ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠤᠳᠤᠷᠢᠳᠤᠯᠭ᠎ᠠ᠎ᠶᠢᠨ ᠲᠠᠨᠢᠯᠴᠠᠭᠤᠯᠭ᠎ᠠ
ᠦᠢᠯᠡᠴᠢᠯᠡᠭᠡ
ᠰᠢᠨᠵᠢᠯᠡᠭᠡ ᠮᠡᠷᠭᠡᠵᠢᠯ
ᠦᠢᠯᠡᠴᠢᠯᠡᠭᠡ   -   ᠣᠶᠣᠨ᠎ᠤ ᠥᠮᠴᠢ
ᠰᠢᠨ᠎ᠡ᠎ᠪᠠᠷ ᠵᠠᠰᠠᠪᠤᠷᠢ ᠣᠷᠣᠭᠤᠯᠤᠭᠰᠠᠨ《ᠵᠣᠬᠢᠶᠠᠯ ᠪᠦᠲᠦᠭᠡᠯ᠎ᠤᠨ ᠡᠷᠬᠡ ᠵᠢᠨ ᠬᠠᠤᠯᠢ》ᠵᠢᠨ ᠬᠢᠯᠠᠰ ᠴᠡᠭ᠎ᠤᠨ ᠲᠠᠢ᠌ᠯᠤᠮᠵᠢ
ᠨᠡᠶ᠋ᠢᠲᠡᠯᠡᠭᠰᠡᠨ ᠴᠠᠭ᠄ 2021-09-01


     2020 ᠣᠨ᠎ᠤ 11 ᠳ᠋ᠦ᠍ᠭᠡᠷ ᠰᠠᠷ᠎ᠠ ᠵᠢᠨ 11᠎ᠤ ᠡᠳᠦᠷ᠂ ᠰᠢᠨ᠎ᠡ᠎ᠪᠠᠷ ᠵᠠᠰᠠᠪᠤᠷᠢ ᠣᠷᠣᠭᠤᠯᠤᠭᠰᠠᠨ《ᠪᠦᠭᠦᠳᠡ ᠨᠠᠢ᠌ᠷᠠᠮᠳᠠᠬᠤ ᠳᠤᠮᠳᠠᠳᠤ ᠠᠷᠠᠳ ᠤᠯᠤᠰ᠎ᠤᠨ ᠵᠣᠬᠢᠶᠠᠯ ᠪᠦᠲᠦᠭᠡᠯ᠎ᠤᠨ ᠡᠷᠬᠡ ᠵᠢᠨ ᠬᠠᠤᠯᠢ》 (ᠳᠣᠷᠣᠭᠰᠢ《ᠰᠢᠨ᠎ᠡ〈ᠵᠣᠬᠢᠶᠠᠯ ᠪᠦᠲᠦᠭᠡᠯ᠎ᠤᠨ ᠡᠷᠬᠡ ᠵᠢᠨ ᠬᠠᠤᠯᠢ〉ᠭᠡᠵᠦ ᠲᠣᠪᠴᠢᠯᠠᠨ᠎ᠠ) ᠵᠢ ᠵᠢᠩᠬᠢᠨᠢ᠎ᠪᠠᠷ ᠨᠡᠢ᠌ᠲᠡᠯᠡᠭᠰᠡᠨ ᠪᠥᠭᠡᠳ 2021 ᠣᠨ᠎ᠤ 6 ᠳ᠋ᠤᠭ᠋ᠠᠷ ᠰᠠᠷ᠎ᠠ ᠵᠢᠨ 1᠎ᠤ ᠡᠳᠦᠷ᠎ᠠᠴᠠ ᠡᠬᠢᠯᠡᠨ ᠬᠡᠷᠡᠭᠵᠢᠭᠦᠯᠪᠡ  ᠃ ᠠᠵᠤ ᠠᠬᠤᠢ ᠵᠢᠨ ᠬᠥᠭᠵᠢᠯᠲᠡ ᠵᠢᠨ ᠬᠡᠷᠡᠭᠴᠡᠭᠡ᠎ᠳᠤ ᠵᠣᠬᠢᠴᠠᠭᠤᠯᠬᠤ ᠵᠢᠨ ᠬᠠᠮᠲᠤ ᠰᠢᠨ᠎ᠡ ᠮᠡᠷᠭᠡᠵᠢᠯ᠎ᠠᠴᠠ ᠪᠤᠯᠤᠭᠰᠠᠨ ᠬᠠᠤᠯᠢ ᠴᠠᠭ᠋ᠠᠵᠠ ᠵᠢᠨ   ᠰᠢᠨ᠎ᠡ ᠰᠣᠷᠢᠯᠲᠠ᠎ᠳᠤ ᠬᠠᠨᠳᠤᠭᠤᠯᠵᠦ᠂ ᠬᠠᠤᠯᠢ ᠴᠠᠭ᠋ᠠᠵᠠ ᠵᠢᠨ ᠦᠢ᠍ᠯᠡᠳᠦᠯᠭᠡ ᠵᠢᠨ ᠳᠤᠮᠳᠠ ᠲᠦᠷᠭᠡᠬᠡᠨ ᠰᠢᠢ᠍ᠳᠪᠦᠷᠢᠯᠡᠬᠦ ᠴᠢᠬᠤᠯᠠᠲᠠᠢ ᠪᠣᠳᠠᠲᠠᠢ ᠠᠰᠠᠭᠤᠳᠠᠯ᠎ᠢ ᠰᠢᠢ᠍ᠳᠪᠦᠷᠢᠯᠡᠬᠦ ᠵᠢᠨ ᠲᠥᠯᠥᠭᠡ᠂ ᠮᠠᠨ᠎ᠤ ᠤᠯᠤᠰ᠎ᠤᠨ《ᠵᠣᠬᠢᠶᠠᠯ ᠪᠦᠲᠦᠭᠡᠯ᠎ᠤᠨ ᠡᠷᠬᠡ》᠎ᠳᠤ ᠨᠢᠭᠡᠨᠲᠡ ᠬᠣᠶᠠᠷ ᠤᠳᠠᠭ᠎ᠠ ᠶᠡᠬᠡ ᠵᠠᠰᠠᠪᠤᠷᠢ ᠣᠷᠣᠭᠤᠯᠵᠠᠢ᠂ ᠲᠡᠭᠡᠪᠡᠯ ᠡᠨᠡ ᠤᠳᠠᠭ᠋ᠠᠨ᠎ᠤ《ᠵᠣᠬᠢᠶᠠᠯ ᠪᠦᠲᠦᠭᠡᠯ᠎ᠤᠨ ᠡᠷᠬᠡ ᠵᠢᠨ ᠬᠠᠤᠯᠢ》᠎ᠳᠤ ᠵᠠᠰᠠᠪᠤᠷᠢ ᠣᠷᠣᠭᠤᠯᠤᠭᠰᠠᠨ᠎ᠨᠢ ᠪᠠᠰᠠ ᠶᠠᠮᠠᠷ ᠬᠢᠯᠠᠰ ᠴᠡᠭ ᠪᠠᠢ᠌ᠬᠤ ᠪᠤᠢ? ᠵᠣᠬᠢᠶᠠᠭᠴᠢ ᠵᠣᠬᠢᠶᠠᠯ ᠪᠦᠲᠦᠭᠡᠯ᠎ᠤᠨ ᠡᠷᠬᠡ ᠵᠢᠨ ᠵᠠᠷᠭᠤ ᠵᠢᠨ ᠪᠣᠳᠠᠲᠤ ᠶᠠᠪᠤᠳᠠᠯ᠎ᠢ ᠣᠯᠠᠨ ᠵᠢᠯ᠎ᠤᠨ ᠲᠤᠷᠰᠢᠯᠭ᠎ᠠ᠎ᠲᠠᠢ ᠤᠶᠠᠯᠳᠤᠭᠤᠯᠤᠨ᠂ ᠪᠣᠳᠠᠲᠤ ᠶᠠᠪᠤᠳᠠᠯ᠎ᠤᠨ ᠡᠭᠦᠳᠡᠨ᠎ᠠᠴᠠ ᠲᠣᠪᠴᠢ ᠲᠠᠢ᠌ᠯᠪᠤᠷᠢ ᠬᠢᠪᠡ᠃

    ᠨᠢᠭᠡ᠂ ᠨᠡᠭᠡᠭᠡᠯᠲᠡᠲᠦ ᠮᠠᠶᠢᠭ᠎ᠤᠨ ᠵᠦᠢ᠍ᠯ ᠵᠤᠷᠪᠤᠰ᠎ᠤᠨ ᠲᠣᠭᠲᠠᠭ᠋ᠠᠯ ᠵᠶ᠋ᠠᠷ《ᠵᠣᠬᠢᠶᠠᠯ ᠪᠦᠲᠦᠭᠡᠯ᠎ᠤᠨ ᠡᠷᠬᠡ ᠵᠢᠨ ᠬᠠᠤᠯᠢ》᠎ᠳᠤ ᠬᠠᠮᠠᠭ᠋ᠠᠯᠠᠭᠳᠠᠵᠤ ᠪᠣᠯᠬᠤ ᠪᠦᠲᠦᠭᠡᠯ᠎ᠤᠨ ᠲᠤᠢ᠍ᠷᠦᠯ ᠵᠦᠢ᠍ᠯ᠎ᠢ ᠲᠣᠭᠲᠠᠭ᠋ᠠᠵᠤ᠂ ᠤᠶᠦᠠ᠎ᠤ ᠪᠦᠲᠦᠭᠡᠯ᠎ᠤᠨ ᠵᠣᠬᠢᠶᠠᠨ ᠪᠦᠲᠦᠭᠡᠬᠦ ᠵᠢ ᠤᠯᠠᠮ ᠨᠢᠭᠡ ᠠᠯᠬᠤᠮ ᠵᠣᠷᠢᠭᠵᠢᠭᠤᠯᠤᠨ᠎ᠠ  ᠃
      ᠵᠣᠬᠢᠶᠠᠯ ᠪᠦᠲᠦᠭᠡᠯ᠎ᠤᠨ ᠡᠷᠬᠡ᠎ᠳᠤ ᠬᠣᠯᠪᠣᠭᠳᠠᠬᠤ ᠬᠠᠤᠯᠢ ᠪᠠᠷᠢᠬᠤ ᠪᠣᠳᠠᠲᠤ ᠶᠠᠪᠤᠳᠠᠯ᠎ᠤᠨ ᠳᠤᠮᠳᠠ᠂ ᠲᠠᠰᠤᠯᠤᠨ ᠲᠣᠭᠲᠠᠭ᠋ᠠᠭᠴᠢ᠎ᠠᠴᠠ ᠪᠦᠲᠦᠭᠡᠯ᠎ᠢ ᠲᠦᠷᠦᠯᠵᠢᠭᠦᠯᠬᠦ ᠴᠢᠬᠤᠯᠠᠲᠠᠢ  ᠂ ᠤᠴᠢᠷ᠎ᠨᠢ ᠠᠳᠠᠯᠢ ᠪᠤᠰᠤ ᠪᠦᠲᠦᠭᠡᠯ᠎ᠤᠨ ᠲᠦᠷᠦᠯ ᠵᠦᠢ᠍ᠯ᠎ᠨᠢ ᠥᠪᠡᠷᠮᠢᠴᠡ ᠪᠦᠲᠦᠭᠡᠯᠴᠢ   ᠴᠢᠨᠠᠷ᠎ᠤᠨ ᠮᠠᠭ᠋ᠠᠳᠯᠠᠯᠲᠠ ᠵᠢᠨ ᠲᠠᠯ᠎ᠠ᠎ᠪᠠᠷ ᠨᠡᠯᠢᠶᠡᠳ ᠶᠡᠬᠡ ᠵᠥᠷᠢᠢ᠎ᠡ   ᠣᠷᠤᠰᠢᠨ᠎ᠠ  ᠃ ᠡᠢ᠌ᠮᠦ᠎ᠠᠴᠠ ᠬᠠᠤᠯᠢ ᠴᠠᠭ᠋ᠠᠵᠠ ᠵᠢᠨ ᠪᠣᠳᠠᠲᠤ ᠶᠠᠪᠤᠳᠠᠯ᠎ᠤᠨ ᠳᠤᠮᠳᠠ ᠶᠡᠷᠦ᠎ᠨᠢ ᠬᠣᠶᠠᠷ ᠵᠦᠢ᠍ᠯ᠎ᠤᠨ ᠠᠳᠠᠯᠢ ᠪᠤᠰᠤ ᠦᠵᠡᠯᠲᠡ ᠣᠷᠣᠰᠢᠵᠤ᠂ ᠲᠤᠬᠠᠢ᠌ᠯᠠᠪᠠᠯ ᠪᠦᠲᠦᠭᠡᠯ᠎ᠤᠨ ᠲᠤᠢ᠍ᠷᠦᠯ ᠵᠦᠢ᠍ᠯ᠎ᠢ ᠡᠷᠬᠡᠪᠰᠢ ᠴᠢᠩᠭ᠎ᠠ ᠬᠠᠤᠯᠢ᠎ᠪᠠᠷ ᠲᠣᠭᠲᠠᠭ᠋ᠠᠭᠰᠠᠨ (ᠲᠤᠬᠠᠢ᠌ᠯᠠᠪᠠᠯ ᠬᠠᠤᠯᠢ᠎ᠪᠠᠷ ᠲᠣᠭᠲᠠᠭ᠋ᠠᠨ ᠲᠤᠢ᠍ᠷᠦᠯ ᠬᠡᠯᠪᠡᠷᠢ ᠵᠢᠨ ᠪᠦᠲᠦᠭᠡᠯ᠎ᠳᠤ ᠲᠣᠭ᠋ᠠᠴᠠᠭᠳᠠᠬᠤ ᠤᠢ᠍ᠭᠡᠢ ᠪᠣᠯ ᠳᠠᠪᠠᠭᠤᠯᠵᠤ ᠪᠣᠯᠬᠤ ᠤᠢ᠍ᠭᠡᠢ) ᠦᠵᠡᠯᠲᠡ ᠪᠠ ᠪᠦᠲᠦᠭᠡᠯ᠎ᠤᠨ ᠲᠥᠷᠥᠯ ᠵᠦᠢᠯ᠎ᠨᠢ ᠬᠠᠤᠯᠢ᠎ᠪᠠᠷ ᠲᠣᠭᠲᠠᠭ᠋ᠠᠭᠰᠠᠨ ᠪᠢᠰᠢ ᠵᠣᠬᠢᠰᠲᠠᠢ᠎ᠪᠠᠷ ᠬᠠᠤᠯᠢ᠎ᠠᠴᠠ ᠳᠠᠪᠠᠭᠤᠯᠤᠨ ᠬᠠᠮᠠᠭ᠋ᠠᠯᠠᠵᠦ ᠪᠣᠯᠬᠤ ᠦᠵᠡᠯᠲᠡ ᠣᠷᠣᠰᠢᠵᠦ ᠪᠠᠢ᠌ᠳᠠᠭ  ᠃ ᠲᠠᠰᠤᠯᠤᠨ ᠲᠣᠭᠲᠠᠭ᠋ᠠᠭᠴᠢ ᠵᠢᠨ ᠦᠵᠡᠯᠲᠡ ᠵᠢᠨ ᠠᠳᠠᠯᠢ ᠪᠤᠰᠤ᠎ᠨᠢ ᠲᠠᠰᠤᠯᠤᠨ ᠲᠣᠭᠲᠠᠭ᠋ᠠᠯᠲᠠ ᠵᠢᠨ ᠡᠴᠦᠰ᠎ᠤᠨ ᠦᠷ᠎ᠡ ᠳ᠋ᠦᠩ᠎ᠢ ᠰᠢᠭᠤᠳ ᠨᠥᠯᠥᠭᠡᠯᠡᠬᠦ ᠪᠣᠯᠤᠨ᠎ᠠ  ᠃ ᠰᠢᠨ᠎ᠡ《ᠵᠣᠬᠢᠶᠠᠯ ᠪᠦᠲᠦᠭᠡᠯ᠎ᠤᠨ ᠡᠷᠬᠡ ᠵᠢᠨ ᠬᠠᠤᠯᠢ》ᠵᠢᠨ ᠭᠤᠷᠪᠠᠳᠤᠭ᠋ᠠᠷ ᠵᠦᠢ᠍ᠯ᠎ᠳᠤ《ᠪᠦᠲᠦᠭᠡᠯ》᠎ᠤᠨ ᠲᠤᠬᠠᠢ ᠲᠣᠮᠢᠶᠠᠯᠠᠯ ᠬᠢᠭᠰᠡᠨ ᠪᠥᠭᠡᠳ ᠪᠦᠲᠦᠭᠡᠯ᠎ᠤᠨ ᠲᠤᠢ᠍ᠷᠦᠯ ᠵᠦᠢ᠍ᠯ᠎ᠢ ᠵᠢᠭᠰᠠᠭ᠋ᠠᠭᠰᠠᠨ᠎ᠤ ᠬᠠᠮᠲᠤ᠂ (ᠶᠢᠰᠦ) ᠳ᠋ᠦ᠍ᠭᠡᠷ ᠵᠤᠷᠪᠤᠰ᠎ᠲᠤ《ᠪᠦᠲᠦᠭᠡᠯ᠎ᠤᠨ ᠣᠨᠴᠠᠯᠢᠭ ᠰᠢᠨᠵᠢ᠎ᠳᠤ ᠨᠡᠢ᠌ᠴᠡᠭᠰᠡᠨ ᠪᠤᠰᠤᠳ ᠤᠶᠦᠠ᠎ᠤ ᠦᠷ᠎ᠡ ᠪᠦᠲᠦᠭᠡᠯ》ᠭᠡᠬᠦ ᠨᠡᠭᠡᠭᠡᠯᠲᠡᠲᠦ ᠮᠠᠶᠢᠭ᠎ᠤᠨ ᠵᠦᠢ᠍ᠯ ᠵᠤᠷᠪᠤᠰ ᠭᠠᠷᠭ᠋ᠠᠵᠠᠢ  ᠃ ᠡᠨᠡ᠎ᠨᠢ ᠪᠦᠲᠦᠭᠡᠯ᠎ᠤᠨ ᠲᠣᠮᠢᠶᠠᠯᠠᠯ᠎ᠳᠤ ᠨᠡᠢ᠌ᠴᠡᠳᠡᠭ ᠯᠡ ᠶᠤᠮ ᠪᠣᠯ ᠳᠠᠷᠤᠢ ᠵᠣᠬᠢᠶᠠᠯ ᠪᠦᠲᠦᠭᠡᠯ᠎ᠤᠨ ᠬᠤᠪᠢ᠎ᠪᠠᠷ《ᠵᠣᠬᠢᠶᠠᠯ ᠪᠦᠲᠦᠭᠡᠯ᠎ᠤᠨ ᠡᠷᠬᠡ ᠵᠢᠨ ᠬᠠᠤᠯᠢ》ᠵᠢᠨ ᠬᠠᠮᠠᠭ᠋ᠠᠯᠠᠯᠲᠠ ᠵᠢ ᠬᠦᠷᠳᠡᠨ᠎ᠡ ᠭᠡᠰᠡᠨ᠎ᠢ ᠬᠠᠷᠠᠭᠤᠯᠵᠤ ᠪᠠᠢ᠌ᠨ᠎ᠠ᠂   ᠡᠨᠡ᠎ᠨᠢ《ᠵᠣᠬᠢᠶᠠᠯ ᠪᠦᠲᠦᠭᠡᠯ᠎ᠤᠨ ᠡᠷᠬᠡ ᠵᠢᠨ ᠬᠠᠤᠯᠢ》ᠵᠢᠨ ᠠᠮᠢᠳᠤᠯᠢᠭ ᠴᠢᠨᠠᠷ᠎ᠢ ᠤᠯᠠᠮ   ᠨᠢᠭᠡ ᠠᠯᠬᠤᠮ ᠴᠢᠭ᠌ᠭ᠋ᠠᠳᠬᠠᠰᠠᠨ ᠪᠥᠭᠡᠳ ᠰᠢᠨ᠎ᠡ ᠲᠤᠢ᠍ᠷᠦᠯ ᠬᠡᠯᠪᠡᠷᠢ ᠵᠢᠨ ᠪᠦᠲᠦᠭᠡᠯ᠎ᠢ ᠵᠣᠬᠢᠶᠠᠨ ᠪᠦᠲᠦᠭᠡᠬᠦ ᠪᠠ ᠳᠡᠯᠭᠡᠷᠡᠭᠦᠯᠬᠦ ᠵᠢ ᠵᠣᠷᠢᠭᠵᠢᠭᠤᠯᠬᠤ ᠭᠣᠣᠯᠯᠠᠬᠤ ᠤᠢ᠍ᠷᠳᠡᠭ᠎ᠤᠨ ᠣᠢ᠌ᠯᠠᠭ᠋ᠠᠭᠳᠠᠬᠤᠨ᠎ᠢ ᠬᠠᠷᠠᠭᠤᠯᠤᠭᠰᠠᠨ ᠪᠠᠢ᠌ᠨ᠎ᠠ  ᠃
      ᠬᠣᠶᠠᠷ᠂ ᠪᠦᠲᠦᠭᠡᠯ᠎ᠤᠨ ᠲᠦᠷᠦᠯ ᠬᠡᠯᠪᠡᠷᠢ᠎ᠨᠢ ᠺᠢᠨᠣ᠋ ᠵᠢᠨ ᠪᠦᠲᠦᠭᠡᠯ᠂《ᠺᠢᠨᠣ᠋ ᠵᠢᠨ ᠵᠣᠬᠢᠶᠠᠨ ᠪᠦᠲᠦᠭᠡᠬᠦ ᠠᠷᠭ᠎ᠠ᠎ᠲᠠᠢ ᠠᠳᠠᠯᠢᠪᠲᠤᠷ ᠠᠷᠭ᠎ᠠ᠎ᠪᠠᠷ ᠵᠤᠬᠢᠶᠠᠭᠰᠠᠨ ᠪᠦᠲᠦᠭᠡᠯ  》᠎ᠢ ᠬᠠᠷᠠᠭ᠎ᠠ ᠰᠣᠨᠣᠷ᠎ᠤᠨ ᠪᠦᠲᠦᠭᠡᠯ ᠪᠣᠯᠭ᠋ᠠᠨ ᠨᠢᠭᠡᠳᠬᠡᠵᠦ᠂ ᠪᠦᠲᠦᠭᠡᠯ᠎ᠤᠨ ᠲᠦᠷᠦᠯ ᠬᠡᠯᠪᠡᠷᠢ ᠎ᠤᠨ ᠦᠨᠡᠨ ᠪᠣᠳᠠᠲᠠᠢ ᠵᠢ ᠡᠷᠬᠢᠮᠯᠡᠭᠰᠡᠨ ᠪᠣᠯᠪᠠᠴᠤ《ᠳᠦᠷᠰᠦ ᠰᠢᠩᠭᠡᠭᠡᠯᠲᠡ ᠵᠢᠨ ᠪᠦᠲᠦᠭᠡᠭᠳᠡᠬᠦᠨ》᠎ᠢ ᠦᠯᠡᠳᠡᠭᠡᠭᠰᠡᠨ᠎ᠤ ᠲᠠᠷᠠᠭ᠎ᠠ᠂ ᠡᠨᠡ ᠬᠣᠶᠠᠷ᠎ᠤᠨ ᠵᠠᠭ᠋ᠠᠭ   ᠢᠯᠭ᠋ᠠᠭ᠎ᠠ ᠵᠢ ᠬᠠᠤᠯᠢ ᠴᠠᠭ᠋ᠠᠵᠠ ᠵᠢ ᠤᠯᠠᠮ ᠨᠢᠭᠡ ᠠᠯᠬᠤᠮ ᠲᠣᠳᠣᠷᠬᠠᠢ᠌ᠯᠠᠬᠤ ᠴᠢᠬᠤᠯᠠᠲᠠᠢ  ᠃
      2001 ᠣᠨ᠎ᠳᠤ᠂ ᠮᠠᠨ᠎ᠤ ᠤᠯᠤᠰ᠎ᠤᠨ《ᠵᠣᠬᠢᠶᠠᠯ ᠪᠦᠲᠦᠭᠡᠯ᠎ᠤᠨ ᠡᠷᠬᠡ ᠵᠢᠨ ᠬᠠᠤᠯᠢ》 ᠳᠣᠲᠣᠷ᠎ᠠ《ᠪᠸᠷᠨ᠋ᠸ ᠵᠢᠨ ᠨᠡᠢ᠌ᠲᠡ ᠵᠢᠨ ᠭᠡᠷ᠎ᠡ》᠎ᠳᠠᠬᠢ ᠲᠣᠭ᠋ᠠᠴᠢᠯᠲᠠ᠎ᠪᠠᠷ ᠯᠠᠪᠯᠠᠯᠲᠠ ᠪᠣᠯᠭ᠋ᠠᠵᠦ《ᠺᠢᠨᠣ᠋ ᠵᠢᠨ ᠵᠣᠬᠢᠶᠠᠨ ᠪᠦᠲᠦᠭᠡᠬᠦ ᠠᠷᠭ᠎ᠠ᠎ᠲᠠᠢ ᠠᠳᠠᠯᠢᠪᠲᠤᠷ ᠠᠷᠭ᠎ᠠ᠎ᠪᠠᠷ ᠵᠤᠬᠢᠶᠠᠭᠰᠠᠨ ᠪᠦᠲᠦᠭᠡᠯ》 (ᠳᠣᠷᠣᠭᠰᠢ《ᠺᠢᠨᠣ᠋᠎ᠲᠠᠢ ᠠᠳᠠᠯᠢᠪᠲᠣᠷ ᠪᠦᠲᠦᠭᠡᠯ》ᠭᠡᠵᠦ ᠲᠣᠪᠴᠢᠯᠠᠨ᠎ᠠ)᠎ᠢ ᠡᠰᠢᠯᠡᠨ ᠣᠷᠣᠭᠤᠯᠪᠠ᠂ ᠮᠠᠨ᠎ᠤ ᠤᠯᠤᠰ᠎ᠤᠨ《ᠵᠣᠬᠢᠶᠠᠯ ᠪᠦᠲᠦᠭᠡᠯ᠎ᠤᠨ ᠡᠷᠬᠡ ᠵᠢᠨ ᠬᠠᠤᠯᠢ ᠵᠢ ᠬᠡᠷᠡᠭᠵᠢᠭᠦᠯᠬᠦ ᠲᠦᠷᠢᠮ》᠎ᠤᠨ ᠲᠣᠭᠲᠠᠭ᠋ᠠᠯ᠎ᠢ ᠦᠨᠳᠦᠰᠦᠯᠡᠪᠡᠯ᠂ ᠺᠢᠨᠣ᠋ ᠵᠢᠨ ᠪᠦᠲᠦᠭᠡᠯ ᠪᠠ ᠺᠢᠨᠣ᠋ ᠵᠢᠨ ᠵᠣᠬᠢᠶᠠᠨ ᠪᠦᠲᠦᠭᠡᠬᠦ ᠠᠷᠭ᠎ᠠ᠎ᠲᠠᠢ ᠠᠳᠠᠯᠢᠪᠲᠤᠷ ᠠᠷᠭ᠎ᠠ᠎ᠪᠠᠷ ᠵᠤᠬᠢᠶᠠᠭᠰᠠᠨ ᠪᠦᠲᠦᠭᠡᠯ ᠭᠡᠳᠡᠭ᠎ᠨᠢ ᠵᠣᠬᠢᠬᠤ ᠵᠠᠭᠤᠴᠢ ᠳᠡᠭᠡᠷ᠎ᠡ᠂ ᠠᠯᠢ ᠤᠯᠠᠨ ᠬᠠᠮᠰᠠᠯ ᠳᠠᠭᠣ ᠪᠤᠶᠤ ᠬᠠᠮᠰᠠᠯ ᠳᠠᠭᠣ ᠦᠭᠡᠢ ᠵᠢᠷᠤᠭ ᠵᠶ᠋ᠠᠷ ᠪᠦᠷᠢᠯᠳᠦᠭᠰᠡᠨ ᠪᠥᠭᠡᠳ ᠵᠣᠬᠢᠰᠲᠠᠢ ᠲᠣᠨᠣᠭᠯᠠᠯ ᠵᠶ᠋ᠠᠷ ᠺᠢᠨᠣ᠋ ᠭᠠᠷᠭ᠋ᠠᠬᠤ ᠪᠤᠶᠤ ᠪᠤᠰᠤᠳ ᠠᠷᠭ᠎ᠠ ᠮᠠᠶᠢᠭ ᠵᠶ᠋ᠠᠷ ᠤᠯᠠᠮᠵᠢᠯᠠᠨ ᠲᠠᠷᠬᠠᠭ᠋ᠠᠭᠰᠠᠨ ᠪᠦᠲᠦᠭᠡᠯ᠎ᠢ ᠵᠢᠭ᠋ᠠᠵᠤ ᠪᠠᠢ᠌ᠨ᠎ᠠ  ᠃ ᠭᠡᠪᠡᠴᠦ ᠬᠠᠤᠯᠢ ᠴᠠᠭ᠋ᠠᠵᠠ ᠵᠢᠨ ᠪᠣᠳᠠᠲᠤ ᠶᠠᠪᠤᠳᠠᠯ᠎ᠤᠨ ᠳᠤᠮᠳᠠ᠂ ᠺᠢᠨᠣ᠋ ᠵᠢᠨ ᠵᠣᠬᠢᠶᠠᠨ ᠪᠦᠲᠦᠭᠡᠬᠦ ᠠᠷᠭ᠎ᠠ᠎ᠲᠠᠢ ᠠᠳᠠᠯᠢᠪᠲᠤᠷ ᠠᠷᠭ᠎ᠠ᠎ᠨᠢ ᠴᠤᠬᠤᠮ ᠶᠠᠭᠤ ᠪᠣᠯᠬᠤ ᠲᠤᠬᠠᠶ ᠮᠥᠨ ᠴᠦ᠍ ᠮᠠᠷᠭᠤᠭ᠋ᠠᠨ᠎ᠲᠠᠢ ᠪᠠᠢ᠌ᠨ᠎ᠠ᠃ ᠮᠠᠨ᠎ᠤ ᠤᠯᠤᠰ᠎ᠤᠨ《ᠵᠣᠬᠢᠶᠠᠯ ᠪᠦᠲᠦᠭᠡᠯ᠎ᠤᠨ ᠡᠷᠬᠡ ᠵᠢᠨ ᠬᠠᠤᠯᠢ》᠎ᠳᠠᠬᠢ《ᠪᠦᠲᠦᠭᠡᠯ》᠎ᠢ ᠶᠡᠷᠦ᠎ᠳᠡᠭᠡᠨ ᠲᠡᠭᠦᠨ᠎ᠤ ᠢᠯᠡᠷᠡᠯ᠎ᠤᠨ ᠬᠡᠯᠪᠡᠷᠢ᠎ᠪᠠᠷ ᠠᠩᠭᠢᠯᠠᠳᠠᠭ᠃ ᠵᠢᠱ᠌ᠢᠶᠡᠯᠡᠪᠡᠯ ᠦᠰᠦᠭ ᠪᠢᠴᠢᠭ᠎ᠤᠨ ᠪᠦᠲᠦᠭᠡᠯ᠂ ᠤᠷᠠᠨ ᠵᠢᠷᠤᠭ᠎ᠤᠨ ᠪᠦᠲᠦᠭᠡᠯ ᠭᠡᠬᠦ ᠮᠡᠲᠦ᠂ ᠬᠡᠷᠪᠡ ᠺᠢᠨᠣ᠋ ᠵᠢᠨ ᠪᠦᠲᠦᠭᠡᠯ ᠪᠣᠯᠤᠨ ᠺᠢᠨᠣ᠋᠎ᠲᠠᠢ ᠠᠳᠠᠯᠢᠪᠲᠤᠷ   ᠪᠦᠲᠦᠭᠡᠯ᠎ᠢ ᠲᠡᠭᠦᠨ᠎ᠢ ᠵᠤᠬᠢᠶᠠᠨ ᠪᠦᠲᠦᠭᠡᠭᠰᠡᠨ ᠠᠷᠭ᠎ᠠ ᠬᠡᠯᠪᠡᠷᠢ᠎ᠪᠠᠷ ᠮᠠᠭ᠋ᠠᠳᠯᠠᠨ ᠲᠣᠭᠲᠠᠭ᠋ᠠᠬᠤ ᠪᠠᠷᠢᠮᠵᠢᠶ᠎ᠠ ᠪᠣᠯᠭ᠋ᠠᠪᠠᠯ᠂ ᠲᠡᠷᠡ᠎ᠨᠢ《ᠵᠣᠬᠢᠶᠠᠯ ᠪᠦᠲᠦᠭᠡᠯ᠎ᠤᠨ ᠡᠷᠬᠡ ᠵᠢᠨ ᠬᠠᠤᠯᠢ》ᠵᠢᠨ ᠣᠢ᠌ᠯᠠᠭ᠋ᠠᠭᠳᠠᠬᠤᠨ᠎ᠲᠠᠢ ᠨᠡᠢ᠌ᠴᠡᠬᠦ ᠦᠭᠡᠢ ᠪᠠᠢ᠌ᠵᠤ ᠮᠡᠳᠡᠨ᠎ᠠ  ᠃ ᠸᠢᠳᠢᠣ᠋ ᠵᠢᠨ ᠠᠵᠤ ᠦᠢᠯᠡᠰ᠎ᠤᠨ ᠬᠥᠭᠵᠢᠯᠲᠡ ᠵᠢ ᠳᠠᠭ᠋ᠠᠯᠳᠤᠨ᠂ ᠴᠥᠭᠡᠨ ᠪᠤᠰᠤ ᠸᠢᠳᠢᠣ᠋᠂ ᠢᠯᠠᠩᠭᠤᠶ᠎ᠠ ᠬᠠᠤᠯᠢ ᠴᠠᠭ᠋ᠠᠵᠠ ᠵᠢᠨ ᠦᠢᠯᠡᠳᠦᠯᠭᠡ ᠵᠢᠨ ᠳᠤᠮᠳᠠ ᠦᠷᠭᠦᠯᠵᠢ ᠲᠣᠬᠢᠶᠠᠯᠳᠤᠳᠠᠭ ᠺᠠᠷᠲ᠋ᠣᠨ ᠵᠢᠷᠤᠭ᠂ Flash ᠪᠦᠲᠦᠭᠡᠯ᠎ᠢ ᠪᠠᠭᠲᠠᠭ᠋ᠠᠭᠰᠠᠨ ᠣᠬᠣᠷ ᠸᠢᠳᠢᠣ᠋ ᠵᠢ ᠤᠯᠠᠮᠵᠢᠯᠠᠯᠲᠤ ᠺᠢᠨᠣ᠋ ᠰᠡᠭᠦᠳᠡᠷᠯᠡᠨ ᠦᠢᠯᠡᠳᠬᠦ ᠠᠷᠭ᠎ᠠ᠎ᠪᠠᠷ ᠵᠣᠬᠢᠶᠠᠨ ᠪᠦᠲᠦᠭᠡᠭᠰᠡᠨ ᠪᠢᠰᠢ ᠶᠤᠮ᠂ ᠬᠡᠷᠪᠡ ᠬᠠᠮᠠᠭ᠋ᠠᠯᠠᠯᠲᠠ ᠵᠢᠨ ᠪᠠᠷᠢᠮᠵᠢᠶ᠎ᠠ ᠵᠢ《ᠺᠢᠨᠣ᠋ ᠵᠢᠨ ᠵᠣᠬᠢᠶᠠᠨ ᠪᠦᠲᠦᠭᠡᠬᠦ ᠠᠷᠭ᠎ᠠ᠎ᠲᠠᠢ ᠠᠳᠠᠯᠢᠪᠲᠤᠷ ᠠᠷᠭ᠎ᠠ᠎ᠪᠠᠷ ᠵᠤᠬᠢᠶᠠᠭᠰᠠᠨ ᠪᠦᠲᠦᠭᠡᠯ》ᠭᠡᠵᠦ ᠲᠣᠭᠲᠠᠭ᠋ᠠᠪᠠᠯ᠂ ᠬᠡᠲᠦ ᠮᠧᠬᠠᠨᠢᠭ ᠮᠥᠷᠲᠡᠭᠡᠨ《ᠶᠡᠷᠦ ᠵᠢᠨ ᠮᠡᠳᠡᠯᠭᠡ》᠎ᠳᠤ ᠨᠡᠢ᠌ᠴᠡᠬᠦ ᠥᠬᠡᠶ ᠪᠣᠯᠤᠨ᠎ᠠ  ᠃
      ᠲᠣᠰ ᠤᠳᠠᠭ᠎ᠠ ᠵᠠᠰᠠᠪᠤᠷᠢ ᠣᠷᠣᠭᠤᠯᠬᠤ᠎ᠳᠠᠭᠠᠨ᠂ ᠬᠠᠤᠯᠢ ᠲᠣᠭᠲᠠᠭ᠋ᠠᠭᠴᠢ ᠬᠠᠤᠯᠢ ᠬᠡᠷᠡᠭᠵᠢᠭᠦᠯᠬᠦ ᠦᠢᠯᠡᠳᠦᠯᠭᠡ᠎ᠲᠠᠢ ᠤᠶᠠᠯᠳᠤᠭᠤᠯᠤᠨ᠂ ᠦᠷᠭᠦᠯᠵᠢᠯᠡᠭᠰᠡᠨ ᠵᠢᠷᠤᠭ ᠳᠦᠷᠰᠦ ᠵᠶ᠋ᠠᠷ ᠢᠯᠡᠳᠬᠡᠬᠦ ᠬᠡᠯᠪᠡᠷᠢ ᠪᠣᠯᠭ᠋ᠠᠭᠰᠠᠨ ᠪᠦᠲᠦᠭᠡᠯ᠎ᠢ ᠨᠢᠭᠡᠳᠦᠯᠲᠡᠶ᠎ᠪᠠᠷ ᠬᠠᠷᠠᠭ᠎ᠠ ᠰᠣᠨᠣᠷ᠎ᠤᠨ ᠪᠦᠲᠦᠭᠡᠯ ᠭᠡᠵᠦ ᠨᠡᠷᠡᠢ᠌ᠳᠪᠡ᠂ ᠡᠨᠡ᠎ᠨᠢ ᠺᠢᠨᠣ᠋ ᠵᠢᠨ ᠪᠦᠲᠦᠭᠡᠯ ᠪᠠ   ᠺᠢᠨᠣ᠋᠎ᠲᠠᠢ ᠠᠳᠠᠯᠢᠪᠲᠣᠷ ᠪᠦᠲᠦᠭᠡᠯ  ᠎ᠢ ᠬᠠᠮᠠᠭ᠋ᠠᠯᠠᠬᠤ ᠲᠠᠯ᠎ᠠ᠎ᠪᠠᠷ᠎ᠬᠢ ᠪᠡᠷᠬᠡ ᠠᠰᠠᠭᠤᠳᠠᠯ᠎ᠢ ᠰᠢᠢᠳᠪᠦᠷᠢᠯᠡᠭᠰᠡᠨ ᠵᠶ᠋ᠡᠷ ᠪᠠᠷᠠᠬᠤ ᠥᠬᠡᠶ᠂ ᠪᠠᠰᠠ ᠬᠠᠤᠯᠢ ᠲᠣᠭᠲᠠᠭ᠋ᠠᠬᠤ ᠪᠠᠷᠢᠮᠵᠢᠶ᠎ᠠ ᠵᠢᠨ ᠲᠠᠯ᠎ᠠ᠎ᠪᠠᠷ ᠨᠠᠩ ᠪᠣᠳᠠᠲᠠᠶ ᠵᠢ ᠡᠷᠬᠢᠮᠯᠡᠭᠰᠡᠨ ᠪᠣᠯᠬᠣᠷ ᠡᠷᠬᠡᠲᠦ ᠬᠥᠮᠦᠨ ᠪᠠ   ᠰᠢᠭᠦᠭᠴᠢ ᠵᠢᠨ   ᠬᠡᠷᠡᠭᠯᠡᠯᠲᠡ᠎ᠳᠤ ᠨᠠᠩ ᠠᠰᠢᠭᠲᠠᠶ ᠶᠤᠮ  ᠃
      ᠡᠭᠦᠨ᠎ᠠᠴᠠ ᠭᠠᠳᠠᠨ᠎ᠠ᠂ ᠳᠤᠷᠠᠳᠤᠭᠤᠰᠢᠲᠠᠢ ᠵᠦᠢ᠍ᠯ ᠭᠡᠪᠡᠯ᠂ ᠰᠢᠨ᠎ᠡ《ᠵᠣᠬᠢᠶᠠᠯ ᠪᠦᠲᠦᠭᠡᠯ᠎ᠤᠨ ᠡᠷᠬᠡ ᠵᠢᠨ ᠬᠠᠤᠯᠢ》᠎ᠳᠤ ᠵᠣᠬᠢᠶᠠᠯ ᠪᠦᠲᠦᠭᠡᠯ᠎ᠤᠨ ᠬᠠᠤᠯᠢ᠎ᠪᠠᠷ ᠲᠣᠭᠲᠠᠭ᠋ᠠᠭᠰᠠᠨ ᠲᠦᠷᠦᠯ ᠵᠦᠢ᠍ᠯ᠎ᠳᠤ《ᠬᠠᠷᠠᠭ᠎ᠠ ᠰᠣᠨᠣᠷ᠎ᠤᠨ ᠪᠦᠲᠦᠭᠡᠯ》᠎ᠢ ᠲᠣᠳᠣᠷᠬᠠᠢ᠌ᠯᠠᠭᠰᠠᠨ᠎ᠤ ᠲᠠᠷᠠᠭ᠎ᠠ᠂ ᠬᠥᠷᠰᠢ ᠵᠡᠷᠭᠡᠯᠡᠳᠡᠭᠡ ᠵᠢᠨ ᠡᠷᠬᠡ ᠪᠦᠬᠦᠢ ᠬᠡᠰᠡᠭ᠎ᠲᠤ ᠮᠥᠨ ᠴᠦ᠍《ᠳᠦᠷᠰᠦ ᠰᠢᠩᠭᠡᠭᠡᠯᠲᠡ ᠵᠢᠨ ᠪᠦᠲᠦᠭᠡᠭᠳᠡᠬᠦᠨ》᠎ᠤ ᠤᠬᠠᠭᠳᠠᠬᠤᠨ᠎ᠢ ᠦᠯᠡᠳᠡᠭᠡᠭᠰᠡᠨ ᠪᠠᠢ᠌ᠨ᠎ᠠ᠂ ᠭᠡᠪᠡᠴᠦ ᠣᠳᠣᠬᠠᠨ᠎ᠤ ᠬᠠᠤᠯᠢ ᠬᠡᠷᠡᠭᠵᠢᠭᠦᠯᠬᠦ ᠦᠢ᠍ᠯᠡᠳᠦᠯᠭᠡ᠎ᠳᠤ ᠰᠠᠭᠤᠷᠢᠯᠠᠨ᠂ ᠬᠠᠷᠠᠭ᠎ᠠ ᠰᠣᠨᠣᠷ᠎ᠤᠨ ᠪᠦᠲᠦᠭᠡᠯ ᠪᠠ ᠳᠦᠷᠰᠦ ᠰᠢᠩᠭᠡᠭᠡᠯᠲᠡ ᠵᠢᠨ ᠪᠦᠲᠦᠭᠡᠭᠳᠡᠬᠦᠨ᠎ᠤ ᠥᠪᠡᠷᠮᠢᠴᠡ ᠪᠦᠲᠦᠭᠡᠯᠴᠢ ᠴᠢᠨᠠᠷ᠎ᠤᠨ ᠵᠠᠭ᠋ᠠᠭ᠎ᠨᠢ ᠲᠡᠢ᠌ᠮᠦ ᠲᠣᠳᠣᠷᠬᠠᠢ ᠪᠢᠰᠢ ᠪᠠᠢ᠌ᠵᠤ᠂   ᠵᠣᠬᠢᠬᠤ ᠬᠡᠮᠵᠢᠶᠡᠨ᠎ᠳᠤ ᠦᠵᠡᠯᠲᠡ ᠪᠣᠳᠣᠯ᠎ᠤᠨ ᠵᠥᠷᠢᠯᠳᠦᠭᠡᠨ ᠣᠷᠣᠰᠢᠵᠤ ᠪᠠᠢ᠌ᠨ᠎ᠠ᠃ ᠲᠤᠬᠠᠢ᠌ᠯᠠᠪᠠᠯ ᠶᠠᠮᠠᠷ ᠨᠢᠭᠡᠨ ᠦᠷᠭᠦᠯᠵᠢᠯᠡᠭᠰᠡᠨ ᠵᠢᠷᠤᠭ᠎ᠨᠢ ᠬᠠᠷᠠᠭ᠎ᠠ ᠰᠣᠨᠣᠷ᠎ᠤᠨ ᠪᠦᠲᠦᠭᠡᠯ ᠪᠤᠯᠵᠤ ᠪᠦᠷᠢᠯᠳᠦᠬᠦ ᠶᠤᠮ ᠤᠤ ᠡᠰᠡᠬᠦᠯ᠎ᠡ ᠳᠦᠷᠰᠦ ᠰᠢᠩᠭᠡᠭᠡᠯᠲᠡ ᠵᠢᠨ ᠪᠦᠲᠦᠭᠡᠭᠳᠡᠬᠦᠨ   ᠪᠣᠯᠵᠦ ᠪᠦᠷᠢᠯᠳᠦᠬᠦ   ᠪᠠᠷᠢᠮᠵᠢᠶ᠎ᠠ᠎ᠨᠢ ᠴᠤᠬᠤᠮ ᠥᠪᠡᠷᠮᠢᠴᠡ ᠪᠦᠲᠦᠭᠡᠯᠴᠢ ᠴᠢᠨᠠᠷ ᠣᠷᠣᠰᠢᠬᠣ ᠡᠰᠡᠬᠦ ᠡᠰᠡᠬᠦᠯ᠎ᠡ ᠥᠪᠡᠷᠮᠢᠴᠡ ᠪᠦᠲᠦᠭᠡᠯᠴᠢ ᠴᠢᠨᠠᠷ ᠎ᠤᠨ ᠦᠨᠳᠦᠷ ᠳᠣᠣᠷ᠎ᠠ ᠬᠡᠮᠵᠢᠶ᠎ᠡ᠎ᠪᠠᠷ ᠲᠣᠭᠲᠠᠭ᠋ᠠᠬᠣ ᠵᠡᠷᠭᠡ ᠠᠰᠠᠭᠤᠳᠠᠯ ᠣᠷᠣᠰᠢᠵᠤ ᠪᠠᠢ᠌ᠨ᠎ᠠ  ᠃   ᠬᠡᠷᠪᠡ ᠬᠣᠢ᠌ᠨᠠᠬᠢ᠎ᠨᠢ ᠪᠣᠯ᠂ ᠥᠨᠳᠥᠷ ᠳᠣᠤᠷ᠎ᠠ ᠵᠢ ᠬᠡᠷᠬᠢᠨ ᠮᠠᠭ᠋ᠠᠳᠯᠠᠬᠤ ᠪᠠ ᠢᠯᠭ᠋ᠠᠬᠤ ᠪᠤᠢ? ᠡᠨᠡ ᠬᠦ᠌ ᠦᠵᠡᠯᠲᠡ ᠵᠢᠨ ᠵᠥᠷᠢᠯᠳᠦᠭᠡᠨ᠎ᠨᠢ ᠵᠠᠷᠢᠮ᠎ᠳᠠᠭᠠᠨ ᠬᠡᠷᠡᠭ᠎ᠤᠨ ᠬᠠᠨᠳᠤᠰᠢ ᠵᠢ ᠦᠨᠳᠦᠰᠦᠨ᠎ᠠᠴᠠ᠎ᠨᠢ ᠨᠥᠯᠥᠭᠡᠯᠡᠬᠦ ᠪᠣᠯᠤᠨ᠎ᠠ  ᠃
      ᠵᠢᠱ᠌ᠢᠶᠡᠯᠡᠪᠡᠯ (2015) ᠵᠢᠩ ᡁᠢ ᠮᠢᠨ 1055 ᠳ᠋ᠤᠭ᠋ᠠᠷ ᠲᠣᠭ᠋ᠠᠲᠤ ᠬᠡᠷᠡᠭ᠎ᠲᠤ᠂ ᠬᠣᠶᠠᠳᠤᠭ᠋ᠠᠷ ᠰᠢᠭᠦᠯᠲᠡ ᠵᠢᠨ ᠰᠢᠭᠦᠬᠦ ᠬᠣᠷᠢᠢ᠎ᠠ᠄《ᠮᠠᠨ᠎ᠤ ᠤᠯᠤᠰ᠎ᠤᠨ ᠵᠣᠬᠢᠶᠠᠯ ᠪᠦᠲᠦᠭᠡᠯ᠎ᠤᠨ ᠡᠷᠬᠡ ᠵᠢᠨ ᠬᠠᠤᠯᠢ᠎ᠳᠤ ᠵᠣᠬᠢᠶᠠᠯ ᠪᠦᠲᠦᠭᠡᠯ᠎ᠤᠨ ᠡᠷᠬᠡ ᠪᠠ ᠬᠥᠷᠰᠢ ᠵᠡᠷᠭᠡᠯᠡᠳᠡᠭᠡ ᠵᠢᠨ ᠡᠷᠬᠡ ᠭᠡᠵᠦ ᠬᠣᠶᠠᠷ ᠵᠦᠢ᠍ᠯ᠎ᠤᠨ ᠲᠦᠷᠢᠮ ᠬᠤᠪᠢᠶᠠᠨ᠎ᠠ᠂ ᠲᠡᠷᠡᠴᠢᠯᠡᠨ ᠬᠣᠯᠪᠣᠭᠳᠠᠯ ᠪᠦᠬᠦᠢ ᠦᠷᠭᠦᠯᠵᠢᠯᠡᠭᠰᠡᠨ ᠵᠢᠷᠤᠭ ᠳᠦᠷᠰᠦ ᠵᠢ ᠺᠢᠨᠣ᠋ ᠵᠢᠨ ᠪᠦᠲᠦᠭᠡᠯ ᠪᠠ ᠳᠦᠷᠰᠦ ᠰᠢᠩᠭᠡᠭᠡᠯᠲᠡ ᠵᠢᠨ ᠪᠦᠲᠦᠭᠡᠯ ᠭᠡᠵᠦ ᠬᠤᠪᠢᠶᠠᠭᠰᠠᠨ ᠪᠠᠢ᠌ᠳᠠᠯ᠎ᠤᠨ ᠳᠣᠣᠷ᠎ᠠ᠂ ᠥᠪᠡᠷᠮᠢᠴᠡ ᠪᠦᠲᠦᠭᠡᠯᠴᠢ ᠴᠢᠨᠠᠷ᠎ᠤᠨ ᠬᠡᠮᠵᠢᠶᠡᠨ᠎ᠤ ᠶᠡᠬᠡ ᠪᠠᠭ᠎ᠠ᠎ᠪᠠᠷ ᠬᠣᠶᠠᠷ ᠵᠦᠢ᠍ᠯ᠎ᠢ ᠢᠯᠭ᠋ᠠᠬᠤ ᠪᠠᠷᠢᠮᠵᠢᠶ᠎ᠠ ᠪᠣᠯᠭ᠋ᠠᠬᠤ ᠬᠡᠷᠡᠭᠲᠡᠢ  ᠃ ᠭᠡᠪᠡᠴᠦ᠂ ᠥᠪᠡᠷᠮᠢᠴᠡ ᠪᠦᠲᠦᠭᠡᠯᠴᠢ ᠴᠢᠨᠠᠷ᠎ᠤᠨ ᠬᠡᠮᠵᠢᠶᠡᠨ᠎ᠤ ᠶᠡᠬᠡ ᠪᠠᠭ᠎ᠠ᠎ᠨᠢ ᠮᠠᠭ᠋ᠠᠳᠯᠠᠬᠤ ᠵᠢᠨ ᠠᠷᠭ᠎ᠠ ᠦᠭᠡᠢ ᠰᠡᠳᠦᠪ ᠮᠠᠭ᠋ᠠᠳ᠂   ᠬᠡᠷᠪᠡ   ᠬᠡᠷᠪᠡ ᠬᠡᠮᠵᠢᠭᠳᠡᠬᠦᠨ᠎ᠤ ᠮᠠᠭ᠋ᠠᠳᠯᠠᠯ ᠣᠷᠣᠭᠣᠯᠪᠠᠯ᠂ ᠠᠳᠠᠯᠢ ᠪᠤᠰᠤ ᠬᠢᠨᠠᠭᠴᠢ ᠵᠢᠨ ᠥᠪᠡᠷᠮᠢᠴᠡ ᠪᠦᠲᠦᠭᠡᠯᠴᠢ ᠴᠢᠨᠠᠷ᠎ᠤᠨ ᠥᠨᠳᠥᠷ ᠳᠣᠣᠷ᠎ᠠ ᠵᠢ ᠮᠠᠭ᠋ᠠᠳᠯᠠᠬᠤ ᠪᠠᠷᠢᠮᠵᠢᠶ᠎ᠠ᠎ᠨᠢ ᠠᠳᠠᠯᠢ ᠦᠭᠡᠢ ᠪᠠᠢᠳᠠᠭ ᠮᠦᠷᠲᠡᠭᠡᠨ ᠡᠷᠬᠡᠲᠦ ᠬᠥᠮᠦᠨ ᠬᠠᠤᠯᠢ ᠴᠠᠭ᠋ᠠᠵᠠ ᠵᠢᠨ ᠬᠠᠮᠠᠭ᠋ᠠᠯᠠᠯᠲᠠ ᠵᠢ   ᠭᠣᠶᠣᠴᠢᠯᠠᠬᠣ ᠦᠶᠡᠰ ᠶᠠᠭ᠋ᠠᠬᠢᠬᠤ᠎ᠪᠠᠨ ᠣᠯᠬᠤ ᠦᠭᠡᠢ ᠪᠤᠯᠵᠦ ᠮᠡᠳᠡᠨ᠎ᠡ  ᠃ ᠬᠠᠷᠢᠨ (2020) ᠵᠢᠩ ᠮᠢᠨ  128 ᠳ᠋ᠤᠭ᠋ᠠᠷ ᠲᠣᠭ᠋ᠠᠲᠤ ᠬᠡᠷᠡᠭ᠎ᠲᠤ᠂ ᠲᠠᠬᠢᠨ ᠰᠢᠭᠦᠯᠲᠡ ᠵᠢᠨ ᠰᠢᠭᠦᠬᠦ ᠬᠣᠷᠢᠢ᠎ᠠ《ᠤᠳᠬ᠎ᠠ ᠵᠣᠬᠢᠶᠠᠯ᠎ᠤᠨ ᠲᠠᠢ᠌ᠯᠪᠤᠷᠢᠯᠠᠯᠲᠠ》᠂《ᠰᠢᠰᠲ᠋ᠧᠮ᠎ᠤᠨ ᠲᠠᠢ᠌ᠯᠪᠤᠷᠢᠯᠠᠯᠲᠠ》ᠵᠡᠷᠭᠡ ᠤᠯᠠᠨ ᠲᠠᠯ᠎ᠠ᠎ᠠᠴᠠ ᠲᠣᠳᠣᠷᠬᠠᠢ᠌ᠯᠠᠨ ᠥᠭᠦᠯᠡᠵᠦ᠂   ᠺᠢᠨᠣ᠋᠎ᠲᠠᠢ ᠠᠳᠠᠯᠢᠪᠲᠣᠷ ᠪᠦᠲᠦᠭᠡᠯ ᠪᠣᠯᠤᠨ ᠳᠦᠷᠰᠦ ᠰᠢᠩᠭᠡᠭᠡᠯᠲᠡ ᠵᠢᠨ ᠪᠦᠲᠦᠭᠡᠭᠳᠡᠬᠦᠨ᠎ᠢ ᠬᠤᠪᠢᠶᠠᠷᠢᠯᠠᠬᠤ ᠪᠠᠷᠢᠮᠵᠢᠶ᠎ᠠ ᠪᠣᠯ ᠥᠪᠡᠷᠮᠢᠴᠡ ᠪᠦᠲᠦᠭᠡᠯᠴᠢ ᠴᠢᠨᠠᠷ᠎ᠤᠨ ᠪᠠᠢ᠌ᠬᠤ ᠡᠰᠡᠬᠦ᠎ᠠᠴᠠ ᠪᠢᠰᠢ ᠥᠨᠳᠥᠷ ᠳᠣᠣᠷ᠎ᠠ ᠬᠡᠮᠵᠢᠶᠡᠨ᠎ᠳᠤ ᠪᠠᠢ᠌ᠬᠤ ᠦᠭᠡᠢ ᠭᠡᠵᠦ ᠦᠵᠡᠪᠡ  ᠃ ᠡᠢ᠌ᠮᠦ᠎ᠠᠴᠠ᠂ ᠡᠨᠡ ᠬᠣᠶᠠᠷ᠎ᠤᠨ ᠥᠪᠡᠷᠮᠢᠴᠡ ᠪᠦᠲᠦᠭᠡᠯᠴᠢ ᠴᠢᠨᠠᠷᠲᠠᠢ ᠬᠢᠯᠢ ᠵᠢᠨ ᠵᠠᠭ᠋ᠠᠭ᠎ᠨᠢ ᠴᠤᠬᠤᠮ ᠬᠠᠮᠢᠭ᠎ᠠ ᠪᠠᠢ᠌ᠬᠤ ᠪᠤᠢ᠂ ᠮᠥᠨ ᠯᠡ ᠢᠷᠡᠭᠡᠳᠦᠢ ᠵᠢᠨ ᠬᠠᠤᠯᠢ ᠬᠡᠷᠡᠭᠵᠢᠭᠦᠯᠬᠦ ᠦᠢ᠍ᠯᠡᠳᠦᠯᠭᠡ ᠵᠢᠨ ᠳᠤᠮᠳᠠ ᠤᠯᠠᠮ ᠨᠢᠭᠡ ᠠᠯᠬᠤᠮ ᠨᠢᠭᠡᠳᠬᠡᠬᠦ ᠴᠢᠬᠤᠯᠠᠲᠠᠢ ᠪᠦᠭᠡᠳ ᠪᠠᠰᠠ ᠲᠠᠰᠤᠯᠤᠨ ᠲᠣᠭᠲᠠᠭ᠋ᠠᠭᠴᠢ ᠵᠢᠨ ᠤᠶᠤᠨ ᠤᠬᠠᠭ᠋ᠠᠨ᠎ᠢ ᠤᠯᠠᠮ ᠨᠢᠭᠡ ᠠᠯᠬᠤᠮ ᠰᠢᠯᠭ᠋ᠠᠬᠤ ᠪᠣᠯᠤᠨ᠎ᠠ  ᠃

