ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠤᠳᠤᠷᠢᠳᠤᠯᠭ᠎ᠠ᠎ᠶᠢᠨ ᠲᠠᠨᠢᠯᠴᠠᠭᠤᠯᠭ᠎ᠠ
ᠦᠢᠯᠡᠴᠢᠯᠡᠭᠡ
ᠰᠢᠨᠵᠢᠯᠡᠭᠡ ᠮᠡᠷᠭᠡᠵᠢᠯ
ᠦᠢᠯᠡᠴᠢᠯᠡᠭᠡ   -   ᠣᠶᠣᠨ᠎ᠤ ᠥᠮᠴᠢ
ᠤᠷᠭᠤᠮᠠᠯ᠎ᠤᠨ ᠰᠢᠨ᠎ᠡ ᠡᠭᠦᠯᠳᠡᠷ
ᠨᠡᠶ᠋ᠢᠲᠡᠯᠡᠭᠰᠡᠨ ᠴᠠᠭ᠄ 2019-10-23

1. ᠶᠠᠭᠤ ᠵᠢ ᠤᠷᠭᠤᠮᠠᠯ᠎ᠤᠨ ᠰᠢᠨ᠎ᠡ ᠡᠭᠦᠯᠳᠡᠷ ᠭᠡᠬᠦ ᠶᠠᠭᠤ ᠪᠤᠢ? ᠤᠷᠭᠤᠮᠠᠯ᠎ᠤᠨ ᠰᠢᠨ᠎ᠡ ᠡᠭᠦᠯᠳᠡᠷ᠎ᠤᠨ ᠬᠠᠮᠠᠭ᠋ᠠᠯᠠᠯᠲᠠ ᠵᠢᠨ ᠨᠡᠷᠡᠰ᠎ᠤᠨ ᠵᠢᠭᠰᠠᠭ᠋ᠠᠯᠲᠠ ᠭᠡᠵᠦ ᠶᠠᠭᠤ ᠪᠤᠢ?
    ᠤᠷᠭᠤᠮᠠᠯ᠎ᠤᠨ ᠰᠢᠨ᠎ᠡ ᠡᠭᠦᠯᠳᠡᠷ ᠭᠡᠳᠡᠭ᠎ᠨᠢ ᠬᠥᠮᠦᠨ᠎ᠤ ᠬᠦᠳᠡᠯᠮᠥᠷᠢ᠎ᠪᠠᠷ ᠪᠣᠶ᠋ᠢᠵᠢᠭᠤᠯᠤᠭᠰᠠᠨ ᠪᠤᠶᠤ ᠢᠯᠡᠷᠡᠭᠦᠯᠦᠭᠰᠡᠨ ᠬᠡᠭᠡᠷ᠎ᠡ ᠵᠢᠨ ᠤᠷᠭᠤᠮᠠᠯ᠎ᠢ ᠨᠡᠭᠡᠭᠡᠨ ᠬᠥᠭᠵᠢᠭᠦᠯᠵᠦ᠂ ᠰᠢᠨ᠎ᠡ ᠰᠣᠷᠭᠣᠭ ᠰᠢᠨᠵᠢ᠂ ᠥᠪᠡᠷᠮᠢᠴᠡ ᠰᠢᠨᠵᠢ᠂ ᠨᠢᠭᠡᠳᠦᠯᠲᠦ ᠰᠢᠨᠵᠢ ᠪᠣᠯᠤᠨ ᠲᠣᠭᠲᠠᠪᠤᠷᠢᠲᠤ ᠰᠢᠨᠵᠢ᠎ᠪᠠᠷ᠎ᠨᠢ ᠲᠣᠬᠢᠷᠠᠮᠵᠢᠲᠠᠶ ᠨᠡᠷᠡᠢ᠌ᠳᠦᠭᠰᠡᠨ ᠤᠷᠭᠤᠮᠠᠯ᠎ᠤᠨ ᠡᠭᠦᠯᠳᠡᠷ᠎ᠢ ᠵᠢᠭ᠋ᠠᠳᠠᠭ᠃
   《ᠤᠷᠭᠤᠮᠠᠯ᠎ᠤᠨ ᠰᠢᠨ᠎ᠡ ᠡᠭᠦᠯᠳᠡᠷ᠎ᠢ ᠬᠠᠮᠠᠭ᠋ᠠᠯᠠᠬᠤ ᠲᠥᠷᠢᠮ ᠵᠢᠴᠢ ᠬᠡᠷᠡᠭᠵᠢᠭᠦᠯᠬᠦ ᠨᠠᠷᠢᠨ ᠲᠥᠷᠢᠮ (ᠲᠠᠷᠢᠶᠠᠯᠠᠩ᠎ᠤᠨ ᠬᠡᠰᠡᠭ)》᠎ᠢ ᠦᠨᠳᠦᠰᠦᠯᠡᠪᠡᠯ᠂ ᠲᠠᠷᠢᠶᠠᠯᠠᠩ᠎ᠤᠨ ᠤᠷᠭᠤᠮᠠᠯ᠎ᠤᠨ ᠰᠢᠨ᠎ᠡ ᠡᠭᠦᠯᠳᠡᠷ᠎ᠲᠤ ᠠᠮᠤ ᠪᠤᠳᠠᠭ᠎ᠠ᠂ ᠬᠥᠪᠥᠩ᠂ ᠲᠣᠰᠤᠯᠢᠭ ᠤᠷᠭᠤᠮᠠᠯ᠂ ᠣᠯᠣᠰᠣᠨ᠎ᠤ ᠵᠦᠢ᠍ᠯ᠂ ᠰᠢᠬᠢᠷ᠎ᠤᠨ ᠮᠠᠲ᠋ᠧᠷᠢᠶᠠᠯ᠂ ᠢᠳᠡᠰᠢᠨ ᠨᠣᠭᠤᠭ᠎ᠠ᠂ ᠨᠡᠪᠴᠢᠠ ᠲᠠᠮᠠᠬᠢ᠂ ᠢᠯᠠᠮ᠎ᠠ ᠵᠢᠨ ᠮᠣᠳᠣ᠂ ᠴᠡᠢ ᠵᠢᠨ ᠮᠣᠳᠣ᠂ ᠵᠢᠮᠢᠰ᠎ᠤᠨ ᠮᠣᠳᠤ (ᠬᠠᠲᠠᠭ᠋ᠠᠮᠠᠯ ᠵᠢᠮᠢᠰ᠎ᠢ ᠪᠠᠭᠲᠠᠭ᠋ᠠᠬᠤ ᠦᠬᠡᠢ)᠂ ᠦᠵᠡᠮᠦᠷᠢ ᠵᠢᠨ ᠤᠷᠭᠤᠮᠠᠯ (ᠮᠣᠳᠣᠯᠢᠭ ᠤᠷᠭᠤᠮᠠᠯ ᠡᠭᠦᠨ᠎ᠳᠤ ᠪᠠᠭᠲᠠᠬᠤ ᠦᠭᠡᠶ)᠂ ᠡᠪᠡᠰᠦᠨ᠎ᠤ ᠵᠦᠢ᠍ᠯ᠂ ᠨᠣᠭᠣᠭ᠋ᠠᠨ ᠪᠤᠷᠳᠤᠭᠤᠷ᠂ ᠡᠮᠲᠦ ᠤᠷᠭᠤᠮᠠᠯ ᠵᠢᠴᠢ ᠲᠣᠷᠤᠭ ᠴᠠᠷᠠᠰᠤ ᠵᠡᠷᠭᠡ ᠬᠠᠯᠠᠭᠤᠨ ᠪᠦᠰᠡᠨ᠎ᠤ ᠲᠠᠷᠢᠮᠠᠯ᠎ᠤᠨ ᠰᠢᠨ᠎ᠡ ᠡᠭᠦᠯᠳᠡᠷ ᠪᠠᠭᠲᠠᠨ᠎ᠠ᠃ ᠢᠳᠡᠰᠢᠨ ᠮᠦᠬᠦ ᠵᠢᠨ ᠰᠢᠨ᠎ᠡ ᠡᠭᠦᠯᠳᠡᠷ᠎ᠢ ᠬᠠᠮᠠᠭ᠋ᠠᠯᠠᠬᠤ᠎ᠳᠤ ᠳᠡᠭᠡᠷ᠎ᠡ ᠳᠣᠷᠠᠳᠤᠭᠰᠠᠨ ᠨᠠᠷᠢᠨ ᠳᠦᠷᠢᠮ ᠲᠣᠭᠲᠠᠭ᠋ᠠᠯ᠎ᠳᠤ ᠲᠣᠬᠢᠷᠠᠨ᠎ᠠ᠃ 《ᠤᠷᠭᠤᠮᠠᠯ᠎ᠤᠨ ᠰᠢᠨ᠎ᠡ ᠡᠭᠦᠯᠳᠡᠷ᠎ᠢ ᠬᠠᠮᠠᠭ᠋ᠠᠯᠠᠬᠤ ᠳᠦᠷᠢᠮ᠎ᠢ ᠬᠡᠷᠡᠭᠵᠢᠭᠦᠯᠬᠦ ᠨᠠᠷᠢᠨ ᠲᠥᠷᠢᠮ (ᠤᠢ ᠰᠢᠭᠤᠶ ᠵᠢᠨ ᠬᠡᠰᠡᠭ)》᠎ᠢ ᠦᠨᠳᠦᠰᠦᠯᠡᠪᠡᠯ᠂ ᠤᠢ ᠰᠢᠭᠤᠶ ᠵᠢᠨ ᠤᠷᠭᠤᠮᠠᠯ᠎ᠤᠨ ᠰᠢᠨ᠎ᠡ ᠡᠭᠦᠯᠳᠡᠷ᠎ᠲᠤ ᠤᠢ ᠮᠣᠳᠣ᠂ ᠬᠤᠯᠤᠰᠤᠨ ᠮᠣᠳᠣ᠂ ᠮᠣᠳᠣᠯᠢᠭ ᠲᠠᠨᠭ᠌ᠰᠠ᠂ ᠮᠣᠳᠣᠯᠢᠭ ᠦᠵᠡᠮᠦᠷᠢ ᠵᠢᠨ ᠤᠷᠭᠤᠮᠠᠯ (ᠮᠣᠳᠣᠯᠢᠭ ᠴᠡᠴᠡᠭ ᠪᠠᠭᠲᠠᠨ᠎ᠠ)᠂ ᠵᠢᠮᠢᠰ᠎ᠤᠨ ᠮᠣᠳᠣ (ᠵᠠᠷᠢᠮ ᠬᠠᠳᠠᠭ᠋ᠠᠭᠰᠠᠨ ᠵᠢᠮᠢᠰ) ᠵᠢᠴᠢ ᠮᠣᠳᠣᠯᠢᠭ ᠲᠣᠰᠤᠯᠢᠭ ᠤᠷᠭᠤᠮᠠᠯ᠂ ᠤᠮᠳᠠᠭ᠋ᠠᠨ᠂ ᠠᠮᠢᠲᠠᠨ᠎ᠤ ᠮᠠᠲ᠋ᠧᠷᠢᠶᠠᠯ᠂ ᠮᠣᠳᠣᠯᠢᠭ ᠡᠮᠲᠦ ᠤᠷᠭᠤᠮᠠᠯ ᠵᠡᠷᠭᠡ ᠪᠠᠭᠲᠠᠨ᠎ᠠ᠃
    ᠤᠷᠭᠤᠮᠠᠯ᠎ᠤᠨ ᠰᠢᠨ᠎ᠡ ᠡᠭᠦᠯᠳᠡᠷ᠎ᠤᠨ ᠬᠠᠮᠠᠭ᠋ᠠᠯᠠᠯᠲᠠ ᠵᠢᠨ ᠨᠡᠷᠡᠰ᠎ᠤᠨ ᠵᠢᠭᠰᠠᠭ᠋ᠠᠯᠲᠠ ᠪᠣᠯ ᠤᠯᠤᠰ᠎ᠤᠨ ᠬᠥᠳᠡᠭᠡ ᠠᠵᠤ ᠠᠬᠤᠶ ᠵᠢᠨ ᠶᠠᠮᠤᠨ᠂ ᠤᠯᠤᠰ᠎ᠤᠨ ᠤᠢ ᠰᠢᠭᠤᠶ ᠵᠢᠨ ᠲᠣᠪᠴᠢᠶ᠎ᠠ᠎ᠠᠴᠠ ᠲᠣᠭᠲᠠᠭ᠋ᠠᠵᠤ ᠨᠡᠶ᠋ᠢᠲᠡᠯᠡᠭᠰᠡᠨ 《ᠤᠷᠭᠤᠮᠠᠯ᠎ᠤᠨ ᠰᠢᠨ᠎ᠡ ᠡᠭᠦᠯᠳᠡᠷ᠎ᠤᠨ ᠬᠠᠮᠠᠭ᠋ᠠᠯᠠᠯᠲᠠ ᠵᠢᠨ ᠳᠦᠷᠢᠮ》᠎ᠳᠤ ᠵᠣᠬᠢᠴᠠᠭᠰᠠᠨ ᠤᠷᠭᠤᠮᠠᠯ᠎ᠤᠨ ᠰᠢᠨ᠎ᠡ ᠡᠭᠦᠯᠳᠡᠷ᠎ᠢ ᠬᠠᠮᠠᠭ᠋ᠠᠯᠠᠬᠤ ᠪᠣᠳᠠᠲᠠᠶ ᠡᠭᠦᠯᠳᠡᠷ ᠨᠡᠷᠡᠰ᠎ᠤᠨ ᠵᠢᠭᠰᠠᠭ᠋ᠠᠯᠲᠠ ᠪᠣᠯᠤᠨ᠎ᠠ᠃ ᠮᠠᠨ᠎ᠤ ᠤᠯᠤᠰ ᠨᠢᠭᠡᠨᠲᠡ ᠤᠷᠢᠳ ᠬᠣᠵᠢᠳ ᠲᠠᠪᠤᠨ ᠪᠦᠯᠦᠭ ᠬᠥᠳᠡᠭᠡ ᠠᠵᠤ ᠠᠬᠤᠶ ᠵᠢᠨ ᠤᠷᠭᠤᠮᠠᠯ᠎ᠤᠨ ᠰᠢᠨ᠎ᠡ ᠡᠭᠦᠯᠳᠡᠷ᠎ᠤᠨ ᠬᠠᠮᠠᠭ᠋ᠠᠯᠠᠯᠲᠠ ᠵᠢᠨ ᠨᠡᠷᠡᠰ᠎ᠤᠨ ᠵᠢᠭᠰᠠᠭ᠋ᠠᠯᠲᠠ ᠪᠠ ᠳᠥᠷᠪᠡᠨ ᠪᠦᠯᠦᠭ ᠤᠢ ᠰᠢᠭᠤᠶ ᠵᠢᠨ ᠤᠷᠭᠤᠮᠠᠯ᠎ᠤᠨ ᠰᠢᠨ᠎ᠡ ᠡᠭᠦᠯᠳᠡᠷ᠎ᠤᠨ ᠬᠠᠮᠠᠭ᠋ᠠᠯᠠᠯᠲᠠ ᠵᠢᠨ ᠨᠡᠷᠡᠰ᠎ᠤᠨ ᠵᠢᠭᠰᠠᠭ᠋ᠠᠯᠲᠠ ᠵᠢ ᠨᠠᠢ᠍ᠲᠠᠯᠠᠵᠤ᠂ ᠬᠠᠮᠠᠭ᠋ᠠᠯᠠᠬᠤ ᠴᠢᠬᠤᠯᠠ᠎ᠲᠠᠢ ᠤᠷᠭᠤᠮᠠᠯ᠎ᠤᠨ ᠵᠦᠢ᠍ᠯ ᠪᠠ ᠲᠦᠷᠦᠯ᠎ᠤᠨ ᠲᠣᠭ᠎ᠠ ᠬᠡᠮᠵᠢᠶ᠎ᠡ ᠵᠢ 119᠎ᠳᠤ ᠬᠦᠷᠬᠡᠵᠢ᠂ ᠡᠭᠦᠨ᠎ᠤ ᠳᠣᠲᠣᠷ᠎ᠠ ᠬᠥᠳᠡᠭᠡ ᠠᠵᠤ ᠠᠬᠤᠶ ᠵᠢᠨ ᠤᠷᠭᠤᠮᠠᠯ᠎ᠤᠨ ᠡᠭᠦᠯᠳᠡᠷ 41᠂ ᠤᠢ ᠰᠢᠭᠤᠶ ᠵᠢᠨ ᠤᠷᠭᠤᠮᠠᠯ᠎ᠤᠨ ᠡᠭᠦᠯᠳᠡᠷ 78 ᠪᠠᠢ᠍ᠨ᠎ᠠ᠃
   2. ᠶᠠᠮᠠᠷ ᠰᠠᠯᠠᠭ᠎ᠠ ᠮᠥᠴᠢᠷ᠎ᠨᠢ ᠤᠷᠭᠤᠮᠠᠯ᠎ᠤᠨ ᠰᠢᠨ᠎ᠡ ᠡᠭᠦᠯᠳᠡᠷ᠎ᠤᠨ ᠡᠷᠬᠡ ᠵᠢ ᠬᠢᠨᠠᠨ ᠵᠥᠪᠰᠢᠶᠡᠷᠡᠬᠦ ᠪᠠ ᠬᠠᠮᠢᠶᠠᠷᠬᠤ ᠠᠵᠢᠯ᠎ᠢ ᠬᠠᠷᠢᠭᠤᠴᠠᠵᠤ ᠪᠠᠢ᠌ᠬᠤ ᠪᠤᠢ?
   (ᠨᠢᠭᠡ) ᠲᠠᠷᠢᠶᠠᠯᠠᠩ᠎ᠤᠨ ᠶᠠᠮᠤᠨ᠃ ᠬᠥᠳᠡᠭᠡ ᠠᠵᠤ ᠠᠬᠤᠶ ᠵᠢᠨ ᠤᠷᠭᠤᠮᠠᠯ᠎ᠤᠨ ᠰᠢᠨ᠎ᠡ ᠡᠭᠦᠯᠳᠡᠷ᠎ᠤᠨ ᠡᠷᠬᠡ ᠵᠢ ᠬᠢᠨᠠᠨ ᠵᠥᠪᠰᠢᠶᠡᠷᠡᠬᠦ ᠪᠠᠶ᠋ᠢᠭᠤᠯᠭ᠎ᠠ ᠪᠣᠯᠣᠨ᠎ᠠ᠂ ᠬᠥᠳᠡᠭᠡ ᠠᠵᠤ ᠠᠬᠤᠶ ᠵᠢᠨ ᠶᠠᠮᠤᠨ᠂ ᠤᠷᠭᠤᠮᠠᠯ᠎ᠤᠨ ᠰᠢᠨ᠎ᠡ ᠡᠭᠦᠯᠳᠡᠷ᠎ᠤᠨ ᠬᠠᠮᠠᠭ᠋ᠠᠯᠠᠯᠲᠠ ᠵᠢᠨ ᠠᠯᠪᠠᠨ ᠭᠡᠷ ᠡᠭᠦᠯᠳᠡᠷ᠎ᠤᠨ ᠡᠷᠬᠡ ᠵᠢᠨ ᠭᠤᠶᠤᠴᠢᠯᠠᠯ᠎ᠢ ᠬᠦᠯᠢᠶᠠᠨ ᠠᠪᠴᠤ ᠰᠢᠶᠳᠪᠦᠷᠢᠯᠡᠬᠦ ᠪᠠ ᠬᠢᠨᠠᠨ ᠪᠠᠶ᠋ᠢᠴᠠᠭ᠋ᠠᠬᠤ ᠡᠭᠦᠷᠭᠡ ᠵᠢ ᠡᠭᠦᠷᠭᠡᠯᠡᠬᠦ ᠪᠥᠭᠡᠳ ᠪᠤᠰᠤᠳ ᠬᠣᠯᠪᠣᠭᠳᠠᠯ ᠪᠦᠬᠦᠢ ᠬᠡᠷᠡᠭ ᠶᠠᠪᠤᠳᠠᠯ᠎ᠢ ᠬᠠᠮᠢᠶᠠᠷᠤᠨ᠎ᠠ᠃
   (ᠬᠣᠶᠠᠷ) ᠤᠯᠤᠰ᠎ᠤᠨ ᠤᠢ ᠰᠢᠭᠤᠶ ᠵᠢᠨ ᠲᠣᠪᠴᠢᠶ᠎ᠠ ᠵᠢᠨ ᠤᠷᠭᠤᠮᠠᠯ᠎ᠤᠨ ᠰᠢᠨ᠎ᠡ ᠡᠭᠦᠯᠳᠡᠷ᠎ᠢ ᠬᠠᠮᠠᠭ᠋ᠠᠯᠠᠬᠤ ᠠᠯᠪᠠᠨ ᠭᠡᠷ᠃ ᠤᠯᠤᠰ᠎ᠤᠨ ᠤᠢ ᠰᠢᠭᠤᠶ ᠵᠢᠨ ᠲᠣᠪᠴᠢᠶ᠎ᠠ ᠵᠢᠨ ᠵᠠᠰᠠᠭ ᠵᠠᠬᠢᠷᠭ᠋ᠠᠨ᠎ᠤ ᠡᠭᠦᠷᠭᠡ ᠴᠢᠳᠠᠪᠤᠷᠢ ᠪᠦᠬᠦᠢ ᠵᠢᠩᠬᠢᠨᠢ ᠵᠤᠷᠭ᠋ᠠᠨ ᠲᠣᠪᠴᠢᠶᠠᠨ᠎ᠤ ᠳᠡᠰ᠎ᠤᠨ ᠠᠵᠢᠯ ᠦᠢ᠍ᠯᠡᠰ᠎ᠤᠨ ᠨᠢᠭᠡᠴᠢ ᠪᠣᠯᠤᠨ᠎ᠠ᠃ ᠤᠢ ᠰᠢᠭᠤᠶ ᠵᠢᠨ ᠤᠷᠭᠤᠮᠠᠯ᠎ᠤᠨ ᠰᠢᠨ᠎ᠡ ᠡᠭᠦᠯᠳᠡᠷ᠎ᠤᠨ ᠡᠷᠬᠡ ᠵᠢᠨ ᠭᠤᠶᠤᠴᠢᠯᠠᠯ᠎ᠢ ᠬᠦᠯᠢᠶᠠᠨ ᠠᠪᠴᠤ ᠰᠢᠳᠪᠤᠷᠢᠯᠡᠬᠦ ᠵᠢ ᠬᠠᠷᠢᠭᠤᠴᠠᠨ᠂ ᠤᠷᠭᠤᠮᠠᠯ᠎ᠤᠨ ᠰᠢᠨ᠎ᠡ ᠡᠭᠦᠯᠳᠡᠷ᠎ᠤᠨ ᠡᠷᠬᠡ ᠵᠢ ᠬᠠᠮᠠᠭ᠋ᠠᠯᠠᠬᠤ ᠬᠣᠯᠪᠣᠭᠳᠠᠯ ᠪᠦᠬᠦᠢ ᠰᠠᠯᠠᠭ᠎ᠠ ᠮᠥᠴᠢᠷ᠎ᠤᠨ ᠰᠢᠯᠭ᠋ᠠᠯᠲᠠ᠂ ᠬᠠᠳᠠᠭ᠋ᠠᠯᠠᠯᠲᠠ ᠵᠡᠷᠭᠡ ᠲᠤᠬᠠᠶ᠋ᠢᠯᠠᠭᠰᠠᠨ ᠠᠵᠢᠯ᠎ᠢ ᠵᠣᠬᠢᠶᠠᠨ ᠪᠠᠢ᠍ᠭᠤᠯᠤᠨ᠎ᠠ᠃
   (ᠭᠤᠷᠪᠠ) ᠣᠷᠣᠨ ᠨᠤᠲᠤᠭ᠎ᠤᠨ ᠲᠠᠷᠢᠶᠠᠯᠠᠩ᠂ ᠤᠢ ᠰᠢᠭᠤᠶ ᠵᠢᠨ ᠵᠠᠰᠠᠭ ᠵᠠᠬᠢᠷᠭ᠋ᠠᠨ᠎ᠤ ᠬᠠᠮᠢᠶᠠᠷᠤᠯᠲᠠ ᠵᠢᠨ ᠰᠠᠯᠠᠭ᠎ᠠ ᠮᠥᠴᠢᠷ᠃ (1) ᠮᠤᠵᠢ ᠵᠢᠨ ᠱᠠᠲᠤᠨ᠎ᠠᠴᠠ ᠳᠡᠭᠡᠭᠰᠢᠬᠢ ᠠᠷᠠᠳ᠎ᠤᠨ ᠵᠠᠰᠠᠭ᠎ᠤᠨ ᠣᠷᠳᠣᠨ᠎ᠤ ᠲᠠᠷᠢᠶᠠᠯᠠᠩ᠂ ᠤᠢ ᠰᠢᠭᠤᠶ ᠵᠢᠨ ᠵᠠᠰᠠᠭ ᠵᠠᠬᠢᠷᠭ᠋ᠠᠨ᠎ᠤ ᠰᠠᠯᠠᠭ᠎ᠠ ᠮᠥᠴᠢᠷ᠎ᠠᠴᠠ ᠲᠤᠰ ᠲᠤᠰ᠎ᠤᠨ ᠡᠷᠬᠡ ᠲᠤᠰᠢᠶᠠᠯ ᠵᠶ᠋ᠠᠨ ᠦᠨᠳᠦᠰᠦᠯᠡᠨ ᠡᠷᠬᠡ᠎ᠳᠤ ᠬᠠᠯᠳᠠᠭᠰᠠᠨ ᠬᠡᠷᠡᠭ᠎ᠢ ᠰᠢᠳᠪᠤᠷᠢᠯᠠᠨ᠎ᠠ᠃ ᠲᠤᠬᠠᠶ ᠵᠢᠨ ᠬᠥᠮᠦᠨ᠎ᠤ ᠰᠠᠢ᠍ᠢ᠍ᠨ ᠳᠤᠷ᠎ᠠ ᠵᠢᠨ ᠵᠠᠷᠴᠢᠮ᠎ᠢ ᠦᠨᠳᠦᠰᠦᠯᠡᠨ᠂ ᠡᠷᠬᠡ᠎ᠳᠤ ᠬᠠᠯᠳᠠᠭᠰᠠᠨ ᠬᠣᠬᠢᠷᠠᠯ᠎ᠢ ᠲᠦᠯᠦᠬᠦ ᠶᠠᠪᠤᠳᠠᠯ᠎ᠳᠤ ᠡᠶᠡᠳᠡᠭᠦᠯᠭᠡ ᠬᠢᠨ᠎ᠡ; (2) ᠰᠢᠶᠠᠨ᠎ᠤ ᠱᠠᠲᠤᠨ᠎ᠠᠴᠠ ᠳᠡᠭᠡᠭᠰᠢᠬᠢ ᠠᠷᠠᠳ᠎ᠤᠨ ᠵᠠᠰᠠᠭ᠎ᠤᠨ ᠣᠷᠳᠣᠨ᠎ᠤ ᠲᠠᠷᠢᠶᠠᠯᠠᠩ᠂ ᠤᠢ ᠰᠢᠭᠤᠶ ᠵᠢᠨ ᠵᠠᠰᠠᠭ ᠵᠠᠬᠢᠷᠭ᠋ᠠᠨ᠎ᠤ ᠰᠠᠯᠠᠭ᠎ᠠ ᠮᠥᠴᠢᠷ᠎ᠠᠴᠠ ᠲᠤᠰ ᠲᠤᠰ᠎ᠤᠨ ᠡᠷᠬᠡ ᠲᠤᠰᠢᠶᠠᠯ ᠵᠶ᠋ᠠᠨ ᠦᠨᠳᠦᠰᠦᠯᠡᠨ ᠬᠤᠳᠠᠯ ᠵᠶ᠋ᠠᠷ ᠡᠷᠬᠡ ᠣᠯᠭᠣᠭᠰᠠᠨ ᠬᠡᠷᠡᠭ᠎ᠢ ᠪᠠᠶ᠋ᠢᠴᠠᠭ᠋ᠠᠨ ᠰᠢᠳᠪᠤᠷᠢᠯᠠᠨ᠎ᠠ᠃
   3. ᠮᠠᠨ᠎ᠤ ᠤᠯᠤᠰ᠎ᠤᠨ ᠤᠷᠭᠤᠮᠠᠯ᠎ᠤᠨ ᠰᠢᠨ᠎ᠡ ᠡᠭᠦᠯᠳᠡᠷ᠎ᠢ ᠬᠠᠮᠠᠭ᠋ᠠᠯᠠᠬᠤ ᠡᠷᠬᠡ᠎ᠳᠤ ᠭᠣᠣᠯᠳᠠᠭᠤ ᠶᠠᠮᠠᠷ ᠶᠠᠮᠠᠷ ᠬᠠᠤᠯᠢ ᠴᠠᠭ᠋ᠠᠵᠠ ᠳᠦᠷᠢᠮ ᠲᠣᠭᠲᠠᠭ᠋ᠠᠯ᠎ᠲᠠᠢ ᠪᠤᠢ?
   (ᠨᠢᠭᠡ) 《ᠤᠷᠭᠤᠮᠠᠯ᠎ᠤᠨ ᠰᠢᠨ᠎ᠡ ᠡᠭᠦᠯᠳᠡᠷ᠎ᠤᠨ ᠬᠠᠮᠠᠭ᠋ᠠᠯᠠᠯᠲᠠ ᠵᠢᠨ ᠲᠦᠷᠢᠮ》;
   (ᠬᠣᠶᠠᠷ) 《ᠤᠷᠭᠤᠮᠠᠯ᠎ᠤᠨ ᠰᠢᠨ᠎ᠡ ᠡᠭᠦᠯᠳᠡᠷ᠎ᠤᠨ ᠬᠠᠮᠠᠭ᠋ᠠᠯᠠᠯᠲᠠ ᠵᠢᠨ ᠲᠦᠷᠢᠮ ᠵᠢᠴᠢ ᠬᠡᠷᠡᠭᠵᠢᠭᠦᠯᠬᠦ ᠨᠠᠷᠢᠨ ᠲᠥᠷᠢᠮ》 (ᠲᠠᠷᠢᠶᠠᠯᠠᠩ᠎ᠤᠨ ᠬᠡᠰᠡᠭ);
   (ᠭᠤᠷᠪᠠ) 《ᠤᠷᠭᠤᠮᠠᠯ᠎ᠤᠨ ᠰᠢᠨ᠎ᠡ ᠡᠭᠦᠯᠳᠡᠷ᠎ᠤᠨ ᠬᠠᠮᠠᠭ᠋ᠠᠯᠠᠯᠲᠠ ᠵᠢᠨ ᠲᠦᠷᠢᠮ ᠵᠢᠴᠢ ᠬᠡᠷᠡᠭᠵᠢᠭᠦᠯᠬᠦ ᠨᠠᠷᠢᠨ ᠲᠥᠷᠢᠮ》 (ᠤᠢ ᠰᠢᠭᠤᠶ ᠵᠢᠨ ᠬᠡᠰᠡᠭ);
   (ᠲᠦᠷᠪᠡ) ᠤᠷᠭᠤᠮᠠᠯ᠎ᠤᠨ ᠰᠢᠨ᠎ᠡ ᠡᠭᠦᠯᠳᠡᠷ᠎ᠤᠨ ᠵᠢᠭᠤᠷᠠᠯᠳᠤᠭ᠋ᠠᠨ᠎ᠤ ᠬᠡᠷᠡᠭ᠎ᠢ ᠰᠢᠭᠦᠨ ᠰᠢᠶᠳᠪᠦᠷᠢᠯᠡᠬᠦ ᠠᠰᠠᠭᠤᠳᠠᠯ᠎ᠤᠳ᠎ᠤᠨ ᠲᠤᠬᠠᠶ ᠠᠷᠠᠳ᠎ᠤᠨ ᠳᠡᠭᠡᠳᠦ ᠵᠡᠷᠭᠡ ᠵᠢᠨ ᠰᠢᠭᠦᠬᠦ ᠬᠣᠷᠢᠶ᠎ᠠ ᠵᠢᠨ ᠲᠠᠶ᠋ᠢᠯᠪᠤᠷᠢᠯᠠᠯᠲᠠ᠃
   4. ᠤᠷᠭᠤᠮᠠᠯ᠎ᠤᠨ ᠰᠢᠨ᠎ᠡ ᠡᠭᠦᠯᠳᠡᠷ᠎ᠤᠨ ᠡᠷᠬᠡ ᠵᠢ ᠬᠡᠷᠬᠢᠨ ᠭᠤᠶᠤᠴᠢᠯᠠᠬᠤ ᠪᠤᠢ?
    ᠤᠷᠭᠤᠮᠠᠯ᠎ᠤᠨ ᠰᠢᠨ᠎ᠡ ᠡᠭᠦᠯᠳᠡᠷ᠎ᠤᠨ ᠡᠷᠬᠡ ᠵᠢ ᠭᠤᠶᠤᠴᠢᠯᠠᠬᠤ᠎ᠳᠤ ᠤᠯᠤᠰ᠎ᠤᠨ ᠬᠥᠳᠡᠭᠡ ᠠᠵᠤ ᠠᠬᠤᠶ ᠵᠢᠨ ᠶᠠᠮᠤᠨ ᠪᠤᠶᠤ ᠤᠯᠤᠰ᠎ᠤᠨ ᠤᠢ ᠰᠢᠭᠤᠶ ᠵᠢᠨ ᠲᠣᠪᠴᠢᠶ᠎ᠠ ᠵᠢᠨ ᠲᠣᠭᠲᠠᠭᠰᠠᠨ ᠵᠠᠭᠪᠤᠷ᠎ᠤᠨ ᠱᠠᠭ᠋ᠠᠷᠳᠠᠯᠭ᠎ᠠ᠎ᠳᠤ ᠨᠡᠶ᠋ᠢᠴᠡᠬᠦ ᠭᠤᠶᠤᠴᠢᠯᠠᠯ᠎ᠤᠨ ᠪᠢᠴᠢᠭ᠂ ᠲᠣᠳᠣᠷᠬᠠᠶ᠋ᠢᠯᠠᠯᠲᠠ ᠵᠢᠨ ᠪᠢᠴᠢᠭ ᠪᠠ ᠲᠤᠰ ᠡᠭᠦᠯᠳᠡᠷ᠎ᠤᠨ ᠭᠡᠷᠡᠯ ᠵᠢᠷᠤᠭ᠎ᠢ ᠲᠤᠰᠢᠶᠠᠬᠤ ᠬᠡᠷᠡᠭᠲᠡᠶ᠃ ᠭᠤᠶᠤᠴᠢᠯᠠᠭᠴᠢ᠎ᠨᠢ ᠰᠢᠭᠤᠳ ᠬᠢᠨᠠᠨ ᠵᠥᠪᠰᠢᠶᠡᠷᠡᠬᠦ ᠪᠠᠶ᠋ᠢᠭᠤᠯᠭ᠎ᠠ᠎ᠳᠤ ᠰᠢᠭᠤᠳ ᠭᠤᠶᠤᠴᠢᠯᠠᠯ ᠳᠡᠪᠰᠢᠭᠦᠯᠵᠦ ᠪᠣᠯᠤᠨ᠎ᠠ᠂ ᠪᠠᠰᠠ ᠬᠢᠨᠠᠨ ᠵᠥᠪᠰᠢᠶᠡᠷᠡᠬᠦ ᠪᠠᠶ᠋ᠢᠭᠤᠯᠭ᠎ᠠ ᠵᠢᠨ ᠵᠢᠭ᠋ᠠᠨ ᠲᠣᠭᠲᠠᠭ᠋ᠠᠭᠰᠠᠨ ᠣᠷᠣᠯᠠᠨ ᠭᠦᠢ᠍ᠴᠡᠳᠬᠡᠬᠦ ᠪᠠᠶ᠋ᠢᠭᠤᠯᠤᠮᠵᠢ᠎ᠳᠤ ᠨᠠᠢ᠍ᠲᠠᠵᠤ᠂ ᠭᠤᠶᠤᠴᠢᠯᠠᠯ ᠵᠶ᠋ᠠᠨ ᠳᠡᠪᠰᠢᠭᠦᠯᠵᠦ ᠪᠣᠯᠤᠨ᠎ᠠ᠃ ᠳᠤᠮᠳᠠᠳᠤ ᠤᠯᠤᠰ᠎ᠲᠤ ᠪᠠᠶ᠋ᠢᠩᠭᠤ ᠵᠢᠨ ᠣᠷᠣᠨ ᠰᠠᠭᠤᠴᠠ ᠦᠭᠡᠢ ᠭᠠᠳᠠᠭ᠋ᠠᠳᠤ ᠤᠯᠤᠰ᠎ᠤᠨ ᠬᠥᠮᠦᠨ᠂ ᠭᠠᠳᠠᠭ᠋ᠠᠳᠤ ᠤᠯᠤᠰ᠎ᠤᠨ ᠠᠵᠤ ᠠᠬᠤᠶ᠋ᠢᠯᠠᠯ ᠪᠤᠶᠤ ᠭᠠᠳᠠᠭ᠋ᠠᠳᠤ ᠵᠢᠨ ᠪᠤᠰᠤᠳ ᠵᠣᠬᠢᠶᠠᠨ ᠪᠠᠶ᠋ᠢᠭᠤᠯᠤᠯᠲᠠ ᠪᠦᠬᠦᠢ ᠭᠤᠶᠤᠴᠢᠯᠠᠭᠴᠢ᠎ᠨᠢ᠂ ᠨᠠᠶ᠋ᠢᠳᠠᠭᠰᠠᠨ ᠬᠢᠨᠠᠨ ᠵᠥᠪᠰᠢᠶᠡᠷᠡᠬᠦ ᠪᠠᠶ᠋ᠢᠭᠤᠯᠭ᠎ᠠ ᠵᠢᠨ ᠵᠢᠭ᠋ᠠᠨ ᠲᠣᠭᠲᠠᠭ᠋ᠠᠭᠰᠠᠨ ᠭᠠᠳᠠᠭ᠋ᠠᠳᠤ᠎ᠳᠤ ᠬᠣᠯᠪᠣᠭᠳᠠᠬᠤ ᠣᠷᠤᠯᠠᠨ ᠬᠦᠢ᠍ᠴᠡᠳᠬᠡᠬᠦ ᠪᠠᠶ᠋ᠢᠭᠤᠯᠤᠮᠵᠢ᠎ᠳᠤ ᠨᠠᠢ᠌ᠳᠠᠨ ᠬᠦᠢ᠍ᠴᠡᠳᠬᠡᠵᠦ ᠪᠣᠯᠤᠨ᠎ᠠ᠃
   5. ᠤᠷᠭᠤᠮᠠᠯ᠎ᠤᠨ ᠰᠢᠨ᠎ᠡ ᠡᠭᠦᠯᠳᠡᠷ᠎ᠤᠨ ᠡᠷᠬᠡ ᠵᠢᠨ ᠭᠤᠶᠤᠴᠢᠯᠠᠯ᠎ᠢ ᠬᠢᠨᠠᠨ ᠪᠠᠶ᠋ᠢᠴᠠᠭ᠋ᠠᠬᠤ ᠳᠡᠰ ᠳᠠᠷᠠᠭ᠋ᠠᠯᠠᠯ᠎ᠳᠤ ᠶᠠᠭᠤ ᠶᠠᠭᠤ ᠪᠠᠶ᠋ᠢᠳᠠᠭ ᠪᠤᠢ?
   (ᠨᠢᠭᠡ) ᠭᠤᠶᠤᠴᠢᠯᠠᠯ ᠳᠡᠪᠰᠢᠭᠦᠯᠬᠦ᠃ ᠭᠤᠶᠤᠴᠢᠯᠠᠭᠴᠢ ᠰᠢᠭᠤᠳ ᠪᠤᠶᠤ ᠵᠢᠭ᠋ᠠᠨ ᠲᠣᠭᠲᠠᠭ᠋ᠠᠭᠰᠠᠨ ᠣᠷᠤᠯᠠᠨ ᠬᠦᠢ᠍ᠴᠡᠳᠬᠡᠬᠦ ᠪᠠᠶ᠋ᠢᠭᠤᠯᠤᠮᠵᠢ᠎ᠳᠤ ᠨᠠᠢ᠍ᠲᠠᠵᠤ ᠲᠠᠷᠢᠶᠠᠯᠠᠩ᠎ᠤᠨ ᠶᠠᠮᠤᠨ ᠪᠤᠶᠤ ᠤᠯᠤᠰ᠎ᠤᠨ ᠤᠢ ᠰᠢᠭᠤᠶ ᠵᠢᠨ ᠲᠣᠪᠴᠢᠶ᠎ᠠ᠎ᠳᠤ ᠭᠤᠶᠤᠴᠢᠯᠠᠯ ᠳᠡᠪᠰᠢᠭᠦᠯᠦᠨ᠂ ᠭᠤᠶᠤᠴᠢᠯᠠᠯ᠎ᠤᠨ ᠪᠢᠴᠢᠭ ᠵᠡᠷᠭᠡ ᠲᠣᠭᠲᠠᠭ᠋ᠠᠭᠰᠠᠨ ᠮᠠᠲ᠋ᠧᠷᠢᠶᠠᠯ᠎ᠢ ᠳᠡᠪᠰᠢᠭᠦᠯᠦᠨ ᠲᠤᠰᠢᠶᠠᠨ᠎ᠠ᠃ ᠬᠢᠨᠠᠨ ᠵᠥᠪᠰᠢᠶᠡᠷᠡᠬᠦ ᠪᠠᠶ᠋ᠢᠭᠤᠯᠭ᠎ᠠ ᠭᠤᠶᠤᠴᠢᠯᠠᠬᠤ ᠪᠢᠴᠢᠭ ᠮᠠᠲ᠋ᠧᠷᠢᠶᠠᠯ᠎ᠢ ᠬᠣᠷᠢᠶᠠᠵᠤ ᠣᠯᠤᠭᠰᠠᠨ ᠡᠳᠦᠷ᠎ᠨᠢ ᠲᠠᠷᠤᠢ ᠭᠤᠶᠤᠴᠢᠯᠠᠯ ᠭᠠᠷᠭ᠋ᠠᠭᠰᠠᠨ ᠡᠳᠦᠷ ᠪᠣᠯᠤᠨ᠎ᠠ᠂ ᠭᠤᠶᠤᠴᠢᠯᠠᠬᠤ ᠪᠢᠴᠢᠭ ᠮᠠᠲ᠋ᠧᠷᠢᠶᠠᠯ᠎ᠢ ᠰᠢᠦᠳᠠᠨ ᠵᠶ᠋ᠠᠷ ᠶᠠᠪᠤᠭᠤᠯᠤᠭᠰᠠᠨ ᠪᠣᠯ᠂ ᠰᠢᠦᠳᠠᠨ᠎ᠤ ᠲᠠᠮᠠᠭ᠎ᠠ ᠳᠠᠷᠤᠭᠰᠠᠨ ᠡᠳᠦᠷ᠎ᠢ ᠭᠤᠶᠤᠴᠢᠯᠠᠭᠰᠠᠨ ᠡᠳᠦᠷ ᠵᠶ᠋ᠠᠷ ᠪᠤᠳᠤᠨ᠎ᠠ;
   (ᠬᠣᠶᠠᠷ) ᠠᠩᠬ᠎ᠠ ᠠᠯᠬᠤᠮ ᠬᠢᠨᠠᠨ ᠪᠠᠶ᠋ᠢᠴᠠᠭ᠋ᠠᠬᠤ᠃ ᠬᠢᠨᠠᠨ ᠵᠥᠪᠰᠢᠶᠡᠷᠡᠬᠦ ᠪᠠᠶ᠋ᠢᠭᠤᠯᠭ᠎ᠠ᠎ᠠᠴᠠ ᠰᠢᠨ᠎ᠡ ᠡᠭᠦᠯᠳᠡᠷ᠎ᠤᠨ ᠡᠷᠬᠡ ᠵᠢᠨ ᠭᠤᠶᠤᠴᠢᠯᠠᠯ᠎ᠢ ᠠᠩᠬ᠎ᠠ ᠠᠯᠬᠤᠮ ᠬᠢᠨᠠᠨ ᠪᠠᠢ᠍ᠴᠠᠭ᠋ᠠᠨ᠎ᠠ᠃ ᠠᠩᠬ᠎ᠠ ᠠᠯᠬᠤᠮ᠎ᠤᠨ ᠬᠢᠨᠠᠨ ᠪᠠᠢ᠍ᠴᠠᠭ᠋ᠠᠯᠲᠠ᠎ᠳᠤ ᠬᠢᠷᠢ ᠲᠡᠩᠴᠡᠭᠰᠡᠨ ᠦᠭᠡᠢ ᠪᠣᠯ ᠲᠣᠭᠲᠠᠭᠰᠠᠨ ᠬᠤᠭᠤᠴᠠᠭ᠋ᠠᠨ ᠳᠣᠲᠣᠷ᠎ᠠ ᠭᠤᠶᠤᠴᠢᠯᠠᠭᠴᠢ᠎ᠪᠠᠷ ᠰᠠᠨᠠᠯ᠎ᠢ᠎ᠨᠢ ᠶᠠᠷᠢᠭᠤᠯᠬᠤ ᠪᠤᠶᠤ ᠨᠥᠬᠥᠪᠥᠷᠢᠯᠡᠨ ᠵᠠᠯᠠᠷᠠᠭᠤᠯᠬᠤ ᠱᠠᠭ᠋ᠠᠷᠳᠠᠯᠭ᠎ᠠ ᠳᠤᠷᠠᠳᠴᠤ ᠪᠣᠯᠤᠨ᠎ᠠ᠃ ᠠᠩᠬ᠎ᠠ ᠠᠯᠬᠤᠮ᠎ᠤᠨ ᠬᠢᠨᠠᠨ ᠪᠠᠢ᠍ᠴᠠᠭ᠋ᠠᠯᠲᠠ ᠵᠢ 6 ᠰᠠᠷ᠎ᠠ ᠵᠢᠨ ᠬᠤᠭᠤᠴᠠᠭ᠋ᠠᠨ ᠳᠣᠲᠣᠷ᠎ᠠ ᠭᠦᠢ᠍ᠴᠡᠳᠭᠡᠬᠦ ᠬᠡᠷᠡᠭᠲᠡᠶ;
   (ᠭᠤᠷᠪᠠ) ᠠᠯᠪᠠᠨ ᠵᠠᠷ ᠨᠡᠶ᠋ᠢᠲᠡᠯᠡᠬᠦ᠃ ᠠᠩᠬ᠎ᠠ ᠠᠯᠬᠤᠮ ᠪᠠᠶ᠋ᠢᠴᠠᠭ᠋ᠠᠭ᠋ᠠᠳ ᠬᠢᠷᠢ ᠲᠡᠩᠴᠡᠭᠰᠡᠨ ᠰᠢᠨ᠎ᠡ ᠡᠭᠦᠯᠳᠡᠷ᠎ᠤᠨ ᠡᠷᠬᠡ ᠵᠢᠨ ᠭᠤᠶᠤᠴᠢᠯᠠᠯ᠎ᠢ ᠬᠢᠨᠠᠨ ᠵᠥᠪᠰᠢᠶᠡᠷᠡᠬᠦ ᠪᠠᠶ᠋ᠢᠭᠤᠯᠭ᠎ᠠ᠎ᠠᠴᠠ ᠵᠠᠷᠯᠠᠨ ᠨᠠᠢ᠍ᠲᠠᠯᠠᠨ᠎ᠠ᠃ 3 ᠰᠠᠷ᠎ᠠ ᠵᠢᠨ ᠬᠤᠭᠤᠴᠠᠭ᠋ᠠᠨ ᠳᠣᠲᠣᠷ᠎ᠠ ᠬᠢᠨᠠᠨ ᠪᠠᠶ᠋ᠢᠴᠠᠭ᠋ᠠᠬᠤ ᠳᠦᠯᠦᠪᠦᠷᠢ ᠲᠤᠰᠢᠶᠠᠬᠤ ᠬᠡᠷᠡᠭᠲᠡᠶ ᠪᠥᠭᠡᠳ ᠭᠤᠶᠤᠴᠢᠯᠠᠭᠴᠢ᠎ᠳᠤ ᠮᠡᠳᠡᠭᠳᠡᠬᠦ ᠬᠡᠷᠡᠭᠲᠡᠶ᠃ ᠭᠤᠶᠤᠴᠢᠯᠠᠭᠴᠢ ᠲᠣᠭᠲᠠᠭ᠋ᠠᠯ ᠶᠣᠰᠣᠭ᠋ᠠᠷ ᠬᠢᠨᠠᠨ ᠪᠠᠶ᠋ᠢᠴᠠᠭ᠋ᠠᠬᠤ ᠳᠦᠯᠦᠪᠦᠷᠢ ᠲᠤᠰᠢᠶᠠᠭᠰᠠᠨ ᠦᠭᠡᠢ ᠪᠣᠯ᠂ ᠡᠭᠦᠯᠳᠡᠷ᠎ᠤᠨ ᠡᠷᠬᠡ᠎ᠪᠠᠨ ᠲᠠᠶᠠᠭᠳᠠᠭᠰᠠᠨ᠎ᠳᠤ ᠲᠣᠭ᠋ᠠᠴᠠᠨ᠎ᠠ;
   (ᠲᠦᠷᠪᠡ) ᠮᠥᠨ ᠴᠢᠨᠠᠷ᠎ᠤᠨ ᠬᠢᠨᠠᠨ ᠪᠠᠶ᠋ᠢᠴᠠᠭ᠋ᠠᠯᠲᠠ ᠬᠢᠬᠦ᠃ ᠬᠢᠨᠠᠨ ᠵᠥᠪᠰᠢᠶᠡᠷᠡᠬᠦ ᠪᠠᠶ᠋ᠢᠭᠤᠯᠭ᠎ᠠ᠎ᠠᠴᠠ ᠰᠢᠨ᠎ᠡ ᠡᠭᠦᠯᠳᠡᠷ᠎ᠤᠨ ᠡᠷᠬᠡ ᠵᠢᠨ ᠭᠤᠶᠤᠴᠢᠯᠠᠯ᠎ᠤᠨ ᠥᠪᠡᠷᠮᠢᠴᠡ ᠰᠢᠨᠵᠢ᠂ ᠨᠢᠭᠡᠳᠦᠯᠲᠦ ᠰᠢᠨᠵᠢ ᠪᠠ ᠲᠣᠭᠲᠠᠪᠤᠷᠢᠲᠤ ᠰᠢᠨᠵᠢ᠎ᠳᠤ ᠮᠥᠨ ᠴᠢᠨᠠᠷ᠎ᠤᠨ ᠬᠢᠨᠠᠨ ᠪᠠᠶ᠋ᠢᠴᠠᠭ᠋ᠠᠯᠲᠠ ᠬᠢᠨ᠎ᠡ;
   (ᠲᠠᠪᠤ) ᠡᠷᠬᠡ ᠣᠯᠭᠤᠨ ᠳᠠᠩᠰᠠᠯᠠᠭᠤᠯᠬᠤ᠃ ᠮᠥᠨ ᠴᠢᠨᠠᠷ᠎ᠤᠨ ᠬᠢᠨᠠᠨ ᠪᠠᠶ᠋ᠢᠴᠠᠭ᠋ᠠᠯᠲᠠ ᠬᠢᠭᠡᠳ ᠳᠦᠷᠢᠮ ᠲᠣᠭᠲᠠᠭ᠋ᠠᠯ᠎ᠲᠠᠢ ᠨᠡᠢ᠍ᠴᠡᠭᠰᠡᠨ ᠡᠭᠦᠯᠳᠡᠷ᠎ᠤᠨ ᠡᠷᠬᠡ ᠵᠢᠨ ᠭᠤᠶᠤᠴᠢᠯᠠᠯ᠎ᠢ ᠬᠢᠨᠠᠨ ᠵᠥᠪᠰᠢᠶᠡᠷᠡᠬᠦ ᠪᠠᠶ᠋ᠢᠭᠤᠯᠭ᠎ᠠ᠎ᠠᠴᠠ ᠰᠢᠨ᠎ᠡ ᠡᠭᠦᠯᠳᠡᠷ᠎ᠤᠨ ᠡᠷᠬᠡ ᠣᠯᠭᠣᠬᠤ ᠲᠣᠭᠲᠠᠭ᠋ᠠᠯ ᠭᠠᠷᠭ᠋ᠠᠵᠤ᠂ ᠰᠢᠨ᠎ᠡ ᠡᠭᠦᠯᠳᠡᠷ᠎ᠤᠨ ᠡᠷᠬᠡ ᠵᠢᠨ ᠦᠨᠡᠮᠯᠡᠯ ᠣᠯᠭᠣᠬᠤ ᠪᠥᠭᠡᠳ ᠲᠠᠨᠭ᠌ᠰᠠᠯᠠᠨ ᠠᠪᠴᠤ ᠵᠠᠷᠯᠠᠨ ᠨᠡᠶ᠋ᠢᠲᠡᠯᠡᠨ᠎ᠡ᠃
   6. ᠤᠷᠭᠤᠮᠠᠯ᠎ᠤᠨ ᠰᠢᠨ᠎ᠡ ᠡᠭᠦᠯᠳᠡᠷ᠎ᠤᠨ ᠡᠷᠬᠡᠲᠦ ᠬᠥᠮᠦᠨ᠎ᠨᠢ ᠶᠠᠮᠠᠷ ᠶᠠᠮᠠᠷ ᠡᠷᠬᠡ᠎ᠲᠠᠢ ᠪᠤᠢ?
    ᠤᠷᠭᠤᠮᠠᠯ᠎ᠤᠨ ᠰᠢᠨ᠎ᠡ ᠡᠭᠦᠯᠳᠡᠷ᠎ᠤᠨ ᠡᠷᠬᠡᠲᠦ ᠬᠥᠮᠦᠨ᠎ᠨᠢ ᠲᠡᠭᠦᠨ᠎ᠤ ᠡᠷᠬᠡ ᠣᠯᠤᠭᠰᠠᠨ ᠰᠢᠨ᠎ᠡ ᠡᠭᠦᠯᠳᠡᠷ᠎ᠲᠤ᠎ᠪᠠᠨ ᠭᠠᠭᠴᠠᠭ᠋ᠠᠷ ᠡᠵᠡᠮᠰᠢᠬᠦ ᠡᠷᠬᠡ᠎ᠲᠠᠢ᠃ ᠶᠠᠮᠠᠷᠪᠠ ᠨᠢᠭᠡᠴᠢ ᠪᠤᠶᠤ ᠬᠤᠪᠢ ᠬᠥᠮᠦᠨ ᠡᠭᠦᠯᠳᠡᠷ᠎ᠤᠨ ᠡᠷᠬᠡᠲᠦ ᠬᠥᠮᠦᠨ᠎ᠤ ᠵᠥᠪᠰᠢᠶᠡᠷᠡᠯ ᠦᠭᠡᠢ᠎ᠪᠠᠷ ᠬᠤᠳᠠᠯᠳᠤᠭ᠋ᠠᠨ᠎ᠤ ᠵᠣᠷᠢᠯᠭ᠎ᠠ᠎ᠲᠠᠢ᠎ᠪᠠᠷ ᠲᠤᠰ ᠡᠷᠬᠡ ᠣᠯᠤᠭᠰᠠᠨ ᠰᠢᠨ᠎ᠡ ᠡᠭᠦᠯᠳᠡᠷ᠎ᠤᠨ ᠪᠣᠢ᠌ᠵᠢᠭ᠋ᠠᠯᠤᠯᠲᠠ ᠵᠢᠨ ᠮᠠᠲ᠋ᠧᠷᠢᠶᠠᠯ᠎ᠢ ᠦᠢ᠍ᠯᠡᠳᠪᠦᠷᠢᠯᠡᠬᠦ ᠪᠤᠶᠤ ᠪᠣᠷᠤᠯᠠᠭᠤᠯᠵᠤ ᠪᠣᠯᠬᠤ ᠦᠭᠡᠢ᠂ ᠬᠤᠳᠠᠯᠳᠤᠭ᠋ᠠᠨ᠎ᠤ ᠵᠣᠷᠢᠯᠭ᠎ᠠ᠎ᠲᠠᠢ᠎ᠪᠠᠷ ᠲᠤᠰ ᠡᠷᠬᠡ ᠣᠯᠭᠣᠭᠰᠠᠨ ᠡᠭᠦᠯᠳᠡᠷ᠎ᠤᠨ ᠪᠣᠢ᠌ᠵᠢᠭ᠋ᠠᠯᠤᠯᠲᠠ ᠵᠢᠨ ᠮᠠᠲ᠋ᠧᠷᠢᠶᠠᠯ᠎ᠢ ᠥᠭᠡᠷ᠎ᠡ ᠨᠢᠭᠡ ᠵᠦᠢ᠍ᠯ᠎ᠤᠨ ᠡᠭᠦᠯᠳᠡᠷ᠎ᠤᠨ ᠪᠣᠢ᠌ᠵᠢᠭ᠋ᠠᠯᠤᠯᠲᠠ ᠵᠢᠨ ᠮᠠᠲ᠋ᠧᠷᠢᠶᠠᠯ᠎ᠢ ᠦᠢ᠍ᠯᠡᠳᠪᠦᠷᠢᠯᠡᠬᠦ᠎ᠳᠤ ᠲᠠᠬᠢᠨ ᠳᠠᠪᠲᠠᠨ ᠬᠡᠷᠡᠭᠯᠡᠵᠦ ᠪᠣᠯᠬᠤ ᠦᠭᠡᠢ᠃
   7. ᠶᠠᠮᠠᠷ ᠪᠠᠶ᠋ᠢᠳᠠᠯ ᠳᠣᠣᠷ᠎ᠠ ᠰᠢᠨ᠎ᠡ ᠡᠭᠦᠯᠳᠡᠷ᠎ᠤᠨ ᠡᠷᠬᠡᠲᠦ ᠬᠥᠮᠦᠨ ᠵᠶ᠋ᠠᠷ ᠵᠥᠪᠰᠢᠶᠡᠷᠡᠭᠦᠯᠬᠦ ᠦᠭᠡᠢ᠎ᠪᠠᠷ ᠡᠷᠬᠡ ᠣᠯᠤᠭᠰᠠᠨ ᠰᠢᠨ᠎ᠡ ᠡᠭᠦᠯᠳᠡᠷ᠎ᠢ ᠬᠡᠷᠡᠭᠯᠡᠵᠦ ᠪᠣᠯᠬᠤ ᠪᠤᠢ?
    ᠳᠣᠣᠷ᠎ᠠ ᠵᠢᠭᠰᠠᠭ᠋ᠠᠭᠰᠠᠨ ᠪᠠᠶ᠋ᠢᠳᠠᠯ᠎ᠤᠨ ᠳᠣᠣᠷ᠎ᠠ ᠡᠷᠬᠡ ᠣᠯᠤᠭᠰᠠᠨ ᠰᠢᠨ᠎ᠡ ᠡᠭᠦᠯᠳᠡᠷ᠎ᠢ ᠬᠡᠷᠡᠭᠯᠡᠭᠰᠡᠨ ᠪᠠᠶ᠋ᠢᠪᠠᠯ᠂ ᠰᠢᠨ᠎ᠡ ᠡᠭᠦᠯᠳᠡᠷ᠎ᠤᠨ ᠡᠷᠬᠡᠲᠦ ᠬᠥᠮᠦᠨ ᠵᠶ᠋ᠠᠷ ᠵᠥᠪᠰᠢᠶᠡᠷᠡᠭᠦᠯᠬᠦ ᠦᠭᠡᠢ ᠪᠠᠶ᠋ᠢᠵᠤ ᠪᠣᠯᠬᠤ ᠪᠥᠭᠡᠳ ᠲᠡᠭᠦᠨ᠎ᠳᠤ ᠬᠡᠷᠡᠭᠯᠡᠬᠦ ᠰᠦᠢ᠍ᠳᠬᠡᠯ ᠲᠤᠰᠢᠶᠠᠬᠤ ᠦᠭᠡᠶ ᠪᠠᠢ᠍ᠵᠤ ᠪᠣᠯᠤᠨ᠎ᠠ᠃ ᠭᠡᠪᠡᠴᠦ 《ᠤᠷᠭᠤᠮᠠᠯ᠎ᠤᠨ ᠰᠢᠨ᠎ᠡ ᠡᠭᠦᠯᠳᠡᠷ᠎ᠤᠨ ᠬᠠᠮᠠᠭ᠋ᠠᠯᠠᠯᠲᠠ ᠵᠢᠨ ᠲᠦᠷᠢᠮ》 ᠶᠣᠰᠣᠭ᠋ᠠᠷ ᠰᠢᠨ᠎ᠡ ᠡᠭᠦᠯᠳᠡᠷ᠎ᠤᠨ ᠡᠷᠬᠡᠲᠦ ᠬᠥᠮᠦᠨ᠎ᠤ ᠡᠳ᠋ᠯᠡᠬᠦ ᠪᠤᠰᠤᠳ ᠡᠷᠬᠡ᠎ᠲᠠᠢ ᠬᠠᠯᠳᠠᠵᠤ ᠪᠣᠯᠬᠤ ᠦᠭᠡᠢ᠄ (ᠨᠢᠭᠡ) ᠡᠷᠬᠡ ᠣᠯᠤᠭᠰᠠᠨ ᠰᠢᠨ᠎ᠡ ᠡᠭᠦᠯᠳᠡᠷ᠎ᠢ ᠠᠰᠢᠭᠯᠠᠨ ᠦᠷ᠎ᠡ ᠪᠣᠶ᠋ᠢᠵᠢᠭᠤᠯᠬᠤ ᠵᠢᠴᠢ ᠪᠤᠰᠤᠳ ᠰᠢᠨᠵᠢᠯᠡᠬᠦ ᠤᠬᠠᠭ᠋ᠠᠨ᠎ᠤ ᠰᠤᠳᠤᠯᠭ᠋ᠠᠨ᠎ᠤ ᠠᠵᠢᠯᠯᠠᠭ᠎ᠠ ᠬᠢᠬᠦ᠃ (ᠬᠣᠶᠠᠷ) ᠲᠠᠷᠢᠶᠠᠴᠢᠳ ᠡᠷᠬᠡ ᠣᠯᠤᠭᠰᠠᠨ ᠰᠢᠨ᠎ᠡ ᠡᠭᠦᠯᠳᠡᠷ᠎ᠤᠨ ᠪᠣᠢ᠌ᠵᠢᠭ᠋ᠠᠯᠤᠯᠲᠠ ᠵᠢᠨ ᠮᠠᠲ᠋ᠧᠷᠢᠶᠠᠯ ᠵᠶ᠋ᠠᠷ ᠥᠪᠡᠷᠲᠡᠭᠡᠨ ᠦᠷᠡᠵᠢᠭᠦᠯᠵᠦ ᠥᠪᠡᠷᠲᠡᠭᠡᠨ ᠬᠡᠷᠡᠭᠯᠡᠬᠦ᠃
   8. ᠤᠷᠭᠤᠮᠠᠯ᠎ᠤᠨ ᠰᠢᠨ᠎ᠡ ᠡᠭᠦᠯᠳᠡᠷ᠎ᠤᠨ ᠡᠷᠬᠡ ᠵᠢ ᠬᠠᠮᠠᠭ᠋ᠠᠯᠠᠬᠤ ᠬᠤᠭᠤᠴᠠᠭ᠎ᠠ᠎ᠨᠢ ᠬᠡᠳᠦᠶ ᠤᠷᠳᠤ ᠪᠠᠶ᠋ᠢᠳᠠᠭ ᠪᠤᠢ?
    ᠤᠷᠭᠤᠮᠠᠯ᠎ᠤᠨ ᠰᠢᠨ᠎ᠡ ᠡᠭᠦᠯᠳᠡᠷ᠎ᠤᠨ ᠡᠷᠬᠡ ᠵᠢ ᠬᠠᠮᠠᠭ᠋ᠠᠯᠠᠬᠤ ᠬᠤᠭᠤᠴᠠᠭ᠎ᠠ᠎ᠨᠢ ᠡᠷᠬᠡ ᠣᠯᠭᠣᠭᠰᠠᠨ ᠡᠳᠦᠷ᠎ᠠᠴᠠ ᠡᠬᠢᠯᠡᠨ ᠲᠡᠩᠰᠡᠯᠢᠭ ᠤᠷᠭᠤᠮᠠᠯ᠂ ᠤᠢ ᠮᠣᠳᠤ᠂ ᠵᠢᠮᠢᠰ᠎ᠤᠨ ᠮᠣᠳᠣ ᠪᠠ ᠦᠵᠡᠮᠦᠷᠢ ᠵᠢᠨ ᠮᠣᠳᠣ ᠪᠣᠯ 20 ᠵᠢᠯ᠂ ᠪᠤᠰᠤᠳ ᠤᠷᠭᠤᠮᠠᠯ 15 ᠵᠢᠯ ᠪᠣᠯᠤᠨ᠎ᠠ᠃
   9 . ᠤᠷᠭᠤᠮᠠᠯ᠎ᠤᠨ ᠰᠢᠨ᠎ᠡ ᠡᠭᠦᠯᠳᠡᠷ᠎ᠤᠨ ᠡᠷᠬᠡ᠎ᠳᠤ ᠬᠠᠯᠳᠠᠭᠰᠠᠨ ᠦᠢ᠍ᠯᠡ ᠠᠵᠢᠯᠯᠠᠭ᠎ᠠ᠎ᠳᠤ ᠶᠠᠭᠤ ᠶᠠᠭᠤ ᠪᠠᠶ᠋ᠢᠳᠠᠭ ᠪᠤᠢ?
