3 ᠳ᠋ᠤᠭ᠋ᠠᠷ ᠰᠠᠷ᠎ᠠ ᠵᠢᠨ 22 ᠤᠨ ᠡᠳᠦᠷ᠂ ᠳᠤᠮᠳᠠᠳᠤ ᠤᠯᠤᠰ ᠥᠪᠥᠷ ᠮᠣᠩᠭᠣᠯ᠎ᠤᠨ ᠠᠮᠤ ᠪᠤᠳᠠᠭ᠋ᠠᠨ᠎ᠤ ᠴᠢᠨᠠᠷ ᠰᠠᠶ᠋ᠢᠲᠠᠶ ᠬᠥᠭᠵᠢᠯᠲᠡ ᠵᠢᠨ ᠵᠢᠭ᠋ᠠᠯᠲᠠ ᠲᠣᠭ᠎ᠠ ᠵᠢ ᠪᠡᠭᠡᠵᠢᠩ᠎ᠳᠤ ᠨᠡᠶ᠋ᠢᠲᠡᠯᠡᠵᠦ᠂ ᠥᠪᠥᠷ ᠮᠣᠩᠭᠣᠯ᠎ᠤᠨ ᠠᠮᠤ ᠪᠤᠳᠠᠭ᠋ᠠᠨ᠎ᠤ ᠠᠵᠤ ᠦᠢ᠍ᠯᠡᠰ᠎ᠤᠨ ᠬᠥᠭᠵᠢᠯᠲᠡ ᠵᠢᠨ ᠲᠦᠪᠰᠢᠨ᠎ᠢ ᠲᠣᠭ᠋ᠠᠴᠢᠯᠠᠨ ᠦᠨᠡᠯᠡᠬᠦ ᠵᠢ ᠵᠢᠭ᠋ᠠᠵᠤ᠂ ᠤᠯᠤᠰ᠎ᠤᠨ ᠳᠣᠲᠣᠭ᠋ᠠᠳᠤ ᠵᠢᠨ ᠠᠮᠤ ᠪᠤᠳᠠᠭ᠋ᠠᠨ᠎ᠤ ᠠᠵᠤ ᠠᠬᠤᠶ ᠵᠢᠨ ᠬᠥᠭᠵᠢᠯᠲᠡ ᠵᠢᠨ ᠲᠦᠪᠰᠢᠨ᠎ᠢ ᠶᠡᠷᠦᠩᠬᠡᠶ᠋ᠢᠯᠡᠨ ᠦᠨᠡᠯᠡᠬᠦ ᠵᠢᠭ᠋ᠠᠯᠲᠠ ᠲᠣᠭ᠎ᠠ ᠪᠣᠯᠤᠨ᠎ᠠ᠃
ᠳᠤᠮᠳᠠᠳᠤ ᠤᠯᠤᠰ · ᠥᠪᠥᠷ ᠮᠣᠩᠭᠣᠯ᠎ᠤᠨ ᠠᠮᠤ ᠪᠤᠳᠠᠭ᠋ᠠᠨ᠎ᠤ ᠴᠢᠨᠠᠷ ᠰᠠᠶ᠋ᠢᠲᠠᠶ ᠬᠥᠭᠵᠢᠯᠲᠡ ᠵᠢᠨ ᠵᠢᠭ᠋ᠠᠯᠲᠠ ᠲᠣᠭ᠎ᠠ ᠵᠢ ᠳᠤᠮᠳᠠᠳᠤ ᠤᠯᠤᠰ᠎ᠤᠨ ᠠᠵᠤ ᠠᠬᠤᠶ ᠵᠢᠨ ᠮᠡᠳᠡᠭᠡ ᠵᠠᠩᠭᠢ ᠵᠢᠨ ᠬᠣᠷᠢᠶ᠎ᠠ᠂ ᠥᠪᠥᠷ ᠮᠣᠩᠭᠣᠯ᠎ᠤᠨ ᠬᠥᠭᠵᠢᠭᠦᠯᠦᠯᠲᠡ ᠪᠠ ᠥᠭᠡᠷᠡᠴᠢᠯᠡᠯᠲᠡ ᠵᠢᠨ ᠵᠥᠪᠯᠡᠯ᠂ ᠥᠪᠥᠷ ᠮᠣᠩᠭᠣᠯ᠎ᠤᠨ ᠠᠮᠤ ᠪᠤᠳᠠᠭ᠎ᠠ ᠪᠠ ᠡᠳ᠋ ᠪᠣᠳᠠᠰ ᠨᠥᠭᠡᠴᠡᠯᠡᠬᠦ ᠲᠣᠪᠴᠢᠶ᠎ᠠ᠎ᠠᠴᠠ ᠬᠠᠮᠲᠤ᠎ᠪᠠᠷ ᠨᠠᠶ᠋ᠢᠷᠠᠭᠤᠯᠤᠨ ᠵᠣᠬᠢᠶᠠᠵᠤ ᠨᠡᠶ᠋ᠢᠲᠡᠯᠡᠪᠡ᠃ ᠵᠢᠭ᠋ᠠᠯᠲᠠ ᠲᠣᠭ᠎ᠠ ᠵᠢ ᠠᠮᠤ ᠪᠤᠳᠠᠭ᠋ᠠᠨ᠎ᠤ ᠦᠢ᠍ᠯᠡᠳᠪᠦᠷᠢᠯᠡᠯ᠂ ᠬᠥᠮᠥᠷᠭᠡᠯᠡᠨ ᠬᠠᠳᠠᠭ᠋ᠠᠯᠠᠬᠤ ᠪᠠᠷᠠᠭ᠋ᠠᠨ᠎ᠤ ᠭᠦᠢ᠍ᠯᠡᠭᠡᠨ᠂ ᠠᠮᠤ ᠪᠤᠳᠠᠭ᠎ᠠ ᠡᠳ᠋ᠰᠢᠭᠦᠯᠬᠦ᠂ ᠠᠮᠤ ᠪᠤᠳᠠᠭ᠎ᠠ ᠬᠤᠳᠠᠯᠳᠤᠨ ᠠᠪᠴᠦ ᠪᠣᠷᠣᠯᠠᠭᠤᠯᠬᠤ᠂ ᠪᠠᠴᠢᠮ ᠪᠠᠶ᠋ᠢᠳᠠᠯ᠎ᠢ ᠠᠷᠭ᠋ᠠᠴᠠᠭ᠋ᠠᠬᠤ ᠴᠢᠳᠠᠪᠤᠷᠢ᠂ ᠶᠡᠷᠦᠩᠬᠡᠶ᠋ᠢᠯᠡᠭᠰᠡᠨ ᠪᠠᠲᠤᠯᠠᠭ᠎ᠠ ᠵᠢᠨ ᠴᠢᠳᠠᠪᠤᠷᠢ ᠵᠡᠷᠭᠡ ᠵᠢᠷᠭᠤᠭ᠋ᠠᠨ ᠲᠠᠯ᠎ᠠ᠎ᠠᠴᠠ ᠥᠪᠥᠷ ᠮᠣᠩᠭᠣᠯ᠎ᠤᠨ ᠠᠮᠤ ᠪᠤᠳᠠᠭ᠋ᠠᠨ᠎ᠤ ᠠᠵᠤ ᠦᠢ᠍ᠯᠡᠰ᠎ᠤᠨ ᠬᠥᠭᠵᠢᠯᠲᠡ ᠵᠢᠨ ᠲᠦᠪᠰᠢᠨ᠎ᠢ ᠦᠨᠡᠯᠡᠨ ᠵᠢᠱ᠌ᠢᠨ᠎ᠡ᠃
ᠠᠵᠢᠯᠯᠠᠭ᠋ᠠᠨ᠎ᠤ ᠦᠷ᠎ᠡ ᠳ᠋ᠦᠩ᠎ᠳᠤ ᠢᠯᠡᠷᠡᠭᠦᠯᠦᠭᠰᠡᠨ ᠵᠶ᠋ᠡᠷ᠂ 2019 ᠣᠨ᠎ᠳᠤ᠂ ᠳᠤᠮᠳᠠᠳᠤ ᠤᠯᠤᠰ ᠥᠪᠥᠷ ᠮᠣᠩᠭᠣᠯ᠎ᠤᠨ ᠠᠮᠤ ᠪᠤᠳᠠᠭ᠋ᠠᠨ᠎ᠤ ᠴᠢᠨᠠᠷ ᠰᠠᠶ᠋ᠢᠲᠠᠶ ᠬᠥᠭᠵᠢᠯᠲᠡ ᠵᠢᠨ ᠵᠢᠭ᠋ᠠᠯᠲᠠ ᠲᠣᠭ᠎ᠠ 122 . 