      ᠭᠤᠷᠪᠠ᠂ ᠵᠣᠬᠢᠶᠠᠯ ᠪᠦᠲᠦᠭᠡᠯ᠎ᠤᠨ ᠡᠷᠬᠡ ᠵᠢᠨ ᠬᠠᠤᠯᠢ᠎ᠳᠤ ᠬᠠᠮᠠᠭ᠋ᠠᠯᠠᠭᠳᠠᠬᠤ ᠦᠭᠡᠢ ᠠᠭᠤᠯᠭ᠎ᠠ᠎ᠨᠢ《ᠴᠠᠭ᠎ᠤᠨ ᠪᠠᠢ᠌ᠳᠠᠯ᠎ᠤᠨ ᠰᠣᠨᠢᠨ ᠮᠡᠳᠡᠭᠡ》᠎ᠠᠴᠠ《ᠲᠠᠩ ᠭᠠᠭᠴᠠ ᠪᠣᠳᠠᠲᠤ ᠶᠠᠪᠤᠳᠠᠯ᠎ᠤᠨ ᠮᠡᠳᠡᠭᠡ》ᠬᠦᠷᠲᠡᠯ᠎ᠡ᠂ ᠦᠭᠡ ᠥᠭᠦᠯᠡᠪᠦᠷᠢ᠎ᠨᠢ ᠨᠡᠩ ᠣᠨᠣᠪᠴᠢᠲᠠᠢ᠂ ᠬᠠᠤᠯᠢ ᠴᠠᠭ᠋ᠠᠵᠠ ᠵᠢᠨ ᠪᠣᠳᠠᠲᠤ ᠶᠠᠪᠤᠳᠠᠯ᠎ᠤᠨ ᠬᠡᠷᠡᠭᠴᠡᠭᠡ᠎ᠳᠤ ᠨᠡᠩ ᠨᠡᠢ᠌ᠴᠡᠨ᠎ᠡ  ᠃
      ᠮᠠᠨ᠎ᠤ ᠤᠯᠤᠰ᠎ᠤᠨ ᠣᠳᠣᠬᠢᠨ᠎ᠳᠤ ᠬᠡᠷᠡᠭᠵᠢᠭᠦᠯᠵᠦ ᠪᠠᠢ᠌ᠭ᠎ᠠ《ᠵᠣᠬᠢᠶᠠᠯ ᠪᠦᠲᠦᠭᠡᠯ᠎ᠤᠨ ᠡᠷᠬᠡ ᠵᠢᠨ ᠬᠠᠤᠯᠢ》᠎ᠳᠤ ᠲᠤᠰ ᠬᠠᠤᠯᠢ ᠵᠢ ᠴᠠᠭ᠎ᠤᠨ ᠪᠠᠢ᠌ᠳᠠᠯ᠎ᠤᠨ ᠰᠣᠨᠢᠨ ᠮᠡᠳᠡᠭᠡᠨ᠎ᠳᠤ ᠬᠡᠷᠡᠭᠯᠡᠬᠦ ᠤᠢ᠍ᠭᠡᠢ ᠭᠡᠵᠦ ᠲᠣᠭᠲᠠᠭ᠋ᠠᠵᠠᠢ  ᠃ ᠲᠤᠰ ᠤᠳᠠᠭ᠎ᠠ ᠵᠠᠰᠠᠪᠤᠷᠢ ᠣᠷᠣᠭᠤᠯᠤᠭᠰᠠᠨ ᠰᠢᠨ᠎ᠡ《ᠵᠣᠬᠢᠶᠠᠯ ᠪᠦᠲᠦᠭᠡᠯ᠎ᠤᠨ ᠡᠷᠬᠡ ᠵᠢᠨ ᠬᠠᠤᠯᠢ》᠎ᠨᠢ《ᠴᠠᠭ᠎ᠤᠨ ᠪᠠᠢ᠌ᠳᠠᠯ᠎ᠤᠨ ᠰᠣᠨᠢᠨ ᠮᠡᠳᠡᠭᠡ》᠎ᠠᠴᠠ 《ᠲᠠᠩ ᠭᠠᠭᠴᠠ ᠪᠣᠳᠠᠲᠤ ᠶᠠᠪᠤᠳᠠᠯ᠎ᠤᠨ ᠮᠡᠳᠡᠭᠡ》ᠵᠢᠨ ᠦᠭᠡ ᠥᠭᠦᠯᠡᠪᠦᠷᠢ ᠵᠢᠨ ᠬᠤᠪᠢᠷᠠᠯᠲᠠ ᠬᠦᠷᠲᠡᠯ᠎ᠡ᠂ ᠵᠣᠬᠢᠶᠠᠯ ᠪᠦᠲᠦᠭᠡᠯ᠎ᠤᠨ ᠡᠷᠬᠡ ᠵᠢᠨ ᠬᠠᠤᠯᠢ᠎ᠳᠤ ᠦᠯᠦ ᠬᠠᠮᠠᠭ᠋ᠠᠯᠠᠭᠳᠠᠬᠤ《ᠴᠠᠭ᠎ᠤᠨ ᠪᠠᠢ᠌ᠳᠠᠯ᠎ᠤᠨ ᠰᠣᠨᠢᠨ ᠮᠡᠳᠡᠭᠡ》 ᠵᠢᠨ ᠮᠥᠨ ᠴᠢᠨᠠᠷ᠎ᠢ ᠨᠡᠩ ᠰᠢᠭᠤᠳ ᠬᠠᠷᠠᠭᠤᠯᠤᠭᠰᠠᠨ ᠪᠠᠢ᠌ᠨ᠎ᠠ  ᠃ ᠳᠠᠩ ᠭᠠᠭᠴᠠ ᠪᠣᠳᠠᠲᠤ ᠶᠠᠪᠦᠳᠠᠯ᠎ᠤᠨ ᠮᠡᠳᠡᠭᠡ᠎ᠨᠢ《ᠮᠡᠳᠡᠭᠡ》ᠵᠢᠨ ᠬᠡᠪᠴᠢᠶ᠎ᠡ ᠵᠢ ᠤᠯᠠᠮ ᠨᠢᠭᠡ ᠠᠯᠬᠤᠮ ᠪᠠᠭ᠋ᠠᠰᠬᠠᠵᠤ᠂ ᠵᠣᠬᠢᠶᠠᠯ ᠪᠦᠲᠦᠭᠡᠯ᠎ᠤᠨ ᠡᠷᠬᠡ ᠵᠢᠨ ᠬᠠᠤᠯᠢ᠎ᠪᠠᠷ ᠬᠠᠮᠠᠭ᠋ᠠᠯᠠᠬᠤ ᠦᠭᠡᠶ ᠪᠤᠰᠤᠳᠴᠢ ᠴᠣᠭᠴᠠ ᠵᠢ《ᠪᠣᠳᠠᠲᠤ ᠶᠠᠪᠦᠳᠠᠯ》ᠵᠶ᠋ᠡᠷ ᠬᠢᠵᠠᠭ᠋ᠠᠷᠯᠠᠵᠤ᠂ ᠵᠣᠬᠢᠶᠠᠯ ᠪᠦᠲᠦᠭᠡᠯ᠎ᠤᠨ ᠡᠷᠬᠡ ᠵᠢᠨ ᠬᠠᠤᠯᠢ᠎ᠪᠠᠷ ᠬᠠᠮᠠᠭ᠋ᠠᠯᠠᠬᠤ ᠪᠦᠲᠦᠭᠡᠯ᠎ᠤᠨ ᠮᠥᠨ ᠴᠢᠨᠠᠷ——《ᠥᠪᠡᠷᠮᠢᠴᠡ ᠪᠦᠲᠦᠭᠡᠯᠴᠢ ᠴᠢᠨᠠᠷᠲᠠᠶ ᠢᠯᠡᠳᠬᠡᠯ》᠎ᠲᠠᠢ ᠵᠣᠬᠢᠴᠠᠯᠳᠤᠭᠤᠯᠵᠠᠶ  ᠃
      ᠡᠢ᠌ᠮᠦᠷᠬᠦᠦ ᠦᠭᠡ ᠥᠭᠦᠯᠡᠪᠦᠷᠢ ᠵᠢᠨ ᠵᠠᠰᠠᠪᠤᠷᠢ᠎ᠨᠢ ᠪᠠᠰᠠ ᠣᠳᠣᠬᠢᠨ᠎ᠳᠤ ᠬᠡᠷᠡᠭᠵᠢᠭᠦᠯᠵᠦ ᠪᠠᠢ᠌ᠭ᠎ᠠ ᠬᠠᠤᠯᠢ ᠴᠠᠭ᠋ᠠᠵᠠ ᠬᠠᠤᠯᠢ ᠲᠣᠭᠲᠠᠭ᠋ᠠᠯ᠂ ᠬᠠᠤᠯᠢ ᠪᠠᠷᠢᠬᠤ ᠲᠠᠢ᠌ᠯᠪᠤᠷᠢᠯᠠᠯᠲᠠ᠎ᠳᠠᠬᠢ ᠥᠭᠦᠯᠡᠯᠲᠡ᠎ᠲᠠᠢ ᠨᠢᠭᠡᠳᠦᠯᠲᠡᠢ ᠪᠠᠢ᠌ᠵᠤ᠂ ᠥᠩᠭᠡᠷᠡᠭᠰᠡᠨ᠎ᠤ ᠬᠠᠤᠯᠢ ᠬᠡᠷᠡᠭᠵᠢᠭᠦᠯᠬᠦ ᠦᠢ᠍ᠯᠡᠳᠦᠯᠭᠡ ᠵᠢᠨ ᠳᠤᠮᠳᠠᠬᠢ ᠰᠢᠭᠦᠬᠦ ᠬᠣᠷᠢᠢ᠎ᠠ ᠵᠢᠨ ᠨᠡᠯᠢᠶᠡᠳ ᠪᠣᠯᠪᠠᠰᠤᠷᠠᠩᠭᠤᠢ ᠪᠣᠯᠤᠭᠰᠠᠨ ᠠᠷᠭ᠎ᠠ ᠬᠢᠳᠡᠯ ᠪᠤᠶᠤ ᠮᠠᠭ᠋ᠠᠳᠯᠠᠨ ᠲᠣᠭᠲᠠᠭ᠋ᠠᠯᠲᠠ᠎ᠳᠤ ᠬᠠᠷᠢᠭᠤᠯᠲᠠ ᠥᠭᠴᠡᠢ  ᠃ ᠬᠠᠤᠯᠢ ᠬᠡᠷᠡᠭᠵᠢᠭᠦᠯᠬᠦ ᠦᠢ᠍ᠯᠡᠳᠦᠯᠭᠡ ᠵᠢᠨ ᠳᠤᠮᠳᠠ᠂ ᠶᠡᠬᠡ ᠬᠡᠮᠵᠢᠶᠡᠨ᠎ᠤ《ᠴᠠᠭ᠎ᠤᠨ ᠪᠠᠢ᠌ᠳᠠᠯ᠎ᠤᠨ ᠰᠣᠨᠢᠨ ᠮᠡᠳᠡᠭᠡ》᠎ᠪᠠᠷ ᠡᠰᠡᠷᠭᠦᠴᠡᠨ ᠮᠠᠷᠭᠤᠯᠳᠤᠬᠤ ᠠᠭᠤᠯᠭ᠎ᠠ᠎ᠨᠢ ᠲᠠᠩ ᠭᠠᠭᠴᠠ ᠪᠣᠳᠠᠲᠤ ᠶᠠᠪᠦᠳᠠᠯ᠎ᠤᠨ ᠴᠢᠨᠠᠷᠲᠠᠢ ᠮᠡᠳᠡᠭᠡ ᠪᠢᠰᠢ᠂ ᠶᠡᠷᠦ᠎ᠨᠢ ᠮᠡᠳᠡᠭᠡᠯᠡᠭᠴᠢ ᠵᠢᠨ ᠬᠤᠪᠢ ᠬᠥᠮᠦᠨ᠎ᠤ ᠰᠢᠭᠦᠮᠵᠢ ᠪᠤᠶᠤ ᠵᠣᠬᠢᠬᠤ ᠦᠷᠳᠡᠭ᠎ᠤᠨ ᠬᠡᠯᠪᠡᠷᠢᠯ᠎ᠲᠠᠢ ᠥᠭᠦᠯᠡᠯᠲᠡ ᠬᠣᠯᠢᠯᠳᠤᠵᠤ ᠪᠠᠢ᠌ᠳᠠᠭ᠂ ᠬᠣᠯᠪᠣᠭᠳᠠᠯ ᠪᠦᠬᠦᠢ ᠠᠭᠤᠯᠭ᠎ᠠ᠎ᠨᠢ ᠵᠣᠬᠢᠶᠠᠯ ᠪᠦᠲᠦᠭᠡᠯ᠎ᠤᠨ ᠡᠷᠬᠡ ᠵᠢ ᠡᠳ᠋ᠯᠡᠬᠦ《ᠵᠣᠬᠢᠶᠠᠯ ᠪᠦᠲᠦᠭᠡᠯ》᠎ᠤᠨ ᠠᠢ᠎ᠳᠤ ᠲᠣᠭ᠋ᠠᠴᠠᠭᠳᠠᠬᠤ᠎ᠨᠢ ᠢᠯᠡᠷᠬᠡᠢ ᠶᠤᠮ  ᠃
    ᠡᠭᠦᠨ᠎ᠠᠴᠠ ᠭᠠᠳᠠᠨ᠎ᠠ᠂ ᠴᠠᠭ᠎ᠤᠨ ᠪᠠᠢ᠌ᠳᠠᠯ᠎ᠤᠨ ᠰᠣᠨᠢᠨ ᠮᠡᠳᠡᠭᠡ ᠵᠢ ᠲᠤᠰᠬᠠᠵᠦ ᠴᠢᠳᠠᠬᠤ ᠰᠡᠭᠦᠳᠡᠷ᠎ᠨᠢ   ᠴᠠᠭ᠎ᠤᠨ ᠪᠠᠢ᠌ᠳᠠᠯ᠎ᠤᠨ ᠰᠣᠨᠢᠨ ᠮᠡᠳᠡᠭᠡ᠎ᠳᠤ ᠲᠣᠭ᠋ᠠᠴᠠᠭᠳᠠᠬᠤ ᠡᠰᠡᠬᠦ  ᠂   ᠵᠣᠬᠢᠶᠠᠯ ᠪᠦᠲᠦᠭᠡᠯ᠎ᠤᠨ ᠡᠷᠬᠡ ᠵᠢᠨ ᠬᠠᠤᠯᠢ ᠵᠢᠨ ᠬᠠᠮᠠᠭ᠋ᠠᠯᠠᠯᠲᠠ ᠵᠢᠨ ᠬᠦᠷᠢᠢ᠎ᠡ ᠬᠡᠪᠴᠢᠢ᠎ᠡ᠎ᠠᠴᠠ ᠭᠠᠳᠠᠭᠤᠷᠴᠢᠯᠠᠭᠳᠠᠬᠤ ᠡᠰᠡᠬᠦ  ᠎ᠨᠢ ᠠᠳᠠᠯᠢ ᠪᠤᠰᠤ ᠰᠢᠭᠦᠬᠦ ᠬᠣᠷᠢᠢ᠎ᠠ  ᠂ ᠬᠠᠤᠯᠢ ᠬᠡᠷᠡᠭᠵᠢᠭᠦᠯᠬᠦ ᠦᠢ᠍ᠯᠡᠳᠦᠯᠭᠡ ᠵᠢᠨ ᠳᠤᠮᠳᠠ ᠪᠠᠰᠠ ᠨᠡᠯᠢᠶᠡᠳ ᠶᠡᠬᠡ ᠵᠥᠷᠢᠯᠳᠦᠭᠡᠨ᠎ᠲᠠᠢ ᠪᠠᠢ᠌ᠨ᠎ᠠ᠂ ᠡᠭᠦᠨ᠎ᠤ ᠰᠢᠯᠲᠠᠭ᠋ᠠᠨ᠎ᠨᠢ《ᠵᠣᠬᠢᠶᠠᠯ ᠪᠦᠲᠦᠭᠡᠯ᠎ᠤᠨ ᠡᠷᠬᠡ ᠵᠢᠨ ᠬᠠᠤᠯᠢ》᠎ᠳᠤ ᠲᠣᠭᠲᠠᠭ᠋ᠠᠭᠰᠠᠨ《ᠴᠠᠭ᠎ᠤᠨ ᠪᠠᠢ᠌ᠳᠠᠯ᠎ᠤᠨ ᠰᠣᠨᠢᠨ ᠮᠡᠳᠡᠭᠡ》ᠵᠢᠨ ᠲᠤᠬᠠᠢ ᠣᠢ᠌ᠯᠠᠭ᠋ᠠᠯᠲᠠ᠎ᠨᠢ ᠨᠢᠭᠡᠳᠦᠯ ᠦᠭᠡᠢ ᠪᠠᠢ᠌ᠬᠤ᠎ᠳᠤ ᠣᠷᠣᠰᠢᠨ᠎ᠠ  ᠃   ᠲᠣᠰ ᠤᠳᠠᠭ᠎ᠠ ᠰᠢᠨ᠎ᠡ᠎ᠪᠠᠷ ᠵᠠᠰᠠᠪᠤᠷᠢ ᠣᠷᠣᠭᠤᠯᠤᠭᠰᠠᠨ《ᠵᠣᠬᠢᠶᠠᠯ ᠪᠦᠲᠦᠭᠡᠯ᠎ᠤᠨ ᠡᠷᠬᠡ ᠵᠢᠨ ᠬᠠᠤᠯᠢ》᠎ᠨᠢ ᠬᠠᠤᠯᠢ ᠵᠦᠶ ᠵᠢᠨ ᠲᠠᠯ᠎ᠠ᠎ᠠᠴᠠ ᠪᠣᠳᠠᠲᠤ ᠬᠡᠷᠡᠭ᠎ᠨᠢ ᠵᠣᠬᠢᠶᠠᠯ ᠪᠦᠲᠦᠭᠡᠯ᠎ᠤᠨ ᠡᠷᠬᠡ ᠵᠢᠨ ᠬᠠᠤᠯᠢ ᠵᠢᠨ ᠬᠠᠮᠠᠭ᠋ᠠᠯᠠᠯᠲᠠ ᠵᠢᠨ ᠬᠡᠪᠴᠢᠶ᠎ᠡ ᠎ᠳᠤ ᠪᠠᠭᠲᠠᠬᠣ ᠦᠭᠡᠢ ᠭᠡᠳᠡᠭ ᠶᠡᠷᠦ ᠵᠢᠨ ᠮᠡᠳᠡᠯᠭᠡ ᠵᠢ   ᠳᠠᠬᠢᠨᠲᠠ ᠲᠣᠳᠣᠷᠬᠠᠢ᠌ᠯᠠᠭᠰᠠᠨ ᠪᠠᠢ᠌ᠨ᠎ᠠ᠃ ᠡᠨᠡ᠎ᠨᠢ ᠬᠠᠤᠯᠢ ᠪᠠᠷᠢᠬᠤ ᠲᠠᠰᠤᠯᠤᠨ ᠲᠣᠭᠲᠠᠭ᠋ᠠᠯᠲᠠ ᠵᠢᠴᠢ ᠬᠠᠤᠯᠢ ᠴᠠᠭ᠋ᠠᠵᠠ ᠵᠢ ᠬᠡᠷᠡᠭᠯᠡᠬᠦ ᠳᠤᠮᠳᠠ ᠵᠣᠬᠢᠶᠠᠯ ᠪᠦᠲᠦᠭᠡᠯ᠎ᠤᠨ ᠡᠷᠬᠡ ᠵᠢᠨ ᠬᠠᠤᠯᠢ ᠵᠢᠨ ᠮᠥᠨ ᠴᠢᠨᠠᠷ᠎ᠲᠤ ᠪᠤᠴᠠᠬᠤ᠎ᠳᠤ ᠠᠰᠢᠭᠲᠠᠢ ᠪᠠᠢ᠌ᠳᠠᠭ᠂ ᠲᠤᠬᠠᠢ᠌ᠯᠠᠪᠠᠯ《ᠵᠣᠬᠢᠶᠠᠯ ᠪᠦᠲᠦᠭᠡᠯ》᠎ᠠᠴᠠ ᠡᠭᠦᠰᠴᠦ᠂ ᠶᠠᠮᠠᠷ ᠨᠢᠭᠡᠨ ᠪᠤᠰᠤᠳᠴᠢ ᠴᠣᠭᠴᠠ᠎ᠨᠢ ᠵᠣᠬᠢᠶᠠᠯ ᠪᠦᠲᠦᠭᠡᠯ᠎ᠤᠨ ᠡᠷᠬᠡ ᠵᠢᠨ ᠬᠠᠤᠯᠢ ᠵᠢᠨ ᠬᠠᠮᠠᠭ᠋ᠠᠯᠠᠯᠲᠠ ᠵᠢ ᠣᠯᠵᠤ ᠴᠢᠳᠠᠬᠤ ᠡᠰᠡᠬᠦ ᠲᠤᠬᠠᠢ ᠲᠠᠰᠤᠯᠤᠨ ᠲᠣᠭᠲᠠᠭ᠋ᠠᠭᠴᠢ ᠨᠡᠩ ᠲᠣᠳᠣᠷᠬᠠᠢ ᠣᠨᠣᠪᠴᠢᠲᠠᠢ ᠬᠠᠷᠢᠭᠤᠯᠲᠠ ᠣᠯᠵᠤ᠂ ᠡᠷᠬᠡᠲᠦ ᠬᠥᠮᠦᠨ ᠴᠦ᠍ ᠡᠷᠬᠡ᠎ᠪᠠᠨ ᠬᠠᠮᠠᠭ᠋ᠠᠯᠠᠬᠤ ᠬᠦᠰᠡᠯ ᠵᠶ᠋ᠡᠨ ᠪᠡᠶᠡᠯᠡᠭᠦᠯᠵᠦ ᠴᠢᠳᠠᠨ᠎ᠠ ᠭᠡᠳᠡᠭ᠎ᠲᠤ ᠢᠲᠡᠭᠡᠵᠦ ᠪᠠᠢ᠌ᠨ᠎ᠠ  ᠃
 
    ᠳᠥᠷᠪᠡ᠂《ᠷᠠᠳᠢᠣ᠋ ᠨᠡᠪᠲᠡᠷᠡᠭᠦᠯᠭᠡ ᠵᠢᠨ ᠡᠷᠬᠡ》ᠵᠢᠨ ᠲᠣᠮᠢᠶᠠᠯᠠᠯ᠎ᠢ ᠳᠠᠬᠢᠨ ᠪᠠᠢ᠌ᠭᠤᠯᠵᠤ᠂ ᠢᠨᠲᠸᠷ ᠰᠦᠯᠵᠢᠶᠡᠨ᠎ᠤ ᠮᠡᠷᠭᠡᠵᠢᠯ᠎ᠤᠨ ᠬᠥᠭᠵᠢᠯᠲᠡ ᠵᠢᠨ ᠬᠡᠷᠡᠭᠴᠡᠭᠡ᠎ᠳᠤ ᠵᠣᠬᠢᠴᠠᠭᠤᠯᠤᠨ᠂ ᠪᠦᠲᠦᠭᠡᠯ᠎ᠤᠨ ᠰᠦᠯᠵᠢᠶ᠎ᠡ ᠵᠢ ᠴᠠᠭ ᠲᠤᠬᠠᠶ᠎ᠳᠤᠨᠢ ᠳᠠᠮᠵᠢᠭᠤᠯᠤᠨ ᠨᠡᠪᠲᠡᠷᠡᠭᠦᠯᠬᠦ ᠡᠷᠬᠡ ᠵᠢ ᠬᠠᠮᠠᠭ᠋ᠠᠯᠠᠨ᠎ᠠ  ᠃
      ᠣᠢ᠌ᠷ᠎ᠠ ᠵᠢᠨ ᠬᠡᠳᠦᠨ ᠵᠢᠯ᠎ᠳᠤ᠂ ᠰᠦᠯᠵᠢᠶᠡᠨ ᠳᠡᠭᠡᠷ᠎ᠡ ᠲᠧᠯᠸᠢᠰ ᠫᠷᠤᠭ᠌ᠷᠠᠮ ᠢᠯᠠᠩᠭᠤᠶ᠎ᠠ ᠪᠡᠶ᠎ᠡ ᠲᠠᠮᠢᠷ᠎ᠤᠨ ᠤᠷᠤᠯᠳᠤᠭ᠋ᠠᠨ᠎ᠤ ᠫᠷᠤᠭ᠌ᠷᠠᠮ᠎ᠢ ᠴᠠᠭ ᠲᠤᠬᠠᠶ᠎ᠳᠤᠨᠢ ᠳᠠᠮᠵᠢᠭᠤᠯᠤᠨ ᠨᠡᠪᠲᠡᠷᠡᠭᠦᠯᠬᠦ ᠦᠢᠯᠡ ᠠᠵᠢᠯᠯᠠᠭ᠎ᠠ᠎ᠳᠤ ᠶᠠᠮᠠᠷ ᠵᠦᠢᠯ᠎ᠤᠨ ᠵᠣᠬᠢᠶᠠᠯ ᠪᠦᠲᠦᠭᠡᠯ᠎ᠤᠨ ᠡᠷᠬᠡ ᠵᠢᠨ ᠲᠦᠷᠢᠮ ᠲᠣᠭᠲᠠᠭ᠋ᠠᠯ ᠬᠡᠷᠡᠭᠵᠢᠭᠦᠯᠬᠦ ᠪᠣᠯ ᠡᠷᠳᠡᠮ ᠰᠢᠨᠵᠢᠯᠡᠭᠡᠨ᠎ᠤ᠎ᠬᠢᠨ ᠪᠠ ᠬᠠᠤᠯᠢ ᠪᠠᠷᠢᠬᠤ ᠦᠢᠯᠡᠳᠦᠯᠭᠡ ᠵᠢᠨ ᠳᠤᠮᠳᠠᠬᠢ ᠬᠠᠮᠤᠭ᠎ᠤᠨ ᠶᠡᠬᠡ ᠮᠠᠷᠭᠤᠭ᠋ᠠᠨ᠎ᠲᠠᠢ ᠠᠰᠠᠭᠤᠳᠠᠯ   ᠪᠣᠯᠤᠨ᠎ᠠ  ᠃ ᠤᠳᠤ ᠵᠢᠨ ᠬᠡᠷᠡᠭᠵᠢᠭᠦᠯᠵᠦ ᠪᠠᠢ᠌ᠭ᠎ᠠ《ᠵᠣᠬᠢᠶᠠᠯ ᠪᠦᠲᠦᠭᠡᠯ᠎ᠤᠨ ᠡᠷᠬᠡ ᠵᠢᠨ ᠬᠠᠤᠯᠢ》ᠵᠢ ᠦᠨᠳᠦᠰᠦᠯᠡᠪᠡᠯ᠂ ᠰᠦᠯᠵᠢᠶᠡᠨ ᠳᠡᠭᠡᠷ᠎ᠡ ᠲᠧᠯᠸᠢᠰ ᠫᠷᠤᠭ᠌ᠷᠠᠮ᠎ᠢ ᠴᠠᠭ ᠲᠤᠬᠠᠢ᠎ᠳᠤᠨᠢ ᠳᠠᠮᠵᠢᠭᠤᠯᠤᠨ ᠨᠡᠪᠲᠡᠷᠡᠭᠦᠯᠬᠦ ᠡᠷᠬᠡᠲᠦ ᠬᠥᠮᠦᠨ᠎ᠳᠤ ᠵᠣᠬᠢᠬᠤ ᠬᠠᠮᠠᠭ᠋ᠠᠯᠠᠯᠲᠠ ᠵᠢᠨ ᠬᠦᠴᠢᠷᠳᠡᠯ ᠲᠤᠯᠭ᠋ᠠᠷᠠᠵᠤ ᠪᠠᠢ᠌ᠨ᠎ᠠ  ᠃ ᠣᠳᠣᠬᠠᠨ᠎ᠳᠤ ᠰᠦᠯᠵᠢᠶ᠎ᠡ᠎ᠪᠠᠷ ᠴᠠᠭ ᠲᠤᠬᠠᠶ᠎ᠳᠤᠨᠢ ᠳᠠᠮᠵᠢᠭᠤᠯᠤᠨ ᠨᠡᠪᠲᠡᠷᠡᠭᠦᠯᠬᠦ ᠫᠷᠤᠭ᠌ᠷᠠᠮ᠎ᠤᠨ ᠵᠣᠬᠢᠶᠠᠯ ᠪᠦᠲᠦᠭᠡᠯ᠎ᠤᠨ ᠡᠷᠬᠡ ᠵᠢ ᠬᠠᠮᠠᠭ᠋ᠠᠯᠠᠬᠤ ᠴᠤᠷ᠎ᠤᠨ ᠭᠠᠭᠴᠠ ᠠᠷᠭ᠎ᠠ ᠵᠠᠮ ᠪᠣᠯ ᠫᠷᠤᠭ᠌ᠷᠠᠮ᠎ᠢ ᠪᠦᠲᠦᠭᠡᠯ ᠵᠶ᠋ᠡᠷ ᠮᠠᠭ᠋ᠠᠳᠯᠠᠨ ᠲᠣᠭᠲᠠᠭ᠋ᠠᠬᠤ ᠵᠢᠨ ᠬᠠᠮᠲᠤ ᠵᠣᠬᠢᠶᠠᠯ ᠪᠦᠲᠦᠭᠡᠯ᠎ᠤᠨ ᠡᠷᠬᠡᠲᠦ ᠬᠥᠮᠦᠨ᠎ᠤ ᠡᠳ᠋ᠯᠡᠬᠦ ᠪᠤᠰᠤᠳ ᠡᠷᠬᠡ᠎ᠪᠠᠷ ᠬᠠᠮᠠᠭ᠋ᠠᠯᠠᠬᠤ ᠶᠠᠪᠤᠳᠠᠯ ᠪᠣᠯᠤᠨ᠎ᠠ᠂《  ᠷᠠᠳᠢᠣ᠋ ᠨᠡᠪᠲᠡᠷᠡᠭᠦᠯᠭᠡ ᠵᠢᠨ ᠡᠷᠬᠡ》᠎ᠨᠢ ᠦᠢ᠍ᠯᠡᠳᠦᠯ ᠵᠶ᠋ᠡᠨ ᠪᠠᠳᠠᠷᠠᠭᠤᠯᠵᠤ ᠴᠢᠳᠠᠭᠰᠠᠨ ᠦᠭᠡᠢ  ᠃ ᠲᠡᠭᠦᠨ᠎ᠤ ᠨᠢᠭᠡ ᠰᠢᠯᠲᠠᠭ᠋ᠠᠨ᠎ᠨᠢ ᠤᠳᠤ ᠵᠢᠨ ᠬᠡᠷᠡᠭᠵᠢᠭᠦᠯᠵᠦ ᠪᠠᠢ᠌ᠭ᠎ᠠ《ᠵᠣᠬᠢᠶᠠᠯ ᠪᠦᠲᠦᠭᠡᠯ᠎ᠤᠨ ᠡᠷᠬᠡ ᠵᠢᠨ ᠬᠠᠤᠯᠢ》᠎ᠳᠠᠬᠢ《ᠷᠠᠳᠢᠣ᠋ ᠨᠡᠪᠲᠡᠷᠡᠭᠦᠯᠭᠡ ᠵᠢᠨ ᠡᠷᠬᠡ》ᠵᠢᠨ ᠲᠤᠬᠠᠢ ᠲᠣᠭᠲᠠᠭ᠋ᠠᠯ ᠪᠣᠯ《ᠪᠸᠷᠨ᠋ᠸ ᠵᠢᠨ ᠨᠡᠢ᠌ᠲᠡ ᠵᠢᠨ ᠭᠡᠷ᠎ᠡ》ᠪᠣᠯᠤᠨ TRIPS ᠬᠡᠯᠡᠯᠴᠡᠭᠡᠷ᠎ᠤᠨ ᠤᠯᠠᠮᠵᠢᠯᠠᠯᠲᠤ ᠲᠸᠺᠰᠲ ᠵᠢᠡᠷ ᠯᠠᠪᠯᠠᠯᠲᠠ ᠪᠣᠯᠭ᠋ᠠᠭᠰᠠᠨ᠎ᠠᠴᠠ ᠪᠣᠯᠤᠭᠰᠠᠨ ᠶᠤᠮ  ᠃
