ᠶᠡᠷᠦᠩᠬᠡᠢ ᠱᠦᠵᠢ ᠰᠢ ᠵᠢᠨ ᠫᠢᠩ ᠳᠤᠮᠳᠠᠳᠤ ᠤᠯᠤᠰ᠎ᠤᠨ ᠡᠪ ᠬᠠᠮᠲᠤ ᠨᠠᠮ ᠪᠠᠢ᠌ᠭᠤᠯᠤᠭᠳᠠᠭᠰᠠᠨ 100 ᠵᠢᠯ᠎ᠤᠨ ᠤᠢ ᠵᠢ ᠪᠡᠯᠭᠡᠯᠡᠬᠦ ᠶᠡᠬᠡ ᠬᠤᠷᠠᠯ ᠳᠡᠭᠡᠷᠡᠬᠢ ᠴᠢᠬᠤᠯᠠ ᠶᠠᠷᠢᠶ᠎ᠠ᠎ᠳᠠᠭᠠᠨ᠄ 《ᠰᠢᠨ᠎ᠡ ᠠᠶᠠᠨ ᠵᠠᠮ᠎ᠳᠤ᠂ ᠪᠢᠳᠡ ᠡᠷᠬᠡᠪᠰᠢ ᠴᠢᠨᠠᠷ ᠰᠠᠢ᠌ᠲᠠᠢ ᠬᠥᠭᠵᠢᠯᠲᠡ ᠵᠢ ᠠᠬᠢᠭᠤᠯᠵᠤ᠂ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠪᠡᠶ᠎ᠡ᠎ᠪᠠᠨ ᠳᠠᠭ᠋ᠠᠭ᠋ᠠᠵᠤ ᠬᠦᠴᠦᠷᠬᠡᠭᠵᠢᠬᠦ ᠵᠢ ᠠᠬᠢᠭᠤᠯᠬᠤ ᠬᠡᠷᠡᠭᠲᠡᠢ ᠃ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠳᠠᠭ᠋ᠠᠭᠤᠯᠤᠭᠴᠢ ᠠᠵᠤ ᠠᠬᠤᠢ᠌ᠯᠠᠯ ᠪᠣᠯ ᠤᠯᠤᠰ᠎ᠤᠨ ᠪᠠᠢ᠌ᠯᠳᠤᠬᠤ ᠪᠣᠳᠣᠯᠭ᠎ᠠ ᠵᠢᠨ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠬᠦᠴᠦᠨ᠎ᠤ ᠴᠢᠬᠤᠯᠠ ᠪᠦᠷᠢᠯᠳᠦᠬᠦᠨ ᠬᠡᠰᠡᠭ ᠪᠣᠯᠤᠨ᠎ᠠ᠂ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠳᠠᠭ᠋ᠠᠭᠤᠯᠤᠭᠴᠢ ᠠᠵᠤ ᠠᠬᠤᠢ᠌ᠯᠠᠯ᠎ᠢ ᠲᠦᠷᠭᠡᠳᠬᠡᠨ ᠪᠣᠢ᠌ᠵᠢᠭᠤᠯᠵᠤ᠂ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ ᠵᠶ᠋ᠡᠷ ᠬᠦᠴᠦᠷᠬᠡᠭ ᠪᠠᠢ᠌ᠭᠰᠠᠨ᠎ᠠᠴᠠ ᠠᠵᠤ ᠠᠬᠤᠢ᠌ᠯᠠᠯ ᠬᠦᠴᠦᠷᠬᠡᠭ᠂ ᠠᠵᠤ ᠦᠢᠯᠡᠰ ᠬᠦᠴᠦᠷᠬᠡᠭ᠂ ᠠᠵᠤ ᠠᠬᠤᠶ ᠬᠦᠴᠦᠷᠬᠡᠭ ᠪᠣᠯᠬᠤ ᠵᠠᠮ᠎ᠢ ᠨᠡᠭᠡᠭᠡᠵᠦ᠂ ᠥᠨᠳᠥᠷ ᠲᠦᠪᠰᠢᠨ ᠪᠥᠬᠥᠶ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠪᠡᠶ᠎ᠡ᠎ᠪᠠᠨ ᠳᠠᠭ᠋ᠠᠭ᠋ᠠᠵᠤ ᠥᠪᠡᠷ᠎ᠢ᠎ᠪᠠᠨ ᠬᠦᠴᠦᠷᠬᠡᠭᠵᠢᠭᠦᠯᠬᠦ ᠵᠢ ᠠᠬᠢᠭᠤᠯᠬᠤ᠂ ᠤᠯᠤᠰ᠎ᠤᠨ ᠠᠵᠤ ᠦᠢᠯᠡᠰ᠎ᠤᠨ ᠬᠡᠯᠬᠢᠶ᠎ᠡ ᠬᠠᠩᠭ᠋ᠠᠯᠭ᠎ᠠ ᠵᠢᠨ ᠬᠡᠯᠬᠢᠶ᠎ᠡ ᠵᠢᠨ ᠠᠮᠤᠷ ᠲᠦᠪᠰᠢᠨ ᠲᠣᠭᠲᠠᠭᠤᠨ᠎ᠢ ᠪᠠᠲᠤᠯᠠᠬᠤ᠂ ᠴᠢᠨᠠᠷ ᠰᠠᠢ᠌ᠲᠠᠶ ᠬᠥᠭᠵᠢᠯᠲᠡ ᠵᠢ ᠠᠬᠢᠭᠤᠯᠬᠤ ᠴᠢᠬᠤᠯᠠ ᠭᠠᠷᠳᠠᠴᠠ ᠪᠣᠯᠤᠨ᠎ᠠ ᠃
