ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠤᠳᠤᠷᠢᠳᠤᠯᠭ᠎ᠠ᠎ᠶᠢᠨ ᠲᠠᠨᠢᠯᠴᠠᠭᠤᠯᠭ᠎ᠠ
ᠦᠢᠯᠡᠴᠢᠯᠡᠭᠡ
ᠰᠢᠨᠵᠢᠯᠡᠭᠡ ᠮᠡᠷᠭᠡᠵᠢᠯ
ᠦᠢᠯᠡᠴᠢᠯᠡᠭᠡ   -   ᠲᠥᠰᠥᠯ ᠡᠷᠡᠮᠡᠯᠵᠡᠯᠡᠬᠦ᠌
2020 ᠣᠨ᠎ᠤ ᠥᠪᠡᠷᠲᠡᠭᠡᠨ ᠵᠠᠰᠠᠬᠤ ᠣᠷᠣᠨ᠎ᠤ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠲᠥᠷᠥᠯ ᠵᠦᠢᠯ᠎ᠤᠨ ᠲᠥᠯᠥᠪᠯᠡᠭᠡ ᠵᠢᠨ ᠲᠣᠬᠢᠷᠠᠭᠤᠯᠤᠯᠲᠠ ᠵᠢᠨ ᠪᠠᠢ᠌ᠳᠠᠯ
ᠨᠡᠶ᠋ᠢᠲᠡᠯᠡᠭᠰᠡᠨ ᠴᠠᠭ᠄ 2021-11-26

      ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ 2020 ᠣᠨ᠎ᠤ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠲᠥᠯᠥᠪᠯᠡᠭᠡ᠎ᠨᠢ 《ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ ᠵᠶ᠋ᠡᠷ ᠥᠪᠥᠷ ᠮᠣᠩᠭᠣᠯ ᠵᠶ᠋ᠠᠨ ᠮᠠᠨᠳᠤᠭᠤᠯᠬᠤ》 ᠠᠵᠢᠯᠯᠠᠭ᠎ᠠ ᠵᠢ ᠬᠡᠷᠡᠭᠵᠢᠭᠦᠯᠬᠦ᠎ᠪᠠᠷ ᠶᠡᠷᠦᠩᠬᠡᠢ᠌ᠯᠡᠨ ᠵᠢᠯᠣᠭᠣᠳᠣᠭᠤᠯᠵᠤ᠂ ᠬᠢᠵᠢᠭ᠎ᠤᠨ ᠪᠠᠢ᠌ᠳᠠᠯ᠎ᠢ ᠰᠡᠷᠭᠡᠢ᠌ᠯᠡᠨ ᠡᠵᠡᠮᠳᠡᠬᠦ ᠪᠠ ᠰᠢᠨ᠎ᠡ ᠵᠢ ᠡᠭᠦᠳᠬᠦ᠎ᠪᠠᠷ ᠬᠥᠳᠡᠯᠭᠡᠭᠦᠷ ᠪᠣᠯᠭ᠋ᠠᠭᠰᠠᠨ ᠬᠥᠭᠵᠢᠯᠲᠡ ᠵᠢ ᠨᠢᠭᠡᠳᠦᠯᠲᠡᠶ ᠲᠥᠯᠥᠪᠵᠢᠭᠦᠯᠦᠨ ᠠᠬᠢᠭᠤᠯᠵᠤ᠂ ᠴᠢᠬᠤᠯᠠ ᠶᠡᠬᠡ ᠰᠢᠨ᠎ᠡ ᠵᠢ ᠡᠭᠦᠳᠬᠦ ᠲᠠᠪᠴᠠᠩ᠎ᠤᠨ ᠠᠴᠢᠶᠠᠯᠠᠪᠤᠷᠢ ᠵᠢᠨ ᠪᠠᠢ᠌ᠭᠤᠯᠤᠯᠲᠠ ᠵᠢ ᠯᠠᠪᠳᠠᠭᠤᠨ ᠪᠠᠲᠤᠲᠠᠶ ᠠᠬᠢᠭᠤᠯᠵᠤ᠂ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠪᠣᠭᠣᠮᠲᠠ ᠰᠢᠪᠲᠤᠯᠬᠤ ᠪᠠ ᠦᠷ᠎ᠡ ᠪᠦᠲᠦᠭᠡᠯ᠎ᠢ ᠰᠢᠯᠵᠢᠭᠦᠯᠦᠨ ᠤᠯᠠᠷᠢᠭᠤᠯᠬᠤ ᠵᠢ ᠴᠢᠩᠭ᠎ᠠ ᠠᠳᠬᠤᠵᠤ᠂ ᠰᠢᠨ᠎ᠡ ᠵᠢ ᠡᠭᠦᠳᠬᠦ ᠬᠠᠮᠲᠤᠷᠠᠯᠴᠠᠭ᠎ᠠ ᠵᠢ ᠪᠣᠳᠠᠲᠠᠶ ᠥᠷᠨᠢᠭᠦᠯᠵᠦ᠂ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠰᠢᠨ᠎ᠡ ᠵᠢ ᠡᠭᠦᠳᠬᠦ ᠵᠠᠰᠠᠯᠲᠠ ᠵᠢᠨ ᠴᠢᠳᠠᠪᠤᠷᠢ ᠵᠢ ᠬᠦᠴᠦᠯᠡᠨ ᠳᠡᠭᠡᠭᠰᠢᠯᠡᠭᠦᠯᠵᠦ᠂ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠰᠢᠨ᠎ᠡ ᠵᠢ ᠡᠭᠦᠳᠬᠦ ᠲᠠᠯ᠎ᠠ᠎ᠪᠠᠷ ᠰᠢᠨ᠎ᠡ ᠠᠬᠢᠴᠠ᠎ᠲᠠᠢ ᠪᠣᠯᠬᠤ ᠵᠢ ᠠᠬᠢᠭᠤᠯᠤᠨ᠎ᠠ  ᠃
     2020 ᠣᠨ᠎ᠤ ᠥᠪᠡᠷᠲᠡᠭᠡᠨ ᠵᠠᠰᠠᠬᠤ ᠣᠷᠣᠨ᠎ᠤ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠲᠥᠯᠥᠪᠯᠡᠭᠡ ᠵᠢᠨ ᠲᠥᠷᠥᠯ ᠵᠦᠢᠯ᠎ᠢ ᠨᠡᠢ᠌ᠲᠡ 6 ᠲᠥᠷᠥᠯ ᠬᠤᠪᠢᠶᠠᠵᠤ᠂ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠲᠤᠰᠬᠠᠶ ᠵᠠᠷᠤᠳᠠᠯ ᠨᠡᠢ᠌ᠲᠡ 136813 ᠲᠦᠮᠡᠨ ᠲᠥᠭᠥᠷᠢᠭ ᠪᠣᠯᠤᠨ᠎ᠠ  ᠃
