ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠤᠳᠤᠷᠢᠳᠤᠯᠭ᠎ᠠ᠎ᠶᠢᠨ ᠲᠠᠨᠢᠯᠴᠠᠭᠤᠯᠭ᠎ᠠ
ᠦᠢᠯᠡᠴᠢᠯᠡᠭᠡ
ᠰᠢᠨᠵᠢᠯᠡᠭᠡ ᠮᠡᠷᠭᠡᠵᠢᠯ
ᠰᠢᠨᠵᠢᠯᠡᠭᠡ ᠮᠡᠷᠭᠡᠵᠢᠯ   -   ᠰᠢᠨᠵᠢᠯᠡᠭᠡ ᠮᠡᠷᠭᠡᠵᠢᠯ᠎ᠤᠨ ᠵᠠᠰᠠᠭ᠎ᠤᠨ ᠳᠠᠭᠤᠨ
104 ᠺᠠᠳ᠋ᠷ ᠳ᠋ᠠᠯᠢᠶᠠᠨ᠎ᠤ ᠳᠡᠭᠡᠳᠦ ᠰᠢᠨ᠎ᠡ ᠮᠡᠷᠭᠡᠵᠢᠯ᠎ᠤᠨ ᠲᠣᠭᠣᠷᠢᠭ᠎ᠤᠨ 《ᠲᠥᠰᠦᠯ᠎ᠤᠨ ᠬᠠᠮᠢᠶᠠᠷᠤᠭᠴᠢ》 ᠪᠣᠯᠪᠠ
ᠨᠡᠶ᠋ᠢᠲᠡᠯᠡᠭᠰᠡᠨ ᠴᠠᠭ᠄ 2021-03-30


      ᠠᠵᠤ ᠠᠬᠤᠢ᠌ᠯᠠᠯ᠎ᠤᠨ ᠬᠥᠭᠵᠢᠯᠲᠡ ᠵᠢᠨ ᠳᠤᠮᠳᠠᠬᠢ ᠡᠪᠡᠷᠰᠢᠶᠡᠯ᠂ ᠬᠦᠴᠢᠷᠳᠡᠯ᠂ ᠲᠦᠭᠵᠢᠷᠡᠯ᠎ᠤᠨ ᠠᠰᠠᠭᠤᠳᠠᠯ᠎ᠢ ᠦᠨᠡᠨ ᠬᠦ᠌ ᠰᠢᠢᠳᠪᠦᠷᠢᠯᠡᠵᠦ᠂ ᠬᠤᠳᠠᠯᠳᠤᠭ᠎ᠠ ᠡᠵᠡᠩᠨᠡᠬᠦ ᠰᠠᠢ᠌ᠨ ᠰᠠᠢ᠌ᠬᠠᠨ ᠣᠷᠴᠢᠨ ᠨᠥᠬᠥᠴᠡᠯ᠎ᠢ ᠪᠣᠶ ᠪᠣᠯᠭ᠋ᠠᠬᠤ ᠵᠢᠨ ᠲᠥᠯᠥᠭᠡ᠂ ᠳ᠋ᠠᠯᠢᠶᠠᠨ᠎ᠤ ᠳᠡᠭᠡᠳᠦ ᠰᠢᠨ᠎ᠡ ᠮᠡᠷᠭᠡᠵᠢᠯ᠎ᠤᠨ ᠲᠣᠭᠣᠷᠢᠭ ᠣᠢ᠌ᠷ᠎ᠠ᠎ᠳᠤ 《ᠳ᠋ᠠᠯᠢᠶᠠᠨ᠎ᠤ ᠳᠡᠭᠡᠳᠦ ᠰᠢᠨ᠎ᠡ ᠮᠡᠷᠭᠡᠵᠢᠯ᠎ᠤᠨ ᠲᠣᠭᠣᠷᠢᠭ᠎ᠤᠨ ᠲᠥᠰᠦᠯ᠎ᠤᠨ ᠬᠠᠮᠢᠶᠠᠷᠤᠭᠴᠢ ᠵᠢᠨ ᠲᠦᠷᠢᠮ᠎ᠢ ᠪᠠᠢ᠌ᠭᠤᠯᠤᠨ ᠲᠡᠭᠦᠯᠳᠡᠷᠵᠢᠭᠦᠯᠬᠦ ᠲᠤᠬᠠᠶ ᠬᠡᠷᠡᠭᠵᠢᠭᠦᠯᠬᠦ ᠲᠥᠰᠦᠯ》᠎ᠢ ᠨᠡᠢ᠌ᠲᠡᠯᠡᠵᠦ᠂ ᠪᠥᠬᠥ ᠣᠷᠣᠨ᠎ᠤ 104 ᠳᠡᠳ᠋ ᠭᠠᠵᠠᠷ᠎ᠤᠨ ᠳᠠᠷᠤᠭ᠎ᠠ᠎ᠠᠴᠠ ᠳᠡᠭᠡᠭᠰᠢᠬᠢ ᠺᠠᠳ᠋ᠷ 《ᠲᠥᠰᠦᠯ᠎ᠤᠨ ᠬᠠᠮᠢᠶᠠᠷᠤᠭᠴᠢ》 ᠪᠣᠯᠵᠣ᠂ ᠡᠬᠡ ᠲᠠᠩᠰᠠᠨ᠎ᠳᠤ ᠣᠷᠣᠭᠤᠯᠤᠭᠰᠠᠨ ᠲᠥᠷᠥᠯ ᠵᠦᠢᠯ ᠪᠤᠶᠤ ᠠᠵᠤ ᠠᠬᠤᠢ᠌ᠯᠠᠯ᠎ᠳᠤ 《1 + 1 + N》 ᠮᠠᠶᠢᠭ᠎ᠤᠨ ᠳᠠᠭ᠋ᠠᠭ᠋ᠠᠨ ᠪᠠᠲᠤᠯᠠᠬᠤ ᠦᠢᠯᠡᠴᠢᠯᠡᠭᠡ ᠬᠠᠩᠭ᠋ᠠᠵᠤ᠂ ᠠᠵᠤ ᠠᠬᠤᠢ᠌ᠯᠠᠯ᠎ᠤᠨ ᠡᠭᠦᠳᠦᠨ ᠪᠠᠢ᠌ᠭᠤᠯᠬᠤ᠂ ᠪᠥᠲᠥᠭᠡᠨ ᠪᠠᠢ᠌ᠭᠤᠯᠬᠤ᠂ ᠡᠵᠡᠩᠨᠡᠬᠦ ᠵᠡᠷᠭᠡ ᠡᠯ᠎ᠡ ᠭᠣᠭᠴᠣᠭ᠎ᠠ ᠵᠢ ᠬᠠᠮᠤᠷᠤᠭᠰᠠᠨ ᠪᠥᠬᠥ ᠠᠮᠢ ᠨᠠᠰᠤᠨ᠎ᠤ ᠦᠶᠡᠯᠡᠯ᠎ᠤᠨ ᠦᠢᠯᠡᠴᠢᠯᠡᠭᠡᠨ᠎ᠤ ᠰᠢᠰᠲ᠋ᠧᠮ᠎ᠢ ᠪᠦᠷᠢᠯᠳᠦᠭᠦᠯᠬᠦ ᠪᠣᠯᠤᠨ᠎ᠠ᠃
   《ᠲᠥᠰᠦᠯ᠎ᠤᠨ ᠬᠠᠮᠢᠶᠠᠷᠤᠭᠴᠢ》 ᠵᠢᠨ ᠠᠵᠢᠯ᠎ᠤᠨ ᠲᠦᠷᠢᠮ᠎ᠨᠢ 《1 ᠲᠥᠰᠦᠯ᠎ᠤᠨ ᠬᠠᠮᠢᠶᠠᠷᠤᠭᠴᠢ + 1 ᠠᠵᠤ ᠠᠬᠤᠢ᠌ᠯᠠᠯ (ᠲᠥᠷᠥᠯ ᠵᠦᠢᠯ)᠎ᠤᠨ ᠬᠠᠷᠢᠯᠴᠠᠬᠤ ᠬᠥᠮᠦᠨ + N ᠵᠠᠰᠠᠭ ᠵᠠᠬᠢᠷᠭ᠋ᠠᠨ᠎ᠤ ᠡᠭᠦᠷᠭᠡ ᠴᠢᠳᠠᠪᠤᠷᠢᠲᠤ ᠰᠠᠯᠠᠭ᠎ᠠ ᠮᠥᠴᠢᠷ᠎ᠤᠨ ᠬᠠᠷᠢᠯᠴᠠᠬᠤ ᠬᠥᠮᠦᠨ》᠎ᠤ 《1 + 1 + N》 ᠵᠠᠭᠪᠤᠷ ᠵᠶ᠋ᠠᠷ᠂ ᠵᠠᠰᠠᠭ ᠵᠠᠬᠢᠷᠭ᠋ᠠᠨ᠎ᠤ ᠡᠭᠦᠷᠭᠡ ᠴᠢᠳᠠᠪᠤᠷᠢᠲᠤ ᠰᠠᠯᠠᠭ᠎ᠠ ᠮᠥᠴᠢᠷ᠎ᠲᠠᠢ ᠬᠠᠮᠵᠢᠯᠴᠠᠨ ᠬᠠᠷᠢᠯᠴᠠᠬᠤ ᠬᠥᠮᠦᠨ ᠬᠠᠷᠢᠯᠴᠠᠵᠤ᠂ ᠠᠵᠤ ᠠᠬᠤᠢ᠌ᠯᠠᠯ᠎ᠢ ᠬᠠᠪᠰᠤᠷᠤᠨ ᠠᠵᠤ ᠦᠢᠯᠡᠳᠪᠦᠷᠢ ᠬᠤᠳᠠᠯᠳᠤᠭ᠋ᠠᠨ᠎ᠤ ᠳᠡᠩᠰᠡᠯᠡᠨ ᠲᠡᠮᠳᠡᠭᠯᠡᠬᠦ᠎ᠠᠴᠠ ᠡᠬᠢᠯᠡᠨ ᠪᠠᠢ᠌ᠭᠤᠯᠬᠤ ᠬᠦᠷᠲᠡᠯᠡᠬᠢ ᠡᠯ᠎ᠡ ᠵᠦᠢᠯ᠎ᠤᠨ ᠬᠢᠨᠠᠨ ᠵᠥᠪᠰᠢᠶᠡᠷᠡᠬᠦ ᠭᠠᠷᠳᠠᠮ᠎ᠢ ᠭᠦᠢᠴᠡᠳᠬᠡᠵᠦ᠂ ᠠᠵᠤ ᠠᠬᠤᠢ᠌ᠯᠠᠯ᠎ᠤᠨ ᠦᠢᠯᠡᠳᠪᠦᠷᠢᠯᠡᠯ ᠡᠵᠡᠩᠨᠡᠯᠲᠡ ᠵᠢᠨ ᠬᠥᠭᠵᠢᠯᠲᠡ ᠳᠤᠮᠳᠠ ᠲᠤᠯᠭ᠋ᠠᠷᠠᠭᠰᠠᠨ ᠠᠰᠠᠭᠤᠳᠠᠯ ᠪᠠ ᠬᠦᠴᠢᠷᠳᠡᠯ᠎ᠢ ᠵᠣᠬᠢᠴᠠᠭᠤᠯᠤᠨ ᠰᠢᠢᠳᠪᠦᠷᠢᠯᠡᠵᠦ᠂ᠲᠥᠰᠦᠯ᠎ᠤᠨ ᠬᠠᠮᠢᠶᠠᠷᠤᠭᠴᠢ ᠵᠠᠰᠠᠭ᠎ᠤᠨ ᠣᠷᠳᠣᠨ ᠪᠠ ᠠᠵᠤ ᠠᠬᠤᠢ᠌ᠯᠠᠯ᠎ᠤᠨ ᠬᠣᠭᠣᠷᠣᠨᠳᠣᠬᠢ ᠪᠦᠲᠦᠮᠵᠢᠲᠡᠶ ᠨᠡᠪᠲᠡᠷᠡᠯᠴᠡᠬᠦ ᠬᠥᠭᠥᠷᠭᠡ ᠪᠠ ᠬᠣᠯᠪᠣᠭ᠋ᠠᠰᠤ ᠪᠣᠯᠭ᠋ᠠᠨ᠎ᠠ᠃
    ᠣᠢ᠌ᠯᠠᠭ᠋ᠠᠭᠰᠠᠨ ᠵᠶ᠋ᠠᠷ᠂ 104《ᠲᠥᠰᠦᠯ᠎ᠤᠨ ᠬᠠᠮᠢᠶᠠᠷᠤᠭᠴᠢ》᠎ᠨᠢ ᠭᠣᠤᠯᠳᠠᠭᠤ ᠳᠡᠭᠡᠳᠦ ᠰᠢᠨ᠎ᠡ ᠮᠡᠷᠭᠡᠵᠢᠯ᠎ᠤᠨ ᠲᠣᠭᠣᠷᠢᠭ᠎ᠤᠨ ᠴᠢᠬᠤᠯᠠ ᠶᠡᠬᠡ ᠲᠥᠷᠥᠯ ᠵᠦᠢᠯ᠂ ᠭᠣᠤᠯᠳᠠᠯᠭ᠎ᠠ᠎ᠲᠠᠢ ᠠᠵᠤ ᠠᠬᠤᠢ᠌ᠯᠠᠯ᠎ᠤᠨ ᠲᠣᠭᠣᠷᠢᠨ᠎ᠳᠤ ᠠᠵᠢᠯ ᠵᠶ᠋ᠠᠨ ᠥᠷᠨᠢᠭᠦᠯᠪᠡ᠃ ᠣᠳᠣᠬᠠᠨ᠎ᠳᠤ᠂ ᠳᠡᠭᠡᠳᠦ ᠰᠢᠨ᠎ᠡ ᠮᠡᠷᠭᠡᠵᠢᠯ᠎ᠤᠨ ᠲᠣᠭᠣᠷᠢᠭ᠎ᠤᠨ ᠠᠵᠢᠯ᠎ᠤᠨ ᠡᠬᠡ ᠲᠠᠩᠰᠠᠨ᠎ᠳᠤ ᠣᠷᠣᠭᠤᠯᠤᠭᠰᠠᠨ ᠴᠢᠬᠤᠯᠠ ᠶᠡᠬᠡ ᠲᠥᠷᠥᠯ ᠵᠦᠢᠯ᠎ᠳᠤ᠂ ᠭᠣᠤᠯᠳᠠᠯᠭ᠎ᠠ᠎ᠲᠠᠢ ᠠᠵᠤ ᠠᠬᠤᠢ᠌ᠯᠠᠯ ᠨᠡᠢ᠌ᠲᠡ 888 ᠪᠠᠢ᠌ᠵᠤ᠂ 《ᠲᠥᠰᠦᠯ᠎ᠤᠨ ᠬᠠᠮᠢᠶᠠᠷᠤᠭᠴᠢ》 ᠵᠢᠨ ᠭᠣᠤᠯ ᠦᠢᠯᠡᠴᠢᠯᠡᠬᠦ ᠡᠲᠡᠭᠡᠳ ᠪᠣᠯᠵᠣ᠂ 《ᠲᠥᠰᠦᠯ᠎ᠤᠨ ᠬᠠᠮᠢᠶᠠᠷᠤᠭᠴᠢ》᠎ᠠᠴᠠ ᠲᠡᠭᠦᠨ᠎ᠳᠤ 《ᠳᠠᠭ᠋ᠠᠭ᠋ᠠᠴᠢᠯᠠᠬᠤ ᠶᠣᠰᠣᠲᠠᠶ ᠵᠢ᠎ᠨᠢ ᠪᠦᠬᠦᠨ᠎ᠢ ᠳᠠᠭ᠋ᠠᠭ᠋ᠠᠴᠢᠯᠠᠬᠤ᠂ ᠪᠠᠲᠤᠯᠠᠬᠤ ᠶᠣᠰᠣᠲᠠᠶ ᠵᠢ᠎ᠨᠢ ᠪᠦᠬᠦᠨ᠎ᠢ ᠪᠠᠲᠤᠯᠠᠬᠤ》 ᠦᠢᠯᠡᠴᠢᠯᠡᠭᠡ ᠬᠠᠩᠭ᠋ᠠᠬᠤ ᠪᠣᠯᠤᠨ᠎ᠠ᠃
    ᠥᠩᠭᠡᠷᠡᠭᠰᠡᠨ᠎ᠤ ᠲᠠᠩ ᠭᠠᠭᠴᠠ᠎ᠪᠠᠷ ᠬᠡᠷ᠎ᠲᠤᠨᠢ ᠬᠦᠷᠴᠦ ᠦᠢᠯᠡᠴᠢᠯᠡᠬᠦ ᠵᠠᠭᠪᠤᠷ᠎ᠢ ᠬᠤᠪᠢᠷᠠᠭᠤᠯᠬᠤ ᠵᠢᠨ ᠲᠥᠯᠥᠭᠡ᠂ ᠳ᠋ᠠᠯᠢᠶᠠᠨ᠎ᠤ ᠳᠡᠭᠡᠳᠦ ᠰᠢᠨ᠎ᠡ ᠮᠡᠷᠭᠡᠵᠢᠯ᠎ᠤᠨ ᠲᠣᠭᠣᠷᠢᠭ ᠲᠣᠮᠣ ᠳ᠋ᠠᠢ᠌ᠲ᠋ᠠ ᠵᠢᠨ ᠰᠢᠰᠲ᠋ᠧᠮ᠎ᠢ ᠠᠰᠢᠭᠯᠠᠨ᠂ ᠰᠦᠯᠵᠢᠶᠡᠨ ᠳᠡᠭᠡᠷ᠎ᠡ 《ᠲᠥᠰᠦᠯ᠎ᠤᠨ ᠬᠠᠮᠢᠶᠠᠷᠤᠭᠴᠢ ᠠᠵᠤ ᠠᠬᠤᠢ᠌ᠯᠠᠯ᠎ᠤᠨ ᠦᠢᠯᠡᠴᠢᠯᠡᠭᠡᠨ᠎ᠤ ᠲᠠᠪᠴᠠᠩ》᠎ᠢ ᠪᠠᠢ᠌ᠭᠤᠯᠵᠤ᠂ 《ᠲᠥᠰᠦᠯ᠎ᠤᠨ ᠬᠠᠮᠢᠶᠠᠷᠤᠭᠴᠢ》 ᠵᠢᠨ ᠠᠵᠢᠯ᠎ᠳᠤ 《ᠬᠥᠮᠦᠨ ᠡᠷᠢᠬᠦ ᠥᠬᠡᠶ᠂ ᠠᠭᠤᠯᠵᠠᠬᠤ ᠥᠬᠡᠶ》᠂ 《ᠤᠴᠢᠷ ᠶᠠᠪᠤᠳᠠᠯ ᠲᠣᠬᠢᠶᠠᠯᠳᠤᠪᠠᠯ ᠡᠷᠬᠡᠪᠰᠢ ᠠᠷᠭ᠋ᠠᠴᠠᠬᠤ᠂ ᠤᠴᠢᠷ ᠥᠬᠡᠶ ᠪᠣᠯ ᠥᠯᠥ ᠬᠠᠷᠰᠢᠯᠠᠬᠤ》 ᠰᠢᠨ᠎ᠡ ᠬᠡᠯᠪᠡᠷᠢ ᠵᠢᠨ ᠦᠢᠯᠡᠴᠢᠯᠡᠭᠡᠨ᠎ᠤ ᠰᠢᠰᠲ᠋ᠧᠮ᠎ᠢ ᠬᠠᠩᠭ᠋ᠠᠪᠠ᠃
    ᠲᠠᠨᠢᠯᠴᠠᠭᠤᠯᠤᠭᠰᠠᠨ ᠵᠶ᠋ᠠᠷ᠂ ᠲᠣᠰ ᠲᠠᠪᠴᠠᠩ᠎ᠨᠢ ᠠᠵᠤ ᠠᠬᠤᠢ᠌ᠯᠠᠯ᠎ᠤᠨ ᠬᠦᠰᠡᠯ ᠱᠠᠭ᠋ᠠᠷᠳᠠᠯᠭ᠎ᠠ᠎ᠪᠠᠷ ᠤᠳᠤᠷᠢᠳᠤᠮᠵᠢ ᠪᠣᠯᠭ᠋ᠠᠵᠤ᠂ ᠰᠦᠯᠵᠢᠶᠡᠨ ᠳᠡᠭᠡᠷ᠎ᠡ ᠴᠠᠭ ᠲᠤᠬᠠᠶ᠎ᠳᠤ᠎ᠨᠢ ᠦᠢᠯᠡᠳᠦᠯᠴᠡᠬᠦ᠂ ᠴᠤᠪᠤᠷᠠᠯ᠎ᠳᠤ ᠬᠥᠳᠡᠯᠦᠩᠭᠦᠶ᠎ᠪᠠᠷ ᠬᠢᠨᠠᠯᠲᠠ ᠲᠠᠯᠪᠢᠬᠤ᠂ ᠠᠭᠤᠯᠭ᠎ᠠ ᠵᠢ ᠴᠠᠭ ᠲᠤᠬᠠᠶ᠎ᠳᠤ᠎ᠨᠢ ᠲᠣᠬᠢᠷᠠᠭᠤᠯᠬᠤ᠂ ᠶᠠᠰᠤ ᠴᠢᠨᠠᠷ᠎ᠢ 《ᠬᠠᠷᠭᠤᠭᠤᠯᠬᠤ》 ᠦᠨᠡᠯᠡᠯᠲᠡ ᠬᠢᠬᠦ᠂ ᠦᠷ᠎ᠡ ᠪᠦᠲᠦᠮᠵᠢ ᠵᠢ ᠰᠦᠯᠵᠢᠶᠡᠨ ᠳᠡᠭᠡᠷ᠎ᠡ ᠪᠦᠷᠢᠳᠬᠡᠨ ᠵᠠᠳᠠᠯᠬᠤ ᠵᠢ ᠪᠡᠶᠡᠯᠡᠭᠦᠯᠵᠦ᠂ ᠲᠥᠰᠦᠯ᠎ᠤᠨ ᠬᠠᠮᠢᠶᠠᠷᠥᠭᠴᠢ ᠵᠢᠨ ᠠᠵᠢᠯ᠎ᠤᠨ ᠳᠤᠮᠳᠠᠬᠢ ᠦᠢᠯᠡᠴᠢᠯᠡᠭᠡᠨ᠎ᠤ ᠰᠠᠢ᠌ᠨ ᠮᠠᠭᠤ ᠵᠢᠨ ᠴᠢᠨᠠᠷ᠎ᠢ ᠲᠣᠭᠲᠠᠭ᠋ᠠᠬᠤ᠎ᠳᠤ ᠬᠦᠴᠢᠷᠲᠡᠶ ᠪᠠᠢ᠌ᠬᠤ᠂ ᠠᠵᠢᠯ᠎ᠤᠨ ᠲᠣᠬᠢᠷᠠᠭᠤᠯᠤᠯᠲᠠ᠎ᠨᠢ ᠴᠠᠭ ᠲᠤᠬᠠᠶ᠎ᠳᠤ᠎ᠨᠢ ᠬᠦᠴᠢᠷᠲᠡᠶ ᠪᠠᠢ᠌ᠬᠤ᠂ ᠡᠳᠦᠷ ᠲᠤᠲᠤᠮ᠎ᠤᠨ ᠬᠢᠨᠠᠯᠲᠠ᠎ᠨᠢ ᠳᠠᠭ᠋ᠠᠵᠤ ᠬᠢᠬᠦ᠎ᠳᠤ ᠬᠦᠴᠢᠷᠲᠡᠶ ᠪᠠᠢ᠌ᠬᠤ᠂ ᠦᠢᠯᠡᠴᠢᠯᠡᠭᠡᠨ᠎ᠤ ᠦᠷ᠎ᠡ ᠪᠦᠲᠦᠮᠵᠢ ᠵᠢ ᠦᠨᠡᠯᠡᠨ ᠵᠢᠱ᠌ᠢᠬᠦ᠎ᠳᠤ ᠬᠦᠴᠢᠷᠲᠡᠶ ᠪᠠᠢ᠌ᠬᠤ᠂ᠲᠥᠰᠦᠯ᠎ᠤᠨ ᠬᠠᠮᠢᠶᠠᠷᠤᠭᠴᠢ᠎ᠨᠢ ᠠᠬᠢᠭᠤᠯᠬᠤ᠎ᠳᠤ ᠬᠦᠴᠢᠷᠲᠡᠶ ᠪᠠᠢ᠌ᠬᠤ ᠵᠡᠷᠭᠡ ᠠᠰᠠᠭᠤᠳᠠᠯ᠎ᠢ ᠰᠢᠢᠳᠪᠦᠷᠢᠯᠡᠵᠦ᠂ᠲᠥᠰᠦᠯ᠎ᠤᠨ   ᠬᠠᠮᠢᠶᠠᠷᠥᠭᠴᠢ ᠵᠢᠨ ᠲᠦᠷᠢᠮ᠎ᠤᠨ ᠦᠨᠡᠨ ᠬᠦ᠌ ᠪᠦᠲᠦᠮᠵᠢᠲᠡᠶ ᠶᠠᠪᠤᠭᠳᠠᠬᠤ ᠵᠢ ᠪᠠᠲᠤᠯᠠᠨ᠎ᠠ᠃

ᠢᠷᠡᠯᠲᠡ᠄ ᠰᠢᠨᠵᠢᠯᠡᠬᠦ ᠤᠬᠠᠭ᠋ᠠᠨ ᠮᠡᠷᠭᠡᠵᠢᠯ᠎ᠤᠨ ᠡᠳᠦᠷ᠎ᠤᠨ ᠰᠣᠨᠢᠨ
          
ᠬᠠᠮᠢᠶ᠎ᠡ ᠪᠦᠬᠦᠢ ᠰᠣᠨᠢᠨ
ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠳᠠᠭ᠋ᠠᠭᠤᠯᠤᠭᠴᠢ ᠠᠵᠤ ᠠᠬᠤᠢ᠌ᠯᠠᠯ᠎ᠢ ᠬᠥᠮᠦᠵᠢᠭᠦᠯᠬᠦ᠎ᠳᠤ ᠬᠡᠪ ᠳᠠᠭᠤᠷᠢᠶᠠᠯ ᠦᠵᠡᠭᠦᠯᠬᠦ᠎ᠨᠢ ᠴᠢᠬᠤᠯᠠ ᠶᠤᠮ
36 ᠠᠵᠤ ᠠᠬᠤᠢ᠌ᠯᠠᠯ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠪᠣᠬᠢᠷᠲᠤᠯ ᠥᠬᠡᠶ ᠦᠢᠯᠡᠳᠪᠦᠷᠢ ᠵᠢᠨ ᠲᠠᠰ᠎ᠲᠤ ᠳᠡᠪᠰᠢᠪᠡ
ᠠᠷᠪᠠᠨ ᠵᠢᠷᠭᠤᠳᠤᠭ᠋ᠠᠷ ᠬᠤᠭᠤᠴᠠᠭ᠋ᠠᠨ᠎ᠤ ᠥᠪᠥᠷ ᠮᠣᠩᠭᠣᠯ᠎ᠤᠨ ᠪᠠᠢ᠌ᠭ᠋ᠠᠯᠢ ᠵᠢᠨ ᠰᠢᠨᠵᠢᠯᠡᠬᠦ ᠤᠬᠠᠭ᠋ᠠᠨ᠎ᠤ ᠡᠷᠳᠡᠮ ᠰᠢᠨᠵᠢᠯᠡᠭᠡᠨ᠎ᠤ ᠣᠨ᠎ᠤ ᠬᠤᠷᠠᠯ ᠬᠥᠬᠡᠬᠣᠲᠠ᠎ᠳᠤ ᠡᠬᠢᠯᠡᠪᠡ
ᠬᠦᠴᠢᠷ ᠠᠰᠠᠭᠤᠳᠠᠯ᠎ᠢ ᠰᠢᠢᠳᠪᠦᠷᠢᠯᠡᠨ ᠳᠠᠪᠠᠭᠤᠯᠢᠭ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠰᠢᠨ᠎ᠡ ᠡᠭᠦᠳᠦᠯᠲᠡ ᠵᠢ ᠵᠤᠵᠠᠭ᠋ᠠᠳᠬᠠᠵᠤ ᠥᠪᠥᠷ ᠮᠣᠩᠭᠣᠯ᠎ᠤᠨ ᠲᠠᠷᠢᠶᠠᠯᠠᠩ ᠮᠠᠯ ᠠᠵᠤ ᠠᠬᠤᠶ ᠵᠢᠨ ᠴᠢᠨᠠᠷ ᠰᠠᠢ᠌ᠲᠠᠶ ᠬᠥᠭᠵᠢᠯᠲᠡ ᠵᠢ ᠠᠬᠢᠭᠤᠯᠬᠤ ᠬᠡᠷᠡᠭᠲᠡᠶ
ᠥᠪᠥᠷ ᠮᠣᠩᠭᠣᠯ ᠳᠠᠪᠠᠭᠤᠯᠢᠭ ᠣᠨᠴᠠᠯᠢᠭᠲᠤ ᠠᠵᠤ ᠦᠢᠯᠡᠰ᠎ᠤᠨ ᠰᠦᠷᠦᠭᠵᠢᠯ᠎ᠤᠨ ᠪᠥᠲᠥᠭᠡᠨ ᠪᠠᠢ᠌ᠭᠤᠯᠤᠯᠲᠠ ᠵᠢ ᠦᠷᠭᠦᠯᠵᠢᠯᠡᠨ ᠠᠬᠢᠭᠤᠯᠵᠤ ᠪᠣᠶ
 
            