ᠨᠢᠭᠡ᠂ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠳᠠᠭ᠋ᠠᠭᠤᠯᠤᠭᠴᠢ ᠠᠵᠤ ᠠᠬᠤᠢ᠌ᠯᠠᠯ᠎ᠢ ᠪᠣᠢ᠌ᠵᠢᠭᠤᠯᠬᠤ ᠪᠠᠢ᠌ᠯᠳᠤᠬᠤ ᠪᠣᠳᠣᠯᠭ᠎ᠠ ᠵᠢᠨ ᠠᠴᠢ ᠬᠣᠯᠪᠣᠭᠳᠠᠯ᠎ᠢ ᠰᠢᠨᠵᠢᠯᠡᠬᠦ ᠤᠬᠠᠭ᠋ᠠᠨᠴᠢ᠎ᠪᠠᠷ ᠣᠨᠣᠪᠴᠢᠲᠠᠶ ᠣᠢ᠌ᠯᠠᠭ᠋ᠠᠬᠤ ᠬᠡᠷᠡᠭᠲᠡᠶ ᠃ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠳᠠᠭ᠋ᠠᠭᠤᠯᠤᠭᠴᠢ ᠠᠵᠤ ᠠᠬᠤᠢ᠌ᠯᠠᠯ ᠪᠣᠯ ᠰᠢᠨ᠎ᠡ ᠵᠢ ᠡᠭᠦᠳᠬᠦ ᠬᠡᠯᠪᠡᠷᠢ ᠵᠢᠨ ᠠᠵᠤ ᠠᠬᠤᠢ᠌ᠯᠠᠯ᠎ᠤᠨ ᠣᠷᠣᠢ᠌ᠯᠠᠭᠴᠢ ᠮᠥᠨ᠂ ᠠᠵᠤ ᠦᠢ᠍ᠯᠡᠰ᠎ᠤᠨ ᠮᠡᠷᠭᠡᠵᠢᠯ᠎ᠤᠨ ᠰᠢᠨ᠎ᠡ ᠵᠢ ᠡᠭᠦᠳᠬᠦ ᠳᠤᠮᠳᠠ ᠤᠳᠤᠷᠢᠳᠬᠤ ᠪᠠᠢ᠌ᠷᠢᠨ᠎ᠳᠤ ᠣᠷᠣᠰᠢᠵᠤ᠂ ᠲᠤᠰ ᠬᠦᠷᠢᠶᠡᠨ᠎ᠳᠠᠬᠢ ᠬᠠᠮᠤᠭ᠎ᠤᠨ ᠥᠨᠳᠥᠷ ᠮᠡᠷᠭᠡᠵᠢᠯ᠎ᠤᠨ ᠰᠢᠨ᠎ᠡ ᠵᠢ ᠡᠭᠦᠳᠬᠦ ᠴᠢᠳᠠᠪᠤᠷᠢ ᠵᠢᠴᠢ ᠳᠡᠯᠡᠬᠡᠢ ᠳᠡᠭᠡᠷᠡᠬᠢ ᠦᠷᠢᠰᠦᠯᠳᠦᠬᠦ ᠬᠦᠴᠦᠨ᠎ᠤ ᠲᠦᠪᠰᠢᠨ᠎ᠢ ᠲᠥᠯᠥᠭᠡᠯᠡᠵᠦ ᠪᠠᠢ᠌ᠳᠠᠭ᠂ ᠠᠵᠤ ᠠᠬᠤᠢ᠌ᠯᠠᠯ᠎ᠤᠨ ᠰᠢᠨ᠎ᠡ ᠵᠢ ᠡᠭᠦᠳᠬᠦ ᠭᠣᠣᠯᠯᠠᠬᠤ ᠦᠢ᠍ᠯᠡᠳᠦᠯ᠎ᠢ ᠪᠠᠳᠠᠷᠠᠭᠤᠯᠬᠤ ᠭᠣᠣᠯᠯᠠᠭᠴᠢ ᠬᠦᠴᠦᠨ ᠮᠥᠨ᠂ ᠨᠢᠭᠡ ᠤᠯᠤᠰ᠎ᠤᠨ ᠤᠯᠠᠨ ᠤᠯᠤᠰ᠎ᠤᠨ ᠰᠢᠨ᠎ᠡ ᠵᠢ ᠡᠭᠦᠳᠬᠦ ᠥᠷᠢᠰᠥᠯᠳᠦᠭᠡᠨ᠎ᠳᠤ ᠣᠷᠣᠯᠴᠠᠬᠤ ᠵᠢᠨ ᠬᠠᠮᠲᠤ ᠦᠭᠡ ᠬᠡᠯᠡᠬᠦ ᠡᠷᠬᠡ ᠵᠢ ᠡᠵᠡᠮᠰᠢᠭᠰᠡᠨ ᠲᠥᠯᠥᠭᠡᠯᠡᠭᠴᠢ ᠮᠥᠨ ᠃
ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠳᠠᠭ᠋ᠠᠭᠤᠯᠤᠭᠴᠢ ᠠᠵᠤ ᠠᠬᠤᠢ᠌ᠯᠠᠯ᠎ᠤᠨ ᠲᠦᠷᠦᠭᠦᠯᠡᠨ ᠰᠢᠨ᠎ᠡ ᠵᠢ ᠡᠭᠦᠳᠬᠦ ᠡᠬᠢ ᠪᠠᠶᠠᠯᠢᠭ᠎ᠢ ᠨᠡᠢ᠌ᠳᠬᠡᠨ ᠲᠥᠪᠯᠡᠷᠡᠭᠦᠯᠬᠦ ᠵᠢ ᠭᠣᠣᠯᠳᠠᠯᠭ᠎ᠠ᠎ᠲᠠᠢ ᠠᠬᠢᠭᠤᠯᠵᠤ᠂ ᠬᠦᠷᠢᠶ᠎ᠡ ᠴᠠᠷᠠᠭ᠎ᠠ ᠠᠯᠤᠰᠯᠠᠭᠰᠠᠨ᠂ ᠶᠡᠬᠡ᠎ᠪᠠᠷ ᠬᠠᠮᠵᠢᠯᠴᠠᠭᠰᠠᠨ᠂ ᠡᠷᠴᠢᠮ ᠴᠢᠩᠭ᠎ᠠ ᠰᠢᠨ᠎ᠡ ᠵᠢ ᠡᠭᠦᠳᠬᠦ ᠰᠠᠭᠤᠷᠢᠨ᠎ᠢ ᠪᠠᠢ᠌ᠭᠤᠯᠵᠤ᠂ ᠠᠵᠤ ᠦᠢ᠍ᠯᠡᠰ᠎ᠤᠨ ᠨᠡᠢ᠌ᠲᠡᠴᠢ ᠴᠢᠨᠠᠷᠲᠠᠢ ᠵᠠᠩᠭᠢᠯᠠᠭ᠎ᠠ ᠵᠢᠨ ᠮᠡᠷᠭᠡᠵᠢᠯ᠎ᠢ ᠰᠤᠳᠤᠯᠤᠨ ᠨᠡᠭᠡᠭᠡᠬᠦ᠂ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠦᠷ᠎ᠡ ᠪᠦᠲᠦᠭᠡᠯ᠎ᠢ ᠣᠨᠳᠣᠣᠰᠢᠭᠤᠯᠬᠤ ᠵᠢᠴᠢ ᠠᠵᠤ ᠦᠢ᠍ᠯᠡᠰᠵᠢᠭᠦᠯᠦᠨ ᠬᠤᠳᠠᠯᠳᠤᠭ᠋ᠠᠴᠢᠯᠠᠬᠤ᠂ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠡᠬᠢ ᠪᠠᠶᠠᠯᠢᠭ᠎ᠢ ᠬᠠᠮᠲᠤ᠎ᠪᠠᠷ ᠡᠳ᠋ᠯᠡᠬᠦ ᠦᠢ᠍ᠯᠡᠴᠢᠯᠡᠭᠡᠨ᠎ᠤ ᠴᠢᠳᠠᠪᠤᠷᠢ ᠵᠢ ᠳᠡᠭᠡᠭᠰᠢᠯᠡᠭᠦᠯᠵᠦ᠂ ᠮᠠᠨ᠎ᠤ ᠤᠯᠤᠰ᠎ᠤᠨ ᠠᠵᠤ ᠦᠢ᠍ᠯᠡᠰ᠎ᠤᠨ ᠰᠠᠭᠤᠷᠢ ᠴᠢᠳᠠᠪᠤᠷᠢ ᠪᠣᠯᠤᠨ ᠠᠵᠤ ᠦᠢ᠍ᠯᠡᠰ᠎ᠤᠨ ᠬᠡᠯᠬᠢᠶ᠎ᠡ ᠬᠠᠩᠭ᠋ᠠᠯᠭ᠎ᠠ ᠵᠢᠨ ᠬᠡᠯᠬᠢᠶ᠎ᠡ ᠵᠢᠨ ᠠᠮᠤᠷ ᠲᠦᠪᠰᠢᠨ ᠲᠣᠭᠲᠠᠭᠤᠨ ᠪᠠᠢ᠌ᠳᠠᠯ᠎ᠢ ᠲᠦᠷᠭᠡᠨ ᠳᠡᠭᠡᠭᠰᠢᠯᠡᠭᠦᠯᠬᠦ ᠲᠠᠯ᠎ᠠ᠎ᠪᠠᠷ ᠨᠡᠩ ᠶᠡᠬᠡ ᠦᠢ᠍ᠯᠡᠳᠦᠯ ᠦᠵᠡᠭᠦᠯᠬᠦ ᠬᠡᠷᠡᠭᠲᠡᠢ ᠃
ᠬᠣᠶᠠᠷ᠂ ᠧᠦ᠋ᠷᠣᠫᠠ ᠵᠢᠨ ᠬᠣᠯᠪᠣᠭ᠋ᠠᠨ᠎ᠤ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠳᠠᠭ᠋ᠠᠭᠤᠯᠤᠭᠴᠢ ᠠᠵᠤ ᠠᠬᠤᠢ᠌ᠯᠠᠯ᠎ᠢ ᠡᠷᠢᠬᠦ ᠠᠷᠭ᠎ᠠ ᠵᠠᠮ᠎ᠢ ᠠᠩᠬᠠᠷᠤᠨ᠎ᠠ ᠃ᠧᠦ᠋ᠷᠣᠫᠠ ᠲᠢᠪ᠎ᠤᠨ ᠤᠯᠤᠰ᠎ᠤᠳ᠎ᠤᠨ ᠬᠣᠯᠪᠣᠭ᠎ᠠ ᠠᠵᠤ ᠠᠬᠤᠢ᠌ᠯᠠᠯ᠎ᠤᠨ ᠰᠤᠳᠤᠯᠤᠨ ᠨᠡᠭᠡᠭᠡᠬᠦ ᠪᠡᠯᠡ ᠣᠷᠣᠭᠤᠯᠤᠯᠲᠠ᠎ᠪᠠᠷ ᠵᠠᠩᠭᠢᠯᠠᠭ᠎ᠠ ᠵᠢᠨ ᠭᠦᠢ᠍ᠴᠡᠳᠬᠡᠯ ᠲᠣᠭ᠎ᠠ ᠪᠣᠯᠭ᠋ᠠᠵᠤ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠲᠠᠭ᠋ᠠᠭᠤᠯᠤᠬ᠍ᠴᠢ ᠠᠵᠤ ᠠᠬᠤᠢ᠌ᠯᠠᠯ᠎ᠢ ᠰᠢᠭᠰᠢᠨ ᠰᠣᠩᠭᠣᠭᠰᠠᠨ ᠪᠥᠭᠡᠳ ᠧᠦ᠋ᠷᠣᠫᠠ ᠲᠢᠪ᠎ᠤᠨ ᠤᠯᠤᠰ᠎ᠤᠳ᠎ᠤᠨ ᠬᠣᠯᠪᠣᠭ᠎ᠠ ᠵᠢᠨ ᠳᠣᠲᠣᠷᠠᠬᠢ ᠰᠢᠨ᠎ᠡ ᠵᠢ ᠡᠭᠦᠳᠬᠦ ᠠᠵᠤ ᠠᠬᠤᠢ᠌ᠯᠠᠯ᠎ᠤᠨ ᠲᠥᠯᠥᠭᠡᠯᠡᠭᠴᠢ ᠵᠢ ᠪᠦᠬᠦ ᠪᠥᠮᠪᠥᠷᠴᠡᠭ᠎ᠤᠨ ᠭᠣᠣᠯ ᠠᠵᠢᠯ ᠨᠢᠭᠡᠲᠡᠨ᠎ᠲᠠᠢ ᠬᠠᠷᠢᠴᠠᠭᠤᠯᠵᠤ᠂ ᠧᠦ᠋ᠷᠣᠫᠠ ᠲᠢᠪ᠎ᠤᠨ ᠤᠯᠤᠰ᠎ᠤᠳ᠎ᠤᠨ ᠬᠣᠯᠪᠣᠭ᠎ᠠ ᠵᠢᠨ ᠪᠦᠷᠢᠯᠳᠦᠬᠦᠨ ᠤᠯᠤᠰ᠎ᠲᠤ ᠦᠢ᠍ᠯᠡᠴᠢᠯᠡᠬᠦ ᠲᠦᠷᠦ ᠵᠢᠨ ᠪᠤᠳᠤᠯᠭ᠎ᠠ ᠵᠢᠨ ᠰᠢᠢ᠍ᠳᠪᠦᠷᠢᠲᠦ ᠪᠤᠳᠤᠯᠭ᠎ᠠ ᠵᠢᠨ ᠯᠠᠪᠯᠠᠯᠲᠠ ᠪᠣᠯᠭ᠋ᠠᠪᠠ ᠃
2020 ᠣᠨ᠎ᠳᠤ ᠧᠦ᠋ᠷᠣᠫᠠ ᠲᠢᠪ᠎ᠤᠨ ᠤᠯᠤᠰ᠎ᠤᠳ᠎ᠤᠨ ᠬᠣᠯᠪᠣᠭ᠎ᠠ ᠵᠢᠨ ᠨᠡᠢ᠌ᠲᠡᠯᠡᠭᠰᠡᠨ ᠰᠤᠳᠤᠯᠤᠨ ᠨᠡᠭᠡᠭᠡᠬᠦ ᠨᠡᠷᠡᠰ᠎ᠤᠨ ᠵᠢᠭᠰᠠᠭ᠋ᠠᠯᠲᠠ᠎ᠳᠤ 2019 ᠣᠨ᠎ᠤ ᠪᠥᠬᠥ ᠪᠥᠮᠪᠥᠷᠴᠡᠭ᠎ᠤᠨ ᠰᠤᠳᠤᠯᠤᠨ ᠨᠡᠭᠡᠭᠡᠬᠦ ᠪᠠᠯᠠ ᠣᠷᠣᠭᠤᠯᠤᠯᠲᠠ᠎ᠪᠠᠷ ᠬᠠᠮᠤᠭ᠎ᠤᠨ ᠣᠯᠠᠨ 2500 ᠺᠣᠮᠫᠠᠨᠢ (ᠳᠣᠷᠣᠭᠰᠢ 2500 ᠬᠦᠴᠦᠷᠬᠡᠭ ᠭᠡᠵᠦ ᠲᠣᠪᠴᠢᠯᠠᠨ᠎ᠠ) ᠵᠢ ᠵᠠᠳᠠᠯᠵᠤ᠂ ᠲᠡᠭᠦᠨ᠎ᠤ ᠶᠡᠷᠦᠩᠬᠡᠶ ᠵᠠᠬᠢᠷᠭ᠎ᠠ᠎ᠨᠢ 43 ᠤᠯᠤᠰ᠎ᠲᠤ ᠲᠠᠷᠬᠠᠵᠤ᠂ ᠲᠣᠰ ᠵᠢᠯ᠎ᠤᠨ ᠰᠤᠳᠤᠯᠤᠨ ᠨᠡᠭᠡᠭᠡᠬᠦ ᠪᠠᠯᠠ ᠣᠷᠣᠭᠤᠯᠤᠯᠲᠠ ᠵᠢᠨ ᠪᠥᠬᠥ ᠲᠣᠭ᠎ᠠ᠎ᠨᠢ 9040 ᠳ᠋ᠦᠩᠰᠢᠭᠤᠷ ᠧᠦ᠋ᠷᠣᠫᠠ ᠵᠣᠭᠣᠰ ᠪᠠᠢ᠌ᠵᠤ᠂ ᠪᠥᠬᠥ ᠪᠥᠮᠪᠥᠷᠴᠡᠭ᠎ᠤᠨ ᠠᠵᠤ ᠠᠬᠤᠢ᠌ᠯᠠᠯ᠎ᠤᠨ ᠰᠤᠳᠤᠯᠤᠨ ᠨᠡᠭᠡᠭᠡᠬᠦ ᠪᠠᠯᠠ ᠣᠷᠣᠭᠤᠯᠤᠯᠲᠠ ᠵᠢᠨ ᠪᠥᠬᠥ ᠲᠣᠭ᠋ᠠᠨ᠎ᠤ 90 % ᠣᠷᠴᠢᠮ᠎ᠲᠠᠢ ᠲᠡᠩᠴᠡᠨ᠎ᠡ ᠃ ᠡᠭᠦᠨ᠎ᠳᠤ᠂ ᠲᠦᠷᠦᠭᠦᠦ 100 ᠠᠵᠤ ᠠᠬᠤᠢ᠌ᠯᠠᠯ (TOP 100)᠎ᠤᠨ ᠰᠤᠳᠤᠯᠤᠨ ᠨᠡᠭᠡᠭᠡᠬᠦ ᠪᠠᠯᠠ ᠣᠷᠣᠭᠤᠯᠤᠯᠲᠠ ᠨᠡᠢ᠌ᠲᠡ 4697 ᠳ᠋ᠦᠩᠰᠢᠭᠤᠷ ᠧᠦ᠋ᠷᠣᠫᠠ ᠵᠣᠭᠣᠰ ᠪᠠᠢ᠌ᠵᠤ᠂ 2500 ᠬᠦᠴᠦᠷᠬᠡᠭ᠎ᠤᠨ ᠬᠠᠷᠢᠴᠠᠯ᠎ᠨᠢ 51 . 9 %᠎ᠳᠤ ᠬᠦᠷᠴᠦ᠂ ᠪᠠᠢ᠌ᠯᠳᠤᠬᠤ ᠪᠣᠳᠣᠯᠭ᠎ᠠ ᠵᠢᠨ ᠪᠠᠢ᠌ᠷᠢ ᠰᠠᠭᠤᠷᠢᠨ᠎ᠢ ᠲᠣᠪᠣᠢ᠌ᠮ᠎ᠠ ᠪᠠᠢ᠌ᠵᠤ᠂ ᠰᠤᠳᠤᠯᠤᠨ ᠨᠡᠭᠡᠭᠡᠬᠦ ᠵᠠᠷᠤᠳᠠᠯ ᠵᠶ᠋ᠠᠷ ᠬᠡᠮᠵᠢᠭᠦᠷ ᠪᠣᠯᠭ᠋ᠠᠭᠰᠠᠨ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠰᠢᠨ᠎ᠡ ᠵᠢ ᠡᠭᠦᠳᠬᠦ ᠠᠵᠤ ᠠᠬᠤᠢ᠌ᠯᠠᠯ᠎ᠤᠨ ᠳᠣᠲᠣᠷᠠᠬᠢ ᠨᠡᠢ᠌ᠲᠡᠯᠢᠭ ᠳᠠᠭ᠋ᠠᠭᠤᠯᠤᠭᠴᠢ ᠠᠵᠤ ᠠᠬᠤᠢ᠌ᠯᠠᠯ᠎ᠳᠤ ᠬᠠᠷᠢᠶᠠᠯᠠᠭᠳᠠᠨ᠎ᠠ ᠃
ᠭᠤᠷᠪᠠ᠂ TOP 100᠎ᠠᠴᠠ ᠳᠤᠮᠳᠠᠳᠤ ᠤᠯᠤᠰ᠎ᠤᠨ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠳᠠᠭ᠋ᠠᠭᠤᠯᠤᠭᠴᠢ ᠠᠵᠤ ᠠᠬᠤᠢ᠌ᠯᠠᠯ᠎ᠤᠨ ᠣᠳᠣᠬᠢ ᠪᠠᠢ᠌ᠳᠠᠯ ᠪᠠ ᠵᠥᠷᠢᠶ᠎ᠡ
(ᠨᠢᠭᠡ) ᠳᠤᠮᠳᠠᠳᠤ ᠤᠯᠤᠰ᠎ᠤᠨ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠳᠠᠭ᠋ᠠᠭᠤᠯᠤᠭᠴᠢ ᠠᠵᠤ ᠠᠬᠤᠢ᠌ᠯᠠᠯ ᠲᠦᠷᠭᠡᠨ ᠬᠥᠭᠵᠢᠬᠦ ᠬᠠᠨᠳᠤᠰᠢ᠎ᠲᠠᠢ ᠪᠣᠯᠪᠠ ᠃2014 ᠣᠨ᠎ᠤ TOP 100 ᠠᠵᠤ ᠠᠬᠤᠢ᠌ᠯᠠᠯᠤᠨᠬᠢᠲᠠᠢ ᠬᠠᠷᠢᠴᠠᠭᠤᠯᠪᠠᠯ᠂ ᠳᠤᠮᠳᠠᠳᠤ ᠤᠯᠤᠰ᠎ᠤᠨ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠳᠠᠭ᠋ᠠᠭᠤᠯᠤᠭᠴᠢ ᠠᠵᠤ ᠠᠬᠤᠢ᠌ᠯᠠᠯ᠎ᠤᠨ ᠬᠥᠭᠵᠢᠯᠲᠡ᠎ᠨᠢ ᠭᠤᠷᠪᠠᠨ ᠣᠨᠴᠠᠯᠢᠭ᠎ᠲᠠᠢ᠄ ᠨᠢᠭᠡ᠎ᠳᠤ᠂ ᠨᠡᠷᠡᠰ᠎ᠤᠨ ᠵᠢᠭᠰᠠᠭ᠋ᠠᠯᠲᠠ᠎ᠳᠤ ᠤᠷᠤᠭᠰᠠᠨ ᠠᠵᠤ ᠠᠬᠤᠢ᠌ᠯᠠᠯ᠎ᠤᠨ ᠲᠣᠭ᠎ᠠ ᠲᠦᠷᠭᠡᠨ ᠨᠡᠮᠡᠭᠳᠡᠵᠦ᠂ 2014 ᠣᠨ᠎ᠳᠤ 4 ᠠᠵᠤ ᠠᠬᠤᠢ᠌ᠯᠠᠯ ᠪᠠᠢ᠌ᠭᠰᠠᠨ᠎ᠠᠴᠠ᠎ᠪᠠᠨ 2019 ᠣᠨ᠎ᠳᠤ 10 ᠠᠵᠤ ᠠᠬᠤᠢ᠌ᠯᠠᠯ ᠪᠣᠯᠤᠨ ᠨᠡᠮᠡᠭᠳᠡᠵᠦ᠂ ᠤᠯᠤᠰ᠎ᠤᠨ ᠵᠢᠭᠰᠠᠭ᠋ᠠᠯᠲᠠ᠎ᠳᠤ ᠴᠤ᠌ ᠵᠢᠷᠭᠤᠳᠤᠭ᠋ᠠᠷ᠎ᠲᠤ ᠵᠢᠭᠰᠠᠭ᠋ᠠᠭᠳᠠᠵᠤ ᠪᠠᠢ᠌ᠭᠰᠠᠨ᠎ᠠᠴᠠ᠎ᠪᠠᠨ ᠳᠥᠷᠪᠡᠳᠦᠭᠡᠷ᠎ᠲᠤ ᠵᠢᠭᠰᠠᠭ᠋ᠠᠭᠳᠠᠬᠤ ᠪᠣᠯᠵᠠᠶ; ᠬᠣᠶᠠᠷ᠎ᠲᠤ ᠠᠵᠤ ᠠᠬᠤᠢ᠌ᠯᠠᠯ᠎ᠤᠨ ᠰᠤᠳᠤᠯᠤᠨ ᠨᠡᠭᠡᠭᠡᠬᠦ ᠵᠠᠷᠤᠳᠠᠯ᠎ᠤᠨ ᠵᠠᠷᠤᠯᠭ᠎ᠠ ᠲᠦᠷᠭᠡᠨ ᠵᠶ᠋ᠡᠷ ᠨᠡᠮᠡᠭᠳᠡᠵᠦ᠂ 2014 ᠣᠨ᠎ᠳᠤ TOP 100᠎ᠳᠤ ᠤᠷᠤᠭᠰᠠᠨ ᠳᠤᠮᠳᠠᠳᠤ ᠤᠯᠤᠰ᠎ᠤᠨ ᠠᠵᠤ ᠠᠬᠤᠢ᠌ᠯᠠᠯ᠎ᠤᠨ ᠰᠤᠳᠤᠯᠤᠨ ᠨᠡᠭᠡᠭᠡᠬᠦ ᠪᠠᠯᠠ ᠣᠷᠣᠭᠤᠯᠤᠯᠲᠠ ᠵᠢᠨ ᠲᠣᠭ᠎ᠠ ᠳᠤᠮᠳᠠᠴᠢ᠎ᠪᠠᠷ 24 . 7 ᠳ᠋ᠦᠩᠰᠢᠭᠤᠷ ᠧᠦ᠋ᠷᠣᠫᠠ ᠵᠣᠭᠣᠰ ᠪᠠᠢ᠌ᠭᠰᠠᠨ᠎ᠠᠴᠠ᠎ᠪᠠᠨ 40 . 9 ᠳ᠋ᠦᠩᠰᠢᠭᠤᠷ ᠧᠦ᠋ᠷᠣᠫᠠ ᠵᠣᠭᠣᠰ ᠪᠣᠯᠵᠣ ᠳᠡᠭᠡᠭᠰᠢᠯᠡᠨ᠂ 65 . 5 %᠎ᠪᠠᠷ ᠨᠡᠮᠡᠭᠳᠡᠵᠡᠶ; ᠭᠤᠷᠪᠠ᠎ᠳᠤ ᠳᠤᠮᠳᠠᠳᠤ ᠤᠯᠤᠰ᠎ᠤᠨ ᠠᠵᠤ ᠠᠬᠤᠢ᠌ᠯᠠᠯ᠎ᠤᠨ ᠡᠵᠡᠯᠡᠬᠦ ᠬᠤᠪᠢ ᠵᠢᠨ ᠲᠣᠭ᠎ᠠ ᠲᠦᠷᠭᠡᠨ ᠵᠶ᠋ᠡᠷ ᠨᠡᠮᠡᠭᠳᠡᠵᠦ᠂ 2014 ᠣᠨ᠎ᠳᠤ 3 . 1 % ᠪᠠᠢ᠌ᠭᠰᠠᠨ᠎ᠠᠴᠠ᠎ᠪᠠᠨ 8 . 7 % ᠪᠣᠯᠵᠣ᠂ ᠬᠣᠶᠠᠷ ᠳᠠᠬᠢᠨ ᠰᠢᠬᠠᠮ ᠳᠡᠭᠡᠭᠰᠢᠯᠡᠵᠡᠶ ᠃
(ᠬᠣᠶᠠᠷ) ᠲᠦᠷᠦᠭᠦᠦ 10 ᠶᠡᠬᠡ ᠠᠵᠢᠯ ᠲᠦᠷᠦᠯ᠎ᠤᠨ ᠭᠤᠷᠪᠠᠬᠠᠨ ᠪᠠᠢ᠌ᠨ᠎ᠠ ᠃TOP 100᠎ᠠᠴᠠ ᠡᠮᠦᠨᠡᠬᠢ 10 ᠶᠡᠬᠡ ᠠᠵᠢᠯ ᠲᠦᠷᠦᠯ᠎ᠤᠨ ᠲᠠᠷᠬᠠᠯᠲᠠ ᠵᠢᠨ ᠲᠠᠯ᠎ᠠ᠎ᠪᠠᠷ᠂ ᠳᠤᠮᠳᠠᠳᠤ ᠤᠯᠤᠰ᠎ᠤᠨ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠲᠠᠭ᠋ᠠᠭᠤᠯᠤᠬ᠍ᠴᠢ ᠠᠵᠤ ᠠᠬᠤᠢ᠌ᠯᠠᠯ ᠠᠵᠢᠯ ᠲᠦᠷᠦᠯ᠎ᠳᠤ ᠲᠥᠪᠯᠡᠷᠡᠭᠰᠡᠨ ᠦᠵᠡᠭᠳᠡᠯ ᠮᠠᠰᠢ ᠢᠯᠡᠷᠬᠡᠢ᠂ ᠭᠣᠣᠯᠳᠠᠭᠤ ᠭᠤᠷᠪᠠᠨ ᠠᠵᠤ ᠦᠢ᠍ᠯᠡᠰ᠎ᠲᠤ ᠲᠠᠷᠬᠠᠵᠤ ᠪᠤᠢ᠄ ᠨᠢᠭᠡ᠎ᠳᠤ᠂ ᠴᠢᠮᠡᠭᠡ ᠬᠣᠯᠪᠣᠭ᠋ᠠᠨ᠎ᠤ ᠲᠤᠨᠤᠭ ᠲᠥᠬᠥᠭᠡᠷᠦᠮᠵᠢ ᠵᠢᠨ ᠢᠯᠡᠷᠡᠯ ᠲᠤᠪᠤᠢ᠍ᠢ᠍ᠮ᠎ᠠ᠂ ᠬᠤᠸᠠ ᠸᠧᠢ ᠪᠣᠯᠤᠨ ᠵᠦᠩ ᠰᠢᠩ 2014 ᠣᠨ᠎ᠠᠴᠠ ᠨᠠᠭ᠋ᠠᠰᠢ ᠨᠡᠷᠡᠰ᠎ᠤᠨ ᠵᠢᠭᠰᠠᠭ᠋ᠠᠯ᠎ᠳᠤ ᠣᠷᠣᠭᠰᠠᠭ᠋ᠠᠷ ᠢᠷᠡᠭᠰᠡᠨ ᠪᠥᠭᠡᠳ ᠬᠤᠸᠠ ᠸᠧᠢ ᠪᠦᠬᠦ ᠪᠥᠮᠪᠥᠷᠴᠡᠭ᠎ᠤᠨ ᠭᠤᠷᠪᠠᠳᠤᠭ᠋ᠠᠷ᠎ᠲᠤ ᠣᠷᠣᠵᠤ᠂ ᠭᠦᠭᠸ ᠪᠣᠯᠤᠨ ᠮᠢᠺᠷᠤᠰᠤᠹᠲ᠎ᠤᠨ ᠲᠠᠷᠠᠭ᠎ᠠ ᠣᠷᠣᠵᠤ᠂ ᠳᠤᠮᠳᠠᠳᠤ ᠤᠯᠤᠰ᠎ᠤᠨ ᠰᠢᠨ᠎ᠡ ᠵᠢ ᠡᠭᠦᠳᠬᠦ ᠲᠤᠭᠴᠢ ᠠᠵᠤ ᠠᠬᠤᠢ᠌ᠯᠠᠯ ᠪᠤᠯᠵᠤ᠂ 5 G ᠵᠢᠴᠢ ᠤᠶᠤᠨᠲᠤ ᠭᠠᠷ ᠤᠲᠠᠰᠤ ᠵᠡᠷᠭᠡ ᠬᠦᠷᠢᠶᠡᠨ᠎ᠳᠤ ᠪᠦᠬᠦ ᠪᠥᠮᠪᠥᠷᠴᠡᠭ᠎ᠤᠨ ᠰᠢᠨ᠎ᠡ ᠵᠢ ᠡᠭᠦᠳᠬᠦ ᠵᠢ ᠬᠦᠳᠦᠯᠦᠨ ᠳᠠᠭ᠋ᠠᠭᠤᠯᠪᠠ; ᠬᠣᠶᠠᠷ᠎ᠲᠤ᠂ ᠪᠠᠷᠢᠯᠭ᠎ᠠ᠎ᠨᠢ ᠪᠥᠬᠥ ᠲᠠᠯ᠎ᠠ᠎ᠪᠠᠷ ᠲᠡᠷᠢᠭᠦᠯᠡᠵᠦ᠂ ᠳᠤᠮᠳᠠᠳᠤ ᠤᠯᠤᠰ᠎ᠤᠨ ᠪᠠᠷᠢᠯᠭ᠎ᠠ ᠵᠢᠨ ᠪᠥᠲᠥᠭᠡᠨ ᠪᠠᠢ᠌ᠭᠤᠯᠤᠯᠲᠠ᠂ ᠳᠤᠮᠳᠠᠳᠤ ᠤᠯᠤᠰ᠎ᠤᠨ ᠲᠡᠮᠦᠷ ᠵᠠᠮ᠎ᠤᠨ ᠪᠥᠲᠥᠭᠡᠨ ᠪᠠᠢ᠌ᠭᠤᠯᠤᠯᠲᠠ ᠪᠣᠯᠤᠨ ᠳᠤᠮᠳᠠᠳᠤ ᠤᠯᠤᠰ᠎ᠤᠨ ᠲᠡᠮᠦᠷ ᠵᠠᠮ᠎ᠤᠨ ᠠᠵᠤ ᠦᠢᠯᠡᠳᠪᠦᠷᠢ ᠪᠣᠯ ᠪᠥᠬᠥ ᠪᠥᠮᠪᠥᠷᠴᠡᠭ᠎ᠤᠨ ᠪᠠᠷᠢᠯᠭ᠎ᠠ ᠵᠢᠨ ᠦᠢᠯᠡᠰ᠎ᠤᠨ ᠰᠤᠳᠤᠯᠤᠨ ᠨᠡᠭᠡᠭᠡᠬᠦ ᠡᠮᠦᠨ᠎ᠡ ᠭᠤᠷᠪᠠ᠎ᠳᠤ ᠣᠷᠣᠵᠤ᠂ ᠳᠤᠮᠳᠠᠳᠤ ᠤᠯᠤᠰ ᠪᠥᠬᠥ ᠪᠥᠮᠪᠥᠷᠴᠡᠭ᠎ᠤᠨ 《ᠦᠨᠳᠦᠰᠦᠨ ᠪᠥᠲᠥᠭᠡᠨ ᠪᠠᠢ᠌ᠭᠤᠯᠤᠯᠲᠠ ᠵᠢᠨ ᠠᠲᠠ ᠴᠢᠳᠬᠥᠷ》 ᠪᠣᠯᠬᠤ ᠵᠢ ᠲᠤᠯᠭ᠋ᠠᠭᠤᠷᠢᠯᠠᠭᠰᠠᠨ ᠪᠥᠭᠡᠳ ᠪᠥᠬᠥ ᠪᠥᠮᠪᠥᠷᠴᠡᠭ᠎ᠤᠨ ᠪᠠᠷᠢᠯᠭ᠎ᠠ ᠵᠢᠨ ᠰᠢᠨ᠎ᠡ ᠵᠢ ᠡᠭᠦᠳᠬᠦ ᠬᠥᠭᠵᠢᠯᠲᠡ ᠵᠢ ᠤᠯᠠᠮ ᠨᠢᠭᠡ ᠠᠯᠬᠤᠮ ᠬᠥᠲᠥᠯᠥᠨ ᠳᠠᠭ᠋ᠠᠭᠤᠯᠪᠠ; ᠭᠤᠷᠪᠠ᠎ᠳᠤ ᠢᠨᠲᠸᠷ ᠰᠦᠯᠵᠢᠶᠡᠨ᠎ᠤ ᠰᠢᠨ᠎ᠡ ᠬᠦᠴᠦᠨ ᠴᠣᠯᠭᠣᠷᠠᠨ ᠭᠠᠷᠴᠤ᠂ ᠠᠯᠢᠪᠠᠪᠠ᠂ ᠲᠸᠩ ᠰᠢᠶᠦ᠋ᠨ ᠪᠣᠯᠤᠨ ᠪᠠᠶ ᠳ᠋ᠦ᠋ ᠪᠦᠬᠦᠨ ᠵᠶ᠋ᠡᠷ ᠵᠶ᠋ᠡᠨ ᠵᠢᠭᠰᠠᠭ᠋ᠠᠯᠲᠠ᠎ᠳᠤ ᠤᠷᠤᠭᠰᠠᠨ᠎ᠨᠢ ᠳᠤᠮᠳᠠᠳᠤ ᠤᠯᠤᠰ᠎ᠤᠨ ᠢᠨᠲᠸᠷ ᠰᠦᠯᠵᠢᠶᠡᠨ᠎ᠤ ᠠᠵᠤ ᠠᠬᠤᠶ ᠥᠪᠡᠷ᠎ᠤᠨ ᠬᠢᠨᠢ ᠰᠤᠳᠤᠯᠤᠨ ᠨᠡᠭᠡᠭᠡᠬᠦ ᠭᠦᠨ ᠵᠤᠵᠠᠭ᠋ᠠᠨ ᠰᠠᠭᠤᠷᠢ᠎ᠲᠠᠢ ᠪᠠᠢ᠌ᠬᠤ ᠵᠢ ᠬᠠᠷᠠᠭᠤᠯᠵᠤ ᠪᠠᠢ᠌ᠨ᠎ᠠ ᠃