      ᠰᠢᠨᠵᠢᠯᠡᠬᠦ ᠤᠬᠠᠭ᠋ᠠᠨ ᠮᠡᠷᠭᠡᠵᠢᠯ᠎ᠤᠨ ᠴᠢᠬᠤᠯᠠ ᠶᠡᠬᠡ ᠲᠤᠰᠬᠠᠶ ᠵᠦᠢᠯ᠎ᠤᠨ ᠲᠥᠯᠥᠪᠯᠡᠭᠡ᠎ᠳᠤ ᠨᠡᠢ᠌ᠲᠡ 29 ᠰᠢᠨᠵᠢᠯᠡᠬᠦ ᠤᠬᠠᠭ᠋ᠠᠨ ᠮᠡᠷᠭᠡᠵᠢᠯ᠎ᠤᠨ ᠲᠥᠷᠥᠯ ᠵᠦᠢᠯ ᠳᠣᠭᠢᠷᠠᠭᠤᠯᠵᠤ᠂ ᠰᠢᠨᠵᠢᠯᠡᠬᠦ ᠤᠬᠠᠭ᠋ᠠᠨ ᠮᠡᠷᠭᠡᠵᠢᠯ᠎ᠤᠨ ᠲᠤᠰᠬᠠᠶ ᠵᠦᠢᠯ᠎ᠤᠨ ᠵᠠᠷᠤᠳᠠᠯ ᠨᠡᠢ᠌ᠲᠡ 27065 ᠲᠦᠮᠡᠨ ᠲᠥᠭᠥᠷᠢᠭ᠂ ᠥᠪᠡᠰᠦᠪᠡᠨ ᠴᠤᠭᠯᠠᠭᠤᠯᠤᠭᠰᠠᠨ ᠪᠠᠯᠠ ᠮᠥᠩᠭᠥ 21451 ᠲᠦᠮᠡᠨ ᠲᠥᠭᠥᠷᠢᠭ ᠪᠣᠯᠤᠨ᠎ᠠ  ᠃
      ᠵᠠᠩᠭᠢᠯᠠᠭ᠎ᠠ ᠵᠢᠨ ᠮᠡᠷᠭᠡᠵᠢᠯ᠎ᠤᠨ ᠪᠣᠭᠣᠮᠲᠠ ᠰᠢᠪᠲᠤᠯᠬᠤ ᠲᠥᠯᠥᠪᠯᠡᠭᠡ᠎ᠳᠤ ᠨᠡᠢ᠌ᠲᠡ 309 ᠰᠢᠨᠵᠢᠯᠡᠬᠦ ᠤᠬᠠᠭ᠋ᠠᠨ ᠮᠡᠷᠭᠡᠵᠢᠯ᠎ᠤᠨ ᠲᠥᠷᠥᠯ ᠵᠦᠢᠯ᠎ᠢ ᠲᠣᠬᠢᠷᠠᠭᠤᠯᠵᠤ᠂ ᠰᠢᠨᠵᠢᠯᠡᠬᠦ ᠤᠬᠠᠭ᠋ᠠᠨ ᠮᠡᠷᠭᠡᠵᠢᠯ᠎ᠤᠨ ᠲᠤᠰᠬᠠᠶ ᠵᠦᠢᠯ᠎ᠤᠨ ᠵᠠᠷᠤᠳᠠᠯ 24113 . 7 ᠲᠦᠮᠡᠨ ᠲᠥᠭᠥᠷᠢᠭ᠂ ᠥᠪᠡᠰᠦᠪᠡᠨ ᠴᠤᠭᠯᠠᠭᠤᠯᠤᠭᠰᠠᠨ ᠪᠠᠯᠠ ᠮᠥᠩᠭᠥ 19799 ᠲᠦᠮᠡᠨ ᠲᠥᠭᠥᠷᠢᠭ ᠲᠣᠬᠢᠷᠠᠭᠤᠯᠤᠨ᠎ᠠ  ᠃
      ᠰᠢᠨᠵᠢᠯᠡᠬᠦ ᠤᠬᠠᠭ᠋ᠠᠨ ᠮᠡᠷᠭᠡᠵᠢᠯ᠎ᠤᠨ ᠦᠷ᠎ᠡ ᠪᠦᠲᠦᠭᠡᠯ᠎ᠢ ᠤᠯᠠᠷᠢᠭᠤᠯᠬᠤ ᠲᠥᠯᠥᠪᠯᠡᠭᠡ ᠵᠢᠨ ᠰᠢᠨᠵᠢᠯᠡᠬᠦ ᠤᠬᠠᠭ᠋ᠠᠨ ᠮᠡᠷᠭᠡᠵᠢᠯ᠎ᠤᠨ ᠲᠤᠰᠬᠠᠶ ᠵᠦᠢᠯ᠎ᠤᠨ ᠵᠠᠷᠤᠳᠠᠯ ᠨᠡᠢ᠌ᠲᠡ 19263 ᠲᠦᠮᠡᠨ ᠲᠥᠭᠥᠷᠢᠭ ᠪᠣᠯᠤᠨ᠎ᠠ  ᠃ ᠡᠭᠦᠨ᠎ᠳᠤ᠂ ᠦᠷ᠎ᠡ ᠪᠦᠲᠦᠭᠡᠯ᠎ᠤᠨ ᠬᠤᠪᠢᠷᠠᠭᠤᠯᠤᠯᠲᠠ ᠵᠢ ᠬᠥᠲᠥᠯᠥᠨ ᠵᠢᠯᠣᠭᠣᠳᠬᠤ 42 ᠲᠥᠷᠥᠯ ᠵᠦᠢᠯ᠂ ᠮᠡᠷᠭᠡᠵᠢᠯ᠎ᠤᠨ ᠠᠷᠠᠯᠵᠢᠶᠠᠨ᠎ᠤ ᠳᠠᠷᠠᠭ᠋ᠠᠬᠢ ᠨᠥᠬᠥᠪᠥᠷᠢ 588 ᠲᠥᠷᠥᠯ ᠵᠦᠢᠯ᠎ᠢ ᠳᠡᠮᠵᠢᠵᠦ᠂ ᠬᠦᠷᠢᠶᠡᠯᠡᠩ ᠲᠣᠭᠣᠷᠢᠭ᠎ᠤᠨ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠬᠠᠮᠲᠤᠷᠠᠯᠴᠠᠭ᠋ᠠᠨ᠎ᠤ 18 ᠲᠥᠷᠥᠯ ᠵᠦᠢᠯ᠂ ᠣᠶᠤᠨ ᠤᠬᠠᠭ᠋ᠠᠨ ᠣᠷᠣᠭᠤᠯᠬᠤ 10 ᠲᠥᠷᠥᠯ ᠵᠦᠢᠯ᠎ᠢ ᠳᠡᠮᠵᠢᠵᠦ᠂ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ ᠵᠶ᠋ᠡᠷ ᠶᠠᠳᠠᠭᠤ᠎ᠠᠴᠠ ᠠᠩᠭᠢᠵᠢᠷᠠᠭᠤᠯᠬᠤ ᠪᠣᠭᠣᠮᠲᠠ ᠰᠢᠪᠲᠤᠯᠬᠤ 54 ᠲᠥᠷᠥᠯ ᠵᠦᠢᠯ᠎ᠳᠤ ᠬᠦᠴᠦᠨ ᠨᠡᠮᠡᠷᠢᠯᠡᠬᠦ ᠵᠢ ᠳᠡᠮᠵᠢᠪᠡ  ᠃
      ᠰᠢᠨᠵᠢᠯᠡᠬᠦ ᠤᠬᠠᠭ᠋ᠠᠨ ᠮᠡᠷᠭᠡᠵᠢᠯ᠎ᠤᠨ ᠰᠢᠨ᠎ᠡ ᠵᠢ ᠡᠭᠦᠳᠬᠦ ᠲᠠᠪᠴᠠᠩ (ᠴᠢᠳᠠᠪᠤᠷᠢᠲᠠᠨ)᠎ᠲᠤ 57124 ᠲᠦᠮᠡᠨ ᠲᠥᠭᠥᠷᠢᠭ᠎ᠤᠨ ᠪᠠᠯᠠ ᠮᠥᠩᠭᠥ ᠲᠣᠬᠢᠷᠠᠭᠤᠯᠵᠤ᠂ ᠭᠣᠤᠯᠳᠠᠯᠭ᠎ᠠ᠎ᠲᠠᠢ ᠲᠤᠷᠰᠢᠯᠲᠠ ᠵᠢᠨ ᠲᠠᠰᠤᠭ᠎ᠤᠨ ᠪᠥᠲᠥᠭᠡᠨ ᠪᠠᠢ᠌ᠭᠤᠯᠤᠯᠲᠠ᠂ ᠠᠺᠠᠳᠧᠮᠢᠴᠢ ᠲᠤᠰᠬᠠᠶ ᠮᠡᠷᠭᠡᠵᠢᠯᠲᠡᠨ᠎ᠤ ᠠᠵᠢᠯ᠎ᠤᠨ ᠥᠷᠲᠡᠭᠡ ᠵᠢᠨ ᠪᠥᠲᠥᠭᠡᠨ ᠪᠠᠢ᠌ᠭᠤᠯᠤᠯᠲᠠ᠂ ᠳᠡᠭᠡᠳᠦ ᠰᠢᠨ᠎ᠡ ᠮᠡᠷᠭᠡᠵᠢᠯ᠎ᠤᠨ ᠠᠵᠤ ᠠᠬᠤᠢ᠌ᠯᠠᠯ᠎ᠤᠨ ᠰᠢᠨᠵᠢᠯᠡᠬᠦ ᠤᠬᠠᠭ᠋ᠠᠨ᠎ᠤ ᠰᠤᠳᠤᠯᠭ᠋ᠠᠨ᠎ᠤ ᠵᠠᠷᠤᠳᠠᠯ᠎ᠤᠨ ᠨᠥᠬᠥᠪᠥᠷᠢ᠂ ᠰᠢᠨᠵᠢᠯᠡᠬᠦ ᠤᠬᠠᠭ᠋ᠠᠨ ᠮᠡᠷᠭᠡᠵᠢᠯ᠎ᠤᠨ ᠠᠵᠤ ᠠᠬᠤᠢ᠌ᠯᠠᠯ᠎ᠤᠨ ᠨᠡᠪᠴᠢᠭᠦᠯᠦᠭᠦᠷ᠎ᠤᠨ ᠳᠠᠷᠠᠭ᠋ᠠᠬᠢ ᠨᠥᠬᠥᠪᠥᠷᠢ᠂ ᠣᠯᠠᠨ ᠵᠶ᠋ᠠᠷ ᠵᠶ᠋ᠠᠨ ᠰᠢᠨ᠎ᠡ ᠵᠢ ᠡᠭᠦᠳᠬᠦ ᠣᠷᠣᠨ ᠵᠠᠶ ᠵᠢᠨ ᠳᠠᠷᠠᠭ᠋ᠠᠬᠢ ᠨᠥᠬᠥᠪᠥᠷᠢ᠂ ᠱᠠᠩᠬᠠᠶ ᠵᠢᠨ ᠵᠠᠮ ᠬᠠᠷᠢᠯᠴᠠᠭ᠋ᠠᠨ᠎ᠤ ᠶᠡᠬᠡ ᠰᠤᠷᠭ᠋ᠠᠭᠤᠯᠢ ᠵᠢᠨ ᠥᠪᠥᠷ ᠮᠣᠩᠭᠣᠯ᠎ᠤᠨ ᠰᠤᠳᠤᠯᠭ᠋ᠠᠨ᠎ᠤ ᠬᠦᠷᠢᠶᠡᠯᠡᠩ᠎ᠤᠨ ᠪᠥᠲᠥᠭᠡᠨ ᠪᠠᠢ᠌ᠭᠤᠯᠤᠯᠲᠠ᠂ 《ᠭᠤᠷᠪᠠᠨ ᠣᠷᠣᠨ ᠬᠣᠶᠠᠷ ᠲᠥᠪ》᠎ᠤᠨ ᠴᠢᠬᠤᠯᠠ ᠶᠡᠬᠡ ᠲᠠᠪᠴᠠᠩ᠎ᠤᠨ ᠠᠴᠢᠶᠠᠯᠠᠪᠤᠷᠢ ᠵᠢᠨ ᠪᠥᠲᠥᠭᠡᠨ ᠪᠠᠢ᠌ᠭᠤᠯᠤᠯᠲᠠ᠂ ᠥᠪᠡᠷᠲᠡᠭᠡᠨ ᠵᠠᠰᠠᠬᠤ ᠣᠷᠣᠨ᠎ᠤ ᠳᠡᠭᠡᠳᠦ ᠰᠢᠨ᠎ᠡ ᠮᠡᠷᠭᠡᠵᠢᠯ᠎ᠤᠨ ᠲᠣᠭᠣᠷᠢᠭ᠎ᠤᠨ ᠲᠠᠰ ᠳᠡᠪᠰᠢᠭᠦᠯᠬᠦ᠂ ᠦᠷ᠎ᠡ ᠵᠢᠨ ᠦᠢᠯᠡᠰ᠎ᠤᠨ ᠰᠢᠨ᠎ᠡ ᠵᠢ ᠡᠭᠦᠳᠬᠦ ᠢᠨᠵᠧᠨᠧᠷᠢᠩ᠎ᠤᠨ ᠪᠥᠲᠥᠭᠡᠨ ᠪᠠᠢ᠌ᠭᠤᠯᠤᠯᠲᠠ᠂ 《ᠵᠠᠭᠤᠨ ᠬᠣᠲᠠ ᠵᠠᠭᠤᠨ ᠬᠦᠷᠢᠶᠡᠯᠡᠩ》᠎ᠤᠨ ᠠᠵᠢᠯᠯᠠᠭ᠎ᠠ ᠵᠡᠷᠭᠡ ᠵᠢ ᠭᠣᠤᠯᠳᠠᠯᠭ᠎ᠠ᠎ᠲᠠᠢ ᠳᠡᠮᠵᠢᠬᠦ᠎ᠪᠠᠷ ᠲᠥᠯᠥᠪᠯᠡᠵᠦ ᠪᠣᠶ  ᠃
      ᠰᠠᠭᠤᠷᠢ ᠰᠤᠳᠤᠯᠭ᠋ᠠᠨ᠎ᠤ ᠲᠥᠯᠥᠪᠯᠡᠭᠡ ᠵᠢᠨ ᠰᠢᠨᠵᠢᠯᠡᠬᠦ ᠤᠬᠠᠭ᠋ᠠᠨ ᠮᠡᠷᠭᠡᠵᠢᠯ᠎ᠤᠨ ᠲᠤᠰᠬᠠᠢ ᠲᠥᠷᠥᠯ᠎ᠤᠨ ᠵᠠᠷᠤᠳᠠᠯ 6000 ᠲᠦᠮᠡᠨ ᠲᠥᠭᠥᠷᠢᠭ᠂ ᠪᠠᠢ᠍ᠭ᠋ᠠᠯᠢ ᠵᠢᠨ ᠰᠢᠨᠵᠢᠯᠡᠬᠦ ᠤᠬᠠᠭ᠋ᠠᠨ᠎ᠤ ᠰᠠᠭᠤᠷᠢ ᠮᠥᠩᠭᠥ ᠵᠢᠨ 833 ᠲᠥᠷᠦᠯ ᠵᠦᠢ᠍ᠯ᠎ᠢ ᠳᠠᠮᠵᠢᠨ᠎ᠠ  ᠃