      ᠲᠤᠰ ᠤᠳᠠᠭ᠎ᠠ ᠰᠢᠨ᠎ᠡ᠎ᠪᠠᠷ ᠵᠠᠰᠠᠪᠤᠷᠢ ᠣᠷᠣᠭᠤᠯᠤᠭᠰᠠᠨ《ᠵᠣᠬᠢᠶᠠᠯ ᠪᠦᠲᠦᠭᠡᠯ᠎ᠤᠨ ᠡᠷᠬᠡ ᠵᠢᠨ ᠬᠠᠤᠯᠢ》᠎ᠳᠤ ᠷᠠᠳᠢᠣ᠋ ᠨᠡᠪᠲᠡᠷᠡᠭᠦᠯᠭᠡ ᠵᠢᠨ ᠡᠷᠬᠡ ᠵᠢᠨ ᠡᠮᠦᠨᠡᠬᠢ ᠬᠣᠶᠠᠷ ᠵᠦᠢ᠍ᠯ᠎ᠤᠨ ᠡᠵᠡᠮᠳᠡᠬᠦ ᠦᠢ᠍ᠯᠡ ᠠᠵᠢᠯᠯᠠᠭ᠎ᠠ (《ᠷᠠᠳᠢᠣ᠋ ᠠᠷᠭ᠎ᠠ ᠮᠠᠶᠢᠭ ᠵᠶ᠋ᠠᠷ ᠨᠡᠪᠲᠡᠷᠡᠭᠦᠯᠬᠦ ᠪᠤᠶᠤ ᠳᠡᠯᠭᠡᠷᠡᠭᠦᠯᠬᠦ》ᠪᠠ《ᠷᠠᠳᠢᠣ᠋ ᠨᠡᠪᠲᠡᠷᠡᠭᠦᠯᠭᠡ ᠵᠢᠨ ᠪᠦᠲᠦᠭᠡᠯ᠎ᠢ ᠤᠲᠠᠰᠤᠲᠤ ᠤᠯᠠᠮᠵᠢᠯᠠᠨ ᠲᠠᠷᠬᠠᠭ᠋ᠠᠬᠤ》) ᠵᠢ《ᠤᠲᠠᠰᠤᠲᠤ ᠪᠤᠶᠤ ᠤᠲᠠᠰᠤ ᠦᠭᠡᠢ ᠠᠷᠭ᠎ᠠ ᠮᠠᠶᠢᠭ ᠵᠶ᠋ᠠᠷ ᠪᠦᠲᠦᠭᠡᠯ᠎ᠢ ᠢᠯᠡ᠎ᠪᠠᠷ ᠤᠯᠠᠮᠵᠢᠯᠠᠨ ᠲᠠᠷᠬᠠᠭ᠋ᠠᠬᠤ ᠪᠤᠶᠤ ᠳᠠᠮᠵᠢᠭᠤᠯᠤᠨ ᠨᠡᠪᠲᠡᠷᠡᠭᠦᠯᠬᠦ》᠎ᠪᠠᠷ ᠨᠢᠭᠡᠳᠬᠡᠵᠦ᠂ ᠤᠲᠠᠰᠤᠲᠤ ᠪᠤᠶᠤ ᠤᠲᠠᠰᠤ ᠦᠭᠡᠢ ᠭᠡᠵᠦ ᠢᠯᠭ᠋ᠠᠬᠤ ᠵᠶ᠋ᠠᠨ ᠪᠠᠢ᠌ᠵᠠᠢ  ᠃ ᠰᠢᠨ᠎ᠡ᠎ᠪᠠᠷ ᠲᠣᠭᠲᠠᠭ᠋ᠠᠭᠰᠠᠨ ᠷᠠᠳᠢᠣ᠋ ᠨᠡᠪᠲᠡᠷᠡᠭᠦᠯᠭᠡ ᠵᠢᠨ ᠡᠷᠬᠡ᠎ᠨᠢ ᠮᠥᠨ ᠴᠢᠨᠠᠷ ᠳᠡᠭᠡᠷ᠎ᠡ᠎ᠪᠠᠨ WCT ᠵᠢᠨ ᠣᠯᠠᠨ ᠨᠡᠢ᠌ᠲᠡ᠎ᠳᠤ ᠨᠠᠩ ᠥᠷᠭᠡᠨ ᠳᠡᠯᠭᠡᠷ ᠤᠯᠠᠮᠵᠢᠯᠠᠨ ᠲᠠᠷᠬᠠᠭ᠋ᠠᠬᠤ ᠡᠷᠬᠡ ᠵᠢᠨ ᠲᠤᠬᠠᠶ ᠲᠣᠭᠲᠠᠭ᠋ᠠᠯ᠎ᠢ ᠳᠤᠯᠢᠳᠠᠵᠤ᠂ ᠠᠩᠬᠠᠨ᠎ᠤ ᠤᠯᠠᠮᠵᠢᠯᠠᠨ ᠲᠠᠷᠬᠠᠭ᠋ᠠᠭᠰᠠᠨ ᠪᠦᠲᠦᠭᠡᠯ᠎ᠢ ᠡᠷᠬᠡᠪᠰᠢ 《ᠤᠲᠠᠰᠤ ᠥᠬᠡᠶ》 (ᠳᠠᠷᠤᠶ《ᠪᠸᠷᠨ᠋ᠸ ᠵᠢᠨ ᠨᠡᠢ᠌ᠲᠡ ᠵᠢᠨ ᠭᠡᠷ᠎ᠡ》ᠵᠢᠨ ᠴᠠᠭ ᠦᠶ᠎ᠡ ᠵᠢᠨ ᠢᠨᠲ᠋ᠧᠷ ᠰᠦᠯᠵᠢᠶᠡᠨ᠎ᠤ ᠮᠡᠷᠭᠡᠵᠢᠯ ᠪᠣᠶ ᠪᠣᠯᠬᠤ᠎ᠠᠴᠠ ᠡᠮᠦᠨᠡᠬᠢ ᠠᠩᠬᠠᠨ᠎ᠤ ᠦᠶ᠎ᠡ ᠵᠢᠨ ᠴᠠᠬᠢᠯᠭ᠋ᠠᠨ ᠳᠣᠯᠭᠢᠶᠠᠨ᠎ᠢ ᠤᠲᠠᠰᠤ ᠥᠬᠡᠶ ᠤᠯᠠᠮᠵᠢᠯᠠᠨ ᠳᠠᠮᠵᠢᠭᠤᠯᠬᠤ) ᠠᠷᠭ᠎ᠠ ᠬᠡᠯᠪᠡᠷᠢ᠎ᠪᠠᠷ ᠤᠯᠠᠮᠵᠢᠯᠠᠨ ᠲᠠᠷᠬᠠᠭ᠋ᠠᠬᠤ ᠬᠡᠷᠡᠭᠲᠡᠶ ᠭᠡᠵᠦ ᠴᠢᠬᠤᠯᠠᠴᠢᠯᠠᠬᠤ ᠥᠬᠡᠶ ᠪᠣᠯᠵᠣ᠂ ᠬᠠᠷᠢᠨ《ᠢᠨᠲ᠋ᠧᠷ ᠰᠦᠯᠵᠢᠶᠡᠨ᠎ᠤ ᠴᠠᠭ ᠦᠶ᠎ᠡ》ᠵᠢᠨ ᠰᠢᠨ᠎ᠡ ᠬᠡᠷᠡᠭᠴᠡᠭᠡ᠎ᠳᠤ ᠨᠡᠢ᠌ᠴᠡᠭᠦᠯᠵᠦ᠂ ᠠᠩᠬᠠᠨ᠎ᠤ ᠤᠲᠠᠰᠤᠲᠤ ᠤᠯᠠᠮᠵᠢᠯᠠᠨ ᠲᠠᠷᠬᠠᠭ᠋ᠠᠬᠤ ᠲᠤᠬᠠᠢ᠌ᠯᠠᠪᠠᠯ ᠢᠨᠲ᠋ᠧᠷ ᠰᠦᠯᠵᠢᠶᠡᠨ᠎ᠤ ᠰᠦᠯᠵᠢᠶ᠎ᠡ᠎ᠪᠠᠷ ᠤᠯᠠᠮᠵᠢᠯᠠᠨ ᠲᠠᠷᠬᠠᠭ᠋ᠠᠬᠤ ᠵᠠᠭᠪᠤᠷ᠎ᠢ ᠷᠠᠳᠢᠣ᠋ ᠨᠡᠪᠲᠡᠷᠡᠭᠦᠯᠭᠡ ᠵᠢᠨ ᠡᠷᠬᠡ ᠵᠢᠨ ᠡᠵᠡᠮᠳᠡᠬᠦ ᠬᠡᠪᠴᠢᠶᠡᠨ᠎ᠳᠤ   ᠣᠷᠣᠭᠤᠯᠪᠠ᠃ ᠡᠨᠡ᠎ᠨᠢ ᠰᠦᠯᠵᠢᠶᠡᠨ ᠳᠡᠭᠡᠷ᠎ᠡ ᠴᠠᠭ ᠲᠤᠬᠠᠶ᠎ᠳᠤᠨᠢ ᠳᠠᠮᠵᠢᠭᠤᠯᠤᠨ ᠨᠡᠪᠲᠡᠷᠡᠭᠦᠯᠬᠦ ᠲᠧᠯᠸᠢᠰ ᠫᠷᠤᠭ᠌ᠷᠠᠮ᠎ᠢ ᠬᠡᠷᠬᠢᠨ《ᠨᠡᠷ᠎ᠡ ᠲᠥᠷᠥ᠎ᠲᠠᠢ ᠡᠷᠬᠡ》᠎ᠪᠠᠷ ᠬᠠᠮᠠᠭ᠋ᠠᠯᠠᠬᠤ ᠠᠰᠠᠭᠤᠳᠠᠯ᠎ᠢ ᠦᠨᠳᠦᠰᠦᠨ᠎ᠠᠴᠠ᠎ᠨᠢ ᠰᠢᠢᠳᠪᠦᠷᠢᠯᠡᠵᠦ᠂ 《ᠪᠤᠰᠤᠳ ᠡᠷᠬᠡ》᠎ᠪᠠᠷ ᠪᠠᠲᠤᠯᠠᠨ ᠬᠠᠮᠠᠭ᠋ᠠᠯᠠᠬᠤ ᠴᠢᠬᠤᠯᠠ ᠥᠬᠡᠶ ᠪᠣᠯᠤᠨ᠎ᠠ  ᠃   ᠡᠷᠬᠡᠲᠦ ᠬᠦᠮᠦᠨ᠎ᠳᠤ ᠠᠪᠴᠣ ᠬᠡᠯᠡᠪᠡᠯ ᠣᠯᠠᠮ ᠠᠰᠢᠭᠲᠠᠢ ᠪᠣᠯᠣᠭᠰᠠᠨ ᠪᠠᠢ᠌ᠨ᠎ᠠ᠃
 
      ᠲᠠᠪᠤ᠂ ᠬᠠᠮᠲᠤᠷᠠᠨ ᠵᠣᠬᠢᠶᠠᠭᠰᠠᠨ ᠪᠦᠲᠦᠭᠡᠯ᠎ᠳᠠᠬᠢ ᠬᠡᠰᠡᠭ ᠡᠷᠬᠡᠲᠦ ᠬᠥᠮᠦᠨ᠎ᠤ ᠡᠷᠬᠡ᠎ᠪᠠᠨ ᠬᠡᠷᠡᠭᠵᠢᠭᠦᠯᠬᠦ ᠡᠷᠬᠡ ᠵᠢᠨ ᠵᠠᠭ᠋ᠠᠭ᠎ᠢ ᠲᠣᠳᠣᠷᠬᠠᠢ᠌ᠯᠠᠵᠤ᠂ ᠪᠦᠲᠦᠭᠡᠯ᠎ᠤᠨ ᠥᠷᠲᠡᠭ᠎ᠢ ᠪᠡᠶᠡᠯᠡᠭᠦᠯᠬᠦ ᠡᠷᠴᠢᠮ᠎ᠢ ᠴᠢᠩᠭ᠋ᠠᠷᠠᠭᠤᠯᠵᠤ᠂ ᠵᠣᠬᠢᠬᠤ ᠬᠡᠮᠵᠢᠶ᠎ᠡ᠎ᠪᠠᠷ ᠨᠢᠭᠡ ᠪᠦᠯᠦᠭ ᠡᠷᠬᠡᠲᠦ ᠬᠥᠮᠦᠨ᠎ᠤ ᠡᠷᠬᠡ᠎ᠪᠠᠨ ᠬᠠᠮᠠᠭ᠋ᠠᠯᠠᠬᠤ ᠬᠠᠷᠰᠢ ᠰᠠᠭ᠋ᠠᠳ᠎ᠢ   ᠠᠷᠢᠯᠭ᠋ᠠᠪᠠ  ᠃
      ᠬᠠᠮᠲᠤᠷᠠᠨ ᠵᠣᠬᠢᠶᠠᠭᠰᠠᠨ ᠪᠦᠲᠦᠭᠡᠯ᠎ᠤᠨ ᠲᠤᠬᠠᠢ ᠮᠠᠨ᠎ᠤ ᠤᠯᠤᠰ᠎ᠤᠨ ᠣᠳᠣᠬᠢᠨ᠎ᠳᠤ ᠬᠡᠷᠡᠭᠵᠢᠭᠦᠯᠵᠦ ᠪᠠᠢ᠌ᠭ᠎ᠠ 《ᠵᠣᠬᠢᠶᠠᠯ ᠪᠦᠲᠦᠭᠡᠯ᠎ᠤᠨ ᠡᠷᠬᠡ ᠵᠢᠨ ᠬᠠᠤᠯᠢ》᠎ᠳᠤ ᠲᠣᠭᠲᠠᠭ᠋ᠠᠭᠰᠠᠨ ᠬᠠᠤᠯᠢ ᠴᠠᠭ᠋ᠠᠵᠠ ᠵᠢᠨ ᠪᠣᠳᠠᠲᠤ ᠶᠠᠪᠤᠳᠠᠯ᠎ᠤᠨ ᠳᠤᠮᠳᠠ ᠦᠷᠭᠦᠯᠵᠢ ᠭᠠᠷᠳᠡᠬ ᠠᠰᠠᠭᠤᠳᠠᠯ ᠪᠣᠯ ᠬᠠᠮᠲᠤᠷᠠᠨ ᠵᠣᠬᠢᠶᠠᠭᠰᠠᠨ ᠪᠦᠲᠦᠭᠡᠯ᠎ᠤᠨ ᠠᠩᠬᠠᠨ᠎ᠤ ᠡᠷᠬᠡᠲᠦ ᠬᠥᠮᠦᠨ᠎ᠤ ᠨᠢᠭᠡ᠎ᠨᠢ ᠡᠷᠬᠡ᠎ᠪᠠᠨ ᠬᠠᠮᠠᠭ᠋ᠠᠯᠠᠭᠤᠯᠬᠤ᠎ᠪᠠᠷ ᠵᠡᠭ᠋ᠠᠯᠳᠦᠬᠤ᠎ᠪᠠᠷ ᠤᠷᠦᠯᠳᠦᠭᠰᠡᠠ᠎ᠳᠤ᠂   ᠪᠤᠰᠤᠳ ᠬᠠᠮᠲᠤᠷᠠᠨ ᠵᠣᠬᠢᠶᠠᠭᠰᠠᠨ ᠪᠦᠲᠦᠭᠡᠯ᠎ᠤᠨ ᠡᠷᠬᠡᠲᠦ ᠬᠥᠮᠦᠨ᠎ᠲᠠᠢ ᠬᠠᠷᠢᠯᠴᠠᠬᠤ ᠵᠢᠨ ᠠᠷᠭ᠎ᠠ ᠤᠢ᠍ᠭᠡᠢ ᠪᠤᠶᠤ ᠪᠤᠰᠤᠳ ᠰᠢᠯᠲᠠᠭ᠋ᠠᠨ᠎ᠠᠴᠠ ᠪᠤᠯᠵᠦ ᠪᠤᠰᠤᠳ ᠬᠤᠷᠰᠢᠬᠰᠡᠠ ᠵᠣᠬᠢᠶᠠᠭᠴᠢ ᠵᠢᠨ ᠡᠷᠬᠡ ᠣᠯᠭᠣᠯᠲᠠ ᠵᠢ ᠣᠯᠵᠦ ᠶᠠᠳᠠᠭᠰᠠᠨ ᠪᠠᠢ᠌ᠳᠠᠯ ᠳᠣᠣᠷ᠎ᠠ᠂ ᠲᠤᠰ ᠡᠷᠬᠡᠲᠦ ᠬᠥᠮᠦᠨ᠎ᠨᠢ ᠡᠷᠬᠡ᠎ᠪᠠᠨ ᠬᠠᠮᠠᠭ᠋ᠠᠯᠠᠭᠤᠯᠬᠤ᠎ᠪᠠᠷ ᠲᠤᠰᠠᠭ᠋ᠠᠷ ᠵᠡᠭ᠋ᠠᠯᠳᠦᠵᠦ ᠪᠣᠯᠬᠤ ᠡᠰᠡᠬᠦ᠂ ᠡᠷᠬᠡ᠎ᠪᠠᠨ ᠬᠠᠮᠠᠭ᠋ᠠᠯᠠᠭ᠋ᠠᠳ ᠣᠯᠤᠭᠰᠠᠨ ᠠᠰᠢᠭ ᠣᠯᠵᠠᠪᠤᠷᠢ ᠵᠢ ᠬᠡᠷᠬᠢᠨ ᠰᠢᠢ᠍ᠳᠪᠦᠷᠢᠯᠡᠬᠦ ᠵᠠᠷᠭᠡ ᠠᠰᠠᠭᠣᠳᠠᠯ ᠲᠣᠯᠭ᠋ᠠᠷᠠᠵᠦ ᠪᠣᠢ᠃ ᠠᠳᠠᠯᠢ ᠪᠤᠰᠤ ᠰᠢᠭᠦᠬᠦ ᠬᠣᠷᠢᠶ᠎ᠠ ᠬᠣᠯᠪᠣᠭᠳᠠᠯ ᠪᠦᠬᠦᠢ ᠠᠰᠠᠭᠤᠳᠠᠯ᠎ᠤᠨ ᠲᠤᠬᠠᠶ ᠰᠠᠨᠠᠯ᠎ᠨᠢ ᠵᠦᠷᠢᠶ᠎ᠡ᠎ᠲᠠᠢ ᠪᠠᠢ᠌ᠳᠠᠭ᠃ ᠵᠠᠷᠢᠮ ᠰᠢᠭᠦᠬᠦ ᠬᠣᠷᠢᠶᠠᠨ᠎ᠤ ᠬᠢᠬᠦ ᠠᠷᠭ᠎ᠠ ᠪᠣᠯ ᠪᠤᠰᠤᠳ ᠵᠣᠬᠢᠶᠠᠭᠴᠢ ᠵᠢ ᠵᠠᠷᠭᠤᠯᠳᠤᠭ᠋ᠠᠨ᠎ᠳᠤ ᠣᠷᠣᠯᠴᠠᠭᠤᠯᠬᠤ᠎ᠪᠠᠷ ᠮᠡᠳᠡᠭᠳᠡᠨ᠎ᠡ᠂ ᠬᠡᠷᠪᠡ ᠮᠡᠳᠡᠭᠳᠡᠭᠰᠡᠨ ᠵᠣᠬᠢᠶᠠᠭᠴᠢ ᠪᠡᠶᠡᠲᠦ ᠡᠷᠬᠡ᠎ᠪᠠᠨ ᠬᠠᠶᠠᠬᠤ᠎ᠪᠠᠷ ᠲᠣᠳᠣᠷᠬᠠᠢ ᠢᠯᠡᠷᠬᠡᠢ᠌ᠯᠡᠭᠰᠡᠨ ᠪᠠᠢ᠌ᠪᠠᠯ ᠵᠠᠭ᠋ᠠᠯᠳᠤᠭᠴᠢ ᠪᠣᠯᠬᠤ ᠦᠭᠡᠢ ᠪᠠᠢ᠌ᠵᠤ ᠪᠣᠯᠤᠨ᠎ᠠ  ᠃ ᠪᠠᠰᠠ ᠵᠠᠷᠢᠮ ᠰᠢᠭᠦᠬᠦ ᠬᠣᠷᠢᠢ᠎ᠠ ᠬᠤᠷᠰᠢᠬ᠍ᠴᠢ᠎ᠨᠢ ᠲᠤᠰᠠᠭ᠋ᠠᠷ ᠵᠠᠭ᠋ᠠᠯᠳᠤᠯᠭ᠎ᠠ ᠭᠠᠷᠭ᠋ᠠᠵᠤ ᠵᠠᠷᠭᠤ ᠭᠤᠶᠤᠴᠢᠯᠠᠬᠤ ᠡᠷᠬᠡ᠎ᠲᠠᠢ ᠪᠠᠢ᠌ᠵᠤ ᠪᠣᠯᠤᠨ᠎ᠠ ᠭᠡᠵᠦ ᠦᠵᠡᠵᠦ᠂   ᠬᠤᠷᠰᠢᠬ᠍ᠴᠢ᠎ᠨᠢ ᠡᠷᠬᠡᠪᠰᠢ ᠬᠠᠮᠲᠤ ᠵᠠᠷᠭᠤᠯᠳᠤᠬᠤ ᠲᠦᠷᠢᠮ᠎ᠤᠨ ᠱᠠᠭ᠋ᠠᠷᠳᠠᠯᠭ᠎ᠠ ᠶᠣᠰᠣᠭ᠋ᠠᠷ ᠵᠠᠷᠭᠤ᠎ᠳᠤ ᠣᠷᠣᠯᠴᠠᠬᠤ ᠬᠡᠷᠡᠭᠲᠡᠢ ᠭᠡᠵᠦ ᠱᠠᠭ᠋ᠠᠷᠳᠠᠭᠰᠠᠨ ᠦᠭᠡᠢ ᠶᠤᠮ  ᠃
      ᠲᠣᠰ ᠤᠳᠠᠭ᠎ᠠ ᠰᠢᠨ᠎ᠡ᠎ᠪᠠᠷ ᠵᠠᠰᠠᠪᠤᠷᠢ ᠣᠷᠣᠭᠤᠯᠤᠭᠰᠠᠨ《ᠵᠣᠬᠢᠶᠠᠯ ᠪᠦᠲᠦᠭᠡᠯ᠎ᠤᠨ ᠡᠷᠬᠡ ᠵᠢᠨ ᠬᠠᠤᠯᠢ》᠎ᠳᠤ ᠮᠠᠨ᠎ᠤ ᠤᠯᠤᠰ᠎ᠤᠨ《ᠵᠣᠬᠢᠶᠠᠯ ᠪᠦᠲᠦᠭᠡᠯ᠎ᠤᠨ ᠡᠷᠬᠡ ᠵᠢᠨ ᠬᠠᠤᠯᠢ ᠵᠢᠨ ᠬᠡᠷᠡᠭᠵᠢᠭᠦᠯᠬᠦ ᠲᠦᠷᠢᠮ》᠎ᠳᠤ ᠲᠣᠭᠲᠠᠭ᠋ᠠᠭᠰᠠᠨ ᠬᠣᠷᠰᠢᠭᠰᠠᠨ ᠵᠣᠬᠢᠶᠠᠭᠴᠢ ᠵᠢᠨ ᠠᠰᠢᠭ ᠣᠷᠣᠯᠭ᠎ᠠ ᠵᠢ ᠵᠦᠶ ᠵᠣᠬᠢᠰᠲᠠᠶ ᠬᠤᠪᠢᠶᠠᠷᠢᠯᠠᠬᠤ ᠵᠦᠢᠯ ᠵᠤᠷᠪᠤᠰ᠎ᠲᠤ ᠣᠷᠣᠭᠤᠯᠤᠭᠰᠠᠨ ᠪᠥᠭᠡᠳ ᠲᠣᠳᠣᠷᠬᠠᠶ ᠲᠣᠭᠲᠠᠭ᠋ᠠᠪᠠ᠂ ᠵᠣᠬᠢᠶᠠᠭᠴᠢ ᠵᠢᠨ ᠦᠵᠡᠬᠦ᠎ᠪᠠᠷ᠂ ᠢᠷᠡᠭᠡᠳᠦᠶ ᠵᠢᠨ ᠬᠠᠤᠯᠢ ᠪᠠᠷᠢᠬᠤ ᠪᠣᠳᠠᠲᠤ ᠶᠠᠪᠤᠳᠠᠯ᠎ᠤᠨ ᠳᠤᠮᠳᠠ ᠳᠡᠭᠡᠷᠡᠬᠢ ᠳᠤᠷᠠᠳᠤᠭᠰᠠᠨ ᠬᠣᠶᠠᠳᠤᠭ᠋ᠠᠷ ᠵᠦᠢᠯ᠎ᠤᠨ ᠰᠢᠢᠳᠪᠦᠷᠢᠯᠡᠬᠦ ᠠᠷᠭ᠎ᠠ ᠮᠠᠶᠢᠭ᠎ᠢ ᠨᠠᠩ ᠢᠯᠡᠭᠦᠦ ᠳᠡᠮᠵᠢᠵᠦ᠂ ᠵᠠᠷᠭᠤ ᠵᠢᠨ ᠡᠬᠢ ᠪᠠᠶᠠᠯᠢᠭ᠎ᠢ ᠠᠷᠪᠢᠯᠠᠨ᠂ ᠪᠦᠲᠦᠭᠡᠯ᠎ᠤᠨ《ᠥᠷᠲᠡᠭ》᠎ᠤᠨ ᠪᠡᠶᠡᠯᠡᠭᠳᠡᠬᠦ ᠵᠢ ᠠᠬᠢᠭᠤᠯᠵᠤ᠂ ᠬᠡᠰᠡᠭ ᠡᠷᠬᠡᠲᠦ ᠬᠥᠮᠦᠨ᠎ᠤ ᠡᠷᠬᠡ᠎ᠪᠠᠨ ᠬᠠᠮᠠᠭ᠋ᠠᠯᠠᠬᠤ ᠬᠠᠷᠰᠢ ᠰᠠᠭ᠋ᠠᠳ᠎ᠢ ᠠᠷᠢᠯᠭ᠋ᠠᠵᠤ ᠮᠡᠳᠡᠨ᠎ᠡ᠃ ᠤᠴᠢᠷ᠎ᠨᠢ ᠰᠢᠨ᠎ᠡ᠎ᠪᠠᠷ ᠵᠠᠰᠠᠪᠤᠷᠢ ᠣᠷᠣᠭᠤᠯᠤᠭᠰᠠᠨ《ᠵᠣᠬᠢᠶᠠᠯ ᠪᠦᠲᠦᠭᠡᠯ᠎ᠤᠨ ᠡᠷᠬᠡ ᠵᠢᠨ ᠬᠠᠤᠯᠢ》ᠵᠢᠨ ᠲᠣᠭᠲᠠᠭ᠋ᠠᠯ᠎ᠢ ᠦᠨᠳᠦᠰᠦᠯᠡᠪᠡᠯ᠂ ᠭᠠᠭᠴᠠ ᠲᠠᠯ᠎ᠠ ᠵᠢᠨ ᠬᠤᠷᠰᠢᠭᠰᠠᠨ ᠪᠦᠲᠦᠭᠡᠯ᠎ᠤᠨ ᠡᠷᠬᠡᠲᠦ ᠬᠥᠮᠦᠨ᠎ᠤ ᠡᠷᠬᠡ᠎ᠪᠠᠨ ᠬᠡᠷᠡᠭᠵᠢᠭᠦᠯᠬᠦ ᠵᠢᠨ ᠬᠢᠵᠠᠭ᠋ᠠᠷᠯᠠᠯ᠎ᠢ ᠠᠷᠢᠯᠭ᠋ᠠᠬᠤ᠎ᠨᠢ ᠵᠥᠪᠬᠡᠨ ᠰᠢᠯᠵᠢᠭᠦᠯᠦᠨ ᠥᠭᠬᠦ᠂ ᠪᠤᠰᠤᠳ᠎ᠤᠨ ᠲᠤᠰᠬᠠᠶ ᠬᠡᠷᠡᠭᠯᠡᠬᠦ ᠵᠢᠴᠢ ᠳᠠᠨᠵᠢᠯᠠᠭ᠎ᠠ ᠵᠢ ᠵᠥᠪᠰᠢᠶᠡᠷᠡᠬᠦ ᠵᠢᠨ ᠲᠥᠯᠥᠭᠡ ᠶᠤᠮ᠂ ᠦᠨᠳᠦᠰᠦᠨ ᠰᠢᠯᠲᠠᠭ᠋ᠠᠨ᠎ᠨᠢ ᠡᠨᠡ ᠬᠡᠳᠦᠨ ᠵᠦᠢ᠍ᠯ᠎ᠤᠨ ᠡᠷᠬᠡ ᠵᠢ ᠰᠢᠢᠳᠪᠦᠷᠢᠯᠡᠬᠦ ᠠᠷᠭ᠎ᠠ ᠮᠠᠶᠢᠭ᠎ᠨᠢ ᠮᠥᠨ ᠴᠢᠨᠠᠷ ᠳᠡᠭᠡᠷ᠎ᠡ᠎ᠪᠠᠨ ᠪᠤᠰᠤᠳ ᠬᠤᠷᠰᠢᠭᠰᠠᠨ ᠪᠦᠲᠦᠭᠡᠯ᠎ᠤᠨ ᠡᠷᠬᠡᠲᠦ ᠬᠥᠮᠦᠨ᠎ᠤ ᠡᠷᠬᠡ ᠵᠢᠨ ᠦᠷᠳᠡᠭ ᠵᠶ᠋ᠡᠨ ᠬᠡᠷᠡᠭᠵᠢᠭᠦᠯᠬᠦ ᠵᠢ ᠨᠥᠯᠥᠭᠡᠯᠡᠬᠦ ᠪᠤᠶᠤ ᠬᠡᠰᠡᠭ ᠡᠷᠬᠡᠲᠦ ᠬᠥᠮᠦᠨ᠎ᠤ ᠪᠦᠲᠦᠭᠡᠯ᠎ᠢ《ᠡᠵᠡᠮᠳᠡᠬᠦ ᠡᠷᠬᠡ》ᠵᠢ ᠰᠢᠭᠤᠳ ᠠᠯᠳᠠᠭᠤᠯᠬᠤ᠎ᠳᠤ ᠣᠷᠣᠰᠢᠨ᠎ᠠ᠃ ᠭᠡᠪᠡᠴᠦ ᠪᠦᠲᠦᠭᠡᠯ᠎ᠨᠢ ᠬᠠᠯᠳᠠᠯᠭ᠎ᠠ᠎ᠳᠤ ᠤᠴᠠᠷᠠᠭᠰᠠᠨ᠎ᠤ ᠳᠠᠷᠠᠭ᠋ᠠᠬᠢ ᠡᠷᠬᠡ᠎ᠪᠠᠨ ᠬᠠᠮᠠᠭ᠋ᠠᠯᠠᠬᠤ ᠶᠠᠪᠤᠳᠠᠯ ᠪᠣᠯ ᠮᠥᠨ ᠴᠢᠨᠠᠷ ᠳᠡᠭᠡᠷ᠎ᠡ᠎ᠪᠠᠨ ᠪᠦᠲᠦᠭᠡᠯ᠎ᠤᠨ ᠡᠷᠬᠡ ᠵᠢ ᠬᠠᠮᠠᠭ᠋ᠠᠯᠠᠬᠤ ᠵᠢᠴᠢ《ᠤᠢ᠍ᠷᠳᠡᠭ》᠎ᠤᠨ ᠨᠥᠬᠥᠪᠥᠷᠢ ᠥᠭᠬᠦ ᠠᠵᠢᠯᠯᠠᠭ᠎ᠠ ᠮᠥᠨ᠂ ᠬᠣᠯᠪᠣᠭᠳᠠᠯ ᠪᠦᠬᠦᠢ ᠠᠰᠢᠭ ᠣᠷᠣᠯᠭ᠎ᠠ᠎ᠨᠢ ᠬᠤᠪᠢᠶᠠᠷᠢᠯᠠᠵᠤ ᠪᠣᠯᠬᠤ ᠴᠢᠨᠠᠷ᠎ᠲᠠᠢ ᠪᠠᠢ᠌ᠳᠠᠭ ᠪᠥᠭᠡᠳ ᠪᠦᠲᠦᠭᠡᠯ᠎ᠤᠨ 《ᠡᠵᠡᠮᠰᠢᠬᠦ ᠡᠷᠬᠡ》ᠵᠢ ᠰᠢᠭᠤᠳ ᠠᠯᠳᠠᠭᠤᠯᠬᠤ ᠤᠢ᠍ᠭᠡᠢ ᠪᠠᠢ᠌ᠳᠠᠭ  ᠃ ᠡᠢ᠌ᠮᠦ᠎ᠠᠴᠠ ᠬᠠᠤᠯᠢ ᠲᠣᠭᠲᠠᠭ᠋ᠠᠬᠤ ᠵᠣᠷᠢᠭ ᠰᠠᠨᠠᠭ᠋ᠠᠨ᠎ᠤ ᠲᠠᠯ᠎ᠠ᠎ᠠᠴᠠ ᠠᠪᠴᠤ ᠦᠵᠡᠭᠰᠡᠨ ᠴᠦ᠍ ᠪᠣᠯᠬᠤ ᠶᠤᠮ  ᠃

        ᠵᠢᠷᠭᠤᠭ᠎ᠠ  ᠂ ᠬᠠᠷᠠᠭ᠎ᠠ ᠰᠣᠨᠣᠷ᠎ᠤᠨ ᠪᠦᠲᠦᠭᠡᠯ᠎ᠳᠠᠬᠢ ᠺᠢᠨᠣ᠋ ᠵᠢᠨ ᠪᠦᠲᠦᠭᠡᠯ᠂ ᠲᠧᠯᠸᠢᠰ ᠵᠦᠴᠦᠭᠡ ᠵᠢᠨ ᠪᠦᠲᠦᠭᠡᠯ᠎ᠤᠨ ᠬᠠᠤᠯᠢ᠎ᠪᠠᠷ ᠲᠣᠭᠲᠠᠭ᠋ᠠᠭᠰᠠᠨ ᠵᠣᠬᠢᠶᠠᠯ ᠪᠦᠲᠦᠭᠡᠯ᠎ᠤᠨ ᠡᠷᠬᠡᠲᠦ ᠬᠥᠮᠦᠨ《ᠺᠢᠨᠣ᠋ ᠦᠢ᠍ᠯᠡᠳᠦᠭᠴᠢ》᠎ᠠᠴᠠ《ᠦᠢ᠍ᠯᠡᠳᠦᠭᠴᠢ》ᠪᠤᠯᠵᠤ ᠬᠤᠪᠢᠷᠠᠭᠰᠠᠨ᠎ᠨᠢ ᠠᠵᠢᠯ ᠲᠦᠷᠦᠯ᠎ᠤᠨ ᠪᠣᠳᠠᠲᠤ ᠪᠠᠢ᠌ᠳᠠᠯ᠎ᠲᠠᠢ ᠨᠡᠩ ᠢᠯᠡᠭᠦᠦ ᠨᠡᠢ᠌ᠴᠡᠵᠦ ᠪᠠᠢ᠌ᠨ᠎ᠠ  ᠃
      ᠮᠠᠨ᠎ᠤ ᠤᠯᠤᠰ᠎ᠤᠨ ᠤᠳᠤ ᠵᠢᠨ ᠬᠡᠷᠡᠭᠵᠢᠭᠦᠯᠵᠦ ᠪᠠᠢ᠌ᠭ᠎ᠠ《ᠵᠣᠬᠢᠶᠠᠯ ᠪᠦᠲᠦᠭᠡᠯ᠎ᠤᠨ ᠡᠷᠬᠡ ᠵᠢᠨ ᠬᠠᠤᠯᠢ》 ᠵᠢᠨ ᠠᠷᠪᠠᠨ ᠲᠠᠪᠤᠳᠤᠭ᠋ᠠᠷ ᠵᠦᠢ᠍ᠯ᠎ᠳᠤ 《ᠺᠢᠨᠣ᠋ ᠦᠢ᠍ᠯᠡᠳᠦᠭᠴᠢ》᠎ᠨᠢ ᠺᠢᠨᠣ᠋ ᠵᠢᠨ ᠪᠦᠲᠦᠭᠡᠯ᠂   ᠺᠢᠨᠣ᠋᠎ᠲᠠᠢ ᠠᠳᠠᠯᠢᠪᠲᠣᠷ ᠪᠦᠲᠦᠭᠡᠯ᠎ᠤᠨ ᠵᠣᠬᠢᠶᠠᠯ ᠪᠦᠲᠦᠭᠡᠯ᠎ᠤᠨ ᠡᠷᠬᠡ ᠵᠢ ᠡᠳ᠋ᠯᠡᠨ᠎ᠡ ᠭᠡᠵᠦ ᠲᠣᠭᠲᠠᠭ᠋ᠠᠵᠠᠢ  ᠃ ᠭᠡᠪᠡᠴᠦ ᠬᠠᠤᠯᠢ ᠬᠡᠷᠡᠭᠵᠢᠭᠦᠯᠬᠦ ᠦᠢ᠍ᠯᠡᠳᠦᠯᠭᠡ ᠵᠢᠨ ᠳᠤᠮᠳᠠ᠂ ᠺᠢᠨᠣ᠋ ᠦᠢ᠍ᠯᠡᠳᠦᠭᠴᠢ ᠵᠢ ᠬᠡᠷᠬᠢᠨ ᠨᠣᠲᠠᠯᠠᠬᠣ᠎ᠨᠢ ᠮᠥᠨ ᠯᠡ ᠠᠮᠠᠷᠬᠠᠨ ᠮᠠᠷᠭᠤᠭ᠋ᠠᠨ ᠡᠭᠦᠰᠭᠡᠬᠦ ᠠᠰᠠᠭᠤᠳᠠᠯ ᠪᠣᠯᠤᠨ᠎ᠠ  ᠃ ᠨᠢᠭᠡ ᠲᠠᠯ᠎ᠠ᠎ᠪᠠᠷ ᠨᠡᠢ᠌ᠭᠡᠮ ᠨᠡᠢ᠌ᠲᠡ᠎ᠪᠠᠷ ᠵᠶ᠋ᠡᠨ《ᠺᠢᠨᠣ᠋ ᠦᠢ᠍ᠯᠡᠳᠦᠭᠴᠢ》ᠪᠠ ᠺᠢᠨᠣ᠋ ᠲᠧᠯᠸᠢᠰ᠎ᠤᠨ ᠠᠵᠤ ᠦᠢ᠍ᠯᠡᠳᠪᠦᠷᠢ ᠵᠢᠨ《ᠺᠢᠨᠣ᠋ ᠦᠢ᠍ᠯᠡᠳᠦᠭᠴᠢ》ᠵᠢ ᠠᠮᠠᠷᠬᠠᠨ ᠬᠤᠳᠬᠤᠯᠳᠤᠭᠤᠯᠳᠠᠭ᠃ ᠦᠨᠡᠨ᠎ᠳᠡᠭᠡᠨ᠂ ᠣᠳᠣᠬᠠᠨ᠎ᠤ ᠺᠢᠨᠣ᠋ ᠲᠧᠯᠸᠢᠰ᠎ᠤᠨ ᠠᠵᠢᠯ ᠲᠦᠷᠦᠯ᠎ᠳᠤ᠂ ᠺᠢᠨᠣ᠋ ᠦᠢ᠍ᠯᠡᠳᠦᠭᠴᠢ᠎ᠨᠢ ᠵᠥᠪᠬᠡᠨ ᠺᠢᠨᠣ᠋ ᠲᠧᠯᠸᠢᠰ᠎ᠤᠨ ᠠᠵᠤ ᠦᠢ᠍ᠯᠡᠳᠪᠦᠷᠢ᠎ᠳᠠᠬᠢ ᠨᠢᠭᠡ ᠯᠡ ᠲᠤᠰᠢᠶᠠᠯ᠎ᠤᠨ ᠪᠠᠢ᠌ᠷᠢ ᠪᠠᠢ᠌ᠵᠤ᠂ ᠶᠡᠷᠦ᠎ᠳᠡᠭᠡᠨ ᠪᠣᠳᠠᠲᠠᠶ ᠪᠠᠢ᠌ᠭ᠋ᠠᠯᠢ ᠬᠥᠮᠦᠨ ᠵᠶ᠋ᠡᠷ ᠬᠠᠷᠢᠭᠤᠴᠠᠭᠤᠯᠳᠠᠭ ᠪᠣᠯᠬᠣᠷ᠂ ᠬᠠᠤᠯᠢ ᠲᠣᠭᠲᠠᠭ᠋ᠠᠯᠲᠠ᠎ᠳᠤ ᠲᠣᠭᠲᠠᠭ᠋ᠠᠭᠰᠠᠨ《ᠺᠢᠨᠣ᠋ ᠦᠢ᠍ᠯᠡᠳᠦᠭᠴᠢ》᠎ᠲᠠᠢ ᠠᠳᠠᠯᠢ ᠤᠬᠠᠭᠳᠠᠬᠤᠨ ᠪᠢᠰᠢ ᠶᠤᠮ  ᠃ ᠨᠦᠬᠦᠭᠡ ᠲᠠᠯ᠎ᠠ᠎ᠪᠠᠷ᠂ ᠮᠠᠨ᠎ᠤ ᠤᠯᠤᠰ᠎ᠤᠨ ᠺᠢᠨᠣ᠋ ᠲᠧᠯᠸᠢᠰ᠎ᠤᠨ ᠠᠵᠢᠯ ᠲᠦᠷᠦᠯ᠎ᠤᠨ ᠵᠠᠰᠠᠭ ᠵᠠᠬᠢᠷᠭ᠋ᠠᠨ᠎ᠤ ᠬᠠᠮᠢᠶᠠᠷᠤᠯᠲᠠ ᠵᠢᠨ ᠬᠠᠤᠯᠢ ᠴᠠᠭ᠋ᠠᠵᠠ ᠬᠠᠤᠯᠢ ᠲᠣᠭᠲᠠᠭ᠋ᠠᠯ ᠮᠠᠰᠢ ᠤᠯᠠᠨ ᠪᠠᠢ᠌ᠵᠤ᠂《ᠺᠢᠨᠣ᠋ ᠦᠢ᠍ᠯᠡᠳᠦᠭᠴᠢ》 ᠵᠢ ᠪᠠᠰᠠ ᠵᠠᠰᠠᠭ ᠵᠠᠬᠢᠷᠭ᠋ᠠᠨ᠎ᠤ ᠬᠠᠤᠯᠢ ᠲᠣᠭᠲᠠᠭ᠋ᠠᠯ᠎ᠳᠠᠬᠢ 《ᠺᠢᠨᠣ᠋ ᠦᠢ᠍ᠯᠡᠳᠬᠦ ᠨᠢᠭᠡᠴᠢ》ᠵᠡᠷᠭᠡ ᠤᠬᠠᠭᠳᠠᠬᠤᠨ᠎ᠲᠠᠢ ᠠᠮᠠᠷᠬᠠᠨ ᠬᠤᠳᠬᠤᠯᠳᠤᠭᠤᠯᠳᠠᠭ  ᠃ ᠺᠢᠨᠣ᠋ ᠲᠧᠯᠸᠢᠰ᠎ᠤᠨ ᠠᠵᠢᠯ ᠲᠥᠷᠥᠯ᠎ᠳᠤ᠂ ᠺᠢᠨᠣ᠋ ᠵᠢᠨ ᠪᠦᠬᠦᠢ᠌ᠯᠡ ᠦᠢᠯᠡᠳᠴᠦ ᠲᠠᠷᠬᠠᠭ᠋ᠠᠬᠤ ᠬᠣᠯᠪᠣᠭᠳᠠᠯ ᠪᠥᠬᠥᠶ ᠭᠣᠤᠯ ᠴᠣᠭᠴᠠ᠎ᠳᠤ ᠨᠠᠭ᠋ᠠᠳᠤ ᠵᠠᠬ᠎ᠠ᠎ᠳᠠᠭᠠᠨ《ᠺᠢᠨᠣ᠋ ᠦᠢᠯᠡᠳᠬᠦ ᠨᠢᠭᠡᠴᠢ》᠂ 《ᠰᠡᠭᠦᠳᠡᠷᠯᠡᠨ ᠦᠢᠯᠡᠳᠬᠦ ᠨᠢᠭᠡᠴᠢ》᠂ 《ᠬᠠᠮᠲᠤᠷᠠᠨ ᠰᠡᠭᠦᠳᠡᠷᠯᠡᠨ ᠦᠢᠯᠡᠳᠬᠦ ᠨᠢᠭᠡᠴᠢ》᠂ 《ᠦᠢᠯᠡᠳᠬᠦᠨ ᠦᠢᠯᠡᠳᠬᠦ ᠨᠢᠭᠡᠴᠢ》᠂ 《ᠦᠢᠯᠡᠳᠬᠦᠨ ᠦᠢᠯᠡᠳᠦᠭᠴᠢ》᠂ 《ᠬᠠᠮᠲᠤᠷᠠᠭᠰᠠᠨ ᠹᠢᠯᠢᠮ ᠦᠢᠯᠡᠳᠦᠭᠴᠢ》᠂ 《ᠶᠡᠷᠦᠩᠬᠡᠶ ᠹᠢᠯᠢᠮ ᠦᠢᠯᠡᠳᠦᠭᠴᠢ》᠂ 《ᠬᠠᠮᠲᠤᠷᠠᠨ ᠰᠡᠭᠦᠳᠡᠷᠯᠡᠬᠦ ᠨᠢᠭᠡᠴᠢ》 ᠵᠡᠷᠭᠡ ᠪᠠᠭᠲᠠᠵᠤ᠂ ᠵᠠᠷᠢᠮ᠎ᠳᠤᠨᠢ ᠪᠠᠰᠠ《ᠢᠷᠠᠭᠤ ᠠᠯᠳᠠᠷᠲᠤ ᠦᠢᠯᠡᠳᠬᠦᠨ ᠦᠢᠯᠡᠳᠦᠭᠴᠢ》ᠵᠡᠷᠭᠡ ᠪᠠᠭᠲᠠᠵᠤ ᠪᠠᠢ᠌ᠨ᠎ᠠ  ᠃   ᠣᠯᠠᠨ ᠲᠥᠷᠥᠯ ᠵᠦᠢ᠍ᠯ ᠵᠶ᠋ᠡᠷ ᠡᠯ᠎ᠡ ᠪᠡᠶᠡᠴᠢ ᠴᠣᠭᠴᠠ ᠵᠢᠨ ᠣᠷᠣᠯᠴᠠᠭᠰᠠᠨ᠎ᠨᠢ ᠺᠢᠨᠣ᠋ ᠵᠢᠨ ᠪᠦᠲᠦᠭᠡᠯ᠂ ᠲᠧᠯᠸᠢᠰ ᠵᠦᠴᠦᠭᠡ ᠵᠢᠨ ᠪᠦᠲᠦᠭᠡᠯ᠎ᠤᠨ ᠨᠡᠷ᠎ᠡ ᠪᠢᠴᠢᠬᠦ ᠡᠷᠬᠡ ᠵᠢᠨ ᠵᠢᠭᠤᠷᠠᠯᠳᠤᠭ᠋ᠠᠨ᠎ᠢ ᠠᠮᠠᠷᠬᠠᠨ ᠡᠭᠦᠰᠭᠡᠬᠦ᠎ᠪᠠᠷ ᠪᠠᠷᠠᠬᠤ ᠦᠭᠡᠶ᠂ ᠪᠠᠰᠠ《ᠡᠷᠬᠡ᠎ᠪᠠᠨ ᠬᠠᠮᠠᠭ᠋ᠠᠯᠠᠬᠤ ᠪᠡᠶᠡᠴᠢ ᠴᠣᠭᠴᠠ》ᠵᠢᠨ ᠬᠠᠤᠯᠢ ᠴᠠᠭ᠋ᠠᠵᠠ ᠵᠢᠨ ᠨᠤᠲᠠᠯᠠᠯᠲᠠ᠎ᠳᠤ《ᠶᠠᠷᠢᠯᠴᠠᠬᠤ》ᠣᠷᠣᠨ ᠵᠠᠶ ᠦᠯᠡᠳᠡᠭᠡᠵᠦ᠂ ᠬᠠᠤᠯᠢ ᠴᠠᠭ᠋ᠠᠵᠠ ᠵᠢᠨ ᠲᠣᠭᠲᠠᠭ᠋ᠠᠯ᠎ᠨᠢ ᠬᠤᠳᠠᠯᠳᠤᠭ᠋ᠠᠨ᠎ᠤ ᠦᠢ᠍ᠯᠡᠳᠦᠯᠭᠡ᠎ᠠᠴᠠ ᠵᠣᠬᠢᠬᠤ ᠬᠡᠮᠵᠢᠶ᠎ᠡ᠎ᠪᠠᠷ ᠰᠠᠯᠤᠩᠭᠢᠷᠠᠭᠰᠠᠨ᠎ᠢ ᠪᠤᠰᠤᠳᠴᠢ᠎ᠪᠠᠷ ᠲᠤᠰᠬᠠᠳᠠᠭ  ᠃
      ᠲᠤᠰ ᠤᠳᠠᠭ᠎ᠠ ᠰᠢᠨ᠎ᠡ᠎ᠪᠠᠷ ᠵᠠᠰᠠᠪᠤᠷᠢ ᠣᠷᠣᠭᠤᠯᠤᠭᠰᠠᠨ《ᠵᠣᠬᠢᠶᠠᠯ ᠪᠦᠲᠦᠭᠡᠯ᠎ᠤᠨ ᠡᠷᠬᠡ ᠵᠢᠨ ᠬᠠᠤᠯᠢ》᠎ᠳᠤ《ᠹᠢᠯᠢᠮ ᠦᠢ᠍ᠯᠡᠳᠦᠭᠴᠢ》ᠵᠢ《ᠦᠢ᠍ᠯᠡᠳᠦᠭᠴᠢ》ᠭᠡᠵᠦ ᠵᠠᠰᠠᠪᠠ᠂ ᠡᠨᠡ᠎ᠨᠢ ᠵᠣᠬᠢᠶᠠᠯ ᠪᠦᠲᠦᠭᠡᠯ᠎ᠤᠨ ᠡᠷᠬᠡ ᠵᠢᠨ ᠬᠠᠤᠯᠢ ᠵᠢᠨ ᠬᠠᠤᠯᠢ ᠲᠣᠭᠲᠠᠭ᠋ᠠᠬᠤ ᠵᠠᠷᠴᠢᠮ᠂ ᠬᠠᠤᠯᠢ ᠬᠡᠷᠡᠭᠵᠢᠭᠦᠯᠬᠦ ᠦᠢ᠍ᠯᠡᠳᠦᠯᠭᠡ ᠪᠠ ᠠᠵᠢᠯ ᠲᠦᠷᠦᠯ᠎ᠤᠨ ᠪᠣᠳᠠᠲᠤ ᠪᠠᠢ᠌ᠳᠠᠯ᠎ᠲᠠᠢ ᠨᠡᠢ᠌ᠴᠡᠵᠦ ᠪᠠᠢ᠌ᠬᠤ ᠮᠥᠷᠲᠡᠭᠡᠨ ᠪᠠᠰᠠ ᠤᠯᠠᠨ ᠨᠡᠢ᠌ᠲᠡ ᠵᠢᠨ ᠰᠠᠢ᠍ᠢ᠍ᠨ ᠮᠡᠳᠡᠳᠡᠭ《ᠹᠢᠯᠢᠮ ᠦᠢ᠍ᠯᠡᠳᠦᠭᠴᠢ》᠎ᠲᠠᠢ ᠢᠯᠭ᠋ᠠᠵᠤ᠂ ᠣᠳᠣᠬᠠᠨ᠎ᠤ ᠬᠠᠤᠯᠢ ᠬᠡᠷᠡᠭᠵᠢᠭᠦᠯᠬᠦ ᠦᠢ᠍ᠯᠡᠳᠦᠯᠭᠡ ᠵᠢᠨ ᠮᠠᠭ᠋ᠠᠳᠯᠠᠨ ᠲᠣᠭᠲᠠᠭ᠋ᠠᠬᠤ ᠪᠠᠷᠢᠮᠵᠢᠶ᠎ᠠ ᠵᠢ ᠨᠤᠲᠠᠯᠠᠭᠰᠠᠨ ᠮᠥᠷᠲᠡᠭᠡᠨ ᠪᠠᠰᠠ ᠢᠷᠡᠭᠡᠳᠦᠢ ᠵᠢᠨ ᠠᠵᠢᠯ ᠲᠦᠷᠦᠯ᠎ᠤᠨ ᠬᠥᠭᠵᠢᠯᠲᠡ᠎ᠳᠤ ᠭᠦᠢ᠍ᠴᠡᠳ ᠣᠷᠣᠨ ᠵᠠᠢ ᠦᠯᠡᠳᠡᠭᠡᠭᠰᠡᠨ ᠪᠠᠢ᠌ᠨ᠎ᠠ  ᠃
 
    ᠲᠤᠯᠤᠭ᠎ᠠ  ᠂ ᠵᠦᠢ ᠵᠣᠬᠢᠰᠲᠠᠢ᠎ᠪᠠᠷ ᠬᠡᠷᠡᠭᠯᠡᠬᠦ ᠡᠷᠬᠡ ᠵᠢᠨ ᠬᠢᠵᠠᠭ᠋ᠠᠷᠯᠠᠯ᠎ᠳᠤ ᠮᠠᠭ᠋ᠠᠳᠯᠠᠬᠤ ᠪᠠᠷᠢᠮᠵᠢᠶ᠎ᠠ ᠵᠢ ᠤᠯᠠᠮ ᠨᠢᠭᠡ ᠠᠯᠬᠤᠮ ᠲᠣᠳᠣᠷᠬᠠᠢ ᠪᠣᠯᠭ᠋ᠠᠵᠤ᠂ ᠵᠠᠷᠴᠢᠮ᠎ᠤᠨ ᠴᠢᠨᠠᠷᠲᠠᠢ ᠵᠦᠢ᠍ᠯ ᠵᠤᠷᠪᠤᠰ ᠪᠣᠯᠭ᠋ᠠᠵᠤ ᠪᠣᠯᠬᠤ ᠡᠰᠡᠬᠦ ᠪᠠ ᠬᠠᠤᠯᠢ ᠬᠡᠷᠡᠭᠵᠢᠭᠦᠯᠬᠦ ᠦᠢ᠍ᠯᠡᠳᠦᠯᠭᠡ ᠵᠢ ᠵᠢᠯᠣᠭᠣᠳᠤᠨ ᠪᠣᠳᠠᠲᠠᠢ ᠵᠦᠢ᠍ᠯ ᠵᠤᠷᠪᠤᠰ᠎ᠤᠨ ᠲᠣᠭᠲᠠᠭ᠋ᠠᠯ᠎ᠠᠴᠠ ᠳᠠᠪᠠᠭᠤᠯᠵᠤ ᠪᠣᠯᠬᠤ ᠡᠰᠡᠬᠦ ᠵᠢ ᠬᠠᠷᠠᠬᠠᠨ ᠬᠠᠤᠯᠢ ᠬᠡᠷᠡᠭᠵᠢᠭᠦᠯᠬᠦ ᠦᠢ᠍ᠯᠡᠳᠦᠯᠭᠡ ᠵᠢᠨ ᠣᠨᠴᠠᠭ᠋ᠠᠢ ᠬᠡᠷᠡᠭ᠎ᠲᠤ ᠲᠣᠳᠣᠷᠬᠠᠢ᠌ᠯᠠᠬᠤ ᠴᠢᠬᠤᠯᠠᠲᠠᠢ ᠪᠠᠢ᠌ᠨ᠎ᠠ  ᠃
