠠᠮᠲᠤ ᠵᠣᠬᠢᠶᠠᠨ ᠪᠠᠢ᠌ᠭᠤᠯᠤᠨ ᠬᠡᠷᠡᠭᠵᠢᠭᠦᠯᠵᠦ᠂ ᠥᠪᠡᠷᠲᠡᠭᠡᠨ ᠵᠠᠰᠠᠬᠤ ᠣᠷᠣᠨ᠎ᠤ ᠴᠢᠬᠤᠯᠠ ᠶᠡᠬᠡ ᠰᠠᠭᠤᠷᠢ ᠰᠤᠳᠤᠯᠭ᠋ᠠᠨ ᠪᠠ ᠬᠡᠷᠡᠭᠯᠡᠭᠡᠨ᠎ᠤ ᠰᠠᠭᠤᠷᠢ ᠰᠤᠳᠤᠯᠭ᠋ᠠᠨ᠎ᠢ ᠵᠣᠬᠢᠴᠠᠭᠤᠯᠵᠤ᠂ ᠬᠠᠮᠢᠶ᠎ᠠ ᠪᠥᠬᠥᠶ ᠬᠦᠷᠢᠶᠡᠨ᠎ᠤ ᠰᠠᠭᠤᠷᠢ ᠰᠤᠳᠤᠯᠭ᠋ᠠᠨ᠎ᠤ ᠬᠡᠷᠡᠭᠴᠡᠭᠡ ᠱᠠᠭ᠋ᠠᠷᠳᠠᠯᠭ᠎ᠠ ᠵᠢᠨ ᠵᠠᠳᠠᠯᠤᠯᠲᠠ ᠵᠢ ᠵᠣᠬᠢᠶᠠᠨ ᠪᠠᠢ᠌ᠭᠤᠯᠤᠨ ᠥᠷᠨᠢᠭᠦᠯᠵᠦ᠂ ᠴᠢᠬᠤᠯᠠ ᠶᠡᠬᠡ ᠡᠭᠦᠷᠭᠡ ᠵᠢ ᠰᠤᠳᠤᠯᠤᠨ ᠳᠤᠷᠠᠳᠬᠤ ᠵᠢᠨ ᠬᠠᠮᠲᠤ ᠬᠢᠨᠠᠯᠲᠠ ᠲᠠᠯᠪᠢᠵᠤ ᠬᠡᠷᠡᠭᠵᠢᠭᠦᠯᠦᠨ᠎ᠡ  ᠃ ᠥᠪᠡᠷᠲᠡᠭᠡᠨ ᠵᠠᠰᠠᠬᠤ ᠣᠷᠣᠨ᠎ᠤ ᠭᠣᠤᠯᠳᠠᠯᠭ᠎ᠠ᠎ᠲᠠᠢ ᠲᠤᠷᠰᠢᠯᠲᠠ ᠵᠢᠨ ᠲᠠᠰᠤᠭ ᠪᠠ ᠰᠢᠨᠵᠢᠯᠡᠬᠦ ᠤᠬᠠᠭ᠋ᠠᠨ᠎ᠤ ᠰᠤᠳᠤᠯᠭ᠋ᠠᠨ᠎ᠤ ᠨᠥᠬᠥᠴᠡᠯ᠎ᠤᠨ ᠪᠠᠲᠤᠯᠠᠭ᠎ᠠ ᠵᠢᠨ ᠲᠥᠯᠥᠪᠵᠢᠭᠦᠯᠭᠡ ᠵᠢᠨ ᠰᠠᠨᠠᠭᠤᠯᠭ᠎ᠠ ᠵᠢ ᠳᠤᠷᠠᠳᠬᠤ ᠵᠢᠨ ᠬᠠᠮᠲᠤ ᠬᠢᠨᠠᠯᠲᠠ ᠲᠠᠯᠪᠢᠵᠤ ᠬᠡᠷᠡᠭᠵᠢᠭᠦᠯᠦᠨ᠎ᠡ  ᠃ ᠰᠢᠨᠵᠢᠯᠡᠬᠦ ᠤᠬᠠᠭ᠋ᠠᠨ᠎ᠤ ᠳ᠋ᠠᠢ᠌ᠲ᠋ᠠ ᠵᠢ ᠨᠡᠭᠡᠭᠡᠯᠲᠡ᠎ᠲᠠᠢ ᠪᠠᠢ᠌ᠯᠭ᠋ᠠᠵᠤ ᠬᠠᠮᠲᠤ᠎ᠪᠠᠷ ᠭᠥᠷᠳᠡᠬᠦ ᠵᠢ ᠠᠬᠢᠭᠤᠯᠤᠨ᠎ᠠ  ᠃ ᠥᠪᠡᠷᠲᠡᠭᠡᠨ ᠵᠠᠰᠠᠬᠤ ᠣᠷᠣᠨ᠎ᠤ ᠪᠠᠢ᠌ᠭ᠋ᠠᠯᠢ ᠵᠢᠨ ᠰᠢᠨᠵᠢᠯᠡᠬᠦ ᠤᠬᠠᠭ᠋ᠠᠨ᠎ᠤ ᠰᠠᠭᠤᠷᠢ ᠮᠥᠩᠭᠥ ᠵᠢᠨ ᠵᠥᠪᠯᠡᠯ᠎ᠤᠨ ᠡᠳᠦᠷ ᠲᠤᠲᠤᠮ᠎ᠤᠨ ᠠᠵᠢᠯ᠎ᠢ ᠬᠠᠷᠢᠭᠤᠴᠠᠨ᠎ᠠ  ᠃
   (ᠳᠣᠯᠣᠭ᠎ᠠ) ᠳᠡᠭᠡᠳᠦ ᠰᠢᠨ᠎ᠡ ᠮᠡᠷᠭᠡᠵᠢᠯ᠎ᠤᠨ ᠭᠠᠵᠠᠷ  ᠃ ᠬᠣᠯᠪᠣᠭᠳᠠᠯ ᠪᠦᠬᠦᠢ ᠬᠦᠷᠢᠶᠡᠨ᠎ᠤ ᠳᠡᠭᠡᠳᠦ ᠰᠢᠨ᠎ᠡ ᠮᠡᠷᠭᠡᠵᠢᠯ᠎ᠤᠨ ᠬᠥᠭᠵᠢᠯᠲᠡ ᠵᠢᠨ ᠲᠥᠯᠥᠪᠵᠢᠭᠦᠯᠭᠡ᠂ ᠲᠦᠷᠦ ᠵᠢᠨ ᠪᠤᠳᠤᠯᠭ᠎ᠠ ᠪᠠ ᠠᠷᠭ᠎ᠠ ᠬᠡᠮᠵᠢᠶ᠎ᠡ ᠵᠢ ᠵᠣᠬᠢᠶᠠᠨ ᠪᠠᠢ᠌ᠭᠤᠯᠵᠤ ᠲᠤᠭᠤᠷᠪᠢᠨ ᠲᠣᠭᠲᠠᠭ᠋ᠠᠨ᠎ᠠ  ᠃ ᠬᠠᠮᠢᠶ᠎ᠠ ᠪᠦᠬᠦᠢ ᠬᠦᠷᠢᠶ᠎ᠡ ᠴᠠᠷᠠᠭ᠎ᠠ ᠵᠢᠨ ᠮᠡᠷᠭᠡᠵᠢᠯ᠎ᠤᠨ ᠬᠥᠭᠵᠢᠯᠲᠡ ᠵᠢᠨ ᠬᠡᠷᠡᠭᠴᠡᠭᠡ ᠱᠠᠭ᠋ᠠᠷᠳᠠᠯᠭ᠎ᠠ ᠵᠢᠨ ᠵᠠᠳᠠᠯᠤᠯᠲᠠ ᠵᠢ ᠵᠣᠬᠢᠶᠠᠨ ᠪᠠᠢ᠌ᠭᠤᠯᠤᠨ ᠥᠷᠨᠢᠭᠦᠯᠵᠦ᠂ ᠴᠢᠬᠤᠯᠠ ᠶᠡᠬᠡ ᠡᠭᠦᠷᠭᠡ ᠵᠢ ᠳᠤᠷᠠᠳᠬᠤ ᠵᠢᠨ ᠬᠠᠮᠲᠤ ᠬᠢᠨᠠᠯᠲᠠ ᠲᠠᠯᠪᠢᠨ ᠬᠡᠷᠡᠭᠵᠢᠭᠦᠯᠵᠦ᠂ ᠴᠢᠬᠤᠯᠠ ᠶᠡᠬᠡ ᠵᠠᠩᠭᠢᠯᠠᠭ᠎ᠠ ᠵᠢᠨ ᠮᠡᠷᠭᠡᠵᠢᠯ᠎ᠤᠨ ᠪᠣᠭᠣᠮᠲᠠ ᠰᠢᠪᠲᠤᠯᠬᠤ ᠵᠢ ᠠᠬᠢᠭᠤᠯᠤᠨ᠎ᠠ  ᠃ ᠬᠠᠮᠢᠶ᠎ᠠ ᠪᠦᠬᠦᠢ ᠬᠦᠷᠢᠶ᠎ᠡ ᠴᠠᠷᠠᠭ᠎ᠠ ᠵᠢᠨ ᠰᠢᠨᠵᠢᠯᠡᠬᠦ ᠤᠬᠠᠭ᠋ᠠᠨ ᠮᠡᠷᠭᠡᠵᠢᠯ᠎ᠤᠨ ᠲᠥᠯᠥᠪᠯᠡᠭᠡ ᠵᠢᠨ ᠲᠥᠷᠥᠯ ᠵᠦᠢ᠍ᠯ᠎ᠢ ᠵᠣᠬᠢᠶᠠᠨ ᠪᠠᠢ᠌ᠭᠤᠯᠤᠨ ᠬᠡᠷᠡᠭᠵᠢᠭᠦᠯᠦᠨ᠎ᠡ  ᠃ ᠬᠠᠮᠢᠶ᠎ᠠ ᠪᠦᠬᠦᠢ ᠬᠦᠷᠢᠶᠡᠨ᠎ᠤ ᠲᠠᠪᠴᠠᠩ᠂ ᠰᠠᠭᠤᠷᠢᠨ ᠭᠠᠵᠠᠷ᠎ᠤᠨ ᠲᠥᠯᠥᠪᠵᠢᠭᠦᠯᠭᠡ ᠵᠢᠨ ᠪᠠᠢ᠌ᠷᠢᠰᠢᠭᠤᠯᠤᠯᠲᠠ ᠵᠢ ᠳᠤᠷᠠᠳᠬᠤ ᠵᠢᠨ ᠬᠠᠮᠲᠤ ᠵᠣᠬᠢᠶᠠᠨ ᠪᠠᠢ᠌ᠭᠤᠯᠤᠨ ᠬᠡᠷᠡᠭᠵᠢᠭᠦᠯᠦᠨ᠎ᠡ  ᠃ ᠤᠯᠤᠰ᠎ᠤᠨ ᠪᠡᠶ᠎ᠡ᠎ᠪᠠᠨ ᠳᠠᠭ᠋ᠠᠭ᠋ᠠᠵᠤ ᠰᠢᠨ᠎ᠡ ᠵᠢ ᠡᠭᠦᠳᠬᠦ ᠵᠢᠱ᠌ᠢᠶ᠎ᠡ ᠦᠵᠡᠭᠦᠯᠬᠦ ᠲᠣᠭᠣᠷᠢᠭ᠎ᠤᠨ ᠪᠦᠲᠦᠭᠡᠨ ᠪᠠᠢ᠌ᠭᠤᠯᠤᠯᠲᠠ᠂ ᠤᠯᠤᠰ᠎ᠤᠨ ᠳᠡᠭᠡᠳᠦ ᠰᠢᠨ᠎ᠡ ᠮᠡᠷᠭᠡᠵᠢᠯ᠎ᠤᠨ ᠠᠵᠤ ᠦᠢ᠍ᠯᠡᠰ᠎ᠤᠨ ᠨᠡᠭᠡᠭᠡᠯᠲᠡ ᠵᠢᠨ ᠲᠣᠭᠣᠷᠢᠭ᠎ᠤᠨ ᠪᠦᠲᠦᠭᠡᠨ ᠪᠠᠢ᠌ᠭᠤᠯᠤᠯᠲᠠ ᠵᠡᠷᠭᠡ ᠬᠠᠮᠢᠶ᠎ᠠ ᠪᠦᠬᠦᠢ ᠠᠵᠢᠯ᠎ᠢ ᠡᠭᠦᠷᠭᠡᠯᠡᠨ᠎ᠡ  ᠃ ᠰᠢᠨᠵᠢᠯᠡᠬᠦ ᠤᠬᠠᠭ᠋ᠠᠨ ᠮᠡᠷᠭᠡᠵᠢᠯ᠎ᠤᠨ ᠴᠡᠷᠢᠭ ᠠᠷᠠᠳ᠎ᠤᠨ ᠬᠡᠷᠡᠭᠯᠡᠭᠡ ᠵᠢ ᠠᠭᠤᠰᠤᠯᠴᠠᠭᠤᠯᠤᠨ ᠬᠥᠭᠵᠢᠭᠦᠯᠬᠦ ᠵᠢ ᠠᠬᠢᠭᠤᠯᠬᠤ ᠬᠠᠮᠢᠶ᠎ᠠ ᠪᠦᠬᠦᠢ ᠠᠵᠢᠯ᠎ᠢ ᠡᠭᠦᠷᠭᠡᠯᠡᠨ᠎ᠡ  ᠃
   (ᠨᠠᠢᠮᠠ) ᠬᠥᠳᠡᠭᠡ ᠲᠣᠰᠬᠣᠨ᠎ᠤ ᠰᠢᠨᠵᠢᠯᠡᠬᠦ ᠤᠬᠠᠭ᠋ᠠᠨ ᠮᠡᠷᠭᠡᠵᠢᠯ᠎ᠤᠨ ᠭᠠᠵᠠᠷ  ᠃ ᠰᠢᠨᠵᠢᠯᠡᠬᠦ ᠤᠬᠠᠭ᠋ᠠᠨ ᠮᠡᠷᠭᠡᠵᠢᠯ ᠵᠶ᠋ᠡᠷ ᠲᠠᠷᠢᠶᠠᠯᠠᠩ ᠮᠠᠯ ᠠᠵᠤ ᠠᠬᠤᠶ ᠲᠠᠷᠢᠶᠠᠯᠠᠬᠤ ᠮᠠᠯᠵᠢᠬᠤ ᠣᠷᠣᠨ᠎ᠤ ᠬᠥᠭᠵᠢᠯᠲᠡ ᠵᠢ ᠠᠬᠢᠭᠤᠯᠬᠤ ᠲᠥᠯᠥᠪᠵᠢᠭᠦᠯᠭᠡ᠂ ᠲᠥᠷᠥ ᠵᠢᠨ ᠪᠣᠳᠣᠯᠭ᠎ᠠ ᠪᠣᠯᠤᠨ ᠠᠷᠭ᠎ᠠ ᠬᠡᠮᠵᠢᠶ᠎ᠡ ᠵᠢ ᠵᠣᠬᠢᠶᠠᠨ ᠪᠠᠢ᠌ᠭᠤᠯᠤᠨ ᠲᠣᠭᠲᠠᠭ᠋ᠠᠨ᠎ᠠ  ᠃ ᠬᠠᠮᠢᠶ᠎ᠠ ᠪᠦᠬᠦᠢ ᠬᠦᠷᠢᠶ᠎ᠡ ᠴᠠᠷᠠᠭ᠎ᠠ ᠵᠢᠨ ᠮᠡᠷᠭᠡᠵᠢᠯ᠎ᠤᠨ ᠬᠥᠭᠵᠢᠯᠲᠡ ᠵᠢᠨ ᠬᠡᠷᠡᠭᠴᠡᠭᠡ ᠱᠠᠭ᠋ᠠᠷᠳᠠᠯᠭ᠎ᠠ ᠵᠢᠨ ᠵᠠᠳᠠᠯᠤᠯᠲᠠ ᠵᠢ ᠵᠣᠬᠢᠶᠠᠨ ᠪᠠᠢ᠌ᠭᠤᠯᠤᠨ ᠥᠷᠨᠢᠭᠦᠯᠵᠦ᠂ ᠴᠢᠬᠤᠯᠠ ᠶᠡᠬᠡ ᠡᠭᠦᠷᠭᠡ ᠵᠢ ᠳᠤᠷᠠᠳᠬᠤ ᠵᠢᠨ ᠬᠠᠮᠲᠤ ᠬᠢᠨᠠᠯᠲᠠ ᠲᠠᠯᠪᠢᠨ ᠬᠡᠷᠡᠭᠵᠢᠭᠦᠯᠵᠦ᠂ ᠴᠢᠬᠤᠯᠠ ᠶᠡᠬᠡ ᠵᠠᠩᠭᠢᠯᠠᠭ᠎ᠠ ᠵᠢᠨ ᠮᠡᠷᠭᠡᠵᠢᠯ᠎ᠤᠨ ᠪᠣᠭᠣᠮᠲᠠ ᠰᠢᠪᠲᠤᠯᠬᠤ ᠵᠢ ᠠᠬᠢᠭᠤᠯᠤᠨ᠎ᠠ  ᠃ ᠬᠠᠮᠢᠶ᠎ᠠ ᠪᠦᠬᠦᠢ ᠬᠦᠷᠢᠶ᠎ᠡ ᠴᠠᠷᠠᠭ᠎ᠠ ᠵᠢᠨ ᠰᠢᠨᠵᠢᠯᠡᠬᠦ ᠤᠬᠠᠭ᠋ᠠᠨ ᠮᠡᠷᠭᠡᠵᠢᠯ᠎ᠤᠨ ᠲᠥᠯᠥᠪᠯᠡᠭᠡ ᠵᠢᠨ ᠲᠥᠷᠥᠯ ᠵᠦᠢ᠍ᠯ᠎ᠢ ᠵᠣᠬᠢᠶᠠᠨ ᠪᠠᠢ᠌ᠭᠤᠯᠤᠨ ᠬᠡᠷᠡᠭᠵᠢᠭᠦᠯᠦᠨ᠎ᠡ  ᠃ ᠮᠠᠯᠵᠢᠬᠤ ᠲᠠᠷᠢᠶᠠᠯᠠᠬᠤ ᠣᠷᠣᠨ᠎ᠤ ᠰᠢᠨᠵᠢᠯᠡᠬᠦ ᠤᠬᠠᠭ᠋ᠠᠨ ᠮᠡᠷᠭᠡᠵᠢᠯ᠎ᠤᠨ ᠳᠠᠪᠰᠢᠯᠲᠠ ᠪᠠ ᠰᠢᠶᠠᠨ᠎ᠤ ᠬᠡᠪᠴᠢᠶᠡᠨ᠎ᠳᠠᠬᠢ ᠰᠢᠨ᠎ᠡ ᠵᠢ ᠡᠭᠦᠳᠬᠦ᠎ᠪᠠᠷ ᠬᠥᠳᠡᠯᠭᠡᠭᠦᠷ ᠪᠣᠯᠭ᠋ᠠᠭᠰᠠᠨ ᠬᠥᠭᠵᠢᠯᠲᠡ ᠵᠢᠨ ᠠᠵᠢᠯ᠎ᠢ ᠵᠢᠯᠣᠭᠣᠳᠴᠤ᠂ ᠰᠢᠨᠵᠢᠯᠡᠬᠦ ᠤᠬᠠᠭ᠋ᠠᠨ ᠮᠡᠷᠭᠡᠵᠢᠯ ᠵᠶ᠋ᠡᠷ ᠶᠠᠳᠠᠭᠤ ᠵᠢ ᠲᠡᠳᠬᠦᠬᠦ ᠠᠵᠢᠯ ᠪᠠ ᠮᠠᠯᠵᠢᠬᠤ ᠲᠠᠷᠢᠶᠠᠯᠠᠬᠤ ᠣᠷᠣᠨ᠎ᠤ ᠰᠢᠨᠵᠢᠯᠡᠬᠦ ᠤᠬᠠᠭ᠋ᠠᠨ ᠮᠡᠷᠭᠡᠵᠢᠯ᠎ᠤᠨ ᠨᠡᠢ᠌ᠭᠡᠮᠴᠢᠯᠡᠭᠰᠡᠨ ᠦᠢᠯᠡᠴᠢᠯᠡᠭᠡᠨ᠎ᠤ ᠰᠢᠰᠲ᠋ᠧᠮᠵᠢ ᠵᠢᠨ ᠪᠠᠢ᠌ᠭᠤᠯᠤᠯᠲᠠ ᠵᠢ ᠠᠬᠢᠭᠤᠯᠤᠨ᠎ᠠ  ᠃ ᠬᠠᠮᠢᠶ᠎ᠠ ᠪᠦᠬᠦᠢ ᠬᠦᠷᠢᠶᠡᠨ᠎ᠤ ᠲᠠᠪᠴᠠᠩ᠂ ᠰᠠᠭᠤᠷᠢᠨ ᠭᠠᠵᠠᠷ᠎ᠤᠨ ᠲᠥᠯᠥᠪᠵᠢᠭᠦᠯᠭᠡ ᠵᠢᠨ ᠪᠠᠢ᠌ᠷᠢᠰᠢᠭᠤᠯᠤᠯᠲᠠ ᠵᠢ ᠳᠤᠷᠠᠳᠬᠤ ᠵᠢᠨ ᠬᠠᠮᠲᠤ ᠵᠣᠬᠢᠶᠠᠨ ᠪᠠᠢ᠌ᠭᠤᠯᠤᠨ ᠬᠡᠷᠡᠭᠵᠢᠭᠦᠯᠦᠨ᠎ᠡ  ᠃
    (ᠶᠢᠰᠦ) ᠨᠡᠢ᠌ᠭᠡᠮ᠎ᠤᠨ ᠬᠥᠭᠵᠢᠯᠲᠡ ᠵᠢᠨ ᠰᠢᠨᠵᠢᠯᠡᠬᠦ ᠤᠬᠠᠭ᠋ᠠᠨ ᠮᠡᠷᠭᠡᠵᠢᠯ᠎ᠤᠨ ᠭᠠᠵᠠᠷ  ᠃ ᠨᠡᠢ᠌ᠭᠡᠮ᠎ᠤᠨ ᠬᠥᠭᠵᠢᠯᠲᠡ ᠵᠢᠨ ᠬᠦᠷᠢᠶᠡᠨ᠎ᠳᠠᠬᠢ ᠰᠢᠨᠵᠢᠯᠡᠬᠦ ᠤᠬᠠᠭ᠋ᠠᠨ ᠮᠡᠷᠭᠡᠵᠢᠯ᠎ᠤᠨ ᠰᠢᠨ᠎ᠡ ᠵᠢ ᠡᠭᠦᠳᠬᠦ ᠲᠥᠯᠥᠪᠵᠢᠭᠦᠯᠭᠡ᠂ ᠲᠦᠷᠦ ᠵᠢᠨ ᠪᠤᠳᠤᠯᠭ᠎ᠠ ᠪᠠ ᠠᠷᠭ᠎ᠠ ᠬᠡᠮᠵᠢᠶ᠎ᠡ ᠵᠢ ᠵᠣᠬᠢᠶᠠᠨ ᠪᠠᠢ᠌ᠭᠤᠯᠵᠤ ᠲᠤᠭᠤᠷᠪᠢᠨ ᠲᠣᠭᠲᠠᠭ᠋ᠠᠨ᠎ᠠ  ᠃ ᠬᠠᠮᠢᠶ᠎ᠠ ᠪᠦᠬᠦᠢ ᠬᠦᠷᠢᠶ᠎ᠡ ᠴᠠᠷᠠᠭ᠎ᠠ ᠵᠢᠨ ᠮᠡᠷᠭᠡᠵᠢᠯ᠎ᠤᠨ ᠬᠥᠭᠵᠢᠯᠲᠡ ᠵᠢᠨ ᠬᠡᠷᠡᠭᠴᠡᠭᠡ ᠱᠠᠭ᠋ᠠᠷᠳᠠᠯᠭ᠎ᠠ ᠵᠢᠨ ᠵᠠᠳᠠᠯᠤᠯᠲᠠ ᠵᠢ ᠵᠣᠬᠢᠶᠠᠨ ᠪᠠᠢ᠌ᠭᠤᠯᠤᠨ ᠥᠷᠨᠢᠭᠦᠯᠵᠦ᠂ ᠴᠢᠬᠤᠯᠠ ᠶᠡᠬᠡ ᠡᠭᠦᠷᠭᠡ ᠵᠢ ᠳᠤᠷᠠᠳᠬᠤ ᠵᠢᠨ ᠬᠠᠮᠲᠤ ᠬᠢᠨᠠᠯᠲᠠ ᠲᠠᠯᠪᠢᠨ ᠬᠡᠷᠡᠭᠵᠢᠭᠦᠯᠵᠦ᠂ ᠴᠢᠬᠤᠯᠠ ᠶᠡᠬᠡ ᠵᠠᠩᠭᠢᠯᠠᠭ᠎ᠠ ᠵᠢᠨ ᠮᠡᠷᠭᠡᠵᠢᠯ᠎ᠤᠨ ᠪᠣᠭᠣᠮᠲᠠ ᠰᠢᠪᠲᠤᠯᠬᠤ ᠵᠢ ᠠᠬᠢᠭᠤᠯᠤᠨ᠎ᠠ  ᠃ ᠬᠠᠮᠢᠶ᠎ᠠ ᠪᠦᠬᠦᠢ ᠬᠦᠷᠢᠶ᠎ᠡ ᠴᠠᠷᠠᠭ᠎ᠠ ᠵᠢᠨ ᠰᠢᠨᠵᠢᠯᠡᠬᠦ ᠤᠬᠠᠭ᠋ᠠᠨ ᠮᠡᠷᠭᠡᠵᠢᠯ᠎ᠤᠨ ᠲᠥᠯᠥᠪᠯᠡᠭᠡ ᠵᠢᠨ ᠲᠥᠷᠥᠯ ᠵᠦᠢ᠍ᠯ᠎ᠢ ᠵᠣᠬᠢᠶᠠᠨ ᠪᠠᠢ᠌ᠭᠤᠯᠤᠨ ᠬᠡᠷᠡᠭᠵᠢᠭᠦᠯᠦᠨ᠎ᠡ  ᠃ ᠠᠮᠢᠳᠤ ᠪᠣᠳᠠᠰ᠎ᠤᠨ ᠮᠡᠷᠭᠡᠵᠢᠯ᠎ᠤᠨ ᠬᠥᠭᠵᠢᠯᠲᠡ ᠵᠢᠴᠢ ᠠᠵᠤ ᠦᠢ᠍ᠯᠡᠰᠵᠢᠯᠲᠡ ᠵᠢ ᠠᠬᠢᠭᠤᠯᠵᠤ᠂ ᠪᠣᠬᠢᠷᠲᠤᠯ ᠦᠭᠡᠢ ᠮᠡᠷᠭᠡᠵᠢᠯ᠎ᠤᠨ ᠰᠢᠨ᠎ᠡ ᠵᠢ ᠡᠭᠦᠳᠬᠦ ᠵᠢ ᠠᠬᠢᠭᠤᠯᠵᠤ᠂ ᠰᠢᠨᠵᠢᠯᠡᠬᠦ ᠤᠬᠠᠭ᠋ᠠᠨ ᠮᠡᠷᠭᠡᠵᠢᠯ᠎ᠤᠨ ᠠᠭᠤᠷ ᠠᠮᠢᠰᠬᠤᠯ᠎ᠤᠨ ᠬᠤᠪᠢᠷᠠᠯᠲᠠ ᠵᠢ ᠠᠷᠭ᠋ᠠᠴᠠᠬᠤ ᠠᠵᠢᠯ᠎ᠢ ᠥᠷᠨᠢᠭᠦᠯᠦᠨ᠎ᠡ  ᠃ ᠬᠠᠮᠢᠶ᠎ᠠ ᠪᠦᠬᠦᠢ ᠬᠦᠷᠢᠶᠡᠨ᠎ᠤ ᠲᠠᠪᠴᠠᠩ᠂ ᠰᠠᠭᠤᠷᠢᠨ ᠭᠠᠵᠠᠷ᠎ᠤᠨ ᠲᠥᠯᠥᠪᠵᠢᠭᠦᠯᠭᠡ ᠵᠢᠨ ᠪᠠᠢ᠌ᠷᠢᠰᠢᠭᠤᠯᠤᠯᠲᠠ ᠵᠢ ᠳᠤᠷᠠᠳᠬᠤ ᠵᠢᠨ ᠬᠠᠮᠲᠤ ᠵᠣᠬᠢᠶᠠᠨ ᠪᠠᠢ᠌ᠭᠤᠯᠤᠨ ᠬᠡᠷᠡᠭᠵᠢᠭᠦᠯᠦᠨ᠎ᠡ  ᠃
    (ᠠᠷᠪᠠ) ᠰᠢᠨᠵᠢᠯᠡᠬᠦ ᠤᠬᠠᠭ᠋ᠠᠨ ᠮᠡᠷᠭᠡᠵᠢᠯ᠎ᠤᠨ ᠬᠠᠮᠲᠤᠷᠠᠨ ᠠᠵᠢᠯᠯᠠᠬᠤ ᠭᠠᠵᠠᠷ (ᠭᠠᠳᠠᠭ᠋ᠠᠳᠤ ᠵᠢᠨ ᠮᠡᠷᠭᠡᠵᠢᠯᠲᠡᠨ᠎ᠤ ᠲᠣᠪᠴᠢᠶ᠎ᠠ)  ᠃ ᠵᠠᠰᠠᠭ᠎ᠤᠨ ᠣᠷᠳᠣᠨ᠎ᠤ ᠬᠣᠶᠠᠷ ᠲᠠᠯ᠎ᠠ ᠵᠢᠨ ᠪᠠ ᠣᠯᠠᠨ ᠲᠠᠯ᠎ᠠ ᠵᠢᠨ ᠰᠢᠨᠵᠢᠯᠡᠬᠦ ᠤᠬᠠᠭ᠋ᠠᠨ ᠮᠡᠷᠭᠡᠵᠢᠯ᠎ᠤᠨ ᠬᠠᠮᠲᠤᠷᠠᠯᠴᠠᠭ᠎ᠠ ᠬᠢᠭᠡᠳ ᠰᠣᠯᠢᠯᠴᠠᠭ᠋ᠠᠨ᠎ᠤ ᠠᠵᠢᠯ᠎ᠢ ᠬᠠᠷᠢᠭᠤᠴᠠᠨ᠎ᠠ  ᠃ ᠠᠢ᠌ᠮᠠᠭ ᠬᠣᠲᠠ ᠪᠣᠯᠤᠨ ᠬᠣᠯᠪᠣᠭᠳᠠᠯ ᠪᠦᠬᠦᠢ ᠰᠠᠯᠠᠭ᠎ᠠ ᠮᠥᠴᠢᠷ᠎ᠤᠨ ᠣᠯᠠᠨ ᠤᠯᠤᠰ᠂ ᠤᠯᠤᠰ᠎ᠤᠨ ᠳᠣᠲᠣᠭ᠋ᠠᠳᠤ ᠵᠢᠨ ᠰᠢᠨᠵᠢᠯᠡᠬᠦ ᠤᠬᠠᠭ᠋ᠠᠨ ᠮᠡᠷᠭᠡᠵᠢᠯ᠎ᠤᠨ ᠬᠣᠷᠰᠢᠯᠴᠠᠭ᠎ᠠ ᠬᠢᠭᠡᠳ ᠰᠣᠯᠢᠯᠴᠠᠭ᠋ᠠᠨ᠎ᠤ ᠠᠵᠢᠯ᠎ᠢ ᠵᠢᠯᠣᠭᠣᠳᠤᠨ᠎ᠠ  ᠃ ᠰᠢᠶᠠᠩᠭ᠋ᠠᠩ ᠣᠣᠮᠧᠨ ᠲᠠᠢ᠌ᠸᠠᠨ᠎ᠤ ᠰᠢᠨᠵᠢᠯᠡᠬᠦ ᠤᠬᠠᠭ᠋ᠠᠨ ᠮᠡᠷᠭᠡᠵᠢᠯ᠎ᠤᠨ ᠬᠠᠮᠲᠤᠷᠠᠯᠴᠠᠭ᠎ᠠ ᠪᠠ ᠰᠣᠯᠢᠯᠴᠠᠭ᠋ᠠᠨ᠎ᠤ ᠠᠵᠢᠯ᠎ᠢ ᠡᠭᠦᠷᠭᠡᠯᠡᠨ᠎ᠡ  ᠃ ᠭᠠᠳᠠᠭ᠋ᠠᠳᠤ ᠵᠢᠨ ᠲᠤᠰᠬᠠᠢ ᠮᠡᠷᠭᠡᠵᠢᠯᠲᠡᠨ᠎ᠤ ᠬᠠᠮᠢᠶᠠᠷᠤᠯᠲᠠ ᠵᠢᠨ ᠠᠷᠭ᠎ᠠ ᠵᠢ ᠲᠤᠭᠤᠷᠪᠢᠨ ᠲᠣᠭᠲᠠᠭ᠋ᠠᠬᠤ ᠵᠢᠨ ᠬᠠᠮᠲᠤ ᠵᠣᠬᠢᠶᠠᠨ ᠪᠠᠢ᠌ᠭᠤᠯᠤᠨ ᠬᠡᠷᠡᠭᠵᠢᠭᠦᠯᠵᠦ᠂ ᠭᠠᠳᠠᠭ᠋ᠠᠳᠤ ᠵᠢᠨ ᠲᠤᠰᠬᠠᠢ ᠮᠡᠷᠭᠡᠵᠢᠯᠲᠡᠨ᠂ ᠪᠦᠯᠬᠦᠮ ᠨᠡᠢ᠌ᠲᠡ ᠵᠢ ᠲᠠᠲᠠᠨ ᠴᠤᠭᠯᠠᠭᠤᠯᠬᠤ ᠲᠣᠭᠲᠠᠴᠠ ᠪᠠ ᠭᠣᠣᠯᠳᠠᠯᠭ᠎ᠠ᠎ᠲᠠᠢ ᠭᠠᠳᠠᠭ᠋ᠠᠳᠤ ᠵᠢᠨ ᠲᠤᠰᠬᠠᠢ ᠮᠡᠷᠭᠡᠵᠢᠯᠲᠡᠨ᠎ᠲᠠᠢ ᠬᠠᠷᠢᠯᠴᠠᠬᠤ ᠦᠢ᠍ᠯᠡᠴᠢᠯᠡᠭᠡᠨ᠎ᠤ ᠲᠣᠭᠲᠠᠴᠠ ᠪᠠᠢ᠌ᠭᠤᠯᠬᠤ ᠵᠢ ᠠᠬᠢᠭᠤᠯᠤᠨ᠎ᠠ  ᠃ ᠭᠠᠳᠠᠭ᠋ᠠᠳᠤ ᠵᠢᠨ ᠲᠤᠰᠬᠠᠶ ᠮᠡᠷᠭᠡᠵᠢᠯᠲᠡᠨ᠎ᠤ ᠲᠥᠷᠥᠯ ᠵᠦᠢᠯ ᠪᠣᠯᠤᠨ ᠣᠶᠤᠨ᠎ᠤ ᠦᠷ᠎ᠡ ᠪᠦᠲᠦᠭᠡᠯ᠎ᠢ ᠳᠡᠯᠭᠡᠷᠡᠭᠦᠯᠬᠦ ᠲᠥᠷᠥᠯ ᠵᠦᠢᠯ᠎ᠤᠨ ᠦᠷ᠎ᠡ ᠪᠦᠲᠦᠭᠡᠯ᠎ᠢ ᠦᠨᠡᠯᠡᠨ ᠵᠢᠱ᠌ᠢᠵᠦ ᠳᠡᠯᠭᠡᠷᠡᠭᠦᠯᠬᠦ ᠵᠢ ᠲᠦᠷᠦᠭᠦᠯᠡᠨ ᠬᠠᠷᠢᠭᠤᠴᠠᠨ᠎ᠠ  ᠃ ᠤᠯᠤᠰ (ᠬᠢᠯᠢ)᠎ᠠᠴᠠ ᠭᠠᠷᠬᠤ ᠪᠣᠯᠪᠠᠰᠤᠷᠠᠭᠤᠯᠤᠯ᠎ᠤᠨ ᠲᠥᠯᠥᠪᠵᠢᠭᠦᠯᠭᠡ᠂ ᠲᠥᠷᠥ ᠵᠢᠨ ᠪᠣᠳᠣᠯᠭ᠎ᠠ ᠵᠢ ᠲᠤᠭᠤᠷᠪᠢᠬᠤ ᠵᠢᠨ ᠬᠠᠮᠲᠤ ᠬᠢᠨᠠᠯᠲᠠ ᠲᠠᠯᠪᠢᠨ ᠬᠡᠷᠡᠭᠵᠢᠭᠦᠯᠵᠦ᠂ ᠭᠣᠣᠯᠳᠠᠯᠭ᠎ᠠ᠎ᠲᠠᠢ ᠤᠯᠤᠰ (ᠬᠢᠯᠢ)᠎ᠠᠴᠠ ᠭᠠᠷᠬᠤ ᠪᠣᠯᠪᠠᠰᠤᠷᠠᠭᠤᠯᠤᠯ᠎ᠤᠨ ᠠᠵᠢᠯ᠎ᠢ ᠵᠣᠬᠢᠶᠠᠨ ᠪᠠᠢ᠌ᠭᠤᠯᠤᠨ᠎ᠠ  ᠃
    (ᠠᠷᠪᠠᠨ ᠨᠢᠭᠡ) ᠦᠷ᠎ᠡ ᠪᠦᠲᠦᠭᠡᠯ᠎ᠢ ᠬᠠᠮᠢᠶᠠᠷᠬᠤ ᠪᠠ ᠬᠤᠪᠢᠷᠠᠭᠤᠯᠬᠤ ᠭᠠᠵᠠᠷ  ᠃ ᠥᠪᠡᠷᠲᠡᠭᠡᠨ ᠵᠠᠰᠠᠬᠤ ᠣᠷᠣᠨ᠎ᠤ ᠮᠡᠷᠭᠡᠵᠢᠯ᠎ᠢ ᠰᠢᠯᠵᠢᠭᠦᠯᠬᠦ ᠰᠢᠰᠲ᠋ᠧᠮᠵᠢ ᠵᠢᠨ ᠠᠵᠢᠯ᠎ᠢ ᠡᠭᠦᠷᠭᠡᠯᠡᠵᠦ᠂ ᠰᠢᠨᠵᠢᠯᠡᠬᠦ ᠤᠬᠠᠭ᠋ᠠᠨ ᠮᠡᠷᠭᠡᠵᠢᠯ᠎ᠤᠨ ᠦᠷ᠎ᠡ ᠪᠦᠲᠦᠭᠡᠯ᠎ᠢ ᠰᠢᠯᠵᠢᠭᠦᠯᠦᠨ ᠤᠯᠠᠷᠢᠭᠤᠯᠬᠤ ᠵᠢᠴᠢ ᠠᠵᠤ ᠦᠢ᠍ᠯᠡᠰᠵᠢᠭᠦᠯᠬᠦ᠂ ᠦᠢ᠍ᠯᠡᠳᠪᠦᠷᠢᠯᠡᠬᠦ ᠵᠢᠭ᠋ᠠᠬᠤ ᠰᠤᠳᠤᠯᠬᠤ ᠵᠢᠨ ᠭᠦᠨ ᠠᠭᠤᠰᠤᠯᠴᠠᠬᠤ ᠵᠢ ᠠᠬᠢᠭᠤᠯᠬᠤ᠂ ᠰᠢᠨᠵᠢᠯᠡᠬᠦ ᠤᠬᠠᠭ᠋ᠠᠨ ᠮᠡᠷᠭᠡᠵᠢᠯ᠎ᠤᠨ ᠮᠡᠳᠡᠯᠭᠡ ᠵᠢᠨ ᠪᠦᠲᠦᠭᠡᠭᠳᠡᠬᠦᠨ᠎ᠤ ᠥᠮᠴᠢᠯᠡᠬᠦ ᠡᠷᠬᠡ ᠵᠢᠨ ᠡᠭᠦᠳᠦᠨ ᠪᠦᠲᠦᠭᠡᠬᠦ ᠬᠠᠮᠢᠶ᠎ᠠ ᠪᠦᠬᠦᠢ ᠲᠥᠷᠥ ᠵᠢᠨ ᠪᠣᠳᠣᠯᠭ᠎ᠠ ᠵᠢᠨ ᠠᠷᠭ᠎ᠠ ᠬᠡᠮᠵᠢᠶ᠎ᠡ ᠵᠢᠨ ᠰᠠᠨᠠᠭᠤᠯᠭ᠎ᠠ ᠵᠢ ᠳᠤᠷᠠᠳᠴᠤ᠂ ᠬᠠᠮᠢᠶ᠎ᠠ ᠪᠦᠬᠦᠢ ᠴᠢᠬᠤᠯᠠ ᠶᠡᠬᠡ ᠰᠢᠨᠵᠢᠯᠡᠬᠦ ᠤᠬᠠᠭ᠋ᠠᠨ ᠮᠡᠷᠭᠡᠵᠢᠯ᠎ᠤᠨ ᠦᠷ᠎ᠡ ᠪᠦᠲᠦᠭᠡᠯ᠎ᠢ ᠬᠡᠷᠡᠭᠯᠡᠵᠦ ᠵᠢᠱ᠌ᠢᠶ᠎ᠡ ᠦᠵᠡᠭᠦᠯᠬᠦ ᠵᠢ ᠵᠣᠬᠢᠶᠠᠨ ᠪᠠᠢ᠌ᠭᠤᠯᠵᠤ᠂ ᠰᠢᠨᠵᠢᠯᠡᠬᠦ ᠤᠬᠠᠭ᠋ᠠᠨ ᠮᠡᠷᠭᠡᠵᠢᠯ᠎ᠤᠨ ᠦᠢ᠍ᠯᠡᠴᠢᠯᠡᠭᠡᠨ᠎ᠤ ᠦᠢ᠍ᠯᠡᠰ᠂ ᠮᠡᠷᠭᠡᠵᠢᠯ᠎ᠤᠨ ᠵᠠᠬ᠎ᠠ ᠳᠡᠯᠭᠡᠭᠦᠷ ᠪᠠ ᠰᠢᠨᠵᠢᠯᠡᠬᠦ ᠤᠬᠠᠭ᠋ᠠᠨ ᠮᠡᠷᠭᠡᠵᠢᠯ᠎ᠤᠨ ᠵᠠᠭᠤᠴᠢ ᠵᠣᠬᠢᠶᠠᠨ ᠪᠠᠢ᠌ᠭᠤᠯᠤᠯᠲᠠ ᠵᠢᠨ ᠬᠥᠭᠵᠢᠯᠲᠡ ᠵᠢ ᠠᠬᠢᠭᠤᠯᠤᠨ᠎ᠠ  ᠃ ᠰᠢᠨᠵᠢᠯᠡᠬᠦ ᠤᠬᠠᠭ᠋ᠠᠨ ᠮᠡᠷᠭᠡᠵᠢᠯ᠎ᠤᠨ ᠠᠮᠤᠷ ᠲᠦᠪᠰᠢᠨ᠂ ᠰᠢᠨᠵᠢᠯᠡᠬᠦ ᠤᠬᠠᠭ᠋ᠠᠨ ᠮᠡᠷᠭᠡᠵᠢᠯ᠎ᠤᠨ ᠨᠢᠭᠤᠴᠠ ᠵᠢ ᠬᠠᠮᠠᠭ᠋ᠠᠯᠠᠬᠤ ᠬᠠᠮᠢᠶ᠎ᠠ ᠪᠦᠬᠦᠢ ᠠᠵᠢᠯ᠎ᠢ ᠳᠠᠭ᠋ᠠᠭ᠋ᠠᠨ ᠠᠬᠢᠭᠤᠯᠤᠨ᠎ᠠ  ᠃
    ᠪᠠᠢ᠌ᠭᠤᠯᠭ᠎ᠠ ᠵᠢᠨ ᠨᠠᠮ᠎ᠤᠨ ᠬᠣᠷᠢᠶ᠎ᠠ  ᠃ ᠪᠠᠢ᠌ᠭᠤᠯᠭ᠎ᠠ ᠪᠠ ᠬᠠᠷᠢᠶ᠎ᠠ ᠨᠢᠭᠡᠴᠢ ᠵᠢᠨ ᠵᠶ᠋ᠡᠨ ᠨᠠᠮ ᠪᠠ ᠤᠯᠠᠨ ᠲᠦᠮᠡᠨ᠂ ᠰᠠᠬᠢᠯᠭ᠎ᠠ ᠪᠠᠲᠤ ᠪᠠᠢ᠌ᠴᠠᠭ᠋ᠠᠬᠤ ᠵᠡᠷᠭᠡ ᠠᠵᠢᠯ᠎ᠢ ᠬᠠᠷᠢᠭᠤᠴᠠᠨ᠎ᠠ  ᠃
    ᠠᠵᠢᠯ᠎ᠠᠴᠠ ᠠᠮᠠᠷᠠᠭᠰᠠᠳ ᠪᠠᠭᠤᠭᠰᠠᠳ᠎ᠤᠨ ᠠᠵᠢᠯ᠎ᠤᠨ ᠭᠠᠵᠠᠷ  ᠃ ᠠᠵᠢᠯ᠎ᠠᠴᠠ ᠠᠮᠠᠷᠠᠭᠰᠠᠳ ᠪᠠᠭᠤᠭᠰᠠᠳ᠎ᠤᠨ ᠠᠵᠢᠯ᠎ᠢ ᠬᠠᠷᠢᠭᠤᠴᠠᠨ᠎ᠠ  ᠃
    ᠠᠵᠢᠯᠯᠠᠬᠤ ᠭᠠᠵᠠᠷ᠄ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠬᠥᠬᠡᠬᠣᠲᠠ ᠵᠢᠨ ᠰᠠᠢ᠌ᠬᠠᠨ ᠲᠣᠭᠣᠷᠢᠭ᠎ᠤᠨ ᠹᠧᠩᠵᠧᠤ ᠡᠮᠦᠨ᠎ᠡ ᠵᠠᠮ᠎ᠤᠨ 78 ᠳ᠋ᠤᠭ᠋ᠠᠷ ᠨᠣᠮᠧᠷ
    ᠠᠵᠢᠯᠯᠠᠬᠤ ᠴᠠᠭ᠄ ᠠᠵᠢᠯᠯᠠᠬᠤ ᠡᠳᠦᠷ 9᠄ 0012᠄ 00᠂ 14᠄ 3018᠄ 00
    ᠬᠠᠷᠢᠯᠴᠠᠬᠤ ᠬᠡᠯᠪᠡᠷᠢ᠄ 0471 - 63287666
    ᠬᠠᠷᠢᠭᠤᠴᠠᠯᠭ᠋ᠠᠲᠠᠨ᠄ ᠰᠦᠨ ᠵᠢᠶᠦ᠋ᠨ ᠴᠢᠩ

ᠢᠷᠡᠯᠲᠡ᠄ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠲᠢᠩᠬᠢᠮ
          
ᠬᠠᠮᠢᠶ᠎ᠡ ᠪᠦᠬᠦᠢ ᠰᠣᠨᠢᠨ
ᠪᠠᠢ᠌ᠭᠤᠯᠤᠮᠵᠢ
 
            