ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠤᠳᠤᠷᠢᠳᠤᠯᠭ᠎ᠠ᠎ᠶᠢᠨ ᠲᠠᠨᠢᠯᠴᠠᠭᠤᠯᠭ᠎ᠠ
ᠦᠢᠯᠡᠴᠢᠯᠡᠭᠡ
ᠰᠢᠨᠵᠢᠯᠡᠭᠡ ᠮᠡᠷᠭᠡᠵᠢᠯ
ᠰᠢᠨᠵᠢᠯᠡᠭᠡ ᠮᠡᠷᠭᠡᠵᠢᠯ   -   ᠰᠢᠨᠵᠢᠯᠡᠭᠡ ᠮᠡᠷᠭᠡᠵᠢᠯ᠎ᠤᠨ ᠲᠥᠷᠥ᠎ᠶᠢᠨ ᠪᠣᠳᠣᠯᠭ᠎ᠠ
《ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠡᠭᠦᠳᠦᠨ ᠪᠦᠳᠦᠭᠡᠯᠲᠡ ᠵᠢᠨ ᠳᠤᠰᠬᠠᠢ ᠠᠰᠢᠭ᠎ᠤᠨ ᠵᠠᠷᠤᠳᠠᠯ ᠢ ᠲᠤᠰᠠᠯᠠᠬᠤ ᠠᠷᠭ᠎ᠠ》
ᠨᠡᠶ᠋ᠢᠲᠡᠯᠡᠭᠰᠡᠨ ᠴᠠᠭ᠄ 2019-12-24

 
    ᠲᠠᠨᠢᠯᠴᠠᠭᠤᠯᠭ᠎ᠠ᠄



    ᠬᠠᠨ ᠶᠦᠩ᠂ ᠥᠪᠥᠷ ᠮᠣᠩᠭᠤᠯ᠎ᠤᠨ ᠮᠡᠳᠡᠯᠭᠡ ᠵᠢᠨ ᠥᠮᠴᠢᠯᠡᠬᠦ ᠡᠷᠬᠡ ᠵᠢᠨ ᠦᠶᠯᠡᠴᠢᠯᠡᠭᠡᠨ᠎ᠤ ᠲᠥᠪ᠎ᠤᠨ ᠡᠷᠬᠢᠯᠡᠭᠴᠢ᠂ ᠠᠰᠫᠢᠷᠠᠨᠲ᠂ ᠳᠡᠭᠡᠰᠦ ᠵᠡᠷᠭᠡ ᠵᠢᠨ ᠢᠨᠵᠧᠨᠧᠷ᠂ ᠠᠰᠫᠢᠷᠠᠨᠲ᠎ᠤᠨ ᠵᠢᠯᠣᠭᠤᠳᠣᠭᠴᠢ ᠪᠠᠭᠰᠢ᠂ ᠤᠯᠤᠰ᠎ᠠᠴᠠ ᠮᠡᠳᠡᠯᠭᠡ ᠵᠢᠨ ᠥᠮᠴᠢᠯᠡᠬᠦ ᠡᠷᠬᠡ ᠵᠢᠨ ᠵᠠᠯᠠᠭᠤᠴᠤᠳ᠎ᠤᠨ ᠬᠤᠯᠪᠣᠭ᠋ᠠᠨ᠎ᠤ ᠭᠡᠰᠢᠭᠦᠨ᠂ ᠤᠯᠤᠰ᠎ᠠᠴᠠ ᠮᠡᠳᠡᠯᠭᠡ ᠵᠢᠨ ᠥᠮᠴᠢᠯᠡᠬᠦ ᠡᠷᠬᠡ ᠵᠢᠨ ᠵᠠᠭᠤᠨ ᠨᠡᠷᠡᠰ ᠳᠡᠭᠡᠰᠦ ᠳᠡᠰ ᠵᠢᠨ ᠴᠢᠳᠠᠪᠤᠷᠢᠲᠠᠨ᠎ᠤ ᠵᠢᠱ᠌ᠢᠭᠳᠡᠭᠴᠢ᠂ ᠪᠥᠬᠦ ᠤᠯᠤᠰ᠎ᠤᠨ ᠲᠤᠰᠬᠠᠶ ᠠᠰᠢᠭ᠎ᠤᠨ ᠮᠡᠳᠡᠭᠡ ᠵᠠᠩᠭᠢ ᠵᠢᠨ ᠳᠠᠭ᠋ᠠᠭᠤᠯᠤᠭᠴᠢ ᠴᠢᠳᠠᠪᠤᠷᠢᠲᠠᠨ᠂ ᠥᠪᠥᠷ ᠮᠣᠩᠭᠤᠯ᠎ᠤᠨ ᠮᠡᠳᠡᠯᠭᠡ ᠵᠢᠨ ᠥᠮᠴᠢᠯᠡᠬᠦ ᠡᠷᠬᠡ ᠵᠢᠨ ᠲᠤᠰᠬᠠᠶ ᠮᠡᠷᠭᠡᠵᠢᠯᠲᠡᠨ᠎ᠤ ᠬᠥᠮᠥᠷᠭᠡ ᠵᠢᠨ ᠲᠤᠰᠬᠠᠶ ᠮᠡᠷᠭᠡᠵᠢᠯᠲᠡᠨ᠂ ᠰᠢᠨᠵᠢᠯᠡᠬᠦ ᠤᠬᠠᠭ᠋ᠠᠨ ᠮᠡᠷᠭᠡᠵᠢᠯ ᠬᠢᠭᠡᠳ ᠮᠡᠳᠡᠯᠭᠡ ᠵᠢᠨ ᠥᠮᠴᠢᠯᠡᠬᠦ ᠡᠷᠬᠡ ᠵᠢᠨ ᠠᠵᠢᠯ᠎ᠢ 20 ᠵᠢᠯ ᠡᠷᠬᠢᠯᠡᠵᠦ᠂ ᠢᠮᠠᠭᠲᠠ ᠥᠪᠡᠷᠲᠡᠭᠡᠨ ᠵᠠᠰᠠᠬᠤ ᠣᠷᠣᠨ᠎ᠤ ᠪᠣᠳᠠᠲᠤ ᠪᠠᠶ᠋ᠢᠳᠠᠯ᠎ᠲᠠᠢ ᠤᠶᠠᠯᠳᠤᠭᠤᠯᠵᠤ ᠪᠦᠲᠦᠭᠡᠯᠴᠢ ᠴᠢᠨᠠᠷᠲᠠᠶ᠎ᠪᠠᠷ ᠠᠵᠢᠯ ᠵᠶ᠋ᠠᠨ ᠥᠷᠨᠢᠭᠦᠯᠳᠡᠭ᠃ ᠣᠯᠠᠨ ᠵᠢᠯ᠎ᠤᠨ ᠲᠤᠷᠰᠢ ᠤᠯᠤᠰ ᠵᠢᠴᠢ ᠥᠪᠡᠷᠲᠡᠭᠡᠨ ᠵᠠᠰᠠᠬᠤ ᠣᠷᠣᠨ᠎ᠤ ᠬᠠᠮᠢᠶ᠎ᠠ ᠪᠦᠬᠦᠢ ᠰᠤᠳᠤᠯᠭ᠋ᠠᠨ᠎ᠤ ᠰᠡᠳᠦᠪ᠎ᠤᠳ ᠰᠤᠳᠤᠯᠭ᠋ᠠᠨ᠎ᠢ ᠡᠷᠬᠢᠯᠡᠵᠦ᠂ ᠤᠯᠤᠰ ᠵᠢᠴᠢ ᠥᠪᠡᠷᠲᠡᠭᠡᠨ ᠵᠠᠰᠠᠬᠤ ᠣᠷᠣᠨ᠎ᠤ ᠰᠢᠯᠢᠳᠡᠭ ᠵᠠᠯᠠᠭᠤᠴᠤᠳ᠂ ᠵᠢᠳᠬᠦᠯᠲᠡᠶ ᠵᠠᠯᠠᠭᠤᠴᠤᠳ᠂ ᠨᠢᠭᠡᠳᠦᠭᠡᠷ ᠹᠷᠣᠨᠲ᠎ᠲᠤ ᠭᠦᠨᠵᠡᠭᠡᠶ᠋ᠢᠷᠡᠭᠰᠡᠨ ᠰᠢᠨᠵᠢᠯᠡᠬᠦ ᠤᠬᠠᠭ᠋ᠠᠨ ᠮᠡᠷᠭᠡᠵᠢᠯ᠎ᠤᠨ ᠠᠵᠢᠯᠲᠠᠨ᠂ ᠥᠪᠡᠷᠲᠡᠭᠡᠨ ᠵᠠᠰᠠᠬᠤ ᠣᠷᠣᠨ᠎ᠤ ᠰᠢᠨᠵᠢᠯᠡᠬᠦ ᠤᠬᠠᠭ᠋ᠠᠨ ᠮᠡᠷᠭᠡᠵᠢᠯ᠎ᠤᠨ ᠳᠠᠪᠰᠢᠯᠲᠠ ᠵᠢᠨ ᠱᠠᠩᠨᠠᠯ ᠵᠡᠷᠭᠡ ᠣᠯᠠᠨ ᠵᠦᠶᠯ᠎ᠤᠨ ᠢᠷᠠᠭᠤ ᠠᠯᠳᠠᠷ᠎ᠢ ᠬᠦᠷᠲᠡᠪᠡ᠃
    ᠥᠪᠡᠷᠲᠡᠭᠡᠨ ᠵᠠᠰᠠᠬᠤ ᠣᠷᠣᠨ᠎ᠤ ᠰᠢᠨᠵᠢᠯᠡᠬᠦ ᠤᠬᠠᠭ᠋ᠠᠨ ᠮᠡᠷᠭᠡᠵᠢᠯ᠂ ᠠᠵᠤ ᠠᠬᠤᠶ ᠪᠣᠯᠤᠨ ᠨᠡᠶ᠋ᠢᠭᠡᠮ᠎ᠤᠨ ᠬᠥᠭᠵᠢᠯᠲᠡ ᠵᠢ ᠠᠬᠢᠭᠤᠯᠵᠤ᠂ ᠣᠯᠠᠨ ᠲᠦᠮᠡᠨ᠎ᠤ ᠡᠭᠦᠳᠦᠨ ᠪᠦᠲᠦᠭᠡᠬᠦ ᠢᠳᠡᠪᠬᠢᠵᠢᠯ᠎ᠢ ᠵᠣᠷᠢᠭᠵᠢᠭᠤᠯᠤᠨ᠂ ᠡᠭᠦᠳᠦᠨ ᠪᠦᠳᠦᠭᠡᠯᠲᠡ ᠵᠢᠨ ᠳᠤᠰᠬᠠᠢ ᠠᠰᠢᠭ᠎ᠤᠨ ᠲᠤᠭ᠎ᠠ ᠬᠡᠮᠵᠢᠶ᠎ᠡ ᠪᠣᠯᠤᠨ ᠶᠠᠰᠤ ᠴᠢᠨᠠᠷ ᠢ ᠳᠡᠭᠡᠭᠰᠢᠯᠡᠭᠦᠯᠵᠦ᠂ ᠥᠪᠡᠷᠲᠡᠭᠡᠨ ᠵᠠᠰᠠᠬᠤ ᠣᠷᠣᠨ᠎ᠤ ᠤᠯᠤᠰ᠎ᠠᠴᠠ ᠰᠢᠨ᠎ᠡ ᠵᠢ ᠡᠭᠦᠳᠬᠦ᠎ᠪᠠᠷ ᠬᠥᠭᠵᠢᠯᠲᠡ ᠵᠢᠨ ᠬᠥᠳᠡᠯᠭᠡᠭᠦᠷ ᠪᠣᠯᠭ᠋ᠠᠬᠤ ᠪᠠᠶ᠋ᠢᠯᠳᠤᠬᠤ ᠪᠣᠳᠣᠯᠭ᠎ᠠ ᠪᠣᠯᠤᠨ ᠮᠡᠳᠡᠯᠭᠡ ᠵᠢᠨ ᠥᠮᠴᠢᠯᠡᠬᠦ ᠡᠷᠬᠡ ᠵᠢᠨ ᠪᠠᠶ᠋ᠢᠯᠳᠤᠬᠤ ᠪᠣᠳᠣᠯᠭ᠎ᠠ ᠵᠢ ᠬᠡᠷᠡᠭᠵᠢᠭᠦᠯᠬᠦ ᠵᠢ ᠠᠬᠢᠭᠤᠯᠬᠤ ᠵᠢᠨ ᠲᠤᠰᠠᠳᠠ᠂ 《ᠰᠢᠨ᠎ᠡ ᠪᠠᠢ᠍ᠳᠠᠯ ᠳᠣᠤᠷᠠᠬᠢ ᠮᠡᠳᠡᠯᠭᠡ ᠵᠢᠨ ᠥᠮᠴᠢᠯᠡᠬᠦ ᠡᠷᠬᠡ ᠵᠢᠨ ᠬᠦᠴᠦᠷᠬᠡᠭ ᠤᠯᠤᠰ᠎ᠢ ᠪᠦᠲᠦᠭᠡᠨ ᠪᠠᠶ᠋ᠢᠭᠤᠯᠬᠤ ᠲᠤᠬᠠᠶ ᠲᠥᠷᠥ ᠵᠢᠨ ᠶᠠᠪᠤᠳᠠᠯ᠎ᠤᠨ ᠬᠤᠷᠢᠶᠠᠨ᠎ᠤ ᠰᠠᠨᠠᠯ᠎ᠤᠳ》᠎ᠤᠨ ᠵᠣᠷᠢᠭ ᠰᠠᠨᠠᠭ᠎ᠠ ᠵᠢ ᠲᠤᠤᠱᠯᠠᠭᠤᠯᠤᠨ ᠨᠠᠢ᠍ᠳᠠᠪᠤᠷᠢᠵᠢᠭᠤᠯᠬᠤ᠂ ᠮᠠᠨ᠎ᠤ ᠣᠷᠣᠨ᠎ᠤ ᠪᠣᠳᠠᠲᠤ ᠪᠠᠢ᠍ᠳᠠᠯ᠎ᠲᠠᠢ ᠤᠶᠠᠯᠳᠤᠭᠤᠯᠤᠨ᠂ ᠣᠨᠴᠠᠭ᠋ᠠᠶ᠋ᠢᠯᠠᠨ ᠲᠣᠰ ᠠᠷᠭ᠎ᠠ ᠵᠢ ᠲᠣᠭᠲᠠᠭ᠋ᠠᠪᠠ᠃
   1. ᠬᠡᠨ ᠲᠤᠰᠠᠯᠠᠮᠵᠢ ᠣᠯᠬᠤ ᠪᠤᠢ?
    ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠵᠠᠰᠠᠭ ᠵᠠᠬᠢᠷᠭ᠋ᠠᠨ᠎ᠤ ᠬᠠᠷᠢᠶ᠎ᠠ ᠣᠷᠣᠨ᠎ᠤ ᠳᠣᠲᠣᠷᠠᠬᠢ ᠠᠵᠤ ᠠᠬᠤᠶ᠋ᠢᠯᠠᠯ ᠠᠵᠢᠯ ᠦᠢ᠍ᠯᠡᠰ᠎ᠤᠨ ᠨᠢᠭᠡᠴᠡ᠂ ᠨᠡᠶ᠋ᠢᠭᠡᠮ᠎ᠤᠨ ᠪᠦᠯᠬᠦᠮ ᠪᠣᠯᠤᠨ ᠲᠣᠰ ᠣᠷᠣᠨ᠎ᠤ ᠡᠷᠦᠬᠡ ᠠᠮᠠ ᠵᠢᠨ ᠬᠠᠷᠢᠶ᠎ᠠ᠎ᠲᠠᠢ ᠬᠤᠪᠢ ᠬᠥᠮᠦᠨ ᠪᠦᠬᠦᠨ ᠴᠥᠮ ᠲᠣᠰ ᠠᠷᠭ᠎ᠠ ᠵᠢ ᠦᠨᠳᠦᠰᠦᠯᠡᠨ ᠲᠤᠰᠠᠯᠠᠬᠤ ᠭᠤᠶᠤᠴᠢᠯᠠᠯ ᠵᠶ᠋ᠠᠨ ᠳᠤᠷᠠᠳᠴᠤ ᠪᠣᠯᠤᠨ᠎ᠠ᠃ ᠡᠳ᠋ ᠮᠥᠩᠭᠦ᠎ᠪᠠᠷ ᠲᠤᠰᠠᠯᠠᠬᠤ ᠭᠤᠶᠤᠴᠢᠯᠠᠯ᠎ᠳᠤ ᠬᠤᠯᠪᠣᠭᠳᠠᠭᠰᠠᠨ ᠲᠤᠰᠬᠠᠶ ᠠᠰᠢᠭ᠎ᠨᠢ ᠣᠯᠠᠨ ᠡᠷᠬᠡᠲᠦ ᠬᠥᠮᠦᠨ᠎ᠲᠠᠢ ᠪᠠᠶ᠋ᠢᠪᠠᠯ᠂ ᠨᠢᠭᠡᠳᠦᠭᠡᠷ ᠡᠷᠬᠡᠲᠦ ᠬᠥᠮᠦᠨ ᠳᠤᠷᠠᠳᠬᠤ ᠬᠡᠷᠡᠭᠲᠡᠶ᠃
   2. ᠲᠤᠰᠠᠯᠠᠮᠵᠢ ᠭᠤᠶᠤᠴᠢᠯᠠᠬᠤ ᠬᠦᠷᠢᠶ᠎ᠡ ᠬᠡᠪᠴᠢᠶ᠎ᠡ᠄
   (1) ᠤᠯᠤᠰ᠎ᠠᠴᠠ ᠳᠣᠲᠣᠭ᠋ᠠᠳᠤ᠎ᠳᠤ ᠡᠷᠬᠡ ᠣᠯᠭᠤᠭᠰᠠᠨ ᠡᠭᠦᠳᠦᠨ ᠪᠦᠳᠦᠭᠡᠯᠲᠡ ᠵᠢᠨ ᠳᠤᠰᠬᠠᠢ ᠠᠰᠢᠭ