    ᠮᠠᠨ᠎ᠤ ᠤᠯᠤᠰ᠎ᠤᠨ ᠣᠳᠣᠬᠢᠨ᠎ᠳᠤ ᠬᠡᠷᠡᠭᠵᠢᠭᠦᠯᠵᠦ ᠪᠠᠢ᠌ᠭ᠎ᠠ《ᠵᠣᠬᠢᠶᠠᠯ ᠪᠦᠲᠦᠭᠡᠯ᠎ᠤᠨ ᠡᠷᠬᠡ ᠵᠢᠨ ᠬᠠᠤᠯᠢ》᠎ᠳᠤ ᠵᠦᠢ ᠵᠣᠬᠢᠰᠲᠠᠢ ᠬᠡᠷᠡᠭᠯᠡᠬᠦ ᠲᠤᠬᠠᠢ ᠲᠣᠭᠲᠠᠭ᠋ᠠᠯ᠎ᠳᠤ ᠬᠠᠤᠯᠢ᠎ᠪᠠᠷ ᠲᠣᠭᠲᠠᠭ᠋ᠠᠭᠰᠠᠨ ᠦᠵᠡᠯ᠎ᠢ ᠬᠡᠷᠡᠭᠯᠡᠵᠦ᠂ ᠪᠦᠷᠢᠮᠦᠰᠦᠨ ᠪᠢᠲᠡᠭᠦᠮᠵᠢᠯᠡᠬᠦ ᠮᠠᠶᠢᠭ᠎ᠤᠨ ᠬᠠᠤᠯᠢ ᠲᠣᠭᠲᠠᠭ᠋ᠠᠬᠤ ᠮᠡᠷᠭᠡᠵᠢᠯ᠎ᠢ ᠬᠡᠷᠡᠭᠯᠡᠵᠦ ᠪᠠᠢ᠌ᠨ᠎ᠠ᠂ ᠡᠭᠦᠨ᠎ᠳᠤ ᠲᠣᠳᠣᠷᠬᠠᠢ ᠵᠢᠭᠰᠠᠭ᠋ᠠᠭᠰᠠᠨ ᠬᠠᠤᠯᠢ᠎ᠪᠠᠷ ᠲᠣᠭᠲᠠᠭ᠋ᠠᠭᠰᠠᠨ ᠬᠡᠷᠡᠭᠯᠡᠬᠦ ᠪᠠᠢ᠌ᠳᠠᠯ᠎ᠠᠴᠠ ᠭᠠᠳᠠᠨ᠎ᠠ᠂ ᠵᠣᠬᠢᠶᠠᠯ ᠪᠦᠲᠦᠭᠡᠯ᠎ᠤᠨ ᠡᠷᠬᠡ ᠵᠢ ᠬᠡᠷᠡᠭᠯᠡᠬᠦ ᠲᠤᠬᠠᠢ ᠪᠤᠰᠤᠳ ᠪᠠᠢ᠌ᠳᠠᠯ᠎ᠳᠤ ᠴᠥᠮ ᠵᠥᠪᠰᠢᠶᠡᠷᠡᠯ ᠣᠯᠬᠣ ᠵᠢᠨ ᠬᠠᠮᠲᠤ ᠬᠠᠷᠠᠮᠵᠢ ᠣᠯᠭᠣᠬᠣ ᠴᠢᠬᠤᠯᠠᠲᠠᠢ  ᠃ ᠡᠷᠬᠡᠲᠦ ᠬᠥᠮᠦᠨ᠎ᠢ ᠬᠠᠮᠠᠭ᠋ᠠᠯᠠᠬᠤ ᠵᠢ ᠴᠢᠬᠤᠯᠠᠴᠢᠯᠠᠭᠰᠠᠨ᠎ᠤ ᠬᠠᠮᠲᠤ᠂ ᠡᠢ᠌ᠮᠦᠷᠬᠦᠦ ᠴᠢᠩᠭ᠎ᠠ ᠬᠢᠵᠠᠭ᠋ᠠᠷᠯᠠᠨ ᠲᠣᠭᠲᠠᠭ᠋ᠠᠭᠰᠠᠨ ᠬᠠᠤᠯᠢ ᠲᠣᠭᠲᠠᠭ᠋ᠠᠬᠤ ᠵᠠᠭᠪᠤᠷ᠎ᠨᠢ ᠣᠨᠴᠠ ᠵᠠᠷᠢᠮ ᠪᠠᠢ᠌ᠳᠠᠯ᠎ᠤᠨ ᠳᠣᠣᠷ᠎ᠠ ᠪᠠᠰᠠ ᠬᠠᠤᠯᠢ ᠬᠡᠷᠡᠭᠵᠢᠭᠦᠯᠬᠦ ᠦᠢ᠍ᠯᠡᠳᠦᠯᠭᠡ᠎ᠲᠠᠢ ᠮᠥᠷᠭᠥᠯᠳᠦᠭᠡᠨ ᠡᠭᠦᠰᠳᠡᠭ  ᠃ ᠠᠷᠠᠳ᠎ᠤᠨ ᠳᠡᠭᠡᠳᠦ ᠰᠢᠭᠦᠬᠦ ᠬᠣᠷᠢᠶᠠᠨ᠎ᠤ 2011 ᠣᠨ᠎ᠤ 12 ᠰᠠᠷ᠎ᠠ ᠵᠢᠨ 16᠎ᠤ ᠡᠳᠦᠷ ᠨᠡᠢ᠌ᠲᠡᠯᠡᠭᠰᠡᠨ《ᠮᠡᠳᠡᠯᠭᠡ ᠵᠢᠨ ᠦᠮᠴᠢᠯᠡᠯ᠎ᠤᠨ ᠡᠷᠬᠡ ᠵᠢᠨ ᠰᠢᠭᠦᠨ ᠲᠠᠰᠤᠯᠬᠤ ᠡᠭᠦᠷᠭᠡ ᠴᠢᠳᠠᠪᠤᠷᠢ ᠵᠢᠨ ᠦᠢ᠍ᠯᠡᠳᠦᠯ᠎ᠢ ᠭᠦᠢ᠍ᠴᠡᠳ ᠪᠠᠳᠠᠷᠠᠭᠤᠯᠵᠤ ᠨᠡᠢ᠌ᠭᠡᠮ ᠵᠢᠷᠤᠮ᠎ᠤᠨ ᠰᠣᠶᠣᠯ᠎ᠤᠨ ᠶᠡᠬᠡ ᠬᠥᠭᠵᠢᠯᠲᠡ ᠶᠡᠬᠡ ᠴᠡᠴᠡᠭᠯᠡᠯᠲᠡ ᠵᠢ ᠠᠬᠢᠭᠤᠯᠬᠤ ᠪᠠ ᠠᠵᠤ ᠠᠬᠤᠢ ᠵᠢᠨ ᠪᠡᠶ᠎ᠡ᠎ᠪᠠᠨ ᠳᠠᠭ᠋ᠠᠭ᠋ᠠᠵᠤ ᠵᠣᠬᠢᠴᠠᠩᠭᠤᠢ ᠬᠥᠭᠵᠢᠯᠲᠡ ᠵᠢ ᠠᠬᠢᠭᠤᠯᠬᠤ ᠠᠰᠠᠭᠤᠳᠠᠯ᠎ᠤᠳ᠎ᠤᠨ ᠲᠤᠬᠠᠢ ᠠᠷᠠᠳ᠎ᠤᠨ ᠳᠡᠭᠡᠳᠦ ᠰᠢᠭᠦᠬᠦ ᠬᠣᠷᠢᠶᠠᠨ᠎ᠤ ᠰᠠᠨᠠᠯ》᠎ᠤᠨ 8 ᠳ᠋ᠤᠭ᠋ᠠᠷ ᠵᠦᠢ᠍ᠯ᠎ᠳᠤ᠄ 《ᠮᠡᠷᠭᠡᠵᠢᠯ᠎ᠤᠨ ᠰᠢᠨ᠎ᠡ ᠵᠢ ᠡᠭᠦᠳᠬᠦ ᠪᠠ ᠬᠤᠳᠠᠯᠳᠤᠭ᠋ᠠᠨ᠎ᠤ ᠬᠥᠭᠵᠢᠯᠲᠡ ᠵᠢ ᠠᠬᠢᠭᠤᠯᠬᠤ᠎ᠳᠤ ᠦᠨᠡᠬᠡᠷ ᠴᠢᠬᠤᠯᠠᠲᠠᠢ ᠣᠨᠴᠠᠭ᠋ᠠᠢ ᠪᠠᠢ᠌ᠳᠠᠯ ᠳᠣᠣᠷ᠎ᠠ᠂ ᠪᠦᠲᠦᠭᠡᠯ᠎ᠢ ᠬᠡᠷᠡᠭᠯᠡᠬᠦ ᠦᠢ᠍ᠯᠡ ᠠᠵᠢᠯᠯᠠᠭ᠎ᠠ ᠵᠢᠨ ᠰᠢᠨᠵᠢ ᠴᠢᠨᠠᠷ ᠪᠠ ᠵᠣᠷᠢᠯᠭ᠎ᠠ᠂ ᠬᠡᠷᠡᠭᠯᠡᠭᠳᠡᠬᠦ ᠪᠦᠲᠦᠭᠡᠯ᠎ᠤᠨ ᠰᠢᠨᠵᠢ ᠴᠢᠨᠠᠷ᠂ ᠬᠡᠷᠡᠭᠯᠡᠭᠳᠡᠬᠦ ᠬᠡᠰᠡᠭ᠎ᠤᠨ ᠲᠣᠭ᠎ᠠ ᠬᠡᠮᠵᠢᠶ᠎ᠡ ᠪᠠ ᠶᠠᠰᠤ ᠴᠢᠨᠠᠷ᠂ ᠬᠡᠷᠡᠭᠯᠡᠭᠡᠨ᠎ᠤ ᠪᠦᠲᠦᠭᠡᠯ᠎ᠤᠨ ᠳᠠᠯᠳᠠ ᠵᠠᠬ᠎ᠠ ᠳᠡᠯᠭᠡᠭᠦᠷ ᠪᠤᠶᠤ ᠥᠷᠲᠡᠭ᠎ᠲᠤ ᠦᠵᠡᠭᠦᠯᠬᠦ ᠨᠥᠯᠥᠭᠡ ᠵᠡᠷᠭᠡ ᠡᠯᠧᠮᠧᠨ᠋ᠲ ᠵᠢ ᠪᠣᠳᠣᠯᠬᠢᠯᠠᠵᠦ᠂ ᠬᠡᠷᠪᠡ ᠲᠤᠰ ᠬᠡᠷᠡᠭᠯᠡᠬᠦ ᠠᠵᠢᠯᠯᠠᠭ᠎ᠠ᠎ᠨᠢ ᠪᠦᠲᠦᠭᠡᠯ᠎ᠤᠨ ᠬᠡᠪ᠎ᠤᠨ ᠬᠡᠷᠡᠭᠯᠡᠯᠲᠡ᠎ᠲᠠᠢ ᠬᠠᠷᠰᠢᠯᠳᠤᠬᠤ ᠦᠭᠡᠢ ᠪᠣᠯ ᠵᠣᠬᠢᠶᠠᠭᠴᠢ ᠵᠢᠨ ᠵᠦᠶ ᠶᠣᠰᠣᠨ᠎ᠤ ᠠᠰᠢᠭ ᠲᠤᠰᠠ ᠵᠢ ᠵᠦᠶ ᠵᠣᠬᠢᠰ ᠦᠭᠡᠢ᠎ᠪᠠᠷ ᠬᠣᠬᠢᠷᠠᠭᠤᠯᠬᠤ᠎ᠳᠤ ᠬᠦᠷᠬᠦ ᠦᠭᠡᠢ   ᠪᠠᠢ᠌ᠳᠠᠯ   ᠳᠣᠣᠷ᠎ᠠ᠂ ᠵᠣᠬᠢᠰᠲᠠᠶ ᠬᠡᠷᠡᠭᠯᠡᠭᠰᠡᠨ ᠵᠶ᠋ᠡᠷ ᠮᠠᠭ᠋ᠠᠳᠯᠠᠵᠤ ᠪᠣᠯᠤᠨ᠎ᠠ᠃》 ᠳᠡᠭᠡᠷ᠎ᠡ ᠳᠤᠷᠠᠳᠤᠭᠰᠠᠨ ᠪᠢᠴᠢᠭ ᠮᠠᠲ᠋ᠧᠷᠢᠶᠠᠯ᠎ᠤᠨ ᠲᠣᠭᠲᠠᠭ᠋ᠠᠯ᠎ᠤᠨ ᠵᠣᠷᠢᠭ ᠰᠠᠨᠠᠭ᠎ᠠ ᠵᠢ ᠦᠨᠳᠦᠰᠦᠯᠡᠪᠡᠯ᠂ ᠠᠷᠠᠳ᠎ᠤᠨ ᠳᠡᠭᠡᠳᠦ ᠰᠢᠭᠦᠬᠦ ᠬᠣᠷᠢᠢ᠎ᠠ ᠨᠢᠭᠡᠨᠲᠡ ᠪᠢᠴᠢᠭ ᠮᠠᠲ᠋ᠧᠷᠢᠶᠠᠯ᠎ᠳᠤ ᠬᠠᠤᠯᠢ ᠲᠣᠭᠲᠠᠭ᠋ᠠᠯᠲᠠ ᠵᠢᠨ ᠴᠢᠩᠭ᠎ᠠ ᠬᠢᠵᠠᠭ᠋ᠠᠷᠯᠠᠯ᠎ᠠᠴᠠ ᠮᠥᠨ ᠴᠢᠨᠠᠷ ᠳᠡᠭᠡᠷ᠎ᠡ᠎ᠪᠠᠨ ᠳᠠᠪᠠᠵᠤ᠂ ᠬᠠᠤᠯᠢ ᠪᠠᠷᠢᠬᠤ ᠲᠠᠰᠤᠯᠤᠨ ᠲᠣᠭᠲᠠᠭ᠋ᠠᠭᠴᠢ᠎ᠳᠤ《ᠵᠦᠢ ᠵᠣᠬᠢᠰᠲᠠᠢ᠎ᠪᠠᠷ ᠬᠡᠷᠡᠭᠯᠡᠬᠦ》ᠬᠠᠷᠢᠮᠠᠬᠠᠢ ᠣᠷᠣᠨ ᠵᠠᠢ ᠤᠷᠢᠳᠴᠢᠯᠠᠨ ᠦᠯᠡᠳᠡᠭᠡᠵᠦ ᠥᠭᠭᠦᠭᠰᠡᠨ ᠪᠠᠢ᠌ᠨ᠎ᠠ  ᠃
   《ᠪᠸᠷᠨ᠋ᠸ ᠵᠢᠠ ᠨᠡᠢ᠌ᠲᠡ ᠵᠢᠨ ᠭᠡᠷ᠎ᠡ》᠎ᠨᠢ ᠵᠣᠬᠢᠶᠠᠯ ᠪᠦᠲᠦᠭᠡᠯ᠎ᠤᠨ ᠡᠷᠬᠡ ᠵᠢᠨ ᠬᠢᠵᠠᠭ᠋ᠠᠷᠯᠠᠯ᠎ᠳᠤ 《ᠭᠤᠷᠪᠠᠨ ᠠᠯᠬᠤᠮ᠎ᠤᠨ ᠰᠢᠯᠭ᠋ᠠᠯᠲᠠ ᠵᠢᠨ ᠠᠷᠭ᠎ᠠ》 ᠵᠢ ᠲᠣᠭᠲᠠᠭ᠋ᠠᠵᠠᠢ᠂ ᠨᠢᠭᠡᠳᠦᠭᠡᠷ᠎ᠲᠤ᠂ ᠣᠨᠴᠠᠭ᠋ᠠᠢ ᠪᠠᠢ᠌ᠳᠠᠯ᠎ᠤᠨ ᠬᠤᠪᠢ᠎ᠪᠠᠷ ᠯᠠ ᠣᠷᠣᠰᠢᠬᠤ ᠪᠣᠯᠤᠨ᠎ᠠ; ᠬᠣᠶᠠᠳᠤᠭ᠋ᠠᠷ᠎ᠲᠤ᠂ ᠪᠦᠲᠦᠭᠡᠯ᠎ᠤᠨ ᠬᠡᠪ᠎ᠤᠨ ᠬᠡᠷᠡᠭᠯᠡᠯᠲᠡ᠎ᠲᠠᠢ ᠬᠠᠷᠰᠢᠯᠳᠤᠬᠤ ᠤᠢ᠍ᠭᠡᠢ; ᠭᠤᠷᠪᠠᠳᠤᠭ᠋ᠠᠷ᠎ᠲᠤ᠂ ᠵᠣᠬᠢᠶᠠᠯ ᠪᠦᠲᠦᠭᠡᠯ᠎ᠤᠨ ᠡᠷᠬᠡᠲᠦ ᠬᠥᠮᠦᠨ᠎ᠤ ᠬᠠᠤᠯᠢ ᠶᠣᠰᠣᠨ᠎ᠤ ᠠᠰᠢᠭ ᠲᠤᠰᠠ ᠵᠢ ᠹᠢᠽᠢᠺ ᠵᠶ᠋ᠡᠷ ᠬᠣᠬᠢᠷᠠᠭᠤᠯᠵᠤ ᠪᠣᠯᠬᠤ ᠤᠢ᠍ᠭᠡᠢ  ᠃ ᠦᠨᠡᠨ᠎ᠳᠡᠭᠡᠨ᠂ ᠣᠯᠠᠨ ᠤᠯᠤᠰ᠎ᠤᠨ ᠨᠡᠢ᠌ᠲᠡ ᠵᠢᠨ ᠭᠡᠷ᠎ᠡ᠎ᠨᠢ ᠮᠠᠨ᠎ᠤ ᠤᠯᠤᠰ᠎ᠤᠨ《ᠵᠦᠶ ᠵᠣᠬᠢᠰᠲᠠᠶ ᠬᠡᠷᠡᠭᠯᠡᠬᠦ》ᠵᠢ ᠮᠠᠭ᠋ᠠᠳᠯᠠᠨ ᠲᠣᠭᠲᠠᠭ᠋ᠠᠬᠤ ᠪᠠᠷᠢᠮᠵᠢᠶ᠎ᠠ᠎ᠳᠤ ᠨᠡᠯᠢᠶᠡᠳ ᠶᠡᠬᠡ ᠨᠥᠯᠥᠭᠡ᠎ᠲᠠᠢ ᠶᠤᠮ  ᠃ ᠲᠤᠰ ᠪᠦᠲᠦᠭᠡᠯ᠎ᠤᠨ ᠬᠡᠪ᠎ᠤᠨ ᠬᠡᠷᠡᠭᠯᠡᠯᠲᠡ ᠵᠢ ᠨᠥᠯᠥᠭᠡᠯᠡᠵᠦ ᠦᠯᠦ ᠪᠣᠯᠬᠤ᠂ ᠮᠥᠨ ᠴᠦ᠍ ᠵᠣᠬᠢᠶᠠᠯ ᠪᠦᠲᠦᠭᠡᠯ᠎ᠤᠨ ᠡᠷᠬᠡᠲᠦ ᠬᠥᠮᠦᠨ᠎ᠤ ᠬᠠᠤᠯᠢ ᠶᠣᠰᠣᠨ᠎ᠤ ᠠᠰᠢᠭ ᠲᠤᠰᠠ ᠵᠢ ᠵᠦᠢ ᠵᠣᠬᠢᠰ ᠦᠭᠡᠢ᠎ᠪᠠᠷ ᠬᠣᠬᠢᠷᠠᠭᠤᠯᠬᠤ ᠵᠠᠷᠴᠢᠮ᠎ᠢ ᠵᠦᠢ ᠵᠣᠬᠢᠰᠲᠠᠢ ᠬᠡᠷᠡᠭᠯᠡᠭᠰᠡᠨ᠎ᠢ ᠮᠠᠭ᠋ᠠᠳᠯᠠᠨ ᠲᠣᠭᠲᠠᠭ᠋ᠠᠬᠤ ᠪᠠᠷᠢᠮᠵᠢᠶ᠎ᠠ᠎ᠳᠤ ᠣᠷᠣᠭᠤᠯᠬᠤ ᠪᠣᠯ ᠮᠠᠨ᠎ᠤ ᠤᠯᠤᠰ᠎ᠤᠨ ᠬᠠᠤᠯᠢ ᠬᠡᠷᠡᠭᠵᠢᠭᠦᠯᠬᠦ ᠦᠢ᠍ᠯᠡᠳᠦᠯᠭᠡ ᠵᠢᠨ ᠳ᠋ᠦᠩᠨᠡᠯᠲᠡ ᠮᠥᠨ᠂ ᠪᠠᠰᠠ ᠴᠤ᠌《ᠵᠦᠢ ᠵᠣᠬᠢᠰᠲᠠᠢ ᠬᠡᠷᠡᠭᠯᠡᠬᠦ》ᠲᠦᠷᠢᠮ᠎ᠤᠨ ᠪᠠᠢ᠌ᠪᠠᠰᠤ ᠵᠣᠬᠢᠬᠤ ᠠᠭᠤᠯᠭ᠎ᠠ ᠮᠥᠨ  ᠃
      ᠦᠨᠡᠨ᠎ᠳᠡᠭᠡᠨ《ᠵᠣᠬᠢᠶᠠᠯ ᠪᠦᠲᠦᠭᠡᠯ᠎ᠤᠨ ᠡᠷᠬᠡ ᠵᠢᠨ ᠬᠠᠤᠯᠢ᠎ᠳᠤ ᠵᠠᠰᠠᠪᠤᠷᠢ ᠣᠷᠣᠭᠤᠯᠬᠤ ᠲᠥᠰᠦᠯ》᠎ᠤᠨ ᠬᠣᠶᠠᠳᠤᠭ᠋ᠠᠷ ᠡᠭᠡ ᠨᠤᠤᠷᠡᠬ᠎ᠲᠤ᠂ ᠲᠤᠰ ᠪᠦᠲᠦᠭᠡᠯ᠎ᠤᠨ ᠬᠡᠪ᠎ᠤᠨ ᠬᠡᠷᠡᠭᠯᠡᠯᠲᠡ ᠵᠢ ᠨᠥᠯᠥᠭᠡᠯᠡᠵᠦ ᠪᠣᠯᠬᠤ ᠤᠢ᠍ᠭᠡᠢ ᠪᠥᠭᠡᠳ ᠵᠣᠬᠢᠶᠠᠯ ᠪᠦᠲᠦᠭᠡᠯ᠎ᠤᠨ ᠡᠷᠬᠡᠲᠦ ᠬᠥᠮᠦᠨ᠎ᠤ ᠬᠠᠤᠯᠢ ᠶᠣᠰᠣᠨ᠎ᠤ ᠠᠰᠢᠭ ᠲᠤᠰᠠ ᠵᠢ ᠴᠤ᠌ ᠵᠦᠢ ᠵᠣᠬᠢᠰ ᠦᠭᠡᠢ᠎ᠪᠠᠷ ᠬᠣᠬᠢᠷᠠᠭᠤᠯᠬᠤ ᠶᠠᠪᠤᠳᠠᠯ᠎ᠢ ᠬᠠᠤᠯᠢ᠎ᠪᠠᠷ   ᠲᠣᠭᠲᠠᠭ᠋ᠠᠨ ᠵᠢᠭᠰᠠᠭ᠋ᠠᠭᠰᠠᠨ ᠵᠦᠢ ᠵᠣᠬᠢᠰᠲᠠᠢ ᠬᠡᠷᠡᠭᠯᠡᠬᠦ᠎ᠠᠴᠠ ᠭᠠᠳᠠᠨᠠᠬᠢ 《ᠪᠤᠰᠤᠳ ᠪᠠᠢ᠌ᠳᠠᠯ》 ᠪᠣᠯᠭ᠋ᠠᠵᠤ᠂ ᠲᠤᠬᠠᠢ ᠵᠢᠨ ᠦᠶ᠎ᠡ᠎ᠳᠤ ᠮᠠᠨ᠎ᠤ ᠤᠯᠤᠰ᠎ᠤᠨ《ᠵᠣᠬᠢᠶᠠᠯ ᠪᠦᠲᠦᠭᠡᠯ᠎ᠤᠨ ᠡᠷᠬᠡ ᠵᠢᠨ ᠬᠠᠤᠯᠢ》᠎ᠳᠤ《ᠵᠦᠢ ᠵᠣᠬᠢᠰᠲᠠᠢ ᠬᠡᠷᠡᠭᠯᠡᠬᠦ》᠎ᠳᠤ ᠨᠡᠭᠡᠭᠡᠯᠲᠡᠲᠦ ᠮᠠᠶᠢᠭ᠎ᠤᠨ ᠬᠠᠤᠯᠢ ᠲᠣᠭᠲᠠᠭ᠋ᠠᠬᠤ ᠮᠡᠷᠭᠡᠵᠢᠯ᠎ᠤᠨ ᠲᠠᠯ᠎ᠠ᠎ᠪᠠᠷ ᠤᠳᠦ ᠵᠢᠨ ᠴᠢᠩᠭ᠎ᠠ ᠬᠢᠵᠠᠭ᠋ᠠᠷᠯᠠᠯ᠎ᠠᠴᠠ ᠳᠠᠪᠠᠬᠤ ᠤᠷᠤᠯᠳᠤᠯᠭ᠎ᠠ ᠬᠢᠬᠦ ᠡᠷᠡᠮᠡᠯᠵᠡᠯ᠎ᠲᠠᠢ ᠭᠡᠵᠦ ᠦᠵᠡᠵᠦ ᠪᠠᠢ᠌ᠨ᠎ᠠ᠃ ᠭᠡᠪᠡᠴᠦ ᠲᠣᠰ ᠤᠳᠠᠭ᠎ᠠ ᠪᠠᠲᠤᠯᠠᠭᠰᠠᠨ ᠰᠢᠨ᠎ᠡ《ᠵᠣᠬᠢᠶᠠᠯ ᠪᠦᠲᠦᠭᠡᠯ᠎ᠤᠨ ᠡᠷᠬᠡ ᠵᠢᠨ ᠬᠠᠤᠯᠢ》᠎ᠨᠢ ᠲᠣᠰ ᠵᠠᠷᠴᠢᠮ᠎ᠢ ᠬᠠᠤᠯᠢ᠎ᠪᠠᠷ ᠲᠣᠭᠲᠠᠭ᠋ᠠᠭᠰᠠᠨ ᠪᠠᠢ᠌ᠳᠠᠯ᠎ᠤᠨ ᠤᠷᠢᠳᠠᠴᠢ ᠮᠠᠭ᠋ᠠᠳᠯᠠᠬᠤ ᠪᠠᠷᠢᠮᠵᠢᠶ᠎ᠠ ᠪᠣᠯᠭ᠋ᠠᠵᠤ᠂ ᠪᠢᠲᠡᠭᠦᠮᠵᠢᠯᠡᠭᠰᠡᠨ ᠮᠠᠶᠢᠭ᠎ᠤᠨ ᠬᠠᠤᠯᠢ ᠲᠣᠭᠲᠠᠭ᠋ᠠᠯᠲᠠ ᠵᠢᠨ ᠵᠢᠭᠰᠠᠭ᠋ᠠᠨ ᠲᠣᠭ᠋ᠠᠴᠢᠬᠤ ᠬᠡᠯᠪᠡᠷᠢ᠎ᠳᠤ ᠳᠠᠬᠢᠨᠲᠠ ᠪᠤᠴᠠᠭ᠋ᠠᠭᠰᠠᠨ ᠪᠠᠢ᠌ᠨ᠎ᠠ᠂ ᠡᠨᠡ᠎ᠨᠢ ᠬᠠᠤᠯᠢ ᠲᠣᠭᠲᠠᠭ᠋ᠠᠭᠴᠢ ᠵᠢᠨ ᠡᠭᠦᠨ᠎ᠠᠴᠠ ᠡᠮᠦᠨᠡᠬᠢ ᠬᠠᠤᠯᠢ ᠪᠠᠷᠢᠬᠤ ᠦᠢᠯᠡᠳᠦᠯᠭᠡ ᠵᠢᠨ ᠳᠤᠮᠳᠠᠬᠢ ᠣᠨᠴᠠᠭ᠋ᠠᠶ ᠬᠡᠷᠡᠭ᠎ᠤᠨ《ᠵᠦᠶ ᠵᠣᠬᠢᠰᠲᠠᠶ ᠬᠡᠷᠡᠭᠯᠡᠯᠲᠡ》᠎ᠳᠤ ᠬᠠᠤᠯᠢ᠎ᠪᠠᠷ ᠲᠣᠭᠲᠠᠭ᠋ᠠᠭᠰᠠᠨ ᠴᠢᠩᠭ᠎ᠠ ᠪᠠᠢ᠌ᠳᠠᠯ᠎ᠠᠴᠠ ᠳᠠᠪᠠᠭᠰᠠᠨ ᠨᠢᠭᠡ ᠵᠦᠢᠯ᠎ᠤᠨ《ᠦᠭᠡᠢ᠌ᠰᠬᠡᠯ》ᠮᠥᠨ ᠡᠰᠡᠬᠦ᠂ ᠡᠰᠡᠬᠦᠯ᠎ᠡ ᠦᠭᠡᠢ᠍ᠰᠬᠡᠬᠦ ᠪᠢᠰᠢ ᠬᠠᠷᠢᠨ ᠬᠣᠯᠪᠣᠭᠳᠠᠯ ᠪᠦᠬᠦᠢ ᠠᠰᠠᠭᠤᠳᠠᠯ᠎ᠢ ᠮᠥᠨ ᠯᠡ ᠬᠠᠤᠯᠢ ᠴᠠᠭ᠋ᠠᠵᠠ ᠵᠢᠨ《ᠣᠨᠴᠠᠭ᠋ᠠᠶ ᠬᠡᠷᠡᠭ᠎ᠤᠨ ᠰᠢᠢ᠍ᠳᠪᠦᠷᠢᠯᠡᠯᠲᠡ》᠎ᠳᠤ ᠲᠣᠰᠢᠶᠠᠭᠰᠠᠨ ᠶᠠᠪᠦᠳᠠᠯ ᠪᠤᠯᠤᠭᠰᠠᠨ᠎ᠢ   ᠪᠢᠳᠡ ᠵᠥᠪᠬᠡᠨ ᠬᠣᠵᠢᠮ᠎ᠤᠨ ᠬᠠᠤᠯᠢ ᠴᠠᠭ᠋ᠠᠵᠠ ᠵᠢᠨ ᠦᠢᠯᠡᠳᠦᠯᠭᠡ ᠳᠤᠮᠳᠠᠬᠢ ᠮᠠᠭ᠋ᠠᠳᠯᠠᠯᠲᠠ᠎ᠳᠤ ᠤᠯᠠᠮ ᠨᠢᠭᠡ ᠠᠯᠬᠤᠮ ᠠᠭ᠌ᠬᠠᠷᠣᠯ ᠵᠶ᠋ᠠᠨ ᠬᠠᠨᠳᠣᠭᠣᠯᠵᠦ   ᠣᠢ᠌ᠯᠠᠭ᠋ᠠᠬᠤ   ᠪᠤᠯᠤᠨ᠎ᠠ  ᠃

    ᠨᠠᠢᠮᠠ  ᠂ ᠷᠠᠳᠢᠣ᠋ ᠨᠡᠪᠲᠡᠷᠡᠭᠦᠯᠭᠡ ᠵᠢᠨ ᠬᠣᠷᠢᠶ᠎ᠠ᠂ ᠲᠧᠯᠸᠢᠰ ᠬᠣᠷᠢᠶ᠎ᠠ ᠵᠢᠨ ᠷᠠᠳᠢᠣ᠋ ᠲᠧᠯᠸᠢᠰ᠎ᠤᠨ ᠳᠣᠬᠢᠶ᠎ᠠ᠎ᠳᠤ ᠡᠳ᠋ᠯᠡᠬᠦ 《ᠬᠡᠷᠡᠭᠵᠢᠭᠦᠯᠬᠦ ᠵᠢ ᠴᠠᠭ᠋ᠠᠵᠠᠯᠠᠬᠤ ᠠᠵᠢᠯᠯᠠᠭ᠎ᠠ》 ᠵᠢᠨ ᠪᠤᠰᠤᠳ᠎ᠢ ᠭᠠᠳᠠᠭᠤᠷᠴᠢᠯᠠᠬᠤ ᠡᠷᠬᠡ ᠵᠢᠨ ᠬᠡᠪᠴᠢᠶ᠎ᠡ ᠵᠢ ᠤᠯᠠᠮ ᠨᠢᠭᠡ ᠠᠯᠬᠤᠮ ᠲᠣᠳᠣᠷᠬᠠᠢ᠌ᠯᠠᠭᠰᠠᠨ᠎ᠨᠢ ᠷᠠᠳᠢᠣ᠋ ᠨᠡᠪᠲᠡᠷᠡᠭᠦᠯᠭᠡ ᠵᠢᠨ ᠬᠣᠷᠢᠶ᠎ᠠ᠂ ᠲᠧᠯᠸᠢᠰ ᠬᠣᠷᠢᠶ᠎ᠠ ᠵᠢᠨ ᠳᠣᠬᠢᠶ᠎ᠠ ᠵᠢ ᠬᠤᠯᠠᠭ᠋ᠠᠢ᠌ᠯᠠᠨ ᠠᠪᠬᠤ᠎ᠪᠠᠷ ᠳᠠᠮᠵᠢᠭᠤᠯᠤᠨ ᠰᠦᠯᠵᠢᠶᠡᠨ ᠳᠡᠭᠡᠷ᠎ᠡ ᠴᠠᠭ ᠲᠤᠬᠠᠶ᠎ᠳᠤᠨᠢ ᠳᠠᠮᠵᠢᠭᠤᠯᠤᠨ ᠨᠡᠪᠲᠡᠷᠡᠭᠦᠯᠬᠦ / ᠰᠦᠯᠵᠢᠶ᠎ᠡ᠎ᠪᠠᠷ ᠰᠢᠭᠤᠳ ᠨᠡᠪᠲᠡᠷᠡᠭᠦᠯᠬᠦ ᠠᠵᠢᠯᠯᠠᠭ᠎ᠠ᠎ᠳᠤ ᠴᠣᠬᠢᠯᠲᠠ ᠥᠭᠬᠦ᠎ᠳᠤ ᠠᠰᠢᠭᠲᠠᠶ   ᠪᠤᠯᠪᠡ᠃
      ᠰᠢᠨ᠎ᠡ᠎ᠪᠠᠷ ᠵᠠᠰᠠᠪᠤᠷᠢ ᠣᠷᠣᠭᠤᠯᠤᠭᠰᠠᠨ《ᠵᠣᠬᠢᠶᠠᠯ ᠪᠦᠲᠦᠭᠡᠯ᠎ᠤᠨ ᠡᠷᠬᠡ ᠵᠢᠨ ᠬᠠᠤᠯᠢ》᠎ᠳᠤ ᠷᠠᠳᠢᠣ᠋ ᠨᠡᠪᠲᠡᠷᠡᠭᠦᠯᠭᠡ ᠵᠢᠨ ᠬᠣᠷᠢᠶ᠎ᠠ᠂ ᠲᠧᠯᠸᠢᠰ ᠬᠣᠷᠢᠶ᠎ᠠ ᠵᠢᠨ ᠷᠠᠳᠢᠣ᠋ ᠨᠡᠪᠲᠡᠷᠡᠭᠦᠯᠭᠡ ᠲᠧᠯᠸᠢᠰ᠎ᠤᠨ ᠳᠣᠬᠢᠶ᠎ᠠ᠎ᠳᠤ ᠡᠳ᠋ᠯᠡᠬᠦ《ᠬᠡᠷᠡᠭᠵᠢᠭᠦᠯᠬᠦ ᠵᠢ ᠴᠠᠭ᠋ᠠᠵᠠᠯᠠᠬᠤ ᠠᠵᠢᠯᠯᠠᠭ᠎ᠠ》ᠵᠢᠨ ᠪᠤᠰᠤᠳ᠎ᠢ ᠭᠠᠳᠠᠭᠤᠷᠴᠢᠯᠠᠬᠤ ᠡᠷᠬᠡ ᠎ᠢ ᠲᠣᠳᠣᠳᠬᠠᠵᠦ᠂ ᠡᠭᠦᠨ᠎ᠳᠤ ᠤᠲᠠᠰᠤ ᠦᠭᠡᠶ ᠬᠡᠯᠪᠡᠷᠢ᠎ᠪᠠᠷ ᠳᠠᠮᠵᠢᠭᠤᠯᠤᠨ ᠨᠡᠪᠲᠡᠷᠡᠭᠦᠯᠬᠦ ᠠᠵᠢᠯᠯᠠᠭ᠎ᠠ ᠵᠢ ᠪᠠᠭᠲᠠᠭ᠋ᠠᠭᠰᠠᠨ ᠪᠥᠭᠡᠳ《ᠮᠡᠳᠡᠭᠡ ᠵᠠᠩᠭᠢ ᠵᠢᠨ ᠰᠦᠯᠵᠢᠶ᠎ᠡ᠎ᠪᠠᠷ ᠳᠠᠮᠵᠢᠭᠤᠯᠤᠨ ᠣᠯᠠᠨ ᠨᠡᠢ᠌ᠲᠡ᠎ᠳᠤ ᠤᠯᠠᠮᠵᠢᠯᠠᠨ ᠨᠡᠪᠲᠡᠷᠡᠭᠦᠯᠬᠦ》ᠠᠵᠢᠯᠯᠠᠭ᠎ᠠ ᠵᠢ ᠴᠠᠭ᠋ᠠᠵᠠᠯᠠᠬᠤ ᠡᠷᠬᠡ᠎ᠲᠠᠢ ᠭᠡᠵᠦ ᠴᠢᠬᠤᠯᠠᠴᠢᠯᠠᠵᠠᠶ᠃ ᠦᠨᠳᠦᠰᠦᠨ ᠰᠢᠯᠲᠠᠭ᠋ᠠᠨ᠎ᠨᠢ ᠬᠠᠰᠢ ᠯᠠ ᠣᠳᠣᠬᠠᠨ᠎ᠤ ᠢᠨᠲᠸᠷ ᠰᠦᠯᠵᠢᠶᠡᠨ᠎ᠤ ᠮᠡᠷᠭᠡᠵᠢᠯ᠎ᠤᠨ ᠬᠥᠭᠵᠢᠯᠲᠡ ᠵᠢᠴᠢ ᠬᠣᠯᠪᠣᠭᠳᠠᠯ ᠪᠦᠬᠦᠢ ᠪᠡᠶᠡᠴᠢ ᠴᠣᠭᠴᠠ ᠵᠢᠨ ᠡᠷᠬᠡ᠎ᠪᠠᠨ ᠬᠠᠮᠠᠭ᠋ᠠᠯᠠᠬᠤ ᠪᠤᠰᠤᠳᠴᠢ᠂ ᠪᠣᠳᠠᠲᠤ ᠬᠡᠷᠡᠭᠴᠡᠭᠡ᠎ᠳᠤ ᠵᠣᠬᠢᠴᠠᠭᠰᠠᠨ᠎ᠠᠴᠠ ᠪᠣᠯᠤᠭᠰᠠᠨ ᠶᠤᠮ  ᠃ ᠷᠠᠳᠢᠣ᠋ ᠨᠡᠪᠲᠡᠷᠡᠭᠦᠯᠭᠡ ᠵᠢᠨ ᠬᠣᠷᠢᠶ᠎ᠠ᠂ ᠲᠧᠯᠸᠢᠰ ᠬᠣᠷᠢᠶ᠎ᠠ ᠳᠣᠬᠢᠶ᠎ᠠ ᠵᠢ ᠬᠤᠯᠠᠭ᠋ᠠᠢ᠌ᠯᠠᠬᠤ᠎ᠪᠠᠷ ᠳᠡᠮᠵᠢᠨ ᠰᠦᠯᠵᠢᠶᠡᠨ ᠳᠡᠭᠡᠷ᠎ᠡ ᠴᠠᠭ ᠲᠤᠬᠠᠶ᠎ᠳᠤᠨᠢ ᠳᠠᠮᠵᠢᠭᠤᠯᠤᠨ ᠨᠡᠪᠲᠡᠷᠡᠭᠦᠯᠬᠦ / ᠰᠦᠯᠵᠢᠶᠡᠨ᠎ᠤ ᠰᠢᠭᠤᠳ ᠨᠡᠪᠲᠡᠷᠡᠭᠦᠯᠬᠦ ᠠᠵᠢᠯᠯᠠᠭ᠎ᠠ᠎ᠳᠤ ᠴᠣᠬᠢᠯᠲᠠ ᠥᠭᠬᠦ ᠠᠰᠢᠭᠲᠠᠶ ᠶᠠᠪᠤᠳᠠᠯ ᠮᠥᠨ  ᠃
      ᠭᠡᠪᠡᠴᠦ ᠡᠨᠳᠡ ᠵᠣᠬᠢᠶᠠᠭᠴᠢ ᠵᠢᠨ ᠠᠩᠬᠠᠷᠤᠭᠤᠯᠬᠤ ᠴᠢᠬᠤᠯᠠᠲᠠᠢ ᠵᠦᠢ᠍ᠯ ᠭᠡᠪᠡᠯ᠂ ᠬᠠᠤᠯᠢ ᠲᠣᠭᠲᠠᠭ᠋ᠠᠭᠴᠢ ᠲᠤᠰᠬᠠᠢ᠌ᠯᠠᠨ ᠬᠣᠶᠠᠳᠤᠭ᠋ᠠᠷ ᠪᠠᠳᠠᠭ᠎ᠤᠨ ᠠᠭᠤᠯᠭ᠎ᠠ ᠵᠢ ᠨᠡᠮᠡᠪᠡ᠂ ᠲᠤᠬᠠᠢ᠌ᠯᠠᠪᠠᠯ 《ᠷᠠᠳᠢᠣ᠋ ᠨᠡᠪᠲᠡᠷᠡᠭᠦᠯᠭᠡ ᠵᠢᠨ ᠬᠣᠷᠢᠢ᠎ᠠ᠂ ᠲᠧᠯᠸᠢᠰ ᠬᠣᠷᠢᠢ᠎ᠠ ᠡᠮᠦᠨᠡᠬᠢ ᠪᠠᠳᠠᠭ᠎ᠲᠤ ᠲᠣᠭᠲᠠᠭ᠋ᠠᠭᠰᠠᠨ ᠡᠷᠬᠡ᠎ᠪᠠᠨ ᠬᠡᠷᠡᠭᠵᠢᠭᠦᠯᠬᠦ᠎ᠳᠡᠭᠡᠨ ᠪᠤᠰᠤᠳ᠎ᠤᠨ ᠵᠣᠬᠢᠶᠠᠯ ᠪᠦᠲᠦᠭᠡᠯ᠎ᠤᠨ ᠡᠷᠬᠡ ᠪᠤᠶᠤ ᠵᠣᠬᠢᠶᠠᠯ ᠪᠦᠲᠦᠭᠡᠯ᠎ᠤᠨ ᠡᠷᠬᠡ᠎ᠳᠤ ᠬᠣᠯᠪᠣᠭᠳᠠᠬᠤ ᠡᠷᠬᠡ᠎ᠪᠠᠨ ᠬᠡᠷᠡᠭᠵᠢᠭᠦᠯᠬᠦ ᠵᠢ ᠨᠥᠯᠥᠭᠡᠯᠡᠵᠦ᠂ ᠬᠢᠵᠠᠭ᠋ᠠᠷᠯᠠᠵᠤ᠂   ᠬᠦᠨᠦᠭᠡᠵᠦ   ᠪᠣᠯᠬᠤ ᠦᠭᠡᠢ᠃》ᠦᠨᠳᠦᠰᠦᠨ ᠵᠣᠷᠢᠯᠭ᠎ᠠ᠎ᠨᠢ ᠬᠥᠷᠰᠢ ᠵᠡᠷᠭᠡᠯᠡᠳᠡᠭᠡ ᠵᠢᠨ ᠡᠷᠬᠡ᠎ᠪᠠᠨ ᠬᠡᠷᠡᠭᠵᠢᠭᠦᠯᠬᠦ ᠪᠠ ᠵᠣᠬᠢᠶᠠᠯ ᠪᠦᠲᠦᠭᠡᠯ᠎ᠤᠨ ᠡᠷᠬᠡ ᠵᠢᠨ ᠡᠷᠬᠡ᠎ᠪᠠᠨ ᠬᠡᠷᠡᠭᠵᠢᠭᠦᠯᠬᠦ ᠎ᠳᠤ ᠮᠥᠷᠭᠥᠯᠳᠦᠭᠡᠨ ᠡᠭᠦᠰᠬᠦ  ᠎ᠠᠴᠠ ᠵᠠᠢ᠌ᠯᠠᠰᠬᠢᠬᠤ ᠵᠢᠨ ᠲᠦᠯᠦᠭᠡ ᠶᠦᠮ᠃
     
      ᠶᠢᠰᠦ᠂ ᠵᠣᠬᠢᠶᠠᠯ ᠪᠦᠲᠦᠭᠡᠯ᠎ᠤᠨ ᠡᠷᠬᠡ ᠪᠠ ᠵᠣᠬᠢᠶᠠᠯ ᠪᠦᠲᠦᠭᠡᠯ᠎ᠤᠨ ᠡᠷᠬᠡ᠎ᠲᠠᠢ ᠬᠣᠯᠪᠣᠭᠳᠠᠬᠤ ᠡᠷᠬᠡ ᠵᠢ ᠬᠠᠮᠠᠭ᠋ᠠᠯᠠᠬᠤ ᠵᠢᠨ ᠲᠥᠯᠥᠭᠡ ᠠᠪᠤᠭᠰᠠᠨ ᠮᠡᠷᠭᠡᠵᠢᠯ᠎ᠤᠨ ᠠᠷᠭ᠎ᠠ ᠬᠡᠮᠵᠢᠢ᠎ᠡ᠎ᠠᠴᠠ ᠵᠠᠢ᠌ᠯᠠᠬᠤ᠂ ᠡᠪᠳᠡᠬᠦ ᠠᠵᠢᠯᠯᠠᠭ᠎ᠠ ᠵᠢᠨ ᠬᠠᠤᠯᠢ ᠵᠢᠨ ᠬᠠᠷᠢᠭᠤᠴᠠᠯᠭ᠎ᠠ ᠵᠢᠴᠢ ᠣᠨᠴᠠᠭ᠋ᠠᠢ ᠪᠠᠢ᠌ᠳᠠᠯ᠎ᠤᠨ ᠲᠤᠬᠠᠢ ᠲᠣᠳᠣᠷᠬᠠᠢ ᠳᠤᠷᠠᠳᠴᠤ᠂ ᠪᠣᠳᠠᠲᠤ ᠬᠡᠷᠡᠭᠴᠡᠭᠡ᠎ᠳᠤ ᠬᠠᠷᠢᠭᠤᠯᠲᠠ ᠥᠭᠴᠦ᠂ ᠬᠠᠤᠯᠢ ᠲᠣᠭᠲᠠᠭ᠋ᠠᠬᠤ ᠲᠠᠯ᠎ᠠ᠎ᠪᠠᠷ ᠨᠡᠩ ᠰᠢᠨᠵᠢᠯᠡᠬᠦ ᠤᠬᠠᠭ᠋ᠠᠨᠴᠢ᠂ ᠴᠢᠩᠭ᠎ᠠ ᠨᠢᠮᠪᠠᠢ ᠪᠠᠢ᠌ᠬᠤ ᠵᠢ ᠴᠢᠬᠤᠯᠠᠴᠢᠯᠠᠪᠠ  ᠃
     2001 ᠣᠨ᠎ᠳᠤ《ᠵᠣᠬᠢᠶᠠᠯ ᠪᠦᠲᠦᠭᠡᠯ᠎ᠤᠨ ᠡᠷᠬᠡ ᠵᠢᠨ ᠬᠠᠤᠯᠢ》᠎ᠳᠤ ᠵᠠᠰᠠᠪᠤᠷᠢ ᠣᠷᠣᠭᠤᠯᠬᠤ᠎ᠳᠠᠭᠠᠨ ᠬᠠᠤᠯᠢ ᠲᠣᠭᠲᠠᠭ᠋ᠠᠭᠴᠢ ᠮᠡᠷᠭᠡᠵᠢᠯ᠎ᠤᠨ ᠠᠷᠭ᠎ᠠ ᠬᠡᠮᠵᠢᠢ᠎ᠡ᠎ᠠᠴᠠ ᠵᠠᠢ᠌ᠯᠠᠬᠤ ᠵᠦᠢ᠍ᠯ ᠵᠤᠷᠪᠤᠰ ᠨᠡᠮᠡᠪᠡ  ᠃ ᠬᠠᠤᠯᠢ ᠴᠠᠭ᠋ᠠᠵᠠ᠎ᠳᠤ ᠮᠡᠷᠭᠡᠵᠢᠯ᠎ᠤᠨ ᠠᠷᠭ᠎ᠠ ᠬᠡᠮᠵᠢᠢ᠎ᠡ ᠵᠢᠨ ᠬᠠᠮᠠᠭ᠋ᠠᠯᠠᠯᠲᠠ ᠵᠢᠨ ᠬᠡᠪᠴᠢᠢ᠎ᠡ   ᠵᠦᠪᠬᠡᠨ《ᠪᠦᠲᠦᠭᠡᠯ᠂ ᠲᠡᠭᠤ ᠰᠢᠩᠭᠡᠭᠡᠯᠲᠡ ᠳᠦᠷᠰᠦ ᠰᠢᠩᠭᠡᠭᠡᠯᠲᠡ ᠵᠢᠨ ᠪᠦᠲᠦᠭᠡᠯ ᠵᠡᠷᠭᠡ》ᠵᠢᠨ ᠬᠡᠪᠴᠢᠶᠡᠨ᠎ᠳᠤ   ᠬᠢᠵᠠᠭ᠋ᠠᠷᠯᠠᠭᠳᠠᠨ᠎ᠠ᠂ ᠲᠣᠭᠯᠠᠯᠲᠠ ᠵᠡᠷᠭᠡ ᠪᠤᠰᠤᠳ ᠬᠥᠷᠰᠢ ᠵᠡᠷᠭᠡᠯᠡᠳᠡᠭᠡ ᠵᠢᠨ ᠡᠷᠬᠡ ᠵᠢᠨ ᠠᠭᠤᠯᠭ᠎ᠠ ᠵᠢᠨ ᠲᠤᠬᠠᠢ《ᠵᠣᠬᠢᠶᠠᠯ ᠪᠦᠲᠦᠭᠡᠯ᠎ᠤᠨ ᠡᠷᠬᠡ ᠵᠢᠨ ᠬᠠᠤᠯᠢ》᠎ᠳᠤ ᠲᠣᠳᠣᠷᠬᠠᠢ ᠲᠣᠭᠲᠠᠭ᠋ᠠᠭᠰᠠᠨ ᠦᠭᠡᠢ  ᠃ ᠡᠭᠦᠨ᠎ᠠᠴᠠ ᠭᠠᠳᠠᠨ᠎ᠠ᠂《ᠵᠣᠬᠢᠶᠠᠯ ᠪᠦᠲᠦᠭᠡᠯ᠎ᠤᠨ ᠡᠷᠬᠡ ᠵᠢᠨ ᠬᠠᠤᠯᠢ》᠎ᠳᠠᠬᠢ ᠡᠷᠬᠡ ᠵᠢᠨ ᠬᠢᠵᠠᠭ᠋ᠠᠷᠯᠠᠯ ᠬᠢᠭᠡᠳ ᠣᠨᠴᠠᠭ᠋ᠠᠢ ᠵᠦᠢ᠍ᠯ᠎ᠨᠢ ᠨᠢᠭᠡᠨᠲᠡ ᠨᠡᠯᠢᠶᠡᠳ ᠪᠣᠯᠪᠠᠰᠤᠷᠠᠩᠭᠤᠢ ᠪᠣᠯᠤᠭᠰᠠᠨ ᠪᠠᠢ᠌ᠳᠠᠯ᠎ᠤᠨ ᠳᠣᠣᠷ᠎ᠠ᠂《ᠮᠡᠷᠭᠡᠵᠢᠯ᠎ᠤᠨ ᠬᠠᠮᠠᠭ᠋ᠠᠯᠠᠯᠲᠠ ᠵᠢᠨ ᠠᠷᠭ᠎ᠠ ᠬᠡᠮᠵᠢᠢ᠎ᠡ᠎ᠠᠴᠠ ᠵᠠᠢ᠌ᠯᠠᠬᠤ》᠎ᠨᠢ ᠤᠳᠤ ᠵᠢᠨ ᠬᠡᠷᠡᠭᠵᠢᠭᠦᠯᠵᠦ ᠪᠠᠢ᠌ᠭ᠎ᠠ《ᠵᠣᠬᠢᠶᠠᠯ ᠪᠦᠲᠦᠭᠡᠯ᠎ᠤᠨ ᠡᠷᠬᠡ ᠵᠢᠨ ᠬᠠᠤᠯᠢ》᠎ᠳᠤ ᠬᠠᠷᠢᠭᠤᠴᠠᠯᠭ᠎ᠠ᠎ᠠᠴᠠ ᠬᠡᠯᠳᠦᠷᠢᠬᠦᠯᠬᠦ ᠪᠤᠶᠤ ᠬᠢᠵᠠᠭ᠋ᠠᠷᠯᠠᠬᠤ ᠬᠣᠯᠪᠣᠭᠳᠠᠯ ᠪᠦᠬᠦᠢ ᠪᠠᠢ᠌ᠳᠠᠯ ᠪᠠᠢ᠌ᠬᠤ ᠦᠭᠡᠢ᠂《ᠮᠡᠷᠭᠡᠵᠢᠯ᠎ᠤᠨ ᠠᠷᠭ᠎ᠠ ᠬᠡᠮᠵᠢᠢ᠎ᠡ᠎ᠨᠢ ᠵᠣᠬᠢᠶᠠᠯ ᠪᠦᠲᠦᠭᠡᠯ᠎ᠢ ᠪᠦᠲᠦᠮᠵᠢᠲᠡᠢ ᠬᠢᠵᠠᠭ᠋ᠠᠷᠯᠠᠬᠤ᠎ᠨᠢ ᠤᠯᠠᠨ ᠨᠡᠢ᠌ᠲᠡ ᠵᠢᠨ ᠵᠣᠬᠢᠶᠠᠯ ᠪᠦᠲᠦᠭᠡᠯ᠎ᠢ ᠵᠦᠢ ᠵᠣᠬᠢᠰᠲᠠᠢ ᠠᠰᠢᠭᠯᠠᠬᠤ ᠦᠢ᠍ᠯᠡ ᠠᠵᠢᠯᠯᠠᠭ᠎ᠠ᠎ᠳᠤ ᠳᠥᠭᠥᠮ ᠦᠭᠡᠢ ᠪᠠᠢ᠌ᠬᠤ ᠵᠢᠨ ᠤᠯᠠᠮ᠎ᠠᠴᠠ ᠬᠡᠪᠯᠡᠯ᠎ᠤᠨ ᠡᠷᠬᠡ ᠵᠢᠨ ᠬᠠᠤᠯᠢ ᠵᠢᠨ ᠨᠢᠭᠡᠨᠲᠡ ᠲᠣᠭᠲᠠᠭ᠋ᠠᠭᠰᠠᠨ ᠬᠡᠪᠯᠡᠯ᠎ᠤᠨ ᠡᠷᠬᠡᠲᠦ ᠬᠥᠮᠦᠨ ᠪᠣᠯᠤᠨ ᠨᠡᠢ᠌ᠭᠡᠮ ᠨᠡᠢ᠌ᠲᠡ ᠵᠢᠨ ᠬᠣᠭᠣᠷᠣᠨᠳᠣᠬᠢ ᠠᠰᠢᠭ ᠲᠤᠰᠠ ᠵᠢᠨ ᠲᠡᠩᠴᠡᠭᠦᠷᠢ ᠵᠢᠨ ᠬᠠᠷᠢᠴᠠᠭ᠎ᠠ ᠵᠢ ᠡᠪᠳᠡᠵᠦ ᠮᠡᠳᠡᠨ᠎ᠠ》  ᠃