   《ᠤᠷᠭᠤᠮᠠᠯ᠎ᠤᠨ ᠰᠢᠨ᠎ᠡ ᠡᠭᠦᠯᠳᠡᠷ᠎ᠤᠨ ᠬᠠᠮᠠᠭ᠋ᠠᠯᠠᠯᠲᠠ ᠵᠢᠨ ᠳᠦᠷᠢᠮ》᠎ᠤᠨ ᠲᠣᠭᠲᠠᠭ᠋ᠠᠯ ᠵᠶ᠋ᠠᠷ ᠡᠭᠦᠯᠳᠡᠷ᠎ᠤᠨ ᠡᠷᠬᠡᠲᠦ ᠬᠥᠮᠦᠨ᠎ᠤ ᠵᠥᠪᠰᠢᠶᠡᠷᠡᠯ ᠦᠭᠡᠢ᠎ᠪᠠᠷ ᠬᠤᠳᠠᠯᠳᠤᠭ᠋ᠠᠨ᠎ᠤ ᠵᠣᠷᠢᠯᠭ᠎ᠠ᠎ᠪᠠᠷ ᠡᠷᠬᠡ ᠣᠯᠭᠣᠭᠰᠠᠨ ᠡᠭᠦᠯᠳᠡᠷ᠎ᠤᠨ ᠪᠣᠢ᠌ᠵᠢᠭ᠋ᠠᠯᠤᠯᠲᠠ ᠵᠢᠨ ᠮᠠᠲ᠋ᠧᠷᠢᠶᠠᠯ᠎ᠢ ᠦᠢ᠍ᠯᠡᠳᠪᠦᠷᠢᠯᠡᠭᠰᠡᠨ ᠪᠤᠶᠤ ᠪᠣᠷᠣᠯᠠᠭᠤᠯᠤᠭᠰᠠᠨ ᠪᠠᠶ᠋ᠢᠪᠠᠯ ᠴᠥᠮ ᠤᠷᠭᠤᠮᠠᠯ᠎ᠤᠨ ᠰᠢᠨ᠎ᠡ ᠡᠭᠦᠯᠳᠡᠷ᠎ᠤᠨ ᠡᠷᠬᠡ᠎ᠳᠤ ᠬᠠᠯᠳᠠᠭᠰᠠᠨ ᠶᠠᠪᠤᠳᠠᠯ᠎ᠳᠤ ᠲᠣᠭ᠋ᠠᠴᠢᠭᠳᠠᠨ᠎ᠠ᠃ 《ᠲᠠᠷᠢᠶᠠᠯᠠᠩ᠎ᠤᠨ ᠤᠷᠭᠤᠮᠠᠯ᠎ᠤᠨ ᠰᠢᠨ᠎ᠡ ᠡᠭᠦᠯᠳᠡᠷ᠎ᠤᠨ ᠡᠷᠬᠡ ᠵᠢᠨ ᠡᠷᠬᠡ᠎ᠳᠤ ᠬᠠᠯᠳᠠᠭᠰᠠᠨ ᠬᠡᠷᠡᠭ᠎ᠢ ᠰᠢᠶᠳᠪᠦᠷᠢᠯᠡᠬᠦ ᠲᠣᠭᠲᠠᠭ᠋ᠠᠯ》 ᠵᠶ᠋ᠠᠷ ᠡᠭᠦᠯᠳᠡᠷ᠎ᠤᠨ ᠡᠷᠬᠡᠲᠦ ᠬᠥᠮᠦᠨ᠎ᠤ ᠵᠥᠪᠰᠢᠶᠡᠷᠡᠯ ᠦᠭᠡᠢ᠎ᠪᠠᠷ ᠬᠤᠳᠠᠯᠳᠤᠭ᠋ᠠᠨ᠎ᠤ ᠵᠣᠷᠢᠯᠭ᠎ᠠ᠎ᠪᠠᠷ ᠦᠢ᠍ᠯᠡᠳᠪᠦᠷᠢᠯᠡᠭᠰᠡᠨ ᠪᠤᠶᠤ ᠪᠣᠷᠣᠯᠠᠭᠤᠯᠤᠭᠰᠠᠨ ᠡᠷᠬᠡ ᠣᠯᠭᠣᠭᠰᠠᠨ ᠡᠭᠦᠯᠳᠡᠷ᠎ᠤᠨ ᠪᠣᠢ᠌ᠵᠢᠭ᠋ᠠᠯᠤᠯᠲᠠ ᠵᠢᠨ ᠮᠠᠲ᠋ᠧᠷᠢᠶᠠᠯ ᠵᠢᠴᠢ ᠲᠤᠰ ᠡᠷᠬᠡ ᠣᠯᠭᠣᠭᠰᠠᠨ ᠡᠭᠦᠯᠳᠡᠷ᠎ᠤᠨ ᠪᠣᠢ᠌ᠵᠢᠭ᠋ᠠᠯᠤᠯᠲᠠ ᠵᠢᠨ ᠮᠠᠲ᠋ᠧᠷᠢᠶᠠᠯ᠎ᠢ ᠥᠭᠡᠷ᠎ᠡ ᠨᠢᠭᠡ ᠵᠦᠢ᠍ᠯ᠎ᠤᠨ ᠡᠭᠦᠯᠳᠡᠷ᠎ᠤᠨ ᠪᠣᠢ᠌ᠵᠢᠭ᠋ᠠᠯᠤᠯᠲᠠ ᠵᠢᠨ ᠮᠠᠲ᠋ᠧᠷᠢᠶᠠᠯ᠎ᠢ ᠦᠢ᠍ᠯᠡᠳᠪᠦᠷᠢᠯᠡᠬᠦ᠎ᠳᠤ ᠲᠠᠬᠢᠨ ᠳᠠᠪᠲᠠᠨ ᠬᠡᠷᠡᠭᠯᠡᠭᠰᠡᠨ ᠦᠢ᠍ᠯᠡ ᠠᠵᠢᠯᠯᠠᠭ᠎ᠠ᠃
   10. ᠤᠷᠭᠤᠮᠠᠯ᠎ᠤᠨ ᠰᠢᠨ᠎ᠡ ᠡᠭᠦᠯᠳᠡᠷ᠎ᠤᠨ ᠡᠷᠬᠡ᠎ᠨᠢ ᠬᠠᠯᠳᠠᠯᠭ᠎ᠠ᠎ᠳᠤ ᠤᠴᠠᠷᠠᠭᠰᠠᠨ ᠪᠣᠯ ᠶᠠᠮᠠᠷ ᠠᠷᠭ᠎ᠠ᠎ᠪᠠᠷ ᠳᠡᠮᠵᠢᠵᠦ ᠡᠷᠬᠡ᠎ᠪᠠᠨ ᠬᠠᠮᠠᠭ᠋ᠠᠯᠠᠬᠤ ᠪᠤᠶ?
   (ᠨᠢᠭᠡ) ᠡᠭᠦᠯᠳᠡᠷ᠎ᠤᠨ ᠡᠷᠬᠡᠲᠦ ᠬᠥᠮᠦᠨ ᠪᠤᠶᠤ ᠠᠰᠢᠭ ᠬᠣᠣᠷ᠎ᠤᠨ ᠬᠠᠷᠢᠴᠠᠭ᠎ᠠ᠎ᠲᠠᠢ ᠬᠥᠮᠦᠨ᠎ᠨᠢ ᠭᠤᠶᠤᠴᠢᠯᠠᠯ ᠲᠠᠪᠰᠢᠭᠦᠯᠵᠦ ᠪᠣᠯᠤᠨ᠎ᠠ᠂ ᠮᠤᠵᠢ ᠵᠢᠨ ᠱᠠᠲᠤᠨ᠎ᠠᠴᠠ ᠳᠡᠭᠡᠭᠰᠢᠬᠢ ᠠᠷᠠᠳ᠎ᠤᠨ ᠵᠠᠰᠠᠭ᠎ᠤᠨ ᠣᠷᠳᠣᠨ᠎ᠤ ᠲᠠᠷᠢᠶᠠᠯᠠᠩ᠂ ᠤᠢ ᠰᠢᠭᠤᠶ ᠵᠢᠨ ᠵᠠᠰᠠᠭ ᠵᠠᠬᠢᠷᠭ᠋ᠠᠨ᠎ᠤ ᠰᠠᠯᠠᠭ᠎ᠠ ᠮᠥᠴᠢᠷ᠎ᠠᠴᠠ ᠲᠤᠰ ᠲᠤᠰ᠎ᠤᠨ ᠡᠷᠬᠡ ᠲᠤᠰᠢᠶᠠᠯ ᠵᠶ᠋ᠠᠨ ᠦᠨᠳᠦᠰᠦᠯᠡᠨ ᠰᠢᠢ᠍ᠳᠪᠦᠷᠢᠯᠡᠨ᠎ᠡ;
   (ᠬᠣᠶᠠᠷ) ᠡᠭᠦᠯᠳᠡᠷ᠎ᠤᠨ ᠡᠷᠬᠡᠲᠦ ᠬᠥᠮᠦᠨ ᠪᠤᠶᠤ ᠠᠰᠢᠭ ᠬᠣᠣᠷ᠎ᠤᠨ ᠬᠠᠷᠢᠴᠠᠭ᠎ᠠ᠎ᠲᠠᠢ ᠬᠥᠮᠦᠨ᠎ᠨᠢ ᠠᠷᠠᠳ᠎ᠤᠨ ᠳᠡᠭᠡᠳᠦ ᠵᠡᠷᠭᠡ ᠵᠢᠨ ᠰᠢᠭᠦᠬᠦ ᠬᠣᠷᠢᠶᠠᠨ᠎ᠳᠤ ᠰᠢᠭᠤᠳ ᠵᠠᠭ᠋ᠠᠯᠳᠤᠵᠤ ᠪᠣᠯᠤᠨ᠎ᠠ;
   (ᠭᠤᠷᠪᠠ) ᠮᠤᠵᠢ ᠵᠢᠨ ᠱᠠᠲᠤᠨ᠎ᠠᠴᠠ ᠳᠡᠭᠡᠭᠰᠢᠬᠢ ᠠᠷᠠᠳ᠎ᠤᠨ ᠵᠠᠰᠠᠭ᠎ᠤᠨ ᠣᠷᠳᠣᠨ᠎ᠤ ᠲᠠᠷᠢᠶᠠᠯᠠᠩ᠂ ᠤᠢ ᠰᠢᠭᠤᠶ ᠵᠢᠨ ᠵᠠᠰᠠᠭ ᠵᠠᠬᠢᠷᠭ᠋ᠠᠨ᠎ᠤ ᠰᠠᠯᠠᠭ᠎ᠠ ᠮᠥᠴᠢᠷ᠎ᠠᠴᠠ ᠲᠤᠰ ᠲᠤᠰ᠎ᠤᠨ ᠡᠷᠬᠡ ᠲᠤᠰᠢᠶᠠᠯ ᠵᠶ᠋ᠠᠨ ᠦᠨᠳᠦᠰᠦᠯᠡᠨ᠂ ᠲᠤᠬᠠᠶ ᠵᠢᠨ ᠬᠥᠮᠦᠨ᠎ᠤ ᠰᠠᠢ᠍ᠢ᠍ᠨ ᠳᠤᠷ᠎ᠠ ᠵᠢᠨ ᠵᠠᠷᠴᠢᠮ᠎ᠢ ᠦᠨᠳᠦᠰᠦᠯᠡᠨ᠂ ᠡᠷᠬᠡ᠎ᠳᠤ ᠬᠠᠯᠳᠠᠭ᠋ᠠᠳ ᠤᠴᠠᠷᠠᠭᠤᠯᠤᠭᠰᠠᠨ ᠬᠣᠬᠢᠷᠠᠯ᠎ᠤᠨ ᠲᠥᠯᠥᠪᠦᠷᠢ ᠵᠢᠨ ᠡᠶᠡᠳᠡᠭᠦᠯᠭᠡ ᠬᠢᠵᠦ ᠪᠣᠯᠤᠨ᠎ᠠ᠃ ᠡᠶᠡᠳᠡᠭᠦᠯᠦᠭᠡᠳ ᠬᠡᠯᠡᠯᠴᠡᠭᠡᠷ ᠳᠣᠭᠢᠷᠬᠠᠰᠠᠨ ᠪᠠᠶ᠋ᠢᠪᠠᠯ᠂ ᠲᠤᠬᠠᠶ ᠵᠢᠨ ᠬᠥᠮᠦᠨ᠎ᠨᠢ ᠬᠡᠯᠡᠯᠴᠡᠭᠡᠷ᠎ᠢ ᠭᠦᠢ᠍ᠴᠡᠳᠬᠡᠬᠦ ᠬᠡᠷᠡᠭᠲᠡᠶ᠃ ᠡᠶᠡᠳᠡᠭᠦᠯᠦᠭᠡᠳ ᠬᠡᠯᠡᠯᠴᠡᠭᠡᠷ ᠳᠣᠭᠢᠷᠬᠠᠰᠠᠨ ᠦᠭᠡᠢ ᠪᠠᠶ᠋ᠢᠪᠠᠯ ᠡᠭᠦᠯᠳᠡᠷ᠎ᠤᠨ ᠡᠷᠬᠡᠲᠦ ᠬᠥᠮᠦᠨ ᠪᠤᠶᠤ ᠠᠰᠢᠭ ᠬᠣᠣᠷ᠎ᠤᠨ ᠬᠠᠷᠢᠴᠠᠭ᠎ᠠ᠎ᠲᠠᠢ ᠬᠥᠮᠦᠨ᠎ᠨᠢ ᠢᠷᠭᠡᠨ᠎ᠤ ᠵᠠᠷᠭᠤ ᠵᠢᠨ ᠳᠡᠰ ᠳᠠᠷᠠᠭ᠋ᠠᠯᠠᠯ ᠵᠶ᠋ᠠᠷ ᠠᠷᠠᠳ᠎ᠤᠨ ᠳᠡᠭᠡᠳᠦ ᠵᠡᠷᠭᠡ ᠵᠢᠨ ᠰᠢᠭᠦᠬᠦ ᠬᠣᠷᠢᠶᠠᠨ᠎ᠳᠤ ᠵᠠᠭ᠋ᠠᠯᠳᠤᠵᠤ ᠪᠣᠯᠤᠨ᠎ᠠ;
   (ᠲᠦᠷᠪᠡ) ᠮᠡᠳᠡᠯᠭᠡ ᠵᠢᠨ ᠥᠮᠴᠢᠯᠡᠯ᠎ᠤᠨ ᠡᠷᠬᠡ ᠵᠢ ᠬᠠᠮᠠᠭ᠋ᠠᠯᠠᠬᠤ <12312> ᠤᠲᠠᠰᠤ ᠪᠤᠶᠤ ᠢᠯᠡᠴᠢᠯᠡᠨ ᠮᠡᠳᠡᠭᠦᠯᠵᠦ ᠵᠠᠭ᠋ᠠᠯᠳᠣᠬᠤ ᠦᠢ᠍ᠯᠡᠴᠢᠯᠡᠭᠡᠨ᠎ᠤ ᠲᠥᠪ᠎ᠲᠤ < 12330> ᠤᠲᠠᠰᠤ᠎ᠪᠠᠷ ᠵᠠᠭ᠋ᠠᠯᠳᠤᠵᠤ ᠪᠣᠯᠤᠨ᠎ᠠ᠃
   11. ᠤᠷᠭᠤᠮᠠᠯ᠎ᠤᠨ ᠰᠢᠨ᠎ᠡ ᠡᠭᠦᠯᠳᠡᠷ᠎ᠤᠨ ᠡᠷᠬᠡ᠎ᠳᠤ ᠬᠠᠯᠳᠠᠭᠰᠠᠨ ᠪᠣᠯ ᠵᠠᠰᠠᠭ ᠵᠠᠬᠢᠷᠭ᠋ᠠᠨ᠎ᠤ ᠰᠠᠯᠠᠭ᠎ᠠ ᠮᠥᠴᠢᠷ᠎ᠠᠴᠠ ᠬᠡᠷᠬᠢᠨ ᠰᠢᠶᠳᠪᠦᠷᠢᠯᠡᠬᠦ ᠪᠤᠢ?
