ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠤᠳᠤᠷᠢᠳᠤᠯᠭ᠎ᠠ᠎ᠶᠢᠨ ᠲᠠᠨᠢᠯᠴᠠᠭᠤᠯᠭ᠎ᠠ
ᠦᠢᠯᠡᠴᠢᠯᠡᠭᠡ
ᠰᠢᠨᠵᠢᠯᠡᠭᠡ ᠮᠡᠷᠭᠡᠵᠢᠯ
ᠢᠯᠡ ᠵᠠᠰᠠᠭ   -   ᠪᠠᠶ᠋ᠢᠭᠤᠯᠤᠮᠵᠢ
ᠪᠠᠢ᠌ᠭᠤᠯᠤᠮᠵᠢ
ᠨᠡᠶ᠋ᠢᠲᠡᠯᠡᠭᠰᠡᠨ ᠴᠠᠭ᠄ 2024-12-31

    ᠥᠪᠡᠷᠲᠡᠭᠡᠨ ᠵᠠᠰᠠᠬᠤ ᠣᠷᠣᠨ᠎ᠤ ᠰᠢᠨᠵᠢᠯᠡᠬᠦ ᠤᠬᠠᠭ᠋ᠠᠨ ᠮᠡᠷᠭᠡᠵᠢᠯ᠎ᠤᠨ ᠲᠢᠩᠬᠢᠮ᠎ᠨᠢ ᠰᠢᠨᠵᠢᠯᠡᠬᠦ ᠤᠬᠠᠭ᠋ᠠᠨ ᠮᠡᠷᠭᠡᠵᠢᠯ᠎ᠤᠨ ᠰᠢᠨ᠎ᠡ ᠵᠢ ᠡᠭᠦᠳᠬᠦ ᠠᠵᠢᠯ᠎ᠤᠨ ᠲᠤᠬᠠᠶ ᠨᠠᠮ᠎ᠤᠨ ᠲᠥᠪ ᠬᠣᠷᠢᠶ᠎ᠠ ᠵᠢᠨ ᠴᠢᠭᠯᠡᠯᠲᠡ ᠲᠥᠷᠥ ᠵᠢᠨ ᠪᠣᠳᠣᠯᠭ᠎ᠠ ᠵᠢ ᠲᠤᠤᠱᠯᠠᠭᠤᠯᠤᠨ᠂ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ ᠵᠢᠨ ᠬᠠᠮᠢᠶ᠎ᠠ ᠪᠥᠬᠥᠶ ᠰᠢᠢᠳᠪᠦᠷᠢᠲᠦ ᠪᠣᠳᠣᠯᠭ᠎ᠠ ᠵᠢᠨ ᠪᠠᠢ᠌ᠷᠢᠯᠠᠭᠤᠯᠤᠯᠲᠠ ᠵᠢ ᠨᠠᠢ᠌ᠳᠠᠪᠤᠷᠢᠵᠢᠭᠤᠯᠵᠤ᠂ ᠡᠭᠦᠷᠭᠡ ᠬᠠᠷᠢᠭᠤᠴᠠᠯᠭ᠎ᠠ᠎ᠪᠠᠨ ᠭᠦᠢᠴᠡᠳᠬᠡᠬᠦ ᠶᠠᠪᠤᠴᠠ᠎ᠳᠤ ᠰᠢᠨᠵᠢᠯᠡᠬᠦ ᠤᠬᠠᠭ᠋ᠠᠨ ᠮᠡᠷᠭᠡᠵᠢᠯ᠎ᠤᠨ ᠰᠢᠨ᠎ᠡ ᠵᠢ ᠡᠭᠦᠳᠬᠦ ᠠᠵᠢᠯ᠎ᠳᠠᠬᠢ ᠨᠠᠮ᠎ᠤᠨ ᠲᠥᠪᠯᠡᠷᠡᠩᠭᠦᠶ ᠨᠢᠭᠡᠳᠦᠯᠲᠡᠶ ᠤᠳᠤᠷᠢᠳᠤᠯᠭ᠎ᠠ ᠵᠢ ᠪᠠᠷᠢᠮᠲᠠᠯᠠᠨ ᠴᠢᠩᠭ᠋ᠠᠳᠬᠠᠨ᠎ᠠ  ᠃ ᠭᠣᠣᠯ ᠡᠭᠦᠷᠭᠡ ᠬᠠᠷᠢᠭᠤᠴᠠᠯᠭ᠎ᠠ᠎ᠨᠢ᠄ (ᠨᠢᠭᠡ) ᠥᠪᠡᠷᠲᠡᠭᠡᠨ ᠵᠠᠰᠠᠬᠤ ᠣᠷᠣᠨ᠎ᠤ ᠰᠢᠨᠵᠢᠯᠡᠬᠦ ᠤᠬᠠᠭ᠋ᠠᠨ ᠮᠡᠷᠭᠡᠵᠢᠯ᠎ᠤᠨ ᠰᠢᠨ᠎ᠡ ᠵᠢ ᠡᠭᠦᠳᠬᠦ᠎ᠪᠠᠷ ᠬᠥᠳᠡᠯᠭᠡᠭᠦᠷ ᠪᠣᠯᠭ᠋ᠠᠭᠰᠠᠨ ᠬᠥᠭᠵᠢᠯᠲᠡ ᠵᠢᠨ ᠪᠠᠢ᠌ᠯᠳᠤᠬᠤ ᠪᠣᠳᠣᠯᠭ᠎ᠠ ᠵᠢᠴᠢ ᠰᠢᠨᠵᠢᠯᠡᠬᠦ ᠤᠬᠠᠭ᠋ᠠᠨ ᠮᠡᠷᠭᠡᠵᠢᠯ᠎ᠤᠨ ᠬᠥᠭᠵᠢᠯᠲᠡ᠂ ᠭᠠᠳᠠᠭ᠋ᠠᠳᠤ ᠵᠢᠨ ᠣᠶᠤᠨ᠎ᠤ ᠲᠥᠯᠥᠪᠵᠢᠭᠦᠯᠭᠡ ᠵᠢ ᠣᠷᠣᠭᠤᠯᠵᠤ ᠢᠷᠡᠬᠦ ᠵᠢᠨ ᠬᠠᠮᠲᠤ ᠵᠣᠬᠢᠶᠠᠨ ᠪᠠᠢ᠌ᠭᠤᠯᠤᠨ ᠬᠡᠷᠡᠭᠵᠢᠭᠦᠯᠦᠨ᠎ᠡ  ᠃ (ᠬᠣᠶᠠᠷ) ᠥᠪᠡᠷᠲᠡᠭᠡᠨ ᠵᠠᠰᠠᠬᠤ ᠣᠷᠣᠨ᠎ᠤ ᠰᠢᠨᠵᠢᠯᠡᠬᠦ ᠤᠬᠠᠭ᠋ᠠᠨ ᠮᠡᠷᠭᠡᠵᠢᠯ᠎ᠤᠨ ᠴᠢᠳᠠᠪᠤᠷᠢᠲᠠᠨ᠎ᠤ ᠡᠩᠨᠡᠭᠡ ᠵᠢᠨ ᠪᠠᠢ᠌ᠭᠤᠯᠤᠯᠲᠠ ᠵᠢᠨ ᠲᠥᠯᠥᠪᠵᠢᠭᠦᠯᠪᠡ ᠪᠠ ᠲᠥᠷᠥ ᠵᠢᠨ ᠪᠣᠳᠣᠯᠭ᠎ᠠ ᠵᠢ ᠵᠣᠬᠢᠶᠠᠨ ᠪᠠᠢ᠌ᠭᠤᠯᠤᠨ ᠲᠤᠭᠤᠷᠪᠢᠬᠤ ᠵᠢᠨ ᠬᠠᠮᠲᠤ ᠬᠢᠨᠠᠯᠲᠠ ᠲᠠᠯᠪᠢᠨ ᠬᠡᠷᠡᠭᠵᠢᠭᠦᠯᠵᠦ᠂ ᠰᠢᠨᠵᠢᠯᠡᠬᠦ ᠤᠬᠠᠭ᠋ᠠᠨ ᠮᠡᠷᠭᠡᠵᠢᠯ᠎ᠤᠨ ᠴᠢᠳᠠᠪᠤᠷᠢᠲᠠᠨ᠎ᠢ ᠦᠨᠡᠯᠡᠬᠦ ᠪᠠ ᠤᠷᠮᠠᠰᠢᠭᠤᠯᠬᠤ ᠲᠣᠭᠲᠠᠴᠠ ᠵᠢ ᠪᠠᠢ᠌ᠭᠤᠯᠤᠨ ᠪᠦᠷᠢᠨᠰᠢᠭᠦᠯᠵᠦ᠂ ᠰᠢᠨᠵᠢᠯᠡᠬᠦ ᠤᠬᠠᠭ᠋ᠠᠨ ᠮᠡᠷᠭᠡᠵᠢᠯ᠎ᠤᠨ ᠴᠢᠳᠠᠪᠤᠷᠢᠲᠠᠨ᠎ᠤ ᠲᠥᠯᠥᠪᠯᠡᠭᠡ ᠵᠢ ᠵᠣᠬᠢᠶᠠᠨ ᠪᠠᠢ᠌ᠭᠤᠯᠤᠨ ᠬᠡᠷᠡᠭᠵᠢᠭᠦᠯᠵᠦ᠂ ᠰᠢᠨᠵᠢᠯᠡᠬᠦ ᠤᠬᠠᠭ᠋ᠠᠨ ᠮᠡᠷᠭᠡᠵᠢᠯ᠎ᠤᠨ ᠰᠢᠨ᠎ᠡ ᠵᠢ ᠡᠭᠦᠳᠴᠦ ᠠᠳᠠᠯ ᠦᠢᠯᠡᠰ ᠴᠣᠭᠴᠠᠯᠠᠬᠤ ᠴᠢᠳᠠᠪᠤᠷᠢᠲᠠᠨ᠎ᠤ ᠡᠩᠨᠡᠭᠡ ᠵᠢᠨ ᠪᠠᠢ᠌ᠭᠤᠯᠤᠯᠲᠠ ᠵᠢ ᠠᠬᠢᠭᠤᠯᠤᠨ᠎ᠠ  ᠃ (ᠭᠤᠷᠪᠠ) ᠥᠪᠡᠷᠲᠡᠭᠡᠨ ᠵᠠᠰᠠᠬᠤ ᠣᠷᠣᠨ᠎ᠤ ᠰᠢᠨ᠎ᠡ ᠵᠢ ᠡᠭᠦᠳᠬᠦ ᠰᠢᠰᠲ᠋ᠧᠮᠵᠢ ᠵᠢᠨ ᠪᠠᠢ᠌ᠭᠤᠯᠤᠯᠲᠠ ᠪᠠ ᠰᠢᠨᠵᠢᠯᠡᠬᠦ ᠤᠬᠠᠭ᠋ᠠᠨ ᠮᠡᠷᠭᠡᠵᠢᠯ᠎ᠤᠨ ᠪᠠᠢ᠌ᠭᠤᠯᠤᠯ᠎ᠤᠨ ᠥᠭᠡᠷᠡᠴᠢᠯᠡᠯᠲᠡ ᠵᠢ ᠨᠢᠭᠡᠳᠦᠯᠲᠡᠶ ᠲᠥᠯᠥᠪᠯᠡᠨ ᠠᠬᠢᠭᠤᠯᠵᠤ᠂ ᠬᠣᠯᠪᠣᠭᠳᠠᠯ ᠪᠦᠬᠦᠢ ᠰᠠᠯᠠᠭ᠎ᠠ ᠮᠥᠴᠢᠷ᠎ᠲᠠᠢ ᠬᠠᠮᠲᠤᠷᠠᠨ ᠮᠡᠷᠭᠡᠵᠢᠯ᠎ᠤᠨ ᠰᠢᠨ᠎ᠡ ᠵᠢ ᠡᠭᠦᠳᠬᠦ ᠵᠢ ᠤᠷᠮᠠᠰᠢᠭᠤᠯᠬᠤ ᠲᠣᠭᠲᠠᠴᠠ ᠵᠢ ᠪᠦᠷᠢᠨᠰᠢᠭᠦᠯᠦᠨ᠎ᠡ  ᠃ ᠰᠢᠨᠵᠢᠯᠡᠬᠦ ᠤᠬᠠᠭ᠋ᠠᠨ᠎ᠤ ᠰᠤᠳᠤᠯᠤᠯ᠎ᠤᠨ ᠰᠢᠰᠲ᠋ᠧᠮᠵᠢ ᠵᠢᠨ ᠪᠠᠢ᠌ᠭᠤᠯᠤᠯᠲᠠ ᠵᠢ ᠰᠢᠯᠢᠳᠡᠭᠵᠢᠭᠦᠯᠦᠨ᠂ ᠰᠢᠨᠵᠢᠯᠡᠬᠦ ᠤᠬᠠᠭ᠋ᠠᠨ᠎ᠤ ᠰᠤᠳᠤᠯᠤᠯ᠎ᠤᠨ ᠪᠠᠢ᠌ᠭᠤᠯᠤᠮᠵᠢ ᠪᠣᠯᠤᠨ ᠠᠵᠤ ᠠᠬᠤᠢ᠌ᠯᠠᠯ᠎ᠤᠨ ᠰᠢᠨᠵᠢᠯᠡᠬᠦ ᠤᠬᠠᠭ᠋ᠠᠨ ᠮᠡᠷᠭᠡᠵᠢᠯ᠎ᠤᠨ ᠰᠢᠨ᠎ᠡ ᠵᠢ ᠡᠭᠦᠳᠬᠦ ᠴᠢᠳᠠᠪᠤᠷᠢ ᠵᠢᠨ ᠪᠠᠢ᠌ᠭᠤᠯᠤᠯᠲᠠ ᠵᠢ ᠲᠦᠯᠬᠢᠨ ᠠᠬᠢᠭᠤᠯᠤᠨ᠎ᠠ  ᠃ ᠰᠢᠨᠵᠢᠯᠡᠬᠦ ᠤᠬᠠᠭ᠋ᠠᠨ ᠮᠡᠷᠭᠡᠵᠢᠯ᠎ᠤᠨ ᠴᠡᠷᠢᠭ ᠠᠷᠠᠳ᠎ᠤᠨ ᠬᠡᠷᠡᠭᠯᠡᠭᠡ ᠵᠢ ᠠᠭᠤᠰᠤᠯᠴᠠᠭᠤᠯᠤᠨ ᠬᠥᠭᠵᠢᠭᠦᠯᠬᠦ ᠵᠢ ᠠᠬᠢᠭᠤᠯᠬᠤ ᠬᠠᠮᠢᠶ᠎ᠠ ᠪᠦᠬᠦᠢ ᠠᠵᠢᠯ᠎ᠢ ᠡᠭᠦᠷᠭᠡᠯᠡᠨ᠎ᠡ  ᠃ (ᠳᠥᠷᠪᠡ) ᠥᠪᠡᠷᠲᠡᠭᠡᠨ ᠵᠠᠰᠠᠬᠤ ᠣᠷᠣᠨ᠎ᠤ ᠰᠢᠨᠵᠢᠯᠡᠬᠦ ᠤᠬᠠᠭ᠋ᠠᠨ ᠮᠡᠷᠭᠡᠵᠢᠯ᠎ᠤᠨ ᠲᠥᠯᠥᠪᠯᠡᠭᠡ ᠵᠢ ᠨᠠᠢ᠌ᠷᠠᠭᠤᠯᠤᠨ ᠵᠣᠬᠢᠶᠠᠬᠤ ᠵᠢᠨ ᠬᠠᠮᠲᠤ ᠬᠢᠨᠠᠯᠲᠠ ᠲᠠᠯᠪᠢᠨ ᠬᠡᠷᠡᠭᠵᠢᠭᠦᠯᠵᠦ᠂ ᠵᠠᠩᠭᠢᠯᠠᠭ᠎ᠠ ᠵᠢᠨ ᠨᠡᠢ᠌ᠲᠡᠯᠢᠭ ᠴᠢᠨᠠᠷᠲᠠᠶ ᠮᠡᠷᠭᠡᠵᠢᠯ᠎ᠤᠨ ᠰᠤᠳᠤᠯᠤᠨ ᠨᠡᠭᠡᠭᠡᠬᠦ ᠪᠠ ᠰᠢᠨ᠎ᠡ ᠵᠢ ᠡᠭᠦᠳᠬᠦ ᠵᠢ ᠨᠢᠭᠡᠳᠦᠯᠲᠡᠶ ᠲᠥᠯᠥᠪᠯᠡᠨ᠂ ᠴᠢᠬᠤᠯᠠ ᠶᠡᠬᠡ ᠮᠡᠷᠭᠡᠵᠢᠯ᠎ᠤᠨ ᠪᠣᠭᠣᠮᠲᠠ ᠰᠢᠪᠲᠤᠯᠬᠤ ᠪᠠ ᠦᠷ᠎ᠡ ᠪᠦᠲᠦᠭᠡᠯ᠎ᠤᠨ ᠬᠡᠷᠡᠭᠯᠡᠭᠡᠨ᠎ᠤ ᠵᠢᠱ᠌ᠢᠶ᠎ᠡ ᠦᠵᠡᠭᠦᠯᠬᠦ ᠵᠢ ᠲᠦᠷᠦᠭᠦᠯᠡᠨ ᠵᠣᠬᠢᠶᠠᠨ ᠪᠠᠢ᠌ᠭᠤᠯᠤᠨ᠎ᠠ  ᠃

ᠢᠷᠡᠯᠲᠡ᠄ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠲᠢᠩᠬᠢᠮ
          
ᠬᠠᠮᠢᠶ᠎ᠡ ᠪᠦᠬᠦᠢ ᠰᠣᠨᠢᠨ
ᠪᠠᠢ᠌ᠭᠤᠯᠤᠮᠵᠢ ᠵᠢᠨ ᠡᠭᠦᠷᠭᠡ ᠬᠠᠷᠢᠭᠤᠴᠠᠯᠭ᠎ᠠ
 
            