      ᠰᠢᠨᠵᠢᠯᠡᠬᠦ ᠤᠬᠠᠭ᠋ᠠᠨ ᠮᠡᠷᠭᠡᠵᠢᠯ᠎ᠤᠨ ᠰᠢᠨ᠎ᠡ ᠵᠢ ᠡᠭᠦᠳᠬᠦ ᠣᠷᠴᠢᠨ ᠲᠣᠭᠣᠷᠢᠨ᠎ᠤ ᠪᠠᠢ᠌ᠭᠤᠯᠤᠯᠲᠠ ᠵᠢᠨ ᠲᠥᠯᠥᠪᠯᠡᠭᠡ ᠵᠢᠨ ᠰᠢᠨᠵᠢᠯᠡᠬᠦ ᠤᠬᠠᠭ᠋ᠠᠨ ᠮᠡᠷᠭᠡᠵᠢᠯ᠎ᠤᠨ ᠲᠤᠰᠬᠠᠶ ᠵᠦᠢᠯ᠎ᠤᠨ ᠵᠠᠷᠤᠳᠠᠯ ᠨᠡᠢ᠌ᠲᠡ 3247 . 3 ᠲᠦᠮᠡᠨ ᠲᠥᠭᠥᠷᠢᠭ ᠪᠠᠢ᠌ᠵᠤ᠂ ᠰᠢᠨᠵᠢᠯᠡᠬᠦ ᠤᠬᠠᠭ᠋ᠠᠨ ᠮᠡᠷᠭᠡᠵᠢᠯ᠎ᠤᠨ ᠰᠢᠨ᠎ᠡ ᠵᠢ ᠡᠭᠦᠳᠬᠦ ᠰᠠᠮᠪᠠᠷ᠎ᠠ ᠵᠢᠨ ᠫᠠᠢ᠌ᠰᠠ ᠡᠯᠭᠦᠭᠰᠡᠨ ᠠᠵᠤ ᠠᠬᠤᠢ᠌ᠯᠠᠯ᠎ᠤᠨ ᠳᠠᠷᠠᠭ᠋ᠠᠬᠢ ᠨᠥᠬᠥᠪᠥᠷᠢ᠂ ᠰᠢᠨ᠎ᠡ ᠵᠢ ᠡᠭᠦᠳᠦᠨ ᠠᠳᠠᠯ ᠦᠢᠯᠡᠰ ᠴᠣᠭᠴᠠᠯᠠᠬᠤ ᠤᠷᠤᠯᠳᠤᠭ᠋ᠠᠨ᠎ᠤ ᠱᠠᠩᠨᠠᠯ᠂ ᠥᠪᠥᠷ ᠮᠣᠩᠭᠣᠯ᠎ᠤᠨ ᠰᠢᠨᠵᠢᠯᠡᠬᠦ ᠤᠬᠠᠭ᠋ᠠᠨ ᠮᠡᠷᠭᠡᠵᠢᠯ᠎ᠤᠨ ᠲᠣᠮᠣ ᠵᠠᠬ᠎ᠠ ᠳᠡᠯᠭᠡᠭᠦᠷ᠎ᠤᠨ ᠪᠠᠢ᠌ᠭᠤᠯᠤᠯᠲᠠ ᠵᠡᠷᠭᠡ ᠵᠢ ᠭᠣᠤᠯᠳᠠᠯᠭ᠎ᠠ᠎ᠲᠠᠢ ᠳᠡᠮᠵᠢᠪᠡ  ᠃



ᠢᠷᠡᠯᠲᠡ᠄ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠲᠢᠩᠬᠢᠮ
          
ᠬᠠᠮᠢᠶ᠎ᠡ ᠪᠦᠬᠦᠢ ᠰᠣᠨᠢᠨ
ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ 《ᠠᠷᠪᠠᠨ ᠳᠥᠷᠪᠡᠳᠦᠭᠡᠷ ᠲᠠᠪᠤᠨ ᠵᠢᠯ》᠎ᠤᠨ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠰᠢᠨ᠎ᠡ ᠵᠢ ᠡᠭᠦᠳᠬᠦ ᠲᠥᠯᠥᠪᠵᠢᠭᠦᠯᠭᠡ
 
            