1. ᠶᠠᠭᠤ ᠵᠢ ᠵᠣᠬᠢᠶᠠᠯ ᠪᠦᠲᠦᠭᠡᠯ᠎ᠤᠨ ᠡᠷᠬᠡ ᠭᠡᠳᠡᠭ ᠪᠤᠢ? ᠵᠣᠬᠢᠶᠠᠯ ᠪᠦᠲᠦᠭᠡᠯ᠎ᠤᠨ ᠡᠷᠬᠡ ᠵᠢᠨ ᠬᠠᠤᠯᠢ ᠴᠠᠭ᠋ᠠᠵᠠ ᠵᠢᠨ ᠣᠨᠴᠠᠯᠢᠭ᠎ᠨᠢ ᠶᠠᠭᠤ ᠪᠤᠢ?
ᠵᠣᠬᠢᠶᠠᠯ ᠪᠦᠲᠦᠭᠡᠯ᠎ᠤᠨ ᠡᠷᠬᠡ ᠵᠢ ᠪᠠᠰᠠ ᠬᠡᠪᠯᠡᠭᠦᠯᠬᠦ ᠡᠷᠬᠡ ᠭᠡᠳᠡᠭ᠃ ᠵᠣᠬᠢᠶᠠᠭᠴᠢ ᠵᠢᠨ (ᠬᠠᠤᠯᠢ ᠵᠢᠨ ᠡᠷᠬᠡᠳᠡᠨ ᠪᠤᠶᠤ ᠬᠠᠤᠯᠢ ᠵᠢᠨ ᠪᠤᠰᠤ ᠡᠷᠬᠡᠳᠡᠨ᠂ ᠪᠠᠢ᠌ᠭᠤᠯᠭ᠎ᠠ ᠨᠢᠭᠡᠴᠢ᠂ ᠬᠤᠪᠢ ᠬᠥᠮᠦᠨ) ᠵᠣᠬᠢᠶᠠᠭᠰᠠᠨ ᠤᠳᠬ᠎ᠠ ᠵᠣᠬᠢᠶᠠᠯ᠂ ᠤᠷᠠᠯᠢᠭ᠎ᠤᠨ ᠪᠠ ᠰᠢᠨᠵᠢᠯᠡᠬᠦ ᠤᠬᠠᠭ᠋ᠠᠨ ᠮᠡᠷᠭᠡᠵᠢᠯ᠎ᠤᠨ ᠪᠦᠲᠦᠭᠡᠯ᠎ᠤᠨ ᠡᠳ᠋ᠯᠡᠳᠡᠭ ᠲᠤᠰᠬᠠᠶ ᠡᠵᠡᠮᠰᠢᠬᠦ ᠡᠷᠬᠡ ᠪᠣᠯᠤᠨ᠎ᠠ᠃ ᠵᠣᠬᠢᠶᠠᠯ ᠪᠦᠲᠦᠭᠡᠯ ᠭᠡᠳᠡᠭ᠎ᠨᠢ ᠤᠷᠠᠯᠢᠭ ᠪᠠ ᠰᠢᠨᠵᠢᠯᠡᠬᠦ ᠤᠬᠠᠭ᠋ᠠᠨ᠎ᠤ ᠬᠦᠷᠢᠶᠡᠨ᠎ᠳᠤ ᠥᠪᠡᠷᠮᠢᠴᠡ ᠪᠦᠲᠦᠭᠡᠯᠴᠢ ᠴᠢᠨᠠᠷᠲᠠᠢ ᠮᠥᠷᠲᠡᠭᠡᠨ ᠶᠠᠮᠠᠷ ᠨᠢᠭᠡᠨ ᠪᠣᠳᠠᠲᠠᠶ ᠬᠡᠯᠪᠡᠷᠢ᠎ᠪᠠᠷ ᠪᠠᠭᠤᠯᠭ᠋ᠠᠵᠤ ᠪᠣᠯᠬᠤ ᠤᠶᠤᠨ ᠴᠢᠳᠠᠪᠤᠷᠢ ᠵᠢᠨ ᠦᠷ᠎ᠡ ᠪᠦᠲᠦᠭᠡᠯ᠎ᠢ ᠬᠡᠯᠡᠨ᠎ᠡ᠃ ᠵᠣᠬᠢᠶᠠᠨ ᠪᠦᠲᠦᠭᠡᠬᠦ ᠭᠡᠳᠡᠭ᠎ᠨᠢ ᠤᠷᠠᠯᠢᠭ ᠪᠠ ᠰᠢᠨᠵᠢᠯᠡᠬᠦ ᠤᠬᠠᠭ᠋ᠠᠨ᠎ᠤ ᠪᠦᠲᠦᠭᠡᠯ᠎ᠤᠨ ᠤᠶᠤᠨ ᠴᠢᠳᠠᠪᠤᠷᠢ ᠵᠢᠨ ᠠᠵᠢᠯᠯᠠᠭ᠎ᠠ᠎ᠠᠴᠠ ᠰᠢᠭᠤᠳ ᠪᠤᠢ ᠪᠣᠯᠳᠠᠭ᠃ ᠵᠣᠬᠢᠶᠠᠯ ᠪᠦᠲᠦᠭᠡᠯ᠎ᠤᠨ ᠡᠷᠬᠡ᠎ᠨᠢ ᠪᠦᠲᠦᠭᠡᠯ᠎ᠢ ᠵᠣᠬᠢᠶᠠᠨ ᠪᠦᠳᠦᠭᠡᠭᠰᠡᠨ ᠡᠳᠦᠷ᠎ᠠᠴᠠ ᠡᠬᠢᠯᠡᠨ ᠪᠤᠶ ᠪᠣᠯᠳᠠᠭ᠃ ᠪᠦᠲᠦᠭᠡᠯ᠎ᠢ ᠵᠣᠬᠢᠶᠠᠨ ᠪᠦᠳᠦᠭᠡᠭᠰᠡᠨᠤ ᠲᠠᠷᠠᠭ᠎ᠠ ᠵᠣᠬᠢᠶᠠᠯ ᠪᠦᠲᠦᠭᠡᠯ᠎ᠤᠨ ᠡᠷᠬᠡ᠎ᠨᠢ ᠳᠠᠩᠰᠠᠯᠠᠬᠤ᠂ ᠭᠤᠶᠤᠴᠢᠯᠡᠬᠤ ᠪᠤᠶᠤ ᠪᠦᠷᠢᠳᠭᠡᠯ᠎ᠤᠨ ᠭᠠᠷ ᠭᠦᠢ᠍ᠴᠡᠳᠬᠡᠯ ᠬᠢᠬᠦ ᠴᠢᠬᠤᠯᠠ ᠦᠭᠡᠢ᠎ᠪᠠᠷ ᠠᠶᠠᠨᠳᠠᠭ᠋ᠠᠨ ᠪᠤᠢ ᠪᠣᠯᠵᠤ᠂ ᠬᠡᠪᠯᠡᠭᠳᠡᠬᠦ ᠡᠰᠡᠬᠦ᠎ᠪᠠᠷ ᠴᠦ᠍ ᠤᠷᠢᠲᠠᠯ ᠪᠣᠯᠭ᠋ᠠᠳᠠᠭ ᠦᠭᠡᠢ᠃
2. ᠵᠣᠬᠢᠶᠠᠯ ᠪᠦᠲᠦᠭᠡᠯ᠎ᠤᠨ ᠡᠷᠬᠡ ᠵᠢᠨ ᠬᠠᠮᠢᠶᠠᠷᠤᠯᠲᠠ ᠵᠢᠨ ᠰᠠᠯᠠᠭ᠎ᠠ ᠮᠥᠴᠢᠷ᠎ᠨᠢ ᠶᠠᠭᠤ ᠶᠠᠭᠤ ᠪᠠᠶ᠋ᠢᠳᠠᠭ ᠪᠤᠢ?
(ᠨᠢᠭᠡ) ᠤᠯᠤᠰ᠎ᠤᠨ ᠬᠡᠪᠯᠡᠯ᠎ᠤᠨ ᠡᠷᠬᠡ ᠵᠢᠨ ᠲᠣᠪᠴᠢᠶ᠎ᠠ᠎ᠠᠴᠠ ᠪᠦᠬᠦ ᠤᠯᠤᠰ᠎ᠤᠨ ᠵᠣᠬᠢᠶᠠᠯ ᠪᠦᠲᠦᠭᠡᠯ᠎ᠤᠨ ᠡᠷᠬᠡ ᠵᠢᠨ (ᠵᠥᠭᠡᠯᠡᠨ ᠲᠣᠨᠤᠭ᠎ᠤᠨ ᠵᠣᠬᠢᠶᠠᠯ ᠪᠦᠲᠦᠭᠡᠯ᠎ᠤᠨ ᠡᠷᠬᠡ ᠪᠠᠭᠲᠠᠨ᠎ᠠ) ᠬᠠᠮᠢᠶᠠᠷᠤᠯᠲᠠ ᠵᠢᠨ ᠠᠵᠢᠯ᠎ᠢ ᠭᠣᠣᠯᠯᠠᠨ ᠬᠠᠷᠢᠭᠤᠴᠠᠨ᠎ᠠ᠃ ᠡᠭᠦᠨ᠎ᠳᠤ᠄ (1) ᠪᠦᠬᠦ ᠤᠯᠤᠰ᠎ᠲᠤ ᠨᠥᠯᠥᠭᠡ ᠶᠡᠭᠡ᠎ᠲᠠᠢ ᠵᠣᠬᠢᠶᠠᠯ ᠪᠦᠲᠦᠭᠡᠯ᠎ᠤᠨ ᠡᠷᠬᠡ᠎ᠳᠤ ᠬᠠᠯᠳᠠᠭᠰᠠᠨ ᠬᠡᠷᠡᠭ᠎ᠢ ᠪᠠᠶ᠋ᠢᠴᠠᠭ᠋ᠠᠨ ᠰᠢᠶᠳᠪᠦᠷᠢᠯᠡᠬᠦ᠃ (2) ᠣᠷᠣᠨ ᠨᠤᠲᠤᠭ᠎ᠤᠨ ᠵᠣᠬᠢᠶᠠᠯ ᠪᠦᠲᠦᠭᠡᠯ᠎ᠤᠨ ᠡᠷᠬᠡ ᠵᠢᠨ ᠵᠠᠰᠠᠭ ᠵᠠᠬᠢᠷᠭ᠋ᠠᠨ᠎ᠤ ᠬᠠᠮᠢᠶᠠᠷᠤᠯᠲᠠ ᠵᠢᠨ ᠰᠠᠯᠠᠭ᠎ᠠ ᠮᠥᠴᠢᠷ᠎ᠤᠨ ᠠᠵᠢᠯ᠎ᠢ ᠵᠢᠭ᠋ᠠᠨ ᠵᠢᠯᠤᠭᠤᠳᠬᠤ ᠵᠡᠷᠭᠡ ᠠᠵᠢᠯ ᠪᠠᠭᠲᠠᠨ᠎ᠠ᠃
(ᠬᠣᠶᠠᠷ) ᠣᠷᠣᠨ ᠨᠤᠲᠤᠭ᠎ᠤᠨ ᠵᠣᠬᠢᠶᠠᠯ ᠪᠦᠲᠦᠭᠡᠯ᠎ᠤᠨ ᠡᠷᠬᠡ ᠵᠢᠨ ᠵᠠᠰᠠᠭ ᠵᠠᠬᠢᠷᠭ᠋ᠠᠨ᠎ᠤ ᠬᠠᠮᠢᠶᠠᠷᠤᠯᠲᠠ ᠵᠢᠨ ᠰᠠᠯᠠᠭ᠎ᠠ ᠮᠥᠴᠢᠷ᠃ ᠡᠯ᠎ᠡ ᠮᠤᠵᠢ᠂ ᠥᠪᠡᠷᠲᠡᠭᠡᠨ ᠵᠠᠰᠠᠬᠤ ᠣᠷᠣᠨ᠂ ᠰᠢᠭᠤᠳ ᠬᠠᠷᠢᠶ᠎ᠠ ᠬᠣᠲᠠ ᠵᠢᠨ ᠠᠷᠠᠳ᠎ᠤᠨ ᠵᠠᠰᠠᠭ᠎ᠤᠨ ᠣᠷᠳᠣᠨ᠎ᠤ ᠵᠣᠬᠢᠶᠠᠯ ᠪᠦᠲᠦᠭᠡᠯ᠎ᠤᠨ ᠡᠷᠬᠡ ᠵᠢᠨ ᠵᠠᠰᠠᠭ ᠵᠠᠬᠢᠷᠭ᠋ᠠᠨ᠎ᠤ ᠬᠠᠮᠢᠶᠠᠷᠤᠯᠲᠠ ᠵᠢᠨ ᠰᠠᠯᠠᠭ᠎ᠠ ᠮᠥᠴᠢᠷ᠎ᠠᠴᠠ ᠲᠤᠬᠠᠢ ᠵᠢᠨ ᠭᠠᠵᠠᠷ᠎ᠤᠨ ᠵᠣᠬᠢᠶᠠᠯ ᠪᠦᠲᠦᠭᠡᠯ᠎ᠤᠨ ᠡᠷᠬᠡ ᠵᠢᠨ ᠬᠠᠮᠢᠶᠠᠷᠤᠯᠲᠠ ᠵᠢᠨ ᠠᠵᠢᠯ᠎ᠢ ᠭᠣᠣᠯᠯᠠᠨ ᠬᠠᠮᠢᠶᠠᠷᠤᠨ᠎ᠠ᠃ ᠡᠭᠦᠨ᠎ᠠᠴᠠ ᠭᠠᠳᠠᠨ᠎ᠠ ᠪᠠᠰᠠ ᠳᠤᠮᠳᠠᠳᠤ ᠤᠯᠤᠰ᠎ᠤᠨ ᠬᠡᠪᠯᠡᠯ᠎ᠤᠨ ᠡᠷᠬᠡ ᠵᠢᠨ ᠬᠠᠮᠠᠭ᠋ᠠᠯᠠᠯᠲᠠ ᠵᠢᠨ ᠲᠥᠪ᠂ ᠳᠠᠭᠤᠤ ᠬᠥᠭᠵᠢᠮ᠎ᠤᠨ ᠵᠣᠬᠢᠶᠠᠯ ᠪᠦᠲᠦᠭᠡᠯ᠎ᠤᠨ ᠡᠷᠬᠡ ᠵᠢᠨ ᠨᠡᠶ᠋ᠢᠭᠡᠮᠯᠢᠭ᠎ᠤᠨ ᠵᠡᠷᠭᠡ ᠨᠡᠶ᠋ᠢᠭᠡᠮ᠎ᠤᠨ ᠦᠢ᠍ᠯᠡᠴᠢᠯᠡᠭᠡ ᠪᠠ ᠨᠡᠶ᠋ᠢᠭᠡᠮᠯᠢᠭ᠎ᠤᠨ ᠵᠣᠬᠢᠶᠠᠨ ᠪᠠᠶ᠋ᠢᠭᠤᠯᠤᠯᠲᠠ ᠪᠣᠢ᠂ ᠳᠤᠮᠳᠠᠳᠤ ᠤᠯᠤᠰ᠎ᠤᠨ ᠬᠡᠪᠯᠡᠯ᠎ᠤᠨ ᠡᠷᠬᠡ ᠵᠢᠨ ᠬᠠᠮᠠᠭ᠋ᠠᠯᠠᠯᠲᠠ ᠵᠢᠨ ᠲᠥᠪ᠎ᠨᠢ ᠤᠯᠤᠰ᠎ᠠᠴᠠ ᠪᠠᠶ᠋ᠢᠭᠤᠯᠤᠭᠰᠠᠨ ᠶᠡᠷᠦᠩᠬᠡᠶ᠋ᠢᠯᠡᠭᠰᠡᠨ ᠴᠢᠨᠠᠷᠲᠠᠶ ᠬᠡᠪᠯᠡᠯ᠎ᠤᠨ ᠡᠷᠬᠡ ᠵᠢᠨ ᠨᠡᠶ᠋ᠢᠭᠡᠮ᠎ᠤᠨ ᠬᠠᠮᠢᠶᠠᠷᠤᠯᠲᠠ ᠪᠣᠯᠤᠨ ᠨᠡᠶ᠋ᠢᠭᠡᠮ᠎ᠤᠨ ᠦᠢ᠍ᠯᠡᠴᠢᠯᠡᠭᠡᠨ᠎ᠤ ᠪᠠᠶ᠋ᠢᠭᠤᠯᠤᠮᠵᠢ ᠪᠣᠯᠣᠨ᠎ᠠ᠃ ᠲᠡᠭᠦᠨ᠎ᠤ ᠭᠣᠣᠯ ᠡᠭᠦᠷᠭᠡ ᠬᠠᠷᠢᠭᠤᠴᠠᠯᠭ᠎ᠠ ᠭᠡᠪᠡᠯ᠄
(1) ᠬᠡᠪᠯᠡᠯ᠎ᠤᠨ ᠡᠷᠬᠡ ᠵᠢᠨ ᠣᠷᠣᠯᠠᠭᠴᠢ᠃
(2) ᠤᠯᠤᠰ᠎ᠤᠨ ᠬᠡᠪᠯᠡᠯ᠎ᠤᠨ ᠡᠷᠬᠡ ᠵᠢᠨ ᠲᠣᠪᠴᠢᠶᠠᠨ᠎ᠤ ᠨᠠᠶ᠋ᠢᠳᠠᠯᠭ᠎ᠠ᠎ᠪᠠᠷ ᠺᠣᠮᠫᠢᠦ᠋ᠲ᠋ᠧᠷ᠎ᠤᠨ ᠵᠥᠭᠡᠯᠡᠨ ᠲᠣᠨᠤᠭ᠎ᠢ ᠳᠠᠩᠰᠠᠯᠠᠭᠤᠯᠬᠤ᠂ ᠭᠠᠳᠠᠭ᠋ᠠᠳᠤ᠎ᠳᠤ ᠬᠣᠯᠪᠣᠭᠳᠠᠬᠤ ᠵᠣᠬᠢᠶᠠᠯ᠎ᠢ ᠳᠠᠩᠰᠠᠯᠠᠭᠤᠯᠬᠤ᠂ ᠬᠡᠪᠯᠡᠯ᠎ᠤᠨ ᠡᠷᠬᠡ ᠵᠢᠨ ᠳᠠᠨᠵᠢᠯᠠᠬᠤ ᠭᠡᠷ᠎ᠡ ᠵᠢ ᠳᠠᠩᠰᠠᠯᠠᠭᠤᠯᠬᠤ᠂ ᠲᠠᠭᠤ ᠳᠦᠷᠰᠦ ᠰᠢᠩᠭᠡᠭᠡᠯᠲᠡ ᠵᠢᠨ ᠦᠢ᠍ᠯᠡᠳᠬᠦᠨ᠎ᠤ ᠡᠷᠬᠡ ᠵᠢ ᠰᠢᠯᠵᠢᠭᠦᠯᠦᠨ ᠥᠭᠬᠦ ᠪᠠ ᠬᠡᠷᠡᠭᠯᠡᠬᠦ ᠵᠥᠪᠰᠢᠶᠡᠷᠡᠯ᠎ᠤᠨ ᠭᠡᠷ᠎ᠡ ᠵᠢ ᠳᠠᠩᠰᠠᠯᠠᠭᠤᠯᠬᠤ ᠵᠡᠷᠭᠡ ᠵᠢ ᠵᠢᠭ᠋ᠠᠵᠤ ᠪᠣᠢ᠃
ᠳᠤᠮᠳᠠᠳᠤ ᠤᠯᠤᠰ᠎ᠤᠨ ᠲᠠᠭᠤᠤ ᠬᠥᠭᠵᠢᠮ᠎ᠤᠨ ᠵᠣᠬᠢᠶᠠᠯ ᠪᠦᠲᠦᠭᠡᠯ᠎ᠤᠨ ᠡᠷᠬᠡ ᠵᠢᠨ ᠨᠡᠶ᠋ᠢᠭᠡᠮᠯᠢᠭ᠎ᠨᠢ ᠤᠯᠤᠰ᠎ᠤᠨ ᠬᠡᠪᠯᠡᠯ᠎ᠤᠨ ᠡᠷᠬᠡ ᠵᠢᠨ ᠲᠣᠪᠴᠢᠶ᠎ᠠ ᠪᠣᠯᠤᠨ ᠳᠤᠮᠳᠠᠳᠤ ᠤᠯᠤᠰ᠎ᠤᠨ ᠳᠠᠭᠤᠤ ᠬᠥᠭᠵᠢᠮᠴᠢᠳ᠎ᠤᠨ ᠨᠡᠶ᠋ᠢᠭᠡᠮᠯᠢᠭ ᠬᠠᠮᠲᠤ᠎ᠪᠠᠷ ᠡᠭᠦᠰᠭᠡᠨ ᠪᠠᠢ᠍ᠭᠤᠯᠤᠭᠰᠠᠨ ᠲᠠᠭᠤᠤ ᠬᠥᠭᠵᠢᠮ᠎ᠤᠨ ᠵᠣᠬᠢᠶᠠᠯ ᠪᠦᠲᠦᠭᠡᠯ᠎ᠤᠨ ᠡᠷᠬᠡ ᠵᠢᠨ ᠬᠠᠮᠲᠤ ᠵᠢᠨ ᠬᠠᠮᠢᠶᠠᠷᠤᠯᠲᠠ ᠵᠢᠨ ᠵᠣᠬᠢᠶᠠᠨ ᠪᠠᠶ᠋ᠢᠭᠤᠯᠤᠯᠲᠠ ᠮᠥᠨ᠃ ᠳᠡᠭᠦᠨ᠎ᠤ ᠭᠣᠣᠯ ᠡᠭᠦᠷᠭᠡ ᠬᠠᠷᠢᠭᠤᠴᠠᠯᠭ᠎ᠠ ᠭᠡᠪᠡᠯ᠄
(1) ᠳᠠᠭᠤᠤ ᠬᠥᠭᠵᠢᠮ᠎ᠤᠨ ᠵᠣᠬᠢᠶᠠᠯ ᠪᠦᠲᠦᠭᠡᠯ᠎ᠤᠨ ᠡᠷᠬᠡᠲᠦ ᠬᠥᠮᠦᠨ ᠪᠠ ᠳᠠᠭᠤᠤ ᠬᠥᠭᠵᠢᠮ᠎ᠤᠨ ᠪᠦᠲᠦᠭᠡᠯ᠎ᠢ ᠪᠦᠷᠢᠳᠬᠡᠬᠦ ᠪᠠ ᠳᠠᠩᠰᠠ ᠡᠪᠬᠡᠮᠡᠯ᠎ᠢ ᠬᠠᠮᠢᠶᠠᠷᠬᠤ᠃
(2) ᠳᠠᠭᠤᠤ ᠬᠥᠭᠵᠢᠮ᠎ᠤᠨ ᠵᠣᠭᠢᠶᠠᠯ ᠪᠦᠲᠦᠭᠡᠯ᠎ᠢ ᠬᠡᠷᠡᠭᠯᠡᠭᠴᠢ ᠵᠢᠨ ᠲᠤᠰᠢᠶᠠᠭᠰᠠᠨ ᠪᠦᠲᠦᠭᠡᠯ᠎ᠢ ᠬᠡᠷᠡᠭᠯᠡᠬᠦ ᠵᠥᠪᠰᠢᠶᠡᠷᠡᠯ᠎ᠤᠨ ᠵᠠᠷᠤᠳᠠᠯ᠎ᠢ᠎ᠨᠢ ᠬᠠᠤᠯᠢ ᠶᠣᠰᠣᠭ᠋ᠠᠷ ᠬᠣᠷᠢᠶᠠᠨ ᠠᠪᠬᠤ ᠪᠥᠭᠡᠳ ᠵᠥᠪᠰᠢᠶᠡᠷᠡᠯ᠎ᠤᠨ ᠦᠨᠡᠮᠯᠡᠯ᠎ᠢ ᠲᠠᠷᠬᠠᠭ᠋ᠠᠨ ᠥᠭᠬᠦ ᠵᠡᠷᠭᠡ ᠡᠭᠦᠷᠭᠡ ᠪᠠᠭᠲᠠᠨ᠎ᠠ᠃
3. ᠮᠠᠨ᠎ᠤ ᠤᠯᠤᠰ᠎ᠤᠨ ᠵᠣᠬᠢᠶᠠᠯ ᠪᠦᠲᠦᠭᠡᠯ᠎ᠤᠨ ᠡᠷᠬᠡ ᠵᠢ ᠬᠠᠮᠠᠭ᠋ᠠᠯᠠᠬᠤ ᠲᠤᠬᠠᠶ ᠬᠠᠤᠯᠢ ᠴᠠᠭ᠋ᠠᠵᠠ᠂ ᠳᠦᠷᠢᠮ ᠲᠣᠭᠲᠠᠭ᠋ᠠᠯ᠎ᠳᠤ ᠭᠣᠣᠯᠳᠠᠭᠤ ᠶᠠᠭᠤ ᠶᠠᠭᠤ ᠪᠠᠶ᠋ᠢᠳᠠᠭ ᠪᠤᠢ?
(ᠨᠢᠭᠡ) 《ᠵᠣᠬᠢᠶᠠᠯ ᠪᠦᠲᠦᠭᠡᠯ᠎ᠤᠨ ᠡᠷᠬᠡ ᠵᠢᠨ ᠬᠠᠤᠯᠢ》 ᠪᠣᠯᠤᠨ ᠲᠡᠭᠦᠨ᠎ᠢ ᠬᠡᠷᠡᠭᠵᠢᠭᠦᠯᠬᠦ ᠳᠦᠷᠢᠮ᠃
(ᠬᠣᠶᠠᠷ) ᠠᠷᠠᠳ᠎ᠤᠨ ᠳᠡᠭᠡᠳᠦ ᠵᠡᠷᠭᠡ ᠵᠢᠨ ᠰᠢᠭᠦᠬᠦ ᠬᠣᠷᠢᠶ᠎ᠠ᠎ᠠᠴᠠ ᠵᠣᠬᠢᠶᠠᠯ ᠪᠦᠲᠦᠭᠡᠯ᠎ᠤᠨ ᠡᠷᠬᠡ ᠵᠢᠨ ᠢᠷᠭᠡᠨ᠎ᠤ ᠬᠡᠷᠡᠭ᠎ᠤᠨ ᠵᠢᠭᠤᠷᠠᠯᠳᠤᠭ᠋ᠠᠨ᠎ᠢ ᠰᠢᠭᠦᠬᠦ᠎ᠳᠤ ᠬᠠᠤᠯᠢ ᠴᠠᠭ᠋ᠠᠵᠠ ᠵᠢ ᠬᠡᠷᠡᠭᠯᠡᠬᠦ ᠬᠠᠤᠯᠢ ᠵᠢᠨ ᠠᠰᠠᠭᠤᠳᠠᠯ᠎ᠤᠳ᠎ᠤᠨ ᠲᠤᠬᠠᠶ ᠲᠠᠶ᠋ᠢᠯᠪᠤᠷᠢᠯᠠᠯᠲᠠ᠃ ᠺᠣᠮᠫᠢᠦ᠋ᠲ᠋ᠧᠷ᠎ᠤᠨ ᠰᠦᠯᠵᠢᠶᠡᠨ᠎ᠤ ᠵᠣᠬᠢᠶᠠᠯ ᠪᠦᠲᠦᠭᠡᠯ᠎ᠤᠨ ᠡᠷᠬᠡ᠎ᠳᠤ ᠬᠠᠯᠳᠠᠭᠰᠠᠨ ᠵᠢᠭᠤᠷᠠᠯᠳᠤᠭ᠋ᠠᠨ᠎ᠤ ᠬᠡᠷᠡᠭ᠎ᠢ ᠰᠢᠭᠦᠬᠦ᠎ᠳᠤ ᠬᠠᠤᠯᠢ ᠴᠠᠭ᠋ᠠᠵᠠ ᠵᠢ ᠬᠡᠷᠡᠭᠯᠡᠬᠦ ᠠᠰᠠᠭᠤᠳᠠᠯ᠎ᠤᠳ᠎ᠤᠨ ᠲᠤᠬᠠᠶ ᠲᠠᠶ᠋ᠢᠯᠪᠤᠷᠢᠯᠠᠯᠲᠠ᠃ ᠠᠷᠠᠳ᠎ᠤᠨ ᠳᠡᠭᠡᠳᠦ ᠵᠡᠷᠭᠡ ᠵᠢᠨ ᠰᠢᠭᠦᠬᠦ ᠬᠣᠷᠢᠶ᠎ᠠ ᠺᠣᠮᠫᠢᠦ᠋ᠲ᠋ᠧᠷ᠎ᠤᠨ ᠰᠦᠯᠵᠢᠶᠡᠨ᠎ᠤ ᠬᠦᠷᠢᠶᠡᠨ᠎ᠳᠠᠬᠢ ᠨᠡᠷᠡᠳᠤ ᠬᠣᠯᠪᠤᠭᠳᠠᠬᠤ ᠢᠷᠭᠡᠨ᠎ᠤ ᠬᠡᠷᠡᠭ᠎ᠤᠨ ᠵᠢᠭᠤᠷᠠᠯᠳᠤᠭ᠋ᠠᠨ᠎ᠢ ᠰᠢᠭᠦᠬᠦ᠎ᠳᠤ ᠬᠡᠷᠡᠭᠯᠡᠬᠦ ᠬᠠᠤᠯᠢ ᠴᠠᠭ᠋ᠠᠵᠠ ᠵᠢᠨ ᠠᠰᠠᠭᠤᠳᠠᠯ᠎ᠤᠳ᠎ᠤᠨ ᠲᠤᠬᠠᠶ ᠲᠠᠶ᠋ᠢᠯᠪᠤᠷᠢᠯᠠᠯᠲᠠ᠃
(ᠭᠤᠷᠪᠠ) 《ᠵᠣᠬᠢᠶᠠᠯ ᠪᠦᠲᠦᠭᠡᠯ᠎ᠤᠨ ᠡᠷᠬᠡ ᠵᠢᠨ ᠬᠠᠮᠲᠤ ᠵᠢᠨ ᠬᠠᠮᠢᠶᠠᠷᠤᠯᠲᠠ ᠵᠢᠨ ᠲᠦᠷᠢᠮ》᠃
(ᠲᠦᠷᠪᠡ) 《ᠺᠣᠮᠫᠢᠦ᠋ᠲ᠋ᠧᠷ᠎ᠤᠨ ᠵᠥᠭᠡᠯᠡᠨ ᠲᠣᠨᠤᠭ᠎ᠢ ᠬᠠᠮᠠᠭ᠋ᠠᠯᠠᠬᠤ ᠳᠦᠷᠢᠮ》᠃
(ᠲᠠᠪᠤ) 《ᠮᠡᠳᠡᠭᠡ ᠵᠠᠩᠭᠢ ᠵᠢᠨ ᠲᠣᠣᠷ ᠰᠦᠯᠵᠢᠶ᠎ᠡ᠎ᠪᠠᠷ ᠳᠠᠮᠵᠢᠭᠤᠯᠤᠨ ᠨᠡᠪᠲᠡᠷᠡᠭᠦᠯᠬᠦ ᠡᠷᠬᠡ ᠵᠢ ᠬᠠᠮᠠᠭ᠋ᠠᠯᠠᠬᠤ ᠳᠦᠷᠢᠮ》᠃
4. ᠵᠣᠬᠢᠶᠠᠯ ᠪᠦᠲᠦᠭᠡᠯ᠎ᠤᠨ ᠡᠷᠬᠡ᠎ᠨᠢ ᠬᠡᠨ᠎ᠳᠤ ᠬᠠᠷᠢᠶᠠᠯᠠᠭᠳᠠᠬᠤ ᠪᠤᠢ?
ᠵᠣᠬᠢᠶᠠᠯ ᠪᠦᠲᠦᠭᠡᠯ᠎ᠤᠨ ᠡᠷᠬᠡ᠎ᠨᠢ ᠵᠣᠬᠢᠶᠠᠯ ᠪᠦᠲᠦᠭᠡᠯ᠎ᠤᠨ ᠡᠷᠬᠡᠲᠦ ᠬᠥᠮᠦᠨ᠎ᠳᠤ ᠬᠠᠷᠢᠶᠠᠯᠠᠭᠳᠠᠨ᠎ᠠ᠃ ᠳᠡᠭᠦᠨ᠎ᠳᠤ ᠳᠣᠣᠷᠠᠬᠢ ᠵᠦᠢ᠍ᠯ᠎ᠤᠳ ᠪᠠᠭᠲᠠᠨ᠎ᠠ᠄
(ᠨᠢᠭᠡ) ᠵᠣᠬᠢᠶᠠᠭᠴᠢ᠃
(ᠬᠣᠶᠠᠷ) 《ᠵᠣᠬᠢᠶᠠᠯ ᠪᠦᠲᠦᠭᠡᠯ᠎ᠤᠨ ᠡᠷᠬᠡ ᠵᠢᠨ ᠬᠠᠤᠯᠢ》 ᠶᠣᠰᠣᠭ᠋ᠠᠷ ᠪᠤᠰᠤᠳ ᠵᠣᠬᠢᠶᠠᠯ ᠪᠦᠲᠦᠭᠡᠯ᠎ᠤᠨ ᠡᠷᠬᠡ ᠵᠢ ᠡᠳ᠋ᠯᠡᠬᠦ ᠠᠷᠠᠳ ᠢᠷᠭᠡᠨ᠂ ᠬᠠᠤᠯᠢ ᠵᠢᠨ ᠡᠷᠬᠡᠲᠡᠨ ᠪᠤᠶᠤ ᠪᠤᠰᠤᠳ ᠵᠣᠬᠢᠶᠠᠨ ᠪᠠᠶ᠋ᠢᠭᠤᠯᠤᠯᠲᠠ᠃
(ᠭᠤᠷᠪᠠ) ᠮᠠᠨ᠎ᠤ ᠤᠯᠤᠰ᠎ᠤᠨ ᠪᠤᠰᠤᠳ ᠬᠣᠯᠪᠣᠭᠳᠠᠯ ᠪᠦᠬᠦᠢ ᠬᠠᠤᠯᠢ ᠴᠠᠭ᠋ᠠᠵᠠ ᠵᠢᠨ ᠲᠣᠭᠲᠠᠭ᠋ᠠᠯ ᠶᠣᠰᠣᠭ᠋ᠠᠷ ᠵᠣᠬᠢᠶᠠᠯ ᠪᠦᠲᠦᠭᠡᠯ᠎ᠤᠨ ᠡᠷᠬᠡ ᠵᠠᠯᠭ᠋ᠠᠮᠵᠢᠯᠠᠬᠤ᠂ ᠭᠡᠷᠢᠶᠡᠰᠦᠯᠡᠨ ᠬᠦᠷᠭᠡᠬᠦ᠂ ᠦᠨ᠎ᠡ ᠬᠠᠶᠠᠵᠤ ᠬᠤᠳᠠᠯᠳᠤᠬᠤ᠂ ᠰᠢᠯᠵᠢᠭᠦᠯᠦᠨ ᠥᠭᠬᠦ ᠵᠡᠷᠭᠡ ᠠᠷᠭ᠎ᠠ ᠮᠠᠶᠢᠭ ᠵᠶ᠋ᠠᠷ ᠣᠯᠤᠭᠰᠠᠨ ᠠᠷᠠᠳ ᠢᠷᠭᠡᠨ᠂ ᠬᠠᠤᠯᠢ ᠵᠢᠨ ᠡᠷᠬᠡᠲᠡᠨ ᠪᠤᠶᠤ ᠪᠤᠰᠤᠳ ᠵᠣᠬᠢᠶᠠᠨ ᠪᠠᠶ᠋ᠢᠭᠤᠯᠤᠯᠲᠠ ᠪᠠᠢ᠌ᠳᠠᠭ᠃
5. 《ᠵᠣᠬᠢᠶᠠᠯ ᠪᠦᠲᠦᠭᠡᠯ᠎ᠤᠨ ᠡᠷᠬᠡ ᠵᠢᠨ ᠬᠠᠤᠯᠢ》᠎ᠨᠢ ᠶᠠᠮᠠᠷ ᠶᠠᠮᠠᠷ ᠪᠦᠲᠦᠭᠡᠯ᠎ᠢ ᠬᠠᠮᠠᠭ᠋ᠠᠯᠠᠳᠠᠭ ᠪᠤᠢ?
(1) ᠦᠰᠦᠭ ᠪᠢᠴᠢᠭ᠎ᠤᠨ ᠪᠦᠲᠦᠭᠡᠯ᠃ (2) ᠠᠮᠠᠨ ᠶᠠᠷᠢᠶᠠᠨ᠎ᠤ ᠪᠦᠲᠦᠭᠡᠯ᠃ (3) ᠳᠠᠭᠤᠤ ᠬᠥᠭᠵᠢᠮ᠂ ᠰᠢ ᠵᠦᠴᠦᠭᠡ᠂ ᠪᠥᠵᠢᠭ᠂ ᠼᠢᠷᠺ ᠤᠷᠠᠯᠢᠭ᠎ᠤᠨ ᠪᠦᠲᠦᠭᠡᠯ᠃ (4) ᠤᠷᠠᠨ ᠵᠢᠷᠤᠭ᠂ ᠪᠠᠷᠢᠯᠭ᠎ᠠ ᠵᠢᠨ ᠪᠦᠳᠦᠭᠡᠯ᠃ (5) ᠭᠡᠷᠡᠯ ᠵᠢᠷᠤᠭ᠎ᠤᠨ ᠪᠦᠲᠦᠭᠡᠯ᠃ (6) ᠺᠢᠨᠣ᠋ ᠵᠢᠨ ᠪᠦᠲᠦᠭᠡᠯ ᠪᠣᠯᠤᠨ ᠺᠢᠨᠣ᠋ ᠰᠡᠭᠦᠳᠡᠷᠯᠡᠨ ᠦᠢ᠍ᠯᠡᠳᠬᠦ ᠬᠡᠯᠪᠡᠷᠢ᠎ᠪᠠᠷ ᠵᠣᠬᠢᠶᠠᠨ ᠪᠦᠲᠦᠭᠡᠭᠰᠡᠨ ᠪᠦᠲᠦᠭᠡᠯ᠃ (7) ᠪᠠᠷᠢᠯᠭ᠎ᠠ ᠵᠢᠨ ᠵᠢᠷᠤᠵᠤ ᠳᠦᠯᠦᠪᠯᠡᠭᠰᠡᠨ ᠵᠢᠷᠤᠭ᠂ ᠦᠢ᠍ᠯᠡᠳᠬᠦᠨ᠎ᠤ ᠲᠥᠯᠥᠪᠯᠡᠭᠡᠨ᠎ᠤ ᠵᠢᠷᠤᠭ᠂ ᠭᠠᠵᠠᠷ᠎ᠤᠨ ᠵᠢᠷᠤᠭ᠂ ᠲᠠᠶ᠋ᠢᠯᠪᠤᠷᠢ ᠵᠢᠷᠤᠭ ᠵᠡᠷᠭᠡ ᠵᠢᠷᠤᠭ᠎ᠤᠨ ᠬᠡᠯᠪᠡᠷᠢᠲᠦ ᠪᠦᠲᠦᠭᠡᠯ ᠪᠠ ᠵᠠᠭᠪᠤᠷᠳᠣ ᠪᠦᠲᠦᠭᠡᠯ᠃ (8) ᠺᠣᠮᠫᠢᠦ᠋ᠲ᠋ᠧᠷ᠎ᠤᠨ ᠵᠥᠭᠡᠯᠡᠨ ᠲᠤᠨᠤᠭ᠃ (9) ᠬᠠᠤᠯᠢ ᠴᠠᠭ᠋ᠠᠵᠠ᠂ ᠵᠠᠰᠠᠭ ᠵᠠᠬᠢᠷᠭ᠋ᠠᠨ᠎ᠤ ᠬᠠᠤᠯᠢ ᠲᠣᠭᠲᠠᠭ᠋ᠠᠯ᠎ᠳᠤ ᠲᠣᠭᠲᠠᠭ᠋ᠠᠭᠰᠠᠨ ᠪᠤᠰᠤᠳ ᠪᠦᠲᠦᠭᠡᠯ᠎ᠢ ᠬᠠᠮᠠᠭ᠋ᠠᠯᠠᠳᠠᠭ᠃
6. ᠪᠤᠢ ᠪᠦᠬᠦᠢ ᠤᠷᠠᠨ ᠵᠣᠬᠢᠶᠠᠯ᠂ ᠤᠷᠠᠯᠢᠭ ᠪᠠ ᠰᠢᠨᠵᠢᠯᠡᠬᠦ ᠤᠬᠠᠭ᠋ᠠᠨ᠎ᠤ ᠪᠦᠲᠦᠭᠡᠯ᠎ᠨᠢ ᠴᠥᠮ 《ᠵᠣᠬᠢᠶᠠᠯ ᠪᠦᠲᠦᠭᠡᠯ᠎ᠤᠨ ᠡᠷᠬᠡ ᠵᠢᠨ ᠬᠠᠤᠯᠢ》᠎ᠪᠠᠷ ᠬᠠᠮᠠᠭ᠋ᠠᠯᠠᠭᠳᠠᠨ᠎ᠠ ᠤᠤ?
(ᠨᠢᠭᠡ) ᠬᠠᠤᠯᠢ ᠶᠣᠰᠣᠭ᠋ᠠᠷ ᠬᠡᠪᠯᠡᠨ ᠨᠡᠶ᠋ᠢᠲᠡᠯᠡᠬᠦ ᠪᠠ ᠲᠠᠷᠬᠠᠭ᠋ᠠᠬᠤ ᠵᠢ ᠴᠠᠭ᠋ᠠᠵᠠᠯᠠᠭᠰᠠᠨ ᠪᠦᠲᠦᠭᠡᠯ᠎ᠨᠢ 《ᠵᠣᠬᠢᠶᠠᠯ ᠪᠦᠲᠦᠭᠡᠯ᠎ᠤᠨ ᠡᠷᠬᠡ ᠵᠢᠨ ᠬᠠᠤᠯᠢ》᠎ᠳᠤ ᠬᠠᠮᠠᠭ᠋ᠠᠯᠠᠭᠳᠠᠬᠤ ᠦᠭᠡᠢ᠃
(ᠬᠣᠶᠠᠷ) 《ᠵᠣᠬᠢᠶᠠᠯ ᠪᠦᠲᠦᠭᠡᠯ᠎ᠤᠨ ᠡᠷᠬᠡ ᠵᠢᠨ ᠬᠠᠤᠯᠢ》 ᠵᠢ ᠭᠡᠷᠡᠭᠯᠡᠭᠦ ᠦᠭᠡᠢ ᠪᠠᠢ᠍ᠳᠠᠯ᠄ (1) ᠬᠠᠤᠯᠢ ᠴᠠᠭ᠋ᠠᠵᠠ᠂ ᠳᠦᠷᠢᠮ ᠳᠤᠭᠳᠠᠭ᠋ᠠᠯ᠂ ᠲᠦᠷᠦ ᠵᠢᠨ ᠪᠠᠶ᠋ᠢᠭᠤᠯᠭ᠎ᠠ ᠵᠢᠨ ᠰᠢᠶᠳᠪᠦᠷᠢ᠂ ᠲᠣᠭᠲᠠᠭ᠋ᠠᠯ᠂ ᠵᠠᠷᠯᠢᠭ ᠪᠠ ᠪᠤᠰᠤᠳ ᠵᠦᠢ᠍ᠯ᠎ᠤᠨ ᠬᠠᠤᠯᠢ ᠲᠣᠭᠲᠠᠭ᠋ᠠᠬᠤ᠂ ᠵᠠᠰᠠᠭ ᠵᠠᠬᠢᠷᠭ᠎ᠠ᠂ ᠬᠠᠤᠯᠢ ᠬᠡᠷᠡᠭᠵᠢᠭᠦᠯᠬᠦ ᠴᠢᠨᠠᠷᠲᠠᠶ ᠪᠢᠴᠢᠭ ᠮᠠᠲ᠋ᠧᠷᠢᠶᠠᠯ ᠵᠢᠴᠢ ᠲᠡᠭᠦᠨ᠎ᠤ ᠠᠯᠪᠠᠨ᠎ᠤ ᠲᠠᠯ᠎ᠠ ᠵᠢᠨ ᠵᠢᠩᠬᠢᠨᠢ ᠣᠷᠴᠢᠭᠤᠯᠭ᠎ᠠ ᠵᠢᠨ ᠪᠢᠴᠢᠭ᠃ (2) ᠴᠠᠭ᠎ᠤᠨ ᠪᠠᠶ᠋ᠢᠳᠠᠯ᠎ᠤᠨ ᠰᠣᠨᠢᠨ ᠮᠡᠳᠡᠭᠡ᠃ (3) ᠴᠠᠭ ᠤᠯᠠᠷᠢᠯ᠎ᠤᠨ ᠪᠢᠴᠢᠭ᠂ ᠨᠡᠶ᠋ᠢᠳᠡᠮ ᠬᠡᠷᠡᠭᠯᠡᠬᠦ ᠲᠣᠭ᠋ᠠᠨ᠎ᠤ ᠬᠦᠰᠦᠨᠦᠭ᠂ ᠨᠡᠶ᠋ᠢᠳᠡᠮ ᠬᠡᠷᠡᠭᠯᠡᠬᠦ ᠬᠦᠰᠦᠨᠦᠭᠲᠦ ᠪᠠ ᠲᠣᠮᠢᠶ᠎ᠠ᠃
7. ᠵᠣᠬᠢᠶᠠᠯ ᠪᠦᠲᠦᠭᠡᠯ᠎ᠤᠨ ᠡᠷᠬᠡ᠎ᠳᠤ ᠶᠠᠮᠠᠷ ᠶᠠᠮᠠᠷ ᠡᠷᠬᠡ ᠪᠠᠢ᠌ᠳᠠᠭ ᠪᠤᠢ?
ᠵᠣᠬᠢᠶᠠᠯ ᠪᠦᠲᠦᠭᠡᠯ᠎ᠤᠨ ᠡᠷᠬᠡ᠎ᠳᠤ ᠬᠥᠮᠦᠨ᠎ᠤ ᠪᠡᠶ᠎ᠡ ᠵᠢᠨ ᠡᠷᠬᠡ ᠪᠠ ᠡᠳ᠋ ᠬᠦᠷᠦᠩᠭᠡ ᠵᠢᠨ ᠡᠷᠬᠡ ᠪᠠᠭᠲᠠᠨ᠎ᠠ᠃
(ᠨᠢᠭᠡ) ᠬᠥᠮᠦᠨ᠎ᠤ ᠪᠡᠶ᠎ᠡ ᠵᠢᠨ ᠡᠷᠬᠡ᠎ᠳᠤ ᠭᠣᠣᠯᠳᠠᠭᠤ᠄ ᠨᠡᠶ᠋ᠢᠲᠡᠯᠡᠬᠦ ᠡᠷᠬᠡ᠂ ᠨᠡᠷ᠎ᠡ᠎ᠪᠠᠨ ᠪᠢᠴᠢᠬᠦ ᠡᠷᠬᠡ᠂ ᠵᠠᠰᠠᠬᠤ ᠡᠷᠬᠡ᠂ ᠵᠣᠬᠢᠶᠠᠯ ᠪᠦᠲᠦᠭᠡᠯ ᠵᠶ᠋ᠠᠨ ᠪᠦᠷᠢᠨ ᠪᠦᠲᠦᠨ ᠪᠠᠢ᠌ᠯᠭ᠋ᠠᠬᠤ ᠵᠢ ᠬᠠᠮᠠᠭ᠋ᠠᠯᠠᠬᠤ ᠡᠷᠬᠡ ᠵᠡᠷᠭᠡ ᠪᠠᠭᠲᠠᠨ᠎ᠠ᠃
(ᠬᠣᠶᠠᠷ) ᠡᠳ᠋ ᠬᠦᠷᠦᠩᠭᠡ ᠵᠢᠨ ᠡᠷᠬᠡ᠎ᠳᠤ ᠭᠣᠣᠯᠳᠠᠭᠤ᠄ ᠪᠠᠭᠤᠯᠭ᠋ᠠᠵᠤ ᠠᠪᠬᠤ ᠡᠷᠬᠡ᠂ ᠲᠠᠷᠬᠠᠭ᠋ᠠᠬᠤ ᠡᠷᠬᠡ᠂ ᠲᠦᠷᠢᠶᠡᠰᠦᠯᠡᠭᠦᠯᠬᠦ ᠡᠷᠬᠡ᠂ ᠳᠡᠯᠭᠡᠨ ᠦᠵᠡᠭᠦᠯᠬᠦ ᠡᠷᠬᠡ᠂ ᠲᠣᠭᠯᠠᠬᠤ ᠡᠷᠬᠡ᠂ ᠺᠢᠨᠣ᠋ ᠬᠤᠸᠠᠨᠳᠧᠩ ᠭᠠᠷᠭ᠋ᠠᠬᠤ ᠡᠷᠬᠡ᠂ ᠨᠡᠪᠲᠡᠷᠡᠭᠦᠯᠬᠦ ᠡᠷᠬᠡ᠂ ᠮᠡᠳᠡᠭᠡ ᠵᠠᠩᠭᠢ ᠵᠢᠨ ᠲᠣᠣᠷ ᠰᠦᠯᠵᠢᠶ᠎ᠡ᠎ᠪᠠᠷ ᠤᠯᠠᠮᠵᠢᠯᠠᠨ ᠲᠠᠷᠬᠠᠭ᠋ᠠᠬᠤ ᠡᠷᠬᠡ᠂ ᠰᠡᠭᠦᠳᠡᠷᠯᠡᠬᠦ ᠡᠷᠬᠡ᠂ ᠥᠭᠡᠷᠡᠴᠢᠯᠡᠨ ᠨᠠᠶ᠋ᠢᠷᠠᠭᠤᠯᠬᠤ ᠡᠷᠬᠡ᠂ ᠣᠷᠴᠢᠭᠤᠯᠬᠤ ᠡᠷᠬᠡ᠂ ᠡᠮᠬᠢᠳᠬᠡᠬᠦ ᠡᠷᠬᠡ ᠵᠡᠷᠭᠡ ᠪᠠᠭᠲᠠᠨ᠎ᠠ᠃
(ᠭᠤᠷᠪᠠ) ᠵᠣᠬᠢᠶᠠᠯ ᠪᠦᠲᠦᠭᠡᠯ᠎ᠤᠨ ᠡᠷᠬᠡᠲᠦ ᠬᠥᠮᠦᠨ᠎ᠤ ᠡᠳ᠋ᠯᠡᠬᠦ ᠶᠣᠰᠣᠲᠠᠶ ᠪᠤᠰᠤᠳ ᠡᠷᠬᠡ᠃
8. ᠵᠣᠬᠢᠶᠠᠯ ᠪᠦᠲᠦᠭᠡᠯ᠎ᠤᠨ ᠡᠷᠬᠡ ᠵᠢᠨ ᠬᠥᠷᠰᠢ ᠡᠷᠬᠡ ᠭᠡᠵᠦ ᠶᠠᠭᠤ ᠪᠤᠢ? ᠶᠠᠮᠠᠷ ᠠᠭᠤᠯᠭ᠎ᠠ᠎ᠨᠤᠭᠤᠳ ᠪᠠᠭᠲᠠᠬᠤ ᠪᠤᠢ?
ᠮᠠᠨ᠎ᠤ ᠤᠯᠤᠰ᠎ᠤᠨ 《ᠵᠣᠬᠢᠶᠠᠯ ᠪᠦᠲᠦᠭᠡᠯ᠎ᠤᠨ ᠡᠷᠬᠡ ᠵᠢᠨ ᠬᠠᠤᠯᠢ》 ᠵᠢ 《ᠵᠣᠬᠢᠶᠠᠯ ᠪᠦᠲᠦᠭᠡᠯ᠎ᠤᠨ ᠡᠷᠬᠡ᠎ᠳᠤ ᠬᠣᠯᠪᠣᠭᠳᠠᠬᠤ ᠡᠷᠬᠡ ᠠᠰᠢᠭ》 ᠭᠡᠳᠡᠭ᠃ ᠶᠡᠷᠦ᠎ᠳᠡᠭᠡᠨ ᠬᠡᠪᠯᠡᠭᠦᠯᠦᠭᠴᠢ᠂ ᠲᠣᠭᠯᠠᠭᠴᠢ᠂ ᠲᠡᠭᠤ ᠰᠢᠩᠭᠡᠭᠡᠯᠲᠡ ᠳᠦᠷᠰᠦ ᠰᠢᠩᠭᠡᠭᠡᠯᠲᠡ ᠦᠢ᠍ᠯᠡᠳᠦᠭᠴᠢ ᠪᠠ ᠷᠠᠳᠢᠣ᠋ ᠲᠧᠯᠸᠢᠰ᠎ᠤᠨ ᠵᠣᠬᠢᠶᠠᠨ ᠪᠠᠶ᠋ᠢᠭᠤᠯᠤᠯᠲᠠ ᠵᠢᠴᠢ ᠲᠡᠭᠦᠨ᠎ᠤ ᠬᠡᠪᠯᠡᠯ᠎ᠤᠨ ᠠᠵᠢᠯᠯᠠᠭ᠎ᠠ᠂ ᠲᠣᠭᠯᠠᠯᠲᠠ ᠵᠢᠨ ᠠᠵᠢᠯᠯᠠᠭ᠎ᠠ᠂ ᠲᠡᠭᠤ ᠳᠦᠷᠰᠦ ᠰᠢᠩᠭᠡᠭᠡᠯᠲᠡ ᠵᠢᠨ ᠦᠢ᠍ᠯᠡᠳᠬᠦᠨ ᠪᠣᠯᠤᠨ ᠷᠠᠳᠢᠣ᠋ ᠲᠧᠯᠸᠢᠰ᠎ᠤᠨ ᠫᠷᠤᠭ᠌ᠷᠠᠮ ᠵᠶ᠋ᠠᠨ ᠡᠳ᠋ᠯᠡᠬᠦ ᠨᠢᠭᠡ ᠵᠦᠢ᠍ᠯ᠎ᠤᠨ ᠵᠣᠬᠢᠶᠠᠯ ᠪᠦᠲᠦᠭᠡᠯ᠎ᠤᠨ ᠡᠷᠬᠡ᠎ᠲᠠᠢ ᠠᠳᠠᠯᠢᠪᠲᠤᠷ ᠡᠷᠬᠡ ᠵᠢ ᠵᠠᠭ᠋ᠠᠳᠠᠭ᠃
(ᠨᠢᠭᠡ) ᠬᠡᠪᠯᠡᠭᠦᠯᠦᠭᠴᠢ ᠵᠢᠨ ᠡᠷᠬᠡ᠄ ᠬᠡᠪᠯᠡᠭᠦᠯᠦᠭᠴᠢ ᠵᠢᠨ ᠬᠡᠪᠯᠡᠭᠦᠯᠬᠦ ᠨᠣᠮ ᠪᠢᠴᠢᠭ᠂ ᠬᠤᠭᠤᠴᠠᠭ᠋ᠠᠲᠤ ᠰᠡᠳᠬᠦᠯ᠎ᠤᠨ ᠬᠡᠪᠯᠡᠯ᠎ᠤᠨ ᠵᠠᠭᠪᠤᠷ ᠳᠦᠰᠦᠪᠯᠡᠯ᠎ᠤᠨ ᠲᠤᠰᠬᠠᠶ ᠬᠡᠷᠡᠭᠯᠡᠬᠦ ᠡᠷᠬᠡ ᠪᠣᠯᠣᠨ᠎ᠠ᠂ ᠪᠠᠰᠠ ᠭᠡᠷ᠎ᠡ᠎ᠳᠤ ᠲᠣᠭᠲᠠᠭᠰᠠᠨ ᠶᠣᠰᠣᠭ᠋ᠠᠷ ᠡᠳ᠋ᠯᠡᠬᠦ ᠲᠤᠰᠬᠠᠶ ᠭᠡᠪᠯᠡᠬᠦ ᠡᠷᠬᠡ ᠵᠢᠴᠢ ᠵᠣᠬᠢᠶᠠᠯ ᠪᠦᠲᠦᠭᠡᠯ᠎ᠤᠨ ᠡᠷᠬᠡᠲᠦ ᠬᠥᠮᠦᠨ᠎ᠤ ᠵᠥᠪᠰᠢᠶᠡᠷᠡᠯ ᠵᠶ᠋ᠠᠷ ᠪᠦᠲᠦᠭᠡᠯ᠎ᠳᠤᠨᠢ ᠦᠭᠡ ᠥᠭᠦᠯᠡᠪᠦᠷᠢ ᠵᠢᠨ ᠲᠠᠯ᠎ᠠ᠎ᠪᠠᠷ᠎ᠬᠢ ᠵᠠᠰᠠᠪᠤᠷᠢ ᠣᠷᠣᠭᠤᠯᠬᠤ ᠡᠷᠬᠡ ᠪᠠᠭᠲᠠᠨ᠎ᠠ᠃
(ᠬᠣᠶᠠᠷ) ᠲᠣᠭᠯᠠᠭᠴᠢ ᠵᠢᠨ ᠡᠷᠬᠡ᠄ ᠲᠣᠭᠯᠠᠭᠴᠢ ᠲᠡᠭᠦᠨ᠎ᠤ ᠳᠤᠭᠯᠠᠭᠰᠠᠨ ᠪᠦᠳᠦᠭᠡᠯ᠎ᠳᠤ᠎ᠪᠠᠨ ᠲᠣᠭᠯᠠᠭᠴᠢ ᠵᠢᠨ ᠪᠡᠶ᠎ᠡ ᠭᠠᠷᠤᠯ ᠵᠶ᠋ᠠᠨ ᠲᠣᠳᠣᠷᠬᠠᠶ᠋ᠢᠯᠠᠬᠤ ᠡᠷᠬᠡ᠎ᠲᠠᠢ᠂ ᠲᠣᠭᠯᠠᠭᠰᠠᠨ ᠳᠦᠷᠢ᠎ᠪᠠᠨ ᠭᠠᠵᠢᠭᠤᠳᠠᠭᠤᠯᠬᠤ ᠦᠬᠡᠢ ᠪᠠᠶ᠋ᠢᠬᠤ ᠵᠢ ᠬᠠᠮᠠᠭ᠋ᠠᠯᠠᠬᠤ᠂ ᠪᠤᠰᠤᠳ ᠬᠥᠮᠥᠨ ᠲᠡᠭᠦᠨ᠎ᠤ ᠲᠤᠬᠠᠶ ᠵᠢᠨ ᠲᠠᠯᠠᠪᠤᠷ᠎ᠤᠨ ᠲᠣᠭᠯᠠᠯᠲᠠ ᠵᠢ ᠰᠢᠭᠤᠳ ᠨᠡᠪᠲᠡᠷᠡᠭᠦᠯᠬᠦ ᠪᠤᠶᠤ ᠢᠯᠠ᠎ᠪᠠᠷ ᠳᠠᠮᠵᠢᠭᠤᠯᠬᠤ ᠵᠢ ᠵᠥᠪᠰᠢᠶᠡᠷᠡᠪᠡᠯ ᠬᠠᠷᠠᠮᠵᠢ ᠤᠯᠬᠤ; ᠪᠤᠰᠤᠳ ᠬᠥᠮᠦᠨ᠎ᠤ ᠲᠡᠭᠤ ᠳᠦᠷᠰᠦ ᠰᠢᠩᠭᠡᠭᠡᠬᠦ ᠵᠢ ᠵᠥᠪᠰᠢᠶᠡᠷᠡᠪᠡᠯ ᠬᠠᠷᠠᠮᠵᠢ ᠤᠯᠬᠤ; ᠪᠤᠰᠤᠳ ᠬᠥᠮᠥᠨ ᠲᠡᠭᠦᠨ᠎ᠤ ᠲᠣᠭᠯᠠᠯᠲᠠ ᠵᠢ᠎ᠨᠢ ᠰᠢᠩᠭᠡᠭᠡᠭᠰᠡᠨ ᠲᠡᠭᠤ ᠳᠦᠷᠰᠦ ᠰᠢᠩᠭᠡᠭᠡᠯᠲᠡ ᠵᠢᠨ ᠪᠦᠲᠦᠭᠡᠭᠳᠡᠬᠦᠨ᠎ᠢ ᠺᠣᠫᠢᠳᠠᠬᠤ᠂ ᠲᠠᠷᠬᠠᠭ᠋ᠠᠬᠤ ᠵᠢ ᠵᠥᠪᠰᠢᠶᠡᠷᠡᠪᠡᠯ ᠬᠠᠷᠠᠮᠵᠢ ᠤᠯᠬᠤ᠃ ᠪᠤᠰᠤᠳ ᠬᠥᠮᠦᠨ ᠮᠡᠳᠡᠭᠡ ᠵᠠᠩᠭᠢ ᠵᠢᠨ ᠲᠣᠣᠷ ᠰᠦᠯᠵᠢᠶ᠎ᠡ᠎ᠪᠠᠷ ᠲᠡᠭᠦᠨ᠎ᠤ ᠲᠣᠭᠯᠠᠯᠲᠠ ᠵᠢ᠎ᠨᠢ ᠤᠯᠡᠠ ᠨᠡᠶ᠋ᠢᠲᠡ᠎ᠳᠤ ᠤᠯᠠᠮᠵᠢᠯᠠᠬᠤ ᠵᠢ ᠵᠥᠪᠰᠢᠶᠡᠷᠡᠪᠡᠯ ᠬᠠᠷᠠᠮᠵᠢ ᠤᠯᠬᠤ ᠵᠡᠷᠭᠡ ᠡᠷᠬᠡ᠎ᠲᠠᠢ᠃
(ᠭᠤᠷᠪᠠ) ᠳᠠᠭᠤ ᠳᠦᠷᠰᠦ ᠰᠢᠩᠭᠡᠭᠡᠯᠲᠡ ᠦᠢ᠍ᠯᠡᠳᠦᠭᠴᠢ ᠵᠢᠨ ᠡᠷᠬᠡ᠄ ᠲᠡᠭᠤ ᠳᠦᠷᠰᠦ ᠰᠢᠩᠭᠡᠭᠡᠯᠲᠡ ᠲᠡᠭᠦᠨ᠎ᠤ ᠦᠢ᠍ᠯᠡᠳᠦᠭᠰᠡᠨ ᠲᠡᠭᠤ ᠳᠦᠷᠰᠦ ᠰᠢᠩᠭᠡᠭᠡᠯᠲᠡ ᠵᠢᠨ ᠪᠦᠲᠦᠭᠡᠭᠳᠡᠬᠦᠨ᠎ᠢ ᠪᠤᠰᠤᠳ ᠺᠣᠫᠢᠳᠠᠬᠤ᠂ ᠲᠠᠷᠬᠠᠭ᠋ᠠᠬᠤ᠂ ᠲᠦᠷᠢᠶᠡᠰᠦᠯᠡᠭᠦᠯᠬᠦ᠂ ᠮᠡᠳᠡᠭᠡ ᠵᠠᠩᠭᠢ ᠵᠢᠨ ᠲᠣᠣᠷ ᠰᠦᠯᠵᠢᠶ᠎ᠡ᠎ᠪᠠᠷ ᠤᠯᠡᠠ ᠨᠡᠶ᠋ᠢᠲᠡ᠎ᠳᠤ ᠤᠯᠠᠮᠵᠢᠯᠠᠨ ᠲᠠᠷᠬᠠᠭ᠋ᠠᠬᠤ ᠵᠢ ᠵᠥᠪᠰᠢᠶᠡᠷᠡᠪᠡᠯ ᠬᠠᠷᠠᠮᠵᠢ ᠤᠯᠬᠤ ᠡᠷᠬᠡ᠎ᠲᠠᠢ᠃
(ᠲᠦᠷᠪᠡ) ᠷᠠᠳᠢᠣ᠋᠂ ᠲᠧᠯᠸᠢᠰ᠎ᠤᠨ ᠵᠣᠬᠢᠶᠠᠨ ᠪᠠᠢ᠌ᠭᠤᠯᠤᠯᠲᠠ ᠵᠢᠨ ᠡᠷᠬᠡ᠄ ᠷᠠᠳᠢᠣ᠋ ᠬᠣᠷᠢᠶ᠎ᠠ᠂ ᠲᠧᠯᠸᠢᠰ ᠬᠣᠷᠢᠶ᠎ᠠ᠎ᠨᠢ ᠲᠡᠭᠦᠨ᠎ᠤ ᠵᠥᠪᠰᠢᠶᠡᠷᠡᠯ ᠦᠭᠡᠢ᠎ᠪᠠᠷ ᠭᠢᠭᠰᠡᠨ ᠳᠣᠣᠷᠠᠬᠢ ᠵᠢᠭᠰᠠᠭ᠋ᠠᠭᠰᠠᠨ ᠠᠵᠢᠯᠯᠠᠭ᠎ᠠ᠎ᠨᠤᠭᠤᠳ᠎ᠢ ᠬᠣᠷᠢᠭᠯᠠᠬᠤ ᠡᠷᠬᠡ᠎ᠲᠠᠢ᠄ ᠲᠡᠭᠦᠨ᠎ᠤ ᠨᠡᠪᠲᠡᠷᠡᠭᠦᠯᠦᠭᠰᠡᠨ ᠷᠠᠳᠢᠣ᠋᠂ ᠲᠧᠯᠸᠢᠰ᠎ᠤᠨ ᠫᠷᠣᠭ᠌ᠷᠠᠮ᠎ᠢ ᠳᠠᠮᠵᠢᠭᠤᠯᠬᠤ ᠪᠠ ᠨᠡᠪᠲᠡᠷᠡᠭᠦᠯᠬᠦ᠃ ᠨᠡᠪᠲᠡᠷᠡᠭᠦᠯᠦᠭᠰᠡᠨ ᠷᠠᠳᠢᠣ᠋᠂ ᠲᠧᠯᠸᠢᠰ᠎ᠤᠨ ᠫᠷᠤᠭ᠌ᠷᠠᠮ᠎ᠢ ᠲᠡᠭᠤ ᠳᠦᠷᠰᠦ ᠰᠢᠩᠭᠡᠭᠡᠯᠲᠡ ᠵᠢᠨ ᠠᠴᠢᠶᠠᠯᠠᠭᠴᠢ ᠳᠡᠭᠡᠷ᠎ᠡ ᠰᠢᠩᠭᠡᠭᠡᠬᠦ ᠪᠠ ᠲᠡᠭᠤ ᠳᠦᠷᠰᠦ ᠵᠢᠨ ᠠᠴᠢᠶᠠᠯᠠᠭᠴᠢ ᠵᠢ ᠺᠣᠫᠢᠳᠠᠬᠤ ᠵᠡᠷᠭᠡ ᠪᠠᠭᠲᠠᠨ᠎ᠠ᠃
9. ᠵᠣᠬᠢᠶᠠᠯ ᠪᠦᠲᠦᠭᠡᠯ᠎ᠤᠨ ᠡᠷᠬᠡ ᠵᠢᠴᠢ ᠲᠡᠭᠦᠨ᠎ᠲᠠᠢ ᠬᠣᠯᠪᠣᠭᠳᠠᠯ ᠪᠦᠬᠦᠢ ᠡᠷᠬᠡ ᠠᠰᠢᠭ᠎ᠤᠨ ᠬᠠᠮᠠᠭ᠋ᠠᠯᠠᠯᠲᠠ ᠵᠢᠨ ᠬᠤᠭᠤᠴᠠᠭ᠎ᠠ᠎ᠨᠢ ᠬᠡᠳᠦᠶ ᠤᠷᠳᠤ ᠪᠠᠶ᠋ᠢᠳᠠᠭ ᠪᠤᠢ?
(ᠨᠢᠭᠡ) ᠵᠣᠬᠢᠶᠠᠯ ᠪᠦᠲᠦᠭᠡᠯ᠎ᠤᠨ ᠡᠷᠬᠡ ᠵᠢᠨ ᠬᠠᠮᠠᠭ᠋ᠠᠯᠠᠯᠲᠠ ᠵᠢᠨ ᠬᠤᠭᠤᠴᠠᠭ᠎ᠠ᠄ (1) ᠵᠣᠬᠢᠶᠠᠭᠴᠢ ᠵᠢᠨ ᠨᠡᠷ᠎ᠡ᠎ᠪᠠᠨ ᠪᠢᠴᠢᠬᠦ ᠡᠷᠬᠡ᠂ ᠵᠠᠰᠠᠪᠤᠷᠢ ᠣᠷᠤᠭᠤᠯᠬᠤ ᠡᠷᠬᠡ᠂ ᠪᠦᠲᠦᠭᠡᠯ᠎ᠤᠨ ᠪᠦᠷᠢᠨ ᠪᠦᠲᠦᠨ ᠪᠠᠶ᠋ᠢᠬᠤ ᠵᠢ ᠬᠠᠮᠠᠭ᠋ᠠᠯᠠᠬᠤ ᠡᠷᠬᠡ ᠵᠢᠨ ᠬᠠᠮᠠᠭ᠋ᠠᠯᠠᠯᠲᠠ ᠵᠢᠨ ᠬᠤᠭᠤᠴᠠᠭ᠎ᠠ᠎ᠨᠢ ᠬᠢᠵᠠᠭ᠋ᠠᠷ ᠦᠭᠡᠢ; (2) ᠠᠷᠠᠳ ᠢᠷᠭᠡᠨ᠎ᠤ ᠪᠦᠲᠦᠭᠡᠯ᠎ᠤᠨ ᠨᠡᠶ᠋ᠢᠲᠡᠯᠡᠬᠦ ᠡᠷᠬᠡ᠂ 《ᠵᠣᠬᠢᠶᠠᠯ ᠪᠦᠲᠦᠭᠡᠯ᠎ᠤᠨ ᠡᠷᠬᠡ ᠵᠢᠨ ᠬᠠᠤᠯᠢ》᠎ᠳᠤ ᠲᠣᠭᠲᠠᠭ᠋ᠠᠭᠰᠠᠨ 12 ᠵᠦᠢ᠍ᠯ᠎ᠤᠨ ᠡᠳ᠋ ᠬᠥᠷᠥᠩᠭᠡ ᠵᠢᠨ ᠡᠷᠬᠡ ᠵᠢᠴᠢ ᠵᠣᠬᠢᠶᠠᠯ ᠪᠦᠲᠦᠭᠡᠯ᠎ᠤᠨ ᠡᠷᠬᠡᠲᠦ ᠬᠥᠮᠦᠨ᠎ᠤ ᠡᠳ᠋ᠯᠡᠬᠦ ᠶᠣᠰᠣᠲᠠᠶ ᠪᠤᠰᠤᠳ ᠡᠷᠬᠡ ᠵᠢᠨ ᠬᠠᠮᠠᠭ᠋ᠠᠯᠠᠯᠲᠠ ᠵᠢᠨ ᠬᠤᠭᠤᠴᠠᠭ᠎ᠠ᠎ᠨᠢ ᠵᠣᠬᠢᠶᠠᠭᠴᠢ ᠵᠢᠨ ᠨᠠᠰᠤᠨ ᠲᠤᠷᠰᠢᠳᠠ ᠵᠢᠨ ᠪᠠᠶ᠋ᠢᠬᠤ ᠪᠥᠭᠡᠳ ᠨᠠᠰᠤ ᠪᠠᠷᠠᠭᠰᠠᠨ᠎ᠠᠴᠠ ᠬᠣᠢ᠌ᠰᠢᠬᠢ ᠲᠠᠪᠢᠳᠤᠭ᠋ᠠᠷ ᠵᠢᠯ᠎ᠤᠨ ᠬᠢᠨᠢ 12 ᠰᠠᠷ᠎ᠠ ᠵᠢᠨ 31᠎ᠤ ᠡᠳᠦᠷ ᠬᠦᠷᠲᠡᠯ᠎ᠡ ᠪᠠᠢ᠌ᠳᠠᠭ᠃ ᠬᠠᠮᠲᠤ ᠵᠢᠨ ᠪᠦᠲᠦᠭᠡᠯ ᠪᠣᠯ ᠬᠠᠮᠤᠭ᠎ᠤᠨ ᠰᠡᠬᠦᠯ᠎ᠳᠤ ᠨᠠᠰᠤ ᠪᠠᠷᠠᠭᠰᠠᠨ ᠵᠣᠬᠢᠶᠠᠭᠴᠢ ᠵᠢᠨ ᠨᠠᠰᠤ ᠪᠠᠷᠠᠭᠰᠠᠨ ᠡᠳᠦᠷ᠎ᠠᠴᠠ ᠲᠠᠪᠢᠳᠤᠭ᠋ᠠᠷ ᠵᠢᠯ᠎ᠤᠨ ᠬᠢᠨᠢ 12 ᠰᠠᠷ᠎ᠠ ᠵᠢᠨ 31᠎ᠤ ᠡᠳᠦᠷ ᠬᠦᠷᠲᠡᠯ᠎ᠡ ᠪᠤᠳᠤᠨ᠎ᠠ᠃ (3) ᠬᠠᠤᠯᠢ ᠵᠢᠨ ᠡᠷᠬᠡᠲᠡᠨ ᠪᠤᠶᠤ ᠪᠤᠰᠤᠳ ᠵᠣᠬᠢᠶᠠᠨ ᠪᠠᠶ᠋ᠢᠭᠤᠯᠤᠯᠲᠠ ᠵᠢᠨ ᠪᠦᠲᠦᠭᠡᠯ᠂ ᠵᠣᠬᠢᠶᠠᠯ ᠪᠦᠲᠦᠭᠡᠯ᠎ᠤᠨ ᠡᠷᠬᠡ (ᠨᠡᠷ᠎ᠡ᠎ᠪᠠᠨ ᠪᠢᠴᠢᠬᠦ ᠡᠷᠬᠡ᠎ᠠᠴᠠ ᠭᠠᠳᠠᠨ᠎ᠠ) ᠵᠢᠨ ᠬᠠᠤᠯᠢ ᠵᠢᠨ ᠡᠷᠬᠡᠲᠡᠨ ᠪᠤᠶᠤ ᠪᠤᠰᠤᠳ ᠵᠣᠬᠢᠶᠠᠨ ᠪᠠᠶ᠋ᠢᠭᠤᠯᠤᠯᠲᠠ᠎ᠠᠴᠠ ᠡᠳ᠋ᠯᠡᠬᠦ ᠡᠭᠦᠷᠭᠡ ᠲᠤᠰᠢᠶᠠᠯ᠎ᠤᠨ ᠪᠦᠲᠦᠭᠡᠯ ᠪᠣᠯᠣᠨ᠎ᠠ᠃ ᠡᠭᠦᠨ᠎ᠳᠤ ᠨᠡᠶ᠋ᠢᠲᠡᠯᠡᠬᠦ ᠡᠷᠬᠡ᠂ 《ᠵᠣᠬᠢᠶᠠᠯ ᠪᠦᠲᠦᠭᠡᠯ᠎ᠤᠨ ᠡᠷᠬᠡ ᠵᠢᠨ ᠬᠠᠤᠯᠢ》᠎ᠳᠤ ᠲᠣᠭᠲᠠᠭ᠋ᠠᠭᠰᠠᠨ 12 ᠵᠦᠢ᠍ᠯ᠎ᠤᠨ ᠡᠳ᠋ ᠬᠥᠷᠥᠩᠭᠡ ᠵᠢᠨ ᠡᠷᠬᠡ ᠵᠢᠴᠢ ᠪᠣᠰᠣᠳ ᠵᠦᠢ᠍ᠯ᠎ᠤᠨ ᠵᠣᠬᠢᠶᠠᠯ ᠪᠦᠲᠦᠭᠡᠯ᠎ᠤᠨ ᠡᠷᠬᠡᠲᠦ ᠬᠥᠮᠦᠨ᠎ᠤ ᠡᠳ᠋ᠯᠡᠬᠦ ᠶᠣᠰᠣᠲᠠᠶ ᠪᠤᠰᠤᠳ ᠡᠷᠬᠡ ᠵᠢᠨ ᠬᠠᠮᠠᠭ᠋ᠠᠯᠠᠯᠲᠠ ᠵᠢᠨ ᠬᠤᠭᠤᠴᠠᠭ᠎ᠠ᠎ᠨᠢ ᠲᠡᠪᠢᠠ ᠵᠢᠯ ᠪᠠᠶ᠋ᠢᠵᠤ᠂ ᠪᠦᠲᠦᠭᠡᠯ᠎ᠢ ᠠᠩᠬ᠎ᠠ ᠨᠡᠶ᠋ᠢᠲᠡᠯᠡᠭᠰᠡᠨ᠎ᠠᠴᠠ ᠠᠪᠣᠭ᠋ᠠᠳ ᠲᠠᠪᠢᠳᠤᠭ᠋ᠠᠷ ᠵᠢᠯ᠎ᠤᠨ ᠬᠢᠨᠢ 12 ᠰᠠᠷ᠎ᠠ ᠵᠢᠨ 31᠎ᠤ ᠡᠳᠦᠷ ᠬᠦᠷᠲᠡᠯ᠎ᠡ ᠪᠤᠳᠤᠨ᠎ᠠ᠂ ᠭᠡᠪᠡᠴᠦ ᠪᠦᠲᠦᠭᠡᠯ ᠵᠶ᠋ᠠᠨ ᠵᠣᠬᠢᠶᠠᠨ ᠪᠦᠲᠦᠭᠡᠵᠦ ᠳᠠᠭᠤᠰᠬᠠᠭ᠋ᠠᠳ ᠲᠡᠪᠢᠠ ᠵᠢᠯ᠎ᠤᠨ ᠳᠣᠲᠣᠷ᠎ᠠ ᠨᠡᠶ᠋ᠢᠲᠡᠯᠡᠭᠰᠡᠨ ᠦᠬᠡᠢ ᠪᠠᠶ᠋ᠢᠪᠠᠯ 《ᠵᠣᠬᠢᠶᠠᠯ ᠪᠦᠲᠦᠭᠡᠯ᠎ᠤᠨ ᠡᠷᠬᠡ ᠵᠢᠨ ᠬᠠᠤᠯᠢ》᠎ᠳᠤ ᠲᠡᠬᠢᠵᠦ ᠡᠷᠬᠡ ᠵᠢ᠎ᠨᠢ ᠬᠠᠮᠠᠭ᠋ᠠᠯᠠᠬᠤ ᠦᠬᠡᠢ; (4) ᠺᠢᠨᠣ᠋ ᠵᠢᠨ ᠪᠦᠲᠦᠭᠡᠯ ᠪᠣᠯᠤᠨ ᠺᠢᠨᠣ᠋ ᠰᠡᠭᠦᠳᠡᠷᠯᠡᠨ ᠦᠢ᠍ᠯᠡᠳᠬᠦ᠎ᠲᠠᠢ ᠠᠳᠠᠯᠢᠪᠲᠤᠷ ᠠᠷᠭ᠎ᠠ᠎ᠪᠠᠷ ᠵᠣᠬᠢᠶᠠᠨ ᠪᠦᠲᠦᠭᠡᠭᠰᠡᠨ ᠪᠦᠲᠦᠭᠡᠯ᠂ ᠭᠡᠷᠡᠯ ᠵᠢᠷᠤᠭ᠎ᠤᠨ ᠪᠦᠲᠦᠭᠡᠯ᠎ᠤᠨ ᠨᠡᠶ᠋ᠢᠲᠡᠯᠡᠬᠦ ᠡᠷᠬᠡ ᠪᠣᠯᠤᠨ 《ᠵᠣᠬᠢᠶᠠᠯ ᠪᠦᠲᠦᠭᠡᠯ᠎ᠤᠨ ᠡᠷᠬᠡ ᠵᠢᠨ ᠬᠠᠤᠯᠢ》᠎ᠳᠤ ᠲᠣᠭᠲᠠᠭ᠋ᠠᠭᠰᠠᠨ 12 ᠵᠦᠢ᠍ᠯ᠎ᠤᠨ ᠡᠳ᠋ ᠬᠥᠷᠥᠩᠭᠡ ᠵᠢᠨ ᠡᠷᠬᠡ ᠵᠢᠴᠢ ᠵᠣᠬᠢᠶᠠᠯ ᠪᠦᠲᠦᠭᠡᠯ᠎ᠤᠨ ᠡᠷᠬᠡᠲᠦ ᠬᠥᠮᠦᠨ᠎ᠤ ᠡᠳ᠋ᠯᠡᠬᠦ ᠶᠣᠰᠣᠲᠠᠶ ᠪᠤᠰᠤᠳ ᠡᠷᠬᠡ ᠵᠢᠨ ᠬᠠᠮᠠᠭ᠋ᠠᠯᠠᠯᠲᠠ ᠵᠢᠨ ᠬᠤᠭᠤᠴᠠᠭ᠎ᠠ᠎ᠨᠢ ᠲᠡᠪᠢᠠ ᠵᠢᠯ ᠪᠠᠶ᠋ᠢᠵᠤ᠂ ᠪᠦᠲᠦᠭᠡᠯ᠎ᠢ ᠠᠩᠬ᠎ᠠ ᠨᠡᠶ᠋ᠢᠲᠡᠯᠡᠭᠰᠡᠨ᠎ᠠᠴᠠ ᠠᠪᠤᠭ᠋ᠠᠳ ᠲᠠᠪᠢᠳᠤᠭ᠋ᠠᠷ ᠵᠢᠯ᠎ᠤᠨ ᠬᠢᠨᠢ 12 ᠰᠠᠷ᠎ᠠ ᠵᠢᠨ 31᠎ᠤ ᠡᠳᠦᠷ ᠬᠦᠷᠲᠡᠯ᠎ᠡ ᠪᠤᠳᠤᠨ᠎ᠠ᠃ ᠭᠡᠪᠡᠴᠦ ᠪᠦᠲᠦᠭᠡᠯ ᠵᠶ᠋ᠠᠨ ᠵᠣᠬᠢᠶᠠᠨ ᠪᠦᠲᠦᠭᠡᠵᠦ ᠳᠠᠭᠤᠰᠬᠠᠭ᠋ᠠᠳ ᠲᠡᠪᠢᠠ ᠵᠢᠯ᠎ᠤᠨ ᠳᠣᠲᠣᠷ᠎ᠠ ᠨᠡᠶ᠋ᠢᠲᠡᠯᠡᠭᠰᠡᠨ ᠦᠬᠡᠢ ᠪᠠᠢ᠌ᠪᠠᠯ 《ᠵᠣᠬᠢᠶᠠᠯ ᠪᠦᠲᠦᠭᠡᠯ᠎ᠤᠨ ᠡᠷᠬᠡ ᠵᠢᠨ ᠬᠠᠤᠯᠢ》᠎ᠳᠤ ᠲᠡᠬᠢᠵᠦ ᠡᠷᠬᠡ ᠵᠢ᠎ᠨᠢ ᠬᠠᠮᠠᠭ᠋ᠠᠯᠠᠬᠤ ᠦᠬᠡᠢ᠃
(ᠬᠣᠶᠠᠷ) ᠬᠥᠷᠰᠢ ᠡᠷᠬᠡ ᠵᠢᠨ ᠬᠠᠮᠠᠭ᠋ᠠᠯᠠᠯᠲᠠ ᠵᠢᠨ ᠬᠤᠭᠤᠴᠠᠭ᠎ᠠ᠄ (1) ᠬᠡᠪᠯᠡᠭᠦᠯᠦᠭᠴᠢ ᠵᠢᠨ ᠨᠣᠮ ᠪᠢᠴᠢᠭ᠂ ᠬᠤᠭᠤᠴᠠᠭ᠋ᠠᠲᠤ ᠰᠡᠳᠬᠦᠯ᠎ᠤᠨ ᠬᠡᠪᠯᠡᠯ᠎ᠤᠨ ᠲᠦᠰᠦᠪᠯᠡᠯ᠎ᠤᠨ ᠡᠳ᠋ᠯᠡᠬᠦ ᠲᠤᠰᠬᠠᠶ ᠬᠡᠷᠡᠭᠯᠡᠬᠦ ᠡᠷᠬᠡ ᠵᠢᠨ ᠬᠠᠮᠠᠭ᠋ᠠᠯᠠᠯᠲᠠ ᠵᠢᠨ ᠬᠤᠭᠤᠴᠠᠭ᠎ᠠ᠎ᠨᠢ ᠠᠷᠪᠠᠨ ᠵᠢᠯ ᠪᠣᠯᠤᠨ᠎ᠠ᠃ ᠲᠤᠰ ᠬᠡᠪᠯᠡᠯ᠎ᠤᠨ ᠳᠦᠰᠦᠪᠯᠡᠯᠢ ᠬᠡᠷᠡᠭᠯᠡᠭᠰᠡᠨ ᠨᠣᠮ ᠪᠢᠴᠢᠭ᠂ ᠬᠤᠭᠤᠴᠠᠭ᠋ᠠᠲᠤ ᠰᠡᠳᠬᠦᠯ᠎ᠢ ᠠᠩᠬ᠎ᠠ ᠬᠡᠪᠯᠡᠭᠦᠯᠦᠭᠰᠡᠨᠤ ᠰᠡᠭᠦᠯᠡᠷᠬᠢ ᠠᠷᠪᠠᠳᠤᠭ᠋ᠠᠷ ᠵᠢᠯ᠎ᠤᠨ ᠬᠢᠨᠢ 12 ᠰᠠᠷ᠎ᠠ ᠵᠢᠨ 31᠎ᠤ ᠡᠳᠦᠷ ᠬᠦᠷᠲᠡᠯ᠎ᠡ ᠪᠤᠳᠤᠨ᠎ᠠ᠃ (2) ᠲᠣᠭᠯᠠᠭᠴᠢ ᠵᠢᠨ ᠲᠣᠭᠯᠠᠯᠲᠠ᠎ᠳᠤ᠎ᠬᠢ ᠳᠦᠷᠢ ᠵᠢᠨ ᠪᠡᠶ᠎ᠡ ᠭᠠᠷᠣᠯ ᠪᠠ ᠲᠣᠭᠯᠠᠬᠤ ᠳᠦᠷᠢ᠎ᠪᠠᠨ ᠭᠠᠵᠢᠭᠤᠳᠠᠭᠤᠯᠬᠤ ᠦᠬᠡᠢ ᠪᠠᠶ᠋ᠢᠬᠤ ᠵᠢ ᠬᠠᠮᠠᠭ᠋ᠠᠯᠠᠬᠤ ᠡᠷᠬᠡ ᠡᠷᠬᠡ ᠵᠢᠨ ᠬᠠᠮᠠᠭ᠋ᠠᠯᠠᠯᠲᠠ ᠵᠢᠨ ᠬᠤᠭᠤᠴᠠᠭ᠎ᠠ᠎ᠨᠢ ᠬᠢᠵᠠᠭ᠋ᠠᠷ ᠦᠬᠡᠢ᠃ ᠪᠤᠰᠤᠳ ᠲᠣᠭᠯᠠᠭᠴᠢ ᠵᠢᠨ ᠡᠷᠬᠡ᠎ᠪᠠᠨ ᠬᠠᠮᠠᠭ᠋ᠠᠯᠠᠬᠤ ᠬᠤᠭᠤᠴᠠᠭ᠎ᠠ᠎ᠨᠢ ᠲᠡᠪᠢᠠ ᠵᠢᠯ ᠪᠣᠯᠤᠨ᠎ᠠ᠂ ᠲᠤᠰ ᠲᠣᠭᠯᠠᠯᠲᠠ ᠵᠢ ᠭᠠᠷᠭ᠋ᠠᠭᠰᠠᠨ᠎ᠠᠴᠠ ᠠᠪᠤᠭ᠋ᠠᠳ ᠲᠠᠪᠢᠳᠤᠭ᠋ᠠᠷ ᠵᠢᠯ᠎ᠤᠨ ᠬᠢᠨᠢ 12 ᠰᠠᠷ᠎ᠠ ᠵᠢᠨ 31᠎ᠤ ᠡᠳᠦᠷ ᠭᠦᠷᠲᠡᠯ᠎ᠡ ᠪᠤᠳᠤᠨ᠎ᠠ᠃ (3) ᠲᠡᠭᠤ ᠳᠦᠷᠰᠦ ᠰᠢᠩᠭᠡᠭᠡᠯᠲᠡ ᠵᠢᠨ ᠪᠦᠲᠦᠭᠡᠭᠳᠡᠬᠦᠨ ᠦᠢ᠍ᠯᠡᠳᠦᠭᠴᠢ ᠵᠢᠨ ᠦᠢ᠍ᠯᠡᠳᠦᠭᠰᠡᠨ ᠲᠡᠭᠤ ᠳᠦᠷᠰᠦ ᠰᠢᠩᠭᠡᠭᠡᠯᠲᠡ ᠵᠢᠨ ᠪᠦᠲᠦᠭᠡᠭᠳᠡᠬᠦᠨ᠎ᠤ ᠡᠳ᠋ᠯᠡᠬᠦ ᠡᠷᠬᠡ ᠵᠢᠨ ᠬᠠᠮᠠᠭ᠋ᠠᠯᠠᠯᠲᠠ ᠵᠢᠨ ᠬᠤᠭᠤᠴᠠᠭ᠎ᠠ᠎ᠨᠢ ᠲᠡᠪᠢᠠ ᠵᠢᠯ᠂ ᠲᠤᠰ ᠰᠢᠩᠭᠡᠭᠡᠯᠲᠡ ᠵᠢᠨ ᠪᠦᠲᠦᠭᠡᠭᠳᠡᠬᠦᠨ᠎ᠢ ᠠᠩᠬ᠎ᠠ ᠦᠢ᠍ᠯᠡᠳᠦᠭᠰᠡᠨ᠎ᠠᠴᠠ ᠠᠪᠤᠭ᠋ᠠᠳ ᠲᠠᠪᠢᠳᠤᠭ᠋ᠠᠷ ᠵᠢᠯ᠎ᠤᠨ ᠬᠢᠨᠢ 12 ᠰᠠᠷ᠎ᠠ ᠵᠢᠨ 31᠎ᠤ ᠡᠳᠦᠷ ᠬᠦᠷᠲᠡᠯ᠎ᠡ ᠪᠤᠳᠤᠨ᠎ᠠ᠃ (4) ᠷᠠᠳᠢᠣ᠋ ᠨᠡᠪᠲᠡᠷᠡᠭᠦᠯᠭᠡ ᠵᠢᠨ ᠬᠣᠷᠢᠶ᠎ᠠ᠂ ᠲᠧᠯᠸᠢᠰ ᠬᠣᠷᠢᠶ᠎ᠠ ᠵᠢᠨ ᠡᠳ᠋ᠯᠡᠬᠦ ᠷᠠᠳᠢᠣ᠋ ᠲᠧᠯᠸᠢᠰ᠎ᠤᠨ ᠵᠣᠬᠢᠶᠠᠨ ᠪᠠᠶ᠋ᠢᠭᠤᠯᠤᠯᠲᠠ ᠵᠢᠨ ᠡᠷᠬᠡ ᠵᠢᠨ ᠬᠠᠮᠠᠭ᠋ᠠᠯᠠᠯᠲᠠ ᠵᠢᠨ ᠬᠤᠭᠤᠴᠠᠭ᠎ᠠ᠎ᠨᠢ ᠲᠡᠪᠢᠠ ᠵᠢᠯ ᠪᠣᠯᠤᠨ᠎ᠠ᠂ ᠲᠤᠰ ᠷᠠᠳᠢᠣ᠋ ᠨᠡᠪᠲᠡᠷᠡᠭᠦᠯᠭᠡ᠂ ᠲᠧᠯᠸᠢᠰ᠎ᠤᠨ ᠫᠷᠤᠭ᠌ᠷᠠᠮ᠎ᠢ ᠠᠩᠬ᠎ᠠ ᠤᠳᠠᠭ᠎ᠠ ᠨᠡᠪᠲᠡᠷᠡᠭᠦᠯᠦᠭᠰᠡᠨ᠎ᠠᠴᠠ ᠠᠪᠤᠭ᠋ᠠᠳ ᠲᠠᠪᠢᠳᠤᠭ᠋ᠠᠷ ᠵᠢᠯ᠎ᠤᠨ ᠬᠢᠨᠢ 12 ᠰᠠᠷ᠎ᠠ ᠵᠢᠨ 31᠎ᠤ ᠡᠳᠦᠷ ᠬᠦᠷᠲᠡᠯ᠎ᠡ ᠪᠤᠳᠤᠨ᠎ᠠ᠃
10. ᠨᠠᠶ᠋ᠢᠳᠠᠯᠭ᠎ᠠ ᠵᠢᠨ ᠪᠦᠲᠦᠭᠡᠯ᠎ᠤᠨ ᠵᠣᠬᠢᠶᠠᠯ ᠪᠦᠲᠦᠭᠡᠯ᠎ᠤᠨ ᠡᠷᠬᠡ᠎ᠨᠢ ᠬᠡᠨ᠎ᠳᠤ ᠬᠠᠷᠢᠶᠠᠯᠠᠭᠳᠠᠬᠤ ᠪᠤᠢ?
ᠨᠠᠶ᠋ᠢᠳᠠᠯᠭ᠎ᠠ ᠵᠢᠨ ᠪᠦᠲᠦᠭᠡᠯ ᠭᠡᠳᠡᠭ᠎ᠨᠢ ᠪᠤᠰᠤᠳ᠎ᠲᠤ ᠨᠠᠶ᠋ᠢᠳᠠᠵᠤ ᠵᠣᠬᠢᠶᠠᠨ ᠪᠦᠲᠦᠭᠡᠭᠰᠡᠨ ᠪᠦᠲᠦᠭᠡᠯ᠎ᠢ ᠵᠢᠭ᠋ᠠᠳᠠᠭ᠃ 《ᠵᠣᠬᠢᠶᠠᠯ ᠪᠦᠲᠦᠭᠡᠯ᠎ᠤᠨ ᠡᠷᠬᠡ ᠵᠢᠨ ᠬᠠᠤᠯᠢ》 ᠵᠢᠨ ᠠᠷᠪᠠᠨ ᠳᠣᠯᠣᠳᠤᠭ᠋ᠠᠷ ᠵᠦᠢ᠍ᠯ᠎ᠤᠨ ᠲᠤᠭᠲᠠᠭ᠋ᠠᠯ᠎ᠳᠤ᠂ ᠨᠠᠶ᠋ᠢᠳᠠᠯᠭ᠎ᠠ᠎ᠪᠠᠷ ᠵᠣᠬᠢᠶᠠᠨ ᠪᠦᠳᠦᠭᠡᠭᠳᠡᠭᠰᠡᠨ ᠵᠣᠬᠢᠶᠠᠯ ᠪᠦᠲᠦᠭᠡᠯ᠎ᠤᠨ ᠵᠣᠬᠢᠶᠠᠯ ᠪᠦᠲᠦᠭᠡᠯ᠎ᠤᠨ ᠡᠷᠬᠡ ᠵᠢᠨ ᠬᠠᠷᠢᠶ᠎ᠠ ᠵᠢ ᠨᠠᠶ᠋ᠢᠳᠠᠭᠴᠢ ᠪᠠ ᠨᠠᠶ᠋ᠢᠳᠠᠭᠳᠠᠭᠴᠢ ᠭᠡᠷ᠎ᠡ᠎ᠪᠠᠷ ᠲᠡᠮᠵᠢᠠ ᠲᠣᠭᠲᠠᠭ᠋ᠠᠨ᠎ᠠ᠃ ᠭᠡᠷ᠎ᠡ᠎ᠳᠤ ᠲᠣᠳᠣᠷᠬᠠᠶ ᠲᠣᠭᠲᠠᠭ᠋ᠠᠭᠰᠠᠨ ᠦᠬᠡᠢ ᠪᠤᠶᠤ ᠭᠡᠷ᠎ᠡ ᠲᠣᠭᠲᠠᠭ᠋ᠠᠭᠰᠠᠨ ᠦᠬᠡᠢ ᠪᠣᠯ ᠵᠣᠬᠢᠶᠠᠯ ᠪᠦᠲᠦᠭᠡᠯ᠎ᠤᠨ ᠡᠷᠬᠡ᠎ᠨᠢ ᠨᠠᠶ᠋ᠢᠳᠠᠯᠭ᠎ᠠ ᠵᠢ ᠬᠦᠯᠢᠶᠡᠭᠰᠡᠨ ᠬᠥᠮᠦᠨ᠎ᠤ᠎ᠬᠢ ᠪᠣᠯᠤᠨ᠎ᠠ᠃
11. ᠬᠠᠮᠲᠤ ᠵᠢᠨ ᠪᠦᠲᠦᠭᠡᠯ᠎ᠤᠨ ᠵᠣᠬᠢᠶᠠᠯ ᠪᠦᠲᠦᠭᠡᠯ᠎ᠤᠨ ᠡᠷᠬᠡ᠎ᠨᠢ ᠬᠡᠨ᠎ᠳᠤ ᠬᠠᠷᠢᠶᠠᠯᠠᠭᠳᠠᠬᠤ ᠪᠤᠢ?
ᠬᠠᠮᠲᠤᠷᠠᠭᠰᠠᠨ ᠪᠦᠲᠦᠭᠡᠯ ᠭᠡᠳᠡᠭ᠎ᠨᠢ ᠬᠣᠶᠠᠷ᠎ᠠᠴᠠ ᠳᠡᠭᠡᠭᠰᠢ ᠬᠥᠮᠦᠨ ᠬᠠᠮᠲᠤᠷᠠᠨ ᠵᠣᠬᠢᠶᠠᠨ ᠪᠦᠲᠦᠭᠡᠭᠰᠡᠨ ᠵᠣᠬᠢᠶᠠᠯ ᠪᠦᠲᠦᠭᠡᠯ᠎ᠢ ᠵᠢᠭ᠋ᠠᠳᠠᠭ᠃ ᠬᠠᠮᠲᠤ᠎ᠪᠠᠷ ᠵᠣᠬᠢᠶᠠᠨ ᠪᠦᠳᠦᠭᠡᠭᠰᠡᠨ ᠵᠣᠬᠢᠶᠠᠯ ᠪᠦᠲᠦᠭᠡᠯ᠎ᠤᠨ ᠡᠷᠬᠡ ᠵᠢ ᠬᠠᠮᠲᠤᠷᠠᠭᠰᠠᠨ ᠵᠣᠬᠢᠶᠠᠭᠴᠢ ᠬᠠᠮᠲᠤ᠎ᠪᠠᠷ ᠡᠳ᠋ᠯᠡᠨ᠎ᠡ᠃ ᠵᠤᠭᠢᠶᠠᠨ ᠪᠦᠳᠦᠭᠡᠯᠲᠡ᠎ᠳᠤ ᠣᠷᠤᠯᠴᠠᠭᠰᠠᠨ ᠦᠭᠡᠢ ᠪᠣᠯ ᠬᠠᠮᠲᠤᠷᠠᠭᠰᠠᠨ ᠵᠤᠭᠢᠶᠠᠭᠴᠢ ᠪᠤᠯᠵᠤ ᠪᠤᠯᠠᠬᠤ ᠦᠭᠡᠢ᠃ ᠬᠠᠮᠲᠤᠷᠠᠭᠰᠠᠨ ᠪᠦᠲᠦᠭᠡᠯ᠎ᠢ ᠰᠠᠯᠭ᠋ᠠᠵᠤ ᠬᠡᠷᠡᠭᠯᠡᠵᠦ ᠪᠣᠯᠪᠠᠯ ᠵᠣᠬᠢᠶᠠᠭᠴᠢᠳ ᠥᠪᠡᠷ᠎ᠤᠨ ᠵᠣᠬᠢᠶᠠᠨ ᠪᠦᠲᠦᠭᠡᠭᠰᠡᠨ ᠬᠡᠰᠡᠭ᠎ᠲᠡᠭᠡᠨ ᠵᠣᠬᠢᠶᠠᠯ ᠪᠦᠲᠦᠭᠡᠯ᠎ᠤᠨ ᠡᠷᠬᠡ᠎ᠪᠠᠨ ᠲᠤᠰᠠᠭ᠋ᠠᠷ ᠡᠳ᠋ᠯᠡᠵᠦ ᠪᠣᠯᠤᠨ᠎ᠠ᠃ ᠭᠡᠪᠡᠴᠦ ᠵᠣᠬᠢᠶᠠᠯ ᠪᠦᠲᠦᠭᠡᠯ᠎ᠤᠨ ᠡᠷᠬᠡ᠎ᠪᠠᠨ ᠬᠡᠷᠡᠭᠯᠡᠬᠦ᠎ᠳᠡᠭᠡᠨ ᠬᠠᠮᠲᠤᠷᠠᠭᠰᠠᠨ ᠪᠦᠲᠦᠭᠡᠯ᠎ᠤᠨ ᠪᠦᠬᠦᠯᠢ ᠴᠣᠭᠴᠠ ᠵᠢᠨ ᠵᠣᠬᠢᠶᠠᠯ ᠪᠦᠲᠦᠭᠡᠯ᠎ᠤᠨ ᠡᠷᠬᠡ᠎ᠳᠤ ᠬᠠᠯᠳᠠᠵᠤ ᠪᠣᠯᠬᠤ ᠦᠬᠡᠢ᠃
12. ᠲᠤᠰᠢᠶᠠᠯ᠎ᠤᠨ ᠪᠦᠲᠦᠭᠡᠯ᠎ᠤᠨ ᠵᠣᠬᠢᠶᠠᠯ ᠪᠦᠲᠦᠭᠡᠯ᠎ᠤᠨ ᠡᠷᠬᠡ᠎ᠨᠢ ᠬᠡᠨ᠎ᠳᠤ ᠬᠠᠷᠢᠶᠠᠯᠠᠭᠳᠠᠬᠤ ᠪᠤᠢ?
ᠡᠭᠦᠷᠭᠡ ᠲᠤᠰᠢᠶᠠᠯ᠎ᠤᠨ ᠪᠦᠲᠦᠭᠡᠯ ᠭᠡᠳᠡᠭ᠎ᠨᠢ ᠠᠷᠠᠳ ᠢᠷᠭᠡᠨ᠎ᠤ ᠬᠠᠤᠯᠢ ᠵᠢᠨ ᠡᠷᠬᠡᠲᠡᠨ ᠪᠤᠶᠤ ᠪᠤᠰᠤᠳ ᠵᠣᠬᠢᠶᠠᠨ ᠪᠠᠶ᠋ᠢᠭᠤᠯᠤᠯᠲᠠ ᠵᠢᠨ ᠠᠵᠢᠯ᠎ᠤᠨ ᠡᠭᠦᠷᠭᠡ ᠵᠢ ᠪᠡᠶᠡᠯᠡᠭᠦᠯᠬᠦ ᠵᠢᠨ ᠲᠥᠯᠥᠭᠡ ᠵᠣᠬᠢᠶᠠᠨ ᠪᠦᠲᠦᠭᠡᠭᠰᠡᠨ ᠪᠦᠲᠦᠭᠡᠯ᠎ᠢ ᠵᠢᠭ᠋ᠠᠲᠠᠭ᠃ 《ᠠᠵᠢᠯ ᠡᠭᠦᠷᠭᠡ》 ᠭᠡᠳᠡᠭ ᠪᠣᠯ ᠠᠷᠠᠳ ᠢᠷᠭᠡᠨ ᠲᠤᠰ ᠬᠠᠤᠯᠢ ᠵᠢᠨ ᠡᠷᠬᠡᠲᠡᠨ ᠪᠤᠶᠤ ᠪᠤᠰᠤᠳ ᠵᠣᠬᠢᠶᠠᠨ ᠪᠠᠶ᠋ᠢᠭᠤᠯᠤᠯᠲᠠ᠎ᠳᠤ ᠭᠦᠢ᠍ᠴᠡᠳᠬᠡᠬᠦ ᠶᠣᠰᠣᠲᠠᠶ ᠡᠭᠦᠷᠭᠡ ᠬᠠᠷᠢᠭᠤᠴᠠᠯᠭ᠎ᠠ ᠮᠥᠨ᠂ ᠳᠣᠣᠷ᠎ᠠ ᠵᠢᠭᠰᠠᠭ᠋ᠠᠭᠰᠠᠨ ᠪᠠᠶ᠋ᠢᠳᠠᠯ᠎ᠤᠳ᠎ᠤᠨ ᠨᠢᠭᠡ᠎ᠨᠢ ᠪᠣᠯᠬᠤ ᠡᠭᠦᠷᠭᠡ ᠲᠤᠰᠢᠶᠠᠯ᠎ᠤᠨ ᠪᠦᠲᠦᠭᠡᠯ᠎ᠳᠤ ᠵᠣᠬᠢᠶᠠᠭᠴᠢ ᠨᠡᠷ᠎ᠡ᠎ᠪᠠᠨ ᠪᠢᠴᠢᠬᠦ ᠡᠷᠬᠡ᠎ᠲᠠᠢ᠂ ᠵᠣᠬᠢᠶᠠᠯ ᠪᠦᠲᠦᠭᠡᠯ᠎ᠤᠨ ᠡᠷᠬᠡ ᠵᠢᠨ ᠪᠤᠰᠤᠳ ᠡᠷᠬᠡ ᠵᠢ ᠬᠠᠤᠯᠢ ᠵᠢᠨ ᠡᠷᠬᠡᠲᠡᠨ ᠪᠤᠶᠤ ᠪᠤᠰᠤᠳ ᠵᠣᠬᠢᠶᠠᠨ ᠪᠠᠶ᠋ᠢᠭᠤᠯᠤᠯᠲᠠ ᠡᠳ᠋ᠯᠡᠨ᠎ᠡ᠂ ᠬᠠᠤᠯᠢ ᠵᠢᠨ ᠬᠥᠮᠦᠨ ᠪᠤᠶᠤ ᠪᠤᠰᠤᠳ ᠵᠣᠬᠢᠶᠠᠨ ᠪᠠᠶ᠋ᠢᠭᠤᠯᠤᠯᠲᠠ᠎ᠠᠴᠠ ᠵᠣᠬᠢᠶᠠᠭᠴᠢ ᠵᠢ ᠬᠥᠬᠢᠭᠦᠯᠦᠨ ᠱᠠᠩᠨᠠᠵᠤ ᠪᠣᠯᠤᠨ᠎ᠠ᠄ (1) ᠭᠣᠣᠯᠳᠠᠭᠤ ᠬᠠᠤᠯᠢ ᠵᠢᠨ ᠡᠷᠬᠡᠲᠡᠨ ᠪᠤᠶᠤ ᠪᠤᠰᠤᠳ ᠵᠣᠬᠢᠶᠠᠨ ᠪᠠᠶ᠋ᠢᠭᠤᠯᠤᠯᠲᠠ ᠵᠢᠨ ᠡᠳ᠋ ᠪᠣᠳᠠᠰ᠂ ᠮᠡᠷᠭᠡᠵᠢᠯ᠎ᠤᠨ ᠨᠥᠬᠥᠴᠡᠯ᠎ᠢ ᠠᠰᠢᠭᠯᠠᠨ ᠵᠣᠬᠢᠶᠠᠨ ᠪᠦᠲᠦᠭᠡᠭᠰᠡᠨ ᠪᠥᠭᠡᠳ ᠬᠠᠤᠯᠢ ᠵᠢᠨ ᠡᠷᠬᠡᠲᠡᠨ ᠪᠤᠶᠤ ᠪᠤᠰᠤᠳ ᠵᠣᠬᠢᠶᠠᠨ ᠪᠠᠶ᠋ᠢᠭᠤᠯᠤᠯᠲᠠ᠎ᠠᠴᠠ ᠬᠠᠷᠢᠭᠤᠴᠠᠯᠭ᠎ᠠ ᠡᠭᠦᠷᠭᠡᠯᠡᠬᠦ ᠪᠠᠷᠢᠯᠭ᠎ᠠ ᠵᠢᠨ ᠵᠢᠷᠤᠭ ᠲᠥᠯᠥᠪᠯᠡᠭᠡ ᠵᠢᠨ ᠵᠢᠷᠤᠭ᠂ ᠦᠢ᠍ᠯᠡᠳᠬᠦᠨ᠎ᠤ ᠲᠥᠯᠥᠪᠯᠡᠭᠡᠨ᠎ᠤ ᠵᠢᠷᠤᠭ᠂ ᠭᠠᠵᠠᠷ᠎ᠤᠨ ᠵᠢᠷᠤᠭ᠂ ᠺᠣᠮᠫᠢᠦ᠋ᠲ᠋ᠧᠷ᠎ᠤᠨ ᠵᠥᠭᠡᠯᠡᠨ ᠲᠤᠨᠦᠬ ᠵᠡᠷᠭᠡ ᠡᠭᠦᠷᠭᠡ ᠲᠤᠰᠢᠶᠠᠯ᠎ᠤᠨ ᠪᠦᠲᠦᠭᠡᠯ; (2) ᠬᠠᠤᠯᠢ ᠴᠠᠭ᠋ᠠᠵᠠ ᠵᠠᠰᠠᠭ ᠵᠠᠬᠢᠷᠭ᠋ᠠᠨ᠎ᠤ ᠬᠠᠤᠯᠢ ᠲᠣᠭᠲᠠᠭ᠋ᠠᠯ᠎ᠳᠤ ᠲᠣᠭᠲᠠᠭ᠋ᠠᠭᠰᠠᠨ ᠪᠤᠶᠤ ᠭᠡᠷ᠎ᠡ᠎ᠳᠤ ᠪᠣᠯᠵᠣᠨ ᠲᠣᠭᠲᠠᠭᠰᠠᠨ ᠵᠣᠬᠢᠶᠠᠯ ᠪᠦᠲᠦᠭᠡᠯ᠎ᠤᠨ ᠡᠷᠬᠡ ᠵᠢ ᠬᠠᠤᠯᠢ ᠵᠢᠨ ᠡᠷᠬᠡᠲᠡᠨ ᠪᠤᠶᠤ ᠪᠤᠰᠤᠳ ᠵᠣᠬᠢᠶᠠᠨ ᠪᠠᠶ᠋ᠢᠭᠤᠯᠤᠯᠲᠠ᠎ᠠᠴᠠ ᠡᠳ᠋ᠯᠡᠬᠦ ᠡᠭᠦᠷᠭᠡ ᠲᠤᠰᠢᠶᠠᠯ᠎ᠤᠨ ᠪᠦᠲᠦᠭᠡᠯ᠃ 《ᠪᠣᠳᠠᠰ᠎ᠤᠨ ᠪᠠ ᠮᠡᠷᠭᠡᠵᠢᠯ᠎ᠤᠨ ᠨᠥᠬᠥᠴᠡᠯ》 ᠬᠡᠳᠡᠭ᠎ᠨᠢ ᠲᠤᠰ ᠬᠠᠤᠯᠢ ᠵᠢᠨ ᠡᠷᠬᠡᠲᠡᠨ ᠪᠤᠶᠤ ᠲᠤᠰ ᠵᠣᠬᠢᠶᠠᠨ ᠪᠠᠶ᠋ᠢᠭᠤᠯᠤᠯᠲᠠ᠎ᠨᠢ ᠠᠷᠠᠳ ᠢᠷᠭᠡᠳ᠎ᠤᠨ ᠵᠣᠬᠢᠶᠠᠨ ᠪᠦᠲᠦᠭᠡᠬᠦ ᠵᠢ ᠪᠡᠶᠡᠯᠡᠭᠦᠯᠬᠦ ᠲᠤᠰᠬᠠᠶ ᠪᠡᠯᠡ ᠮᠥᠩᠭᠥ ᠬᠠᠩᠭ᠋ᠠᠬᠤ᠂ ᠲᠤᠨᠤᠭ ᠲᠥᠬᠥᠭᠡᠷᠦᠮᠵᠢ ᠪᠤᠶᠤ ᠮᠠᠲ᠋ᠧᠷᠢᠶᠠᠯ ᠬᠠᠩᠭ᠋ᠠᠬᠤ ᠵᠢ ᠵᠢᠭ᠋ᠠᠲᠠᠭ᠃ ᠳᠡᠭᠡᠷ᠎ᠡ ᠳᠤᠷᠠᠳᠤᠭᠰᠠᠨ ᠲᠣᠭᠲᠠᠭ᠋ᠠᠯ᠎ᠠᠴᠠ ᠭᠠᠳᠠᠨ᠎ᠠ ᠲᠤᠰᠢᠶᠠᠯ᠎ᠤᠨ ᠪᠦᠲᠦᠭᠡᠯ᠎ᠤᠨ ᠵᠣᠬᠢᠶᠠᠯ ᠪᠦᠲᠦᠭᠡᠯ᠎ᠤᠨ ᠡᠷᠬᠡ ᠵᠢ ᠵᠣᠬᠢᠶᠠᠭᠴᠢ᠎ᠨᠢ ᠡᠳ᠋ᠯᠡᠨ᠎ᠡ᠃ ᠭᠡᠪᠡᠴᠦ ᠬᠠᠤᠯᠢ ᠵᠢᠨ ᠡᠷᠬᠡᠲᠡᠨ ᠪᠤᠶᠤ ᠪᠤᠰᠤᠳ ᠵᠣᠬᠢᠶᠠᠨ ᠪᠠᠶ᠋ᠢᠭᠤᠯᠤᠯᠲᠠ᠎ᠨᠢ ᠥᠪᠡᠷ᠎ᠤᠨ ᠲᠤᠬᠠᠶ᠋ᠢᠯᠠᠭᠰᠠᠨ ᠠᠵᠢᠯ᠎ᠤᠨ ᠬᠡᠪᠴᠢᠶᠡᠨ᠎ᠳᠤ ᠤᠷᠢᠳᠠᠪᠠᠷ ᠬᠡᠷᠡᠭᠯᠡᠬᠦ ᠡᠷᠬᠡ᠎ᠲᠠᠢ᠃ ᠪᠦᠲᠦᠭᠡᠯ ᠵᠶ᠋ᠠᠨ ᠪᠡᠶᠡᠯᠡᠭᠦᠯᠦᠭᠰᠡᠨ᠎ᠤ ᠬᠣᠶ᠋ᠢᠨ᠎ᠠ ᠬᠣᠶᠠᠷ ᠵᠢᠯ᠎ᠤᠨ ᠳᠣᠲᠣᠷ᠎ᠠ ᠨᠢᠭᠡᠴᠢ ᠵᠢᠨ ᠵᠥᠪᠰᠢᠶᠡᠷᠡᠯ ᠦᠬᠡᠢ᠎ᠪᠠᠷ ᠵᠣᠬᠢᠶᠠᠭᠴᠢ᠎ᠠᠴᠠ ᠨᠢᠭᠡᠴᠢ ᠵᠢᠨ ᠬᠡᠷᠡᠭᠯᠡᠭᠰᠡᠨ ᠠᠷᠭ᠎ᠠ᠎ᠲᠠᠢ ᠠᠳᠠᠯᠢᠬᠠᠨ ᠠᠷᠭ᠎ᠠ᠎ᠪᠠᠷ ᠭᠤᠷᠪᠠᠳᠤᠭ᠋ᠠᠷ ᠡᠲᠡᠭᠡᠳ᠎ᠲᠤ ᠲᠤᠰ ᠪᠦᠲᠦᠭᠡᠯ᠎ᠢ ᠬᠡᠷᠡᠭᠯᠡᠭᠦᠯᠬᠦ᠎ᠪᠠᠷ ᠵᠥᠪᠰᠢᠶᠡᠷᠡᠵᠦ ᠪᠣᠯᠬᠤ ᠦᠬᠡᠢ᠃
13. ᠬᠠᠤᠯᠢ ᠵᠢᠨ ᠡᠷᠬᠡᠲᠡᠨ᠎ᠤ ᠪᠦᠲᠦᠭᠡᠯ᠎ᠤᠨ ᠵᠣᠬᠢᠶᠠᠯ ᠪᠦᠲᠦᠭᠡᠯ᠎ᠤᠨ ᠡᠷᠬᠡ᠎ᠨᠢ ᠬᠡᠨ᠎ᠳᠤ ᠬᠠᠷᠢᠶᠠᠯᠠᠭᠳᠠᠬᠤ ᠪᠤᠢ?
ᠬᠠᠤᠯᠢ ᠵᠢᠨ ᠡᠷᠬᠡᠲᠡᠨ᠎ᠤ ᠪᠦᠲᠦᠭᠡᠯ ᠭᠡᠳᠡᠭ ᠪᠣᠯ ᠬᠠᠤᠯᠢ ᠵᠢᠨ ᠡᠷᠬᠡᠲᠡᠨ ᠪᠤᠶᠤ ᠪᠤᠰᠤᠳ ᠵᠣᠬᠢᠶᠠᠨ ᠪᠠᠶ᠋ᠢᠭᠤᠯᠤᠯᠲᠠ᠎ᠠᠴᠠ ᠡᠷᠬᠢᠯᠡᠭᠰᠡᠠ ᠬᠠᠤᠯᠢ ᠵᠢᠨ ᠡᠷᠬᠡᠲᠡᠨ ᠪᠤᠶᠤ ᠪᠤᠰᠤᠳ ᠵᠣᠬᠢᠶᠠᠨ ᠪᠠᠶ᠋ᠢᠭᠤᠯᠤᠯᠲᠠ ᠵᠢᠨ ᠰᠠᠨᠠᠭ᠎ᠠ ᠵᠣᠷᠢᠯᠲᠠ ᠵᠢ ᠲᠦᠯᠦᠭᠡᠯᠡᠨ ᠵᠣᠬᠢᠶᠠᠨ ᠪᠦᠲᠦᠭᠡᠭᠰᠡᠨ ᠪᠥᠭᠡᠳ ᠬᠠᠤᠯᠢ ᠵᠢᠨ ᠡᠷᠬᠡᠲᠡᠨ ᠪᠤᠶᠤ ᠪᠤᠰᠤᠳ ᠵᠣᠬᠢᠶᠠᠨ ᠪᠠᠶ᠋ᠢᠭᠤᠯᠤᠯᠲᠠ᠎ᠠᠴᠠ ᠬᠠᠷᠢᠭᠤᠴᠠᠯᠭ᠎ᠠ ᠡᠭᠦᠷᠭᠡᠯᠡᠬᠦ ᠪᠦᠲᠦᠭᠡᠯ᠎ᠢ ᠵᠢᠭ᠋ᠠᠳᠠᠭ᠃ ᠬᠠᠤᠯᠢ ᠵᠢᠨ ᠡᠷᠬᠡᠲᠡᠨ᠎ᠤ ᠵᠣᠬᠢᠶᠠᠯ ᠪᠦᠲᠦᠭᠡᠯ᠎ᠤᠨ ᠡᠷᠬᠡ᠎ᠨᠢ ᠬᠠᠤᠯᠢ ᠵᠢᠨ ᠡᠷᠬᠡᠲᠡᠨ ᠪᠤᠶᠤ ᠪᠤᠰᠤᠳ ᠵᠣᠬᠢᠶᠠᠨ ᠪᠠᠶ᠋ᠢᠭᠤᠯᠤᠯᠲᠠ ᠡᠲᠡᠯᠡᠬᠦ ᠶᠣᠰᠣᠲᠠᠶ᠃ ᠬᠠᠤᠯᠢ ᠵᠢᠨ ᠡᠷᠬᠡᠲᠡᠨ ᠪᠤᠶᠤ ᠪᠤᠰᠤᠳ ᠵᠣᠬᠢᠶᠠᠨ ᠪᠠᠶ᠋ᠢᠭᠤᠯᠤᠯᠲᠠ ᠬᠤᠪᠢᠷᠠᠯᠲᠠ ᠭᠠᠷᠤᠭᠰᠠᠨ ᠪᠠ ᠳᠠᠭᠤᠰᠤᠭᠰᠠᠨ᠎ᠤ ᠳᠠᠷᠠᠭ᠎ᠠ᠂ ᠲᠡᠭᠦᠨ᠎ᠤ ᠪᠦᠲᠦᠭᠡᠯ᠎ᠢ ᠬᠡᠷᠡᠭᠯᠡᠬᠦ ᠡᠷᠬᠡ ᠪᠠ ᠬᠠᠷᠠᠮᠵᠢ ᠤᠯᠬᠤ ᠡᠷᠬᠡ ᠵᠢ ᠡᠷᠬᠡ ᠡᠭᠦᠷᠭᠡ ᠵᠢ᠎ᠨᠢ ᠬᠦᠯᠢᠶᠡᠬᠦ ᠬᠠᠤᠯᠢ ᠵᠢᠨ ᠡᠷᠬᠡᠲᠡᠨ ᠪᠤᠶᠤ ᠪᠤᠰᠤᠳ ᠵᠣᠬᠢᠶᠠᠨ ᠪᠠᠶ᠋ᠢᠭᠤᠯᠤᠯᠲᠠ ᠡᠳ᠋ᠯᠡᠨ᠎ᠡ᠃ ᠡᠷᠬᠡ ᠡᠭᠦᠷᠭᠡ ᠵᠢ᠎ᠨᠢ ᠬᠦᠯᠢᠶᠡᠬᠦ ᠬᠠᠤᠯᠢ ᠵᠢᠨ ᠡᠷᠬᠡᠲᠡᠨ ᠪᠤᠶᠤ ᠪᠤᠰᠤᠳ ᠵᠣᠬᠢᠶᠠᠨ ᠪᠠᠶ᠋ᠢᠭᠤᠯᠤᠯᠲᠠ ᠦᠭᠡᠢ ᠪᠣᠯ ᠤᠯᠤᠰ᠎ᠠᠴᠠ ᠡᠳ᠋ᠯᠡᠨ᠎ᠡ᠃
14. ᠥᠭᠡᠷᠡᠴᠢᠯᠡᠨ ᠨᠠᠢ᠌ᠷᠠᠭᠤᠯᠤᠭᠰᠠᠨ᠂ ᠣᠷᠴᠢᠭᠤᠯᠤᠭᠰᠠᠨ᠂ ᠲᠠᠶ᠋ᠢᠯᠪᠤᠷᠢ ᠭᠢᠭᠰᠡᠨ ᠵᠡᠷᠭᠡ ᠳᠡᠯᠭᠡᠷᠡᠭᠦᠯᠦᠭᠰᠡᠨ ᠪᠦᠲᠦᠭᠡᠯ᠎ᠤᠨ ᠵᠣᠬᠢᠶᠠᠯ ᠪᠦᠲᠦᠭᠡᠯ᠎ᠤᠨ ᠡᠷᠬᠡ᠎ᠨᠢ ᠬᠡᠨ᠎ᠳᠤ ᠬᠠᠷᠢᠶᠠᠯᠠᠭᠳᠠᠬᠤ ᠪᠤᠢ?
ᠳᠡᠯᠭᠡᠷᠡᠭᠦᠯᠦᠭᠰᠡᠨ ᠪᠦᠲᠦᠭᠡᠯ ᠭᠡᠳᠡᠭ᠎ᠨᠢ ᠪᠡᠯᠡᠨ ᠪᠠᠢ᠌ᠭ᠎ᠠ ᠪᠦᠳᠦᠭᠡᠯ᠎ᠢ ᠥᠭᠡᠷᠡᠴᠢᠯᠡᠨ ᠨᠠᠶ᠋ᠢᠷᠠᠭᠤᠯᠵᠤ᠂ ᠣᠷᠴᠢᠭᠤᠯᠵᠤ᠂ ᠲᠠᠶ᠋ᠢᠯᠪᠤᠷᠢ ᠭᠢᠵᠥ᠂ ᠡᠮᠬᠢᠳᠬᠡᠭᠡᠳ ᠪᠤᠢ ᠪᠣᠯᠤᠭᠰᠠᠨ ᠪᠦᠲᠦᠭᠡᠯ᠎ᠢ ᠵᠢᠭ᠋ᠠᠳᠠᠭ᠃ ᠳᠡᠯᠭᠡᠷᠡᠭᠦᠯᠦᠭᠰᠡᠨ ᠪᠦᠲᠦᠭᠡᠯ᠎ᠤᠨ ᠵᠣᠬᠢᠶᠠᠯ ᠪᠦᠲᠦᠭᠡᠯ᠎ᠤᠨ ᠡᠷᠬᠡ ᠵᠢ ᠥᠭᠡᠷᠡᠴᠢᠯᠡᠨ ᠨᠠᠶ᠋ᠢᠷᠠᠭᠤᠯᠵᠤ᠂ ᠣᠷᠴᠢᠭᠤᠯᠵᠤ᠂ ᠲᠠᠶ᠋ᠢᠯᠪᠤᠷᠢ ᠬᠢᠵᠦ᠂ ᠡᠮᠬᠢᠳᠬᠡᠭᠰᠡᠨ ᠬᠥᠮᠦᠨ ᠡᠳ᠋ᠯᠡᠨ᠎ᠡ᠂ ᠭᠡᠪᠡᠴᠦ ᠵᠣᠬᠢᠶᠠᠯ ᠪᠦᠲᠦᠭᠡᠯ᠎ᠤᠨ ᠡᠷᠬᠡ᠎ᠪᠠᠨ ᠬᠡᠷᠡᠭᠯᠡᠬᠦ᠎ᠳᠡᠭᠡᠨ ᠤᠬ ᠪᠦᠲᠦᠭᠡᠯ᠎ᠤᠨ ᠵᠣᠬᠢᠶᠠᠯ ᠪᠦᠲᠦᠭᠡᠯ᠎ᠤᠨ ᠡᠷᠬᠡ᠎ᠳᠤ ᠬᠠᠯᠳᠠᠵᠤ ᠪᠣᠯᠬᠤ ᠦᠬᠡᠢ᠃
15. ᠡᠮᠬᠢᠳᠬᠡᠯ ᠪᠦᠲᠦᠭᠡᠯ᠎ᠤᠨ ᠵᠣᠬᠢᠶᠠᠯ ᠪᠦᠲᠦᠭᠡᠯ᠎ᠤᠨ ᠡᠷᠬᠡ᠎ᠨᠢ ᠬᠡᠨ᠎ᠳᠤ ᠬᠠᠷᠢᠶᠠᠯᠠᠭᠳᠠᠬᠤ ᠪᠤᠢ?
ᠡᠮᠬᠢᠳᠬᠡᠯ ᠪᠦᠲᠦᠭᠡᠯ ᠭᠡᠳᠡᠭ᠎ᠨᠢ ᠡᠳᠦᠶ ᠲᠡᠳᠦᠶ ᠪᠦᠲᠦᠭᠡᠯ᠂ ᠪᠦᠲᠦᠭᠡᠯ᠎ᠤᠨ ᠬᠡᠰᠡᠭ ᠪᠠᠳᠠᠭ ᠪᠤᠶᠤ ᠪᠦᠲᠦᠭᠡᠯ ᠪᠤᠯᠵᠦ ᠪᠦᠷᠢᠯᠳᠦᠭᠰᠡᠨ ᠦᠬᠡᠢ ᠲᠣᠭ᠎ᠠ ᠪᠠᠷᠢᠮᠲᠠ ᠪᠤᠶᠤ ᠪᠤᠰᠤᠳ ᠮᠠᠲ᠋ᠧᠷᠢᠶᠠᠯ᠎ᠳᠤ ᠠᠭᠤᠯᠭ᠎ᠠ ᠵᠢᠨ ᠰᠣᠩᠭᠣᠯᠲᠠ ᠬᠢᠭᠰᠡᠨ ᠪᠤᠶᠤ ᠨᠠᠢ᠌ᠷᠠᠭᠤᠯᠵᠤ ᠪᠠᠢ᠌ᠷᠢᠯᠠᠭᠤᠯᠤᠭᠰᠠᠨ᠎ᠨᠢ ᠥᠪᠡᠷᠮᠢᠴᠡ ᠪᠦᠲᠦᠭᠡᠯᠴᠢ ᠴᠢᠨᠠᠷ᠎ᠢ ᠢᠯᠡᠷᠡᠭᠦᠯᠦᠭᠰᠡᠨ ᠪᠦᠲᠦᠭᠡᠯ᠎ᠢ ᠵᠢᠭ᠋ᠠᠳᠠᠭ᠃ ᠡᠮᠬᠢᠳᠬᠡᠯ ᠪᠦᠲᠦᠭᠡᠯ᠎ᠤᠨ ᠵᠣᠬᠢᠶᠠᠯ ᠪᠦᠲᠦᠭᠡᠯ᠎ᠤᠨ ᠡᠷᠬᠡ ᠵᠢ ᠡᠮᠬᠢᠳᠬᠡᠨ ᠨᠠᠶ᠋ᠢᠷᠠᠭᠤᠯᠤᠭᠰᠠᠨ ᠬᠥᠮᠦᠨ ᠡᠳ᠋ᠯᠡᠨ᠎ᠡ᠂ ᠭᠡᠪᠡᠴᠦ ᠲᠡᠭᠦᠨ᠎ᠤ ᠵᠣᠬᠢᠶᠠᠯ ᠪᠦᠲᠦᠭᠡᠯ᠎ᠤᠨ ᠡᠷᠬᠡ᠎ᠪᠠᠨ ᠬᠡᠷᠡᠭᠯᠡᠬᠦ᠎ᠳᠤ ᠤᠬ ᠪᠦᠲᠦᠭᠡᠯ᠎ᠤᠨ ᠵᠣᠬᠢᠶᠠᠯ ᠪᠦᠲᠦᠭᠡᠯ᠎ᠤᠨ ᠡᠷᠬᠡ᠎ᠳᠤ ᠬᠠᠯᠳᠠᠵᠤ ᠪᠣᠯᠬᠤ ᠦᠬᠡᠢ᠃
16. ᠶᠠᠮᠠᠷ ᠪᠠᠶ᠋ᠢᠳᠠᠯ ᠳᠣᠣᠷ᠎ᠠ ᠵᠣᠬᠢᠶᠠᠯ ᠪᠦᠲᠦᠭᠡᠯ᠎ᠢ ᠬᠡᠷᠡᠭᠯᠡᠬᠦ᠎ᠳᠤ᠎ᠪᠠᠨ ᠵᠣᠬᠢᠶᠠᠯ ᠪᠦᠲᠦᠭᠡᠯ᠎ᠤᠨ ᠡᠷᠬᠡᠲᠦ ᠬᠥᠮᠦᠨ᠎ᠤ ᠵᠥᠪᠰᠢᠶᠡᠷᠡᠯ᠎ᠢ ᠠᠪᠬᠤ ᠦᠭᠡᠢ᠂ ᠬᠠᠷᠠᠮᠵᠢ ᠥᠭᠬᠦ ᠊ᠦᠭᠡᠢ ᠪᠠᠶ᠋ᠢᠵᠤ ᠪᠤᠯᠬᠣ ᠤᠤ?
《ᠵᠣᠬᠢᠶᠠᠯ ᠪᠦᠲᠦᠭᠡᠯ᠎ᠤᠨ ᠡᠷᠬᠡ ᠵᠢᠨ ᠬᠠᠤᠯᠢ》 ᠵᠢ ᠦᠨᠳᠦᠰᠦᠯᠡᠪᠡᠯ ᠳᠣᠣᠷ᠎ᠠ ᠵᠢᠭᠰᠠᠭ᠋ᠠᠭᠰᠠᠨ ᠪᠠᠶ᠋ᠢᠳᠠᠯ ᠳᠣᠣᠷ᠎ᠠ ᠵᠣᠬᠢᠶᠠᠯ ᠪᠦᠲᠦᠭᠡᠯ᠎ᠢ ᠬᠡᠷᠡᠭᠯᠡᠪᠡᠯ ᠵᠣᠬᠢᠶᠠᠯ ᠪᠦᠲᠦᠭᠡᠯ᠎ᠤᠨ ᠡᠷᠬᠡᠲᠦ ᠬᠥᠮᠦᠨ ᠵᠶ᠋ᠠᠷ ᠵᠥᠪᠰᠢᠶᠡᠷᠡᠭᠦᠯᠬᠦ ᠦᠬᠡᠢ᠂ ᠲᠡᠭᠦᠨ᠎ᠳᠤ ᠬᠠᠷᠠᠮᠵᠢ ᠥᠭᠬᠦ ᠦᠬᠡᠢ ᠪᠠᠶ᠋ᠢᠵᠤ ᠪᠣᠯᠤᠨ᠎ᠠ᠂ ᠭᠡᠪᠡᠴᠦ ᠵᠣᠬᠢᠶᠠᠭᠴᠢ ᠵᠢᠨ ᠤᠪᠦᠬ ᠨᠡᠷ᠎ᠡ᠂ ᠪᠦᠲᠦᠭᠡᠯ᠎ᠤᠨ ᠨᠡᠷ᠎ᠡ ᠵᠢ ᠲᠣᠳᠣᠷᠬᠠᠶ ᠬᠠᠳᠡᠵᠦ᠂ ᠵᠣᠬᠢᠶᠠᠯ ᠪᠦᠲᠦᠭᠡᠯ᠎ᠤᠨ ᠡᠷᠬᠡᠲᠦ ᠬᠥᠮᠦᠨ᠎ᠤ 《ᠵᠣᠬᠢᠶᠠᠯ ᠪᠦᠲᠦᠭᠡᠯ᠎ᠤᠨ ᠡᠷᠬᠡ ᠵᠢᠨ ᠬᠠᠤᠯᠢ》 ᠶᠣᠰᠣᠭ᠋ᠠᠷ ᠡᠳ᠋ᠯᠡᠪᠡᠰᠦ ᠵᠣᠬᠢᠬᠤ ᠪᠤᠰᠤᠳ ᠡᠷᠬᠡ᠎ᠳᠤ ᠬᠠᠯᠳᠠᠵᠤ ᠪᠣᠯᠬᠤ ᠦᠭᠡᠢ᠃
(ᠨᠢᠭᠡ) ᠬᠤᠪᠢ ᠬᠥᠮᠦᠨ᠎ᠤ ᠰᠤᠷᠤᠯᠴᠠᠬᠤ᠂ ᠰᠤᠳᠤᠯᠬᠤ ᠪᠤᠶᠤ ᠰᠣᠨᠢᠷᠬᠠᠬᠤ ᠵᠢᠨ ᠲᠥᠯᠥᠭᠡ ᠪᠤᠰᠤᠳ᠎ᠤᠨ ᠨᠢᠭᠡᠨᠲᠡ ᠨᠡᠶ᠋ᠢᠲᠡᠯᠡᠭᠰᠡᠨ ᠪᠦᠲᠦᠭᠡᠯ᠎ᠢ ᠬᠡᠷᠡᠭᠯᠡᠬᠦ;
(ᠬᠣᠶᠠᠷ) ᠶᠠᠮᠠᠷ ᠨᠢᠭᠡᠨ ᠪᠦᠲᠦᠭᠡᠯ᠎ᠢ ᠲᠠᠨᠢᠯᠴᠠᠭᠤᠯᠬᠤ ᠪᠤᠶᠤ ᠰᠢᠭᠦᠮᠵᠢᠯᠡᠬᠦ᠂ ᠶᠠᠮᠠᠷ ᠨᠢᠭᠡᠨ ᠠᠰᠠᠭᠤᠳᠠᠯ᠎ᠢ ᠲᠣᠳᠣᠷᠬᠠᠶ᠋ᠢᠯᠠᠬᠤ ᠵᠢᠨ ᠲᠥᠯᠥᠭᠡ ᠪᠤᠰᠤᠳ᠎ᠤᠨ ᠨᠢᠭᠡᠨᠲᠡ ᠨᠡᠶ᠋ᠢᠲᠡᠯᠡᠭᠰᠡᠨ ᠪᠦᠲᠦᠭᠡᠯ᠎ᠢ ᠵᠣᠬᠢᠶᠠᠯ᠎ᠳᠤ᠎ᠪᠠᠨ ᠵᠣᠬᠢᠬᠤ ᠬᠡᠮᠵᠢᠶ᠎ᠡ᠎ᠪᠠᠷ ᠡᠰᠢ ᠲᠡᠳᠡᠠ ᠬᠡᠷᠡᠭᠯᠡᠬᠦ;
(ᠭᠤᠷᠪᠠ) ᠴᠠᠭ᠎ᠤᠨ ᠪᠠᠶ᠋ᠢᠳᠠᠯ᠎ᠤᠨ ᠰᠣᠨᠢᠨ ᠮᠡᠳᠡᠭᠡ ᠵᠢ ᠮᠡᠳᠡᠭᠡᠯᠡᠬᠦ ᠵᠢᠨ ᠲᠥᠯᠥᠭᠡ ᠰᠣᠨᠢᠨ᠂ ᠰᠡᠳᠬᠦᠯ᠂ ᠷᠠᠳᠢᠣ᠋ ᠨᠡᠪᠲᠡᠷᠡᠭᠦᠯᠭᠡ᠂ ᠲᠧᠯᠸᠢᠰ ᠬᠣᠷᠢᠶ᠎ᠠ ᠵᠡᠷᠭᠡ ᠵᠠᠭᠤᠴᠢᠯᠠᠭᠤᠷ᠎ᠲᠤ ᠵᠠᠢ᠌ᠯᠠᠰᠢ ᠦᠭᠡᠢ ᠢᠯᠡᠷᠡᠬᠦ ᠪᠣᠶᠤ ᠨᠢᠭᠡᠨᠲᠡ ᠨᠡᠶ᠋ᠢᠲᠡᠯᠡᠭᠰᠡᠨ ᠪᠦᠲᠦᠭᠡᠯ᠎ᠢ ᠡᠰᠢ ᠲᠡᠳᠡᠠ ᠬᠡᠷᠡᠭᠯᠡᠬᠦ;
(ᠳᠥᠷᠪᠡ) ᠰᠣᠨᠢᠨ᠂ ᠬᠤᠭᠤᠴᠠᠭ᠋ᠠᠲᠤ ᠰᠡᠳᠬᠦᠯ᠂ ᠷᠠᠳᠢᠣ᠋ ᠨᠡᠪᠲᠡᠷᠡᠭᠦᠯᠭᠡ ᠵᠢᠨ ᠬᠣᠷᠢᠶ᠎ᠠ᠂ ᠲᠧᠯᠸᠢᠰ ᠬᠣᠷᠢᠶ᠎ᠠ ᠵᠡᠷᠭᠡ ᠵᠠᠭᠤᠴᠢᠯᠠᠭᠤᠷ᠎ᠨᠢ ᠪᠤᠰᠤᠳ ᠰᠣᠨᠢᠨ᠂ ᠬᠤᠭᠤᠴᠠᠭ᠋ᠠᠲᠤ ᠰᠡᠳᠬᠦᠯ᠂ ᠷᠠᠳᠢᠣ᠋ ᠨᠡᠪᠲᠡᠷᠡᠭᠦᠯᠭᠡ ᠵᠢᠨ ᠬᠣᠷᠢᠶ᠎ᠠ᠂ ᠲᠧᠯᠸᠢᠰ ᠬᠣᠷᠢᠶ᠎ᠠ ᠵᠡᠷᠭᠡ ᠵᠠᠭᠤᠴᠢᠯᠠᠭᠤᠷ᠎ᠲᠤ ᠨᠢᠭᠡᠨᠲᠡ ᠨᠡᠶ᠋ᠢᠲᠡᠯᠡᠭᠰᠡᠨ ᠤᠯᠤᠰ ᠳᠦᠷᠦ᠂ ᠠᠵᠤ ᠠᠬᠤᠢ᠂ ᠱᠠᠰᠢᠨ ᠰᠤᠷᠲᠠᠬᠤᠨ᠎ᠤ ᠠᠰᠠᠭᠤᠳᠠᠯ᠎ᠤᠨ ᠲᠤᠬᠠᠶ ᠴᠠᠭ᠎ᠤᠨ ᠪᠠᠶ᠋ᠢᠳᠠᠯ᠎ᠤᠨ ᠴᠢᠨᠠᠷᠲᠠᠶ ᠵᠣᠬᠢᠶᠠᠯ᠎ᠢ ᠨᠡᠢ᠌ᠳᠡᠯᠡᠭᠰᠡᠨ ᠪᠣᠶᠣ ᠨᠡᠪᠲᠡᠷᠡᠭᠦᠯᠦᠭᠰᠡᠨ᠂ ᠭᠡᠪᠡᠴᠦ ᠵᠣᠬᠢᠶᠠᠭᠴᠢ᠎ᠠᠴᠠ ᠨᠡᠶ᠋ᠢᠲᠡᠯᠡᠬᠦ ᠪᠠ ᠨᠡᠪᠲᠡᠷᠡᠬᠦᠯᠬᠦ ᠵᠢ ᠦᠯᠦ ᠵᠦᠪᠰᠢᠶᠡᠷᠡᠭᠰᠡᠨ ᠪᠠᠶ᠋ᠢᠪᠠᠯ ᠡᠭᠦᠨ᠎ᠳᠤ ᠪᠠᠭᠲᠠᠬᠤ ᠦᠭᠡᠢ;
(ᠲᠠᠪᠤ) ᠰᠣᠨᠢᠨ᠂ ᠬᠣᠭᠤᠴᠠᠭ᠋ᠠᠲᠦ ᠰᠡᠳᠬᠦᠯ᠂ ᠷᠠᠳᠢᠣ᠋ ᠬᠣᠷᠢᠶ᠎ᠠ᠂ ᠲᠧᠯᠸᠢᠰ ᠬᠣᠷᠢᠶ᠎ᠠ ᠵᠡᠷᠭᠡ ᠵᠠᠭᠤᠴᠢᠯᠠᠭᠤᠷ᠎ᠠᠴᠠ ᠤᠯᠡᠠ ᠨᠡᠶ᠋ᠢᠲᠡ ᠵᠢᠨ ᠬᠤᠷᠠᠯ ᠴᠤᠭᠯᠠᠭ᠋ᠠᠨ ᠳᠡᠭᠡᠷ᠎ᠡ ᠨᠡᠶ᠋ᠢᠲᠡᠯᠡᠭᠰᠡᠨ ᠶᠠᠷᠢᠶ᠎ᠠ ᠵᠢ ᠨᠡᠶ᠋ᠢᠲᠡᠯᠡᠬᠦ ᠪᠤᠶᠤ ᠨᠡᠪᠲᠡᠷᠡᠭᠦᠯᠬᠦ᠂ ᠭᠡᠪᠡᠴᠦ ᠵᠣᠬᠢᠶᠠᠭᠴᠢ᠎ᠠᠴᠠ ᠨᠡᠶ᠋ᠢᠲᠡᠯᠡᠬᠦ ᠪᠠ ᠨᠡᠪᠲᠡᠷᠡᠭᠦᠯᠬᠦ ᠵᠢ ᠤᠢ᠍ᠯᠦ ᠵᠥᠪᠰᠢᠶᠡᠷᠡᠬᠦ᠎ᠪᠠᠷ ᠢᠯᠡᠷᠬᠡᠶ᠋ᠢᠯᠡᠭᠰᠡᠨ ᠪᠠᠢ᠌ᠪᠠᠯ ᠡᠭᠦᠨ᠎ᠳᠤ ᠪᠠᠭᠲᠠᠬᠤ ᠦᠬᠡᠢ;
(ᠵᠢᠷᠭᠤᠭ᠎ᠠ) ᠰᠤᠷᠭ᠋ᠠᠭᠤᠯᠢ ᠵᠢᠨ ᠬᠢᠴᠢᠶᠡᠯ ᠬᠦᠮᠦᠵᠢᠯ ᠪᠤᠶᠤ ᠰᠢᠨᠵᠢᠯᠡᠬᠦ ᠤᠬᠠᠭ᠋ᠠᠨ᠎ᠤ ᠰᠤᠳᠤᠯᠭ᠋ᠠᠨ ᠬᠢᠬᠦ ᠵᠢᠨ ᠳᠦᠯᠥᠭᠡ ᠨᠢᠭᠡᠨᠲᠡ ᠨᠡᠶ᠋ᠢᠲᠡᠯᠡᠭᠰᠡᠨ ᠪᠦᠲᠦᠭᠡᠯ᠎ᠢ ᠣᠷᠴᠢᠭᠤᠯᠬᠤ ᠪᠤᠶᠤ ᠪᠠᠭ᠎ᠠ ᠬᠡᠮᠵᠢᠶ᠎ᠡ᠎ᠪᠠᠷ ᠪᠠᠭᠤᠯᠭ᠋ᠠᠵᠤ᠂ ᠵᠢᠭ᠋ᠠᠨ ᠰᠤᠷᠭ᠋ᠠᠬᠤ ᠪᠤᠶᠤ ᠰᠢᠨᠵᠢᠯᠡᠬᠦ ᠤᠬᠠᠭ᠋ᠠᠨ᠎ᠤ ᠰᠤᠳᠤᠯᠭ᠋ᠠᠨ᠎ᠤ ᠠᠵᠢᠯᠳᠡᠠ᠎ᠳᠤ ᠬᠡᠷᠡᠭᠯᠡᠭᠦᠯᠬᠦ᠂ ᠭᠡᠪᠡᠴᠦ ᠬᠡᠪᠯᠡᠵᠦ ᠲᠠᠷᠬᠠᠭ᠋ᠠᠵᠤ ᠪᠣᠯᠬᠤ ᠦᠬᠡᠢ;
(ᠲᠤᠯᠦᠭ᠎ᠠ) ᠲᠤᠢ᠍ᠷᠦ ᠵᠢᠨ ᠪᠠᠶ᠋ᠢᠭᠤᠯᠭ᠎ᠠ ᠠᠯᠪᠠᠨ ᠶᠠᠪᠤᠳᠠᠯ᠎ᠢ ᠭᠦᠢ᠍ᠴᠡᠳᠬᠡᠬᠦ ᠵᠢᠨ ᠲᠦᠯᠦᠭᠡ ᠨᠢᠭᠡᠨᠲᠡ ᠨᠡᠶ᠋ᠢᠲᠡᠯᠡᠭᠰᠡᠨ ᠪᠦᠲᠦᠭᠡᠯ᠎ᠢ ᠵᠣᠬᠢᠬᠤ ᠬᠡᠪᠴᠢᠶᠡᠨ᠎ᠤ ᠳᠣᠲᠣᠷ᠎ᠠ ᠬᠡᠷᠡᠭᠯᠡᠬᠦ;
(ᠨᠠᠶᠮᠠ) ᠨᠣᠮ᠎ᠤᠨ ᠰᠡᠡᠭ᠂ ᠲᠡᠡᠭᠰᠠ ᠡᠪᠬᠡᠮᠡᠯ᠎ᠤᠨ ᠭᠠᠵᠠᠷ᠂ ᠳᠤᠷᠠᠰᠬᠠᠯ᠎ᠤᠨ ᠣᠷᠳᠣᠨ᠂ ᠮᠥᠽᠸᠢ᠂ ᠤᠷᠠᠨ ᠵᠢᠷᠤᠭ᠎ᠤᠨ ᠣᠷᠳᠣᠨ ᠵᠡᠷᠭᠡ᠎ᠨᠢ ᠳᠡᠯᠭᠡᠨ ᠦᠵᠡᠭᠦᠯᠬᠦ ᠪᠤᠶᠤ᠎ᠪᠠᠷ ᠬᠡᠪᠯᠡᠯ᠎ᠢ ᠬᠠᠳᠠᠭ᠋ᠠᠯᠠᠬᠤ ᠬᠡᠷᠡᠭᠴᠡᠭᠡ᠎ᠠᠴᠠ ᠪᠤᠯᠵᠦ ᠲᠤᠰ ᠣᠷᠳᠣᠨ᠎ᠤ ᠬᠤᠷᠢᠶᠠᠵᠤ ᠬᠠᠳᠠᠭ᠋ᠠᠯᠠᠵᠤ ᠪᠠᠶ᠋ᠢᠭᠰᠠᠨ ᠪᠦᠲᠦᠭᠡᠯ ᠵᠶ᠋ᠠᠨ ᠪᠠᠭᠤᠯᠭ᠋ᠠᠵᠤ ᠠᠪᠬᠤ;
(ᠶᠢᠰᠦ) ᠨᠢᠭᠡᠨᠲᠡ ᠨᠡᠶ᠋ᠢᠲᠡᠯᠡᠭᠰᠡᠨ ᠪᠦᠲᠦᠭᠡᠯ᠎ᠢ ᠰᠦᠢ᠍ᠳᠬᠡᠯ ᠠᠪᠬᠤ ᠦᠬᠡᠢ᠎ᠪᠠᠷ ᠲᠣᠭᠯᠠᠬᠤ᠂ ᠲᠤᠰ ᠲᠣᠭᠯᠠᠯᠲᠠ᠎ᠨᠢ ᠤᠯᠡᠠ ᠨᠡᠶ᠋ᠢᠲᠡ᠎ᠠᠴᠠ ᠰᠦᠢ᠍ᠳᠬᠡᠯ ᠬᠤᠷᠢᠶᠠᠭᠰᠠᠨ ᠦᠬᠡᠢ ᠪᠥᠭᠡᠳ ᠪᠠᠰᠠ ᠲᠣᠭᠯᠠᠭᠴᠢ᠎ᠳᠤ ᠬᠠᠷᠠᠮᠵᠢ ᠣᠯᠭᠣᠭᠰᠠᠨ ᠦᠬᠡᠢ ᠪᠠᠶ᠋ᠢᠬᠤ;
(ᠠᠷᠪᠠ) ᠭᠡᠷ᠎ᠤᠨ ᠭᠠᠳᠠᠨᠠᠬᠢ ᠤᠯᠡᠠ ᠨᠡᠶ᠋ᠢᠲᠡ ᠵᠢᠨ ᠲᠠᠯᠠᠪᠤᠷ᠎ᠲᠤ ᠲᠠᠯᠪᠢᠭᠰᠠᠨ ᠪᠤᠶᠤ ᠳᠡᠯᠭᠡᠭᠰᠡᠨ ᠤᠷᠠᠯᠢᠭ᠎ᠤᠨ ᠪᠦᠲᠦᠭᠡᠯ᠎ᠢ ᠳᠠᠭᠤᠷᠢᠶᠠᠨ ᠬᠢᠬᠦ᠂ ᠵᠢᠷᠤᠬᠤ᠂ ᠰᠡᠭᠦᠳᠡᠷᠯᠡᠬᠦ᠂ ᠲᠦᠷᠰᠦ ᠰᠢᠩᠭᠡᠭᠡᠬᠦ;
(ᠠᠷᠪᠠᠨ ᠨᠢᠭᠡ) ᠳᠤᠮᠳᠠᠳᠤ ᠤᠯᠤᠰ᠎ᠤᠨ ᠠᠷᠠᠳ ᠢᠷᠭᠡᠨ᠂ ᠬᠠᠤᠯᠢ ᠵᠢᠨ ᠡᠷᠬᠡᠲᠡᠨ ᠪᠤᠶᠤ ᠪᠤᠰᠤᠳ ᠵᠣᠬᠢᠶᠠᠨ ᠪᠠᠶ᠋ᠢᠭᠤᠯᠤᠯᠲᠠ ᠵᠢᠨ ᠨᠢᠭᠡᠨᠲᠡ ᠨᠡᠶ᠋ᠢᠲᠡᠯᠡᠭᠰᠡᠨ ᠬᠢᠲᠠᠳ ᠦᠭᠡ ᠬᠡᠯᠡ ᠤᠢ᠍ᠰᠦᠭ ᠪᠢᠴᠢᠭ ᠵᠶ᠋ᠠᠷ ᠵᠣᠬᠢᠶᠠᠨ ᠪᠦᠲᠦᠭᠡᠭᠰᠡᠨ ᠪᠦᠲᠦᠭᠡᠯ᠎ᠢ ᠴᠥᠭᠡᠨ ᠲᠣᠭ᠋ᠠᠲᠤ ᠦᠨᠳᠦᠰᠦᠲᠡᠨ᠎ᠤ ᠦᠭᠡ ᠬᠡᠯᠡ ᠦᠰᠦᠭ ᠪᠢᠴᠢᠭ ᠵᠶ᠋ᠠᠷ ᠣᠷᠴᠢᠭᠤᠯᠤᠭᠰᠠᠨ ᠪᠦᠲᠦᠭᠡᠯ᠎ᠢ ᠤᠯᠤᠰ᠎ᠤᠨ ᠳᠣᠲᠣᠭ᠋ᠠᠳᠤ᠎ᠳᠤ ᠬᠡᠪᠯᠡᠨ ᠲᠠᠷᠬᠠᠭ᠋ᠠᠬᠤ;
(ᠠᠷᠪᠠᠨ ᠬᠣᠶᠠᠷ) ᠨᠢᠭᠡᠨᠲᠡ ᠨᠡᠶ᠋ᠢᠲᠡᠯᠡᠭᠰᠡᠨ ᠪᠦᠲᠦᠭᠡᠯ᠎ᠢ ᠬᠠᠷᠠᠭ᠎ᠠ ᠠᠯᠳᠠᠭᠰᠠᠳ᠎ᠤᠨ ᠦᠰᠦᠭ ᠪᠣᠯᠭ᠋ᠠᠨ ᠥᠭᠡᠷᠡᠴᠢᠯᠡᠵᠦ ᠭᠡᠪᠯᠡᠬᠦ;
ᠳᠡᠭᠡᠷ᠎ᠡ ᠳᠤᠷᠠᠳᠤᠭᠰᠠᠨ ᠲᠣᠭᠲᠠᠭ᠋ᠠᠯ᠎ᠨᠢ ᠬᠡᠪᠯᠡᠭᠴᠢ᠂ ᠲᠣᠭᠯᠠᠭᠴᠢ᠂ ᠲᠡᠭᠤ ᠳᠦᠷᠰᠦ ᠰᠢᠩᠭᠡᠭᠴᠢ᠂ ᠷᠠᠳᠢᠣ᠋ ᠨᠡᠪᠲᠡᠷᠡᠭᠦᠯᠭᠡ ᠵᠢᠨ ᠬᠣᠷᠢᠶ᠎ᠠ᠂ ᠲᠧᠯᠸᠢᠰ ᠬᠣᠷᠢᠶᠠᠨ᠎ᠤ ᠡᠷᠬᠡ ᠵᠢ ᠬᠢᠵᠠᠭ᠋ᠠᠷᠯᠠᠬᠤ᠎ᠳᠤ ᠲᠣᠬᠢᠷᠠᠨ᠎ᠠ᠃
17. ᠶᠠᠮᠠᠷ ᠪᠠᠶ᠋ᠢᠳᠠᠯ ᠳᠣᠣᠷ᠎ᠠ ᠵᠣᠬᠢᠶᠠᠯ ᠪᠦᠲᠦᠭᠡᠯ᠎ᠢ᠎ᠨᠢ ᠬᠡᠷᠡᠭᠯᠡᠭᠡᠳ ᠵᠣᠬᠢᠶᠠᠯ ᠪᠦᠲᠦᠭᠡᠯ᠎ᠤᠨ ᠡᠷᠬᠡᠲᠦ ᠬᠥᠮᠦᠨ᠎ᠤ ᠵᠥᠪᠰᠢᠶᠡᠷᠡᠯ᠎ᠢ ᠣᠯᠬᠤ ᠦᠭᠡᠢ ᠪᠠᠶ᠋ᠢᠵᠤ ᠪᠣᠯᠬᠤ ᠪᠣᠯᠪᠠᠴᠤ ᠶᠠᠭ᠋ᠠᠬᠢᠭ᠋ᠠᠳ ᠲᠡᠭᠦᠨ᠎ᠳᠤ ᠬᠠᠷᠠᠮᠵᠢ ᠣᠯᠭᠣᠬᠤ ᠬᠡᠷᠡᠭᠲᠡᠶ ᠪᠤᠢ?