ᠭᠡᠪᠡᠴᠦ ᠡᠮ ᠦᠢᠯᠡᠳᠬᠦ᠂ ᠮᠡᠷᠭᠡᠵᠢᠯ᠎ᠤᠨ ᠬᠠᠲᠠᠭᠤ ᠲᠣᠨᠣᠭ᠂ ᠵᠥᠭᠡᠯᠡᠨ ᠲᠣᠨᠣᠭ᠂ ᠴᠠᠬᠢᠯᠭ᠋ᠠᠨ ᠲᠥᠬᠥᠭᠡᠷᠦᠮᠵᠢ᠂ ᠠᠭ᠋ᠠᠷ᠎ᠤᠨ ᠠᠶᠠᠯᠠᠯ᠂ ᠠᠵᠤ ᠦᠢᠯᠡᠳᠪᠦᠷᠢ ᠵᠢᠨ ᠮᠠᠰᠢᠨ ᠮᠧᠬᠠᠨᠢᠭ᠂ ᠬᠢᠮᠢ ᠵᠢᠨ ᠠᠵᠤ ᠦᠢᠯᠡᠳᠪᠦᠷᠢ ᠵᠢᠨ 7 ᠲᠣᠮᠣ ᠠᠵᠤ ᠦᠢᠯᠡᠰ᠎ᠤᠨ ᠳᠤᠮᠳᠠ ᠬᠠᠷᠢᠨ ᠳᠤᠮᠳᠠᠳᠤ ᠤᠯᠤᠰ᠎ᠤᠨ ᠠᠵᠤ ᠠᠬᠤᠢ᠌ᠯᠠᠯ ᠥᠬᠡᠶ ᠪᠠᠢ᠌ᠵᠤ᠂ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠳᠠᠭ᠋ᠠᠭᠤᠯᠤᠭᠴᠢ ᠠᠵᠤ ᠠᠬᠤᠢ᠌ᠯᠠᠯ᠎ᠤᠨ ᠠᠵᠢᠯ ᠲᠥᠷᠥᠯ᠎ᠤᠨ ᠲᠠᠷᠬᠠᠯᠲᠠ ᠵᠢᠨ 《ᠬᠣᠭᠣᠰᠣᠨ》 ᠪᠠᠢ᠌ᠳᠠᠯ ᠢᠯᠡᠷᠡᠪᠡ ᠃ ᠮᠠᠨ᠎ᠤ ᠤᠯᠤᠰ᠎ᠲᠠᠢ ᠬᠠᠷᠢᠴᠠᠭᠤᠯᠪᠠᠯ ᠠᠮᠧᠷᠢᠺᠠ ᠬᠠᠮᠤᠭ᠎ᠤᠨ ᠢᠯᠡ ᠲᠣᠳᠣ ᠪᠠᠢ᠌ᠳᠠᠭ᠂ ᠲᠡᠭᠦᠨ᠎ᠤ ᠲᠦᠷᠦᠭᠦᠦ 10 ᠲᠣᠮᠣ ᠠᠵᠤ ᠦᠢᠯᠡᠰ᠎ᠤᠨ ᠳᠣᠲᠣᠷᠠᠬᠢ 9 ᠠᠵᠢᠯ ᠲᠥᠷᠥᠯ᠎ᠳᠤ ᠴᠥᠮ ᠠᠵᠤ ᠠᠬᠤᠢ᠌ᠯᠠᠯ ᠵᠢᠭᠰᠠᠭ᠋ᠠᠭᠳᠠᠭᠰᠠᠨ ᠪᠥᠭᠡᠳ 6 ᠠᠵᠢᠯ ᠲᠥᠷᠥᠯ᠎ᠳᠤ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠳᠠᠭ᠋ᠠᠭᠤᠯᠤᠭᠴᠢ ᠠᠵᠤ ᠠᠬᠤᠢ᠌ᠯᠠᠯ ᠬᠠᠮᠤᠭ᠎ᠤᠨ ᠣᠯᠠᠨ ᠪᠠᠢ᠌ᠪᠠ ᠃
(ᠭᠤᠷᠪᠠ) ᠠᠮᠧᠷᠢᠺᠠ ᠶᠠᠫᠣᠨ ᠭᠧᠷᠮᠠᠨ᠎ᠤ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠳᠠᠭ᠋ᠠᠭᠤᠯᠤᠭᠴᠢ ᠠᠵᠤ ᠠᠬᠤᠢ᠌ᠯᠠᠯ᠎ᠯᠤᠭ᠎ᠠ ᠵᠢᠨ ᠵᠥᠷᠢᠶ᠎ᠡ 〈br / /〉 ᠃ᠬᠡᠳᠦᠢ᠌ᠪᠡᠷ ᠬᠥᠭᠵᠢᠯᠲᠡ᠎ᠨᠢ ᠨᠡᠯᠢᠶᠡᠳ ᠲᠦᠷᠭᠡᠨ ᠪᠠᠢ᠌ᠵᠤ᠂ ᠠᠮᠧᠷᠢᠺᠠ ᠶᠠᠫᠣᠨ ᠭᠧᠷᠮᠠᠨ ᠭᠤᠷᠪᠠᠨ ᠤᠯᠤᠰ᠎ᠲᠠᠢ ᠬᠠᠷᠢᠴᠠᠭᠤᠯᠪᠠᠯ᠂ ᠳᠤᠮᠳᠠᠳᠤ ᠤᠯᠤᠰ᠎ᠤᠨ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠳᠠᠭ᠋ᠠᠭᠤᠯᠤᠭᠴᠢ ᠠᠵᠤ ᠠᠬᠤᠢ᠌ᠯᠠᠯ ᠪᠠᠰᠠ ᠨᠡᠯᠢᠶᠡᠳ ᠶᠡᠬᠡ ᠵᠥᠷᠢᠶ᠎ᠡ᠎ᠲᠠᠢ ᠪᠠᠢ᠌ᠭᠰᠠᠭ᠋ᠠᠷ ᠃