    ᠮᠤᠵᠢ ᠵᠢᠨ ᠱᠠᠲᠤᠨ᠎ᠠᠴᠠ ᠳᠡᠭᠡᠭᠰᠢᠬᠢ ᠠᠷᠠᠳ᠎ᠤᠨ ᠵᠠᠰᠠᠭ᠎ᠤᠨ ᠣᠷᠳᠣᠨ᠎ᠤ ᠲᠠᠷᠢᠶᠠᠯᠠᠩ᠂ ᠤᠢ ᠰᠢᠭᠤᠶ ᠵᠢᠨ ᠵᠠᠰᠠᠭ ᠵᠠᠬᠢᠷᠭ᠋ᠠᠨ᠎ᠤ ᠰᠠᠯᠠᠭ᠎ᠠ ᠮᠥᠴᠢᠷ᠎ᠠᠴᠠ ᠲᠤᠰ ᠲᠤᠰ᠎ᠤᠨ ᠡᠷᠬᠡ ᠲᠤᠰᠢᠶᠠᠯ ᠵᠶ᠋ᠠᠨ ᠦᠨᠳᠦᠰᠦᠯᠡᠨ ᠡᠭᠦᠯᠳᠡᠷ᠎ᠤᠨ ᠡᠷᠬᠡ᠎ᠳᠤ ᠬᠠᠯᠳᠠᠭᠰᠠᠨ ᠬᠡᠷᠡᠭ᠎ᠢ ᠰᠢᠶᠳᠪᠦᠷᠢᠯᠡᠬᠦ ᠦᠶ᠎ᠡ᠎ᠳᠤ᠂ ᠨᠡᠶ᠋ᠢᠭᠡᠮ ᠨᠡᠶ᠋ᠢᠲᠡ ᠵᠢᠨ ᠠᠰᠢᠭ ᠲᠤᠰᠠ ᠵᠢ ᠬᠠᠮᠠᠭ᠋ᠠᠯᠠᠬᠤ ᠵᠢᠨ ᠲᠥᠯᠥᠭᠡ᠂ ᠡᠷᠬᠡ᠎ᠳᠤ ᠬᠠᠯᠳᠠᠭᠰᠠᠨ ᠬᠥᠮᠦᠨ᠎ᠤ ᠡᠷᠬᠡᠨ᠎ᠳᠤ ᠬᠠᠯᠳᠠᠭᠰᠠᠨ ᠠᠵᠢᠯᠯᠠᠭ᠎ᠠ ᠵᠢ᠎ᠨᠢ ᠵᠠᠷᠯᠢᠭᠳᠠᠨ ᠵᠣᠭᠰᠤᠭ᠋ᠠᠵᠤ ᠪᠣᠯᠤᠨ᠎ᠠ᠂ ᠬᠠᠤᠯᠢ᠎ᠠᠴᠠ ᠵᠥᠷᠢᠴᠡᠵᠦ ᠣᠯᠤᠭᠰᠠᠨ ᠣᠯᠵᠠ ᠠᠰᠢᠭ᠎ᠢ᠎ᠨᠢ ᠬᠣᠷᠢᠶᠠᠮᠵᠢᠯᠠᠨ ᠠᠪᠴᠤ᠂ ᠬᠠᠤᠯᠢ᠎ᠠᠴᠠ ᠵᠥᠷᠢᠴᠡᠵᠦ ᠣᠯᠤᠭᠰᠠᠨ ᠣᠯᠵᠠ ᠠᠰᠢᠭ᠎ᠤᠨ ᠲᠠᠪᠤᠨ ᠲᠡᠬᠢᠠ᠎ᠠᠴᠠ ᠳᠣᠷᠤᠭᠰᠢ ᠵᠣᠭᠣᠰ ᠵᠶ᠋ᠠᠷ ᠲᠣᠷᠭ᠋ᠠᠬᠤ᠎ᠪᠠᠷ ᠨᠡᠶ᠋ᠢᠯᠡᠭᠦᠯᠦᠨ ᠰᠢᠳᠬᠡᠵᠦ ᠪᠣᠯᠤᠨ᠎ᠠ᠃
   12. ᠬᠤᠳᠠᠯ ᠵᠶ᠋ᠠᠷ ᠲᠠᠷᠢᠶᠠᠯᠠᠩ᠎ᠤᠨ ᠤᠷᠭᠤᠮᠠᠯ᠎ᠤᠨ ᠰᠢᠨ᠎ᠡ ᠡᠭᠦᠯᠳᠡᠷ᠎ᠲᠤ ᠡᠷᠬᠡ ᠣᠯᠭᠣᠭᠰᠠᠨ ᠦᠢ᠍ᠯᠡ ᠠᠵᠢᠯᠯᠠᠭ᠎ᠠ᠎ᠨᠢ ᠶᠠᠭᠤ ᠶᠠᠭᠤ ᠪᠠᠶ᠋ᠢᠳᠠᠭ ᠪᠤᠢ?
   (ᠨᠢᠭᠡ) ᠬᠠᠭᠤᠷᠮᠠᠭᠯᠠᠨ ᠵᠣᠬᠢᠶᠠᠭᠰᠠᠨ ᠭᠡᠷᠡᠴᠢ ᠪᠢᠴᠢᠭ᠂ ᠰᠢᠨ᠎ᠡ ᠡᠭᠦᠯᠳᠡᠷ᠎ᠤᠨ ᠡᠷᠬᠡ ᠭᠤᠶᠤᠴᠢᠯᠠᠭᠰᠠᠨ ᠨᠣᠮᠧᠷ᠂ ᠰᠢᠨ᠎ᠡ ᠡᠭᠦᠯᠳᠡᠷ᠎ᠤᠨ ᠡᠷᠬᠡ ᠵᠢᠨ ᠨᠣᠮᠧᠷ ᠪᠤᠶᠤ ᠪᠤᠰᠤᠳ ᠰᠢᠨ᠎ᠡ ᠡᠭᠦᠯᠳᠡᠷ᠎ᠤᠨ ᠡᠷᠬᠡ ᠵᠢᠨ ᠭᠤᠶᠤᠴᠢᠯᠠᠯ᠎ᠤᠨ ᠲᠡᠮᠳᠡᠭ᠂ ᠰᠢᠨ᠎ᠡ ᠡᠭᠦᠯᠳᠡᠷ᠎ᠤᠨ ᠡᠷᠬᠡᠲᠦ ᠲᠡᠮᠳᠡᠭ᠎ᠢ ᠳᠠᠷᠤᠮᠯᠠᠯᠠᠨ ᠦᠢ᠍ᠯᠡᠳᠦᠭᠰᠡᠨ ᠪᠤᠶᠤ ᠬᠡᠷᠡᠭᠯᠡᠭᠰᠡᠨ;
   (ᠬᠣᠶᠠᠷ) ᠨᠢᠭᠡᠨᠲᠡ ᠪᠤᠴᠠᠭ᠋ᠠᠭᠰᠠᠨ᠂ ᠪᠤᠴᠠᠭ᠋ᠠᠵᠤ ᠠᠪᠤᠭᠰᠠᠨ ᠬᠡᠵᠤ ᠦᠵᠡᠭᠰᠡᠨ ᠪᠤᠶᠤ ᠪᠤᠴᠠᠭ᠋ᠠᠵᠤ ᠠᠪᠤᠭᠰᠠᠨ ᠡᠭᠦᠯᠳᠡᠷ᠎ᠤᠨ ᠡᠷᠬᠡ ᠵᠢᠨ ᠭᠤᠶᠤᠴᠢᠯᠠᠯ᠎ᠤᠨ ᠭᠤᠶᠤᠴᠢᠯᠠᠭᠰᠠᠨ ᠳ᠋ᠤᠭ᠋ᠠᠷ ᠪᠤᠶᠤ ᠪᠤᠰᠤᠳ ᠡᠯᠭᠦᠳᠡᠷ᠎ᠤᠨ ᠡᠷᠬᠡ ᠵᠢᠨ ᠭᠤᠶᠤᠴᠢᠯᠠᠯ᠎ᠤᠨ ᠲᠡᠮᠳᠡᠭ ᠳᠠᠷᠤᠮᠯᠠᠯᠠᠨ ᠦᠢ᠍ᠯᠡᠳᠦᠭᠰᠡᠨ ᠪᠤᠶᠤ ᠬᠡᠷᠡᠭᠯᠡᠭᠰᠡᠨ;
   (ᠭᠤᠷᠪᠠ) ᠨᠢᠭᠡᠨᠲᠡ ᠳᠠᠭᠤᠰᠤᠭᠰᠠᠨ ᠪᠤᠶᠤ ᠬᠦᠴᠦᠨ ᠦᠭᠡᠢ᠎ᠪᠠᠷ ᠵᠠᠷᠯᠠᠭᠳᠠᠭᠰᠠᠨ ᠰᠢᠨ᠎ᠡ ᠡᠭᠦᠯᠳᠡᠷ᠎ᠤᠨ ᠭᠡᠷᠡᠴᠢ ᠪᠢᠴᠢᠭ᠂ ᠰᠢᠨ᠎ᠡ ᠡᠭᠦᠯᠳᠡᠷ᠎ᠤᠨ ᠡᠷᠬᠡ ᠵᠢᠨ ᠨᠣᠮᠧᠷ ᠪᠤᠶᠤ ᠪᠤᠰᠤᠳ ᠰᠢᠨ᠎ᠡ ᠡᠭᠦᠯᠳᠡᠷ᠎ᠤᠨ ᠡᠷᠬᠡᠲᠦ ᠲᠡᠮᠳᠡᠭ ᠳᠠᠷᠤᠮᠯᠠᠯᠠᠨ ᠦᠢ᠍ᠯᠡᠳᠦᠭᠰᠡᠨ ᠪᠤᠶᠤ ᠬᠡᠷᠡᠭᠯᠡᠭᠰᠡᠨ;
   (ᠲᠦᠷᠪᠡ) ᠨᠢᠭᠡᠳᠦᠭᠡᠷ ᠵᠤᠷᠪᠤᠰ᠂ ᠬᠣᠶᠠᠳᠤᠭ᠋ᠠᠷ ᠵᠤᠷᠪᠤᠰ ᠪᠣᠯᠤᠨ ᠭᠤᠷᠪᠠᠳᠤᠭ᠋ᠠᠷ ᠵᠤᠷᠪᠤᠰ᠎ᠲᠤ ᠲᠡᠮᠲᠡᠭᠯᠡᠭᠰᠡᠨ ᠡᠭᠦᠯᠳᠡᠷ ᠪᠣᠯᠤᠨ ᠬᠠᠭᠤᠷᠮᠠᠭᠯᠠᠭᠰᠠᠨ ᠭᠤᠶᠤᠴᠢᠯᠠᠯ ᠪᠤᠶᠤ ᠡᠷᠬᠡ ᠣᠯᠭᠤᠭᠰᠠᠨ ᠡᠭᠦᠯᠳᠡᠷ᠎ᠤᠨ ᠨᠡᠷᠡᠶ᠋ᠢᠳᠦᠯ᠎ᠢ ᠦᠢ᠍ᠯᠡᠳᠪᠦᠷᠢᠯᠡᠭᠰᠡᠨ ᠪᠤᠶᠤ ᠪᠣᠷᠤᠯᠠᠭᠤᠯᠤᠭᠰᠠᠨ;
   (ᠲᠠᠪᠤ) ᠡᠷᠬᠡ ᠣᠯᠭᠣᠭᠰᠠᠨ ᠡᠭᠦᠯᠳᠡᠷ᠎ᠢ ᠪᠣᠷᠣᠯᠠᠭᠤᠯᠬᠤ᠎ᠳᠤ ᠲᠡᠭᠦᠨ᠎ᠤ ᠳᠠᠩᠰᠠᠯᠠᠭᠤᠯᠤᠨ ᠪᠦᠷᠢᠳᠬᠡᠭᠦᠯᠦᠭᠰᠡᠨ ᠨᠡᠷᠡᠶ᠋ᠢᠳᠦᠯ᠎ᠢ ᠦᠯᠦ ᠬᠡᠷᠡᠭᠯᠡᠭᠰᠡᠨ;
   (ᠵᠢᠷᠭᠤᠭ᠎ᠠ) ᠡᠭᠦᠯᠳᠡᠷ᠎ᠤᠨ ᠡᠷᠬᠡᠲᠦ ᠪᠤᠰᠤ ᠡᠭᠦᠯᠳᠡᠷ᠎ᠢ ᠡᠷᠬᠡᠲᠦ ᠡᠭᠦᠯᠳᠡᠷ ᠬᠡᠵᠤ ᠬᠥᠮᠦᠨ᠎ᠳᠤ ᠦᠨᠡᠮᠰᠢᠭᠦᠯᠬᠦ ᠪᠤᠰᠤᠳ ᠦᠢ᠍ᠯᠡ ᠠᠵᠢᠯᠯᠠᠭ᠎ᠠ;
   13. ᠤᠢ ᠰᠢᠭᠤᠶ ᠵᠢᠨ ᠤᠷᠭᠤᠮᠠᠯ᠎ᠤᠨ ᠰᠢᠨ᠎ᠡ ᠡᠭᠦᠯᠳᠡᠷ ᠬᠤᠳᠠᠯ ᠵᠶ᠋ᠠᠷ᠎ᠲᠤ ᠡᠷᠬᠡ ᠣᠯᠭᠣᠭᠰᠠᠨ ᠦᠢ᠍ᠯᠡ ᠠᠵᠢᠯᠯᠠᠭ᠎ᠠ᠎ᠳᠤ ᠶᠠᠭᠤ ᠶᠠᠭᠤ ᠪᠠᠶ᠋ᠢᠳᠠᠭ ᠪᠤᠢ?
   (ᠨᠢᠭᠡ) ᠬᠠᠭᠤᠷᠮᠠᠭᠯᠠᠨ ᠦᠢ᠍ᠯᠡᠳᠦᠭᠰᠡᠨ ᠰᠢᠨ᠎ᠡ ᠡᠭᠦᠯᠳᠡᠷ᠎ᠤᠨ ᠡᠷᠬᠡ ᠵᠢᠨ ᠭᠡᠷᠡᠴᠢ ᠪᠢᠴᠢᠭ᠂ ᠰᠢᠨ᠎ᠡ ᠡᠭᠦᠯᠳᠡᠷ᠎ᠤᠨ ᠡᠷᠬᠡ ᠵᠢᠨ ᠨᠤᠮᠤᠷ᠎ᠢ ᠬᠡᠷᠡᠭᠯᠡᠭᠰᠡᠨ;
   (ᠬᠣᠶᠠᠷ) ᠨᠢᠭᠡᠨᠲᠡ ᠳᠠᠭᠤᠰᠬᠠᠭᠰᠠᠨ ᠪᠤᠶᠤ ᠬᠦᠴᠦᠨ ᠦᠭᠡᠢ ᠰᠢᠨ᠎ᠡ ᠡᠭᠦᠯᠳᠡᠷ᠎ᠤᠨ ᠡᠷᠬᠡ ᠵᠢᠨ ᠭᠡᠷᠡᠴᠢ ᠪᠢᠴᠢᠭ᠂ ᠰᠢᠨ᠎ᠡ ᠡᠭᠦᠯᠳᠡᠷ᠎ᠤᠨ ᠡᠷᠬᠡ ᠵᠢᠨ ᠨᠤᠮᠤᠷ᠎ᠢ ᠬᠡᠷᠡᠭᠯᠡᠭᠰᠡᠨ;
   (ᠭᠤᠷᠪᠠ) ᠡᠷᠬᠡ ᠣᠯᠤᠭᠰᠠᠨ ᠦᠭᠡᠢ ᠰᠢᠨ᠎ᠡ ᠡᠭᠦᠯᠳᠡᠷ ᠵᠶ᠋ᠠᠷ ᠡᠷᠬᠡ ᠣᠯᠤᠭᠰᠠᠨ ᠰᠢᠨ᠎ᠡ ᠡᠭᠦᠯᠳᠡᠷ ᠭᠡᠵᠤ ᠬᠠᠭᠤᠷᠮᠠᠭᠯᠠᠭᠰᠠᠨ;
   (ᠲᠦᠷᠪᠡ) ᠡᠷᠬᠡ ᠣᠯᠭᠤᠭᠰᠠᠨ ᠰᠢᠨ᠎ᠡ ᠡᠭᠦᠯᠳᠡᠷ ᠵᠶ᠋ᠠᠷ ᠨᠥᠭᠥᠭᠡ ᠡᠷᠬᠡ ᠣᠯᠭᠤᠭᠰᠠᠨ ᠰᠢᠨ᠎ᠡ ᠡᠭᠦᠯᠳᠡᠷ᠎ᠢ ᠬᠠᠭᠤᠷᠮᠠᠭᠯᠠᠨ ᠣᠷᠣᠯᠠᠭᠤᠯᠤᠭᠰᠠᠨ᠃
   (ᠲᠠᠪᠤ) ᠡᠷᠬᠡ ᠣᠯᠭᠣᠭᠰᠠᠨ ᠦᠭᠡᠢ ᠰᠢᠨ᠎ᠡ ᠡᠭᠦᠯᠳᠡᠷ᠎ᠢ ᠡᠷᠬᠡ ᠣᠯᠭᠣᠭᠰᠠᠨ ᠰᠢᠨ᠎ᠡ ᠡᠭᠦᠯᠳᠡᠷ ᠭᠡᠵᠦ ᠪᠤᠰᠤᠳ᠎ᠢ ᠡᠨᠳᠡᠭᠦᠷᠡᠭᠦᠯᠦᠨ ᠮᠡᠬᠡᠯᠡᠭᠰᠡᠨ ᠠᠵᠢᠯᠯᠠᠭ᠎ᠠ᠃
   14. ᠡᠭᠦᠯᠳᠡᠷ᠎ᠤᠨ ᠡᠷᠬᠡ ᠣᠯᠭᠣᠭᠰᠠᠨ ᠬᠣᠳᠠᠯ ᠦᠢ᠍ᠯᠡ ᠠᠵᠢᠯᠯᠠᠭ᠎ᠠ ᠪᠠᠶ᠋ᠢᠪᠠᠯ ᠶᠠᠮᠠᠷ ᠬᠠᠷᠢᠭᠤᠴᠠᠯᠭ᠎ᠠ ᠡᠭᠦᠷᠭᠡᠯᠡᠬᠦ ᠪᠤᠢ?
    ᠬᠤᠳᠠᠯ ᠵᠶ᠋ᠠᠷ ᠡᠷᠬᠡ ᠣᠯᠭᠣᠭᠰᠠᠨ ᠡᠭᠦᠯᠳᠡᠷ᠎ᠢ ᠰᠢᠶᠠᠨ᠎ᠤ ᠱᠠᠲᠤᠨ᠎ᠠᠴᠠ ᠳᠡᠭᠡᠭᠰᠢᠬᠢ ᠠᠷᠠᠳ᠎ᠤᠨ ᠵᠠᠰᠠᠭ᠎ᠤᠨ ᠣᠷᠳᠣᠨ᠎ᠤ ᠲᠠᠷᠢᠶᠠᠯᠠᠩ᠂ ᠤᠢ ᠰᠢᠭᠤᠶ ᠵᠢᠨ ᠵᠠᠰᠠᠭ ᠵᠠᠬᠢᠷᠭ᠋ᠠᠨ᠎ᠤ ᠰᠠᠯᠠᠭ᠎ᠠ ᠮᠥᠴᠢᠷ᠎ᠠᠴᠠ ᠲᠤᠰ ᠲᠤᠰ᠎ᠤᠨ ᠡᠷᠬᠡ ᠲᠤᠰᠢᠶᠠᠯ ᠵᠶ᠋ᠠᠨ ᠦᠨᠳᠦᠰᠦᠯᠡᠨ᠂ ᠬᠤᠳᠠᠯ ᠬᠠᠭᠤᠷᠮᠠᠭ ᠵᠶ᠋ᠠᠷ ᠦᠢ᠍ᠯᠡᠳᠬᠦ ᠠᠵᠢᠯᠯᠠᠭ᠎ᠠ ᠵᠢ ᠵᠠᠷᠯᠢᠭᠳᠠᠨ ᠵᠣᠭᠰᠣᠭ᠋ᠠᠵᠤ᠂ ᠬᠠᠤᠯᠢ ᠵᠢ ᠵᠥᠷᠢᠴᠡᠵᠦ ᠣᠯᠤᠭᠰᠠᠨ ᠣᠯᠵᠠ ᠠᠰᠢᠭ ᠪᠠ ᠤᠷᠭᠤᠮᠠᠯ᠎ᠤᠨ ᠡᠭᠦᠯᠳᠡᠷ᠎ᠤᠨ ᠪᠣᠢ᠌ᠵᠢᠭᠣᠯᠣᠯᠲᠠ ᠵᠢᠨ ᠮᠠᠲ᠋ᠧᠷᠢᠶᠠᠯ᠎ᠢ᠎ᠨᠢ ᠬᠤᠷᠢᠶᠠᠵᠤ ᠠᠪᠬᠤ᠎ᠪᠠᠷ ᠨᠡᠶ᠋ᠢᠯᠡᠭᠦᠯᠦᠨ ᠰᠢᠳᠬᠡᠨ᠎ᠡ᠃ ᠬᠠᠤᠯᠢ᠎ᠠᠴᠠ ᠵᠥᠷᠢᠴᠡᠵᠦ ᠣᠯᠤᠭᠰᠠᠨ ᠣᠯᠵᠠ ᠠᠰᠢᠭ᠎ᠤᠨ ᠬᠢᠨᠢ 1 ᠳᠠᠬᠢᠨ᠎ᠠᠴᠠ ᠳᠡᠭᠡᠭᠰᠢ 5 ᠳᠠᠬᠢᠨ᠎ᠠᠴᠠ ᠳᠣᠷᠤᠭᠰᠢ ᠵᠣᠭᠣᠰ ᠵᠶ᠋ᠠᠷ ᠲᠣᠷᠭ᠋ᠠᠬᠤ᠎ᠪᠠᠷ ᠨᠡᠶ᠋ᠢᠯᠡᠭᠦᠯᠦᠨ ᠰᠢᠳᠬᠡᠨ᠎ᠡ᠃ ᠤᠢ᠍ᠢ᠍ᠯᠠ ᠪᠠᠶ᠋ᠢᠳᠠᠯ᠎ᠨᠢ ᠬᠦᠨᠳᠦ ᠨᠣᠴᠢᠲᠠᠶ ᠶᠠᠯ᠎ᠠ ᠪᠤᠯᠵᠤ ᠪᠦᠷᠢᠯᠳᠦᠭᠰᠡᠨ ᠪᠠᠢ᠌ᠪᠠᠯ ᠬᠠᠤᠯᠢ ᠶᠣᠰᠣᠭ᠋ᠠᠷ ᠡᠷᠡᠭᠦᠦ ᠵᠢᠨ ᠬᠠᠷᠢᠭᠤᠴᠠᠯᠭ᠎ᠠ ᠨᠡᠬᠡᠮᠵᠢᠯᠡᠨ᠎ᠡ᠃
    <!-- 12330--><!--12312--><!-- 12330--><!--12312-->

ᠢᠷᠡᠯᠲᠡ᠄
          
ᠬᠠᠮᠢᠶ᠎ᠡ ᠪᠦᠬᠦᠢ ᠰᠣᠨᠢᠨ
ᠵᠣᠬᠢᠶᠠᠯ ᠪᠦᠲᠦᠭᠡᠯ᠎ᠤᠨ ᠡᠷᠬᠡ
ᠳᠤᠰᠬᠠᠢ ᠠᠰᠢᠭ᠎ᠤᠨ ᠡᠷᠬᠡ
ᠰᠢᠨ᠎ᠡ᠎ᠪᠠᠷ ᠵᠠᠰᠠᠪᠤᠷᠢ ᠣᠷᠣᠭᠤᠯᠤᠭᠰᠠᠨ《ᠵᠣᠬᠢᠶᠠᠯ ᠪᠦᠲᠦᠭᠡᠯ᠎ᠤᠨ ᠡᠷᠬᠡ ᠵᠢᠨ ᠬᠠᠤᠯᠢ》ᠵᠢᠨ ᠬᠢᠯᠠᠰ ᠴᠡᠭ᠎ᠤᠨ ᠲᠠᠢ᠌ᠯᠤᠮᠵᠢ
 
            