   (2) ᠮᠠᠨ᠎ᠤ ᠤᠯᠤᠰ᠎ᠠᠴᠠ ᠰᠢᠶᠠᠩᠭ᠋ᠠᠩ᠂ ᠣᠣᠮᠧᠨ ᠪᠠ ᠲᠠᠶ᠋ᠢᠸᠠᠨ᠎ᠳᠤ ᠳᠡᠪᠰᠢᠭᠦᠯᠦᠭᠰᠡᠨ ᠡᠭᠦᠳᠦᠨ ᠪᠦᠳᠦᠭᠡᠯᠲᠡ (ᠪᠠᠷᠢᠮᠵᠢᠶ᠎ᠠ) ᠵᠢᠨ ᠲᠤᠰᠬᠠᠶ ᠠᠰᠢᠭ ᠣᠯᠤᠭᠰᠠᠨ ᠪᠥᠭᠡᠳ ᠡᠷᠬᠡ ᠣᠯᠭᠤᠭᠰᠠᠨ (ᠳᠠᠩᠰᠠᠯᠠᠭᠤᠯᠤᠭᠰᠠᠨ);
   (3) PCT ᠠᠷᠭ᠎ᠠ ᠵᠠᠮ ᠪᠤᠶᠤ ᠫᠠᠷᠢᠰ᠎ᠤᠨ ᠨᠡᠶ᠋ᠢᠲᠡ ᠵᠢᠨ ᠭᠡᠷ᠎ᠡ ᠵᠢᠨ ᠠᠷᠭ᠎ᠠ ᠵᠠᠮ ᠵᠶ᠋ᠠᠷ ᠤᠯᠤᠰ᠎ᠠᠴᠠ ᠭᠠᠳᠠᠭ᠋ᠠᠳᠤ᠎ᠳᠤ ᠭᠤᠶᠤᠴᠢᠯᠠᠯ ᠭᠠᠷᠭ᠋ᠠᠭᠰᠠᠨ ᠪᠥᠭᠡᠳ ᠡᠷᠬᠡ ᠣᠯᠭᠤᠭᠰᠠᠨ ᠡᠭᠦᠳᠦᠨ ᠪᠦᠳᠦᠭᠡᠯᠲᠡ ᠵᠢᠨ ᠳᠤᠰᠬᠠᠢ ᠠᠰᠢᠭ᠃
   (4) ᠥᠪᠡᠷᠲᠡᠭᠡᠨ ᠵᠠᠰᠠᠬᠤ ᠣᠷᠣᠨ᠎ᠤ ᠮᠡᠳᠡᠯᠭᠡ ᠵᠢᠨ ᠥᠮᠴᠢᠯᠡᠬᠦ ᠡᠷᠬᠡ ᠵᠢᠨ ᠲᠣᠪᠴᠢᠶ᠎ᠠ᠎ᠠᠴᠠ ᠲᠤᠰᠬᠠᠶ ᠮᠡᠷᠭᠡᠵᠢᠯᠲᠡᠨ᠎ᠢ ᠵᠣᠬᠢᠶᠠᠨ ᠪᠠᠶ᠋ᠢᠭᠤᠯᠤᠨ ᠬᠢᠨᠠᠨ ᠲᠣᠭᠲᠠᠭ᠋ᠠᠵᠤ ᠲᠤᠰᠠᠯᠠᠬᠤ ᠲᠥᠷᠥᠯ ᠵᠦᠶᠯ᠎ᠢ ᠲᠣᠭᠲᠠᠭ᠋ᠠᠨ᠎ᠠ᠃
   3. ᠲᠤᠰᠠᠯᠠᠬᠤ ᠠᠷᠭ᠎ᠠ ᠮᠠᠶᠢᠭ?
    ᠲᠤᠰᠠᠯᠠᠬᠤ ᠵᠢ ᠭᠤᠶᠤᠴᠢᠯᠠᠯ᠎ᠢ ᠬᠢᠨᠠᠨ ᠲᠣᠭᠲᠠᠭ᠋ᠠᠵᠤ ᠵᠥᠪᠰᠢᠶᠡᠷᠡᠭᠰᠡᠨ ᠪᠣᠯ᠂ ᠥᠪᠡᠷᠲᠡᠭᠡᠨ ᠵᠠᠰᠠᠬᠤ ᠣᠷᠣᠨ᠎ᠤ ᠮᠡᠳᠡᠯᠭᠡ ᠵᠢᠨ ᠥᠮᠴᠢᠯᠡᠬᠦ ᠡᠷᠬᠡ ᠵᠢᠨ ᠲᠣᠪᠴᠢᠶ᠎ᠠ᠎ᠠᠴᠠ ᠳᠡᠰ ᠳᠠᠷᠠᠭ᠋ᠠᠯᠠᠯ᠎ᠤᠨ ᠶᠣᠰᠣᠭ᠋ᠠᠷ ᠠᠶ᠋ᠢᠮᠠᠭ ᠬᠤᠲᠠ ᠵᠢᠨ ᠮᠡᠳᠡᠯᠭᠡ ᠵᠢᠨ ᠥᠮᠴᠢᠯᠡᠬᠦ ᠡᠷᠬᠡ ᠵᠢᠨ ᠲᠣᠪᠴᠢᠶ᠎ᠠ᠎ᠳᠤ ᠮᠡᠳᠡᠭᠳᠡᠬᠦ ᠵᠢᠨ ᠬᠠᠮᠲᠤ ᠡᠳ᠋ ᠮᠥᠩᠭᠦ᠎ᠪᠠᠷ ᠲᠤᠰᠠᠯᠠᠬᠤ ᠪᠡᠯᠡ ᠮᠥᠩᠭᠦ ᠰᠠᠯᠭ᠋ᠠᠨ ᠥᠭᠬᠦ ᠬᠡᠷᠡᠭᠲᠡᠶ᠃
   4. ᠲᠤᠰᠠᠯᠠᠬᠤ ᠲᠤᠭ᠎ᠠ ᠬᠡᠮᠵᠢᠶ᠎ᠡ᠎ᠨᠢ ᠬᠡᠳᠦᠶ ᠪᠣᠶ?