ᠨᠢᠭᠡᠳᠦᠭᠡᠷ᠎ᠲᠤ᠂ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠳᠠᠭ᠋ᠠᠭᠤᠯᠤᠭᠴᠢ ᠠᠵᠤ ᠠᠬᠤᠢ᠌ᠯᠠᠯ᠎ᠤᠨ ᠲᠣᠭ᠎ᠠ ᠬᠡᠮᠵᠢᠶ᠎ᠡ ᠴᠥᠭᠡᠨ ᠃ 2019 ᠣᠨ ᠪᠣᠯᠬᠤ᠎ᠳᠤ᠂ ᠳᠤᠮᠳᠠᠳᠤ ᠤᠯᠤᠰ᠎ᠤᠨ ᠨᠡᠷᠡᠰ᠎ᠤᠨ ᠵᠢᠭᠰᠠᠭ᠋ᠠᠯᠲᠠ᠎ᠳᠤ ᠤᠷᠤᠭᠰᠠᠨ TOP 100 ᠠᠵᠤ ᠠᠬᠤᠢ᠌ᠯᠠᠯ᠎ᠤᠨ ᠲᠣᠭ᠎ᠠ᠎ᠨᠢ ᠬᠡᠳᠦᠢ᠌ᠪᠡᠷ ᠭᠧᠷᠮᠠᠨ (12)᠎ᠳᠤ ᠣᠢ᠌ᠷᠠᠲᠤᠭᠰᠠᠨ ᠪᠣᠯᠪᠠᠴᠤ ᠶᠠᠫᠣᠨ (15)᠎ᠲᠠᠢ ᠪᠠᠰᠠ ᠵᠣᠬᠢᠬᠤ ᠵᠥᠷᠢᠶ᠎ᠡ᠎ᠲᠠᠢ ᠪᠠᠢ᠌ᠵᠤ᠂ ᠠᠮᠧᠷᠢᠺᠠ (35)᠎ᠲᠠᠢ ᠬᠠᠷᠢᠴᠠᠭᠤᠯᠪᠠᠯ ᠮᠥᠨ ᠬᠦ᠌ ᠯᠤᠲᠤ ᠶᠡᠬᠡ ᠵᠥᠷᠢᠶ᠎ᠡ᠎ᠲᠠᠢ ᠪᠠᠢ᠌ᠨ᠎ᠠ ᠃ ᠣᠳᠣᠬᠠᠨ᠎ᠳᠤ ᠳᠤᠮᠳᠠᠳᠤ ᠤᠯᠤᠰ᠎ᠤᠨ GDP 510 ᠣᠨ᠎ᠳᠤ ᠠᠮᠧᠷᠢᠺᠠ ᠵᠢ ᠳᠠᠪᠠᠵᠤ ᠭᠠᠷᠤᠨ᠎ᠠ ᠭᠡᠵᠦ ᠵᠢᠱ᠌ᠢᠵᠦ ᠪᠠᠢ᠌ᠭ᠎ᠠ ᠶᠠᠪᠤᠳᠠᠯ ᠣᠯᠠᠨ ᠪᠠᠢ᠌ᠨ᠎ᠠ᠂ ᠭᠡᠪᠡᠴᠦ ᠵᠢᠩᠬᠢᠨᠢ ᠣᠯᠠᠨ ᠤᠯᠤᠰ᠎ᠤᠨ ᠥᠷᠢᠰᠥᠯᠳᠦᠬᠦ ᠬᠦᠴᠦᠨ ᠵᠶ᠋ᠡᠷ ᠠᠪᠴᠤ ᠬᠡᠯᠡᠪᠡᠯ᠂ TOP 100 ᠠᠵᠤ ᠠᠬᠤᠢ᠌ᠯᠠᠯ᠎ᠤᠨ ᠲᠣᠭ᠎ᠠ ᠬᠡᠵᠢᠶ᠎ᠡ ᠠᠮᠧᠷᠢᠺᠠ᠎ᠳᠤ ᠨᠠᠩ ᠶᠡᠬᠡ ᠠᠴᠢ ᠬᠣᠯᠪᠣᠭᠳᠠᠯ᠎ᠲᠠᠢ ᠪᠣᠯᠬᠤ ᠵᠢ ᠵᠢᠱ᠌ᠢᠭᠰᠡᠨᠢ ᠬᠥᠷᠬᠥ ᠥᠬᠡᠶ ᠃
ᠬᠣᠶᠠᠳᠤᠭ᠋ᠠᠷ᠎ᠲᠤ᠂ ᠠᠵᠤ ᠠᠬᠤᠢ᠌ᠯᠠᠯ᠎ᠤᠨ ᠰᠤᠳᠤᠯᠤᠨ ᠨᠡᠭᠡᠭᠡᠬᠦ ᠵᠠᠷᠤᠳᠠᠯ᠎ᠤᠨ ᠵᠠᠷᠤᠯᠭ᠎ᠠ ᠵᠢᠨ ᠲᠣᠭ᠎ᠠ ᠬᠠᠷᠢᠴᠠᠩᠭᠤᠶ᠎ᠪᠠᠷ ᠨᠡᠯᠢᠶᠡᠳ ᠳᠣᠤᠷ᠎ᠠ ᠪᠠᠢ᠌ᠵᠤ᠂ ᠬᠤᠸᠠ ᠸᠧᠶ ᠵᠢᠨ ᠦᠢᠯᠡᠳᠦᠯ ᠢᠯᠡᠷᠬᠡᠶ ᠪᠠᠢ᠌ᠨ᠎ᠠ ᠃ TOP 100᠎ᠳᠤ ᠤᠷᠤᠭᠰᠠᠨ ᠤᠯᠤᠰ ᠨᠡᠢ᠌ᠲᠡ 15 ᠪᠠᠢ᠌ᠨ᠎ᠠ᠂ ᠠᠵᠤ ᠠᠬᠤᠢ᠌ᠯᠠᠯ᠎ᠤᠨ ᠰᠤᠳᠤᠯᠤᠨ ᠨᠡᠭᠡᠭᠡᠬᠦ ᠪᠠᠯᠠ ᠣᠷᠣᠭᠤᠯᠤᠯᠲᠠ ᠵᠢᠨ ᠳᠤᠮᠳᠠᠴᠢ ᠲᠣᠭ᠎ᠠ᠎ᠪᠠᠷ ᠵᠢᠭᠰᠠᠭ᠋ᠠᠪᠠᠯ᠂ ᠳᠤᠮᠳᠠᠳᠤ ᠤᠯᠤᠰ᠎ᠤᠨ ᠠᠵᠤ ᠠᠬᠤᠢ᠌ᠯᠠᠯ ᠳᠤᠮᠳᠠᠴᠢ᠎ᠪᠠᠷ 40 . 9 ᠳ᠋ᠦᠩᠰᠢᠭᠤᠷ ᠧᠦ᠋ᠷᠣᠫᠠ ᠵᠣᠭᠣᠰ ᠪᠠᠢ᠌ᠬᠤ᠎ᠳᠤ ᠵᠥᠪᠬᠡᠨ ᠵᠢᠷᠭᠤᠳᠤᠭ᠋ᠠᠷ᠎ᠲᠤ ᠵᠢᠭᠰᠠᠭ᠋ᠠᠭᠳᠠᠵᠤ᠂ ᠲᠦᠷᠦᠭᠦᠦ 5 ᠤᠯᠤᠰ᠎ᠤᠨ ᠠᠵᠤ ᠠᠬᠤᠢ᠌ᠯᠠᠯ᠎ᠤᠨ ᠳᠤᠮᠳᠠᠴᠢ ᠬᠢᠷᠢ ᠲᠦᠪᠰᠢᠨ (56 . 6 ᠳ᠋ᠦᠩᠰᠢᠭᠤᠷ ᠧᠦ᠋ᠷᠣᠫᠠ ᠵᠣᠭᠣᠰ)᠎ᠲᠠᠢ ᠬᠠᠷᠢᠴᠠᠭᠤᠯᠪᠠᠯ ᠪᠠᠰᠠ ᠨᠡᠯᠢᠶᠡᠳ ᠶᠡᠬᠡ ