ᠨᠠᠮ᠎ᠤᠨ ᠠᠷᠪᠠᠨ ᠨᠠᠢᠮᠠᠳᠤᠭ᠋ᠠᠷ ᠶᠡᠬᠡ ᠬᠤᠷᠠᠯ᠎ᠠᠴᠠ ᠨᠠᠰᠢ᠂ ᠰᠢ ᠵᠢᠨ ᠫᠢᠩ ᠨᠥᠬᠥᠷ ᠵᠶ᠋ᠡᠷ ᠭᠣᠤᠯᠯᠠᠭᠤᠯᠤᠭᠰᠠᠨ ᠨᠠᠮ᠎ᠤᠨ ᠲᠥᠪ ᠬᠣᠷᠢᠶ᠎ᠠ ᠰᠢᠨᠵᠢᠯᠡᠬᠦ ᠤᠬᠠᠭ᠋ᠠᠨ ᠮᠡᠷᠭᠡᠵᠢᠯ᠎ᠤᠨ ᠰᠢᠨ᠎ᠡ ᠵᠢ ᠡᠭᠦᠳᠬᠦ ᠠᠵᠢᠯ᠎ᠢ ᠳᠡᠭᠡᠳᠦ ᠬᠡᠮᠵᠢᠶ᠎ᠡ᠎ᠪᠠᠷ ᠴᠢᠬᠤᠯᠠᠴᠢᠯᠠᠵᠤ᠂ ᠰᠢᠨᠵᠢᠯᠡᠬᠦ ᠤᠬᠠᠭ᠋ᠠᠨ ᠮᠡᠷᠭᠡᠵᠢᠯ᠎ᠤᠨ ᠦᠷ᠎ᠡ ᠪᠦᠲᠦᠭᠡᠯ᠎ᠤᠨ ᠬᠤᠪᠢᠷᠠᠭᠤᠯᠤᠯᠲᠠ ᠵᠢ ᠠᠬᠢᠭᠤᠯᠬᠤ ᠶᠠᠪᠤᠳᠠᠯ᠎ᠢ ᠲᠤᠢ᠌ᠯ᠎ᠤᠨ ᠴᠢᠬᠤᠯᠠ ᠪᠠᠢ᠌ᠷᠢᠨ᠎ᠳᠤ ᠲᠠᠯᠪᠢᠵᠤ ᠲᠥᠰᠦᠪᠯᠡᠨ ᠪᠠᠢ᠌ᠷᠢᠯᠠᠭᠤᠯᠪᠠ ᠃ ᠶᠡᠷᠦᠩᠬᠡᠢ ᠱᠦᠵᠢ ᠰᠢ ᠵᠢᠨ ᠫᠢᠩ᠂ 《ᠰᠢᠨᠵᠢᠯᠡᠬᠦ ᠤᠬᠠᠭ᠋ᠠᠨ᠎ᠤ ᠰᠤᠳᠤᠯᠭ᠋ᠠᠨ᠎ᠤ ᠦᠷ᠎ᠡ ᠪᠦᠲᠦᠭᠡᠯ᠎ᠤᠨ ᠬᠡᠪ ᠵᠠᠭᠪᠤᠷ᠎ᠠᠴᠠ ᠦᠢ᠍ᠯᠡᠳᠬᠦᠨ ᠪᠤᠯᠵᠤ ᠲᠠᠬᠢᠨ ᠲᠠᠸᠠᠷ ᠪᠤᠯᠵᠤ ᠬᠤᠪᠢᠷᠠᠬᠤ ᠵᠢ ᠲᠦᠷᠭᠡᠳᠬᠡᠵᠦ᠂ ᠰᠢᠨᠵᠢᠯᠡᠬᠦ ᠤᠬᠠᠭ᠋ᠠᠨ ᠮᠡᠷᠭᠡᠵᠢᠯ᠎ᠤᠨ ᠦᠷ᠎ᠡ ᠪᠦᠲᠦᠭᠡᠯ᠎ᠢ ᠣᠳᠣᠬᠢᠴᠢᠯᠠᠯᠲᠠ ᠵᠢᠨ ᠦᠢ᠍ᠯᠡᠰ᠎ᠲᠤ ᠭᠦᠢ᠍ᠴᠡᠳ ᠬᠡᠷᠡᠭᠯᠡᠬᠦ ᠬᠡᠷᠡᠭᠲᠡᠢ》᠂ 《ᠮᠡᠳᠡᠯᠭᠡ ᠵᠢᠨ ᠥᠮᠴᠢᠯᠡᠯ᠎ᠤᠨ ᠡᠷᠬᠡ ᠵᠢ ᠬᠠᠮᠠᠭ᠋ᠠᠯᠠᠬᠤ ᠪᠣᠯ ᠳᠠᠷᠤᠢ ᠰᠢᠨ᠎ᠡ ᠵᠢ ᠡᠭᠦᠳᠬᠦ ᠵᠢ ᠬᠠᠮᠠᠭ᠋ᠠᠯᠠᠬᠤ ᠶᠠᠪᠤᠳᠠᠯ ᠪᠣᠯᠤᠨ᠎ᠠ》 ᠭᠡᠵᠦ ᠴᠢᠬᠤᠯᠠᠴᠢᠯᠠᠵᠤ᠂ ᠰᠢᠨᠵᠢᠯᠡᠬᠦ ᠤᠬᠠᠭ᠋ᠠᠨ ᠮᠡᠷᠭᠡᠵᠢᠯ᠎ᠤᠨ ᠦᠷ᠎ᠡ ᠪᠦᠲᠦᠭᠡᠯ᠎ᠢ ᠣᠨᠳᠣᠣᠰᠢᠭᠤᠯᠬᠤ ᠪᠠᠢ᠌ᠭᠤᠯᠤᠮᠵᠢ ᠲᠣᠭᠲᠠᠴᠠ ᠵᠢ ᠲᠡᠭᠦᠯᠳᠡᠷᠵᠢᠭᠦᠯᠬᠦ᠂ ᠰᠢᠨᠵᠢᠯᠡᠬᠦ ᠤᠬᠠᠭ᠋ᠠᠨ ᠮᠡᠷᠭᠡᠵᠢᠯ᠎ᠤᠨ ᠠᠵᠢᠯᠳᠠᠨ᠎ᠤ ᠢᠳᠡᠪᠬᠢᠵᠢᠯ ᠪᠦᠲᠦᠭᠡᠯᠴᠢ ᠴᠢᠨᠠᠷ᠎ᠢ ᠬᠠᠮᠠᠭ᠋ᠠᠯᠠᠨ ᠵᠣᠷᠢᠭᠵᠢᠭᠤᠯᠬᠤ ᠲᠤᠬᠠᠢ ᠠᠯᠢ ᠤᠯᠠᠨ ᠴᠢᠬᠤᠯᠠ ᠵᠢᠭ᠋ᠠᠪᠤᠷᠢ ᠥᠭᠴᠦ᠂ ᠰᠢᠨᠵᠢᠯᠡᠬᠦ ᠤᠬᠠᠭ᠋ᠠᠨ ᠮᠡᠷᠭᠡᠵᠢᠯ᠎ᠤᠨ ᠦᠷ᠎ᠡ ᠪᠦᠲᠦᠭᠡᠯ᠎ᠢ ᠣᠨᠳᠣᠣᠰᠢᠭᠤᠯᠬᠤ ᠵᠢ ᠠᠬᠢᠭᠤᠯᠬᠤ᠎ᠳᠤ ᠤᠷᠤᠭᠰᠢᠯᠠᠬᠤ ᠴᠢᠭᠯᠡᠯ᠎ᠢ ᠲᠣᠳᠣᠷᠬᠠᠢ ᠵᠢᠭ᠋ᠠᠵᠤ᠂ ᠦᠨᠳᠦᠰᠦᠨ ᠵᠢᠷᠤᠮᠯᠠᠯ ᠬᠠᠩᠭ᠋ᠠᠵᠠᠢ ᠃ ᠨᠠᠮ᠎ᠤᠨ ᠲᠥᠪ ᠬᠣᠷᠢᠶᠠᠨ᠎ᠤ ᠪᠠᠲᠤ ᠴᠢᠩᠭ᠎ᠠ ᠤᠳᠤᠷᠢᠳᠤᠯᠭ᠎ᠠ ᠳᠣᠣᠷ᠎ᠠ᠂ ᠡᠯ᠎ᠡ ᠭᠠᠵᠠᠷ ᠣᠷᠣᠨ᠂ ᠡᠯ᠎ᠡ ᠰᠠᠯᠠᠭ᠎ᠠ ᠮᠥᠴᠢᠷ᠎ᠤᠨ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠦᠷ᠎ᠡ ᠪᠦᠲᠦᠭᠡᠯ᠎ᠢ ᠣᠨᠳᠣᠣᠰᠢᠭᠤᠯᠬᠤ ᠵᠢ ᠠᠬᠢᠭᠤᠯᠬᠤ ᠲᠦᠷᠦ ᠵᠢᠨ ᠪᠤᠳᠤᠯᠭ᠎ᠠ ᠠᠷᠭ᠎ᠠ ᠬᠡᠮᠵᠢᠶ᠎ᠡ ᠵᠢ ᠵᠠᠯᠭ᠋ᠠᠭ᠎ᠠ᠎ᠪᠠᠷ ᠲᠣᠭᠲᠠᠭ᠋ᠠᠵᠤ᠂ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠦᠷ᠎ᠡ ᠪᠦᠲᠦᠭᠡᠯ᠎ᠢ ᠣᠨᠳᠣᠣᠰᠢᠭᠤᠯᠬᠤ ᠵᠢ ᠠᠬᠢᠭᠤᠯᠬᠤ ᠲᠣᠭᠣᠷᠢᠨ᠎ᠳᠤ ᠢᠳᠡᠪᠬᠢᠲᠡᠢ ᠰᠦᠪᠡᠭᠴᠢᠯᠡᠯᠳᠡ ᠬᠢᠵᠦ᠂ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠡᠲᠡᠭᠡᠳ᠂ ᠠᠵᠤ ᠠᠬᠤᠢ ᠵᠢᠨ ᠡᠲᠡᠭᠡᠳ᠎ᠤᠨ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠦᠷ᠎ᠡ ᠪᠦᠲᠦᠭᠡᠯ᠎ᠢ ᠣᠨᠳᠣᠣᠰᠢᠭᠤᠯᠬᠤ ᠢᠳᠡᠪᠬᠢᠵᠢᠯ ᠢᠯᠡᠳᠲᠡ ᠳᠡᠭᠡᠭᠰᠢᠯᠡᠵᠦ᠂ ᠪᠦᠬᠦ ᠨᠡᠢ᠌ᠭᠡᠮ᠎ᠤᠨ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠦᠷ᠎ᠡ ᠪᠦᠲᠦᠭᠡᠯ᠎ᠢ ᠣᠨᠳᠣᠣᠰᠢᠭᠤᠯᠬᠤ᠎ᠳᠠᠬᠢ ᠣᠷᠣᠭᠤᠯᠤᠯᠲᠠ ᠢᠯᠡᠳᠲᠡ ᠨᠡᠮᠡᠭᠳᠡᠵᠦ᠂ ᠮᠠᠨ᠎ᠤ ᠤᠯᠤᠰ᠎ᠤᠨ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠦᠷ᠎ᠡ ᠪᠦᠲᠦᠭᠡᠯ᠎ᠢ ᠣᠨᠳᠣᠣᠰᠢᠭᠤᠯᠬᠤ᠎ᠳᠤ ᠴᠡᠴᠡᠭᠯᠡᠨ ᠬᠥᠭᠵᠢᠭᠰᠡᠨ ᠴᠣ᠋ ᠰᠢᠨ᠎ᠡ ᠪᠠᠢ᠌ᠳᠠᠯ ᠢᠯᠡᠷᠡᠪᠡ ᠃
ᠰᠢᠨᠵᠢᠯᠡᠬᠦ ᠤᠬᠠᠭ᠋ᠠᠨ ᠮᠡᠷᠭᠡᠵᠢᠯ᠎ᠤᠨ ᠦᠷ᠎ᠡ ᠪᠦᠲᠦᠭᠡᠯ᠎ᠤᠨ ᠬᠤᠪᠢᠷᠠᠭᠤᠯᠤᠯᠲᠠ ᠵᠢ ᠠᠬᠢᠭᠤᠯᠬᠤ ᠬᠠᠤᠯᠢ ᠴᠠᠭ᠋ᠠᠵᠠ ᠬᠠᠤᠯᠢ ᠲᠣᠭᠲᠠᠭ᠋ᠠᠯ ᠪᠠ ᠲᠦᠷᠦ ᠵᠢᠨ ᠪᠤᠳᠤᠯᠭ᠎ᠠ ᠵᠢᠨ ᠤᠷᠮᠠᠰᠢᠭᠤᠯᠬᠤ ᠠᠷᠭ᠎ᠠ ᠬᠡᠮᠵᠢᠶ᠎ᠡ ᠡᠳᠦᠷ ᠢᠷᠡᠬᠦᠶ᠎ᠡ ᠲᠡᠭᠦᠯᠳᠡᠷᠵᠢᠵᠦ ᠪᠠᠢ᠌ᠨ᠎ᠠ ᠃ 《ᠰᠢᠨᠵᠢᠯᠡᠬᠦ ᠤᠬᠠᠭ᠋ᠠᠨ ᠮᠡᠷᠭᠡᠵᠢᠯ᠎ᠤᠨ ᠦᠷ᠎ᠡ ᠪᠦᠲᠦᠭᠡᠯ᠎ᠤᠨ ᠬᠤᠪᠢᠷᠠᠭᠤᠯᠤᠯᠲᠠ ᠵᠢ ᠠᠬᠢᠭᠤᠯᠬᠤ ᠬᠠᠤᠯᠢ》᠂ 《ᠲᠤᠰᠬᠠᠢ ᠠᠰᠢᠭ᠎ᠤᠨ ᠬᠠᠤᠯᠢ》᠎ᠳᠤ ᠳᠠᠬᠢᠨ ᠵᠠᠰᠠᠪᠤᠷᠢ ᠣᠷᠣᠭᠤᠯᠵᠤ᠂ 《〈ᠰᠢᠨᠵᠢᠯᠡᠬᠦ ᠤᠬᠠᠭ᠋ᠠᠨ ᠮᠡᠷᠭᠡᠵᠢᠯ᠎ᠤᠨ ᠦᠷ᠎ᠡ ᠪᠦᠲᠦᠭᠡᠯ᠎ᠤᠨ ᠬᠤᠪᠢᠷᠠᠭᠤᠯᠤᠯᠲᠠ ᠵᠢ ᠠᠬᠢᠭᠤᠯᠬᠤ ᠬᠠᠤᠯᠢ〉 ᠵᠢ ᠬᠡᠷᠡᠭᠵᠢᠭᠦᠯᠬᠦ ᠲᠣᠭᠲᠠᠭ᠋ᠠᠯ᠎ᠤᠳ》᠂ 《ᠰᠢᠨᠵᠢᠯᠡᠬᠦ ᠤᠬᠠᠭ᠋ᠠᠨ ᠮᠡᠷᠭᠡᠵᠢᠯ᠎ᠤᠨ ᠦᠷ᠎ᠡ ᠪᠦᠲᠦᠭᠡᠯ᠎ᠤᠨ ᠬᠤᠪᠢᠷᠠᠭᠤᠯᠤᠯᠲᠠ ᠵᠢ ᠠᠬᠢᠭᠤᠯᠬᠤ ᠠᠵᠢᠯᠯᠠᠭ᠋ᠠᠨ᠎ᠤ ᠲᠥᠰᠦᠯ》᠂ 《ᠤᠯᠤᠰ᠎ᠤᠨ ᠮᠡᠷᠭᠡᠵᠢᠯ᠎ᠢ ᠰᠢᠯᠵᠢᠭᠦᠯᠬᠦ ᠰᠢᠰᠲ᠋ᠧᠮ᠎ᠤᠨ ᠪᠠᠢ᠌ᠭᠤᠯᠤᠯᠲᠠ ᠵᠢᠨ ᠲᠥᠰᠦᠯ》᠎ᠢ ᠵᠠᠯᠭ᠋ᠠᠭ᠎ᠠ᠎ᠪᠠᠷ ᠨᠡᠢ᠌ᠲᠡᠯᠡᠵᠦ᠂ ᠬᠠᠤᠯᠢ ᠴᠠᠭ᠋ᠠᠵᠠ ᠵᠢᠨ ᠵᠦᠢ᠍ᠯ ᠪᠠᠳᠠᠭ᠎ᠲᠤ ᠵᠠᠰᠠᠪᠤᠷᠢ ᠣᠷᠣᠭᠤᠯᠬᠤ᠂ ᠢᠵᠢ ᠪᠦᠷᠢᠳᠦᠭᠦᠯᠬᠦ ᠨᠠᠷᠢᠨ ᠳᠦᠷᠢᠮ᠎ᠢ ᠲᠣᠭᠲᠠᠭ᠋ᠠᠬᠤ᠎ᠠᠴᠠ ᠠᠪᠤᠭ᠋ᠠᠳ ᠪᠣᠳᠠᠲᠠᠢ ᠡᠭᠦᠷᠭᠡ ᠵᠢ ᠪᠠᠢ᠌ᠷᠢᠯᠠᠭᠤᠯᠤᠭᠰᠠᠨ ᠬᠦᠷᠲᠡᠯ᠎ᠡ ᠰᠢᠨᠵᠢᠯᠡᠬᠦ ᠤᠬᠠᠭ᠋ᠠᠨ ᠮᠡᠷᠭᠡᠵᠢᠯ᠎ᠤᠨ ᠦᠷ᠎ᠡ ᠪᠦᠲᠦᠭᠡᠯ᠎ᠤᠨ ᠬᠤᠪᠢᠷᠠᠭᠤᠯᠤᠯᠲᠠ ᠵᠢ ᠠᠬᠢᠭᠤᠯᠬᠤ 《ᠭᠤᠷᠪᠠᠨ ᠠᠶᠠᠰ》᠎ᠢ ᠪᠦᠷᠢᠯᠳᠦᠭᠦᠯᠪᠡ ᠃ ᠰᠢᠨ᠎ᠡ ᠪᠠᠢ᠌ᠳᠠᠯ ᠰᠢᠨ᠎ᠡ ᠱᠠᠭ᠋ᠠᠷᠳᠠᠯᠭ᠎ᠠ᠎ᠳᠤ ᠵᠣᠬᠢᠴᠠᠭᠤᠯᠤᠨ᠂ 《ᠰᠢᠨᠵᠢᠯᠡᠬᠦ ᠤᠬᠠᠭ᠋ᠠᠨ ᠮᠡᠷᠭᠡᠵᠢᠯ᠎ᠤᠨ ᠦᠷ᠎ᠡ ᠪᠦᠲᠦᠭᠡᠯ᠎ᠢ ᠦᠨᠡᠯᠡᠬᠦ ᠲᠣᠭᠲᠠᠴᠠ ᠵᠢ ᠲᠡᠭᠦᠯᠳᠡᠷᠵᠢᠭᠦᠯᠬᠦ ᠲᠤᠬᠠᠶ ᠵᠢᠯᠣᠭᠣᠳᠬᠤ ᠰᠠᠨᠠᠯ》᠎ᠢ ᠨᠡᠢ᠌ᠲᠡᠯᠡᠵᠦ᠂ ᠰᠢᠨᠵᠢᠯᠡᠬᠦ ᠤᠬᠠᠭ᠋ᠠᠨ ᠮᠡᠷᠭᠡᠵᠢᠯ᠎ᠤᠨ ᠰᠢᠨ᠎ᠡ ᠵᠢ ᠡᠭᠦᠳᠬᠦ ᠵᠢᠮ᠎ᠡ ᠶᠣᠰᠣ ᠵᠢ ᠵᠢᠷᠤᠮᠯᠠᠨ᠂ ᠰᠢᠨᠵᠢᠯᠡᠬᠦ ᠤᠬᠠᠭ᠋ᠠᠨ ᠮᠡᠷᠭᠡᠵᠢᠯ᠎ᠤᠨ ᠦᠷ᠎ᠡ ᠪᠦᠲᠦᠭᠡᠯ᠎ᠢ ᠦᠨᠡᠯᠡᠬᠦ ᠵᠥᠪ ᠤᠳᠤᠷᠢᠳᠤᠮᠵᠢ ᠵᠢ ᠪᠠᠷᠢᠮᠲᠠᠯᠠᠵᠤ᠂ ᠰᠢᠨᠵᠢᠯᠡᠬᠦ ᠤᠬᠠᠭ᠋ᠠᠨ ᠮᠡᠷᠭᠡᠵᠢᠯ᠎ᠤᠨ ᠠᠵᠢᠯᠲᠠᠨ᠎ᠤ ᠢᠳᠡᠪᠬᠢᠵᠢᠯ᠎ᠢ ᠬᠥᠭᠵᠢᠭᠡᠨ᠂ ᠵᠠᠰᠠᠭ᠎ᠤᠨ ᠣᠷᠳᠣᠨ᠂ ᠨᠡᠢ᠌ᠭᠡᠮ᠎ᠤᠨ ᠵᠣᠬᠢᠶᠠᠨ ᠪᠠᠢ᠌ᠭᠤᠯᠤᠯᠲᠠ᠂ ᠠᠵᠤ ᠠᠬᠤᠢ᠌ᠯᠠᠯ᠂ ᠪᠠᠯᠠ ᠣᠷᠣᠭᠤᠯᠤᠯᠲᠠ ᠪᠠᠯᠠ ᠲᠣᠬᠢᠷᠠᠭᠤᠯᠭ᠎ᠠ ᠵᠢᠨ ᠪᠠᠢ᠌ᠭᠤᠯᠤᠮᠵᠢ ᠵᠡᠷᠭᠡ ᠵᠢᠨ ᠬᠠᠮᠲᠤ᠎ᠪᠠᠷ ᠣᠷᠣᠯᠴᠠᠭᠰᠠᠨ ᠣᠯᠠᠨ ᠡᠰᠢᠲᠦ ᠦᠨᠡᠯᠡᠯᠲᠡ ᠵᠢᠨ ᠰᠢᠰᠲ᠋ᠧᠮᠵᠢ ᠵᠢ ᠲᠦᠷᠭᠡᠳᠬᠡᠨ ᠪᠠᠢ᠌ᠭᠤᠯᠤᠨ᠎ᠠ ᠃ ᠡᠳ᠋᠎ᠤᠨ ᠵᠠᠰᠠᠭ ᠭᠠᠢ᠌ᠯᠢ ᠲᠠᠲᠠᠪᠤᠷᠢ ᠵᠢᠨ ᠲᠦᠷᠦ ᠵᠢᠨ ᠪᠤᠳᠤᠯᠭ᠎ᠠ ᠵᠢᠨ ᠰᠢᠨᠵᠢᠯᠡᠬᠦ ᠤᠬᠠᠭ᠋ᠠᠨ ᠮᠡᠷᠭᠡᠵᠢᠯ᠎ᠤᠨ ᠦᠷ᠎ᠡ ᠪᠦᠲᠦᠭᠡᠯ᠎ᠢ ᠬᠤᠪᠢᠷᠠᠭᠤᠯᠬᠤ ᠣᠷᠣᠭᠤᠯᠤᠯᠲᠠ ᠵᠢᠨ ᠡᠷᠴᠢᠮ᠎ᠢ ᠤᠯᠠᠮ ᠨᠢᠭᠡ ᠠᠯᠬᠤᠮ ᠴᠢᠩᠭ᠋ᠠᠷᠠᠭᠤᠯᠪᠠ ᠃ ᠰᠢᠨᠵᠢᠯᠡᠬᠦ ᠤᠬᠠᠭ᠋ᠠᠨ ᠮᠡᠷᠭᠡᠵᠢᠯ᠎ᠤᠨ ᠦᠷ᠎ᠡ ᠪᠦᠲᠦᠭᠡᠯ᠎ᠢ ᠤᠯᠠᠷᠢᠭᠤᠯᠬᠤ ᠵᠢᠨ ᠱᠠᠩᠨᠠᠨ ᠬᠥᠬᠢᠭᠦᠯᠬᠦ ᠬᠠᠷᠢᠴᠠᠯ᠂ ᠰᠲ᠋ᠣᠺ᠎ᠤᠨ ᠡᠷᠬᠡ ᠵᠢᠨ ᠬᠤᠭᠤᠴᠠᠭ᠋ᠠᠲᠤ ᠡᠷᠬᠡ ᠵᠢᠨ ᠤᠷᠮᠠᠰᠢᠭᠤᠯᠤᠯ᠂ ᠣᠯᠵᠠᠪᠤᠷᠢ ᠵᠢᠨ ᠭᠠᠢ᠌ᠯᠢ ᠵᠢ ᠬᠠᠰᠤᠵᠤ ᠬᠡᠯᠲᠦᠷᠢᠭᠦᠯᠬᠦ ᠵᠡᠷᠭᠡ ᠥᠭᠡᠷᠡᠴᠢᠯᠡᠯᠲᠡ ᠵᠢᠨ ᠠᠷᠭ᠎ᠠ ᠬᠡᠮᠵᠢᠶ᠎ᠡ ᠵᠢ ᠳᠡᠭᠡᠭᠰᠢᠯᠡᠭᠦᠯᠵᠦ᠂ ᠰᠢᠨᠵᠢᠯᠡᠬᠦ ᠤᠬᠠᠭ᠋ᠠᠨ᠎ᠤ ᠰᠤᠳᠤᠯᠭ᠋ᠠᠨ᠎ᠤ ᠠᠵᠢᠯᠲᠠᠨ᠎ᠤ ᠰᠢᠨᠵᠢᠯᠡᠬᠦ ᠤᠬᠠᠭ᠋ᠠᠨ ᠮᠡᠷᠭᠡᠵᠢᠯ᠎ᠤᠨ ᠦᠷ᠎ᠡ ᠪᠦᠲᠦᠭᠡᠯ᠎ᠢ ᠤᠯᠠᠷᠢᠭᠤᠯᠬᠤ ᠣᠷᠣᠯᠭ᠎ᠠ ᠵᠢ ᠶᠡᠬᠡ ᠬᠡᠮᠵᠢᠶ᠎ᠡ᠎ᠪᠠᠷ ᠳᠡᠭᠡᠭᠰᠢᠯᠡᠭᠦᠯᠦᠨ᠂ ᠰᠢᠨᠵᠢᠯᠡᠬᠦ ᠤᠬᠠᠭ᠋ᠠᠨ᠎ᠤ ᠰᠤᠳᠤᠯᠭ᠋ᠠᠨ᠎ᠤ ᠠᠵᠢᠯᠲᠠᠨ᠎ᠤ ᠢᠳᠡᠪᠬᠢᠵᠢᠯ᠎ᠢ ᠲᠤᠢ᠌ᠯ᠎ᠤᠨ ᠶᠡᠬᠡ᠎ᠪᠠᠷ ᠳᠠᠢ᠌ᠴᠢᠯᠠᠨ᠎ᠠ ᠃ ᠤᠯᠤᠰ᠎ᠤᠨ ᠰᠢᠨᠵᠢᠯᠡᠬᠦ ᠤᠬᠠᠭ᠋ᠠᠨ ᠮᠡᠷᠭᠡᠵᠢᠯ᠎ᠤᠨ ᠦᠷ᠎ᠡ ᠪᠦᠲᠦᠭᠡᠯ᠎ᠢ ᠤᠯᠠᠷᠢᠭᠤᠯᠬᠤ ᠵᠢ ᠬᠥᠲᠥᠯᠥᠨ ᠵᠢᠯᠣᠭᠣᠳᠬᠤ ᠰᠠᠭᠤᠷᠢ ᠮᠥᠩᠭᠥ᠎ᠨᠢ ᠨᠡᠢ᠌ᠭᠡᠮ᠎ᠤᠨ ᠬᠥᠷᠥᠩᠭᠡ ᠵᠢᠨ ᠠᠳᠠᠯ ᠦᠢᠯᠡᠰ ᠴᠣᠭᠴᠠᠯᠠᠬᠤ ᠪᠠᠯᠠ ᠣᠷᠣᠭᠤᠯᠤᠯᠲᠠ ᠵᠢᠨ ᠰᠠᠭᠤᠷᠢ ᠮᠥᠩᠭᠥ ᠪᠠᠢ᠌ᠭᠤᠯᠬᠤ᠂ ᠰᠢᠨᠵᠢᠯᠡᠬᠦ ᠤᠬᠠᠭ᠋ᠠᠨ ᠮᠡᠷᠭᠡᠵᠢᠯ᠎ᠤᠨ ᠰᠢᠨ᠎ᠡ ᠵᠢ ᠡᠭᠦᠳᠬᠦ ᠰᠠᠮᠪᠠᠷ᠎ᠠ ᠭᠠᠷᠭ᠋ᠠᠬᠤ ᠵᠢ ᠬᠥᠲᠥᠯᠥᠨ ᠵᠢᠯᠣᠭᠣᠳᠬᠤ ᠪᠠ ᠵᠣᠷᠢᠭᠵᠢᠭᠤᠯᠵᠤ᠂ ᠪᠠᠯᠠ ᠣᠷᠣᠭᠤᠯᠤᠯᠲᠠ ᠵᠢᠭᠡᠯᠡᠯᠭᠡ ᠵᠢ ᠬᠠᠮᠲᠤᠷᠠᠨ ᠬᠥᠳᠡᠯᠦᠯᠴᠡᠬᠦ᠂ ᠮᠡᠳᠡᠯᠭᠡ ᠵᠢᠨ ᠪᠦᠲᠦᠭᠡᠭᠳᠡᠬᠦᠨ᠎ᠤ ᠥᠮᠴᠢᠯᠡᠬᠦ ᠡᠷᠬᠡ᠎ᠪᠠᠨ ᠳᠠᠨᠵᠢᠯᠠᠨ ᠵᠢᠭᠡᠯᠡᠯᠭᠡ ᠵᠢᠭᠡᠯᠡᠬᠦ ᠵᠢ ᠥᠷᠨᠢᠭᠦᠯᠦᠨ᠂ ᠥᠨᠳᠥᠷ ᠬᠢᠷᠢ ᠲᠦᠪᠰᠢᠨ ᠪᠥᠬᠥᠶ ᠮᠡᠷᠭᠡᠵᠢᠯ᠎ᠤᠨ ᠠᠷᠠᠯᠵᠢᠶ᠎ᠠ ᠵᠢᠨ ᠵᠠᠬ᠎ᠠ ᠳᠡᠯᠭᠡᠭᠦᠷ᠎ᠢ ᠲᠦᠷᠭᠡᠳᠬᠡᠨ ᠪᠠᠢ᠌ᠭᠤᠯᠵᠤ᠂ ᠪᠠᠩᠬᠢ᠂ ᠳᠠᠭ᠋ᠠᠳᠬᠠᠯ᠂ ᠲᠡᠮᠳᠡᠭᠲᠦ ᠵᠢᠨ ᠪᠠᠢ᠌ᠭᠤᠯᠤᠮᠵᠢ ᠵᠢᠨ ᠰᠢᠨᠵᠢᠯᠡᠬᠦ ᠤᠬᠠᠭ᠋ᠠᠨ ᠮᠡᠷᠭᠡᠵᠢᠯ᠎ᠤᠨ ᠰᠢᠨ᠎ᠡ ᠵᠢ ᠡᠭᠦᠳᠬᠦ ᠪᠠ ᠦᠷ᠎ᠡ ᠪᠦᠲᠦᠭᠡᠯ᠎ᠢ ᠤᠯᠠᠷᠢᠭᠤᠯᠬᠤ ᠵᠢ ᠳᠡᠮᠵᠢᠨ᠎ᠡ ᠃ ᠡᠯ᠎ᠡ ᠱᠠᠲᠤᠨ᠎ᠤ ᠵᠠᠰᠠᠭ᠎ᠤᠨ ᠣᠷᠳᠣᠨ ᠢᠵᠢ ᠪᠦᠷᠢᠳᠦᠭᠦᠯᠬᠦ ᠬᠠᠤᠯᠢ ᠲᠣᠭᠲᠠᠭ᠋ᠠᠯ᠂ ᠲᠦᠷᠦ ᠵᠢᠨ ᠪᠤᠳᠤᠯᠭ᠎ᠠ ᠵᠢᠴᠢ ᠬᠡᠷᠡᠭᠵᠢᠭᠦᠯᠬᠦ ᠨᠠᠷᠢᠨ ᠲᠦᠷᠢᠮ᠎ᠢ ᠢᠳᠡᠪᠬᠢᠲᠡᠶ ᠨᠡᠢ᠌ᠲᠡᠯᠡᠵᠦ᠂ ᠮᠠᠨ᠎ᠤ ᠤᠯᠤᠰ᠎ᠤᠨ ᠰᠢᠨᠵᠢᠯᠡᠬᠦ ᠤᠬᠠᠭ᠋ᠠᠨ ᠮᠡᠷᠭᠡᠵᠢᠯ᠎ᠤᠨ ᠦᠷ᠎ᠡ ᠪᠦᠲᠦᠭᠡᠯ᠎ᠤᠨ ᠬᠤᠪᠢᠷᠠᠭᠤᠯᠤᠯᠲᠠ ᠵᠢ ᠠᠬᠢᠭᠤᠯᠬᠤ ᠬᠠᠤᠯᠢ ᠴᠠᠭ᠋ᠠᠵᠠ ᠲᠦᠷᠦ ᠵᠢᠨ ᠪᠤᠳᠤᠯᠭ᠎ᠠ ᠲᠦᠷᠢᠮ᠎ᠤᠨ ᠣᠷᠴᠢᠨ ᠨᠥᠬᠥᠴᠡᠯ᠎ᠢ ᠲᠠᠰᠤᠷᠠᠯᠳᠠ ᠦᠭᠡᠢ ᠰᠢᠯᠢᠳᠡᠭᠵᠢᠭᠦᠯᠪᠡ ᠃
ᠰᠢᠨᠵᠢᠯᠡᠬᠦ ᠤᠬᠠᠭ᠋ᠠᠨ ᠮᠡᠷᠭᠡᠵᠢᠯ᠎ᠤᠨ ᠦᠷ᠎ᠡ ᠪᠦᠲᠦᠭᠡᠯ᠎ᠢ ᠪᠣᠳᠠᠲᠤ ᠦᠢ᠍ᠯᠡᠳᠪᠦᠷᠢᠯᠡᠯ᠎ᠤᠨ ᠬᠦᠴᠦᠨ ᠪᠣᠯᠭ᠋ᠠᠨ ᠬᠤᠪᠢᠷᠠᠭᠤᠯᠬᠤ ᠵᠢ ᠠᠬᠢᠭᠤᠯᠬᠤ ᠠᠷᠭ᠎ᠠ ᠵᠠᠮ᠎ᠢ ᠨᠡᠩ ᠰᠢᠯᠤᠭᠤᠳᠬᠠᠪᠠ ᠃ ᠮᠡᠳᠡᠯᠭᠡ ᠵᠢᠨ ᠪᠦᠲᠦᠭᠡᠭᠳᠡᠬᠦᠨ᠎ᠤ ᠥᠮᠴᠢᠯᠡᠬᠦ ᠡᠷᠬᠡ ᠵᠢ ᠬᠠᠮᠠᠭ᠋ᠠᠯᠠᠬᠤ ᠴᠢᠩᠭ᠎ᠠ ᠲᠦᠷᠢᠮ᠎ᠢ ᠬᠡᠷᠡᠭᠵᠢᠭᠦᠯᠵᠦ᠂ ᠵᠢᠷᠤᠮᠵᠢᠯ᠎ᠲᠠᠢ ᠪᠥᠭᠡᠳ ᠡᠮᠬᠢ ᠵᠢᠷᠤᠮ᠎ᠲᠠᠢ᠂ ᠠᠮᠢᠵᠢᠷᠠᠯ᠎ᠤᠨ ᠬᠦᠴᠦᠨ ᠵᠶ᠋ᠡᠷ ᠪᠢᠯᠬᠠᠮ᠎ᠠ ᠲᠤᠰᠬᠠᠢ᠌ᠵᠢᠭᠰᠠᠨ᠂ ᠵᠠᠬ᠎ᠠ ᠳᠡᠯᠭᠡᠭᠦᠷᠴᠢᠯᠡᠭᠰᠡᠨ ᠮᠡᠳᠡᠯᠭᠡ ᠵᠢᠨ ᠪᠦᠲᠦᠭᠡᠭᠳᠡᠬᠦᠨ᠎ᠤ ᠥᠮᠴᠢᠯᠡᠬᠦ ᠡᠷᠬᠡ ᠵᠢᠨ ᠠᠵᠢᠯᠯᠠᠭ᠋ᠠᠨ᠎ᠤ ᠦᠢᠯᠡᠴᠢᠯᠡᠭᠡᠨ᠎ᠤ ᠪᠠᠢ᠌ᠭᠤᠯᠤᠮᠵᠢ ᠵᠢ ᠪᠠᠢ᠌ᠭᠤᠯᠵᠤ᠂ ᠡᠬᠢ ᠪᠠᠶᠠᠯᠢᠭ᠎ᠤᠨ ᠲᠣᠬᠢᠷᠠᠭᠤᠯᠤᠯᠲᠠ ᠳᠤᠮᠳᠠᠬᠢ ᠵᠠᠬ᠎ᠠ ᠳᠡᠯᠭᠡᠭᠦᠷ᠎ᠤᠨ ᠰᠢᠢᠳᠪᠦᠷᠢᠯᠡᠬᠦ ᠴᠢᠨᠠᠷᠲᠠᠶ ᠦᠢᠯᠡᠳᠦᠯ᠎ᠢ ᠪᠠᠳᠠᠷᠠᠭᠤᠯᠤᠨ᠂ ᠠᠵᠤ ᠠᠬᠤᠢ᠌ᠯᠠᠯ᠂ ᠶᠡᠬᠡ ᠳᠡᠭᠡᠳᠦ ᠰᠤᠷᠭ᠋ᠠᠭᠤᠯᠢ ᠬᠦᠷᠢᠶᠡᠯᠡᠩ ᠭᠠᠵᠠᠷ ᠪᠠ ᠰᠢᠨᠵᠢᠯᠡᠬᠦ ᠤᠬᠠᠭ᠋ᠠᠨ᠎ᠤ ᠰᠤᠳᠤᠯᠭ᠋ᠠᠨ᠎ᠤ ᠠᠵᠢᠯᠲᠠᠳ᠎ᠢ ᠢᠳᠡᠪᠬᠢᠲᠡᠶ᠎ᠪᠠᠷ ᠬᠥᠲᠥᠯᠦᠨ ᠵᠢᠯᠣᠭᠣᠳᠴᠤ ᠪᠠᠢ᠌ᠭ᠋ᠠᠳ ᠶᠠᠰᠤ ᠴᠢᠨᠠᠷ ᠵᠶ᠋ᠠᠷ ᠥᠨᠳᠥᠷ᠂ ᠥᠷᠲᠡᠭ ᠵᠶ᠋ᠡᠷ ᠥᠨᠳᠥᠷ ᠮᠡᠳᠡᠯᠭᠡ ᠵᠢᠨ ᠪᠦᠲᠦᠭᠡᠭᠳᠡᠬᠦᠨ᠎ᠤ ᠥᠮᠴᠢᠯᠡᠬᠦ ᠡᠷᠬᠡ ᠵᠢ ᠡᠭᠦᠳᠴᠦ᠂ ᠰᠢᠨᠵᠢᠯᠡᠬᠦ ᠤᠬᠠᠭ᠋ᠠᠨ ᠮᠡᠷᠭᠡᠵᠢᠯ᠎ᠤᠨ ᠦᠷ᠎ᠡ ᠪᠦᠲᠦᠭᠡᠯ᠎ᠢ ᠤᠯᠠᠷᠢᠭᠤᠯᠬᠤ ᠬᠦᠴᠦᠨ ᠴᠢᠳᠠᠪᠤᠷᠢ ᠵᠢ ᠪᠦᠲᠦᠮᠵᠢᠲᠡᠶ ᠳᠡᠭᠡᠭᠰᠢᠯᠡᠭᠦᠯᠬᠦ ᠬᠡᠷᠡᠭᠲᠡᠶ ᠃ ᠰᠢᠨᠵᠢᠯᠡᠬᠦ ᠤᠬᠠᠭ᠋ᠠᠨ ᠮᠡᠷᠭᠡᠵᠢᠯ᠎ᠤᠨ ᠦᠷ᠎ᠡ ᠪᠦᠲᠦᠭᠡᠯ᠎ᠢ ᠦᠨᠡᠯᠡᠬᠦ ᠲᠣᠭᠲᠠᠴᠠ ᠵᠢᠨ ᠥᠭᠡᠷᠡᠴᠢᠯᠡᠯᠲᠡ ᠵᠢ ᠭᠦᠨᠵᠡᠭᠡᠢ᠌ᠷᠡᠭᠦᠯᠵᠦ᠂ ᠰᠢᠨᠵᠢᠯᠡᠬᠦ ᠤᠬᠠᠭ᠋ᠠᠨ ᠮᠡᠷᠭᠡᠵᠢᠯ᠎ᠤᠨ ᠦᠷ᠎ᠡ ᠪᠦᠲᠦᠭᠡᠯ᠎ᠤᠨ ᠬᠡᠷᠡᠭᠯᠡᠬᠦ ᠡᠷᠬᠡ᠂ ᠰᠢᠢ᠍ᠳᠪᠦᠷᠢᠯᠡᠬᠦ ᠡᠷᠬᠡ ᠪᠠ ᠠᠰᠢᠭ ᠣᠷᠣᠯᠭ᠎ᠠ ᠵᠢ ᠬᠤᠪᠢᠶᠠᠷᠢᠯᠠᠬᠤ ᠡᠷᠬᠡ ᠵᠢ ᠳᠡᠭᠡᠳᠦ ᠰᠤᠷᠭ᠋ᠠᠭᠤᠯᠢ ᠪᠠ ᠰᠢᠨᠵᠢᠯᠡᠬᠦ ᠤᠬᠠᠭ᠋ᠠᠨ᠎ᠤ ᠰᠤᠳᠤᠯᠭ᠋ᠠᠨ᠎ᠤ ᠬᠦᠷᠢᠶᠡᠯᠡᠩ ᠭᠠᠵᠠᠷ᠎ᠲᠤ ᠲᠦᠷᠭᠡᠯᠡᠨ ᠪᠠᠭᠤᠯᠭ᠋ᠠᠵᠤ᠂ ᠰᠢᠨᠵᠢᠯᠡᠬᠦ ᠤᠬᠠᠭ᠋ᠠᠨ ᠮᠡᠷᠭᠡᠵᠢᠯ᠎ᠤᠨ ᠦᠷ᠎ᠡ ᠪᠦᠲᠦᠭᠡᠯ᠎ᠤᠨ ᠬᠤᠪᠢᠷᠠᠭᠤᠯᠤᠯᠲᠠ ᠵᠢᠨ ᠡᠵᠡᠨ ᠮᠡᠳᠡᠬᠦ ᠡᠷᠬᠡ ᠵᠢ ᠲᠠᠰᠤᠷᠠᠯᠲᠠ ᠦᠭᠡᠢ ᠥᠷᠭᠡᠳᠬᠡᠪᠡ ᠃ ᠰᠢᠨ᠎ᠡ ᠬᠡᠯᠪᠡᠷᠢ ᠵᠢᠨ ᠰᠤᠳᠤᠯᠤᠨ ᠨᠡᠭᠡᠭᠡᠬᠦ ᠪᠠᠢ᠌ᠭᠤᠯᠤᠮᠵᠢ ᠦᠳᠲᠡᠷ ᠲᠦᠷᠭᠡᠨ ᠬᠥᠭᠵᠢᠵᠦ᠂ ᠮᠡᠷᠭᠡᠵᠢᠯ᠎ᠤᠨ ᠵᠠᠬ᠎ᠠ ᠳᠡᠯᠭᠡᠭᠦᠷ᠂ ᠣᠷᠣᠨ ᠪᠦᠰᠡ ᠵᠢᠨ ᠮᠡᠷᠭᠡᠵᠢᠯ᠎ᠢ ᠰᠢᠯᠵᠢᠭᠦᠯᠬᠦ ᠲᠥᠪ᠂ ᠶᠡᠬᠡ ᠰᠤᠷᠭ᠋ᠠᠭᠤᠯᠢ ᠳᠡᠭᠡᠳᠦ ᠰᠤᠷᠭ᠋ᠠᠭᠤᠯᠢ ᠵᠢᠨ ᠬᠦᠷᠢᠶᠡᠯᠡᠩ ᠭᠠᠵᠠᠷ ᠪᠠ ᠠᠷᠠᠳ᠎ᠠᠴᠠ ᠡᠵᠡᠩᠨᠡᠭᠰᠡᠨ ᠮᠡᠷᠭᠡᠵᠢᠯ᠎ᠢ ᠰᠢᠯᠵᠢᠭᠦᠯᠬᠦ ᠪᠠᠢ᠌ᠭᠤᠯᠤᠮᠵᠢ ᠵᠢ ᠲᠦᠷᠭᠡᠯᠡᠨ ᠪᠠᠢ᠌ᠭᠤᠯᠵᠤ᠂ ᠮᠠᠨ᠎ᠤ ᠤᠯᠤᠰ᠎ᠤᠨ ᠰᠢᠨᠵᠢᠯᠡᠬᠦ ᠤᠬᠠᠭ᠋ᠠᠨ ᠮᠡᠷᠭᠡᠵᠢᠯ᠎ᠤᠨ ᠦᠷ᠎ᠡ ᠪᠦᠲᠦᠭᠡᠯ᠎ᠢ ᠰᠢᠯᠵᠢᠭᠦᠯᠦᠨ ᠬᠤᠪᠢᠷᠠᠭᠤᠯᠬᠤ ᠦᠢ᠍ᠯᠡᠴᠢᠯᠡᠭᠡᠨ᠎ᠤ ᠰᠢᠰᠲ᠋ᠧᠮ᠎ᠢ ᠦᠨᠳᠦᠰᠦᠨ᠎ᠳᠡᠭᠡᠨ ᠪᠦᠷᠢᠯᠳᠦᠭᠦᠯᠪᠡ ᠃ 2020 ᠣᠨ᠎ᠳᠤ᠂ ᠮᠠᠨ᠎ᠤ ᠤᠯᠤᠰ᠎ᠤᠨ ᠮᠡᠷᠭᠡᠵᠢᠯ᠎ᠤᠨ ᠠᠷᠠᠯᠵᠢᠶᠠᠨ᠎ᠤ ᠭᠡᠷ᠎ᠡ ᠵᠢᠨ ᠵᠣᠭᠣᠰ᠎ᠤᠨ ᠲᠣᠭ᠎ᠠ 2 . 83 ᠲᠦᠮᠡᠨ ᠳ᠋ᠦᠩᠰᠢᠭᠤᠷ ᠲᠥᠭᠥᠷᠢᠭ᠎ᠲᠤ ᠬᠦᠷᠪᠡ; 2019 ᠣᠨ᠎ᠳᠤ᠂ ᠪᠥᠬᠥ ᠤᠯᠤᠰ᠎ᠤᠨ 3450 ᠶᠡᠬᠡ ᠳᠡᠭᠡᠳᠦ ᠰᠤᠷᠭ᠋ᠠᠭᠤᠯᠢ ᠬᠦᠷᠢᠶᠡᠯᠡᠩ ᠭᠠᠵᠠᠷ᠎ᠤᠨ᠎ᠬᠢᠨ 《ᠳᠥᠷᠪᠡᠨ ᠮᠡᠷᠭᠡᠵᠢᠯ》᠎ᠤᠨ ᠭᠡᠷ᠎ᠡ ᠲᠣᠭᠲᠠᠭᠰᠠᠨ᠎ᠨᠢ ᠨᠡᠢ᠌ᠲᠡ 43 . 3 ᠲᠦᠮᠡᠨ ᠵᠦᠢᠯ᠎ᠳᠤ ᠬᠦᠷᠴᠦ᠂ ᠭᠡᠷ᠎ᠡ ᠵᠢᠨ ᠪᠥᠬᠥ ᠵᠣᠭᠣᠰ᠎ᠤᠨ ᠲᠣᠭ᠎ᠠ᠎ᠨᠢ 1086 ᠳ᠋ᠦᠩᠰᠢᠭᠤᠷ ᠲᠥᠭᠥᠷᠢᠭ᠎ᠲᠤ ᠬᠦᠷᠴᠡᠶ ᠃ 2020 ᠣᠨ᠎ᠳᠤ᠂ ᠪᠥᠬᠥ ᠤᠯᠤᠰ᠎ᠤᠨ ᠲᠤᠰᠬᠠᠶ ᠠᠰᠢᠭ᠎ᠢ ᠰᠢᠯᠵᠢᠭᠦᠯᠦᠨ ᠥᠭᠬᠦ᠂ ᠵᠥᠪᠰᠢᠶᠡᠷᠡᠬᠦ᠂ ᠳᠠᠨᠵᠢᠯᠠᠬᠤ ᠵᠡᠷᠭᠡ ᠡᠵᠡᠩᠨᠡᠯᠲᠡ ᠵᠢᠨ ᠲᠣᠭ᠎ᠠ 40 . 5 ᠲᠦᠮᠡᠨ ᠤᠳᠠᠭ᠎ᠠ ᠬᠦᠷᠴᠦ᠂ ᠲᠤᠰᠬᠠᠶ ᠠᠰᠢᠭ ᠪᠠ ᠲᠠᠸᠠᠷ᠎ᠤᠨ ᠲᠡᠮᠳᠡᠭ᠎ᠢ ᠳᠠᠨᠵᠢᠯᠠᠬᠤ ᠵᠣᠭᠣᠰ᠎ᠤᠨ ᠲᠣᠭ᠎ᠠ 2180 ᠳ᠋ᠦᠩᠰᠢᠭᠤᠷ ᠲᠥᠭᠥᠷᠢᠭ᠎ᠲᠤ ᠬᠥᠷᠪᠡ ᠃ ᠥᠨᠳᠥᠷ ᠥᠷᠲᠡᠭᠲᠦ ᠰᠢᠨᠵᠢᠯᠡᠬᠦ ᠤᠬᠠᠭ᠋ᠠᠨ ᠮᠡᠷᠭᠡᠵᠢᠯ᠎ᠤᠨ ᠦᠷ᠎ᠡ ᠪᠦᠲᠦᠭᠡᠯ ᠵᠢᠴᠢ ᠮᠡᠳᠡᠯᠭᠡ ᠵᠢᠨ ᠪᠦᠲᠦᠭᠡᠭᠳᠡᠬᠦᠨ᠎ᠤ ᠥᠮᠴᠢᠯᠡᠬᠦ ᠡᠷᠬᠡ ᠵᠢᠨ ᠡᠭᠦᠳᠦᠨ ᠪᠦᠲᠦᠭᠡᠬᠦ ᠥᠷᠲᠡᠭ᠎ᠢ ᠶᠡᠬᠡᠪᠡᠷ ᠳᠡᠭᠡᠭᠰᠢᠯᠡᠭᠦᠯᠦᠨ᠎ᠡ ᠃
ᠴᠢᠨᠠᠷ ᠰᠠᠢ᠌ᠲᠠᠶ ᠰᠢᠨᠵᠢᠯᠡᠬᠦ ᠤᠬᠠᠭ᠋ᠠᠨ ᠮᠡᠷᠭᠡᠵᠢᠯ᠎ᠤᠨ ᠦᠷ᠎ᠡ ᠪᠦᠲᠦᠭᠡᠯ᠎ᠨᠢ ᠠᠵᠤ ᠠᠬᠤᠶ ᠨᠡᠢ᠌ᠭᠡᠮ᠎ᠤᠨ ᠬᠥᠭᠵᠢᠯᠲᠡ ᠵᠢ ᠬᠦᠴᠦᠲᠡᠶ ᠲᠤᠯᠭ᠋ᠠᠭᠤᠷᠢᠯᠠᠪᠠ ᠃ 5 G ᠵᠢ ᠬᠤᠳᠠᠯᠳᠤᠭ᠋ᠠᠨ᠎ᠳᠤ ᠬᠡᠷᠡᠭᠯᠡᠵᠦ᠂ ᠣᠶᠤᠨᠴᠢ ᠦᠢᠯᠡᠳᠬᠦ ᠦᠢᠯᠡᠰ᠂ ᠡᠮ ᠡᠮᠨᠡᠯᠭᠡ ᠡᠷᠡᠭᠦᠯ ᠮᠡᠨᠳᠦ᠂ ᠡᠨᠧᠷᠭᠢ᠂ ᠠᠭᠤᠷᠬᠠᠶ ᠵᠢᠨ ᠦᠢᠯᠡᠰ᠂ ᠲᠠᠷᠢᠶᠠᠯᠠᠩ᠂ ᠰᠤᠷᠭ᠋ᠠᠨ ᠬᠥᠮᠦᠵᠢᠯ᠂ ᠮᠥᠩᠭᠥᠨ ᠭᠦᠢᠯᠭᠡᠭᠡ ᠵᠡᠷᠭᠡ ᠠᠵᠢᠯ ᠲᠥᠷᠥᠯ᠎ᠳᠤ ᠪᠣᠳᠠᠲᠠᠢ᠌ᠵᠢᠭᠤᠯᠤᠨ ᠳᠡᠯᠭᠡᠷᠡᠭᠦᠯᠬᠦ ᠵᠢ ᠪᠡᠶᠡᠯᠡᠭᠦᠯᠪᠡ ᠃ ᠳᠣᠬᠢᠭᠤᠷ ᠲᠤᠯᠤᠭ᠋ᠠᠨ ᠣᠲᠣ ᠳᠠᠭ᠋ᠠᠭᠤᠯᠢ ᠣᠲᠣ ᠵᠢ ᠪᠥᠬᠥ ᠪᠥᠮᠪᠥᠷᠴᠡᠭ᠎ᠲᠤ ᠲᠣᠤᠷ ᠪᠦᠷᠢᠯᠳᠦᠭᠦᠯᠵᠦ᠂ ᠵᠠᠮ ᠬᠠᠷᠢᠯᠴᠠᠭ᠎ᠠ ᠲᠡᠭᠡᠭᠡᠪᠦᠷᠢ᠂ ᠬᠣᠲᠠ ᠵᠢᠨ ᠪᠥᠲᠥᠭᠡᠨ ᠪᠠᠢ᠌ᠭᠤᠯᠤᠯᠲᠠ ᠵᠡᠷᠭᠡ ᠠᠷᠠᠳ᠎ᠤᠨ ᠬᠡᠷᠡᠭᠯᠡᠭᠡᠨ᠎ᠤ ᠭᠠᠵᠠᠷ᠎ᠲᠤ ᠠᠵᠤ ᠦᠢ᠌ᠯᠡᠰᠵᠢᠯᠲᠡ ᠵᠢᠨ ᠣᠷᠣᠨ ᠵᠠᠶ ᠥᠷᠭᠡᠨ ᠠᠭᠤᠳᠠᠮ ᠪᠠᠢ᠌ᠨ᠎ᠠ ᠃ ᠥᠨᠳᠥᠷ ᠬᠤᠷᠳᠤᠴᠠᠲᠤ ᠲᠡᠮᠦᠷ ᠵᠠᠮ᠂ ᠬᠠᠭ᠋ᠠᠰ ᠳᠠᠮᠵᠢᠭᠤᠯᠤᠭᠴᠢ ᠵᠢᠨ ᠭᠡᠷᠡᠯᠲᠦᠭᠦᠯᠭᠡ᠂ ᠲᠡᠰ᠎ᠠᠴᠠ ᠳᠠᠪᠠᠭᠰᠠᠨ ᠪᠤᠳᠤᠯᠭ᠎ᠠ᠂ ᠳᠡᠭᠡᠳᠦ ᠲᠡᠰ᠎ᠤᠨ ᠲᠣᠨᠣᠭᠯᠠᠯ᠂ ᠵᠣᠬᠢᠶᠠᠮᠠᠯ ᠤᠶᠤᠨ ᠴᠢᠳᠠᠪᠤᠷᠢ᠂ ᠰᠢᠨ᠎ᠡ ᠡᠨᠧᠷᠭᠢ ᠵᠢᠨ ᠮᠠᠰᠢᠨ ᠲᠡᠷᠭᠡ᠂ ᠰᠢᠨ᠎ᠡ ᠬᠡᠯᠪᠡᠷᠢ ᠵᠢᠨ ᠦᠵᠡᠭᠦᠯᠭᠡ ᠵᠡᠷᠭᠡ ᠬᠦᠷᠢᠶᠡᠨ᠎ᠤ ᠮᠡᠷᠭᠡᠵᠢᠯ᠎ᠤᠨ ᠰᠢᠨ᠎ᠡ ᠵᠢ ᠡᠭᠦᠳᠬᠦ ᠴᠢᠳᠠᠪᠤᠷᠢ ᠢᠯᠡᠳᠲᠡ ᠳᠡᠭᠡᠭᠰᠢᠯᠡᠵᠦ᠂ ᠮᠠᠨ᠎ᠤ ᠤᠯᠤᠰ᠎ᠤᠨ ᠪᠠᠢ᠌ᠯᠳᠤᠬᠤ ᠪᠤᠳᠤᠯᠭ᠎ᠠ ᠵᠢᠨ ᠴᠢᠨᠠᠷᠲᠠᠢ ᠰᠢᠨ᠎ᠡ᠎ᠪᠠᠷ ᠮᠠᠨᠳᠤᠭᠰᠠᠨ ᠠᠵᠤ ᠦᠢ᠍ᠯᠡᠰ᠎ᠤᠨ ᠲᠠᠪᠠᠯᠳᠠᠳᠤ ᠮᠠᠶᠢᠭ᠎ᠤᠨ ᠬᠥᠭᠵᠢᠯᠲᠡ ᠵᠢ ᠠᠬᠢᠭᠤᠯᠪᠠ ᠃ ᠤᠰᠤᠨ᠎ᠤ ᠪᠣᠬᠢᠷᠲᠤᠯ᠂ ᠠᠭ᠋ᠠᠷ ᠮᠠᠨᠳᠠᠯ᠎ᠤᠨ ᠪᠣᠬᠢᠷᠲᠤᠯ᠎ᠢ ᠰᠡᠷᠭᠡᠢ᠌ᠯᠡᠨ ᠵᠠᠰᠠᠬᠤ ᠮᠡᠷᠭᠡᠵᠢᠯ ᠲᠠᠰᠤᠷᠠᠯᠲᠠ ᠥᠬᠡᠶ ᠲᠠᠰ ᠳᠡᠪᠰᠢᠵᠦ᠂ ᠰᠢᠨ᠎ᠡ ᠲᠢᠲᠢᠮᠯᠢᠭ ᠠᠭᠤᠰᠬᠢᠨ ᠦᠷᠪᠢᠰᠦᠯ᠎ᠢ ᠡᠮᠨᠡᠨ ᠵᠠᠰᠠᠬᠤ ᠡᠮ ᠪᠠ ᠸᠠᠺᠼᠢᠨ᠎ᠢ ᠰᠤᠳᠤᠯᠤᠨ ᠨᠡᠭᠡᠭᠡᠵᠦ ᠬᠡᠷᠡᠭᠯᠡᠭᠰᠡᠨ᠎ᠨᠢ ᠠᠷᠠᠳ ᠲᠦᠮᠡᠨ᠎ᠤ ᠠᠮᠢ ᠨᠠᠰᠤᠨ᠎ᠤ ᠡᠷᠡᠭᠦᠯ ᠮᠡᠨᠳᠦ ᠵᠢ ᠬᠦᠴᠦᠲᠡᠶ ᠪᠠᠲᠤᠯᠠᠪᠠ ᠃ ᠳᠡᠯᠡᠬᠡᠶ ᠵᠢᠨ ᠮᠡᠳᠡᠯᠭᠡ ᠵᠢᠨ ᠪᠦᠲᠦᠭᠡᠭᠳᠡᠬᠦᠨ᠎ᠤ ᠥᠮᠴᠢᠯᠡᠬᠦ ᠡᠷᠬᠡ ᠵᠢᠨ ᠵᠣᠬᠢᠶᠠᠨ ᠪᠠᠢ᠌ᠭᠤᠯᠤᠯᠲᠠ ᠵᠢᠨ ᠨᠡᠢ᠌ᠲᠡᠯᠡᠭᠰᠡᠨ 《ᠪᠥᠬᠥ ᠪᠥᠮᠪᠥᠷᠴᠡᠭ᠎ᠤᠨ ᠰᠢᠨ᠎ᠡ ᠵᠢ ᠡᠭᠦᠳᠬᠦ ᠵᠢᠭ᠋ᠠᠯᠲᠠ ᠲᠣᠭ᠎ᠠ ᠵᠢᠨ ᠮᠡᠳᠡᠭᠦᠯᠦᠯᠲᠡ》᠎ᠳᠤ ᠢᠯᠡᠷᠡᠭᠦᠯᠦᠭᠰᠡᠨ ᠵᠶ᠋ᠡᠷ᠂ ᠳᠤᠮᠳᠠᠳᠤ ᠤᠯᠤᠰ᠎ᠤᠨ 2021 ᠣᠨ᠎ᠤ ᠰᠢᠨ᠎ᠡ ᠵᠢ ᠡᠭᠦᠳᠬᠦ ᠴᠢᠳᠠᠪᠤᠷᠢ ᠵᠢᠨ ᠶᠡᠷᠦᠩᠬᠡᠢ᠌ᠯᠡᠭᠰᠡᠨ ᠨᠡᠷᠡᠰ᠎ᠤᠨ ᠵᠢᠭᠰᠠᠭ᠋ᠠᠯᠲᠠ ᠳᠡᠯᠡᠬᠡᠶ ᠵᠢᠨ 12 ᠳ᠋ᠤᠭ᠋ᠠᠷ᠎ᠲᠤ ᠵᠢᠭᠰᠠᠭ᠋ᠠᠭᠳᠠᠪᠠ ᠃
ᠰᠢᠨ᠎ᠡ ᠬᠥᠭᠵᠢᠯᠲᠡ ᠵᠢᠨ ᠱᠠᠲᠤᠨ᠎ᠳᠤ ᠣᠷᠣᠵᠤ᠂ ᠰᠢᠨ᠎ᠡ ᠬᠥᠭᠵᠢᠯᠲᠡ ᠵᠢᠨ ᠣᠢ᠌ᠯᠠᠭ᠋ᠠᠭᠳᠠᠬᠤᠨ᠎ᠢ ᠨᠠᠢ᠌ᠳᠠᠪᠤᠷᠢᠵᠢᠭᠤᠯᠬᠤ᠂ ᠰᠢᠨ᠎ᠡ ᠬᠥᠭᠵᠢᠯᠲᠡ ᠵᠢᠨ ᠪᠠᠢ᠌ᠷᠢᠰᠢᠯ᠎ᠢ ᠪᠠᠢ᠌ᠭᠤᠯᠬᠤ᠂ ᠴᠢᠨᠠᠷ ᠰᠠᠢ᠌ᠲᠠᠢ ᠬᠥᠭᠵᠢᠯᠲᠡ ᠵᠢ ᠠᠬᠢᠭᠤᠯᠬᠤ ᠵᠢᠨ ᠲᠥᠯᠥᠭᠡ᠂ ᠨᠠᠮ᠎ᠤᠨ ᠲᠥᠪ ᠬᠣᠷᠢᠢ᠎ᠠ᠎ᠠᠴᠠ ᠰᠢᠨ᠎ᠡ ᠵᠢ ᠡᠭᠦᠳᠬᠦ ᠵᠢ ᠮᠠᠨ᠎ᠤ ᠤᠯᠤᠰ᠎ᠤᠨ ᠣᠳᠣᠬᠢᠴᠢᠯᠠᠯᠲᠠ ᠵᠢᠨ ᠪᠦᠳᠦᠭᠡᠨ ᠪᠠᠢ᠌ᠭᠤᠯᠤᠯᠲᠠ ᠵᠢᠨ ᠪᠦᠬᠦ ᠲᠠᠯ᠎ᠠ ᠵᠢᠨ ᠭᠣᠣᠯᠯᠠᠭᠴᠢ ᠪᠠᠢ᠌ᠷᠢᠨ᠎ᠳᠤ ᠲᠠᠯᠪᠢᠬᠤ ᠵᠢ ᠪᠠᠷᠢᠮᠲᠠᠯᠠᠵᠤ᠂ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠪᠡᠶ᠎ᠡ᠎ᠪᠠᠨ ᠳᠠᠭ᠋ᠠᠭ᠋ᠠᠵᠤ ᠥᠪᠡᠷ᠎ᠢ᠎ᠪᠠᠨ ᠬᠦᠴᠦᠷᠬᠡᠭᠵᠢᠭᠦᠯᠬᠦ ᠵᠢ ᠤᠯᠤᠰ᠎ᠤᠨ ᠬᠥᠭᠵᠢᠯᠲᠡ ᠵᠢᠨ ᠪᠠᠢ᠌ᠯᠳᠤᠬᠤ ᠪᠤᠳᠤᠯᠭ᠎ᠠ ᠵᠢᠨ ᠲᠤᠯᠭ᠋ᠠᠭᠤᠷᠢᠯᠠᠯ ᠪᠣᠯᠭ᠋ᠠᠬᠤ᠎ᠪᠠᠷ ᠳᠤᠷᠠᠳᠪᠠ ᠃ ᠰᠢᠨ᠎ᠡ ᠪᠠᠢ᠌ᠳᠠᠯ ᠰᠢᠨ᠎ᠡ ᠱᠠᠭ᠋ᠠᠷᠳᠠᠯᠭ᠎ᠠ ᠵᠢᠨ ᠡᠮᠦᠨ᠎ᠡ᠂ ᠪᠢᠳᠠ ᠳᠡᠯᠡᠬᠡᠢ ᠵᠢᠨ ᠰᠢᠨ᠎ᠡ ᠨᠢᠭᠡ ᠡᠭᠡᠯᠵᠢ ᠵᠢᠨ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠬᠤᠪᠢᠰᠬᠠᠯ ᠪᠣᠯᠤᠨ ᠠᠵᠤ ᠦᠢ᠍ᠯᠡᠰ᠎ᠤᠨ ᠬᠤᠪᠢᠰᠤᠯᠲᠠ ᠵᠢᠨ ᠴᠢᠬᠤᠯᠠ ᠠᠵᠠ ᠲᠣᠬᠢᠶᠠᠯ᠎ᠢ ᠪᠠᠲᠤ ᠡᠵᠡᠮᠳᠡᠬᠦ ᠬᠡᠷᠡᠭᠲᠡᠢ᠂ ᠰᠢᠨᠵᠢᠯᠡᠬᠦ ᠤᠬᠠᠭ᠋ᠠᠨ ᠮᠡᠷᠭᠡᠵᠢᠯ᠎ᠤᠨ ᠰᠢᠨ᠎ᠡ ᠵᠢ ᠡᠭᠦᠳᠬᠦ ᠵᠢᠨ ᠨᠡᠪᠴᠢᠬᠦ ᠴᠢᠨᠠᠷ᠎ᠢ ᠭᠦᠢ᠍ᠴᠡᠳ ᠪᠠᠳᠠᠷᠠᠭᠤᠯᠬᠤ ᠬᠡᠷᠡᠭᠲᠡᠶ᠂ ᠲᠠᠷᠬᠠᠬᠤ ᠴᠢᠨᠠᠷ᠂ ᠨᠤᠷᠠᠭ᠋ᠠᠬᠤ ᠦᠢ᠍ᠯᠡᠳᠦᠯ᠂ ᠬᠥᠭᠵᠢᠯᠲᠡ ᠵᠢᠨ ᠴᠢᠭᠯᠡᠯ᠂ ᠬᠠᠷᠠᠯᠲᠠ᠂ ᠠᠷᠭ᠎ᠠ ᠵᠠᠮ᠎ᠤᠨ ᠲᠠᠯ᠎ᠠ᠎ᠪᠠᠷ ᠰᠢᠨᠵᠢᠯᠡᠬᠦ ᠤᠬᠠᠭ᠋ᠠᠨ ᠮᠡᠷᠭᠡᠵᠢᠯ᠎ᠤᠨ ᠰᠢᠨ᠎ᠡ ᠵᠢ ᠡᠭᠦᠳᠬᠦ᠎ᠠᠴᠠ ᠠᠷᠭ᠎ᠠ ᠠᠪᠬᠤ ᠵᠢ ᠪᠠᠷᠢᠮᠲᠠᠯᠠᠨ᠎ᠠ᠂ ᠬᠠᠷᠢᠭᠤᠯᠲᠠ ᠠᠪᠬᠤ᠂ ᠳᠡᠯᠡᠬᠡᠶ ᠵᠢᠨ ᠰᠢᠨᠵᠢᠯᠡᠬᠦ ᠤᠬᠠᠭ᠋ᠠᠨ ᠮᠡᠷᠭᠡᠵᠢᠯ᠎ᠤᠨ ᠬᠣᠰᠢᠭᠤᠷᠠᠯ᠂ ᠠᠵᠤ ᠠᠬᠤᠶ ᠵᠢᠨ ᠭᠣᠤᠯ ᠳᠠᠢ᠍ᠨᠤ ᠲᠠᠯᠠᠪᠤᠷ᠎ᠲᠤ ᠬᠠᠨᠳᠤᠬᠤ᠂ ᠤᠯᠤᠰ᠎ᠤᠨ ᠴᠢᠬᠤᠯᠠ ᠶᠡᠬᠡ ᠬᠡᠷᠡᠭᠴᠡᠭᠡ᠎ᠳᠤ ᠬᠠᠨᠳᠤᠭᠤᠯᠬᠤ᠂ ᠠᠷᠠᠳ ᠲᠦᠮᠡᠨ᠎ᠤ ᠠᠮᠢ ᠨᠠᠰᠤ ᠡᠷᠡᠭᠦᠯ ᠮᠡᠨᠳᠦ᠎ᠳᠤ ᠬᠠᠨᠳᠤᠭᠤᠯᠬᠤ᠂ ᠰᠢᠨ᠎ᠡ ᠵᠢ ᠡᠭᠦᠳᠬᠦ᠎ᠪᠠᠷ ᠬᠥᠭᠵᠢᠯᠲᠡ ᠵᠢᠨ ᠬᠥᠳᠡᠯᠭᠡᠭᠦᠷ ᠪᠣᠯᠭ᠋ᠠᠬᠤ ᠪᠠᠢ᠌ᠯᠳᠤᠬᠤ ᠪᠤᠳᠤᠯᠭ᠎ᠠ ᠵᠢ ᠭᠦᠨᠵᠡᠭᠡᠢ ᠬᠡᠷᠡᠭᠵᠢᠭᠦᠯᠦᠨ᠎ᠡ᠂ ᠰᠠᠭᠤᠷᠢ ᠰᠤᠳᠤᠯᠭ᠋ᠠᠨ᠎ᠢ ᠲᠦᠯᠬᠢᠨ ᠠᠬᠢᠭᠤᠯᠬᠤ᠂ ᠬᠡᠷᠡᠭᠯᠡᠭᠡᠨ᠎ᠤ ᠰᠠᠭᠤᠷᠢ ᠰᠤᠳᠤᠯᠭ᠋ᠠᠨ ᠪᠠ ᠮᠡᠷᠭᠡᠵᠢᠯ᠎ᠤᠨ ᠰᠢᠨ᠎ᠡ ᠡᠭᠦᠳᠦᠯᠲᠡ ᠵᠢ ᠨᠢᠭᠡ ᠴᠣᠭᠴᠠᠵᠢᠭᠤᠯᠤᠭᠰᠠᠨ ᠪᠠᠢ᠌ᠷᠢᠯᠠᠭᠤᠯᠤᠯᠲᠠ᠂ ᠥᠨᠳᠥᠷ ᠪᠦᠲᠦᠮᠵᠢᠲᠡᠶ ᠰᠢᠯᠤᠭᠤᠬᠠᠨ ᠤᠯᠤᠰ᠎ᠤᠨ ᠰᠢᠨ᠎ᠡ ᠵᠢ ᠡᠭᠦᠳᠬᠦ ᠰᠢᠰᠲ᠋ᠧᠮ᠎ᠢ ᠴᠣᠭᠴᠠᠯᠠᠨ᠎ᠠ᠂ ᠰᠢᠨᠵᠢᠯᠡᠬᠦ ᠤᠬᠠᠭ᠋ᠠᠨ ᠮᠡᠷᠭᠡᠵᠢᠯ᠎ᠤᠨ ᠰᠢᠨ᠎ᠡ ᠵᠢ ᠡᠭᠦᠳᠬᠦ ᠡᠬᠢ ᠡᠭᠦᠰᠦᠯ᠎ᠠᠴᠠ᠎ᠨᠢ ᠬᠠᠩᠭ᠋ᠠᠬᠤ ᠴᠢᠳᠠᠪᠤᠷᠢ ᠵᠢ ᠪᠥᠬᠥ ᠲᠠᠯ᠎ᠠ᠎ᠪᠠᠷ ᠳᠡᠭᠡᠭᠰᠢᠯᠡᠭᠦᠯᠦᠨ᠎ᠡ᠂ ᠰᠢᠨᠵᠢᠯᠡᠬᠦ ᠤᠬᠠᠭ᠋ᠠᠨ ᠮᠡᠷᠭᠡᠵᠢᠯ᠎ᠤᠨ ᠦᠷ᠎ᠡ ᠪᠦᠲᠦᠭᠡᠯ᠎ᠢ ᠪᠣᠳᠠᠲᠤ ᠦᠢ᠍ᠯᠡᠳᠪᠦᠷᠢᠯᠡᠯ᠎ᠤᠨ ᠬᠦᠴᠦᠨ ᠪᠣᠯᠭ᠋ᠠᠨ ᠬᠤᠪᠢᠷᠠᠭᠤᠯᠬᠤ ᠵᠢ ᠲᠦᠷᠭᠡᠳᠬᠡᠨ ᠠᠬᠢᠭᠤᠯᠤᠨ᠎ᠠ ᠃ ᠨᠢᠭᠡ᠎ᠳᠤ ᠰᠢᠨᠵᠢᠯᠡᠬᠦ ᠤᠬᠠᠭ᠋ᠠᠨ ᠮᠡᠷᠭᠡᠵᠢᠯ᠎ᠤᠨ ᠦᠷ᠎ᠡ ᠪᠦᠲᠦᠭᠡᠯ᠎ᠢ ᠤᠯᠠᠷᠢᠭᠤᠯᠬᠤ ᠵᠢ ᠠᠬᠢᠭᠤᠯᠬᠤ ᠲᠣᠭᠲᠠᠴᠠ ᠵᠢ ᠤᠯᠠᠮ ᠨᠢᠭᠡ ᠠᠯᠬᠤᠮ ᠪᠦᠷᠢᠨᠰᠢᠭᠦᠯᠵᠦ᠂ ᠰᠠᠯᠠᠭ᠎ᠠ ᠮᠥᠴᠢᠷ᠎ᠤᠨ ᠵᠣᠬᠢᠴᠠᠭᠤᠯᠭ᠎ᠠ ᠪᠠ ᠬᠠᠮᠵᠢᠯᠴᠠᠭ᠎ᠠ ᠵᠢ ᠴᠢᠩᠭ᠋ᠠᠳᠬᠠᠨ᠂ ᠬᠠᠤᠯᠢ ᠴᠠᠭ᠋ᠠᠵᠠ ᠲᠥᠷᠥ ᠵᠢᠨ ᠪᠣᠳᠣᠯᠭ᠎ᠠ ᠵᠢ ᠨᠠᠢ᠌ᠳᠠᠪᠤᠷᠢᠵᠢᠭᠤᠯᠬᠤ ᠲᠠᠯ᠎ᠠ᠎ᠪᠠᠷ ᠨᠡᠢ᠌ᠯᠡᠮᠡᠯ ᠬᠦᠴᠦᠨ᠎ᠢ ᠪᠦᠷᠢᠯᠳᠦᠭᠦᠯᠦᠨ᠎ᠡ ᠃ ᠣᠷᠣᠢ ᠵᠢᠨ ᠳᠠᠪᠬᠤᠷᠭ᠎ᠠ ᠵᠢᠨ ᠵᠢᠷᠤᠭ ᠲᠥᠯᠥᠪᠯᠡᠭᠡ ᠪᠠ ᠰᠤᠳᠤᠯᠤᠨ ᠨᠡᠭᠡᠭᠡᠬᠦ ᠪᠠᠢ᠌ᠷᠢᠯᠠᠭᠤᠯᠤᠯᠲᠠ ᠵᠢᠨ ᠲᠠᠯ᠎ᠠ᠎ᠠᠴᠠ ᠰᠢᠨᠵᠢᠯᠡᠬᠦ ᠤᠬᠠᠭ᠋ᠠᠨ ᠮᠡᠷᠭᠡᠵᠢᠯ᠎ᠤᠨ ᠠᠵᠤ ᠠᠬᠤᠢ ᠰᠠᠯᠤᠩᠭᠢᠷᠠᠬᠤ ᠪᠠ ᠰᠢᠨᠵᠢᠯᠡᠬᠦ ᠤᠬᠠᠭ᠋ᠠᠨ ᠮᠡᠷᠭᠡᠵᠢᠯ᠎ᠤᠨ ᠦᠷ᠎ᠡ ᠪᠦᠲᠦᠭᠡᠯ᠎ᠢ ᠬᠤᠪᠢᠷᠠᠭᠤᠯᠤᠨ ᠳᠡᠯᠭᠡᠷᠡᠭᠦᠯᠬᠦ ᠠᠰᠠᠭᠤᠳᠠᠯ᠎ᠢ ᠰᠢᠢ᠍ᠳᠪᠦᠷᠢᠯᠡᠬᠦ ᠵᠢ ᠴᠢᠬᠤᠯᠠᠴᠢᠯᠠᠪᠠ ᠃ ᠤᠯᠤᠰ᠎ᠤᠨ ᠥᠮᠴᠢᠯᠡᠯᠲᠦ ᠡᠳ᠋ ᠬᠥᠷᠥᠩᠭᠡ ᠵᠢᠨ ᠬᠠᠮᠢᠶᠠᠷᠤᠯᠲᠠ ᠵᠢ ᠤᠯᠠᠮ ᠨᠢᠭᠡ ᠠᠯᠬᠤᠮ ᠲᠡᠭᠦᠯᠳᠡᠷᠵᠢᠭᠦᠯᠵᠦ᠂ ᠠᠵᠤ ᠠᠬᠤᠢ᠌ᠯᠠᠯ᠂ ᠳᠡᠭᠡᠳᠦ ᠰᠤᠷᠭ᠋ᠠᠭᠤᠯᠢ ᠬᠦᠷᠢᠶᠡᠯᠡᠩ ᠭᠠᠵᠠᠷ᠎ᠤᠨ ᠰᠢᠨᠵᠢᠯᠡᠬᠦ ᠤᠬᠠᠭ᠋ᠠᠨ ᠮᠡᠷᠭᠡᠵᠢᠯ᠎ᠤᠨ ᠦᠷ᠎ᠡ ᠪᠦᠲᠦᠭᠡᠯ᠎ᠢ ᠰᠢᠢᠳᠪᠦᠷᠢᠯᠡᠬᠦ᠂ ᠬᠡᠷᠡᠭᠯᠡᠬᠦ ᠵᠢᠴᠢ ᠠᠰᠢᠭ ᠣᠷᠣᠯᠭ᠎ᠠ ᠵᠢ ᠬᠤᠪᠢᠶᠠᠷᠢᠯᠠᠬᠤ ᠲᠠᠯ᠎ᠠ᠎ᠪᠠᠷ᠎ᠬᠢ ᠡᠵᠡᠨ ᠮᠡᠳᠡᠬᠦ ᠡᠷᠬᠡ ᠵᠢ ᠪᠥᠬᠥ ᠲᠠᠯ᠎ᠠ᠎ᠪᠠᠷ ᠨᠠᠢ᠌ᠳᠠᠪᠤᠷᠢᠵᠢᠭᠤᠯᠤᠨ᠎ᠠ ᠃ ᠰᠢᠨᠵᠢᠯᠡᠬᠦ ᠤᠬᠠᠭ᠋ᠠᠨ᠎ᠤ ᠰᠤᠳᠤᠯᠭ᠋ᠠᠨ᠎ᠤ ᠠᠵᠢᠯᠲᠠᠨ᠎ᠳᠤ ᠡᠭᠦᠷᠭᠡ ᠲᠤᠰᠢᠶᠠᠯ᠎ᠤᠨ ᠰᠢᠨᠵᠢᠯᠡᠬᠦ ᠤᠬᠠᠭ᠋ᠠᠨ ᠮᠡᠷᠭᠡᠵᠢᠯ᠎ᠤᠨ ᠦᠷ᠎ᠡ ᠪᠦᠲᠦᠭᠡᠯ᠎ᠤᠨ ᠥᠮᠴᠢᠯᠡᠬᠦ ᠡᠷᠬᠡ ᠪᠠ ᠣᠷᠳᠣ ᠬᠤᠭᠤᠴᠠᠭ᠎ᠠ᠎ᠪᠠᠷ ᠬᠡᠷᠡᠭᠯᠡᠬᠦ ᠡᠷᠬᠡ ᠣᠯᠭᠣᠬᠤ ᠵᠢ ᠢᠳᠡᠪᠬᠢᠲᠡᠶ ᠰᠦᠪᠡᠭᠴᠢᠯᠡᠵᠦ᠂ ᠲᠤᠷᠰᠢᠯᠲᠠ ᠵᠢᠨ ᠴᠢᠬ᠎ᠤᠨ ᠲᠤᠷᠰᠢᠯᠭ᠎ᠠ ᠵᠢ ᠳ᠋ᠦᠩᠨᠡᠨ ᠳᠡᠯᠭᠡᠷᠡᠭᠦᠯᠦᠨ᠎ᠡ ᠃ ᠬᠣᠶᠠᠷ᠎ᠲᠤ ᠤᠯᠤᠰ᠎ᠤᠨ ᠰᠢᠨᠵᠢᠯᠡᠬᠦ ᠤᠬᠠᠭ᠋ᠠᠨ ᠮᠡᠷᠭᠡᠵᠢᠯ᠎ᠤᠨ ᠲᠥᠯᠥᠪᠯᠡᠭᠡ ᠵᠢᠨ ᠬᠠᠮᠢᠶᠠᠷᠤᠯᠲᠠ ᠵᠢᠨ ᠥᠭᠡᠷᠡᠴᠢᠯᠡᠯᠲᠡ ᠵᠢ ᠤᠯᠠᠮ ᠨᠢᠭᠡ ᠠᠯᠬᠤᠮ ᠭᠦᠨᠵᠡᠭᠡᠢ᠌ᠷᠡᠭᠦᠯᠵᠦ᠂ ᠵᠦᠢ᠍ᠯᠡᠰ᠎ᠤᠨ ᠪᠦᠷᠢᠯᠳᠦᠬᠦ ᠲᠣᠭᠲᠠᠴᠠ ᠪᠠ ᠵᠣᠬᠢᠶᠠᠨ ᠪᠠᠢ᠌ᠭᠤᠯᠵᠤ ᠬᠡᠷᠡᠭᠵᠢᠭᠦᠯᠬᠦ ᠲᠣᠭᠲᠠᠴᠠ ᠵᠢ ᠲᠡᠭᠦᠯᠳᠡᠷᠵᠢᠭᠦᠯᠦᠨ᠎ᠡ ᠃ ᠬᠠᠷᠠᠯᠲᠠ ᠵᠢᠨ ᠤᠳᠤᠷᠢᠳᠤᠮᠵᠢ ᠵᠢ ᠴᠢᠩᠭ᠋ᠠᠳᠬᠠᠵᠤ᠂ ᠵᠠᠬ᠎ᠠ ᠳᠡᠯᠭᠡᠭᠦᠷ ᠪᠠ ᠠᠵᠤ ᠦᠢ᠍ᠯᠡᠰ᠎ᠤᠨ ᠬᠡᠷᠡᠭᠴᠡᠭᠡ ᠵᠢ ᠭᠦᠢ᠍ᠴᠡᠳ ᠪᠣᠳᠣᠯᠬᠢᠯᠠᠵᠤ᠂ ᠰᠢᠨᠵᠢᠯᠡᠬᠦ ᠤᠬᠠᠭ᠋ᠠᠨᠲᠠᠨ᠎ᠳᠤ ᠨᠡᠩ ᠶᠡᠬᠡ ᠮᠡᠷᠭᠡᠵᠢᠯ᠎ᠤᠨ ᠱᠤᠭᠤᠮ᠎ᠢ ᠲᠣᠭᠲᠠᠭ᠋ᠠᠬᠤ ᠡᠷᠬᠡ᠂ ᠨᠡᠩ ᠶᠡᠬᠡ ᠵᠠᠷᠤᠳᠠᠯ᠎ᠢ ᠡᠵᠡᠮᠳᠡᠬᠦ ᠡᠷᠬᠡ᠂ ᠨᠡᠩ ᠶᠡᠬᠡ ᠡᠬᠢ ᠪᠠᠶᠠᠯᠢᠭ᠎ᠢ ᠲᠤᠬᠢᠷᠠᠭᠤᠯᠬᠤ ᠡᠷᠬᠡ ᠣᠯᠭᠣᠵᠤ᠂ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠦᠷ᠎ᠡ ᠪᠦᠲᠦᠭᠡᠯ᠎ᠤᠨ ᠶᠠᠰᠤ ᠴᠢᠨᠠᠷ᠎ᠢ ᠳᠡᠭᠡᠭᠰᠢᠯᠡᠭᠦᠯᠦᠨ᠎ᠡ ᠃ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠦᠷ᠎ᠡ ᠪᠦᠲᠦᠭᠡᠯ᠎ᠢ ᠦᠨᠡᠯᠡᠬᠦ ᠥᠭᠡᠷᠡᠴᠢᠯᠡᠯᠲᠡ ᠵᠢ ᠶᠡᠬᠡ᠎ᠪᠠᠷ ᠠᠬᠢᠭᠤᠯᠵᠤ᠂ ᠰᠢᠨᠵᠢᠯᠡᠬᠦ ᠤᠬᠠᠭ᠋ᠠᠨᠴᠢ᠎ᠪᠠᠷ ᠲᠦᠷᠦᠯ ᠬᠤᠪᠢᠶᠠᠨ ᠦᠨᠡᠯᠡᠬᠦ ᠲᠣᠭᠲᠠᠴᠠ ᠵᠢ ᠪᠠᠢ᠌ᠭᠤᠯᠵᠤ᠂ ᠡᠯ᠎ᠡ ᠲᠦᠷᠦᠯ᠎ᠤᠨ ᠰᠢᠨ᠎ᠡ ᠵᠢ ᠡᠭᠦᠳᠬᠦ ᠭᠣᠣᠯ ᠴᠣᠭᠴᠠ ᠵᠢᠨ ᠨᠡᠩ ᠰᠠᠨᠠᠭ᠋ᠠᠴᠢᠯᠠᠭ᠎ᠠ᠎ᠠᠴᠠ᠎ᠪᠠᠨ ᠴᠢᠨᠠᠷ ᠰᠠᠢ᠌ᠲᠠᠢ᠂ ᠥᠨᠳᠥᠷ ᠦᠷᠳᠡᠭ᠎ᠲᠠᠢ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠦᠷ᠎ᠡ ᠪᠦᠲᠦᠭᠡᠯ᠎ᠢ ᠡᠭᠦᠳᠬᠦ ᠵᠢ ᠬᠦᠲᠦᠯᠦᠨ ᠵᠢᠯᠣᠭᠣᠳᠤᠨ᠎ᠠ ᠃ ᠭᠤᠷᠪᠠ᠎ᠳᠤ ᠰᠢᠨᠵᠢᠯᠡᠬᠦ ᠤᠬᠠᠭ᠋ᠠᠨ ᠮᠡᠷᠭᠡᠵᠢᠯ᠎ᠤᠨ ᠦᠷ᠎ᠡ ᠪᠦᠲᠦᠭᠡᠯ᠎ᠢ ᠬᠤᠪᠢᠷᠠᠭᠤᠯᠬᠤ ᠦᠢ᠍ᠯᠡᠴᠢᠯᠡᠭᠡᠨ᠎ᠤ ᠰᠢᠰᠲ᠋ᠧᠮ᠎ᠢ ᠤᠯᠠᠮ ᠨᠢᠭᠡ ᠠᠯᠬᠤᠮ ᠲᠡᠭᠦᠯᠳᠡᠷᠵᠢᠭᠦᠯᠦᠨ᠎ᠡ ᠃ ᠮᠡᠷᠭᠡᠵᠢᠯ᠎ᠤᠨ ᠰᠣᠯᠢᠯᠴᠠᠭ᠋ᠠᠨ᠎ᠤ ᠵᠠᠬ᠎ᠠ ᠳᠡᠯᠭᠡᠭᠦᠷ᠂ ᠮᠡᠷᠭᠡᠵᠢᠯ᠎ᠢ ᠰᠢᠯᠵᠢᠭᠦᠯᠬᠦ ᠪᠠᠢ᠌ᠭᠤᠯᠤᠮᠵᠢ᠂ ᠰᠢᠨ᠎ᠡ ᠬᠡᠯᠪᠡᠷᠢ ᠵᠢᠨ ᠰᠤᠳᠤᠯᠤᠨ ᠨᠡᠭᠡᠭᠡᠬᠦ ᠪᠠᠢ᠌ᠭᠤᠯᠤᠮᠵᠢ ᠵᠡᠷᠭᠡ ᠵᠢᠨ ᠪᠠᠢ᠌ᠭᠤᠯᠤᠯᠲᠠ ᠵᠢ ᠠᠬᠢᠭᠤᠯᠵᠤ᠂ ᠮᠡᠷᠭᠡᠵᠢᠯ᠎ᠤᠨ ᠡᠯᠧᠮᠧᠨ᠋ᠲ᠎ᠢ ᠵᠠᠬ᠎ᠠ ᠳᠡᠯᠭᠡᠭᠦᠷᠴᠢᠯᠡᠨ ᠲᠤᠬᠢᠷᠠᠭᠤᠯᠬᠤ ᠵᠢ ᠴᠢᠩᠭ᠋ᠠᠳᠬᠠᠵᠤ᠂ ᠰᠢᠨᠵᠢᠯᠡᠬᠦ ᠤᠬᠠᠭ᠋ᠠᠨ ᠮᠡᠷᠭᠡᠵᠢᠯ᠎ᠤᠨ ᠦᠷ᠎ᠡ ᠪᠦᠲᠦᠭᠡᠯ᠎ᠢ ᠰᠢᠯᠵᠢᠭᠦᠯᠦᠨ ᠬᠤᠪᠢᠷᠠᠭᠤᠯᠬᠤ ᠴᠢᠳᠠᠪᠤᠷᠢᠲᠠᠨ᠎ᠢ ᠬᠥᠮᠦᠵᠢᠭᠦᠯᠬᠦ ᠵᠢ ᠴᠢᠩᠭ᠋ᠠᠳᠬᠠᠵᠤ᠂ ᠤᠯᠤᠰ᠎ᠤᠨ ᠰᠢᠨᠵᠢᠯᠡᠬᠦ ᠤᠬᠠᠭ᠋ᠠᠨ ᠮᠡᠷᠭᠡᠵᠢᠯ᠎ᠤᠨ ᠦᠷ᠎ᠡ ᠪᠦᠲᠦᠭᠡᠯ᠎ᠤᠨ ᠮᠡᠳᠡᠭᠡ ᠵᠠᠩᠭᠢ ᠵᠢᠨ ᠦᠢ᠍ᠯᠡᠴᠢᠯᠡᠭᠡ ᠪᠠ ᠬᠠᠮᠲᠤ᠎ᠪᠠᠷ ᠡᠳ᠋ᠯᠡᠬᠦ ᠲᠠᠪᠴᠠᠩ᠎ᠤᠨ ᠪᠠᠢ᠌ᠭᠤᠯᠤᠯᠲᠠ ᠵᠢ ᠲᠦᠷᠭᠡᠳᠬᠡᠨ᠎ᠡ ᠃ ᠠᠵᠤ ᠠᠬᠤᠢ᠌ᠯᠠᠯ᠎ᠢ ᠰᠢᠨᠵᠢᠯᠡᠬᠦ ᠤᠬᠠᠭ᠋ᠠᠨ ᠮᠡᠷᠭᠡᠵᠢᠯ᠎ᠤᠨ ᠦᠷ᠎ᠡ ᠪᠦᠲᠦᠭᠡᠯ᠎ᠢ ᠡᠭᠦᠳᠦᠨ ᠪᠦᠲᠦᠭᠡᠵᠦ ᠬᠤᠪᠢᠷᠠᠭᠤᠯᠬᠤ ᠪᠡᠶᠡᠴᠢ ᠴᠣᠭᠴᠠ ᠪᠣᠯᠭ᠋ᠠᠬᠤ ᠵᠢ ᠬᠦᠴᠦᠯᠡᠨ ᠠᠬᠢᠭᠤᠯᠵᠤ᠂ ᠤᠯᠤᠰ᠎ᠤᠨ ᠥᠮᠴᠢᠯᠡᠯ᠎ᠤᠨ ᠠᠵᠤ ᠠᠬᠤᠢ᠌ᠯᠠᠯ᠎ᠢ ᠬᠢᠨᠠᠨ ᠰᠢᠯᠭ᠋ᠠᠵᠤ ᠦᠨᠡᠯᠡᠬᠦ ᠲᠣᠭᠲᠠᠴᠠ ᠵᠢ ᠥᠭᠡᠷᠡᠴᠢᠯᠡᠨ᠂ ᠲᠤᠮᠤ ᠠᠵᠤ ᠠᠬᠤᠢ᠌ᠯᠠᠯ᠎ᠤᠨ ᠰᠢᠨ᠎ᠡ ᠵᠢ ᠡᠭᠦᠳᠬᠦ ᠵᠢᠨ ᠬᠦᠳᠦᠯᠦᠨ ᠳᠠᠭ᠋ᠠᠭᠤᠯᠬᠤ ᠪᠠ ᠲᠥᠪᠯᠡᠷᠡᠭᠦᠯᠬᠦ ᠦᠢ᠍ᠯᠡᠳᠦᠯ᠎ᠢ ᠪᠠᠳᠠᠷᠠᠭᠤᠯᠤᠨ᠎ᠠ; ᠰᠢᠨᠵᠢᠯᠡᠬᠦ ᠤᠬᠠᠭ᠋ᠠᠨ ᠮᠡᠷᠭᠡᠵᠢᠯ᠎ᠤᠨ ᠬᠡᠯᠪᠡᠷᠢ ᠵᠢᠨ ᠳᠤᠮᠳᠠ ᠵᠢᠵᠢᠭ ᠠᠵᠤ ᠠᠬᠤᠢ᠌ᠯᠠᠯ᠎ᠤᠨ ᠬᠥᠭᠵᠢᠯᠲᠡ ᠵᠢ ᠶᠡᠬᠡ᠎ᠪᠠᠷ ᠲᠡᠮᠵᠢᠵᠦ᠂ ᠲᠡᠭᠦᠨ᠎ᠢ ᠰᠢᠨᠵᠢᠯᠡᠬᠦ ᠤᠬᠠᠭ᠋ᠠᠨ ᠮᠡᠷᠭᠡᠵᠢᠯ᠎ᠤᠨ ᠰᠢᠨ᠎ᠡ ᠵᠢ ᠡᠭᠦᠳᠬᠦ᠂ ᠦᠷ᠎ᠡ ᠪᠦᠲᠦᠭᠡᠯ᠎ᠢ ᠬᠤᠪᠢᠷᠠᠭᠤᠯᠬᠤ ᠬᠠᠮᠤᠭ᠎ᠤᠨ ᠠᠮᠢᠳᠤᠯᠢᠭ ᠬᠦᠴᠦᠨ ᠪᠣᠯᠭ᠋ᠠᠨ᠎ᠠ ᠃ ᠳᠥᠷᠪᠡ᠎ᠳᠤ ᠡᠳ᠋᠎ᠤᠨ ᠵᠠᠰᠠᠭ ᠭᠠᠢ᠌ᠯᠢ ᠲᠠᠲᠠᠪᠤᠷᠢ ᠵᠢᠨ ᠳᠡᠮᠵᠢᠯᠭᠡ ᠵᠢᠨ ᠲᠥᠷᠥ ᠵᠢᠨ ᠪᠣᠳᠣᠯᠭ᠎ᠠ ᠵᠢ ᠤᠯᠠᠮ ᠨᠢᠭᠡ ᠠᠯᠬᠤᠮ ᠲᠡᠭᠦᠯᠳᠡᠷᠵᠢᠭᠦᠯᠦᠨ᠎ᠡ ᠃ ᠰᠢᠨᠵᠢᠯᠡᠬᠦ ᠤᠬᠠᠭ᠋ᠠᠨ ᠮᠡᠷᠭᠡᠵᠢᠯ᠎ᠤᠨ ᠮᠥᠩᠭᠥᠨ ᠭᠦᠢᠯᠭᠡᠭᠡᠨ᠎ᠢ ᠲᠦᠷᠭᠡᠳᠬᠡᠨ ᠬᠥᠭᠵᠢᠭᠦᠯᠵᠦ᠂ ᠰᠢᠨᠵᠢᠯᠡᠬᠦ ᠤᠬᠠᠭ᠋ᠠᠨ ᠮᠡᠷᠭᠡᠵᠢᠯ᠎ᠤᠨ ᠦᠷ᠎ᠡ ᠪᠦᠲᠦᠭᠡᠯ᠎ᠢ ᠤᠯᠠᠷᠢᠭᠤᠯᠬᠤ ᠵᠢ ᠳᠡᠮᠵᠢᠬᠦ ᠮᠥᠩᠭᠥᠨ ᠭᠦᠢᠯᠭᠡᠭᠡᠨ᠎ᠤ ᠬᠥᠷᠥᠩᠭᠡ ᠵᠢᠨ ᠦᠢᠯᠡᠴᠢᠯᠡᠭᠡᠨ᠎ᠤ ᠰᠢᠰᠲ᠋ᠧᠮᠵᠢ ᠪᠠ ᠠᠵᠢᠯ᠎ᠤᠨ ᠲᠣᠭᠲᠠᠴᠠ ᠵᠢ ᠪᠠᠢ᠌ᠭᠤᠯᠤᠨ᠂ ᠪᠠᠩᠬᠢ᠂ ᠳᠠᠭ᠋ᠠᠳᠬᠠᠯ᠂ ᠲᠡᠮᠳᠡᠭᠲᠦ ᠵᠡᠷᠭᠡ ᠮᠥᠩᠭᠥᠨ ᠭᠦᠢᠯᠭᠡᠭᠡᠨ᠎ᠤ ᠪᠠᠢ᠌ᠭᠤᠯᠤᠮᠵᠢ ᠵᠢᠨ ᠰᠢᠨᠵᠢᠯᠡᠬᠦ ᠤᠬᠠᠭ᠋ᠠᠨ ᠮᠡᠷᠭᠡᠵᠢᠯ᠎ᠤᠨ ᠦᠷ᠎ᠡ ᠪᠦᠲᠦᠭᠡᠯ᠎ᠢ ᠤᠯᠠᠷᠢᠭᠤᠯᠬᠤ ᠵᠢ ᠳᠡᠮᠵᠢᠬᠦ ᠡᠷᠴᠢᠮ ᠵᠶ᠋ᠡᠨ ᠴᠢᠩᠭ᠋ᠠᠷᠠᠭᠤᠯᠬᠤ ᠵᠢ ᠠᠬᠢᠭᠤᠯᠵᠤ᠂ ᠨᠡᠢ᠌ᠭᠡᠮ᠎ᠤᠨ ᠬᠥᠷᠥᠩᠭᠡ ᠵᠢᠨ ᠪᠠᠯᠠ ᠣᠷᠣᠭᠤᠯᠤᠯᠲᠠ ᠵᠢᠨ ᠰᠢᠨᠵᠢᠯᠡᠬᠦ ᠤᠬᠠᠭ᠋ᠠᠨ ᠮᠡᠷᠭᠡᠵᠢᠯ᠎ᠤᠨ ᠦᠷ᠎ᠡ ᠪᠦᠲᠦᠭᠡᠯ᠎ᠢ ᠤᠯᠠᠷᠢᠭᠤᠯᠬᠤ ᠵᠢ ᠢᠳᠡᠪᠬᠢᠲᠡᠶ᠎ᠪᠠᠷ ᠬᠥᠲᠥᠯᠥᠨ ᠵᠢᠯᠣᠭᠣᠳᠬᠤ ᠪᠠ ᠲᠥᠪᠯᠡᠷᠡᠭᠦᠯᠦᠨ᠎ᠡ ᠃
ᠰᠢᠨ᠎ᠡ ᠠᠶᠠᠨ᠎ᠳᠤ ᠮᠣᠷᠳᠠᠬᠤ᠂ ᠪᠢᠳᠡ ᠰᠢ ᠵᠢᠨ ᠫᠢᠩ᠎ᠤᠨ ᠰᠢᠨ᠎ᠡ ᠴᠠᠭ ᠦᠶ᠎ᠡ ᠵᠢᠨ ᠳᠤᠮᠳᠠᠳᠤ ᠤᠯᠤᠰ᠎ᠤᠨ ᠣᠨᠴᠠᠯᠢᠭ᠎ᠲᠠᠢ ᠨᠡᠢ᠌ᠭᠡᠮ ᠵᠢᠷᠤᠮ᠎ᠤᠨ ᠦᠵᠡᠯ ᠰᠠᠨᠠᠭ᠎ᠠ᠎ᠪᠠᠷ ᠵᠢᠯᠤᠭᠤᠳᠤᠯᠭ᠎ᠠ ᠪᠣᠯᠭ᠋ᠠᠬᠤ ᠵᠢ᠂ ᠶᠡᠷᠦᠩᠬᠡᠢ ᠱᠦᠵᠢ ᠰᠢ ᠵᠢᠨ ᠫᠢᠩ᠎ᠤᠨ ᠰᠢᠨᠵᠢᠯᠡᠬᠦ ᠤᠬᠠᠭ᠋ᠠᠨ ᠮᠡᠷᠭᠡᠵᠢᠯ᠎ᠤᠨ ᠰᠢᠨ᠎ᠡ ᠵᠢ ᠡᠭᠦᠳᠬᠦ ᠲᠤᠬᠠᠢ ᠴᠢᠬᠤᠯᠠ ᠥᠭᠦᠯᠡᠯᠲᠡ ᠵᠢ ᠭᠦᠨᠵᠡᠭᠡᠢ ᠰᠤᠷᠤᠯᠴᠠᠨ ᠲᠤᠭᠤᠰᠢᠯᠠᠭᠤᠯᠪᠠ᠂ ᠰᠢᠨᠵᠢᠯᠡᠬᠦ ᠤᠬᠠᠭ᠋ᠠᠨ ᠮᠡᠷᠭᠡᠵᠢᠯ᠎ᠤᠨ ᠰᠢᠨ᠎ᠡ ᠵᠢ ᠡᠭᠦᠳᠬᠦ ᠪᠠ ᠪᠠᠢ᠌ᠭᠤᠯᠤᠯ ᠲᠣᠭᠲᠠᠴᠠ ᠵᠢᠨ ᠰᠢᠨ᠎ᠡ ᠵᠢ ᠡᠭᠦᠳᠬᠦ ᠠᠯᠬᠤᠴᠠ ᠵᠢ ᠲᠦᠷᠭᠡᠳᠬᠡᠨ᠎ᠡ᠂ ᠠᠵᠤ ᠠᠬᠤᠶ ᠨᠡᠢ᠌ᠭᠡᠮ᠎ᠤᠨ ᠴᠢᠨᠠᠷ ᠰᠠᠢ᠌ᠲᠠᠶ ᠬᠥᠭᠵᠢᠯᠲᠡ᠎ᠳᠤ ᠲᠠᠰᠤᠷᠠᠯᠲᠠ ᠦᠭᠡᠢ ᠰᠢᠨᠵᠢᠯᠡᠬᠦ ᠤᠬᠠᠭ᠋ᠠᠨ ᠮᠡᠷᠭᠡᠵᠢᠯ᠎ᠤᠨ ᠰᠢᠨ᠎ᠡ ᠵᠢ ᠡᠭᠦᠳᠦᠭᠰᠡᠨ ᠦᠷ᠎ᠡ ᠪᠦᠲᠦᠭᠡᠯ᠎ᠤᠨ ᠬᠠᠩᠭ᠋ᠠᠯᠭ᠎ᠠ ᠬᠠᠩᠭ᠋ᠠᠨ᠎ᠠ᠂ ᠰᠢᠨᠵᠢᠯᠡᠬᠦ ᠤᠬᠠᠭ᠋ᠠᠨ ᠮᠡᠷᠭᠡᠵᠢᠯ᠎ᠤᠨ ᠰᠠᠨᠠᠭ᠋ᠠᠴᠢᠯᠠᠭ᠎ᠠ᠎ᠪᠠᠷ ᠤᠯᠤᠰ᠎ᠤᠨ ᠬᠥᠭᠵᠢᠯᠲᠡ ᠵᠢᠨ ᠰᠠᠨᠠᠭ᠋ᠠᠴᠢᠯᠠᠭ᠋ᠠᠲᠤ ᠡᠷᠬᠡ ᠵᠢ ᠣᠯᠤᠨ᠎ᠠ᠂ ᠥᠨᠳᠥᠷ ᠲᠦᠪᠰᠢᠨ ᠪᠥᠬᠥᠶ ᠪᠡᠶ᠎ᠡ᠎ᠪᠠᠨ ᠳᠠᠭ᠋ᠠᠭ᠋ᠠᠵᠤ ᠥᠪᠡᠷ᠎ᠢ᠎ᠪᠠᠨ ᠬᠦᠴᠦᠷᠬᠡᠭᠵᠢᠭᠦᠯᠬᠦ᠎ᠪᠠᠷ ᠬᠥᠭᠵᠢᠯᠲᠡ ᠵᠢᠨ ᠰᠢᠨ᠎ᠡ ᠳᠠᠪᠠᠭᠤᠯᠢᠭ᠎ᠢ ᠪᠣᠶ ᠪᠣᠯᠭ᠋ᠠᠶ᠎ᠠ᠂ ᠴᠢᠳᠠᠪᠤᠷᠢᠲᠠᠨ᠎ᠢ ᠬᠦᠴᠦᠷᠬᠡᠭᠵᠢᠭᠦᠯᠬᠦ ᠵᠢ ᠲᠦᠷᠭᠡᠳᠬᠡᠨ ᠰᠦᠪᠡᠭᠴᠢᠯᠡᠵᠦ ᠦᠢᠯᠡᠳᠦᠯᠭᠡᠵᠢᠭᠦᠯᠦᠨ᠎ᠡ᠂ ᠰᠢᠨᠵᠢᠯᠡᠬᠦ ᠤᠬᠠᠭ᠋ᠠᠨ ᠮᠡᠷᠭᠡᠵᠢᠯ ᠠᠵᠤ ᠦᠢᠯᠡᠰ ᠬᠦᠴᠦᠷᠬᠡᠭ ᠪᠣᠯᠤᠨ᠎ᠠ᠂ ᠠᠵᠤ ᠠᠬᠤᠶ ᠬᠦᠴᠦᠷᠬᠡᠭ᠂ ᠤᠯᠤᠰ ᠬᠦᠴᠦᠷᠬᠡᠭᠵᠢᠭᠰᠡᠨ ᠰᠢᠨ᠎ᠡ ᠵᠢ ᠡᠭᠦᠳᠬᠦ ᠬᠥᠭᠵᠢᠯᠲᠡ ᠵᠢᠨ ᠰᠢᠨ᠎ᠡ ᠠᠷᠭ᠎ᠠ ᠵᠠᠮ᠂ ᠬᠣᠶᠠᠳᠤᠭ᠋ᠠᠷ ᠵᠠᠭᠤᠨ ᠵᠢᠯ᠎ᠤᠨ ᠲᠡᠮᠡᠴᠡᠬᠦ ᠬᠠᠷᠠᠯᠲᠠ ᠵᠢ ᠪᠡᠶᠡᠯᠡᠭᠦᠯᠬᠦ᠎ᠳᠤ ᠴᠢᠩᠭ᠎ᠠ ᠬᠦᠴᠦᠲᠡᠶ ᠰᠢᠨᠵᠢᠯᠡᠬᠦ ᠤᠬᠠᠭ᠋ᠠᠨ ᠮᠡᠷᠭᠡᠵᠢᠯ᠎ᠤᠨ ᠲᠤᠯᠭ᠋ᠠᠭᠤᠷᠢᠯᠠᠯ ᠬᠠᠩᠭ᠋ᠠᠨ᠎ᠠ ᠃
(ᠲᠤᠰ ᠵᠣᠬᠢᠶᠠᠯ ᠪᠣᠯ ᠵᠣᠬᠢᠶᠠᠭᠴᠢ ᠵᠢᠨ 《ᠰᠢᠨᠵᠢᠯᠡᠬᠦ ᠤᠬᠠᠭ᠋ᠠᠨ ᠮᠡᠷᠭᠡᠵᠢᠯ᠎ᠤᠨ ᠦᠷ᠎ᠡ ᠪᠦᠲᠦᠭᠡᠯ᠎ᠤᠨ ᠬᠤᠪᠢᠷᠠᠭᠤᠯᠤᠯᠲᠠ ᠵᠢᠨ ᠠᠵᠢᠯ᠎ᠤᠨ ᠵᠦᠭᠯᠡᠭᠦᠷ》᠎ᠲᠤ ᠬᠢᠭᠰᠡᠨ ᠣᠷᠣᠰᠢᠯ ᠮᠥᠨ᠂ ᠲᠤᠰ ᠰᠣᠨᠢᠨ᠎ᠢ ᠨᠡᠢ᠌ᠲᠡᠯᠡᠬᠦ ᠦᠶ᠎ᠡ᠎ᠳᠤ ᠵᠢᠭ᠋ᠠᠬᠠᠨ ᠬᠠᠰᠤᠪᠠ)