2021 ᠣᠨ᠎ᠤ 2 ᠰᠠᠷ᠎ᠠ ᠵᠢᠨ 8᠎ᠤ ᠡᠳᠦᠷ᠂ ᠬᠥᠮᠦᠨ᠎ᠤ ᠬᠦᠴᠦᠨ᠎ᠤ ᠡᠬᠢ ᠪᠠᠶᠠᠯᠢᠭ ᠪᠠ ᠨᠡᠢ᠌ᠭᠡᠮ᠎ᠤᠨ ᠪᠠᠲᠤᠯᠠᠭ᠎ᠠ ᠵᠢᠨ ᠶᠠᠮᠤᠨ᠂ ᠡᠳ᠋᠎ᠤᠨ ᠵᠠᠰᠠᠭ᠎ᠤᠨ ᠶᠠᠮᠤᠨ᠂ ᠰᠢᠨᠵᠢᠯᠡᠬᠦ ᠤᠬᠠᠭ᠋ᠠᠨ ᠮᠡᠷᠭᠡᠵᠢᠯ᠎ᠤᠨ ᠶᠠᠮᠤᠨ ᠬᠠᠮᠲᠤᠷᠠᠨ 《ᠠᠵᠢᠯ ᠦᠢᠯᠡᠰ᠎ᠤᠨ ᠨᠢᠭᠡᠴᠡ ᠵᠢᠨ ᠰᠢᠨᠵᠢᠯᠡᠬᠦ ᠤᠬᠠᠭ᠋ᠠᠨ᠎ᠤ ᠰᠤᠳᠤᠯᠭ᠋ᠠᠨ᠎ᠤ ᠠᠵᠢᠯᠲᠠᠨ᠎ᠤ ᠡᠭᠦᠷᠭᠡ ᠲᠤᠰᠢᠶᠠᠯ᠎ᠤᠨ ᠰᠢᠨᠵᠢᠯᠡᠬᠦ ᠤᠬᠠᠭ᠋ᠠᠨ ᠮᠡᠷᠭᠡᠵᠢᠯ᠎ᠤᠨ ᠦᠷ᠎ᠡ ᠪᠦᠲᠦᠭᠡᠯ᠎ᠢ ᠤᠯᠠᠷᠢᠭᠤᠯᠬᠤ ᠪᠡᠯᠡᠨ ᠵᠣᠭᠣᠰ᠎ᠤᠨ ᠱᠠᠩᠨᠠᠯ᠎ᠢ ᠠᠮᠵᠢᠯᠲᠠ ᠪᠦᠲᠦᠮᠵᠢ ᠵᠢᠨ ᠴᠠᠯᠢᠩ᠎ᠤᠨ ᠬᠠᠮᠢᠶᠠᠷᠤᠯᠲᠠ᠎ᠳᠤ ᠣᠷᠣᠭᠤᠯᠬᠤ ᠬᠣᠯᠪᠣᠭᠳᠠᠯ ᠪᠥᠬᠥᠶ ᠠᠰᠠᠭᠤᠳᠠᠯ᠎ᠤᠨ ᠲᠤᠬᠠᠶ ᠮᠡᠳᠡᠭᠳᠡᠯ》 (ᠬᠥᠮᠦᠨ᠎ᠤ ᠬᠦᠴᠦᠨ᠎ᠤ ᠡᠬᠢ ᠪᠠᠶᠠᠯᠢᠭ ᠪᠠ ᠨᠡᠢ᠌ᠭᠡᠮ᠎ᠤᠨ ᠪᠠᠲᠤᠯᠠᠭ᠎ᠠ ᠵᠢᠨ ᠶᠠᠮᠤᠨ ᠲᠠᠷᠬᠠᠭ᠋ᠠᠭᠰᠠᠨ [ 2021 ] 14 ᠳ᠋ᠦ᠍ᠭᠡᠷ ᠲᠣᠭ᠋ᠠᠲᠤ)᠎ᠢ ᠨᠡᠢ᠌ᠲᠡᠯᠡᠵᠦ᠂ ᠶᠡᠬᠡ ᠳᠡᠭᠡᠳᠦ ᠰᠤᠷᠭ᠋ᠠᠭᠤᠯᠢ ᠬᠦᠷᠢᠶᠡᠯᠡᠩ ᠭᠠᠵᠠᠷ ᠵᠡᠷᠭᠡ ᠠᠵᠢᠯ ᠦᠢᠯᠡᠰ᠎ᠤᠨ ᠨᠢᠭᠡᠴᠡ ᠵᠢᠨ ᠰᠢᠨᠵᠢᠯᠡᠬᠦ ᠤᠬᠠᠭ᠋ᠠᠨ᠎ᠤ ᠰᠤᠳᠤᠯᠭ᠋ᠠᠨ᠎ᠤ ᠠᠵᠢᠯᠲᠠᠨ᠎ᠤ ᠡᠭᠦᠷᠭᠡ ᠲᠤᠰᠢᠶᠠᠯ᠎ᠤᠨ ᠰᠢᠨᠵᠢᠯᠡᠬᠦ ᠤᠬᠠᠭ᠋ᠠᠨ ᠮᠡᠷᠭᠡᠵᠢᠯ᠎ᠤᠨ ᠦᠷ᠎ᠡ ᠪᠦᠲᠦᠭᠡᠯ᠎ᠢ ᠤᠯᠠᠷᠢᠭᠤᠯᠬᠤ ᠲᠤᠬᠠᠶ ᠰᠢᠨ᠎ᠡ᠎ᠪᠠᠷ ᠲᠣᠳᠣᠷᠬᠠᠶ ᠪᠣᠯᠵᠣᠨ ᠲᠣᠭᠲᠠᠪᠠ᠃ ᠮᠡᠳᠡᠭᠳᠡᠯ᠎ᠳᠤ ᠵᠢᠭ᠋ᠠᠵᠤ ᠭᠠᠷᠭ᠋ᠠᠭᠰᠠᠨ᠎ᠨᠢ᠂ ᠳᠡᠭᠡᠳᠦ ᠰᠤᠷᠭ᠋ᠠᠭᠤᠯᠢ ᠬᠦᠷᠢᠶᠡᠯᠡᠩ ᠭᠠᠵᠠᠷ᠎ᠤᠨ ᠠᠵᠤ ᠠᠬᠤᠢ᠌ᠯᠠᠯ ᠠᠵᠢᠯ ᠦᠢᠯᠡᠰ᠎ᠤᠨ ᠨᠢᠭᠡᠴᠡ ᠵᠢᠨ ᠨᠠᠢ᠌ᠳᠠᠯᠭ᠎ᠠ ᠵᠢ ᠬᠦᠯᠢᠶᠡᠭᠰᠡᠨ ᠬᠥᠨᠳᠡᠯᠡᠨ ᠴᠢᠭᠯᠡᠯ᠎ᠤᠨ ᠲᠥᠷᠥᠯ ᠵᠦᠢᠯ᠎ᠳᠤ᠂ ᠬᠡᠷᠪᠡ ᠲᠤᠰᠢᠶᠠᠯ᠎ᠤᠨ ᠰᠢᠨᠵᠢᠯᠡᠬᠦ ᠤᠬᠠᠭ᠋ᠠᠨ ᠮᠡᠷᠭᠡᠵᠢᠯ᠎ᠤᠨ ᠦᠷ᠎ᠡ ᠪᠦᠲᠦᠭᠡᠯ᠎ᠤᠨ ᠬᠤᠪᠢᠷᠠᠭᠤᠯᠤᠯᠲᠠ ᠵᠢᠨ ᠠᠵᠢᠯ ᠳᠤᠮᠳᠠ ᠥᠷᠨᠢᠭᠦᠯᠦᠭᠰᠡᠨ ᠮᠡᠷᠭᠡᠵᠢᠯ᠎ᠤᠨ ᠨᠡᠭᠡᠭᠡᠯᠲᠡ ᠪᠣᠯ᠂ ᠮᠡᠷᠭᠡᠵᠢᠯ᠎ᠤᠨ ᠵᠥᠪᠯᠡᠯᠭᠡ ᠪᠠ ᠮᠡᠷᠭᠡᠵᠢᠯ᠎ᠤᠨ ᠦᠢᠯᠡᠴᠢᠯᠡᠭᠡ᠂ ᠳᠡᠭᠡᠳᠦ ᠰᠤᠷᠭ᠋ᠠᠭᠤᠯᠢ ᠬᠦᠷᠢᠶᠡᠯᠡᠩ ᠭᠠᠵᠠᠷ᠎ᠨᠢ ᠬᠣᠯᠪᠣᠭᠳᠠᠯ ᠪᠥᠬᠥᠶ ᠪᠠᠢ᠌ᠳᠠᠯ ᠪᠠ ᠲᠣᠭᠲᠠᠭ᠋ᠠᠯ ᠶᠣᠰᠣᠭ᠋ᠠᠷ᠂ ᠲᠤᠬᠠᠢ ᠵᠢᠨ ᠭᠠᠵᠠᠷ᠎ᠤᠨ ᠰᠢᠨᠵᠢᠯᠡᠬᠦ ᠤᠬᠠᠭ᠋ᠠᠨ ᠮᠡᠷᠭᠡᠵᠢᠯ᠎ᠤᠨ ᠡᠷᠬᠢᠯᠡᠨ ᠬᠠᠮᠢᠶᠠᠷᠬᠤ ᠰᠠᠯᠠᠭ᠎ᠠ ᠮᠥᠴᠢᠷ᠎ᠲᠤ ᠣᠴᠢᠵᠤ ᠮᠡᠷᠭᠡᠵᠢᠯ᠎ᠤᠨ ᠭᠡᠷ᠎ᠡ ᠳᠠᠩᠰᠠᠯᠠᠭᠤᠯᠤᠨ᠎ᠠ᠂ ᠮᠡᠷᠭᠡᠵᠢᠯ ᠤᠨ ᠨᠡᠭᠡᠭᠡᠯᠲᠡ ᠬᠢᠬᠦ᠎ᠪᠠᠷ ᠮᠠᠭ᠋ᠠᠳᠯᠠᠨ ᠲᠣᠭᠲᠠᠭ᠋ᠠᠬᠤ᠂ ᠮᠡᠷᠭᠡᠵᠢᠯ᠎ᠤᠨ ᠵᠥᠪᠳᠡᠯᠭᠡ ᠬᠢᠭᠡᠳ ᠮᠡᠷᠭᠡᠵᠢᠯ᠎ᠤᠨ ᠦᠢ᠍ᠯᠡᠴᠢᠯᠡᠭᠡ ᠵᠢᠨ ᠭᠡᠷ᠎ᠡ᠂ ᠦᠷ᠎ᠡ ᠪᠦᠲᠦᠭᠡᠯ᠎ᠢ ᠤᠯᠠᠷᠢᠭᠤᠯᠬᠤ ᠵᠢ ᠠᠬᠢᠭᠤᠯᠬᠤ ᠬᠠᠤᠯᠢ ᠵᠡᠷᠭᠡ ᠬᠠᠤᠯᠢ ᠴᠠᠭ᠋ᠠᠵᠠ ᠬᠠᠤᠯᠢ ᠲᠣᠭᠲᠠᠭ᠋ᠠᠯ ᠶᠣᠰᠣᠭ᠋ᠠᠷ ᠰᠢᠨᠵᠢᠯᠡᠬᠦ ᠤᠬᠠᠭ᠋ᠠᠨ᠎ᠤ ᠰᠤᠳᠤᠯᠭ᠋ᠠᠨ᠎ᠤ ᠠᠵᠢᠯᠲᠠᠨ᠎ᠳᠤ ᠪᠡᠯᠡᠨ ᠵᠣᠭᠣᠰ᠎ᠤᠨ ᠱᠠᠩᠨᠠᠯ ᠣᠯᠭᠣᠵᠤ ᠪᠣᠯᠤᠨ᠎ᠠ᠂ ᠪᠠᠢ᠌ᠭ᠎ᠠ ᠨᠢᠭᠡᠴᠢ᠎ᠳᠡᠭᠡᠨ ᠪᠣᠳᠣᠵᠤ ᠣᠷᠣᠭᠤᠯᠬᠤ ᠠᠮᠵᠢᠯᠲᠠ ᠪᠦᠲᠦᠮᠵᠢ ᠵᠢᠨ ᠴᠠᠯᠢᠩ᠎ᠤᠨ ᠶᠡᠷᠦᠩᠬᠡᠶ ᠬᠡᠮᠵᠢᠶ᠎ᠡ᠂ ᠭᠡᠪᠡᠴᠦ ᠬᠢᠨᠠᠨ ᠲᠣᠭᠲᠠᠭ᠋ᠠᠭᠰᠠᠨ ᠠᠮᠵᠢᠯᠲᠠ ᠪᠦᠲᠦᠮᠵᠢ ᠵᠢᠨ ᠴᠠᠯᠢᠩ᠎ᠤᠨ ᠶᠡᠷᠦᠩᠬᠡᠶ ᠬᠡᠮᠵᠢᠶ᠎ᠡ᠎ᠳᠤ ᠬᠢᠵᠠᠭ᠋ᠠᠷᠯᠠᠭᠳᠠᠬᠤ ᠦᠭᠡᠶ᠃