97 ᠴᠡᠭ᠎ᠲᠤ ᠬᠦᠷᠴᠦ᠂ ᠰᠠᠭᠤᠷᠢ ᠬᠤᠭᠤᠴᠠᠭ᠋ᠠᠨ᠎ᠤ᠎ᠬᠢ᠎ᠠᠴᠠ 2015 ᠣᠨ᠎ᠳᠤ 22 . 97 % ᠪᠠᠷ ᠳᠡᠭᠡᠭᠰᠢᠯᠡᠵᠦ᠂ ᠵᠢᠯ ᠳᠤᠮᠳᠠᠴᠢ ᠵᠢᠨ ᠨᠡᠶ᠋ᠢᠯᠡᠮᠡᠯ ᠨᠡᠮᠡᠭᠳᠡᠯ᠎ᠤᠨ ᠨᠣᠷᠮ᠎ᠠ 5 . 30 % ᠳᠤ ᠬᠦᠷᠴᠦ᠂ ᠥᠪᠥᠷ ᠮᠣᠩᠭᠣᠯ᠎ᠤᠨ ᠠᠮᠤ ᠪᠤᠳᠠᠭ᠋ᠠᠨ᠎ᠤ ᠠᠵᠤ ᠦᠢ᠍ᠯᠡᠰ ᠴᠢᠨᠠᠷ ᠰᠠᠶ᠋ᠢᠲᠠᠶ ᠲᠣᠭᠲᠠᠭᠤᠨ ᠵᠶ᠋ᠠᠷ ᠬᠥᠭᠵᠢᠬᠦ ᠰᠢᠨ᠎ᠡ ᠱᠠᠲᠤᠨ᠎ᠳᠤ ᠤᠷᠤᠭᠰᠠᠨ᠎ᠢ ᠬᠠᠷᠠᠭᠤᠯᠪᠠ᠃ ᠲᠥᠷᠥᠯ ᠬᠤᠪᠢᠶᠠᠭᠰᠠᠨ ᠦᠷ᠎ᠡ ᠳ᠋ᠦᠩ᠎ᠠᠴᠠ ᠦᠵᠡᠪᠡᠯ᠂ ᠥᠪᠥᠷ ᠮᠣᠩᠭᠣᠯ ᠠᠮᠤ ᠪᠤᠳᠠᠭ᠋ᠠᠨ᠎ᠤ ᠦᠢ᠍ᠯᠡᠳᠪᠦᠷᠢᠯᠡᠯ᠂ ᠬᠥᠮᠥᠷᠭᠡᠯᠡᠨ ᠬᠠᠳᠠᠭ᠋ᠠᠯᠠᠬᠤ ᠪᠠᠷᠠᠭ᠋ᠠᠨ᠎ᠤ ᠭᠦᠢ᠍ᠯᠡᠭᠡ᠂ ᠠᠮᠤ ᠪᠤᠳᠠᠭ᠎ᠠ ᠡᠳ᠋ᠰᠢᠭᠦᠯᠬᠦ᠂ ᠠᠮᠤ ᠪᠤᠳᠠᠭ᠎ᠠ ᠬᠤᠳᠠᠯᠳᠤᠨ ᠠᠪᠬᠤ ᠪᠣᠷᠣᠯᠠᠭᠤᠯᠬᠤ᠂ ᠪᠠᠴᠢᠮ ᠪᠠᠶ᠋ᠢᠳᠠᠯ᠎ᠢ ᠠᠷᠭ᠋ᠠᠴᠠᠭ᠋ᠠᠬᠤ ᠴᠢᠳᠠᠪᠤᠷᠢ᠂ ᠶᠡᠷᠦᠩᠬᠡᠶ᠋ᠢᠯᠡᠭᠰᠡᠨ ᠪᠠᠲᠤᠯᠠᠭ᠎ᠠ ᠵᠢᠨ ᠴᠢᠳᠠᠪᠤᠷᠢ ᠵᠡᠷᠭᠡ ᠲᠠᠯ᠎ᠠ᠎ᠪᠠᠷ ᠬᠠᠶ᠋ᠢᠨ ᠰᠥᠪᠡᠭᠴᠢᠯᠡᠯᠲᠡ ᠬᠢᠵᠦ ᠢᠯᠡᠳᠲᠡ ᠦᠷ᠎ᠡ ᠪᠦᠲᠦᠮᠵᠢ ᠤᠯᠪᠠ᠃