      ᠲᠤᠰ ᠤᠳᠠᠭ᠎ᠠ ᠰᠢᠨ᠎ᠡ᠎ᠪᠠᠷ ᠵᠠᠰᠠᠪᠤᠷᠢ ᠣᠷᠣᠭᠤᠯᠤᠭᠰᠠᠨ《ᠵᠣᠬᠢᠶᠠᠯ ᠪᠦᠲᠦᠭᠡᠯ᠎ᠤᠨ ᠡᠷᠬᠡ ᠵᠢᠨ ᠬᠠᠤᠯᠢ》᠎ᠳᠤ ᠮᠡᠷᠭᠡᠵᠢᠯ᠎ᠤᠨ ᠠᠷᠭ᠎ᠠ ᠬᠡᠮᠵᠢᠢ᠎ᠡ᠎ᠠᠴᠠ ᠵᠠᠢ᠌ᠯᠠᠬᠤ ᠦᠢ᠍ᠯᠡ ᠠᠵᠢᠯᠯᠠᠭ᠎ᠠ ᠪᠣᠯᠤᠨ ᠡᠷᠬᠡ ᠵᠢᠨ ᠬᠠᠮᠢᠶᠠᠷᠤᠯᠲᠠ ᠵᠢᠨ ᠮᠡᠳᠡᠭᠡ ᠵᠠᠩᠭᠢ ᠵᠢ ᠡᠪᠳᠡᠬᠦ ᠦᠢ᠍ᠯᠡ ᠠᠵᠢᠯᠯᠠᠭ᠎ᠠ ᠵᠢ ᠲᠤᠰᠠᠭ᠋ᠠᠷ᠎ᠨᠢ ᠵᠢᠭᠰᠠᠭ᠋ᠠᠵᠤ᠂ ᠬᠠᠤᠯᠢ ᠴᠠᠭ᠋ᠠᠵᠠ ᠵᠢᠨ ᠲᠠᠯ᠎ᠠ᠎ᠠᠴᠠ ᠨᠢᠭᠡᠳᠦᠯᠲᠡᠢ ᠲᠣᠭᠲᠠᠭ᠋ᠠᠯ ᠭᠠᠷᠭ᠋ᠠᠪᠠ  ᠃ ᠢᠯᠠᠩᠭᠤᠶ᠎ᠠ ᠮᠡᠷᠭᠡᠵᠢᠯ᠎ᠤᠨ ᠠᠷᠭ᠎ᠠ ᠬᠡᠮᠵᠢᠢ᠎ᠡ᠎ᠠᠴᠠ ᠵᠠᠢ᠌ᠯᠠᠬᠤ ᠬᠡᠰᠡᠭ᠎ᠲᠤ ᠮᠡᠷᠭᠡᠵᠢᠯ᠎ᠤᠨ ᠠᠷᠭ᠎ᠠ ᠬᠡᠮᠵᠢᠢ᠎ᠡ ᠵᠢᠨ ᠬᠠᠮᠠᠭ᠋ᠠᠯᠠᠯᠲᠠ ᠵᠢᠨ ᠬᠢᠵᠠᠭ᠋ᠠᠷᠯᠠᠯ᠎ᠤᠨ ᠬᠡᠪᠴᠢᠢ᠎ᠡ ᠵᠢ ᠥᠷᠭᠡᠳᠬᠡᠪᠡ᠂ ᠡᠨᠡ᠎ᠨᠢ ᠮᠡᠷᠭᠡᠵᠢᠯ᠎ᠳᠤ ᠪᠠᠰᠠ ᠵᠣᠬᠢᠴᠠᠩᠭᠤᠢ ᠲᠣᠨᠣᠭᠯᠠᠯ ᠵᠢᠴᠢ ᠤᠭᠰᠠᠷᠠᠭ᠎ᠠ ᠲᠤᠨᠤᠭ᠎ᠢ ᠪᠠᠭᠲᠠᠭ᠋ᠠᠭᠰᠠᠨ ᠵᠶ᠋ᠠᠷ ᠪᠠᠷᠠᠬᠤ ᠦᠭᠡᠢ᠂ ᠬᠠᠤᠯᠢ ᠲᠣᠭᠲᠠᠭ᠋ᠠᠯᠲᠠ ᠵᠢ ᠨᠡᠩ ᠰᠢᠰᠲ᠋ᠧᠮᠵᠢᠭᠦᠯᠦᠨ᠂ ᠨᠡᠩ ᠴᠢᠩᠭ᠎ᠠ ᠨᠢᠮᠪᠠᠶ ᠪᠣᠯᠭ᠋ᠠᠵᠤ᠂ ᠬᠠᠤᠯᠢ ᠲᠣᠭᠲᠠᠭ᠋ᠠᠭᠴᠢ ᠵᠢᠨ ᠪᠣᠳᠠᠲᠤ ᠠᠵᠢᠯᠯᠠᠭ᠎ᠠ ᠵᠢ ᠡᠷᠬᠢᠮᠯᠡᠬᠦ ᠴᠢᠨᠠᠷ᠎ᠢ ᠢᠯᠡᠷᠡᠭᠦᠯᠦᠭᠰᠡᠨ ᠪᠠᠢ᠌ᠨ᠎ᠠ  ᠃
   
      ᠠᠷᠪᠠ᠂ ᠵᠣᠬᠢᠶᠠᠯ ᠪᠦᠲᠦᠭᠡᠯ᠎ᠤᠨ ᠡᠷᠬᠡ᠎ᠳᠤ ᠬᠠᠯᠳᠠᠭᠰᠠᠨ ᠢᠷᠭᠡᠨ᠎ᠤ ᠬᠡᠷᠡᠭ᠎ᠤᠨ ᠲᠥᠯᠥᠪᠦᠷᠢ ᠵᠢᠨ ᠬᠡᠰᠡᠭ᠎ᠲᠤ《ᠶᠠᠯᠠᠯᠠᠨ ᠰᠢᠳᠬᠡᠬᠦ ᠴᠢᠨᠠᠷᠲᠠᠢ ᠲᠥᠯᠥᠪᠦᠷᠢ》ᠵᠢᠨ ᠲᠦᠷᠢᠮ᠎ᠢ ᠲᠣᠭᠲᠠᠭ᠋ᠠᠵᠤ᠂ ᠬᠠᠤᠯᠢ᠎ᠪᠠᠷ ᠲᠣᠭᠲᠠᠭ᠋ᠠᠭᠰᠠᠨ ᠲᠥᠯᠥᠪᠦᠷᠢ ᠵᠢᠨ ᠳᠡᠭᠡᠳᠦ ᠬᠢᠵᠠᠭ᠋ᠠᠷ᠎ᠤᠨ ᠪᠠᠷᠢᠮᠵᠢᠶ᠎ᠠ ᠵᠢ ᠶᠡᠬᠡ᠎ᠪᠠᠷ ᠳᠡᠭᠡᠭᠰᠢᠯᠡᠭᠦᠯᠦᠭᠰᠡᠨ ᠪᠥᠭᠡᠳ ᠬᠠᠤᠯᠢ᠎ᠪᠠᠷ ᠲᠣᠭᠲᠠᠭ᠋ᠠᠭᠰᠠᠨ ᠲᠥᠯᠥᠪᠦᠷᠢ ᠵᠢᠨ ᠲᠤᠤᠷᠠᠳᠤ ᠬᠢᠵᠠᠭ᠋ᠠᠷ᠎ᠢ ᠨᠡᠮᠡᠨ ᠲᠣᠭᠲᠠᠭ᠋ᠠᠵᠤ᠂ ᠡᠷᠬᠡᠲᠦ ᠬᠥᠮᠦᠨ᠎ᠤ ᠣᠨᠴᠠᠭ᠋ᠠᠢ ᠪᠠᠢ᠌ᠳᠠᠯ ᠳᠣᠣᠷᠠᠬᠢ ᠬᠡᠷᠡᠴᠢ ᠳᠤᠷᠠᠳᠬᠤ ᠬᠠᠷᠢᠭᠤᠴᠠᠯᠭ᠎ᠠ ᠵᠢ ᠵᠣᠬᠢᠰᠲᠠᠢ᠎ᠪᠠᠷ ᠪᠠᠭᠤᠷᠠᠭᠤᠯᠤᠨ᠂ ᠲᠠᠸᠠᠷ᠎ᠤᠨ ᠲᠡᠮᠳᠡᠭᠲᠦ ᠵᠢᠨ ᠬᠠᠤᠯᠢ᠂ ᠲᠤᠰᠬᠠᠢ ᠠᠰᠢᠭ᠎ᠤᠨ ᠬᠠᠤᠯᠢ᠎ᠳᠤ ᠲᠣᠭᠲᠠᠭ᠋ᠠᠭᠰᠠᠨ ᠵᠣᠬᠢᠴᠠᠯ ᠨᠢᠭᠡᠳᠦᠯᠲᠦ ᠴᠢᠨᠠᠷ᠎ᠢ   ᠪᠠᠷᠢᠮᠲᠠᠯᠠᠵᠦ᠂ ᠮᠡᠳᠡᠯᠭᠡ ᠵᠢᠨ ᠦᠮᠴᠢᠯᠡᠯ᠎ᠤᠨ ᠡᠷᠬᠡ ᠵᠢ ᠬᠠᠮᠠᠭ᠋ᠠᠯᠠᠬᠤ ᠡᠷᠴᠢᠮ᠎ᠢ ᠴᠢᠩᠭ᠋ᠠᠷᠠᠭᠤᠯᠬᠤ ᠴᠠᠭ ᠦᠶ᠎ᠡ ᠵᠢᠨ ᠬᠡᠷᠡᠭᠴᠡᠭᠡ᠎ᠳᠤ ᠬᠠᠷᠢᠭᠤᠯᠲᠠ ᠥᠭᠴᠡᠢ  ᠃
      ᠣᠳᠣᠬᠠᠨ᠎ᠤ ᠳᠤᠮᠳᠠᠳᠤ ᠤᠯᠤᠰ᠎ᠤᠨ ᠬᠠᠤᠯᠢ ᠪᠠᠷᠢᠬᠤ ᠣᠷᠴᠢᠨ ᠨᠥᠬᠥᠴᠡᠯ᠎ᠳᠤ᠂ ᠮᠡᠳᠡᠯᠭᠡ ᠵᠢᠨ ᠦᠮᠴᠢᠯᠡᠯ᠎ᠤᠨ ᠡᠷᠬᠡ ᠵᠢᠨ ᠬᠠᠮᠠᠭ᠋ᠠᠯᠠᠯᠲᠠ ᠵᠢ ᠴᠢᠩᠭ᠋ᠠᠳᠬᠠᠵᠤ᠂ ᠡᠷᠬᠡ᠎ᠳᠤ ᠬᠠᠯᠳᠠᠭᠰᠠᠨ ᠥᠪᠡᠷ᠎ᠤᠨ ᠦᠷᠳᠡᠭ᠎ᠢ ᠳᠡᠭᠡᠭᠰᠢᠯᠡᠭᠦᠯᠬᠦ᠎ᠨᠢ ᠨᠢᠭᠡᠨᠲᠡ ᠦᠨᠳᠦᠰᠦᠨ ᠲᠠᠨᠢᠯᠲᠠ ᠪᠣᠯᠤᠭᠰᠠᠨ ᠪᠠᠢ᠌ᠨ᠎ᠠ  ᠃ 2018 ᠣᠨ᠎ᠳᠤ ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠲᠥᠪ ᠬᠣᠷᠢᠶᠠᠨ᠎ᠤ ᠠᠯᠪᠠᠨ ᠲᠢᠩᠬᠢᠮ᠂ ᠲᠥᠷᠥ ᠵᠢᠨ ᠶᠠᠪᠤᠳᠠᠯ᠎ᠤᠨ ᠬᠣᠷᠢᠶᠠᠨ᠎ᠤ ᠠᠯᠪᠠᠨ ᠲᠢᠩᠬᠢᠮ᠎ᠠᠴᠠ ᠨᠡᠢ᠌ᠲᠡᠯᠡᠭᠰᠡᠨ《ᠮᠡᠳᠡᠯᠭᠡ ᠵᠢᠨ ᠦᠮᠴᠢᠯᠡᠯ᠎ᠤᠨ ᠡᠷᠬᠡ ᠵᠢᠨ ᠰᠢᠭᠦᠨ ᠲᠠᠰᠤᠯᠤᠯᠲᠠ ᠵᠢᠨ ᠬᠡᠪᠴᠢᠶᠡᠨ᠎ᠳᠠᠬᠢ ᠥᠭᠡᠷᠡᠴᠢᠯᠡᠯᠲᠡ ᠵᠢᠴᠢ ᠰᠢᠨᠡᠴᠢᠯᠡᠯᠲᠡ ᠵᠢ ᠴᠢᠩᠭ᠋ᠠᠳᠬᠠᠬᠤ ᠠᠰᠠᠭᠤᠳᠠᠯ᠎ᠤᠳ᠎ᠤᠨ ᠲᠤᠬᠠᠶ ᠰᠠᠨᠠᠯ》᠎ᠳᠤ《ᠮᠡᠳᠡᠯᠭᠡ ᠵᠢᠨ ᠦᠮᠴᠢᠯᠡᠯ᠎ᠤᠨ ᠡᠷᠬᠡ᠎ᠳᠤ ᠬᠠᠯᠳᠠᠭᠰᠠᠨ ᠬᠠᠤᠯᠢ᠎ᠠᠴᠠ ᠵᠥᠷᠢᠴᠡᠭᠰᠡᠨ ᠦᠢᠯᠡ ᠠᠵᠢᠯᠯᠠᠭ᠎ᠠ ᠵᠢ   ᠶᠠᠯᠠᠯᠠᠨ ᠰᠢᠳᠬᠡᠬᠦ ᠡᠷᠴᠢᠮ ᠵᠶ᠋ᠡᠨ ᠴᠢᠩᠭ᠋ᠠᠷᠠᠭᠤᠯᠵᠤ᠂ ᠡᠷᠬᠡ᠎ᠪᠠᠨ ᠬᠠᠮᠠᠭ᠋ᠠᠯᠠᠬᠤ ᠥᠪᠡᠷ᠎ᠤᠨ ᠥᠷᠲᠡᠭ᠎ᠢ ᠪᠠᠭᠤᠷᠠᠭᠤᠯᠤᠨ᠎ᠠ᠃ ᠡᠷᠬᠡ᠎ᠳᠤ ᠳᠠᠪᠲᠠᠨ   ᠬᠠᠯᠳᠠᠬᠤ᠂ ᠮᠠᠭᠤ   ᠰᠠᠨᠠᠭ᠋ᠠᠯᠠᠵᠦ ᠬᠠᠯᠳᠠᠬᠤ ᠵᠢᠴᠢ   ᠪᠣᠰᠣᠳ ᠵᠦᠢ᠍ᠯ᠎ᠤᠨ ᠡᠷᠬᠡ᠎ᠳᠤ ᠬᠠᠯᠳᠠᠭᠰᠠᠨ ᠬᠦᠨᠳᠦ ᠨᠣᠴᠢᠲᠠᠢ ᠦᠢ᠍ᠯᠡ ᠪᠠᠢ᠌ᠳᠠᠯ   ᠪᠠᠢ᠌ᠪᠠᠯ᠂ ᠬᠠᠤᠯᠢ ᠶᠣᠰᠣᠭ᠋ᠠᠷ ᠲᠥᠯᠥᠪᠦᠷᠢ ᠥᠭᠬᠦ ᠡᠷᠴᠢᠮ ᠵᠶ᠋ᠡᠨ ᠴᠢᠩᠭ᠋ᠠᠷᠠᠭᠤᠯᠵᠤ᠂ ᠲᠥᠯᠥᠪᠦᠷᠢ ᠥᠭᠬᠦ ᠲᠣᠭ᠎ᠠ ᠬᠡᠮᠵᠢᠢ᠎ᠡ ᠵᠢ ᠳᠡᠭᠡᠭᠰᠢᠯᠡᠭᠦᠯᠦᠨ᠂ ᠵᠠᠷᠭᠤ ᠢᠯᠠᠭᠳᠠᠭᠰᠠᠨ ᠡᠲᠡᠭᠡᠳ ᠵᠶ᠋ᠡᠷ ᠡᠷᠬᠡ᠎ᠪᠠᠨ ᠬᠠᠮᠠᠭ᠋ᠠᠯᠠᠬᠤ ᠥᠪᠡᠷ᠎ᠤᠨ ᠦᠷᠳᠡᠭ᠎ᠢ ᠡᠭᠦᠷᠭᠡᠯᠡᠭᠦᠯᠵᠦ᠂ ᠡᠷᠬᠡ᠎ᠳᠤ ᠬᠠᠯᠳᠠᠭᠰᠠᠳ᠎ᠢ ᠬᠦᠨᠳᠦ ᠨᠣᠴᠢᠲᠠᠢ ᠦᠨ᠎ᠡ ᠲᠥᠯᠥᠪᠦᠷᠢ ᠭᠠᠷᠭ᠋ᠠᠭᠤᠯᠵᠤ᠂ ᠮᠡᠳᠡᠯᠭᠡ ᠵᠢᠨ ᠦᠮᠴᠢᠯᠡᠯ᠎ᠤᠨ ᠡᠷᠬᠡ᠎ᠳᠤ ᠬᠠᠯᠳᠠᠭᠰᠠᠨ ᠦᠢ᠍ᠯᠡ ᠠᠵᠢᠯᠯᠠᠭ᠎ᠠ ᠵᠢ ᠪᠦᠲᠦᠮᠵᠢᠲᠡᠢ᠎ᠪᠠᠷ ᠬᠣᠷᠢᠭᠯᠠᠨ ᠵᠣᠭᠰᠣᠭ᠋ᠠᠬᠤ ᠪᠠ ᠰᠦᠷᠳᠡᠭᠦᠯᠬᠦ ᠬᠡᠷᠡᠭᠲᠡᠢ  ᠃ ᠡᠷᠬᠡ᠎ᠳᠤ ᠬᠠᠯᠳᠠᠬᠤ ᠵᠣᠷᠢᠭ ᠦᠭᠡᠢ᠂ ᠡᠷᠬᠡ᠎ᠳᠤ ᠬᠠᠯᠳᠠᠬᠤ ᠳᠤᠷ᠎ᠠ ᠦᠭᠡᠢ ᠪᠠᠢ᠌ᠬᠤ ᠬᠠᠤᠯᠢ ᠴᠠᠭ᠋ᠠᠵᠠ ᠵᠢᠨ ᠠᠭᠤᠷ ᠠᠮᠢᠰᠬᠤᠯ᠎ᠢ ᠴᠢᠷᠮᠠᠢ᠌ᠨ ᠪᠤᠢ ᠪᠣᠯᠭ᠋ᠠᠵᠤ᠂ ᠮᠡᠳᠡᠯᠭᠡ ᠵᠢᠨ ᠥᠮᠴᠢᠯᠡᠯ᠎ᠤᠨ ᠡᠷᠬᠡ ᠵᠢ ᠴᠢᠩᠭ᠎ᠠ ᠬᠠᠮᠠᠭ᠋ᠠᠯᠠᠬᠤ ᠲᠡᠦᠬᠡᠲᠦ ᠴᠢᠨᠠᠷᠲᠠᠢ ᠬᠤᠪᠢᠷᠠᠯᠲᠠ ᠵᠢ   ᠪᠡᠶᠡᠯᠡᠭᠦᠯᠦᠨ᠎ᠡ》᠃

      ᠲᠣᠰ ᠤᠳᠠᠭ᠎ᠠ ᠰᠢᠨ᠎ᠡ᠎ᠪᠠᠷ ᠵᠠᠰᠠᠪᠤᠷᠢ ᠣᠷᠣᠭᠤᠯᠵᠤ ᠪᠠᠲᠤᠯᠠᠭᠰᠠᠨ《ᠵᠣᠬᠢᠶᠠᠯ ᠪᠦᠲᠦᠭᠡᠯ᠎ᠤᠨ ᠡᠷᠬᠡ ᠵᠢᠨ ᠬᠠᠤᠯᠢ》᠎ᠨᠢ ᠬᠠᠤᠯᠢ ᠲᠣᠭᠲᠠᠭ᠋ᠠᠬᠤ ᠳᠠᠪᠬᠤᠷᠭ᠎ᠠ᠎ᠳᠤ ᠬᠣᠯᠪᠣᠭᠳᠠᠯ ᠪᠥᠬᠥᠶ ᠠᠭᠤᠯᠭ᠎ᠠ ᠵᠢ ᠨᠠᠢ᠌ᠳᠠᠪᠤᠷᠢᠵᠢᠭᠤᠯᠵᠤ᠂ ᠬᠠᠤᠯᠢ᠎ᠪᠠᠷ ᠲᠣᠭᠲᠠᠭ᠋ᠠᠭᠰᠠᠨ ᠲᠥᠯᠥᠪᠦᠷᠢ ᠵᠢᠨ ᠬᠠᠮᠤᠭ ᠥᠨᠳᠥᠷ ᠬᠢᠵᠠᠭ᠋ᠠᠷ ᠲᠣᠭ᠎ᠠ ᠵᠢ 50 ᠲᠦᠮᠡᠨ ᠲᠥᠭᠥᠷᠢᠭ᠎ᠠᠴᠠ 500 ᠲᠦᠮᠡᠨ ᠲᠥᠭᠥᠷᠢᠭ ᠪᠣᠯᠭ᠋ᠠᠨ ᠳᠡᠭᠡᠭᠰᠢᠯᠡᠭᠦᠯᠦᠭᠰᠡᠨ ᠪᠥᠭᠡᠳ ᠬᠠᠤᠯᠢ᠎ᠪᠠᠷ ᠲᠣᠭᠲᠠᠭ᠋ᠠᠭᠰᠠᠨ ᠲᠥᠯᠥᠪᠦᠷᠢ ᠵᠢᠨ 500 ᠲᠥᠭᠥᠷᠢᠭ᠎ᠤᠨ ᠳᠣᠤᠷᠠᠳᠤ ᠬᠢᠵᠠᠭ᠋ᠠᠷ᠎ᠢ ᠨᠡᠮᠡᠵᠦ ᠲᠣᠬᠢᠷᠠᠭᠤᠯᠤᠭᠰᠠᠨ᠎ᠤ ᠬᠠᠮᠲᠤ᠂ ᠶᠠᠯᠠᠯᠠᠨ ᠰᠢᠳᠬᠡᠬᠦ ᠴᠢᠨᠠᠷᠲᠠᠶ ᠲᠥᠯᠥᠪᠦᠷᠢ ᠵᠢᠨ ᠬᠡᠷᠡᠭᠯᠡᠯᠲᠡ ᠵᠢ ᠲᠣᠳᠣᠷᠬᠠᠶ ᠲᠣᠭᠲᠠᠭ᠋ᠠᠵᠤ᠂ ᠡᠷᠬᠡᠲᠦ ᠬᠥᠮᠦᠨ᠎ᠤ ᠬᠠᠮᠠᠭ᠋ᠠᠯᠠᠯᠲᠠ ᠵᠢ ᠴᠢᠩᠭ᠋ᠠᠳᠬᠠᠬᠤ ᠪᠠ ᠶᠠᠯᠠᠯᠠᠨ ᠰᠢᠳᠬᠡᠬᠦ ᠴᠢᠨᠠᠷᠲᠠᠶ ᠲᠥᠯᠥᠪᠦᠷᠢ ᠵᠢ ᠬᠡᠷᠡᠭᠯᠡᠬᠦ᠎ᠳᠤ ᠵᠢᠷᠤᠮᠯᠠᠬᠤ ᠬᠠᠤᠯᠢ᠎ᠲᠠᠢ ᠪᠣᠯᠭ᠋ᠠᠵᠠᠶ  ᠃ ᠡᠭᠦᠨ᠎ᠠᠴᠠ ᠭᠠᠳᠠᠨ᠎ᠠ᠂ ᠡᠷᠬᠡ᠎ᠳᠤ ᠬᠠᠯᠳᠠᠭᠰᠠᠨ ᠬᠣᠬᠢᠷᠠᠯ᠎ᠤᠨ ᠲᠥᠯᠥᠪᠦᠷᠢ ᠵᠢᠨ ᠲᠣᠭ᠋ᠠᠨ᠎ᠤ ᠬᠡᠰᠡᠭ᠎ᠢ ᠲᠣᠭᠲᠠᠭ᠋ᠠᠬᠤ ᠲᠠᠯ᠎ᠠ᠎ᠪᠠᠷ᠂ ᠰᠢᠨ᠎ᠡ《ᠵᠣᠬᠢᠶᠠᠯ ᠪᠦᠲᠦᠭᠡᠯ᠎ᠤᠨ ᠡᠷᠬᠡ ᠵᠢᠨ ᠬᠠᠤᠯᠢ》᠎ᠳᠤ ᠡᠷᠬᠡ ᠵᠢᠨ ᠵᠥᠪᠰᠢᠶᠡᠷᠡᠯ᠎ᠤᠨ ᠵᠠᠷᠤᠳᠠᠯ᠎ᠢ ᠲᠣᠳᠣᠷᠬᠠᠶ ᠪᠣᠯᠭ᠋ᠠᠵᠤ ᠲᠥᠯᠥᠪᠦᠷᠢ ᠵᠢᠨ ᠲᠣᠭ᠎ᠠ ᠵᠢ ᠲᠣᠭᠲᠠᠭ᠋ᠠᠬᠤ ᠪᠠᠷᠢᠮᠵᠢᠶ᠎ᠠ   ᠪᠣᠯᠭ᠋ᠠᠭᠰᠠᠨ ᠪᠥᠭᠡᠳ ᠨᠢᠭᠡ᠎ᠠᠴᠠ ᠲᠠᠪᠤᠨ ᠳᠠᠬᠢᠨ᠎ᠤ ᠶᠠᠯᠠᠯᠠᠨ ᠰᠢᠳᠬᠡᠬᠦ ᠴᠢᠨᠠᠷᠲᠠᠶ ᠲᠥᠯᠥᠪᠦᠷᠢ ᠵᠢᠨ ᠳᠠᠬᠢᠨ᠎ᠤ ᠪᠠᠷᠢᠮᠵᠢᠶ᠎ᠠ ᠵᠢ ᠲᠣᠳᠣᠷᠬᠠᠢ᠌ᠯᠠᠵᠤ ᠡᠭᠦᠨ᠎ᠤ ᠤᠯᠠᠮ᠎ᠠᠴᠠ ᠮᠡᠳᠡᠯᠭᠡ ᠵᠢᠨ ᠪᠦᠲᠦᠭᠡᠭᠳᠡᠬᠦᠨ᠎ᠤ ᠥᠮᠴᠢᠯᠡᠬᠦ ᠡᠷᠬᠡ ᠵᠢᠨ ᠪᠤᠰᠤᠳ ᠬᠠᠤᠯᠢ ᠴᠠᠭ᠋ᠠᠵᠠ᠎ᠲᠠᠢ ᠤᠯᠠᠮ ᠨᠢᠭᠡ ᠠᠯᠬᠤᠮ ᠵᠣᠬᠢᠴᠠᠭᠤᠯᠵᠦ᠂ ᠮᠡᠳᠡᠯᠭᠡ ᠵᠢᠨ ᠦᠮᠴᠢᠯᠡᠯ᠎ᠤᠨ ᠡᠷᠬᠡ ᠵᠢᠨ ᠬᠣᠬᠢᠷᠠᠯ᠎ᠢ ᠳᠥᠯᠥᠬᠦ ᠰᠢᠰᠲ᠋ᠧᠮᠵᠢᠭᠰᠡᠨ ᠲᠦᠷᠢᠮ᠎ᠢ ᠪᠠᠢ᠌ᠭᠤᠯᠬᠤ᠎ᠳᠤ ᠠᠰᠢᠭᠲᠠᠶ ᠪᠥᠭᠡᠳ ᠮᠡᠳᠡᠯᠭᠡ ᠵᠢᠨ   ᠦᠮᠴᠢᠯᠡᠯ᠎ᠤᠨ ᠡᠷᠬᠡ ᠵᠢ ᠬᠠᠮᠠᠭ᠋ᠠᠯᠠᠬᠤ ᠡᠷᠴᠢᠮ᠎ᠢ ᠴᠢᠩᠭ᠋ᠠᠷᠠᠭᠤᠯᠬᠤ ᠴᠠᠭ ᠦᠶ᠎ᠡ ᠵᠢᠨ ᠬᠡᠷᠡᠭᠴᠡᠭᠡ ᠱᠠᠭ᠋ᠠᠷᠳᠠᠯᠭ᠎ᠠ᠎ᠳᠤ ᠬᠠᠷᠢᠭᠤ ᠥᠭᠴᠡᠶ  ᠃

ᠢᠷᠡᠯᠲᠡ᠄ ᠤᠳᠬ᠎ᠠ ᠤᠷᠠᠯᠢᠭ᠎ᠤᠨ ᠰᠣᠨᠢᠨ / ᠵᠣᠣ ᠭᠠᠩ
          
ᠬᠠᠮᠢᠶ᠎ᠡ ᠪᠦᠬᠦᠢ ᠰᠣᠨᠢᠨ
ᠳᠤᠰᠬᠠᠢ ᠠᠰᠢᠭ᠎ᠤᠨ ᠡᠷᠬᠡ
ᠵᠣᠬᠢᠶᠠᠯ ᠪᠦᠲᠦᠭᠡᠯ᠎ᠤᠨ ᠡᠷᠬᠡ
ᠤᠷᠭᠤᠮᠠᠯ᠎ᠤᠨ ᠰᠢᠨ᠎ᠡ ᠡᠭᠦᠯᠳᠡᠷ
ᠮᠡᠳᠡᠯᠭᠡ ᠵᠢᠨ ᠥᠮᠴᠢᠯᠡᠯ᠎ᠤᠨ ᠡᠷᠬᠡ
ᠣᠨᠴᠠᠭ᠋ᠠᠢ ᠰᠢᠨᠵᠢ ᠲᠡᠮᠳᠡᠭ
 
            