ᠳᠥᠭᠥᠮᠴᠢᠯᠡᠭᠡᠳ ᠬᠡᠯᠡᠪᠡᠯ᠂ ᠲᠣᠰ ᠮᠡᠳᠡᠭᠳᠡᠯ᠎ᠳᠤ ᠦᠷ᠎ᠡ ᠪᠦᠲᠦᠭᠡᠯ᠎ᠢ ᠰᠢᠯᠵᠢᠭᠦᠯᠦᠨ ᠬᠤᠪᠢᠷᠠᠭᠤᠯᠬᠤ ᠶᠠᠪᠤᠴᠠ᠎ᠳᠠᠬᠢ ᠮᠡᠷᠭᠡᠵᠢᠯ᠎ᠤᠨ ᠨᠡᠭᠡᠭᠡᠨ ᠬᠥᠭᠵᠢᠭᠦᠯᠦᠯᠲᠡ᠂ ᠮᠡᠷᠭᠡᠵᠢᠯ᠎ᠤᠨ ᠵᠥᠪᠯᠡᠯᠭᠡ ᠪᠠ ᠮᠡᠷᠭᠡᠵᠢᠯ᠎ᠤᠨ ᠦᠢᠯᠡᠴᠢᠯᠡᠭᠡ ᠵᠢ ᠲᠤᠬᠠᠶ ᠵᠢᠨ ᠭᠠᠵᠠᠷ᠎ᠤᠨ ᠰᠢᠨᠵᠢᠯᠡᠬᠦ ᠤᠬᠠᠭ᠋ᠠᠨ ᠮᠡᠷᠭᠡᠵᠢᠯ᠎ᠤᠨ ᠡᠷᠭᠢᠯᠡᠨ ᠬᠠᠮᠢᠶᠠᠷᠬᠤ ᠰᠠᠯᠠᠭ᠎ᠠ ᠮᠥᠴᠢᠷ ᠵᠶ᠋ᠡᠷ ᠮᠠᠭ᠋ᠠᠳᠯᠠᠨ ᠲᠣᠭᠲᠠᠭ᠋ᠠᠯᠭ᠋ᠠᠭᠰᠠᠨ᠎ᠤ ᠳᠠᠷᠠᠭ᠎ᠠ᠂ ᠰᠢᠨᠵᠢᠯᠡᠬᠦ ᠤᠬᠠᠭ᠋ᠠᠨ ᠮᠡᠷᠭᠡᠵᠢᠯ᠎ᠤᠨ ᠦᠷ᠎ᠡ ᠪᠦᠲᠦᠭᠡᠯ᠎ᠤᠨ ᠬᠤᠪᠢᠷᠠᠭᠤᠯᠤᠯᠲᠠ ᠵᠢ ᠠᠬᠢᠭᠤᠯᠬᠤ ᠬᠠᠤᠯᠢ ᠵᠡᠷᠭᠡ ᠬᠠᠤᠯᠢ ᠴᠠᠭ᠋ᠠᠵᠠ ᠬᠠᠤᠯᠢ ᠲᠣᠭᠲᠠᠭ᠋ᠠᠯ᠎ᠢ ᠦᠨᠳᠦᠰᠦᠯᠡᠨ ᠰᠢᠨᠵᠢᠯᠡᠬᠦ ᠤᠬᠠᠭ᠋ᠠᠨ᠎ᠤ ᠰᠤᠳᠤᠯᠭ᠋ᠠᠨ᠎ᠤ ᠠᠵᠢᠯᠲᠠᠨ᠎ᠳᠤ ᠪᠡᠯᠡᠨ ᠵᠣᠭᠣᠰ᠎ᠤᠨ ᠱᠠᠩᠨᠠᠯ ᠣᠯᠭᠣᠵᠤ ᠪᠣᠯᠤᠨ᠎ᠠ᠂ ᠲᠡᠷᠡᠴᠢᠯᠡᠨ ᠱᠠᠩᠨᠠᠯ ᠣᠯᠭᠣᠬᠤ ᠲᠣᠭ᠎ᠠ ᠬᠡᠮᠵᠢᠶ᠎ᠡ᠎ᠨᠢ ᠨᠢᠭᠡᠴᠢ ᠵᠢᠨ ᠠᠮᠵᠢᠯᠲᠠ ᠪᠦᠲᠦᠮᠵᠢ ᠵᠢᠨ ᠴᠠᠯᠢᠩ᠎ᠤᠨ ᠶᠡᠷᠦᠩᠬᠡᠶ ᠲᠣᠭ᠎ᠠ᠎ᠳᠤ ᠬᠢᠵᠠᠭ᠋ᠠᠷᠯᠠᠭᠳᠠᠬᠤ ᠥᠬᠡᠶ᠃