ᠬᠠᠤᠯᠢ᠎ᠳᠤ ᠵᠦᠪᠰᠢᠶᠡᠷᠡᠭᠰᠡᠨ ᠪᠠᠢ᠌ᠬᠤ᠂ ᠬᠠᠤᠯᠢ ᠴᠠᠭ᠋ᠠᠵᠠ᠎ᠳᠤ ᠲᠣᠭᠲᠠᠭ᠋ᠠᠭᠰᠠᠨ ᠵᠶ᠋ᠠᠷ ᠵᠣᠬᠢᠶᠠᠭᠴᠢ ᠪᠤᠶᠤ ᠪᠤᠰᠤᠳ ᠵᠣᠬᠢᠶᠠᠯ ᠪᠦᠲᠦᠭᠡᠯ᠎ᠤᠨ ᠡᠷᠬᠡᠲᠦ ᠬᠥᠮᠦᠨ᠎ᠤ ᠵᠥᠪᠰᠢᠶᠡᠷᠡᠯ᠎ᠢ ᠤᠯᠬᠤ ᠦᠭᠡᠢ᠎ᠪᠠᠷ ᠲᠡᠭᠦᠨ᠎ᠤ ᠨᠢᠭᠡᠨᠲᠡ ᠨᠡᠶ᠋ᠢᠲᠡᠯᠡᠭᠰᠡᠨ ᠪᠦᠲᠦᠭᠡᠯ᠎ᠢ ᠬᠡᠷᠡᠭᠯᠡᠬᠦ᠂ ᠭᠡᠪᠡᠴᠦ ᠲᠣᠭᠲᠠᠭ᠋ᠠᠯ ᠶᠣᠰᠣᠭ᠋ᠠᠷ ᠵᠣᠬᠢᠶᠠᠭᠴᠢ ᠪᠤᠶᠤ ᠪᠤᠰᠤᠳ ᠵᠣᠬᠢᠶᠠᠯ ᠪᠦᠲᠦᠭᠡᠯ᠎ᠤᠨ ᠡᠷᠬᠡᠲᠡᠨ᠎ᠳᠤ ᠬᠠᠷᠠᠮᠵᠢ ᠣᠯᠭᠤᠵᠤ᠂ ᠲᠡᠮᠳᠡᠭᠯᠡᠨ ᠲᠣᠳᠣᠷᠬᠠᠶ᠋ᠢᠯᠠᠬᠤ ᠬᠡᠷᠡᠭᠲᠡᠶ᠂ ᠪᠠᠰᠠ ᠵᠣᠬᠢᠶᠠᠭᠴᠢ ᠵᠢᠨ ᠤᠪᠦᠬ ᠨᠡᠷ᠎ᠡ᠂ ᠪᠦᠲᠦᠭᠡᠯ᠎ᠤᠨ ᠨᠡᠷ᠎ᠡ ᠪᠠ ᠢᠷᠡᠯᠳᠡ ᠵᠢ ᠲᠣᠳᠣᠷᠬᠠᠶ᠋ᠢᠯᠠᠬᠤ ᠪᠥᠭᠡᠳ ᠵᠣᠬᠢᠶᠠᠯ ᠪᠦᠲᠦᠭᠡᠯ᠎ᠤᠨ ᠡᠷᠬᠡᠲᠦ ᠬᠥᠮᠦᠨ᠎ᠤ 《ᠵᠣᠬᠢᠶᠠᠯ ᠪᠦᠲᠦᠭᠡᠯ᠎ᠤᠨ ᠡᠷᠬᠡ ᠵᠢᠨ ᠬᠠᠤᠯᠢ》᠎ᠪᠠᠷ ᠡᠳ᠋ᠯᠡᠪᠡᠰᠦ ᠵᠣᠬᠢᠬᠤ ᠪᠤᠰᠤᠳ ᠡᠷᠬᠡ᠎ᠳᠤ ᠬᠠᠯᠳᠠᠵᠤ ᠪᠣᠯᠬᠤ ᠦᠭᠡᠢ᠃
(ᠨᠢᠭᠡ) ᠶᠢᠰᠦᠨ ᠵᠢᠯ᠎ᠤᠨ ᠳᠦᠷᠢᠮᠲᠦ ᠠᠯᠪᠠᠨ ᠵᠢᠷᠤᠮ᠎ᠤᠨ ᠰᠤᠷᠭ᠋ᠠᠨ ᠬᠥᠮᠦᠵᠢᠯ ᠪᠣᠯᠤᠨ ᠤᠯᠤᠰ᠎ᠤᠨ ᠰᠤᠷᠭ᠋ᠠᠨ ᠬᠥᠮᠦᠵᠢᠯ᠎ᠤᠨ ᠲᠥᠯᠥᠪᠵᠢᠭᠦᠯᠭᠡ ᠵᠢ ᠬᠡᠷᠡᠭᠵᠢᠭᠦᠯᠬᠦ ᠵᠢᠨ ᠲᠥᠯᠥᠭᠡ ᠬᠢᠴᠢᠶᠡᠯ᠎ᠤᠨ ᠪᠢᠴᠢᠭ ᠨᠠᠶ᠋ᠢᠷᠠᠭᠤᠯᠤᠨ ᠪᠢᠴᠢᠵᠦ ᠬᠡᠪᠯᠡᠭᠦᠯᠬᠦ᠎ᠳᠤ᠂ ᠵᠣᠬᠢᠶᠠᠭᠴᠢ᠎ᠠᠴᠠ ᠤᠷᠢᠳᠠᠪᠠᠷ ᠬᠡᠷᠡᠭᠯᠡᠵᠦ ᠪᠣᠯᠬᠤ ᠦᠭᠡᠢ ᠭᠡᠵᠦ ᠢᠯᠡᠷᠬᠡᠶ᠋ᠢᠯᠡᠭᠰᠡᠨ᠎ᠠᠴᠠ ᠭᠠᠳᠠᠨ᠎ᠠ᠂ ᠵᠣᠬᠢᠶᠠᠯ ᠪᠦᠲᠦᠭᠡᠯ᠎ᠤᠨ ᠡᠷᠬᠡᠲᠦ ᠬᠥᠮᠦᠨ ᠵᠶ᠋ᠠᠷ ᠵᠥᠪᠰᠢᠶᠡᠷᠡᠭᠦᠯᠬᠦ ᠦᠬᠡᠢ᠎ᠪᠠᠷ ᠬᠢᠴᠢᠶᠡᠯ᠎ᠤᠨ ᠪᠢᠴᠢᠭ᠎ᠲᠤ ᠨᠢᠭᠡᠨᠲᠡ ᠨᠡᠶ᠋ᠢᠲᠡᠯᠡᠭᠰᠡᠨ ᠪᠦᠲᠦᠭᠡᠯ᠎ᠤᠨ ᠬᠡᠰᠡᠭ ᠪᠠᠳᠠᠭ ᠪᠤᠶᠤ ᠣᠬᠣᠷᠬᠠᠨ ᠤᠢ᠍ᠰᠦᠭ ᠪᠢᠴᠢᠭ᠎ᠤᠨ ᠪᠦᠲᠦᠭᠡᠯ᠂ ᠳᠠᠭᠤᠤ ᠬᠥᠭᠵᠢᠮ᠎ᠤᠨ ᠪᠦᠲᠦᠭᠡᠯ ᠪᠤᠶᠤ ᠲᠡᠡᠭ ᠬᠠᠭᠤᠳᠡᠰᠦ᠎ᠳᠦ ᠤᠷᠠᠨ ᠵᠢᠷᠤᠭ᠎ᠤᠨ ᠪᠦᠲᠦᠭᠡᠯ᠂ ᠭᠡᠷᠡᠯ ᠵᠢᠷᠤᠭ᠎ᠤᠨ ᠪᠦᠲᠦᠭᠡᠯ᠎ᠢ ᠬᠤᠷᠢᠶᠠᠨ ᠨᠡᠢ᠌ᠷᠠᠭᠣᠯᠵᠤ ᠪᠣᠯᠤᠨ᠎ᠠ᠂ ᠭᠡᠪᠡᠴᠦ ᠲᠣᠭᠲᠠᠭ᠋ᠠᠯ ᠶᠣᠰᠣᠭ᠋ᠠᠷ ᠲᠡᠭᠦᠨ᠎ᠳᠤ ᠬᠠᠷᠠᠮᠵᠢ ᠣᠯᠭᠣᠵᠣ᠂᠂ ᠵᠣᠬᠢᠶᠠᠭᠴᠢ ᠵᠢᠨ ᠣᠪᠣᠭ ᠨᠡᠷ᠎ᠡ᠂ ᠪᠦᠲᠦᠭᠡᠯ᠎ᠤᠨ ᠨᠡᠷ᠎ᠡ ᠵᠢ ᠲᠣᠳᠣᠷᠬᠠᠶ᠋ᠢᠯᠠᠬᠤ ᠬᠡᠷᠡᠭᠲᠡᠶ ᠪᠥᠭᠡᠳ ᠵᠣᠬᠢᠶᠠᠯ ᠪᠦᠲᠦᠭᠡᠯ᠎ᠤᠨ ᠡᠷᠬᠡᠲᠦ ᠬᠥᠮᠦᠨ᠎ᠤ 《ᠵᠣᠬᠢᠶᠠᠯ ᠪᠦᠲᠦᠭᠡᠯ᠎ᠤᠨ ᠡᠷᠬᠡ ᠵᠢᠨ ᠬᠠᠤᠯᠢ》᠎ᠳᠤ ᠡᠳ᠋ᠯᠡᠪᠡᠰᠦ ᠵᠣᠬᠢᠬᠤ ᠪᠤᠰᠤᠳ ᠡᠷᠬᠡ᠎ᠳᠤ ᠬᠠᠯᠳᠠᠵᠤ ᠪᠣᠯᠬᠤ ᠦᠭᠡᠢ᠃ ᠳᠡᠭᠡᠷ᠎ᠡ ᠳᠤᠷᠠᠳᠤᠭᠰᠠᠨ ᠲᠣᠭᠲᠠᠭ᠋ᠠᠯ᠎ᠨᠢ ᠬᠡᠪᠯᠡᠭᠴᠢ᠂ ᠲᠣᠭᠯᠠᠭᠴᠢ᠂ ᠲᠡᠭᠤ ᠳᠦᠷᠰᠦ ᠰᠢᠩᠭᠡᠭᠴᠢ᠂ ᠷᠠᠳᠢᠣ᠋ ᠨᠡᠪᠲᠡᠷᠡᠭᠦᠯᠭᠡ ᠵᠢᠨ ᠬᠣᠷᠢᠶ᠎ᠠ᠂ ᠲᠧᠯᠸᠢᠰ ᠬᠣᠷᠢᠶᠠᠨ᠎ᠤ ᠡᠷᠬᠡ ᠵᠢ ᠬᠢᠵᠠᠭ᠋ᠠᠷᠯᠠᠬᠤ᠎ᠳᠤ ᠲᠣᠭᠢᠷᠠᠨᠠ᠃
(ᠬᠣᠶᠠᠷ) ᠵᠣᠭᠢᠶᠠᠯ ᠪᠦᠲᠦᠭᠡᠯ᠎ᠨᠢ ᠰᠣᠨᠢᠨ ᠰᠡᠳᠬᠦᠯ᠎ᠳᠤ ᠨᠡᠶ᠋ᠢᠲᠡᠯᠡᠭᠳᠡᠭᠰᠡᠨᠤ ᠰᠡᠭᠦᠯᠡᠷ᠂ ᠵᠣᠬᠢᠶᠠᠯ ᠪᠦᠲᠦᠭᠡᠯ᠎ᠤᠨ ᠡᠷᠬᠡᠲᠦ ᠬᠥᠮᠦᠨ᠎ᠠᠴᠠ ᠰᠢᠯᠵᠢᠭᠦᠯᠦᠨ ᠨᠡᠢ᠌ᠲᠡᠯᠡᠵᠦ᠂ ᠲᠡᠭᠦᠪᠦᠷᠢᠯᠡᠨ ᠨᠠᠢ᠌ᠷᠠᠭᠤᠯᠵᠤ ᠪᠣᠯᠬᠤ ᠦᠭᠡᠢ ᠭᠡᠵᠦ ᠢᠯᠡᠷᠬᠡᠶ᠋ᠢᠯᠡᠭᠰᠡᠨ᠎ᠠᠴᠠ ᠭᠠᠳᠠᠨ᠎ᠠ᠂ ᠪᠤᠰᠤᠳ ᠰᠣᠨᠢᠨ ᠰᠡᠳᠬᠦᠯ ᠰᠢᠯᠵᠢᠭᠦᠯᠦᠨ ᠨᠡᠶ᠋ᠢᠲᠡᠯᠡᠬᠦ ᠪᠤᠶᠤ ᠱᠦᠭᠦᠮᠡᠭ᠂ ᠮᠠᠲ᠋ᠧᠷᠢᠶᠠᠯ ᠵᠶ᠋ᠠᠷ ᠨᠡᠶ᠋ᠢᠲᠡᠯᠡᠵᠦ ᠪᠣᠯᠤᠨ᠎ᠠ᠂ ᠭᠡᠪᠡᠴᠦ ᠲᠣᠭᠲᠠᠭ᠋ᠠᠯ ᠶᠣᠰᠣᠭ᠋ᠠᠷ ᠵᠣᠬᠢᠶᠠᠯ ᠪᠦᠲᠦᠭᠡᠯ᠎ᠤᠨ ᠡᠷᠬᠡᠲᠦ ᠬᠥᠮᠦᠨ᠎ᠳᠤ ᠬᠠᠷᠠᠮᠵᠢ ᠣᠯᠭᠣᠬᠤ ᠬᠡᠷᠡᠭᠲᠡᠶ᠃
(ᠭᠤᠷᠪᠠ) ᠲᠡᠭᠤ ᠰᠢᠩᠭᠡᠭᠡᠯᠲᠡ ᠦᠢ᠍ᠯᠡᠳᠦᠭᠴᠢ ᠪᠤᠰᠤᠳ᠎ᠤᠨ ᠨᠢᠭᠡᠨᠲᠡ ᠬᠠᠤᠯᠢ ᠶᠣᠰᠣᠭ᠋ᠠᠷ ᠲᠡᠭᠤ ᠰᠢᠩᠭᠡᠭᠡᠯᠲᠡ ᠵᠢᠨ ᠪᠦᠲᠦᠭᠡᠭᠳᠡᠬᠦᠨ ᠪᠣᠯᠭ᠋ᠠᠨ ᠰᠢᠩᠭᠡᠭᠡᠭᠰᠡᠨ ᠲᠡᠭᠤ ᠬᠥᠭᠵᠢᠮ᠎ᠤᠨ ᠪᠦᠲᠦᠭᠡᠯ ᠵᠶ᠋ᠠᠷ ᠲᠡᠭᠤ ᠰᠢᠩᠭᠡᠭᠡᠯᠲᠡ ᠵᠢᠨ ᠪᠦᠲᠦᠭᠡᠭᠳᠡᠬᠦᠨ᠎ᠢ ᠦᠢ᠍ᠯᠡᠳᠬᠦ᠎ᠳᠡᠭᠡᠨ ᠵᠣᠬᠢᠶᠠᠯ ᠪᠦᠲᠦᠭᠡᠯ᠎ᠤᠨ ᠡᠷᠬᠡᠲᠦ ᠬᠥᠮᠦᠨ ᠵᠶ᠋ᠠᠷ ᠵᠥᠪᠰᠢᠶᠡᠷᠡᠭᠦᠯᠬᠦ ᠦᠬᠡᠢ ᠪᠠᠶ᠋ᠢᠵᠤ ᠪᠣᠯᠤᠨ᠎ᠠ᠂ ᠭᠡᠪᠡᠴᠦ ᠲᠣᠭᠲᠠᠭ᠋ᠠᠯ ᠶᠣᠰᠣᠭ᠋ᠠᠷ ᠲᠡᠭᠦᠨ᠎ᠳᠤ ᠬᠠᠷᠠᠮᠵᠢ ᠥᠭᠬᠦ ᠬᠡᠷᠡᠭᠲᠡᠶ᠃ ᠬᠡᠷᠡᠭᠯᠡᠵᠦ ᠪᠣᠯᠬᠤ ᠦᠬᠡᠢ ᠭᠡᠵᠦ ᠵᠣᠬᠢᠶᠠᠯ ᠪᠦᠲᠦᠭᠡᠯ᠎ᠤᠨ ᠡᠷᠬᠡᠲᠡᠨ ᠢᠯᠡᠷᠬᠡᠶ᠋ᠢᠯᠡᠭᠰᠡᠨ ᠪᠠᠶ᠋ᠢᠪᠠᠯ ᠬᠡᠷᠡᠭᠯᠡᠵᠦ ᠪᠣᠯᠬᠤ ᠦᠬᠡᠢ᠃
(ᠲᠦᠷᠪᠡ) ᠷᠠᠳᠢᠣ᠋ ᠨᠡᠪᠲᠡᠷᠡᠭᠦᠯᠭᠡ ᠵᠢᠨ ᠬᠣᠷᠢᠶ᠎ᠠ᠂ ᠲᠧᠯᠸᠢᠰ ᠬᠣᠷᠢᠶ᠎ᠠ ᠪᠤᠰᠤᠳ᠎ᠤᠨ ᠨᠢᠭᠡᠨᠲᠡ ᠨᠡᠶ᠋ᠢᠲᠡᠯᠡᠭᠰᠡᠨ ᠪᠦᠲᠦᠭᠡᠯ᠎ᠢ ᠬᠡᠷᠡᠭᠯᠡᠪᠡᠯ᠂ ᠵᠣᠬᠢᠶᠠᠯ ᠪᠦᠲᠦᠭᠡᠯ᠎ᠤᠨ ᠡᠷᠬᠡᠲᠦ ᠬᠥᠮᠦᠨ ᠵᠶ᠋ᠠᠷ ᠵᠥᠪᠰᠢᠶᠡᠷᠡᠭᠦᠯᠬᠦ ᠦᠬᠡᠢ ᠪᠠᠶ᠋ᠢᠵᠤ ᠪᠣᠯᠤᠨ᠎ᠠ᠂ ᠭᠡᠪᠡᠴᠦ ᠲᠡᠭᠦᠨ᠎ᠳᠤ ᠬᠠᠷᠠᠮᠵᠢ ᠣᠯᠭᠣᠬᠤ ᠬᠡᠷᠡᠭᠲᠡᠶ᠃
(ᠲᠠᠪᠤ) ᠷᠠᠳᠢᠣ᠋ ᠨᠡᠪᠲᠡᠷᠡᠭᠦᠯᠭᠡ ᠵᠢᠨ ᠬᠣᠷᠢᠶ᠎ᠠ᠂ ᠲᠧᠯᠸᠢᠰ ᠬᠣᠷᠢᠶ᠎ᠠ ᠨᠢᠭᠡᠨᠲᠡ ᠬᠡᠪᠯᠡᠭᠳᠡᠭᠰᠡᠨ ᠲᠡᠭᠤ ᠰᠢᠩᠭᠡᠭᠡᠯᠲᠡ ᠵᠢᠨ ᠪᠦᠲᠦᠭᠡᠭᠳᠡᠬᠦᠨ᠎ᠢ ᠨᠡᠪᠲᠡᠷᠡᠭᠦᠯᠬᠦ᠎ᠳᠡᠭᠡᠨ᠂ ᠵᠣᠬᠢᠶᠠᠯ ᠪᠦᠲᠦᠭᠡᠯ᠎ᠤᠨ ᠡᠷᠬᠡᠲᠦ ᠬᠥᠮᠦᠨ ᠵᠶ᠋ᠠᠷ ᠵᠥᠪᠰᠢᠶᠡᠷᠡᠭᠦᠯᠬᠦ ᠦᠬᠡᠢ ᠪᠠᠶ᠋ᠢᠵᠤ ᠪᠣᠯᠤᠨ᠎ᠠ᠂ ᠭᠡᠪᠡᠴᠦ ᠲᠡᠭᠦᠨ᠎ᠳᠤ ᠬᠠᠷᠠᠮᠵᠢ ᠣᠯᠭᠣᠬᠤ ᠬᠡᠷᠡᠭᠲᠡᠶ᠃ ᠲᠤᠬᠠᠶ ᠵᠢᠨ ᠬᠥᠮᠦᠨ ᠠᠰᠲᠠᠭ᠋ᠠᠨ ᠪᠣᠯᠵᠣᠨ ᠲᠣᠭᠲᠠᠭᠰᠠᠨ ᠪᠠᠶ᠋ᠢᠪᠠᠯ ᠡᠭᠦᠨ᠎ᠳᠤ ᠪᠠᠭᠲᠠᠬᠤ ᠦᠬᠡᠢ᠃ ᠡᠭᠦᠨ᠎ᠠᠴᠠ ᠭᠠᠳᠠᠨ᠎ᠠ 《ᠮᠡᠳᠡᠭᠡ ᠵᠠᠩᠭᠢ ᠵᠢᠨ ᠲᠣᠤᠷ ᠰᠦᠯᠵᠢᠶ᠎ᠡ᠎ᠪᠠᠷ ᠤᠯᠠᠮᠵᠢᠯᠠᠬᠤ ᠡᠷᠬᠡ ᠵᠢ ᠬᠠᠮᠠᠭ᠋ᠠᠯᠠᠬᠤ ᠳᠦᠷᠢᠮ》 ᠳᠤᠮᠳᠠ ᠪᠠᠰᠠ ᠬᠠᠤᠯᠢ᠎ᠪᠠᠷ ᠵᠦᠪᠰᠢᠶᠡᠷᠡᠬᠦ ᠲᠤᠬᠠᠶ ᠲᠣᠭᠳᠠᠭ᠋ᠠᠯ ᠪᠠᠢ᠍ᠨ᠎ᠠ᠃
18. ᠵᠣᠬᠢᠶᠠᠯ ᠪᠦᠲᠦᠭᠡᠯ᠎ᠤᠨ ᠡᠷᠬᠡ ᠵᠢ ᠪᠤᠰᠤᠳ ᠬᠥᠮᠦᠨ᠎ᠳᠤ ᠰᠢᠯᠵᠢᠭᠦᠯᠦᠨ ᠥᠭᠴᠦ ᠪᠣᠯᠤᠨ᠎ᠠ ᠤᠤ?
ᠵᠣᠬᠢᠶᠠᠯ ᠪᠦᠲᠦᠭᠡᠯ᠎ᠤᠨ ᠡᠷᠬᠡ ᠵᠢ ᠰᠢᠯᠵᠢᠭᠦᠯᠦᠨ ᠥᠭᠬᠦ ᠭᠡᠳᠡᠭ᠎ᠨᠢ ᠵᠣᠬᠢᠶᠠᠯ ᠪᠦᠲᠦᠭᠡᠯ᠎ᠤᠨ ᠡᠷᠬᠡᠲᠦ ᠬᠥᠮᠦᠨ ᠵᠣᠬᠢᠶᠠᠯ ᠪᠦᠲᠦᠭᠡᠯ᠎ᠤᠨ ᠡᠷᠬᠡ᠎ᠳᠠᠬᠢ ᠪᠦᠬᠦ ᠪᠤᠶᠤ ᠬᠡᠰᠡᠭ ᠡᠳ᠋ ᠬᠦᠷᠦᠨᠭᠭᠡ ᠵᠢᠨ ᠡᠷᠬᠡ ᠵᠢ ᠪᠤᠰᠤᠳ᠎ᠲᠤ ᠰᠢᠯᠵᠢᠭᠦᠯᠦᠨ ᠥᠭᠬᠦ ᠠᠵᠢᠯᠯᠠᠭ᠎ᠠ ᠵᠢ ᠵᠢᠭ᠋ᠠᠵᠤ ᠪᠠᠢ᠌ᠳᠠᠭ᠃ ᠨᠡᠶ᠋ᠢᠲᠡᠯᠡᠬᠦ ᠡᠷᠬᠡ᠂ ᠨᠡᠷ᠎ᠡ ᠪᠢᠴᠢᠬᠦ ᠡᠷᠬᠡ᠂ ᠵᠠᠰᠠᠪᠤᠷᠢ ᠣᠷᠣᠭᠤᠯᠬᠤ ᠡᠷᠬᠡ ᠪᠠ ᠪᠦᠲᠦᠭᠡᠯ᠎ᠤᠨ ᠵᠶ᠋ᠠᠨ ᠪᠦᠷᠢᠨ ᠪᠦᠲᠦᠨ᠎ᠢ ᠬᠠᠮᠠᠭ᠋ᠠᠯᠠᠬᠤ ᠡᠷᠬᠡ ᠵᠡᠷᠭᠡ ᠭᠥᠮᠦᠨᠤ ᠪᠡᠶ᠎ᠡ ᠵᠢᠨ ᠰᠢᠨᠵᠢ ᠴᠢᠨᠠᠷᠲᠠᠢ ᠡᠷᠬᠡ ᠵᠢ ᠵᠠᠷᠴᠢᠮ ᠳᠡᠭᠡᠷ᠎ᠡ᠎ᠪᠠᠨ ᠰᠢᠯᠵᠢᠭᠦᠯᠦᠨ ᠥᠭᠴᠦ ᠪᠣᠯᠬᠤ ᠦᠭᠡᠢ᠃
19. ᠵᠣᠬᠢᠶᠠᠯ ᠪᠦᠲᠦᠭᠡᠯ᠎ᠤᠨ ᠡᠷᠬᠡ ᠵᠢ ᠬᠡᠷᠡᠭᠯᠡᠬᠦ ᠵᠦᠪᠰᠢᠶᠡᠷᠡᠯ ᠭᠡᠵᠦ ᠶᠠᠭᠤ ᠪᠣᠢ? ᠬᠡᠷᠡᠭᠯᠡᠬᠦ ᠵᠥᠪᠰᠢᠶᠡᠷᠡᠯ᠎ᠳᠤ ᠶᠠᠮᠠᠷ ᠶᠠᠮᠠᠷ ᠲᠥᠷᠥᠯ ᠵᠦᠢ᠍ᠯ ᠪᠠᠶ᠋ᠢᠬᠤ ᠪᠤᠶ?
ᠵᠣᠬᠢᠶᠠᠯ ᠪᠦᠲᠦᠭᠡᠯ᠎ᠤᠨ ᠡᠷᠬᠡ ᠵᠢ ᠬᠡᠷᠡᠭᠯᠡᠬᠦ ᠵᠥᠪᠰᠢᠶᠡᠷᠡᠯ ᠭᠡᠳᠡᠭ᠎ᠨᠢ ᠵᠣᠬᠢᠶᠠᠯ ᠪᠦᠲᠦᠭᠡᠯ᠎ᠤᠨ ᠡᠷᠬᠡᠲᠦ ᠬᠥᠮᠦᠨ᠎ᠨᠢ ᠪᠤᠰᠤᠳ᠎ᠲᠤ ᠵᠣᠬᠢᠬᠤ ᠠᠷᠭ᠎ᠠ ᠮᠠᠶᠢᠭ ᠵᠶ᠋ᠠᠷ ᠶᠠᠮᠠᠷ ᠨᠢᠭᠡᠨ ᠴᠠᠭ ᠬᠤᠭᠤᠴᠠᠭ᠋ᠠᠨ᠎ᠳᠤ ᠪᠠ ᠵᠣᠬᠢᠬᠤ ᠣᠷᠣᠨ ᠪᠦᠰᠡ ᠵᠢᠨ ᠬᠡᠪᠴᠢᠶᠡᠨ ᠳᠣᠲᠣᠷ᠎ᠠ ᠪᠦᠲᠦᠭᠡᠯ᠎ᠢ᠎ᠨᠢ ᠬᠡᠷᠡᠭᠯᠡᠬᠦ ᠦᠢ᠍ᠯᠡ ᠠᠵᠢᠯᠯᠠᠭ᠎ᠠ ᠵᠢ ᠵᠢᠭ᠋ᠠᠵᠤ ᠪᠠᠢ᠌ᠳᠠᠭ᠃ ᠵᠥᠪᠰᠢᠶᠡᠷᠡᠯ᠎ᠤᠨ ᠡᠷᠬᠡ ᠵᠢ ᠬᠤᠪᠢᠶᠠᠪᠠᠯ᠂ ᠬᠡᠪᠯᠡᠯ᠎ᠤᠨ ᠡᠷᠬᠡ ᠵᠢ ᠬᠡᠷᠡᠭᠯᠡᠬᠦ ᠵᠥᠪᠰᠢᠶᠡᠷᠡᠯ᠂ ᠲᠣᠭᠯᠠᠯᠲᠠ ᠭᠠᠷᠭ᠋ᠠᠬᠤ ᠡᠷᠬᠡ ᠵᠢ ᠬᠡᠷᠡᠭᠯᠡᠬᠦ ᠵᠥᠪᠰᠢᠶᠡᠷᠡᠯ᠂ ᠨᠠᠶ᠋ᠢᠷᠠᠭᠤᠯᠬᠤ ᠡᠷᠬᠡ ᠵᠢᠨ ᠬᠡᠷᠡᠭᠯᠡᠬᠦ ᠵᠥᠪᠰᠢᠶᠡᠷᠡᠯ᠂ ᠥᠭᠡᠷᠡᠴᠢᠯᠡᠨ ᠨᠠᠶ᠋ᠢᠷᠠᠭᠤᠯᠬᠤ ᠡᠷᠬᠡ ᠵᠢᠨ ᠬᠡᠷᠡᠭᠯᠡᠬᠦ ᠵᠥᠪᠰᠢᠶᠡᠷᠡᠯ ᠵᠡᠷᠭᠡ᠎ᠪᠠᠷ ᠬᠤᠪᠢᠶᠠᠵᠤ ᠪᠣᠯᠤᠨ᠎ᠠ᠃
20. ᠵᠣᠬᠢᠶᠠᠯ ᠪᠦᠲᠦᠭᠡᠯ᠎ᠤᠨ ᠡᠷᠬᠡ ᠵᠢᠨ ᠲᠤᠰᠬᠠᠶ ᠬᠡᠷᠡᠭᠯᠡᠬᠦ ᠡᠷᠬᠡᠲᠦ ᠬᠥᠮᠦᠨ᠎ᠨᠢ ᠪᠤᠰᠤᠳ ᠬᠥᠮᠦᠨ᠎ᠤ ᠬᠡᠷᠡᠭᠯᠡᠬᠦ ᠵᠢ ᠵᠥᠪᠰᠢᠶᠡᠷᠡᠬᠦ ᠡᠷᠬᠡ᠎ᠲᠠᠢ ᠤᠤ?
ᠲᠤᠰᠬᠠᠶ ᠬᠡᠷᠡᠭᠯᠡᠬᠦ ᠡᠷᠬᠡ ᠵᠢᠨ ᠠᠭᠤᠯᠭ᠎ᠠ ᠵᠢ ᠭᠡᠷ᠎ᠡ᠎ᠳᠤ ᠲᠣᠭᠲᠠᠭ᠋ᠠᠨ᠎ᠠ᠃ ᠭᠡᠷ᠎ᠡ᠎ᠳᠤ ᠪᠣᠯᠵᠣᠨ ᠲᠣᠭᠲᠠᠭᠰᠠᠨ ᠦᠭᠡᠢ ᠪᠤᠶᠤ ᠪᠣᠯᠵᠣᠨ ᠲᠣᠭᠲᠠᠭᠰᠠᠨ᠎ᠨᠢ ᠲᠣᠳᠤᠷᠬᠠᠢ ᠦᠭᠡᠢ ᠪᠠᠶ᠋ᠢᠪᠠᠯ ᠵᠥᠪᠰᠢᠶᠡᠷᠡᠯ ᠣᠯᠣᠭᠴᠢ᠎ᠨᠢ ᠵᠣᠬᠢᠶᠠᠯ ᠪᠦᠲᠦᠭᠡᠯ᠎ᠤᠨ ᠡᠷᠬᠡᠲᠦ ᠬᠥᠮᠦᠨ᠎ᠢ ᠪᠠᠭᠲᠠᠭ᠋ᠠᠭᠰᠠᠨ ᠶᠠᠮᠠᠷᠪᠠ ᠬᠥᠮᠦᠨ᠎ᠤ ᠠᠳᠠᠯᠢ ᠠᠷᠭ᠎ᠠ ᠮᠠᠶᠢᠭ ᠵᠶ᠋ᠠᠷ ᠪᠦᠲᠦᠭᠡᠯ᠎ᠢ᠎ᠨᠢ ᠬᠡᠷᠡᠭᠯᠡᠬᠦ ᠵᠢ ᠬᠠᠰᠤᠬᠤ ᠡᠷᠬᠡ᠎ᠲᠠᠢ᠎ᠪᠠᠷ ᠦᠵᠡᠨ᠎ᠡ᠃ ᠭᠡᠷ᠎ᠡ᠎ᠳᠤ ᠠᠰᠲᠠᠭ᠋ᠠᠨ ᠪᠣᠯᠵᠣᠨ ᠲᠣᠭᠲᠠᠭ᠋ᠠᠭᠰᠠᠨ᠎ᠢ ᠭᠠᠷᠭ᠋ᠠᠪᠠᠯ᠂ ᠵᠥᠪᠰᠢᠶᠡᠷᠡᠯ ᠣᠯᠣᠭᠴᠢ ᠵᠢᠨ ᠵᠥᠪᠰᠢᠶᠡᠷᠡᠯ ᠵᠶ᠋ᠠᠷ ᠭᠤᠷᠪᠠᠳᠠᠬᠢ ᠬᠥᠮᠦᠨ᠎ᠤ ᠠᠳᠠᠯᠢ ᠨᠢᠭᠡ ᠡᠷᠬᠡ ᠬᠡᠷᠡᠭᠵᠢᠭᠦᠯᠬᠦ ᠵᠢ ᠵᠥᠪᠰᠢᠶᠡᠷᠡᠪᠡᠯ ᠡᠷᠬᠡᠪᠡᠰᠢ ᠵᠣᠬᠢᠶᠠᠯ ᠪᠦᠲᠦᠭᠡᠯ᠎ᠤᠨ ᠡᠷᠬᠡᠲᠡᠨ᠎ᠤ ᠵᠥᠪᠰᠢᠶᠡᠷᠡᠯ᠎ᠢ ᠤᠯᠬᠤ ᠬᠡᠷᠡᠭᠲᠡᠶ᠃
21. ᠵᠣᠬᠢᠶᠠᠯ ᠪᠦᠲᠦᠭᠡᠯ᠎ᠤᠨ ᠡᠷᠬᠡᠲᠦ ᠬᠥᠮᠦᠨ᠎ᠨᠢ ᠵᠣᠬᠢᠶᠠᠯ ᠪᠦᠲᠦᠭᠡᠯ ᠵᠶ᠋ᠠᠨ ᠲᠡᠮᠳᠡᠭᠯᠡᠨ ᠳᠠᠩᠰᠠᠯᠠᠭᠤᠯᠬᠤ᠎ᠨᠢ ᠶᠠᠮᠠᠷ ᠰᠡᠢ᠍ᠢ᠍ᠠ᠎ᠲᠠᠢ ᠭᠠᠵᠠᠷ ᠪᠠᠶ᠋ᠢᠬᠤ ᠪᠤᠢ?