   (1) ᠤᠯᠤᠰ᠎ᠤᠨ ᠳᠣᠲᠣᠭ᠋ᠠᠳᠤ ᠵᠢᠨ ᠡᠭᠦᠳᠦᠨ ᠪᠦᠳᠦᠭᠡᠯᠲᠡ ᠵᠢᠨ ᠳᠤᠰᠬᠠᠢ ᠠᠰᠢᠭ᠎ᠤᠨ ᠡᠷᠬᠡ ᠣᠯᠭᠤᠭᠰᠠᠨ ᠪᠠᠶ᠋ᠢᠪᠠᠯ᠂ ᠲᠤᠰᠬᠠᠶ ᠠᠰᠢᠭ ᠨᠢᠭᠡᠪᠦᠷᠢ ᠵᠢᠨ ᠲᠤᠰᠠᠯᠠᠮᠵᠢ 5000 ᠲᠥᠭᠦᠷᠢᠭ;
   (2) ᠮᠠᠨ᠎ᠤ ᠤᠯᠤᠰ᠎ᠠᠴᠠ ᠰᠢᠶᠠᠩᠭ᠋ᠠᠩ᠂ ᠣᠣᠮᠧᠨ ᠪᠠ ᠲᠠᠶ᠋ᠢᠸᠠᠨ᠎ᠳᠤ ᠳᠡᠪᠰᠢᠭᠦᠯᠦᠭᠰᠡᠨ ᠡᠭᠦᠳᠦᠨ ᠪᠦᠳᠦᠭᠡᠯᠲᠡ (ᠪᠠᠷᠢᠮᠵᠢᠶ᠎ᠠ) ᠵᠢᠨ ᠲᠤᠰᠬᠠᠶ ᠠᠰᠢᠭ ᠣᠯᠤᠭᠰᠠᠨ ᠪᠥᠭᠡᠳ ᠡᠷᠬᠡ ᠣᠯᠤᠭᠰᠠᠨ (ᠳᠠᠩᠰᠠᠯᠠᠭᠤᠯᠤᠭᠰᠠᠨ) ᠪᠠᠶ᠋ᠢᠪᠠᠯ᠂ ᠲᠤᠰᠬᠠᠶ ᠠᠰᠢᠭ ᠨᠢᠭᠡᠪᠦᠷᠢ᠎ᠳᠤ 5000 ᠲᠥᠭᠦᠷᠢᠭ ᠵᠣᠭᠤᠰ ᠵᠶ᠋ᠠᠷ ᠲᠤᠰᠠᠯᠠᠨ᠎ᠠ;
   (3) PCT ᠠᠷᠭ᠎ᠠ ᠵᠠᠮ ᠪᠤᠶᠤ ᠫᠠᠷᠢᠰ᠎ᠤᠨ ᠨᠡᠶ᠋ᠢᠲᠡ ᠵᠢᠨ ᠭᠡᠷ᠎ᠡ ᠵᠢᠨ ᠠᠷᠭ᠎ᠠ ᠵᠠᠮ ᠵᠶ᠋ᠠᠷ ᠭᠠᠳᠠᠭ᠋ᠠᠳᠤ᠎ᠳᠤ ᠭᠤᠶᠤᠴᠢᠯᠠᠯ ᠭᠠᠷᠭ᠋ᠠᠭᠰᠠᠨ ᠪᠥᠭᠡᠳ ᠡᠷᠬᠡ ᠣᠯᠭᠤᠭᠰᠠᠨ ᠪᠠᠶ᠋ᠢᠪᠠᠯ᠂ ᠤᠯᠤᠰ ᠨᠢᠭᠡᠪᠦᠷᠢ ᠵᠢᠨ ᠡᠷᠬᠡ ᠣᠯᠭᠤᠭᠰᠠᠨ ᠲᠤᠰᠬᠠᠢ ᠠᠰᠢᠭ᠎ᠤᠨ ᠲᠤᠰᠠᠯᠠᠮᠵᠢ 20000 ᠲᠥᠭᠦᠷᠢᠭ᠂ ᠬᠠᠮᠤᠭ ᠠᠷᠪᠢᠨ᠎ᠳᠠᠭᠠᠨ ᠭᠤᠷᠪᠠᠨ ᠤᠯᠤᠰ᠎ᠳᠤ ᠡᠷᠬᠡ ᠣᠯᠭᠤᠭᠰᠠᠨ ᠲᠤᠰᠠᠯᠠᠮᠵᠢ ᠣᠯᠭᠤᠨ᠎ᠠ᠃
   5. ᠶᠠᠮᠠᠷ ᠮᠠᠲ᠋ᠧᠷᠢᠶᠠᠯ ᠪᠡᠯᠡᠳᠬᠡᠬᠦ ᠴᠢᠬᠤᠯᠠᠲᠠᠶ ᠪᠣᠶ?
    ᠡᠳ᠋ ᠮᠥᠩᠭᠦ᠎ᠪᠠᠷ ᠲᠤᠰᠠᠯᠠᠭᠤᠯᠬᠤ᠎ᠪᠠᠷ ᠭᠤᠶᠤᠴᠢᠯᠠᠭᠰᠠᠨ ᠨᠢᠭᠡᠴᠡ ᠪᠣᠯᠤᠨ ᠬᠤᠪᠢ ᠬᠥᠮᠦᠨ ᠪᠠᠶ᠋ᠢᠭ᠎ᠠ ᠭᠠᠵᠠᠷ᠎ᠤᠨ ᠵᠶ᠋ᠠᠨ ᠠᠶ᠋ᠢᠮᠠᠭ ᠬᠤᠲᠠ ᠵᠢᠨ ᠮᠡᠳᠡᠯᠭᠡ ᠵᠢᠨ ᠥᠮᠴᠢᠯᠡᠬᠦ ᠡᠷᠬᠡ ᠵᠢᠨ ᠲᠣᠪᠴᠢᠶ᠎ᠠ᠎ᠳᠤ ᠳᠣᠤᠷᠠᠬᠢ ᠮᠡᠲᠦ ᠮᠠᠲ᠋ᠧᠷᠢᠶᠠᠯ᠎ᠤᠳ᠎ᠢ ᠲᠤᠰᠢᠶᠠᠬᠤ ᠬᠡᠷᠡᠭᠲᠡᠶ᠄
   (1) 《ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠤᠰᠤᠨ᠎ᠤ ᠵᠠᠷᠤᠳᠠᠯ᠎ᠢ ᠲᠤᠰᠠᠯᠠᠬᠤ ᠲᠥᠷᠥᠯ ᠵᠦᠢ᠍ᠯ᠎ᠢ ᠭᠤᠶᠤᠴᠢᠯᠠᠬᠤ ᠬᠦᠰᠦᠨᠦᠭᠲᠦ》;
   (2) ᠡᠳ᠋ ᠮᠥᠩᠭᠦ᠎ᠪᠠᠷ ᠲᠤᠰᠠᠯᠠᠭᠤᠯᠬᠤ᠎ᠪᠠᠷ ᠭᠤᠶᠤᠴᠢᠯᠠᠭᠰᠠᠨ ᠨᠢᠭᠡᠴᠡ᠎ᠨᠢ ᠨᠢᠭᠡᠴᠡ ᠵᠢᠨ ᠭᠡᠷᠡᠴᠢ᠎ᠪᠠᠨ ᠲᠤᠰᠢᠶᠠᠵᠤ᠂ ᠡᠳ᠋ ᠮᠥᠩᠭᠦ᠎ᠪᠠᠷ ᠲᠤᠰᠠᠯᠠᠭᠤᠯᠬᠤ᠎ᠪᠠᠷ ᠭᠤᠶᠤᠴᠢᠯᠠᠭᠰᠠᠨ ᠬᠤᠪᠢ ᠬᠥᠮᠦᠨ᠎ᠨᠢ ᠪᠡᠶ᠎ᠡ ᠵᠢᠨ ᠦᠨᠡᠮᠯᠡᠯ ᠪᠤᠶᠤ ᠣᠷᠣᠰᠢᠨ ᠰᠠᠭᠤᠬᠤ ᠦᠨᠡᠮᠯᠡᠯ (ᠪᠠᠭᠤᠯᠭ᠋ᠠᠪᠤᠷᠢ) ᠲᠤᠰᠢᠶᠠᠬᠤ ᠬᠡᠷᠡᠭᠲᠡᠶ;
   (3) ᠳᠤᠮᠳᠠᠳᠤ ᠤᠯᠤᠰ᠎ᠠᠴᠠ ᠡᠭᠦᠳᠦᠨ ᠪᠦᠳᠦᠭᠡᠯᠲᠡ ᠵᠢᠨ ᠳᠤᠰᠬᠠᠢ ᠠᠰᠢᠭ᠎ᠤᠨ ᠦᠨᠡᠮᠯᠡᠯ (ᠪᠠᠭᠤᠯᠭ᠋ᠠᠪᠤᠷᠢ) ᠵᠢᠴᠢ ᠬᠤᠯᠪᠣᠭᠳᠠᠯ ᠪᠦᠬᠦᠢ ᠪᠢᠴᠢᠭ ᠮᠠᠲ᠋ᠧᠷᠢᠶᠠᠯ (ᠪᠠᠭᠤᠯᠭ᠋ᠠᠪᠤᠷᠢ);
   (4) ᠮᠠᠨ᠎ᠤ ᠤᠯᠤᠰ᠎ᠠᠴᠠ ᠰᠢᠶᠠᠩᠭ᠋ᠠᠩ᠂ ᠣᠣᠮᠧᠨ ᠪᠠ ᠲᠠᠶ᠋ᠢᠸᠠᠨ᠎ᠳᠤ ᠳᠡᠪᠰᠢᠭᠦᠯᠦᠭᠰᠡᠨ ᠡᠭᠦᠳᠦᠨ ᠪᠦᠳᠦᠭᠡᠯᠲᠡ (ᠪᠠᠷᠢᠮᠵᠢᠶ᠎ᠠ) ᠵᠢᠨ ᠲᠤᠰᠬᠠᠶ ᠠᠰᠢᠭ ᠣᠯᠤᠭᠰᠠᠨ ᠪᠥᠭᠡᠳ ᠡᠷᠬᠡ ᠣᠯᠤᠭᠰᠠᠨ (ᠳᠠᠩᠰᠠᠯᠠᠭᠤᠯᠤᠭᠰᠠᠨ) ᠪᠠᠶ᠋ᠢᠪᠠᠯ ᠡᠷᠬᠡᠪᠰᠢ ᠲᠤᠰᠬᠠᠶ ᠠᠰᠢᠭ᠎ᠤᠨ ᠦᠨᠡᠮᠯᠡᠯ (ᠪᠠᠭᠤᠯᠭ᠋ᠠᠪᠤᠷᠢ) ᠵᠶ᠋ᠠᠨ ᠮᠡᠳᠡᠭᠦᠯᠦᠨ ᠬᠦᠷᠭᠡᠬᠦ ᠬᠡᠷᠡᠭᠲᠡᠶ;
   (5) PCT ᠠᠷᠭ᠎ᠠ ᠵᠠᠮ ᠪᠤᠶᠤ ᠫᠠᠷᠢᠰ᠎ᠤᠨ ᠨᠡᠶ᠋ᠢᠲᠡ ᠵᠢᠨ ᠭᠡᠷ᠎ᠡ ᠵᠢᠨ ᠠᠷᠭ᠎ᠠ ᠵᠠᠮ ᠵᠶ᠋ᠠᠷ ᠭᠠᠳᠠᠭ᠋ᠠᠳᠤ᠎ᠳᠤ ᠭᠤᠶᠤᠴᠢᠯᠠᠯ ᠭᠠᠷᠭ᠋ᠠᠭᠰᠠᠨ ᠪᠥᠭᠡᠳ ᠡᠷᠬᠡ ᠣᠯᠭᠤᠭᠰᠠᠨ ᠪᠠᠶ᠋ᠢᠪᠠᠯ ᠡᠷᠬᠡᠪᠰᠢ ᠤᠯᠤᠰ᠎ᠠᠴᠠ ᠵᠥᠪᠰᠢᠶᠡᠷᠡᠭᠰᠡᠨ ᠭᠠᠳᠠᠭ᠋ᠠᠳᠤ᠎ᠲᠠᠢ ᠬᠤᠯᠪᠣᠭᠳᠠᠬᠤ ᠲᠤᠰᠬᠠᠶ ᠠᠰᠢᠭ᠎ᠤᠨ ᠣᠷᠣᠯᠠᠨ ᠭᠦᠶᠴᠡᠳᠬᠡᠬᠦ ᠪᠠᠶ᠋ᠢᠭᠤᠯᠤᠮᠵᠢ ᠵᠢᠨ ᠭᠠᠷᠭ᠋ᠠᠵᠤ ᠥᠭᠭᠦᠭᠰᠡᠨ ᠤᠯᠤᠰ᠎ᠤᠨ ᠭᠠᠳᠠᠭ᠋ᠠᠳᠤ᠎ᠳᠤ ᠡᠭᠦᠳᠦᠨ ᠪᠦᠳᠦᠭᠡᠯᠲᠡ ᠵᠢᠨ ᠳᠤᠰᠬᠠᠢ ᠠᠰᠢᠭ᠎ᠤᠨ ᠭᠤᠶᠤᠴᠢᠯᠠᠯ᠎ᠤᠨ ᠵᠠᠷᠤᠳᠠᠯ ᠢ ᠳ᠋ᠦᠩᠨᠡᠨ ᠪᠤᠳᠤᠭᠰᠠᠨ ᠲᠣᠭ᠋ᠠᠴᠠᠭ᠋ᠠᠨ᠎ᠤ ᠬᠠᠭᠤᠳᠠᠰᠤ ᠪᠠ ᠪᠠᠷᠢᠮᠲᠠ (ᠪᠠᠭᠤᠯᠭ᠋ᠠᠪᠤᠷᠢ); ᠭᠠᠳᠠᠭ᠋ᠠᠳᠤ ᠵᠢᠨ ᠲᠤᠰᠬᠠᠶ ᠠᠰᠢᠭ᠎ᠤᠨ ᠲᠣᠪᠴᠢᠶ᠎ᠠ᠎ᠠᠴᠠ ᠡᠷᠬᠡ ᠣᠯᠭᠤᠭᠰᠠᠨ ᠲᠤᠰᠬᠠᠶ ᠠᠰᠢᠭ᠎ᠤᠨ ᠦᠨᠡᠮᠯᠡᠯ (ᠪᠠᠭᠤᠯᠭ᠋ᠠᠪᠤᠷᠢ)᠃
   6. ᠬᠢᠨᠠᠨ ᠵᠥᠪᠰᠢᠶᠡᠷᠡᠬᠦ ᠶᠠᠪᠤᠴᠠ?
    ᠡᠭᠦᠳᠦᠨ ᠪᠦᠳᠦᠭᠡᠯᠲᠡ ᠵᠢᠨ ᠳᠤᠰᠬᠠᠢ ᠠᠰᠢᠭ᠎ᠤᠨ ᠵᠠᠷᠤᠳᠠᠯ᠎ᠢ ᠲᠤᠰᠠᠯᠠᠬᠤ ᠭᠤᠶᠤᠴᠢᠯᠠᠯ᠎ᠤᠨ ᠲᠥᠷᠥᠯ ᠵᠦᠢ᠍ᠯ᠎ᠢ ᠠᠶ᠋ᠢᠮᠠᠭ ᠬᠤᠲᠠ ᠵᠢᠨ ᠮᠡᠳᠡᠯᠭᠡ ᠵᠢᠨ ᠥᠮᠴᠢᠯᠡᠬᠦ ᠡᠷᠬᠡ ᠵᠢᠨ ᠲᠣᠪᠴᠢᠶ᠎ᠠ ᠵᠣᠬᠢᠶᠠᠨ ᠪᠠᠶ᠋ᠢᠭᠤᠯᠤᠨ ᠮᠡᠳᠡᠭᠦᠯᠬᠦ ᠵᠢᠨ ᠬᠠᠮᠲᠤ ᠠᠩᠬ᠎ᠠ ᠠᠯᠬᠤᠮ ᠬᠢᠨᠠᠨ ᠪᠠᠶ᠋ᠢᠴᠠᠭ᠋ᠠᠵᠤ᠂ ᠠᠩᠬ᠎ᠠ ᠬᠢᠨᠠᠯᠲᠠ᠎ᠳᠤ ᠬᠢᠷᠢ ᠲᠡᠩᠴᠡᠭᠰᠡᠨ ᠲᠥᠷᠥᠯ ᠵᠦᠢ᠍ᠯ᠎ᠢ 《ᠥᠪᠥᠷ ᠮᠣᠩᠭᠤᠯ᠎ᠤᠨ ᠡᠭᠦᠳᠦᠨ ᠪᠦᠳᠦᠭᠡᠯᠲᠡ ᠵᠢᠨ ᠳᠤᠰᠬᠠᠢ ᠠᠰᠢᠭ᠎ᠤᠨ ᠵᠠᠷᠤᠳᠠᠯ᠎ᠢ ᠲᠤᠰᠠᠯᠠᠬᠤ ᠬᠠᠮᠢᠶᠠᠷᠤᠯᠲᠠ ᠵᠢᠨ ᠰᠢᠰᠲ᠋ᠧᠮ》᠎ᠤᠨ ᠰᠦᠯᠵᠢᠶᠡᠨ ᠳᠡᠭᠡᠷ᠎ᠡ ᠮᠡᠳᠡᠭᠦᠯᠬᠦ ᠵᠢᠨ ᠬᠠᠮᠲᠤ 《ᠡᠭᠦᠳᠦᠨ ᠪᠦᠳᠦᠭᠡᠯᠲᠡ ᠵᠢᠨ ᠳᠤᠰᠬᠠᠢ ᠠᠰᠢᠭ᠎ᠤᠨ ᠵᠠᠷᠤᠳᠠᠯ᠎ᠢ ᠲᠤᠰᠠᠯᠠᠬᠤ ᠲᠥᠷᠥᠯ ᠵᠦᠢ᠍ᠯ᠎ᠤᠨ ᠬᠤᠷᠢᠶᠠᠩᠭᠤᠶ᠋ᠢᠯᠠᠯ᠎ᠤᠨ ᠬᠦᠰᠦᠨᠦᠭᠲᠦ》 ᠵᠢ ᠲᠠᠭᠯᠠᠨ ᠪᠢᠴᠢᠵᠦ᠂ ᠠᠯᠪᠠᠨ ᠲᠠᠮᠠᠭ᠎ᠠ ᠳᠠᠷᠤᠭᠰᠠᠨ᠎ᠤ ᠳᠠᠷᠠᠭ᠎ᠠ ᠬᠠᠮᠢᠶ᠎ᠠ ᠪᠦᠬᠦᠢ ᠴᠠᠭ᠋ᠠᠰᠤᠨ ᠵᠶ᠋ᠠᠷ ᠮᠡᠳᠡᠭᠦᠯᠬᠦ ᠮᠠᠲ᠋ᠧᠷᠢᠶᠠᠯ᠎ᠲᠠᠢ ᠬᠠᠮᠲᠤ ᠥᠪᠡᠷᠲᠡᠭᠡᠨ ᠵᠠᠰᠠᠬᠤ ᠮᠡᠳᠡᠯᠭᠡ ᠵᠢᠨ ᠥᠮᠴᠢᠯᠡᠬᠦ ᠡᠷᠬᠡ ᠵᠢᠨ ᠲᠣᠪᠴᠢᠶ᠎ᠠ᠎ᠳᠤ ᠮᠡᠳᠡᠭᠦᠯᠬᠦ ᠬᠡᠷᠡᠭᠲᠡᠢ᠃

ᠢᠷᠡᠯᠲᠡ᠄
          
ᠬᠠᠮᠢᠶ᠎ᠡ ᠪᠦᠬᠦᠢ ᠰᠣᠨᠢᠨ
ᠬᠥᠮᠦᠨ᠎ᠤ ᠬᠦᠴᠦᠨ᠎ᠤ ᠡᠬᠢ ᠪᠠᠶᠠᠯᠢᠭ ᠪᠠ ᠨᠡᠢ᠌ᠭᠡᠮ᠎ᠤᠨ ᠪᠠᠲᠤᠯᠠᠭ᠎ᠠ ᠵᠢᠨ ᠶᠠᠮᠤᠨ᠄ ᠦᠷ᠎ᠡ ᠪᠦᠲᠦᠭᠡᠯ᠎ᠢ ᠬᠤᠪᠢᠷᠠᠭᠤᠯᠬᠤ ᠳᠤᠮᠳᠠᠬᠢ ᠳᠥᠷᠪᠡᠨ ᠮᠡᠷᠭᠡᠵᠢᠯ᠎ᠤᠨ ᠦᠢᠯᠡᠴᠢᠯᠡᠭᠡ ᠵᠢ ᠪᠡᠯᠡᠨ ᠵᠣᠭᠣᠰ ᠵᠶ᠋ᠠᠷ ᠱᠠᠩᠨᠠᠵᠤ ᠪᠣᠯᠬᠤ ᠪᠥᠭᠡᠳ ᠴᠠᠯᠢᠩ᠎ᠤᠨ ᠶᠡᠷᠦᠩᠬᠡᠶ ᠲᠣᠭ᠎ᠠ᠎ᠳᠤ ᠬᠢᠵᠠᠭ᠋ᠠᠷᠯᠠᠭᠳᠠᠬᠤ ᠥᠬᠡᠶ
ᠳᠥᠷᠪᠡᠨ ᠶᠡᠬᠡ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠰᠢᠨ᠎ᠡ ᠵᠢ ᠡᠭᠦᠳᠬᠦ ᠲᠠᠪᠴᠠᠩ᠎ᠢ ᠪᠠᠢ᠌ᠭᠤᠯᠵᠤ᠂ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠦᠷ᠎ᠡ ᠪᠦᠲᠦᠭᠡᠯ᠎ᠢ ᠰᠢᠯᠵᠢᠭᠦᠯᠦᠨ ᠤᠯᠠᠷᠢᠭᠤᠯᠬᠤ᠎ᠳᠤ ᠬᠦᠴᠦᠨ ᠨᠡᠮᠡᠷᠢᠯᠡᠨ᠎ᠡ
ᠦᠷ᠎ᠡ ᠪᠦᠲᠦᠭᠡᠯ᠎ᠢ ᠬᠤᠪᠢᠷᠠᠭᠤᠯᠬᠤ 《ᠭᠤᠷᠪᠠᠨ ᠠᠯᠬᠤᠮ ᠵᠶ᠋ᠠᠷ ᠶᠠᠪᠤᠬᠤ》 ᠲᠢᠶᠠᠨᠵᠢᠨ᠎ᠠᠴᠠ ᠰᠢᠨᠵᠢᠯᠡᠬᠦ ᠤᠬᠠᠭ᠋ᠠᠨ᠎ᠤ ᠰᠤᠳᠤᠯᠭ᠋ᠠᠨ᠎ᠤ ᠠᠵᠢᠯᠲᠠᠨ᠎ᠢ ᠬᠠᠪᠰᠤᠷᠬᠤ 《ᠭᠤᠷᠪᠠᠨ ᠦᠢᠯᠡᠳᠦᠯ》
ᠮᠦ᠍ ᠪᠦᠷᠢ ᠵᠢᠨ ᠤᠨᠠᠯᠲᠠ 100 ᠺᠢᠯᠣᠭ᠌ᠷᠠᠮ ᠨᠡᠮᠡᠭᠳᠡᠨ᠎ᠡ !《ᠶᠤᠸᠠᠨ ᠮᠸᠩ ᠲᠥᠯᠥᠪᠯᠡᠭᠡ》 ᠪᠡᠶᠡᠯᠡᠭᠳᠡᠪᠡ!
ᠤᠯᠤᠰ᠎ᠤᠨ ᠭᠣᠤᠯᠳᠠᠯᠭ᠎ᠠ᠎ᠲᠠᠢ ᠰᠤᠳᠤᠯᠤᠨ ᠨᠡᠭᠡᠭᠡᠬᠦ ᠲᠥᠯᠥᠪᠯᠡᠭᠡ 《ᠬᠥᠬᠡ ᠮᠥᠷᠡᠨ ᠬᠠᠲᠤᠨ ᠭᠣᠤᠯ ᠵᠡᠷᠭᠡ ᠭᠣᠤᠯᠳᠠᠯᠭ᠎ᠠ᠎ᠲᠠᠢ ᠰᠠᠪᠠ ᠭᠠᠵᠠᠷ᠎ᠤᠨ ᠤᠰᠤᠨ᠎ᠤ ᠡᠬᠢ ᠪᠠᠶᠠᠯᠢᠭ ᠬᠢᠭᠡᠳ ᠤᠰᠤᠨ᠎ᠤ ᠣᠷᠴᠢᠨ ᠲᠣᠭᠣᠷᠢᠨ᠎ᠢ ᠶᠡᠷᠦᠩᠬᠡᠢ᠌ᠯᠡᠨ ᠵᠠᠰᠠᠬᠤ》 ᠭᠣᠤᠯᠳᠠᠯᠭ᠎ᠠ᠎ᠲᠠᠢ ᠲᠤᠰᠬᠠᠶ ᠲᠥᠷᠥᠯ ᠵᠦᠢᠯ᠎ᠤᠨ 2021 ᠣᠨ᠎ᠤ ᠬᠣᠶᠠᠳᠤᠭ᠋ᠠᠷ ᠪᠦᠯᠦᠭ᠎ᠤᠨ ᠲᠥᠷᠥᠯ ᠵᠦᠢᠯ᠎ᠢ ᠭᠤᠶᠤᠴᠢᠯᠠᠨ ᠮᠡᠳᠡᠭᠦᠯᠬᠦ ᠵᠦᠭᠯᠡᠭᠦᠷ᠎ᠤᠨ ᠲᠤᠬᠠᠶ ᠰᠠᠨᠠᠯ ᠬᠤᠷᠢᠶᠠᠬᠤ ᠮᠡᠳᠡᠭᠳᠡᠯ
 
            