ᠵᠢᠭ᠋ᠠᠯᠲᠠ ᠲᠣᠭ᠎ᠠ ᠵᠢᠨ ᠰᠤᠳᠤᠯᠭ᠋ᠠᠨ᠎ᠤ ᠲᠤᠰᠬᠠᠶ ᠰᠡᠳᠦᠪ᠎ᠠᠴᠠ ᠦᠵᠡᠪᠡᠯ᠂ 2011 ᠣᠨ᠎ᠠᠴᠠ 2019 ᠤᠨ ᠪᠣᠯᠲᠠᠯ᠎ᠠ᠂ ᠥᠪᠥᠷ ᠮᠣᠩᠭᠣᠯ᠎ᠤᠨ ᠠᠮᠤ ᠪᠤᠳᠠᠭ᠋ᠠᠨ᠎ᠤ ᠵᠢᠯ᠎ᠤᠨ ᠳᠤᠮᠳᠠᠴᠢ ᠤᠨᠠᠯᠲᠠ ᠵᠢᠨ ᠬᠡᠮᠵᠢᠶ᠎ᠡ ᠪᠥᠬᠥ ᠤᠯᠤᠰ᠎ᠤᠨ ᠠᠮᠤ ᠪᠤᠳᠠᠭ᠋ᠠᠨ᠎ᠤ ᠵᠢᠯ᠎ᠤᠨ ᠳᠤᠮᠳᠠᠴᠢ ᠤᠨᠠᠯᠲᠠ ᠵᠢᠨ ᠵᠢᠷᠭᠤᠭ᠋ᠠᠨ᠎ᠤ ᠨᠢᠭᠡ ᠬᠤᠪᠢ ᠵᠢ ᠡᠵᠡᠯᠡᠵᠦ ᠪᠠᠶ᠋ᠢᠨ᠎ᠠ᠃ 2019 ᠣᠨ᠎ᠳᠤ ᠥᠪᠥᠷ ᠮᠣᠩᠭᠣᠯ᠎ᠤᠨ ᠪᠥᠬᠥ ᠤᠯᠤᠰ᠎ᠤᠨ ᠪᠤᠰᠤᠳ ᠮᠤᠵᠢ ᠣᠷᠣᠨ᠎ᠳᠤ ᠦᠵᠡᠭᠦᠯᠦᠭᠰᠡᠨ ᠠᠮᠤ ᠪᠤᠳᠠᠭ᠋ᠠᠨ᠎ᠤ ᠬᠤᠪᠢ ᠨᠡᠮᠡᠷᠢ ᠵᠢᠨ ᠬᠡᠮᠵᠢᠶ᠎ᠡ ᠪᠠᠷᠤᠭ 450 ᠳ᠋ᠦᠩᠰᠢᠭᠤᠷ ᠵᠢᠩ ᠪᠠᠶ᠋ᠢᠵᠤ᠂ ᠡᠭᠦᠨ᠎ᠳᠤ ᠠᠮᠤ ᠪᠤᠳᠠᠭ᠎ᠠ ᠵᠢ ᠭᠠᠳᠠᠭᠰᠢ ᠭᠠᠷᠭ᠋ᠠᠬᠤ ᠴᠡᠪᠡᠷ ᠬᠡᠮᠵᠢᠶ᠎ᠡ ᠪᠠᠷᠤᠭ 200 ᠳ᠋ᠦᠩᠰᠢᠭᠤᠷ ᠵᠢᠩ᠂ ᠠᠵᠤ ᠦᠢ᠍ᠯᠡᠳᠪᠦᠷᠢ᠎ᠳᠤ ᠬᠡᠷᠡᠭᠯᠡᠬᠦ ᠠᠮᠤ ᠪᠤᠳᠠᠭ᠎ᠠ ᠪᠠᠷᠤᠭ 200 ᠳ᠋ᠦᠩᠰᠢᠭᠤᠷ ᠵᠢᠩ᠂ ᠮᠢᠬ᠎ᠠ ᠥᠨᠳᠡᠭᠡ ᠰᠦ ᠵᠢ ᠭᠠᠳᠠᠭᠰᠢ ᠪᠣᠷᠣᠯᠠᠭᠤᠯᠬᠤ᠎ᠳᠤ ᠬᠡᠷᠡᠭᠯᠡᠬᠦ ᠪᠣᠷᠳᠣᠭ᠎ᠠ ᠵᠢᠨ ᠠᠮᠤ ᠪᠤᠳᠠᠭ᠎ᠠ ᠪᠠᠷᠤᠭ 50 ᠳ᠋ᠦᠩᠰᠢᠭᠤᠷ ᠵᠢᠩ ᠪᠠᠶ᠋ᠢᠬᠤ ᠪᠥᠭᠡᠳ ᠠᠮᠤ ᠪᠤᠳᠠᠭ᠋ᠠᠨ᠎ᠤ ᠲᠠᠸᠠᠷ᠎ᠤᠨ ᠨᠣᠷᠮ᠎ᠠ᠂ ᠠᠮᠤ ᠪᠤᠳᠠᠭ᠎ᠠ ᠡᠳ᠋ᠰᠢᠭᠦᠯᠬᠦ ᠦᠢ᠍ᠯᠡᠰ ᠵᠡᠷᠭᠡ ᠲᠠᠯ᠎ᠠ᠎ᠪᠠᠷ ᠪᠥᠬᠥ ᠤᠯᠤᠰ᠎ᠤᠨ ᠠᠮᠤ ᠪᠤᠳᠠᠭ᠋ᠠᠨ᠎ᠤ ᠠᠵᠤ ᠦᠢ᠍ᠯᠡᠰ᠎ᠤᠨ ᠬᠥᠭᠵᠢᠯᠲᠡ ᠪᠠ ᠤᠯᠤᠰ᠎ᠤᠨ ᠠᠮᠤ ᠪᠤᠳᠠᠭ᠋ᠠᠨ᠎ᠤ ᠠᠮᠤᠷ ᠲᠦᠪᠰᠢᠨ᠎ᠳᠤ ᠦᠵᠡᠭᠦᠯᠬᠦ ᠬᠤᠪᠢ ᠨᠡᠮᠡᠷᠢ ᠴᠥᠮ ᠢᠯᠡᠳᠲᠡ ᠳᠡᠭᠡᠭᠰᠢᠯᠡᠪᠡ᠃
ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶᠠᠨ᠎ᠤ ᠪᠠᠶ᠋ᠢᠩᠭᠤ ᠵᠢᠨ ᠭᠡᠰᠢᠭᠦᠨ᠂ ᠨᠠᠷᠢᠨ ᠪᠢᠴᠢᠭ᠎ᠤᠨ ᠳᠠᠷᠤᠭ᠎ᠠ᠂ ᠥᠪᠡᠷᠲᠡᠭᠡᠨ ᠵᠠᠰᠠᠬᠤ ᠣᠷᠣᠨ᠎ᠤ ᠪᠠᠶ᠋ᠢᠩᠭᠤ ᠵᠢᠨ ᠳᠡᠳ᠋ ᠲᠡᠷᠢᠭᠦᠯᠡᠭᠴᠢ ᠵᠠᠩ ᠱᠤᠤ ᠴᠦᠨ᠂ ᠳᠤᠮᠳᠠᠳᠤ ᠤᠯᠤᠰ ᠥᠪᠥᠷ ᠮᠣᠩᠭᠣᠯ᠎ᠤᠨ ᠠᠮᠤ ᠪᠤᠳᠠᠭ᠋ᠠᠨ᠎ᠤ ᠴᠢᠨᠠᠷ ᠰᠠᠶ᠋ᠢᠲᠠᠢ ᠬᠥᠭᠵᠢᠯᠲᠡ ᠵᠢᠨ ᠵᠢᠭ᠋ᠠᠯᠲᠠ ᠲᠣᠭ᠎ᠠ ᠵᠢ ᠨᠡᠶ᠋ᠢᠲᠡᠯᠡᠭᠰᠡᠨ᠎ᠨᠢ ᠥᠪᠥᠷ ᠮᠣᠩᠭᠣᠯ᠎ᠤᠨ ᠠᠮᠤ ᠪᠤᠳᠠᠭ᠋ᠠᠨ᠎ᠤ ᠴᠢᠨᠠᠷ ᠰᠠᠶ᠋ᠢᠲᠠᠢ ᠬᠥᠭᠵᠢᠯᠲᠡ ᠵᠢᠨ ᠲᠣᠭ᠋ᠠᠴᠢᠯᠠᠭᠰᠠᠨ ᠦᠨᠡᠯᠡᠯᠲᠡ ᠵᠢᠨ ᠰᠢᠰᠲ᠋ᠧᠮ ᠠᠩᠬ᠎ᠠ ᠠᠯᠬᠤᠮ ᠪᠦᠷᠢᠯᠳᠦᠭᠰᠡᠨ᠎ᠢ ᠬᠠᠷᠠᠭᠤᠯᠵᠤ ᠪᠠᠶ᠋ᠢᠨ᠎ᠠ᠃ ᠵᠢᠭ᠋ᠠᠯᠲᠠ ᠲᠣᠭ᠎ᠠ ᠵᠢᠨ ᠠᠵᠢᠯᠯᠠᠭ᠋ᠠᠨ ᠪᠠ ᠬᠢᠨᠠᠨ ᠬᠡᠮᠵᠢᠯᠲᠡ᠎ᠪᠠᠷ ᠳᠠᠮᠵᠢᠭᠤᠯᠤᠨ᠂ ᠪᠥᠬᠥ ᠣᠷᠣᠨ᠎ᠤ ᠠᠮᠤ ᠪᠤᠳᠠᠭ᠋ᠠᠨ᠎ᠤ ᠠᠵᠢᠯ᠎ᠤᠨ ᠦᠷ᠎ᠡ ᠪᠦᠲᠦᠮᠵᠢ ᠪᠠ ᠳᠤᠲᠠᠭᠤᠳᠠᠯ᠎ᠢ ᠪᠤᠰᠤᠳᠴᠢ᠎ᠪᠠᠷ ᠲᠤᠰᠬᠠᠵᠤ᠂ ᠠᠮᠤ ᠪᠤᠳᠠᠭ᠋ᠠᠨ᠎ᠤ ᠴᠢᠨᠠᠷ ᠰᠠᠶ᠋ᠢᠲᠠᠶ ᠬᠥᠭᠵᠢᠯᠲᠡ ᠵᠢᠨ ᠠᠷᠭ᠎ᠠ ᠵᠠᠮ᠎ᠢ ᠰᠦᠪᠡᠭᠴᠢᠯᠡᠬᠦ᠂ ᠠᠮᠤ ᠪᠤᠳᠠᠭ᠋ᠠᠨ᠎ᠤ ᠲᠥᠷᠥ ᠵᠢᠨ ᠪᠣᠳᠣᠯᠭ᠎ᠠ ᠠᠷᠭ᠎ᠠ ᠬᠡᠮᠵᠢᠶ᠎ᠡ ᠵᠢ ᠰᠤᠳᠤᠯᠤᠨ ᠲᠣᠭᠲᠠᠭ᠋ᠠᠬᠤ᠎ᠳᠤ ᠰᠢᠨᠵᠢᠯᠡᠬᠦ ᠤᠬᠠᠭ᠋ᠠᠨᠴᠢ ᠦᠨᠳᠦᠰᠦᠯᠡᠯ ᠬᠠᠩᠭ᠋ᠠᠵᠤ ᠪᠣᠯᠤᠨ᠎ᠠ᠃
ᠰᠢᠨᠬᠤᠸᠠ ᠬᠣᠷᠢᠶᠠᠨ᠎ᠤ ᠨᠠᠮ᠎ᠤᠨ ᠤᠳᠤᠷᠢᠳᠬᠤ ᠳᠤᠭᠤᠶ᠋ᠢᠯᠠᠩ᠎ᠤᠨ ᠪᠦᠷᠢᠯᠳᠦᠬᠦᠨ᠂ ᠨᠠᠷᠢᠨ ᠪᠢᠴᠢᠭ᠎ᠤᠨ ᠳᠠᠷᠤᠭ᠎ᠠ ᠬᠥᠩ ᠰᠢ ᠰᠢᠶᠠᠩ ᠵᠢᠭ᠋ᠠᠵᠤ ᠭᠠᠷᠭ᠋ᠠᠭᠰᠠᠨ᠎ᠨᠢ᠂ ᠵᠢᠭ᠋ᠠᠯᠲᠠ ᠲᠣᠭ᠎ᠠ᠎ᠨᠢ ᠥᠪᠥᠷ ᠮᠣᠩᠭᠣᠯ᠎ᠤᠨ ᠠᠮᠤ ᠪᠤᠳᠠᠭ᠋ᠠᠨ᠎ᠤ ᠬᠥᠭᠵᠢᠯᠲᠡ᠎ᠪᠠᠷ ᠣᠨᠴᠠᠯᠢᠭ ᠪᠥᠬᠥᠶ ᠥᠯᠢᠭᠡᠷ ᠬᠡᠪ ᠪᠣᠯᠭ᠋ᠠᠵᠤ᠂ ᠲᠣᠭ᠎ᠠ ᠪᠠᠷᠢᠮᠲᠠ᠎ᠪᠠᠷ ᠠᠮᠤ ᠪᠤᠳᠠᠭ᠋ᠠᠨ᠎ᠤ ᠴᠢᠨᠠᠷ ᠰᠠᠶ᠋ᠢᠲᠠᠶ ᠬᠥᠭᠵᠢᠯᠲᠡ ᠵᠢᠨ ᠦᠷ᠎ᠡ ᠪᠦᠲᠦᠮᠵᠢ ᠵᠢ ᠣᠨᠣᠪᠴᠢᠲᠠᠶ ᠬᠡᠮᠵᠢᠶᠡᠵᠢᠭᠦᠯᠵᠦ᠂ ᠠᠮᠤ ᠪᠤᠳᠠᠭ᠋ᠠᠨ᠎ᠤ ᠠᠵᠢᠯ ᠲᠥᠷᠥᠯ᠎ᠤᠨ ᠡᠯ᠎ᠡ ᠬᠠᠮᠢᠶ᠎ᠠ ᠪᠥᠬᠥᠶ ᠲᠠᠯ᠎ᠠ᠎ᠳᠤ ᠰᠢᠢ᠍ᠳᠪᠦᠷᠢᠲᠦ ᠪᠣᠳᠣᠯᠭ᠎ᠠ ᠵᠢᠨ ᠯᠠᠪᠯᠠᠯᠲᠠ ᠬᠠᠩᠭ᠋ᠠᠪᠠ᠃ ᠵᠢᠭ᠋ᠠᠯᠲᠠ ᠲᠣᠭ᠎ᠠ ᠵᠢᠨ ᠰᠤᠳᠤᠯᠭ᠋ᠠᠨ᠎ᠤ ᠦᠷ᠎ᠡ ᠪᠦᠲᠦᠭᠡᠯ᠎ᠨᠢ ᠥᠪᠥᠷ ᠮᠣᠩᠭᠣᠯ᠎ᠤᠨ ᠠᠮᠤ ᠪᠤᠳᠠᠭ᠋ᠠᠨ᠎ᠤ ᠪᠥᠬᠥ ᠤᠯᠤᠰ᠎ᠲᠠᠬᠢ ᠪᠠᠶ᠋ᠢᠷᠢ ᠰᠠᠭᠤᠷᠢ ᠵᠢ ᠢᠯᠡᠷᠡᠭᠦᠯᠵᠦ᠂ ᠥᠪᠥᠷ ᠮᠣᠩᠭᠣᠯ᠎ᠤᠨ ᠠᠮᠤ ᠪᠤᠳᠠᠭ᠋ᠠᠨ᠎ᠤ ᠴᠢᠨᠠᠷ ᠰᠠᠶ᠋ᠢᠲᠠᠶ ᠬᠥᠭᠵᠢᠯᠲᠡ ᠪᠠ ᠨᠥᠯᠥᠭᠡᠯᠡᠬᠦ ᠬᠦᠴᠦᠨ᠎ᠤ ᠳᠡᠭᠡᠭᠰᠢᠯᠡᠯᠲᠡ᠎ᠳᠤ ᠠᠰᠢᠭᠲᠠᠶ ᠶᠤᠮ᠃