ᠵᠣᠬᠢᠶᠠᠯ ᠪᠦᠳᠦᠭᠡᠯ᠎ᠢ ᠳᠠᠩᠰᠠᠯᠠᠭᠤᠯᠬᠤ᠎ᠨᠢ ᠵᠥᠭᠡᠯᠡᠨ ᠲᠣᠨᠣᠭ᠎ᠤᠨ ᠵᠣᠬᠢᠶᠠᠯ ᠪᠦᠲᠦᠭᠡᠯ᠎ᠤᠨ ᠡᠷᠬᠡ ᠵᠢ ᠤᠯᠬᠤ ᠤᠷᠢᠲᠠᠯ ᠨᠥᠬᠥᠴᠡᠯ ᠪᠢᠰᠢ᠃ ᠮᠠᠨ᠎ᠤ ᠤᠯᠤᠰ ᠰᠠᠢ᠍ᠢ᠍ᠨ ᠳᠤᠷ᠎ᠠ ᠵᠢᠨ ᠳᠠᠩᠰᠠᠯᠠᠭᠤᠯᠬᠤ ᠲᠦᠷᠢᠮ᠎ᠢ ᠬᠡᠷᠡᠭᠵᠢᠭᠦᠯᠵᠦ᠂ ᠡᠷᠬᠡᠲᠦ ᠬᠥᠮᠦᠨ᠎ᠨᠢ ᠵᠣᠬᠢᠶᠠᠯ ᠪᠦᠲᠦᠭᠡᠯ᠎ᠢ ᠬᠣᠯᠪᠣᠭᠳᠠᠯ ᠪᠦᠬᠦᠢ ᠳᠠᠩᠰᠠᠯᠠᠬᠤ ᠪᠠᠶ᠋ᠢᠭᠤᠯᠭ᠎ᠠ᠎ᠳᠤ ᠵᠣᠬᠢᠶᠠᠯ ᠵᠶ᠋ᠠᠨ ᠳᠠᠩᠰᠠᠯᠠᠭᠤᠯᠵᠤ ᠪᠣᠯᠣᠨ᠎ᠠ᠃
(ᠨᠢᠭᠡ) ᠵᠣᠬᠢᠶᠠᠯ ᠪᠦᠲᠦᠭᠡᠯ᠎ᠤᠨ ᠡᠷᠬᠡ ᠵᠢᠨ ᠮᠠᠷᠭᠤᠯᠳᠤᠭ᠋ᠠᠨ ᠭᠠᠷᠤᠭᠰᠠᠨ ᠦᠶ᠎ᠡ᠎ᠳᠤ ᠵᠣᠬᠢᠶᠠᠯ ᠪᠦᠲᠦᠭᠡᠯ᠎ᠤᠨ ᠡᠷᠬᠡ ᠵᠢᠨ ᠳᠠᠩᠰᠠᠯᠠᠭᠤᠯᠤᠭᠰᠠᠨ ᠦᠨᠡᠮᠯᠡᠯ ᠪᠣᠯ ᠡᠷᠬᠡ᠎ᠪᠠᠨ ᠵᠣᠷᠢᠭᠰᠠᠨ ᠨᠡᠯᠢᠶᠡᠳ ᠬᠦᠴᠦᠲᠡᠶ ᠭᠡᠷᠡᠴᠢ ᠪᠠᠷᠢᠮᠲᠠ ᠮᠥᠨ᠂ ᠡᠷᠬᠡᠲᠦ ᠬᠥᠮᠦᠨ᠎ᠤ ᠠᠷᠠᠳ᠎ᠤᠨ ᠳᠡᠭᠡᠳᠦ ᠵᠡᠷᠭᠡ ᠵᠢᠨ ᠰᠢᠭᠦᠬᠦ ᠬᠣᠷᠢᠶ᠎ᠠ᠎ᠳᠤ ᠵᠠᠭ᠋ᠠᠯᠳᠤᠯᠭ᠎ᠠ ᠬᠢᠬᠦ᠎ᠳᠤ ᠳᠦᠭᠦᠮ ᠦᠵᠡᠭᠦᠯᠦᠨ᠎ᠡ᠃
(ᠬᠣᠶᠠᠷ) ᠵᠣᠬᠢᠶᠠᠯ ᠪᠦᠲᠦᠭᠡᠯ᠎ᠤᠨ ᠡᠷᠬᠡ᠎ᠪᠠᠨ ᠬᠡᠷᠡᠭᠵᠢᠭᠦᠯᠬᠦ ᠪᠤᠶᠤ ᠵᠣᠬᠢᠶᠠᠯ ᠪᠦᠲᠦᠭᠡᠯ᠎ᠤᠨ ᠡᠷᠬᠡ ᠵᠢᠨ ᠠᠷᠠᠯᠵᠢᠶ᠎ᠠ ᠬᠢᠬᠦ᠎ᠳᠤ᠂ ᠵᠢᠱ᠌ᠢᠶᠡᠯᠡᠪᠡᠯ ᠪᠤᠰᠤᠳ ᠬᠥᠮᠦᠨ᠎ᠤ ᠬᠡᠪᠯᠡᠬᠦ ᠵᠢ ᠵᠥᠪᠰᠢᠶᠡᠷᠡᠬᠦ ᠪᠤᠶᠤ ᠵᠣᠬᠢᠶᠠᠯ ᠪᠦᠲᠦᠭᠡᠯ᠎ᠤᠨ ᠡᠷᠬᠡ ᠵᠢ ᠰᠢᠯᠵᠢᠭᠦᠯᠬᠦ ᠵᠡᠷᠭᠡ᠎ᠳᠤ ᠵᠣᠬᠢᠶᠠᠯ ᠪᠦᠲᠦᠭᠡᠯ᠎ᠤᠨ ᠡᠷᠬᠡ ᠵᠢ ᠳᠠᠩᠰᠠᠯᠠᠭᠤᠯᠤᠭᠰᠠᠨ ᠦᠨᠡᠮᠯᠡᠯ᠎ᠨᠢ ᠡᠷᠬᠡ ᠠᠰᠢᠭ᠎ᠤᠨ ᠭᠡᠷᠡᠴᠢ ᠪᠣᠯᠤᠭᠰᠠᠨ᠎ᠤ ᠬᠤᠪᠢ᠎ᠳᠤ ᠠᠷᠠᠯᠵᠢᠶ᠎ᠠ ᠵᠢᠨ ᠤᠷᠤᠭᠰᠢᠲᠠᠶ ᠪᠡᠶᠡᠯᠡᠭᠳᠡᠬᠦ᠎ᠳᠤ ᠠᠰᠢᠭᠲᠠᠢ ᠶᠤᠮ᠃
22. ᠵᠥᠭᠡᠯᠡᠨ ᠲᠣᠨᠣᠭ᠎ᠤᠨ ᠵᠣᠬᠢᠶᠠᠯ ᠪᠦᠲᠦᠭᠡᠯ᠎ᠤᠨ ᠡᠷᠬᠡ᠎ᠳᠤ ᠶᠠᠮᠠᠷ ᠶᠠᠮᠠᠷ ᠡᠷᠬᠡ ᠠᠰᠢᠭ ᠪᠠᠶ᠋ᠢᠳᠠᠭ ᠪᠤᠢ?
ᠺᠣᠮᠫᠢᠦ᠋ᠲ᠋ᠧᠷ᠎ᠤᠨ ᠵᠥᠭᠡᠯᠡᠨ ᠲᠣᠨᠣᠭ ᠭᠡᠳᠡᠭ᠎ᠨᠢ ᠺᠣᠮᠫᠢᠦ᠋ᠲ᠋ᠧᠷ᠎ᠤᠨ ᠫᠷᠤᠭ᠌ᠷᠠᠮ ᠵᠢᠴᠢ ᠲᠡᠭᠦᠨ᠎ᠤ ᠬᠣᠯᠪᠣᠭᠳᠠᠯ ᠪᠦ᠍ᠬᠦᠢ ᠲᠣᠪᠬᠢᠮᠠᠯ ᠪᠣᠯᠤᠨ᠎ᠠ᠃ ᠵᠥᠭᠡᠯᠡᠨ ᠲᠣᠨᠣᠭ᠎ᠤᠨ ᠵᠣᠬᠢᠶᠠᠯ ᠪᠦᠲᠦᠭᠡᠯ᠎ᠤᠨ ᠡᠷᠬᠡ ᠭᠡᠳᠡᠭ᠎ᠨᠢ ᠵᠥᠭᠡᠯᠡᠨ ᠳᠤᠨᠤᠭ᠎ᠢ ᠨᠡᠭᠡᠭᠡᠨ ᠠᠰᠢᠭᠯᠠᠭᠴᠢᠳ᠎ᠤᠨ ᠪᠤᠶᠤ ᠪᠤᠰᠤᠳ ᠡᠷᠬᠡᠲᠦ ᠬᠥᠮᠦᠨ᠎ᠤ 《ᠵᠣᠬᠢᠶᠠᠯ ᠪᠦᠲᠦᠭᠡᠯ᠎ᠤᠨ ᠡᠷᠬᠡ ᠵᠢᠨ ᠬᠠᠤᠯᠢ》 ᠵᠢᠨ ᠲᠣᠭᠲᠠᠭ᠋ᠠᠯ᠎ᠢ ᠦᠨᠳᠦᠰᠦᠯᠡᠨ ᠵᠥᠭᠡᠯᠡᠨ ᠲᠣᠨᠣᠭ᠎ᠤᠨ ᠵᠣᠬᠢᠶᠠᠯ ᠪᠦᠲᠦᠭᠡᠯ᠎ᠳᠤ ᠡᠳ᠋ᠯᠡᠬᠦ ᠡᠯ᠎ᠡ ᠵᠦᠢ᠍ᠯ᠎ᠤᠨ ᠲᠤᠰᠬᠠᠶ ᠡᠵᠡᠮᠰᠢᠬᠦ ᠡᠷᠬᠡ ᠠᠰᠢᠭ᠎ᠢ ᠵᠢᠭ᠋ᠠᠵᠤ ᠪᠠᠢ᠌ᠳᠠᠭ᠃
(ᠨᠢᠭᠡ) ᠨᠡᠶ᠋ᠢᠲᠡᠯᠡᠬᠦ ᠡᠷᠬᠡ᠂ ᠲᠤᠬᠠᠶ᠋ᠢᠯᠠᠪᠠᠯ ᠵᠥᠭᠡᠯᠡᠨ ᠲᠣᠨᠣᠭ ᠵᠶ᠋ᠠᠨ ᠤᠯᠡᠠ ᠨᠡᠶ᠋ᠢᠲᠡ᠎ᠳᠤ ᠨᠡᠢ᠌ᠲᠡᠯᠡᠬᠦ ᠡᠰᠡᠬᠦ᠎ᠪᠠᠨ ᠲᠣᠭᠲᠠᠭ᠋ᠠᠬᠤ ᠡᠷᠬᠡ;
(ᠬᠣᠶᠠᠷ) ᠨᠡᠷ᠎ᠡ ᠪᠢᠴᠢᠬᠦ ᠡᠷᠬᠡ᠂ ᠲᠤᠬᠠᠶ᠋ᠢᠯᠠᠪᠠᠯ ᠡᠭᠦᠳᠦᠨ ᠨᠡᠬᠡᠭᠡᠭᠴᠢ ᠵᠢᠨ ᠪᠡᠶ᠎ᠡ ᠵᠢᠨ ᠬᠢᠷᠢ ᠬᠡᠮ ᠵᠶ᠋ᠠᠨ ᠲᠣᠳᠤᠷᠬᠠᠢ᠌ᠯᠠᠬᠤ᠂ ᠵᠥᠭᠡᠯᠡᠨ ᠲᠣᠨᠣᠭ ᠳᠡᠭᠡᠷ᠎ᠡ ᠨᠡᠷ᠎ᠡ᠎ᠪᠠᠨ ᠪᠢᠴᠢᠬᠦ ᠡᠷᠬᠡ ᠠᠰᠢᠭ;
(ᠭᠤᠷᠪᠠ) ᠵᠠᠰᠠᠪᠤᠷᠢ ᠣᠷᠣᠭᠤᠯᠬᠤ ᠡᠷᠬᠡ᠂ ᠲᠤᠬᠠᠶ᠋ᠢᠯᠠᠪᠠᠯ ᠵᠥᠭᠡᠯᠡᠨ ᠲᠣᠨᠣᠭ ᠵᠶ᠋ᠠᠨ ᠨᠡᠮᠡᠵᠦ ᠨᠦᠬᠦᠪᠦᠷᠢᠯᠡᠬᠦ᠂ ᠴᠣᠮᠬᠠᠳᠬᠠᠬᠤ᠂ ᠡᠰᠡᠭᠦᠯ᠎ᠡ ᠳᠣᠬᠢᠶ᠎ᠠ᠂ ᠦᠭᠡ ᠥᠭᠦᠯᠡᠪᠦᠷᠢ ᠵᠢᠨ ᠳᠠᠷᠠᠭ᠋ᠠᠯᠠᠯ᠎ᠢ ᠬᠣᠪᠢᠷᠠᠭᠤᠯᠬᠤ ᠡᠷᠬᠡ;
(ᠲᠦᠷᠪᠡ) ᠺᠣᠫᠢᠳᠠᠵᠤ ᠠᠪᠬᠤ ᠡᠷᠬᠡ᠂ ᠲᠣᠬᠠᠢ᠌ᠯᠠᠪᠠᠯ ᠵᠥᠭᠡᠯᠡᠨ ᠲᠣᠨᠣᠭ᠎ᠢ ᠨᠢᠭᠡ ᠬᠤᠪᠢ ᠪᠤᠶᠤ ᠣᠯᠠᠨ ᠬᠤᠪᠢ ᠦᠢ᠍ᠯᠡᠳᠴᠦ ᠺᠣᠫᠢᠳᠠᠬᠤ ᠡᠷᠬᠡ;
23. ᠵᠥᠭᠡᠯᠡᠨ ᠲᠣᠨᠣᠭ᠎ᠤᠨ ᠵᠣᠬᠢᠶᠠᠯ ᠪᠦᠲᠦᠭᠡᠯ᠎ᠤᠨ ᠡᠷᠬᠡ ᠵᠢ ᠶᠠᠭ᠋ᠠᠬᠢᠵᠤ ᠳᠠᠩᠰᠠᠯᠠᠭᠤᠯᠬᠤ ᠪᠣᠶ?
ᠵᠥᠭᠡᠯᠡᠨ ᠲᠣᠨᠣᠭ᠎ᠤᠨ ᠵᠣᠬᠢᠶᠠᠯ ᠪᠦᠲᠦᠭᠡᠯ᠎ᠤᠨ ᠡᠷᠬᠡ ᠳᠠᠩᠰᠠᠯᠠᠭᠤᠯᠬᠤ ᠭᠤᠶᠤᠴᠢᠯᠠᠯ ᠭᠠᠷᠭ᠋ᠠᠬᠤ᠎ᠳᠤ ᠳᠤᠮᠳᠠᠳᠤ ᠤᠯᠤᠰ᠎ᠤᠨ ᠬᠡᠪᠯᠡᠯ᠎ᠤᠨ ᠡᠷᠬᠡ ᠵᠢᠨ ᠬᠠᠮᠠᠭ᠋ᠠᠯᠠᠯᠲᠠ ᠵᠢᠨ ᠲᠥᠪ᠎ᠲᠤ ᠳᠣᠣᠷᠠᠬᠢ ᠮᠠᠲ᠋ᠧᠷᠢᠶᠠᠯ᠎ᠢ ᠲᠤᠰᠢᠶᠠᠬᠤ ᠬᠡᠷᠡᠭᠲᠡᠶ᠄
(1) ᠱᠠᠭ᠋ᠠᠷᠳᠠᠯᠭ᠎ᠠ ᠶᠣᠰᠣᠭ᠋ᠠᠷ ᠲᠠᠭᠯᠠᠭᠰᠠᠨ ᠵᠥᠭᠡᠯᠡᠨ ᠲᠣᠨᠣᠭ᠎ᠤᠨ ᠪᠦᠲᠦᠭᠡᠯ᠎ᠤᠨ ᠡᠷᠬᠡ ᠵᠢ ᠳᠠᠩᠰᠠᠯᠠᠭᠤᠯᠬᠤ ᠭᠤᠶᠤᠴᠢᠯᠠᠯ᠎ᠤᠨ ᠬᠦᠰᠦᠨᠦᠭᠲᠦ;
(2) ᠵᠥᠭᠡᠯᠡᠨ ᠲᠣᠨᠣᠭ᠎ᠢ ᠢᠯᠭ᠋ᠠᠨ ᠲᠠᠨᠢᠬᠤ ᠮᠠᠲ᠋ᠧᠷᠢᠶᠠᠯ;
(3) ᠬᠣᠯᠪᠣᠭᠳᠠᠯ ᠪᠦᠬᠦᠢ ᠭᠡᠷᠡᠴᠢᠯᠡᠬᠦ ᠪᠢᠴᠢᠭ ᠮᠠᠲ᠋ᠧᠷᠢᠶᠠᠯ᠃
24. ᠵᠣᠬᠢᠶᠠᠯ ᠪᠦᠲᠦᠭᠡᠯ᠎ᠤᠨ ᠡᠷᠬᠡ᠎ᠳᠤ ᠬᠠᠯᠳᠠᠭᠰᠠᠨ ᠦᠢ᠍ᠯᠡ ᠠᠵᠢᠯᠯᠠᠭ᠎ᠠ ᠭᠡᠵᠦ ᠶᠠᠭᠤ ᠶᠠᠭᠤ ᠪᠠᠶ᠋ᠢᠳᠠᠭ ᠪᠤᠢ?
(ᠨᠢᠭᠡ) ᠵᠣᠬᠢᠶᠠᠯ ᠪᠦᠲᠦᠭᠡᠯ᠎ᠤᠨ ᠡᠷᠬᠡᠲᠡᠨ᠎ᠤ ᠵᠥᠪᠰᠢᠶᠡᠷᠡᠯ᠎ᠢ ᠣᠯᠤᠭᠰᠠᠨ ᠦᠬᠡᠢ᠎ᠪᠠᠷ ᠪᠦᠲᠦᠭᠡᠯ᠎ᠢ᠎ᠨᠢ ᠨᠡᠶ᠋ᠢᠲᠡᠯᠡᠭᠰᠡᠨ;
(ᠬᠣᠶᠠᠷ) ᠵᠣᠬᠢᠶᠠᠭᠴᠢ ᠵᠢᠨ ᠵᠥᠪᠰᠢᠶᠡᠷᠡᠯ᠎ᠢ ᠣᠯᠤᠭᠰᠠᠨ ᠦᠬᠡᠢ᠎ᠪᠠᠷ ᠪᠤᠰᠤᠳ᠎ᠲᠠᠢ ᠬᠠᠮᠲᠤᠷᠠᠵᠤ ᠵᠣᠬᠢᠶᠠᠨ ᠪᠦᠲᠦᠭᠡᠭᠰᠡᠨ ᠪᠦᠲᠦᠭᠡᠯ᠎ᠢ ᠭᠠᠭᠴᠠᠭ᠋ᠠᠷ ᠵᠶ᠋ᠠᠨ ᠵᠣᠬᠢᠶᠠᠨ ᠪᠦᠲᠦᠭᠡᠭᠰᠡᠨ ᠪᠦᠲᠦᠭᠡᠯ ᠪᠣᠯᠭ᠋ᠠᠨ ᠨᠡᠶ᠋ᠢᠲᠡᠯᠡᠭᠰᠡᠨ;
(ᠭᠤᠷᠪᠠ) ᠵᠣᠬᠢᠶᠠᠨ ᠪᠦᠲᠦᠭᠡᠬᠦ᠎ᠳᠤ ᠣᠷᠣᠯᠴᠠᠭᠰᠠᠨ ᠦᠬᠡᠢ ᠪᠠᠶ᠋ᠢᠭ᠋ᠠᠳ ᠬᠤᠪᠢᠨ᠎ᠤ ᠨᠡᠷ᠎ᠡ ᠠᠰᠢᠭ᠎ᠤᠨ ᠲᠥᠯᠥᠭᠡ ᠪᠤᠰᠤᠳ᠎ᠤᠨ ᠪᠦᠲᠦᠭᠡᠯ ᠳᠡᠭᠡᠷ᠎ᠡ ᠨᠡᠷ᠎ᠡ᠎ᠪᠠᠨ ᠲᠠᠯᠪᠢᠭᠰᠠᠨ;
(ᠳᠥᠷᠪᠡ) ᠪᠤᠰᠤᠳ᠎ᠤᠨ ᠵᠣᠬᠢᠶᠠᠯ ᠪᠦᠲᠦᠭᠡᠯ᠎ᠢ ᠭᠠᠵᠢᠭᠤᠳᠠᠭᠤᠯᠵᠤ᠂ ᠥᠭᠡᠷᠡᠳᠡᠭᠦᠯᠦᠭᠰᠡᠨ;
(ᠲᠠᠪᠤ) ᠪᠤᠰᠤᠳ᠎ᠤᠨ ᠪᠦᠲᠦᠭᠡᠯ᠎ᠢ ᠬᠤᠯᠠᠭ᠋ᠠᠶ᠋ᠢᠯᠠᠭᠰᠠᠨ;
(ᠵᠢᠷᠭᠤᠭ᠎ᠠ) ᠵᠣᠬᠢᠶᠠᠯ ᠪᠦᠲᠦᠭᠡᠯ᠎ᠤᠨ ᠡᠷᠬᠡᠲᠦ ᠬᠥᠮᠦᠨ᠎ᠤ ᠵᠥᠪᠰᠢᠶᠡᠷᠡᠯ᠎ᠢ ᠣᠯᠤᠭᠰᠠᠨ ᠦᠬᠡᠢ᠎ᠪᠠᠷ ᠦᠵᠡᠭᠦᠯᠦᠯᠭᠡ ᠭᠠᠷᠭ᠋ᠠᠬᠤ᠂ ᠺᠢᠨᠣ᠋ ᠰᠡᠭᠦᠳᠡᠷᠯᠡᠨ ᠦᠢ᠍ᠯᠡᠳᠬᠦ ᠪᠠ ᠺᠢᠨᠣ᠋ ᠰᠡᠭᠦᠳᠡᠷᠯᠡᠨ ᠦᠢ᠍ᠯᠡᠳᠬᠦ᠎ᠲᠠᠢ ᠠᠳᠠᠯᠢᠪᠲᠤᠷ ᠠᠷᠭ᠎ᠠ᠎ᠪᠠᠷ ᠪᠦᠲᠦᠭᠡᠯ᠎ᠢ ᠬᠡᠷᠡᠭᠯᠡᠭᠰᠡᠨ ᠪᠤᠶᠤ ᠥᠭᠡᠷᠡᠴᠢᠯᠡᠨ ᠨᠠᠶ᠋ᠢᠷᠠᠭᠤᠯᠬᠤ᠂ ᠣᠷᠴᠢᠭᠤᠯᠵᠤ᠂ ᠲᠠᠶ᠋ᠢᠯᠪᠤᠷᠢ ᠬᠢᠬᠦ ᠵᠡᠷᠭᠡ ᠠᠷᠭ᠎ᠠ ᠬᠡᠯᠪᠡᠷᠢ᠎ᠪᠠᠷ ᠪᠦᠲᠦᠭᠡᠯ᠎ᠢ᠎ᠨᠢ ᠬᠡᠷᠡᠭᠯᠡᠭᠰᠡᠨ᠂ 《ᠵᠣᠬᠢᠶᠠᠯ ᠪᠦᠲᠦᠭᠡᠯ᠎ᠤᠨ ᠡᠷᠬᠡ ᠵᠢᠨ ᠬᠠᠤᠯᠢ》᠎ᠳᠤ ᠠᠰᠲᠠᠭ᠋ᠠᠨ ᠲᠣᠭᠲᠠᠭ᠋ᠠᠯ᠎ᠲᠠᠢ᠎ᠨᠢ ᠡᠭᠦᠨ᠎ᠳᠤ ᠪᠠᠭᠲᠠᠬᠤ ᠦᠬᠡᠢ;
(ᠲᠤᠯᠦᠭ᠎ᠠ) ᠪᠤᠰᠤᠳ᠎ᠤᠨ ᠪᠦᠲᠦᠭᠡᠯ᠎ᠢ ᠬᠡᠷᠡᠭᠯᠡᠭᠡᠳ ᠬᠠᠷᠠᠮᠵᠢ ᠣᠯᠭᠣᠬᠤ ᠶᠣᠰᠣᠲᠠᠶ ᠪᠠᠶ᠋ᠢᠲᠠᠯ᠎ᠠ ᠣᠯᠭᠣᠭᠰᠠᠨ ᠦᠬᠡᠢ;
(ᠨᠠᠶᠮᠠ) ᠺᠢᠨᠣ᠋ ᠵᠢᠨ ᠪᠦᠲᠦᠭᠡᠯ ᠪᠣᠯᠤᠨ ᠺᠢᠨᠣ᠋ ᠰᠡᠭᠦᠳᠡᠷᠯᠡᠬᠦ᠎ᠲᠠᠢ ᠠᠳᠠᠯᠢᠪᠲᠤᠷ ᠠᠷᠭ᠎ᠠ᠎ᠪᠠᠷ ᠵᠣᠬᠢᠶᠠᠨ ᠪᠦᠲᠦᠭᠡᠭᠰᠡᠨ ᠪᠦᠲᠦᠭᠡᠯ᠂ ᠺᠣᠮᠫᠢᠦ᠋ᠲ᠋ᠧᠷ᠎ᠤᠨ ᠵᠥᠭᠡᠯᠡᠨ ᠲᠣᠨᠣᠭ᠂ ᠲᠡᠭᠤ ᠳᠦᠷᠰᠦ ᠰᠢᠩᠭᠡᠭᠡᠯᠲᠡ ᠵᠢᠨ ᠪᠦᠲᠦᠭᠡᠭᠳᠡᠬᠦᠨ᠎ᠤ ᠵᠣᠬᠢᠶᠠᠯ ᠪᠦᠲᠦᠭᠡᠯ᠎ᠤᠨ ᠡᠷᠬᠡᠲᠦ ᠬᠥᠮᠦᠨ ᠪᠤᠶᠤ ᠵᠣᠬᠢᠶᠠᠯ ᠪᠦᠲᠦᠭᠡᠯ᠎ᠤᠨ ᠡᠷᠬᠡ᠎ᠳᠤ ᠬᠣᠯᠪᠣᠭᠳᠠᠬᠤ ᠡᠷᠬᠡᠲᠦ ᠬᠥᠮᠦᠨ᠎ᠤ ᠵᠥᠪᠰᠢᠶᠡᠷᠡᠯ ᠦᠭᠡᠢ᠎ᠪᠠᠷ ᠲᠡᠭᠦᠨ᠎ᠤ ᠪᠦᠲᠦᠭᠡᠯ ᠪᠤᠶᠤ ᠲᠡᠭᠤ ᠳᠦᠷᠰᠦ ᠰᠢᠩᠭᠡᠭᠡᠯᠲᠡ ᠵᠢᠨ ᠪᠦᠲᠦᠭᠡᠭᠳᠡᠬᠦᠨ᠎ᠢ ᠳᠦᠷᠢᠶᠡᠰᠦᠯᠡᠬᠦ᠂ 《ᠵᠣᠬᠢᠶᠠᠯ ᠪᠦᠲᠦᠭᠡᠯ᠎ᠤᠨ ᠡᠷᠬᠡ ᠵᠢᠨ ᠬᠠᠤᠯᠢ》᠎ᠳᠤ ᠠᠰᠲᠠᠭ᠋ᠠᠨ ᠲᠣᠭᠲᠠᠭ᠋ᠠᠯ᠎ᠲᠠᠢ᠎ᠨᠢ ᠡᠭᠦᠨ᠎ᠳᠤ ᠪᠠᠭᠲᠠᠬᠤ ᠦᠬᠡᠢ;
(ᠶᠢᠰᠦ) ᠬᠡᠪᠯᠡᠭᠴᠢ ᠵᠢᠨ ᠵᠥᠪᠰᠢᠶᠡᠷᠡᠯ ᠦᠬᠡᠢ᠎ᠪᠠᠷ ᠲᠡᠭᠦᠨ᠎ᠤ ᠬᠡᠪᠯᠡᠭᠰᠡᠨ ᠨᠣᠮ ᠪᠢᠴᠢᠭ᠂ ᠬᠣᠭᠣᠴᠠᠭ᠋ᠠᠲᠤ ᠰᠡᠳᠬᠦᠯ᠎ᠤᠨ᠎ᠪᠠᠷ ᠬᠡᠪᠯᠡᠯ᠎ᠤᠨ ᠵᠠᠭᠪᠤᠷ ᠵᠢᠷᠤᠭ᠎ᠢ ᠬᠡᠷᠡᠭᠯᠡᠭᠰᠡᠨ;
(ᠠᠷᠪᠠ) ᠲᠣᠭᠯᠠᠭᠴᠢ ᠵᠢᠨ ᠵᠥᠪᠰᠢᠶᠡᠷᠡᠯ ᠦᠬᠡᠢ᠎ᠪᠠᠷ ᠲᠡᠭᠦᠨ᠎ᠤ ᠲᠤᠬᠠᠶ ᠵᠢᠨ ᠭᠠᠵᠠᠷ᠎ᠤᠨ ᠲᠣᠭᠯᠠᠯᠲᠠ ᠵᠢ ᠲᠤᠬᠠᠶ ᠵᠢᠨ ᠭᠠᠵᠠᠷ᠎ᠠᠴᠠ ᠰᠢᠭᠤᠳ ᠨᠡᠪᠲᠡᠷᠡᠭᠦᠯᠦᠭᠰᠡᠨ ᠪᠤᠶᠤ ᠢᠯᠠ᠎ᠪᠠᠷ ᠤᠯᠠᠮᠵᠢᠯᠠᠨ ᠳᠠᠮᠵᠢᠭᠤᠯᠤᠭᠰᠠᠨ᠂ ᠡᠰᠡᠬᠦᠯ᠎ᠡ ᠲᠡᠭᠦᠨ᠎ᠤ ᠲᠣᠭᠯᠠᠯᠲᠠ ᠵᠢ ᠰᠢᠩᠭᠡᠭᠡᠵᠦ ᠠᠪᠤᠭᠰᠠᠨ;
(ᠠᠷᠪᠠᠨ ᠨᠢᠭᠡ) ᠵᠣᠬᠢᠶᠠᠯ ᠪᠦᠲᠦᠭᠡᠯ᠎ᠤᠨ ᠡᠷᠬᠡᠲᠦ ᠬᠥᠮᠦᠨ᠎ᠤ ᠵᠥᠪᠰᠢᠶᠡᠷᠡᠯ ᠦᠬᠡᠢ᠎ᠪᠠᠷ ᠵᠣᠬᠢᠶᠠᠯ ᠪᠦᠳᠦᠭᠡᠯ᠎ᠢ᠎ᠨᠢ ᠪᠠᠭᠤᠯᠭ᠋ᠠᠬᠤ᠂ ᠳᠠᠷᠬᠠᠭ᠋ᠠᠬᠤ᠂ ᠲᠣᠭᠯᠠᠬᠤ᠂ ᠺᠢᠨᠣ᠋ ᠭᠠᠷᠭ᠋ᠠᠬᠤ᠂ ᠷᠠᠳᠢᠣ᠋᠎ᠪᠠᠷ ᠨᠡᠪᠲᠡᠷᠡᠭᠦᠯᠬᠦ᠂ ᠡᠮᠬᠢᠳᠬᠡᠨ ᠨᠠᠢ᠌ᠷᠠᠭᠤᠯᠬᠤ᠂ ᠮᠡᠳᠡᠭᠡ ᠵᠠᠩᠭᠢ ᠵᠢᠨ ᠲᠣᠣᠷ ᠰᠦᠯᠵᠢᠶ᠎ᠡ᠎ᠪᠠᠷ ᠤᠯᠡᠠ ᠨᠡᠶ᠋ᠢᠲᠡ᠎ᠳᠤ ᠤᠯᠠᠮᠵᠢᠯᠠᠨ ᠲᠠᠷᠬᠠᠭ᠋ᠠᠭᠰᠠᠨ᠂ 《ᠵᠣᠬᠢᠶᠠᠯ ᠪᠦᠲᠦᠭᠡᠯ᠎ᠤᠨ ᠡᠷᠬᠡ ᠵᠢᠨ ᠬᠠᠤᠯᠢ》᠎ᠳᠤ ᠠᠰᠲᠠᠭ᠋ᠠᠨ ᠲᠣᠭᠲᠠᠭ᠋ᠠᠯ᠎ᠲᠠᠢ᠎ᠨᠢ ᠡᠭᠦᠨ᠎ᠳᠤ ᠪᠠᠭᠲᠠᠬᠤ ᠦᠬᠡᠢ;
(ᠠᠷᠪᠠᠨ ᠬᠣᠶᠠᠷ) ᠪᠤᠰᠤᠳ᠎ᠤᠨ ᠲᠤᠰᠬᠠᠶ ᠡᠵᠡᠮᠰᠢᠯᠳᠦ ᠬᠡᠪᠯᠡᠯ᠎ᠤᠨ ᠡᠷᠬᠡ ᠪᠦᠬᠦᠢ ᠨᠣᠮ ᠪᠢᠴᠢᠭ᠎ᠢ ᠬᠡᠪᠯᠡᠭᠦᠯᠦᠭᠰᠡᠨ;
(ᠠᠷᠪᠠᠨ ᠭᠤᠷᠪᠠ) ᠲᠣᠭᠯᠠᠭᠴᠢ ᠵᠢᠨ ᠵᠥᠪᠰᠢᠶᠡᠷᠡᠯ ᠦᠬᠡᠢ᠎ᠪᠠᠷ ᠲᠣᠭᠯᠠᠭᠰᠠᠨ᠂ ᠲᠡᠭᠤ ᠳᠦᠷᠰᠦ ᠵᠢᠨ ᠰᠢᠩᠭᠡᠭᠡᠯᠲᠡ ᠵᠢᠨ ᠪᠦᠲᠦᠭᠡᠭᠳᠡᠬᠦᠨ᠎ᠢ᠎ᠨᠢ ᠪᠠᠭᠤᠯᠭ᠋ᠠᠵᠤ ᠲᠠᠷᠬᠠᠭ᠋ᠠᠭᠰᠠᠨ᠂ ᠡᠰᠡᠬᠦᠯ᠎ᠡ ᠲᠣᠭᠯᠠᠯᠲᠠ ᠵᠢ᠎ᠨᠢ ᠮᠡᠳᠡᠭᠡ ᠵᠠᠩᠭᠢ ᠵᠢᠨ ᠲᠣᠣᠷ ᠰᠦᠯᠵᠢᠶ᠎ᠡ᠎ᠪᠠᠷ ᠤᠯᠡᠠ ᠨᠡᠶ᠋ᠢᠲᠡ᠎ᠳᠤ ᠤᠯᠠᠮᠵᠢᠯᠠᠭᠰᠠᠨ᠂ 《ᠵᠣᠬᠢᠶᠠᠯ ᠪᠦᠲᠦᠭᠡᠯ᠎ᠤᠨ ᠡᠷᠬᠡ ᠵᠢᠨ ᠬᠠᠤᠯᠢ》᠎ᠳᠤ ᠠᠰᠲᠠᠭ᠋ᠠᠨ ᠲᠣᠭᠲᠠᠭ᠋ᠠᠯ᠎ᠲᠠᠢ᠎ᠨᠢ ᠡᠭᠦᠨ᠎ᠳᠤ ᠪᠠᠭᠲᠠᠬᠤ ᠦᠬᠡᠢ;
(ᠠᠷᠪᠠᠨ ᠳᠥᠷᠪᠡ) ᠲᠡᠭᠤ ᠳᠦᠷᠰᠦ ᠰᠢᠩᠭᠡᠭᠡᠯᠲᠡ ᠵᠢᠨ ᠦᠢ᠍ᠯᠡᠳᠦᠭᠴᠢ ᠵᠢᠨ ᠵᠥᠪᠰᠢᠶᠡᠷᠡᠯ ᠦᠬᠡᠢ᠎ᠪᠠᠷ ᠲᠡᠭᠤ ᠳᠦᠷᠰᠦ ᠵᠢᠨ ᠰᠢᠩᠭᠡᠭᠡᠯᠲᠡ ᠵᠢᠨ ᠪᠦᠲᠦᠭᠡᠭᠳᠡᠬᠦᠨ᠎ᠢ᠎ᠨᠢ ᠪᠠᠭᠤᠯᠭ᠋ᠠᠨ ᠲᠠᠷᠬᠠᠭ᠋ᠠᠵᠤ᠂ ᠮᠡᠳᠡᠭᠡ ᠵᠠᠩᠭᠢ ᠵᠢᠨ ᠲᠣᠣᠷ ᠰᠦᠯᠵᠢᠶ᠎ᠡ᠎ᠪᠠᠷ ᠤᠯᠡᠠ ᠨᠡᠶ᠋ᠢᠲᠡ᠎ᠳᠤ ᠤᠯᠠᠮᠵᠢᠯᠠᠭᠰᠠᠨ᠂ 《ᠵᠣᠬᠢᠶᠠᠯ ᠪᠦᠲᠦᠭᠡᠯ᠎ᠤᠨ ᠡᠷᠬᠡ ᠵᠢᠨ ᠬᠠᠤᠯᠢ》᠎ᠳᠤ ᠠᠰᠲᠠᠭ᠋ᠠᠨ ᠲᠣᠭᠲᠠᠭ᠋ᠠᠯ᠎ᠲᠠᠢ᠎ᠨᠢ ᠡᠭᠦᠨ᠎ᠳᠤ ᠪᠠᠭᠲᠠᠬᠤ ᠦᠬᠡᠢ;
(ᠠᠷᠪᠠᠨ ᠲᠠᠪᠤ) ᠵᠥᠪᠰᠢᠶᠡᠷᠡᠯ ᠦᠬᠡᠢ᠎ᠪᠠᠷ ᠷᠠᠳᠢᠣ᠋ ᠨᠡᠪᠲᠡᠷᠡᠭᠦᠯᠭᠡ᠂ ᠲᠸᠯᠸᠢᠰᠢ ᠪᠠᠭᠤᠯᠭ᠋ᠠᠨ ᠠᠪᠤᠭᠰᠠᠨ ᠪᠣᠶᠤ ᠨᠡᠪᠲᠡᠷᠡᠭᠦᠯᠦᠭᠰᠡᠨ᠂ 《ᠵᠣᠬᠢᠶᠠᠯ ᠪᠦᠲᠦᠭᠡᠯ᠎ᠤᠨ ᠡᠷᠬᠡ ᠵᠢᠨ ᠬᠠᠤᠯᠢ》᠎ᠳᠤ ᠠᠰᠲᠠᠭ᠋ᠠᠨ ᠲᠣᠭᠲᠠᠭ᠋ᠠᠯ᠎ᠲᠠᠢ᠎ᠨᠢ ᠡᠭᠦᠨ᠎ᠳᠤ ᠪᠠᠭᠲᠠᠬᠤ ᠦᠬᠡᠢ;
(ᠠᠷᠪᠠᠨ ᠵᠢᠷᠭᠤᠭ᠎ᠠ) ᠵᠣᠬᠢᠶᠠᠯ ᠪᠦᠲᠦᠭᠡᠯ᠎ᠤᠨ ᠡᠷᠬᠡᠲᠦ ᠬᠥᠮᠦᠨ ᠪᠤᠶᠤ ᠵᠣᠬᠢᠶᠠᠯ ᠪᠦᠲᠦᠭᠡᠯ᠎ᠤᠨ ᠡᠷᠬᠡ᠎ᠳᠤ ᠬᠣᠯᠪᠣᠭᠳᠠᠬᠤ ᠡᠷᠬᠡᠲᠦ ᠬᠥᠮᠦᠨ᠎ᠤ ᠵᠥᠪᠰᠢᠶᠡᠷᠡᠯ ᠦᠭᠡᠢ᠎ᠪᠠᠷ ᠡᠷᠬᠡᠲᠦ ᠬᠥᠮᠦᠨ᠎ᠤ ᠥᠪᠡᠷ᠎ᠤᠨ ᠪᠦᠲᠦᠭᠡᠯ᠂ ᠲᠡᠭᠤ ᠳᠦᠷᠰᠦ ᠰᠢᠩᠭᠡᠭᠡᠯᠲᠡ ᠵᠢᠨ ᠪᠦᠲᠦᠭᠡᠭᠳᠡᠬᠦᠨ ᠵᠡᠷᠭᠡ᠎ᠳᠤ᠎ᠪᠠᠨ ᠠᠪᠤᠭᠰᠠᠨ ᠵᠣᠬᠢᠶᠠᠯ ᠪᠦᠲᠦᠭᠡᠯ᠎ᠤᠨ ᠡᠷᠬᠡ ᠪᠤᠶᠤ ᠵᠣᠬᠢᠶᠠᠯ ᠪᠦᠲᠦᠭᠡᠯ᠎ᠤᠨ ᠡᠷᠬᠡ ᠠᠰᠢᠭ᠎ᠲᠤ ᠬᠣᠯᠪᠣᠭᠳᠠᠬᠤ ᠡᠷᠬᠡ ᠵᠢ ᠬᠠᠮᠠᠭ᠋ᠠᠯᠠᠬᠤ ᠮᠡᠷᠭᠡᠵᠢᠯ᠎ᠤᠨ ᠠᠷᠭ᠎ᠠ ᠬᠡᠮᠵᠢᠶ᠎ᠡ᠎ᠠᠴᠠ ᠵᠣᠷᠢᠭᠤᠳᠠ ᠵᠠᠶ᠋ᠢᠯᠠᠭᠰᠠᠨ ᠪᠤᠶᠤ ᠲᠡᠭᠦᠨ᠎ᠢ ᠡᠪᠳᠡᠭᠰᠡᠨ᠂ ᠬᠠᠤᠯᠢ ᠴᠠᠭ᠋ᠠᠵᠠ᠂ ᠵᠠᠰᠠᠭ ᠵᠠᠬᠢᠷᠭ᠋ᠠᠨ᠎ᠤ ᠬᠠᠤᠯᠢ ᠲᠣᠭᠲᠠᠭ᠋ᠠᠯ᠎ᠳᠤ ᠠᠰᠲᠠᠭ᠋ᠠᠨ ᠲᠣᠭᠲᠠᠭ᠋ᠠᠯ᠎ᠲᠠᠢ᠎ᠨᠢ ᠡᠭᠦᠨ᠎ᠳᠤ ᠪᠠᠭᠲᠠᠬᠤ ᠦᠬᠡᠢ;
(ᠠᠷᠪᠠᠨ ᠲᠤᠯᠦᠭ᠎ᠠ) ᠵᠣᠬᠢᠶᠠᠯ ᠪᠦᠲᠦᠭᠡᠯ᠎ᠤᠨ ᠡᠷᠬᠡᠲᠦ ᠬᠥᠮᠦᠨ ᠪᠤᠶᠤ ᠵᠣᠬᠢᠶᠠᠯ ᠪᠦᠲᠦᠭᠡᠯ᠎ᠤᠨ ᠡᠷᠬᠡ᠎ᠳᠤ ᠬᠣᠯᠪᠣᠭᠳᠠᠬᠤ ᠡᠷᠬᠡᠲᠦ ᠬᠥᠮᠦᠨ᠎ᠤ ᠵᠥᠪᠰᠢᠶᠡᠷᠡᠯ ᠦᠭᠡᠢ᠎ᠪᠠᠷ ᠵᠣᠬᠢᠶᠠᠯ ᠪᠦᠲᠦᠭᠡᠯ᠂ ᠲᠡᠭᠤ ᠳᠦᠷᠰᠦ ᠵᠢᠨ ᠰᠢᠩᠭᠡᠭᠡᠯᠲᠡ ᠵᠢᠨ ᠪᠦᠲᠦᠭᠡᠭᠳᠡᠬᠦᠨ ᠵᠡᠷᠭᠡ ᠵᠢᠨ ᠡᠷᠬᠡ ᠠᠰᠢᠭ᠎ᠢ ᠬᠠᠮᠢᠶᠠᠷᠬᠤ ᠡᠯᠧᠺᠲᠷᠣᠨ ᠮᠡᠳᠡᠭᠡ ᠵᠠᠩᠭᠢ ᠵᠢ ᠵᠣᠷᠢᠭᠤᠳᠠ ᠬᠠᠰᠤᠭᠰᠠᠨ ᠪᠤᠶᠤ ᠥᠭᠡᠷᠡᠲᠡᠭᠦᠯᠦᠭᠰᠡᠨ᠂ ᠬᠠᠤᠯᠢ ᠴᠠᠭ᠋ᠠᠵᠠ᠂ ᠵᠠᠰᠠᠭ ᠵᠠᠬᠢᠷᠭ᠋ᠠᠨ᠎ᠤ ᠬᠠᠤᠯᠢ ᠲᠣᠭᠲᠠᠭ᠋ᠠᠯ᠎ᠳᠤ ᠠᠰᠲᠠᠭ᠋ᠠᠨ ᠲᠣᠭᠲᠠᠭ᠋ᠠᠯ᠎ᠲᠠᠢ᠎ᠨᠢ ᠡᠭᠦᠨ᠎ᠳᠤ ᠪᠠᠭᠲᠠᠬᠤ ᠦᠬᠡᠢ;
(ᠠᠷᠪᠠᠨ ᠨᠠᠶᠮᠠ) ᠪᠤᠰᠤᠳ᠎ᠤᠨ ᠨᠡᠷ᠎ᠡ ᠲᠠᠯᠪᠢᠭᠰᠠᠨ ᠪᠦᠲᠦᠭᠡᠯ᠎ᠢ ᠬᠠᠭᠤᠷᠮᠠᠭᠯᠠᠨ ᠦᠢ᠍ᠯᠡᠳᠴᠦ᠂ ᠬᠣᠳᠠᠯᠳᠤᠭᠰᠠᠨ;
(ᠠᠷᠪᠠ ᠶᠢᠰᠦ) ᠵᠣᠬᠢᠶᠠᠯ ᠪᠦᠲᠦᠭᠡᠯ᠎ᠤᠨ ᠡᠷᠬᠡ ᠵᠢᠴᠢ ᠵᠣᠬᠢᠶᠠᠯ ᠪᠦᠲᠦᠭᠡᠯ᠎ᠤᠨ ᠡᠷᠬᠡ᠎ᠳᠤ ᠬᠣᠯᠪᠣᠭᠳᠠᠬᠤ ᠡᠷᠬᠡ ᠠᠰᠢᠭ᠎ᠲᠤ ᠬᠠᠯᠳᠠᠭᠰᠠᠨ ᠪᠤᠰᠤᠳ ᠦᠢ᠍ᠯᠡ ᠠᠵᠢᠯᠯᠠᠭ᠎ᠠ᠃ ᠡᠭᠦᠨ᠎ᠠᠴᠠ ᠭᠠᠳᠠᠨ᠎ᠠ 《ᠺᠣᠮᠫᠢᠦ᠋ᠲ᠋ᠧᠷ᠎ᠤᠨ ᠵᠥᠭᠡᠯᠡᠨ ᠲᠣᠨᠣᠭ᠎ᠢ ᠬᠠᠮᠠᠭ᠋ᠠᠯᠠᠬᠤ ᠳᠦᠷᠢᠮ》᠂ 《ᠮᠡᠳᠡᠭᠡ ᠵᠠᠩᠭᠢ ᠵᠠ ᠲᠣᠤᠷ ᠰᠦᠯᠵᠢᠶ᠎ᠡ᠎ᠪᠠᠷ ᠤᠯᠠᠮᠵᠢᠯᠠᠬᠤ ᠡᠷᠬᠡ ᠵᠢ ᠬᠠᠮᠠᠭ᠋ᠠᠯᠠᠬᠤ ᠳᠦᠷᠢᠮ》᠎ᠳᠤ ᠪᠠᠰᠠ ᠡᠷᠬᠡ᠎ᠳᠤ ᠬᠠᠯᠳᠠᠭᠰᠠᠨ ᠵᠠᠷᠢᠮ ᠦᠢ᠍ᠯᠡ ᠠᠵᠢᠯᠯᠠᠭ᠎ᠠ ᠵᠢ ᠲᠣᠭᠲᠠᠭ᠋ᠠᠭᠰᠠᠨ ᠪᠠᠶ᠋ᠢᠨ᠎ᠠ᠃
25. ᠵᠣᠬᠢᠶᠠᠯ ᠪᠦᠲᠦᠭᠡᠯ᠎ᠤᠨ ᠡᠷᠬᠡ᠎ᠨᠢ ᠬᠠᠯᠳᠠᠭᠳᠠᠭᠰᠠᠨ ᠪᠠᠢ᠌ᠪᠠᠯ ᠶᠠᠮᠠᠷ ᠶᠠᠮᠠᠷ ᠠᠷᠭ᠎ᠠ ᠮᠠᠶᠢᠭ᠎ᠢ ᠠᠪᠴᠤ ᠡᠷᠬᠡ᠎ᠪᠠᠨ ᠬᠠᠮᠠᠭ᠋ᠠᠯᠠᠬᠤ ᠪᠤᠶ?
(ᠨᠢᠭᠡ) ᠡᠪᠰᠡᠬᠦ᠄ ᠲᠤᠬᠠᠶ ᠵᠢᠨ ᠬᠥᠮᠦᠨ᠎ᠨᠢ ᠥᠪᠡᠰᠦᠪᠡᠨ ᠰᠢᠶᠳᠪᠦᠷᠢᠯᠡᠬᠦ ᠰᠠᠨᠠᠭ᠎ᠠ᠎ᠲᠠᠢ ᠪᠣᠯ ᠵᠣᠬᠢᠶᠠᠯ ᠪᠦᠲᠦᠭᠡᠯ᠎ᠤᠨ ᠡᠷᠬᠡ ᠵᠢᠨ ᠵᠢᠭᠤᠷᠠᠯᠳᠤᠭ᠋ᠠᠨ᠎ᠢ ᠵᠥᠪᠳᠡᠯᠴᠡᠵᠦ ᠪᠠᠶ᠋ᠢᠭ᠋ᠠᠳ ᠰᠢᠶᠳᠪᠦᠷᠢᠯᠡᠬᠦ ᠪᠣᠯᠤᠨ᠎ᠠ;
(ᠬᠣᠶᠠᠷ) ᠡᠶᠡᠳᠡᠬᠦ᠄ ᠲᠤᠬᠠᠶ ᠵᠢᠨ ᠬᠥᠮᠦᠨ᠎ᠨᠢ ᠭᠤᠷᠪᠠᠳᠤᠭ᠋ᠠᠷ ᠡᠲᠡᠭᠡᠳ (ᠬᠡᠪᠯᠡᠯ᠎ᠤᠨ ᠡᠷᠬᠡ ᠵᠢᠨ ᠲᠣᠪᠴᠢᠶ᠎ᠠ᠂ ᠵᠣᠬᠢᠶᠠᠯ ᠪᠦᠲᠦᠭᠡᠯ᠎ᠤᠨ ᠡᠷᠬᠡ ᠵᠢ ᠬᠠᠮᠠᠭ᠋ᠠᠯᠠᠬᠤ ᠪᠠᠶ᠋ᠢᠭᠤᠯᠤᠮᠵᠢ᠂ ᠬᠡᠪᠯᠡᠯ᠎ᠤᠨ ᠡᠷᠬᠡ ᠵᠢ ᠬᠠᠮᠠᠭ᠋ᠠᠯᠠᠬᠤ ᠨᠡᠶ᠋ᠢᠭᠡᠮᠯᠢᠭ᠂ ᠬᠠᠤᠯᠢᠴᠢ ᠵᠢᠨ ᠬᠡᠷᠡᠭ ᠡᠷᠬᠢᠯᠡᠬᠦ ᠭᠠᠵᠠᠷ ᠪᠣᠯᠤᠨ ᠪᠠᠶ᠋ᠢᠭ᠋ᠠᠯᠢ ᠬᠥᠮᠦᠨ ᠵᠡᠷᠭᠡ)᠎ᠲᠤ ᠨᠠᠢ᠌ᠳᠠᠵᠤ ᠵᠣᠬᠢᠶᠠᠯ ᠪᠦᠲᠦᠭᠡᠯ᠎ᠤᠨ ᠡᠷᠬᠡ ᠵᠢᠨ ᠵᠢᠭᠤᠷᠠᠯᠳᠤᠭ᠋ᠠᠨ᠎ᠢ ᠡᠶᠡᠳᠡᠭᠦᠯᠵᠦ ᠪᠤᠯᠤᠨ᠎ᠠ;
(ᠭᠤᠷᠪᠠ) ᠬᠥᠨᠳᠡᠯᠡᠨ᠎ᠠᠴᠠ ᠲᠠᠰᠤᠯᠬᠤ᠄ ᠲᠤᠬᠠᠶ ᠵᠢᠨ ᠬᠥᠮᠦᠨ᠎ᠨᠢ ᠬᠡᠯᠡᠯᠴᠡᠨ ᠳᠣᠭᠢᠷᠬᠠᠰᠠᠨ ᠬᠥᠨᠳᠡᠯᠡᠨ᠎ᠠᠴᠠ ᠲᠠᠰᠤᠯᠬᠤ ᠪᠢᠴᠢᠭ᠎ᠤᠨ ᠬᠡᠯᠡᠯᠴᠡᠭᠡᠷ ᠪᠤᠶᠤ ᠵᠣᠬᠢᠶᠠᠯ ᠪᠦᠲᠦᠭᠡᠯ᠎ᠤᠨ ᠡᠷᠬᠡ ᠵᠢᠨ ᠭᠡᠷ᠎ᠡ᠎ᠳᠠᠬᠢ ᠬᠥᠨᠳᠡᠯᠡᠨ᠎ᠠᠴᠠ ᠲᠠᠰᠤᠯᠬᠤ ᠵᠦᠢ᠍ᠯ ᠵᠤᠷᠪᠤᠰ᠎ᠢ ᠦᠨᠳᠦᠰᠦᠯᠡᠨ᠂ ᠬᠥᠨᠳᠡᠯᠡᠨ᠎ᠠᠴᠠ ᠲᠠᠰᠤᠯᠬᠤ ᠪᠠᠶ᠋ᠢᠭᠤᠯᠤᠮᠵᠢ᠎ᠳᠤ ᠬᠥᠨᠳᠡᠯᠡᠨ᠎ᠠᠴᠠ ᠲᠠᠰᠤᠯᠤᠭᠤᠯᠬᠤ᠎ᠪᠠᠷ ᠭᠤᠶᠤᠴᠢᠯᠠᠵᠤ ᠪᠣᠯᠤᠨ᠎ᠠ;
(ᠳᠥᠷᠪᠡ) ᠵᠠᠷᠭᠤ ᠬᠢᠬᠦ᠄ ᠲᠤᠬᠠᠶ ᠵᠢᠨ ᠬᠥᠮᠦᠨ᠎ᠨᠢ ᠬᠥᠨᠳᠡᠯᠡᠨ᠎ᠠᠴᠠ ᠲᠠᠰᠤᠯᠬᠤ ᠪᠢᠴᠢᠭ᠎ᠤᠨ ᠬᠡᠯᠡᠯᠴᠡᠭᠡᠷ ᠦᠭᠡᠢ᠂ ᠵᠣᠬᠢᠶᠠᠯ ᠪᠦᠲᠦᠭᠡᠯ᠎ᠤᠨ ᠡᠷᠬᠡ ᠵᠢᠨ ᠭᠡᠷ᠎ᠡ᠎ᠳᠤ ᠬᠥᠨᠳᠡᠯᠡᠨ᠎ᠠᠴᠠ ᠲᠠᠰᠤᠯᠬᠤ ᠲᠤᠬᠠᠶ ᠵᠤᠷᠪᠤᠰ ᠲᠣᠭᠲᠠᠭ᠋ᠠᠭᠰᠠᠨ ᠦᠭᠡᠢ ᠪᠣᠯ ᠠᠷᠠᠳ᠎ᠤᠨ ᠰᠢᠭᠦᠬᠦ ᠬᠣᠷᠢᠶᠠᠨ᠎ᠳᠤ ᠰᠢᠭᠤᠳ ᠵᠡᠭ᠋ᠠᠯᠳᠦᠵᠦ ᠪᠣᠯᠤᠨ᠎ᠠ;
(ᠲᠠᠪᠤ) ᠵᠠᠭ᠋ᠠᠯᠳᠤᠬᠤ᠄ ᠲᠤᠬᠠᠶ ᠵᠢᠨ ᠬᠥᠮᠦᠨ᠎ᠨᠢ ᠮᠡᠳᠡᠯᠭᠡ ᠵᠢᠨ ᠥᠮᠴᠢᠯᠡᠬᠦ ᠡᠷᠬᠡ ᠵᠢ ᠬᠠᠮᠠᠭ᠋ᠠᠯᠠᠬᠤ ᠢᠯᠡᠴᠢᠯᠡᠨ ᠮᠡᠳᠡᠭᠦᠯᠵᠦ ᠵᠠᠭ᠋ᠠᠯᠳᠣᠬᠤ ᠦᠢ᠍ᠯᠡᠴᠢᠯᠡᠭᠡᠨ᠎ᠤ ᠲᠥᠪ ᠪᠤᠶᠤ ᠵᠣᠬᠢᠶᠠᠯ ᠪᠦᠲᠦᠭᠡᠯ᠎ᠤᠨ ᠡᠷᠬᠡ ᠵᠢᠨ ᠵᠠᠰᠠᠭ ᠵᠠᠬᠢᠷᠭ᠋ᠠᠨ᠎ᠤ ᠬᠠᠮᠢᠶᠠᠷᠤᠯᠲᠠ ᠵᠢᠨ ᠪᠠᠶ᠋ᠢᠭᠤᠯᠭ᠎ᠠ᠎ᠳᠤ ᠵᠠᠭ᠋ᠠᠯᠳᠤᠵᠤ ᠪᠣᠯᠣᠨ᠎ᠠ᠃
26. ᠵᠣᠬᠢᠶᠠᠯ ᠪᠦᠲᠦᠭᠡᠯ᠎ᠤᠨ ᠡᠷᠬᠡ᠎ᠳᠤ ᠬᠠᠯᠳᠠᠭᠰᠠᠨ ᠪᠠᠶ᠋ᠢᠪᠠᠯ ᠶᠠᠮᠠᠷ ᠶᠠᠮᠠᠷ ᠬᠠᠤᠯᠢ ᠵᠢᠨ ᠬᠠᠷᠢᠭᠤᠴᠠᠯᠭ᠎ᠠ ᠡᠭᠦᠷᠭᠡᠯᠡᠬᠦ ᠪᠤᠢ?
(ᠨᠢᠭᠡ) ᠢᠷᠭᠡᠨ᠎ᠤ ᠬᠡᠷᠡᠭ᠎ᠤᠨ ᠬᠠᠷᠢᠭᠤᠴᠠᠯᠭ᠎ᠠ᠄ ᠬᠣᠬᠢᠷᠠᠯ ᠤᠴᠠᠷᠠᠭᠤᠯᠬᠤ᠎ᠪᠠᠨ ᠵᠣᠭᠰᠣᠭ᠋ᠠᠬᠤ᠂ ᠨᠥᠯᠥᠭᠡ ᠵᠢ ᠠᠷᠢᠯᠭ᠋ᠠᠬᠤ᠂ ᠤᠰᠤᠯ ᠬᠦᠯᠢᠶᠡᠨ ᠪᠤᠷᠤᠭᠤ ᠮᠡᠳᠡᠬᠦ᠂ ᠬᠣᠬᠢᠷᠠᠯ᠎ᠢ ᠲᠤᠢ᠍ᠯᠦᠬᠦ ᠵᠡᠷᠭᠡ ᠢᠷᠭᠡᠨ᠎ᠤ ᠬᠡᠷᠡᠭ᠎ᠤᠨ ᠬᠠᠷᠢᠭᠤᠴᠠᠯᠭ᠎ᠠ ᠡᠭᠦᠷᠭᠡᠯᠡᠨ᠎ᠡ᠃
(ᠬᠣᠶᠠᠷ) ᠵᠠᠰᠠᠭ ᠵᠠᠬᠢᠷᠭ᠋ᠠᠨ᠎ᠤ ᠬᠠᠷᠢᠭᠤᠴᠠᠯᠭ᠎ᠠ᠄ ᠵᠣᠬᠢᠶᠠᠯ ᠪᠦᠲᠦᠭᠡᠯ᠎ᠤᠨ ᠡᠷᠬᠡ᠎ᠳᠤ ᠬᠠᠯᠳᠠᠭᠰᠠᠨ ᠮᠦᠷᠲᠡᠬᠡᠨ ᠤᠯᠡᠠ ᠨᠡᠶ᠋ᠢᠲᠡ ᠵᠢᠨ ᠠᠰᠢᠭ ᠲᠤᠰᠠ ᠵᠢ ᠬᠣᠬᠢᠷᠠᠭᠤᠯᠤᠭᠰᠠᠨ ᠪᠠᠶ᠋ᠢᠪᠠᠯ ᠵᠣᠬᠢᠶᠠᠯ ᠪᠦᠲᠦᠭᠡᠯ᠎ᠤᠨ ᠡᠷᠬᠡ ᠵᠢᠨ ᠵᠠᠰᠠᠭ ᠵᠠᠬᠢᠷᠭ᠋ᠠᠨ᠎ᠤ ᠬᠠᠮᠢᠶᠠᠷᠤᠯᠲᠠ ᠵᠢᠨ ᠰᠠᠯᠠᠭ᠎ᠠ ᠮᠥᠴᠢᠷ᠎ᠠᠴᠠ ᠵᠠᠷᠯᠢᠭᠳᠠᠨ ᠡᠷᠬᠡᠨ᠎ᠳᠤ ᠬᠠᠯᠳᠠᠬᠤ ᠠᠵᠢᠯᠯᠠᠭ᠎ᠠ ᠵᠢ᠎ᠨᠢ ᠵᠣᠭᠰᠣᠭ᠋ᠠᠬᠤ᠂ ᠬᠠᠤᠯᠢ᠎ᠠᠴᠠ ᠵᠥᠷᠢᠴᠡᠵᠦ ᠣᠯᠤᠭᠰᠠᠨ ᠣᠯᠵᠠ ᠠᠰᠢᠭ᠎ᠢ᠎ᠨᠢ ᠬᠤᠷᠢᠶᠠᠨ ᠠᠪᠬᠤ᠂ ᠡᠷᠬᠡ᠎ᠳᠤ ᠬᠠᠯᠳᠠᠭᠰᠠᠨ ᠪᠠᠭᠤᠯᠭ᠋ᠠᠪᠤᠷᠢ ᠪᠦᠲᠦᠭᠡᠭᠳᠡᠬᠦᠨ᠎ᠢ᠎ᠨᠢ ᠬᠣᠷᠢᠶᠠᠨ ᠠᠪᠴᠤ ᠤᠰᠠᠳᠬᠠᠨ᠂ ᠪᠠᠰᠠ ᠵᠣᠭᠣᠰ ᠵᠶ᠋ᠠᠷ ᠲᠣᠷᠭ᠋ᠠᠬᠤ᠎ᠪᠠᠷ ᠰᠢᠳᠬᠡᠵᠦ ᠪᠣᠯᠤᠨ᠎ᠠ᠂ ᠤᠢ᠍ᠢ᠍ᠯᠠ ᠪᠠᠶ᠋ᠢᠳᠠᠯ᠎ᠨᠢ ᠬᠦᠨᠳᠦ ᠨᠣᠴᠢᠲᠠᠶ ᠪᠠᠶ᠋ᠢᠪᠠᠯ ᠵᠣᠬᠢᠶᠠᠯ ᠪᠦᠲᠦᠭᠡᠯ᠎ᠤᠨ ᠡᠷᠬᠡ ᠵᠢᠨ ᠵᠠᠰᠠᠭ ᠵᠠᠬᠢᠷᠭ᠋ᠠᠨ᠎ᠤ ᠬᠠᠮᠢᠶᠠᠷᠤᠯᠲᠠ ᠵᠢᠨ ᠰᠠᠯᠠᠭ᠎ᠠ ᠮᠥᠴᠢᠷ᠎ᠠᠴᠠ ᠪᠠᠰᠠ ᠭᠣᠣᠯᠳᠠᠭᠤ ᠡᠷᠬᠡᠨ᠎ᠳᠤ ᠬᠠᠯᠳᠠᠭᠰᠠᠨ ᠪᠠᠭᠤᠯᠭ᠋ᠠᠪᠤᠷᠢ ᠦᠢ᠍ᠯᠡᠳᠬᠦ᠎ᠳᠤ ᠬᠡᠷᠡᠭᠯᠡᠭᠰᠡᠨ ᠮᠠᠲ᠋ᠧᠷᠢᠶᠠᠯ᠂ ᠪᠠᠭ᠋ᠠᠵᠢ᠂ ᠲᠥᠬᠥᠭᠡᠷᠦᠮᠵᠢ ᠵᠡᠷᠭᠡ ᠵᠢ᠎ᠨᠢ ᠬᠤᠷᠢᠶᠡᠠ ᠠᠪᠴᠤ ᠪᠣᠯᠤᠨ᠎ᠠ᠃
(ᠭᠤᠷᠪᠠ) ᠡᠷᠡᠭᠦᠦ ᠵᠢᠨ ᠬᠡᠷᠡᠭ᠎ᠤᠨ ᠬᠠᠷᠢᠭᠤᠴᠠᠯᠭ᠎ᠠ᠄ ᠶᠠᠯ᠎ᠠ ᠪᠤᠯᠵᠦ ᠪᠦᠷᠢᠯᠳᠦᠭᠰᠡᠨ ᠪᠠᠶ᠋ᠢᠪᠠᠯ᠂ ᠬᠠᠤᠯᠢ ᠶᠣᠰᠣ᠎ᠪᠠᠷ ᠡᠷᠡᠭᠦᠦ ᠵᠢᠨ ᠬᠡᠷᠡᠭ᠎ᠤᠨ ᠬᠠᠷᠢᠭᠤᠴᠠᠯᠭ᠎ᠠ ᠨᠠᠬᠡᠮᠵᠢᠯᠡᠨᠡ᠃
27. ᠵᠣᠬᠢᠶᠠᠯ ᠪᠦᠲᠦᠭᠡᠯ᠎ᠤᠨ ᠡᠷᠬᠡ᠎ᠳᠤ ᠬᠠᠯᠳᠠᠭᠰᠠᠨ ᠪᠠᠶ᠋ᠢᠪᠠᠯ ᠶᠠᠮᠠᠷ ᠶᠠᠮᠠᠷ ᠬᠠᠤᠯᠢ ᠵᠢᠨ ᠬᠠᠷᠢᠭᠤᠴᠠᠯᠭ᠎ᠠ ᠡᠭᠦᠷᠭᠡᠯᠡᠬᠦ ᠬᠡᠷᠡᠭᠲᠡᠶ ᠪᠤᠢ?
ᠵᠣᠬᠢᠶᠠᠯ ᠪᠦᠲᠦᠭᠡᠯ᠎ᠤᠨ ᠡᠷᠬᠡ ᠪᠤᠶᠤ ᠵᠣᠬᠢᠶᠠᠯ ᠪᠦᠲᠦᠭᠡᠯ᠎ᠤᠨ ᠡᠷᠬᠡ᠎ᠳᠤ ᠬᠣᠯᠪᠣᠭᠳᠠᠬᠤ ᠡᠷᠬᠡ ᠠᠰᠢᠭ᠎ᠲᠤ ᠬᠠᠯᠳᠠᠭᠰᠠᠨ ᠪᠠᠶ᠋ᠢᠪᠠᠯ ᠡᠷᠬᠡᠨ᠎ᠳᠤ ᠬᠠᠯᠳᠠᠭᠰᠠᠳ ᠡᠷᠬᠡᠲᠦ ᠬᠥᠮᠦᠨ᠎ᠤ ᠪᠣᠳᠠᠲᠠᠶ ᠬᠣᠬᠢᠷᠠᠯ ᠶᠣᠰᠣᠭ᠋ᠠᠷ ᠲᠥᠯᠥᠪᠦᠷᠢ ᠥᠭᠬᠦ ᠬᠡᠷᠡᠭᠲᠡᠶ᠂ ᠪᠣᠳᠠᠲᠠᠶ ᠬᠣᠬᠢᠷᠠᠯ᠎ᠢ ᠪᠤᠳᠦᠬᠤ᠎ᠳᠤ ᠪᠡᠷᠬᠡᠲᠡᠶ ᠪᠠᠶ᠋ᠢᠪᠠᠯ ᠡᠷᠬᠡᠨ᠎ᠳᠤ ᠬᠠᠯᠳᠠᠭᠰᠠᠳ᠎ᠤᠨ ᠬᠠᠤᠯᠢ ᠵᠢ ᠵᠥᠷᠢᠴᠡᠵᠦ ᠣᠯᠤᠭᠰᠠᠨ ᠠᠰᠢᠭ ᠣᠯᠵᠠᠪᠤᠷᠢ ᠶᠣᠰᠣᠭ᠋ᠠᠷ ᠲᠥᠯᠥᠪᠦᠷᠢ ᠥᠭᠴᠦ ᠪᠣᠯᠤᠨ᠎ᠠ᠃ ᠲᠥᠯᠥᠪᠦᠷᠢ ᠵᠢᠨ ᠲᠣᠭ᠎ᠠ ᠬᠡᠮᠵᠢᠶ᠎ᠡ᠎ᠨᠢ ᠡᠷᠬᠡᠨ᠎ᠳᠤ ᠬᠠᠯᠳᠠᠭᠰᠠᠨ ᠠᠵᠢᠯᠯᠠᠭ᠎ᠠ ᠵᠢ ᠬᠣᠷᠢᠭᠯᠠᠨ ᠵᠣᠭᠰᠣᠭ᠋ᠠᠬᠤ ᠵᠢᠨ ᠲᠥᠯᠥᠭᠡ ᠡᠷᠬᠡᠲᠦ ᠬᠥᠮᠦᠨ᠎ᠤ ᠵᠠᠷᠤᠴᠠᠭᠤᠯᠤᠭᠰᠠᠨ ᠵᠦᠢ ᠵᠣᠬᠢᠰᠲᠠᠶ ᠵᠠᠷᠤᠯᠭ᠎ᠠ ᠪᠠᠭᠲᠠᠨ᠎ᠠ᠃ ᠡᠷᠬᠡᠲᠦ ᠬᠥᠮᠦᠨ᠎ᠤ ᠪᠣᠳᠠᠲᠠᠶ ᠬᠣᠬᠢᠷᠠᠯ ᠪᠤᠶᠤ ᠡᠷᠬᠡᠨ᠎ᠳᠤ ᠬᠠᠯᠳᠠᠭᠰᠠᠳ᠎ᠤᠨ ᠬᠠᠤᠯᠢ ᠵᠢ ᠵᠥᠷᠢᠴᠡᠵᠦ ᠣᠯᠤᠭᠰᠠᠨ ᠠᠰᠢᠭ ᠣᠯᠵᠠᠪᠤᠷᠢ ᠵᠢ ᠲᠣᠭᠲᠠᠭ᠋ᠠᠵᠤ ᠳᠡᠶ᠋ᠢᠯᠬᠦ ᠦᠬᠡᠢ ᠪᠣᠯ ᠠᠷᠠᠳ᠎ᠤᠨ ᠰᠢᠭᠦᠬᠦ ᠬᠣᠷᠢᠶ᠎ᠠ᠎ᠠᠴᠠ ᠡᠷᠬᠡ᠎ᠳᠤ ᠬᠠᠯᠳᠠᠭᠰᠠᠨ ᠤᠢ᠍ᠢ᠍ᠯᠠ ᠠᠵᠢᠯᠯᠠᠭ᠎ᠠ ᠵᠢ ᠦᠨᠳᠦᠰᠦᠯᠡᠨ᠂ ᠲᠡᠪᠢᠠ ᠲᠦᠮᠡᠨ ᠲᠥᠭᠥᠷᠢᠭ᠎ᠠᠴᠠ ᠳᠣᠷᠣᠭᠰᠢ ᠲᠥᠯᠥᠪᠦᠷᠢ ᠥᠭᠭᠥᠭᠦᠯᠬᠦᠪᠠᠷ ᠲᠡᠰᠦᠯᠦᠯᠳᠠ ᠭᠠᠷᠭ᠋ᠠᠨ᠎ᠠ᠃
28. ᠶᠠᠭᠤ ᠵᠢ ᠵᠣᠬᠢᠶᠠᠯ ᠪᠦᠲᠦᠭᠡᠯ᠎ᠤᠨ ᠡᠷᠬᠡ ᠵᠢᠨ ᠬᠠᠮᠲᠤ ᠵᠢᠨ ᠬᠠᠮᠢᠶᠠᠷᠤᠯᠲᠠ ᠵᠢᠨ ᠵᠣᠬᠢᠶᠠᠨ ᠪᠠᠶ᠋ᠢᠭᠤᠯᠤᠯᠲᠠ ᠭᠡᠬᠦ ᠪᠤᠢ? ᠮᠠᠨ᠎ᠤ ᠤᠯᠤᠰ᠎ᠲᠤ ᠶᠠᠮᠠᠷ ᠶᠠᠮᠠᠷ ᠵᠣᠬᠢᠶᠠᠯ ᠪᠦᠲᠦᠭᠡᠯ᠎ᠤᠨ ᠡᠷᠬᠡ ᠵᠢᠨ ᠬᠠᠮᠲᠤ ᠵᠢᠨ ᠬᠠᠮᠢᠶᠠᠷᠤᠯᠲᠠ ᠵᠢᠨ ᠵᠣᠬᠢᠶᠠᠨ ᠪᠠᠶ᠋ᠢᠭᠤᠯᠤᠯᠲᠠ ᠪᠠᠢ᠌ᠬᠤ ᠪᠤᠢ?
ᠵᠣᠬᠢᠶᠠᠯ ᠪᠦᠲᠦᠭᠡᠯ᠎ᠤᠨ ᠡᠷᠬᠡ ᠵᠢᠨ ᠬᠠᠮᠲᠤ ᠵᠢᠨ ᠬᠠᠮᠢᠶᠠᠷᠤᠯᠲᠠ ᠵᠢᠨ ᠵᠣᠬᠢᠶᠠᠨ ᠪᠠᠶ᠋ᠢᠭᠤᠯᠤᠯᠲᠠ ᠭᠡᠳᠡᠭ ᠪᠣᠯ ᠡᠷᠬᠡᠲᠦ ᠬᠥᠮᠦᠨ᠎ᠤ ᠠᠰᠢᠭ ᠲᠤᠰᠠ ᠵᠢᠨ ᠲᠦᠯᠦᠬᠡ ᠬᠠᠤᠯᠢ ᠶᠣᠰᠣᠭ᠋ᠠᠷ ᠪᠠᠶ᠋ᠢᠭᠤᠯᠤᠭᠰᠠᠨ᠂ ᠡᠷᠬᠡᠲᠦ ᠬᠥᠮᠦᠨ᠎ᠤ ᠡᠷᠬᠡ ᠵᠢ ᠦᠡᠳᠦᠰᠦᠯᠡᠵᠦ᠂ ᠡᠷᠬᠡᠲᠦ ᠬᠥᠮᠦᠨ᠎ᠤ ᠵᠣᠬᠢᠶᠠᠯ ᠪᠦᠲᠦᠭᠡᠯ᠎ᠤᠨ ᠡᠷᠬᠡ ᠪᠤᠶᠤ ᠵᠣᠬᠢᠶᠠᠯ ᠪᠦᠲᠦᠭᠡᠯ᠎ᠤᠨ ᠡᠷᠬᠡ᠎ᠳᠤ ᠬᠣᠯᠪᠣᠭᠳᠠᠬᠤ ᠡᠷᠬᠡ ᠵᠢ ᠬᠠᠮᠲᠤ᠎ᠪᠠᠷ ᠬᠠᠮᠢᠶᠠᠷᠬᠤ ᠨᠡᠶ᠋ᠢᠭᠡᠮ᠎ᠤᠨ ᠪᠦᠯᠬᠦᠮ ᠮᠥᠨ᠃ ᠵᠣᠬᠢᠶᠠᠯ ᠪᠦᠲᠦᠭᠡᠯ᠎ᠤᠨ ᠡᠷᠬᠡ ᠵᠢᠨ ᠬᠠᠮᠲᠤ ᠵᠢᠨ ᠬᠠᠮᠢᠶᠠᠷᠤᠯᠲᠠ ᠵᠢᠨ ᠵᠣᠬᠢᠶᠠᠨ ᠪᠠᠶ᠋ᠢᠭᠤᠯᠤᠯᠲᠠ᠎ᠨᠢ ᠡᠷᠬᠡᠲᠦ ᠬᠥᠮᠦᠨ᠎ᠠᠴᠠ ᠣᠯᠭᠤᠭᠰᠠᠨ ᠡᠷᠬᠡ᠎ᠪᠠᠷ ᠡᠷᠬᠡᠲᠦ ᠬᠥᠮᠦᠨ᠎ᠤ ᠬᠣᠯᠪᠣᠭᠳᠠᠯ ᠪᠦᠬᠦᠢ ᠡᠷᠬᠡ ᠠᠰᠢᠭ ᠪᠠ ᠥᠪᠡᠷ᠎ᠤᠨ ᠨᠡᠷ᠎ᠡ᠎ᠪᠠᠷ ᠳᠣᠣᠷᠠᠬᠢ ᠠᠵᠢᠯᠯᠠᠭ᠎ᠠ ᠵᠢ ᠲᠦᠪᠯᠡᠷᠡᠭᠦᠯᠦᠨ ᠶᠠᠪᠤᠭᠤᠯᠵᠤ ᠪᠣᠯᠤᠨ᠎ᠠ᠄ (1) ᠬᠡᠷᠡᠭᠯᠡᠭᠴᠢ᠎ᠲᠠᠢ ᠵᠣᠬᠢᠶᠠᠯ ᠪᠦᠲᠦᠭᠡᠯ᠎ᠤᠨ ᠡᠷᠬᠡ ᠪᠤᠶᠤ ᠵᠣᠬᠢᠶᠠᠯ ᠪᠦᠲᠦᠭᠡᠯ᠎ᠤᠨ ᠡᠷᠬᠡ᠎ᠳᠤ ᠬᠣᠯᠪᠣᠭᠳᠠᠬᠤ ᠡᠷᠬᠡ ᠠᠰᠢᠭ᠎ᠢ ᠵᠥᠪᠰᠢᠶᠡᠷᠡᠬᠦ ᠭᠡᠷ᠎ᠡ ᠲᠣᠭᠲᠠᠭ᠋ᠠᠵᠤ ᠪᠣᠯᠤᠨ᠎ᠠ; (2) ᠬᠡᠷᠡᠭᠯᠡᠭᠴᠢ᠎ᠠᠴᠠ ᠬᠡᠷᠡᠭᠯᠡᠬᠦ ᠰᠦᠢ᠍ᠳᠬᠡᠯ ᠬᠤᠷᠢᠶᠠᠨ᠎ᠠ; (3) ᠡᠷᠬᠡᠲᠦ ᠬᠥᠮᠦᠨ᠎ᠳᠤ ᠬᠡᠷᠡᠭᠯᠡᠭᠰᠡᠨ ᠵᠠᠷᠤᠳᠠᠯ ᠰᠢᠯᠵᠢᠭᠦᠯᠦᠨ ᠦᠭᠭᠦᠨ᠎ᠡ; (4) ᠵᠣᠬᠢᠶᠠᠯ ᠪᠦᠲᠦᠭᠡᠯ᠎ᠤᠨ ᠡᠷᠬᠡ᠎ᠳᠤ ᠬᠣᠯᠪᠤᠭᠳᠠᠭᠰᠠᠨ ᠪᠤᠶᠤ ᠵᠣᠬᠢᠶᠠᠯ ᠪᠦᠲᠦᠭᠡᠯ᠎ᠤᠨ ᠡᠷᠬᠡ᠎ᠳᠤ ᠬᠣᠯᠪᠣᠭᠳᠠᠬᠤ ᠡᠷᠬᠡ ᠠᠰᠢᠭ᠎ᠤᠨ ᠲᠤᠬᠠᠶ ᠵᠠᠷᠭᠤᠯᠳᠤᠬᠤ᠂ ᠬᠥᠨᠳᠡᠯᠡᠨ᠎ᠠᠴᠠ ᠲᠠᠰᠤᠯᠬᠤ ᠵᠡᠷᠭᠡ ᠵᠢ ᠬᠢᠨ᠎ᠡ᠃ ᠮᠠᠨ᠎ᠤ ᠤᠯᠤᠰ᠎ᠤᠨ ᠤᠳᠤ ᠪᠠᠶ᠋ᠢᠭ᠎ᠠ ᠵᠣᠬᠢᠶᠠᠯ ᠪᠦᠲᠦᠭᠡᠯ᠎ᠤᠨ ᠡᠷᠬᠡ ᠵᠢᠨ ᠬᠠᠮᠲᠤ ᠵᠢᠨ ᠬᠠᠮᠢᠶᠠᠷᠤᠯᠲᠠ ᠵᠢᠨ ᠵᠣᠬᠢᠶᠠᠨ ᠪᠠᠶ᠋ᠢᠭᠤᠯᠤᠯᠲᠠ᠎ᠨᠢ᠄ ᠳᠤᠮᠳᠠᠳᠤ ᠤᠯᠤᠰ᠎ᠤᠨ ᠳᠠᠭᠤᠤ ᠬᠥᠭᠵᠢᠮ᠎ᠤᠨ ᠵᠣᠬᠢᠶᠠᠯ ᠪᠦᠲᠦᠭᠡᠯ᠎ᠤᠨ ᠡᠷᠬᠡ ᠵᠢᠨ ᠨᠡᠶ᠋ᠢᠭᠡᠮᠯᠢᠭ᠃ ᠪᠠᠢ᠌ᠭᠤᠯᠬᠤ᠎ᠪᠠᠷ ᠪᠡᠯᠡᠳᠬᠡᠵᠦ ᠪᠠᠢ᠌ᠭ᠎ᠠ ᠲᠠᠭᠤ ᠳᠦᠷᠰᠦ ᠵᠢᠨ ᠰᠢᠩᠭᠡᠭᠡᠯᠲᠡ ᠵᠢᠨ ᠲᠠᠯ᠎ᠠ ᠵᠢᠨ ᠬᠠᠮᠲᠤ ᠵᠢᠨ ᠬᠠᠮᠢᠶᠠᠷᠤᠯᠲᠠ ᠵᠢᠨ ᠵᠣᠬᠢᠶᠠᠨ ᠪᠠᠶ᠋ᠢᠭᠤᠯᠤᠯᠲᠠ ᠪᠠ ᠦᠰᠦᠭ ᠪᠢᠴᠢᠭ᠎ᠤᠨ ᠵᠣᠬᠢᠶᠠᠯ ᠪᠦᠲᠦᠭᠡᠯ᠎ᠤᠨ ᠲᠠᠯ᠎ᠠ ᠵᠢᠨ ᠬᠠᠮᠲᠤ ᠵᠢᠨ ᠬᠠᠮᠢᠶᠠᠷᠤᠯᠲᠠ ᠵᠢᠨ ᠵᠣᠬᠢᠶᠠᠨ ᠪᠠᠶ᠋ᠢᠭᠤᠯᠤᠯᠲᠠ᠃
29. ᠵᠣᠬᠢᠶᠠᠯ ᠪᠦᠲᠦᠭᠡᠯ᠎ᠤᠨ ᠡᠷᠬᠡ᠎ᠳᠤ ᠬᠠᠯᠳᠠᠭᠰᠠᠨ ᠶᠠᠯ᠎ᠠ᠎ᠨᠢ ᠶᠠᠭᠤ ᠶᠠᠭᠤ ᠪᠠᠶ᠋ᠢᠳᠠᠭ ᠪᠤᠢ?
(ᠨᠢᠭᠡ) ᠵᠣᠬᠢᠶᠠᠯ ᠪᠦᠲᠦᠭᠡᠯ᠎ᠤᠨ ᠡᠷᠬᠡ᠎ᠳᠤ ᠬᠠᠯᠳᠠᠭᠰᠠᠨ ᠶᠠᠯ᠎ᠠ᠃ 《ᠡᠷᠡᠭᠦᠦ ᠵᠢᠨ ᠬᠠᠤᠯᠢ》 ᠵᠢᠨ ᠬᠣᠶᠠᠷ ᠵᠠᠭᠤ ᠠᠷᠪᠠᠨ ᠳᠣᠯᠣᠳᠤᠭ᠋ᠠᠷ ᠵᠦᠢ᠍ᠯ᠎ᠢ ᠦᠨᠳᠦᠰᠦᠯᠡᠪᠡᠯ᠂ ᠠᠰᠢᠭ ᠬᠣᠨᠵᠢᠪᠣᠷᠢ ᠤᠯᠬᠤ ᠵᠣᠷᠢᠯᠭ᠎ᠠ᠎ᠪᠠᠷ ᠳᠣᠣᠷ᠎ᠠ ᠵᠢᠭᠰᠠᠭ᠋ᠠᠭᠰᠠᠨ ᠵᠣᠬᠢᠶᠠᠯ ᠪᠦᠲᠦᠭᠡᠯ᠎ᠤᠨ ᠡᠷᠬᠡ᠎ᠳᠤ ᠬᠠᠯᠳᠠᠭᠰᠠᠨ ᠪᠠᠶ᠋ᠢᠳᠠᠯ᠎ᠤᠨ ᠨᠢᠭᠡ᠎ᠨᠢ ᠪᠠᠶ᠋ᠢᠪᠠᠯ ᠬᠠᠤᠯᠢ ᠵᠢ ᠵᠥᠷᠢᠴᠡᠵᠦ ᠣᠯᠤᠭᠰᠠᠨ ᠠᠰᠢᠭ ᠣᠯᠵᠠᠪᠤᠷᠢ ᠵᠢᠨ ᠲᠣᠭ᠎ᠠ ᠬᠡᠮᠵᠢᠶ᠎ᠡ᠎ᠨᠢ ᠨᠡᠯᠢᠶᠡᠳ ᠶᠡᠬᠡ ᠪᠤᠶᠤ ᠪᠤᠰᠤᠳ ᠬᠦᠨᠳᠦ ᠨᠣᠴᠢᠲᠠᠶ ᠤᠢ᠍ᠢ᠍ᠯᠠ ᠪᠠᠶ᠋ᠢᠳᠠᠯ᠎ᠲᠠᠢ ᠪᠠᠶ᠋ᠢᠪᠠᠯ ᠭᠤᠷᠪᠠᠨ ᠵᠢᠯ᠎ᠠᠴᠠ ᠳᠣᠷᠤᠭᠰᠢ ᠬᠤᠭᠤᠴᠠᠭ᠎ᠠ᠎ᠲᠠᠢ ᠬᠣᠷᠢᠬᠤ ᠪᠤᠶᠤ ᠬᠣᠷᠢᠵᠤ ᠬᠥᠳᠡᠯᠮᠦᠷᠢᠯᠡᠭᠦᠯᠬᠦ᠎ᠪᠠᠷ ᠰᠢᠳᠬᠡᠵᠦ᠂ ᠵᠣᠭᠣᠰ ᠵᠶ᠋ᠠᠷ ᠲᠣᠷᠭ᠋ᠠᠬᠤ᠎ᠪᠠᠷ ᠨᠡᠶ᠋ᠢᠯᠡᠭᠦᠯᠦᠨ ᠰᠢᠳᠬᠡᠬᠦ ᠪᠤᠶᠤ ᠲᠠᠩ ᠵᠶ᠋ᠠᠷ ᠰᠢᠳᠬᠡᠨ᠎ᠡ᠃ ᠬᠠᠤᠯᠢ ᠵᠢ ᠵᠥᠷᠢᠴᠡᠵᠦ ᠣᠯᠤᠭᠰᠠᠨ ᠵᠣᠭᠣᠰᠣᠨ᠎ᠤ ᠲᠣᠭ᠎ᠠ ᠬᠡᠮᠵᠢᠶ᠎ᠡ ᠲᠣᠮᠣ ᠶᠡᠬᠡ ᠪᠤᠶᠤ ᠡᠰᠡᠬᠦᠯ᠎ᠡ ᠥᠭᠡᠷ᠎ᠡ ᠣᠨᠴᠠᠭ᠋ᠠᠢ ᠬᠦᠨᠳᠦ ᠨᠣᠴᠢᠲᠠᠶ ᠤᠢ᠍ᠢ᠍ᠯᠠ ᠪᠠᠶ᠋ᠢᠳᠠᠯ ᠪᠠᠶ᠋ᠢᠬᠤ᠎ᠳᠤ ᠬᠦᠷᠪᠡᠯ ᠭᠤᠷᠪᠠᠨ ᠵᠢᠯ᠎ᠠᠴᠠ ᠳᠡᠭᠡᠭᠰᠢ ᠲᠤᠯᠦᠭ᠋ᠠᠠ ᠵᠢᠯ᠎ᠠᠴᠠ ᠳᠣᠷᠣᠭᠰᠢ ᠬᠤᠭᠤᠴᠠᠭ᠎ᠠ᠎ᠲᠠᠢ ᠬᠣᠷᠢᠬᠤ᠎ᠪᠠᠷ ᠰᠢᠳᠬᠡᠵᠦ᠂ ᠵᠣᠭᠣᠰ ᠵᠶ᠋ᠠᠷ ᠲᠣᠷᠭ᠋ᠠᠬᠤ᠎ᠪᠠᠷ ᠳᠠᠪᠬᠤᠷ ᠰᠢᠳᠬᠡᠨ᠎ᠡ᠃
(1) ᠵᠣᠬᠢᠶᠠᠯ ᠪᠦᠲᠦᠭᠡᠯ᠎ᠤᠨ ᠡᠷᠬᠡᠲᠦ ᠬᠥᠮᠦᠨ᠎ᠤ ᠵᠥᠪᠰᠢᠶᠡᠷᠡᠯ ᠦᠬᠡᠢ᠎ᠪᠠᠷ ᠲᠡᠭᠦᠨ᠎ᠤ ᠦᠰᠦᠭ ᠪᠢᠴᠢᠭ᠎ᠤᠨ ᠪᠦᠲᠦᠭᠡᠯ᠂ ᠳᠠᠭᠤᠤ ᠬᠥᠭᠵᠢᠮ᠂ ᠺᠢᠨᠣ᠋᠂ ᠲᠧᠯᠸᠢᠰ᠂ ᠳᠦᠷᠰᠦ ᠰᠢᠩᠭᠡᠭᠡᠯᠲᠡ ᠵᠢᠨ ᠪᠦᠲᠦᠭᠡᠯ᠂ ᠺᠣᠮᠫᠢᠦ᠋ᠲ᠋ᠧᠷ᠎ᠤᠨ ᠵᠥᠭᠡᠯᠡᠨ ᠬᠡᠷᠡᠭᠰᠡᠯ ᠪᠣᠯᠤᠨ ᠪᠤᠰᠤᠳ ᠵᠦᠢ᠍ᠯ᠎ᠤᠨ ᠪᠦᠲᠦᠭᠡᠯ᠎ᠢ ᠪᠠᠭᠤᠯᠭ᠋ᠠᠵᠤ ᠲᠠᠷᠬᠠᠭ᠋ᠠᠭᠰᠠᠨ;
(2) ᠪᠤᠰᠤᠳ᠎ᠤᠨ ᠲᠤᠰᠬᠠᠶ ᠡᠵᠡᠮᠰᠢᠯᠳᠦ ᠬᠡᠪᠯᠡᠯ᠎ᠤᠨ ᠡᠷᠬᠡ ᠪᠦᠬᠦᠢ ᠨᠣᠮ ᠪᠢᠴᠢᠭ᠎ᠢ ᠬᠡᠪᠯᠡᠭᠦᠯᠦᠭᠰᠡᠨ;
(3) ᠲᠡᠭᠤ ᠰᠢᠩᠭᠡᠭᠡᠯᠲᠡ᠂ ᠳᠦᠷᠰᠦ ᠰᠢᠩᠭᠡᠭᠡᠯᠲᠡ ᠵᠢᠨ ᠦᠢ᠍ᠯᠡᠳᠦᠭᠴᠢ ᠵᠢᠨ ᠵᠥᠪᠰᠢᠶᠡᠷᠡᠯ ᠦᠬᠡᠢ᠎ᠪᠠᠷ ᠲᠡᠭᠦᠨ᠎ᠤ ᠦᠢ᠍ᠯᠡᠳᠦᠭᠰᠡᠨ ᠲᠡᠭᠤ ᠳᠦᠷᠰᠦ ᠰᠢᠩᠭᠡᠭᠡᠯᠲᠡ ᠵᠢ᠎ᠨᠢ ᠪᠠᠭᠤᠯᠭ᠋ᠠᠨ ᠠᠪᠴᠤ ᠲᠠᠷᠬᠠᠭ᠋ᠠᠭᠰᠠᠨ;
(4) ᠪᠤᠰᠤᠳ᠎ᠤᠨ ᠨᠡᠷ᠎ᠡ ᠵᠢ ᠬᠠᠭᠤᠷᠮᠠᠭᠯᠠᠨ ᠬᠡᠷᠡᠭᠯᠡᠵᠦ ᠤᠷᠠᠨ ᠵᠢᠷᠤᠭ᠎ᠤᠨ ᠪᠦᠲᠦᠭᠡᠯ᠎ᠢ ᠦᠢ᠍ᠯᠡᠳᠴᠦ ᠬᠤᠳᠠᠯᠳᠤᠭᠰᠠᠨ᠃ ᠳᠡᠭᠡᠳᠦ ᠰᠢᠭᠦᠬᠦ ᠬᠣᠷᠢᠶ᠎ᠠ᠂ ᠳᠡᠭᠡᠳᠦ ᠪᠠᠶ᠋ᠢᠴᠠᠭ᠋ᠠᠬᠤ ᠬᠣᠷᠢᠶ᠎ᠠ ᠵᠢᠨ ᠬᠠᠤᠯᠢ ᠴᠠᠭ᠋ᠠᠵᠠ ᠵᠢᠨ ᠲᠠᠶ᠋ᠢᠯᠪᠤᠷᠢᠯᠠᠯᠲᠠ ᠵᠢ ᠦᠨᠳᠦᠰᠦᠯᠡᠨ᠂ ᠬᠠᠤᠯᠢ ᠵᠢ ᠵᠥᠷᠢᠴᠡᠵᠦ ᠣᠯᠤᠭᠰᠠᠨ ᠠᠰᠢᠭ ᠣᠯᠵᠠᠪᠤᠷᠢ ᠵᠢᠨ ᠲᠣᠭ᠎ᠠ ᠬᠡᠮᠵᠢᠶ᠎ᠡ᠎ᠨᠢ ᠭᠤᠷᠪᠠᠨ ᠲᠦᠮᠡᠨ ᠲᠥᠭᠥᠷᠢᠭ᠎ᠠᠴᠠ ᠳᠡᠭᠡᠭᠰᠢ ᠪᠠᠶ᠋ᠢᠪᠠᠯ 《ᠬᠠᠤᠯᠢ ᠵᠢ ᠵᠥᠷᠢᠴᠡᠵᠦ ᠣᠯᠤᠭᠰᠠᠨ ᠠᠰᠢᠭ ᠣᠯᠵᠠᠪᠤᠷᠢ ᠵᠢᠨ ᠲᠣᠭ᠎ᠠ ᠬᠡᠮᠵᠢᠶ᠎ᠡ᠎ᠨᠢ ᠨᠡᠯᠢᠶᠡᠳ ᠶᠡᠬᠡ》᠎ᠳᠤ ᠲᠣᠭ᠋ᠠᠴᠢᠭᠳᠠᠨ᠎ᠠ᠃
《ᠪᠤᠰᠤᠳ ᠬᠦᠨᠳᠦ ᠨᠣᠴᠢᠲᠠᠶ ᠤᠢ᠍ᠢ᠍ᠯᠠ ᠪᠠᠶ᠋ᠢᠳᠠᠯ᠎ᠲᠠᠢ ᠪᠠᠶ᠋ᠢᠬᠤ》᠎ᠳᠤ ᠳᠣᠣᠷᠠᠬᠢ ᠵᠦᠢ᠍ᠯ᠎ᠤᠳ ᠪᠠᠭᠲᠠᠨ᠎ᠠ᠄ (1) ᠬᠠᠤᠯᠢ ᠪᠤᠰᠤ᠎ᠪᠠᠷ ᠡᠵᠡᠩᠨᠡᠭᠰᠡᠨ ᠲᠣᠭ᠎ᠠ ᠬᠡᠮᠵᠢᠶ᠎ᠡ᠎ᠨᠢ ᠲᠠᠪᠤᠨ ᠲᠦᠮᠡᠨ ᠲᠥᠭᠥᠷᠢᠭ᠎ᠠᠴᠠ ᠳᠡᠭᠡᠭᠰᠢ ᠪᠠᠶ᠋ᠢᠬᠤ; (2) ᠵᠣᠬᠢᠶᠠᠯ ᠪᠦᠲᠦᠭᠡᠯ᠎ᠤᠨ ᠡᠷᠬᠡᠲᠦ ᠬᠥᠮᠦᠨ᠎ᠤ ᠵᠥᠪᠰᠢᠶᠡᠷᠡᠯ ᠦᠬᠡᠢ᠎ᠪᠠᠷ ᠪᠠᠭᠤᠯᠭ᠋ᠠᠵᠤ ᠲᠠᠷᠬᠠᠭ᠋ᠠᠭᠰᠠᠨ ᠲᠡᠭᠦᠨ᠎ᠤ ᠦᠰᠦᠭ ᠪᠢᠴᠢᠭ᠎ᠤᠨ ᠪᠦᠲᠦᠭᠡᠯ᠂ ᠳᠠᠭᠤᠤ ᠬᠥᠭᠵᠢᠮ᠂ ᠺᠢᠨᠣ᠋᠂ ᠲᠧᠯᠸᠢᠰ᠂ ᠳᠦᠷᠰᠦ ᠰᠢᠩᠭᠡᠭᠡᠯᠲᠡ ᠵᠢᠨ ᠪᠦᠲᠦᠭᠡᠯ᠂ ᠺᠣᠮᠫᠢᠦ᠋ᠲ᠋ᠧᠷ᠎ᠤᠨ ᠵᠥᠭᠡᠯᠡᠨ ᠲᠣᠨᠣᠭ ᠪᠣᠯᠤᠨ ᠪᠤᠰᠤᠳ ᠵᠦᠢ᠍ᠯ᠎ᠤᠨ ᠪᠦᠲᠦᠭᠡᠯ᠎ᠤᠨ ᠪᠠᠭᠤᠯᠭ᠋ᠠᠪᠤᠷᠢ ᠵᠢᠨ ᠲᠣᠭ᠎ᠠ ᠬᠡᠮᠵᠢᠶ᠎ᠡ ᠵᠢ᠎ᠨᠢ ᠨᠡᠶ᠋ᠢᠯᠡᠭᠦᠯᠵᠦ ᠪᠣᠳᠣᠭ᠋ᠠᠳ ᠮᠢᠩᠭ᠋ᠠᠨ ᠬᠠᠭᠤᠳᠠᠰᠤ (ᠬᠤᠪᠢ)᠎ᠠᠴᠠ ᠳᠡᠭᠡᠭᠰᠢ ᠪᠠᠶ᠋ᠢᠬᠤ; (3) ᠪᠤᠰᠤᠳ ᠬᠦᠨᠳᠦ ᠨᠣᠴᠢᠲᠠᠶ ᠤᠢ᠍ᠢ᠍ᠯᠠ ᠪᠠᠶ᠋ᠢᠳᠠᠯ᠎ᠲᠠᠢ ᠪᠠᠢ᠌ᠬᠤ᠃ ᠬᠠᠤᠯᠢ ᠵᠢ ᠵᠥᠷᠢᠴᠡᠵᠦ ᠣᠯᠤᠭᠰᠠᠨ ᠠᠰᠢᠭ ᠣᠯᠵᠠᠪᠤᠷᠢ ᠵᠢᠨ ᠲᠣᠭ᠎ᠠ ᠬᠡᠮᠵᠢᠶ᠎ᠡ᠎ᠨᠢ ᠠᠷᠪᠠᠨ ᠲᠦᠮᠡᠨ ᠲᠥᠭᠥᠷᠢᠭ᠎ᠠᠴᠠ ᠳᠡᠭᠡᠭᠰᠢ ᠪᠠᠶ᠋ᠢᠪᠠᠯ 《ᠬᠠᠤᠯᠢ ᠵᠢ ᠵᠥᠷᠢᠴᠡᠵᠦ ᠣᠯᠤᠭᠰᠠᠨ ᠠᠰᠢᠭ ᠣᠯᠵᠠᠪᠤᠷᠢ ᠵᠢᠨ ᠲᠣᠭ᠎ᠠ ᠬᠡᠮᠵᠢᠶ᠎ᠡ᠎ᠨᠢ ᠲᠣᠮᠣ ᠶᠡᠬᠡ》᠎ᠳᠤ ᠪᠠᠭᠲᠠᠨ᠎ᠠ᠃
《ᠣᠨᠴᠠᠭ᠋ᠠᠶ ᠬᠦᠨᠳᠦ ᠨᠣᠴᠢᠲᠠᠶ ᠪᠤᠰᠤᠳ ᠤᠢ᠍ᠢ᠍ᠯᠠ ᠪᠠᠶ᠋ᠢᠳᠠᠯ᠎ᠲᠠᠢ ᠪᠠᠶ᠋ᠢᠬᠤ》᠎ᠳᠤ ᠳᠣᠣᠷᠠᠬᠢ ᠵᠦᠢ᠍ᠯ᠎ᠤᠳ ᠪᠠᠭᠲᠠᠨ᠎ᠠ᠄ (1) ᠬᠠᠤᠯᠢ ᠪᠤᠰᠤ᠎ᠪᠠᠷ ᠡᠵᠡᠩᠨᠡᠭᠰᠡᠨ ᠲᠣᠭ᠎ᠠ᠎ᠨᠢ ᠬᠣᠷᠢᠨ ᠲᠠᠪᠤᠨ ᠲᠦᠮᠡᠨ ᠲᠥᠭᠥᠷᠢᠭ᠎ᠠᠴᠠ ᠳᠡᠭᠡᠭᠰᠢ ᠪᠠᠶ᠋ᠢᠬᠤ; (2) ᠵᠣᠬᠢᠶᠠᠯ ᠪᠦᠲᠦᠭᠡᠯ᠎ᠤᠨ ᠡᠷᠬᠡᠲᠦ ᠬᠥᠮᠦᠨ᠎ᠤ ᠵᠥᠪᠰᠢᠶᠡᠷᠡᠯ ᠦᠬᠡᠢ᠎ᠪᠠᠷ ᠲᠡᠭᠦᠨ᠎ᠤ ᠦᠰᠦᠭ ᠪᠢᠴᠢᠭ᠎ᠤᠨ ᠪᠦᠲᠦᠭᠡᠯ᠂ ᠳᠠᠭᠤᠤ ᠬᠥᠭᠵᠢᠮ᠂ ᠺᠢᠨᠣ᠋᠂ ᠲᠧᠯᠸᠢᠰ᠂ ᠳᠦᠷᠰᠦ ᠰᠢᠩᠭᠡᠭᠡᠯᠲᠡ ᠵᠢᠨ ᠪᠦᠲᠦᠭᠡᠯ᠂ ᠺᠣᠮᠫᠢᠦ᠋ᠲ᠋ᠧᠷ᠎ᠤᠨ ᠵᠥᠭᠡᠯᠡᠨ ᠲᠣᠨᠣᠭ ᠪᠣᠯᠤᠨ ᠪᠤᠰᠤᠳ ᠵᠦᠢ᠍ᠯ᠎ᠤᠨ ᠪᠦᠲᠦᠭᠡᠯ᠎ᠢ ᠪᠠᠭᠤᠯᠭ᠋ᠠᠵᠤ ᠲᠠᠷᠬᠠᠭ᠋ᠠᠵᠤ ᠪᠠᠭᠤᠯᠭ᠋ᠠᠪᠤᠷᠢ ᠵᠢᠨ ᠲᠣᠭ᠎ᠠ ᠬᠡᠮᠵᠢᠶ᠎ᠡ ᠵᠢ᠎ᠨᠢ ᠨᠡᠶ᠋ᠢᠯᠡᠭᠦᠯᠵᠦ ᠪᠣᠳᠣᠭ᠋ᠠᠳ ᠲᠠᠪᠤᠨ ᠮᠢᠩᠭ᠋ᠠᠨ ᠬᠠᠭᠤᠳᠠᠰᠤ (ᠬᠤᠪᠢ)᠎ᠠᠴᠠ ᠳᠡᠭᠡᠭᠰᠢ ᠪᠠᠶ᠋ᠢᠬᠤ; (3) ᠪᠤᠰᠤᠳ ᠣᠨᠴᠠᠭ᠋ᠠᠶ ᠬᠦᠨᠳᠦ ᠨᠣᠴᠢᠲᠠᠶ ᠤᠢ᠍ᠢ᠍ᠯᠠ ᠪᠠᠶ᠋ᠢᠳᠠᠯ᠎ᠲᠠᠢ ᠪᠠᠢ᠍ᠬᠤ᠃
(ᠬᠣᠶᠠᠷ) ᠡᠷᠬᠡ᠎ᠳᠤ ᠬᠠᠯᠳᠠᠭᠰᠠᠨ ᠪᠠᠭᠤᠯᠭ᠋ᠠᠪᠤᠷᠢ ᠪᠦᠲᠦᠭᠡᠭᠳᠡᠬᠦᠨ᠎ᠢ ᠪᠣᠷᠣᠯᠠᠭᠤᠯᠤᠭᠰᠠᠨ ᠶᠠᠯ᠎ᠠ᠃ 《ᠡᠷᠡᠭᠦᠦ ᠵᠢᠨ ᠬᠠᠤᠯᠢ》 ᠵᠢᠨ ᠬᠣᠶᠠᠷ ᠵᠠᠭᠤ ᠠᠷᠪᠠᠨ ᠨᠠᠶᠮᠠᠳᠤᠭ᠋ᠠᠷ ᠵᠦᠢ᠍ᠯ᠎ᠢ ᠦᠨᠳᠦᠰᠦᠯᠡᠪᠡᠯ᠂ ᠠᠰᠢᠭ ᠬᠣᠨᠵᠢᠪᠣᠷᠢ ᠤᠯᠬᠤ ᠵᠣᠷᠢᠯᠭ᠎ᠠ᠎ᠪᠠᠷ 《ᠵᠣᠬᠢᠶᠠᠯ ᠪᠦᠲᠦᠭᠡᠯ᠎ᠤᠨ ᠡᠷᠬᠡ ᠵᠢᠨ ᠬᠠᠤᠯᠢ》 ᠵᠢᠨ ᠬᠣᠶᠠᠷ ᠵᠠᠭᠤ ᠠᠷᠪᠠᠨ ᠳᠣᠯᠣᠳᠤᠭ᠋ᠠᠷ ᠵᠦᠢ᠍ᠯ᠎ᠳᠤ ᠲᠣᠭᠲᠠᠭ᠋ᠠᠭᠰᠠᠨ ᠪᠤᠰᠤᠳ᠎ᠤᠨ ᠡᠷᠬᠡ᠎ᠳᠤ ᠬᠠᠯᠳᠠᠬᠤ ᠵᠢ ᠲᠣᠳᠣᠷᠬᠠᠶ ᠮᠡᠳᠡᠵᠦ ᠪᠠᠶ᠋ᠢᠭ᠋ᠠᠳ ᠪᠠᠭᠤᠯᠭ᠋ᠠᠪᠤᠷᠢ ᠪᠦᠲᠦᠭᠡᠭᠳᠡᠬᠦᠨ ᠪᠣᠷᠣᠯᠠᠭᠤᠯᠤᠭ᠋ᠠᠳ ᠬᠠᠤᠯᠢ ᠵᠢ ᠵᠥᠷᠢᠴᠡᠵᠦ ᠣᠯᠤᠭᠰᠠᠨ ᠠᠰᠢᠭ ᠣᠯᠵᠠᠪᠤᠷᠢ ᠵᠢᠨ ᠲᠣᠭ᠎ᠠ ᠬᠡᠮᠵᠢᠶ᠎ᠡ᠎ᠨᠢ ᠲᠣᠮᠣ ᠶᠡᠬᠡ ᠪᠠᠶ᠋ᠢᠪᠠᠯ ᠭᠤᠷᠪᠠᠨ ᠵᠢᠯ᠎ᠠᠴᠠ ᠳᠣᠷᠣᠭᠰᠢ ᠬᠤᠭᠤᠴᠠᠭ᠎ᠠ᠎ᠲᠠᠢ ᠬᠣᠷᠢᠬᠤ ᠪᠤᠶᠤ ᠬᠣᠷᠢᠵᠤ ᠬᠥᠳᠡᠯᠮᠦᠷᠢᠯᠡᠭᠦᠯᠬᠦ᠎ᠪᠠᠷ ᠰᠢᠳᠬᠡᠵᠦ᠂ ᠵᠣᠭᠣᠰ ᠵᠶ᠋ᠠᠷ ᠲᠣᠷᠭ᠋ᠠᠬᠤ᠎ᠪᠠᠷ ᠨᠡᠶ᠋ᠢᠯᠡᠭᠦᠯᠦᠨ ᠰᠢᠳᠬᠡᠬᠦ ᠪᠤᠶᠤ ᠲᠠᠩ ᠵᠶ᠋ᠠᠷ ᠰᠢᠳᠬᠡᠨ᠎ᠡ᠃ ᠠᠷᠠᠳ᠎ᠤᠨ ᠳᠡᠭᠡᠳᠦ ᠵᠡᠷᠭᠡ ᠵᠢᠨ ᠰᠢᠭᠦᠬᠦ ᠬᠣᠷᠢᠶ᠎ᠠ᠂ ᠳᠡᠭᠡᠳᠦ ᠪᠠᠶ᠋ᠢᠴᠠᠭ᠋ᠠᠬᠤ ᠬᠣᠷᠢᠶ᠎ᠠ ᠵᠢᠨ ᠬᠠᠤᠯᠢ ᠴᠠᠭ᠋ᠠᠵᠠ ᠵᠢᠨ ᠲᠠᠶ᠋ᠢᠯᠪᠤᠷᠢᠯᠠᠯᠲᠠ ᠵᠢ ᠦᠨᠳᠦᠰᠦᠯᠡᠨ᠂ ᠬᠠᠤᠯᠢ ᠵᠢ ᠵᠥᠷᠢᠴᠡᠵᠦ ᠣᠯᠤᠭᠰᠠᠨ ᠠᠰᠢᠭ ᠣᠯᠵᠠᠪᠤᠷᠢ ᠵᠢᠨ ᠲᠣᠭ᠎ᠠ ᠬᠡᠮᠵᠢᠶ᠎ᠡ᠎ᠨᠢ ᠠᠷᠪᠠᠨ ᠲᠦᠮᠡᠨ ᠲᠥᠭᠥᠷᠢᠭ᠎ᠠᠴᠠ ᠳᠡᠭᠡᠭᠰᠢ ᠪᠠᠶ᠋ᠢᠪᠠᠯ 《ᠬᠠᠤᠯᠢ ᠵᠢ ᠵᠥᠷᠢᠴᠡᠵᠦ ᠣᠯᠤᠭᠰᠠᠨ ᠠᠰᠢᠭ ᠣᠯᠵᠠᠪᠤᠷᠢ ᠵᠢᠨ ᠲᠣᠭ᠎ᠠ ᠬᠡᠮᠵᠢᠶ᠎ᠡ᠎ᠨᠢ ᠲᠣᠮᠣ ᠶᠡᠬᠡ》᠎ᠳᠤ ᠲᠣᠭ᠋ᠠᠴᠢᠭᠳᠠᠨ᠎ᠠ᠃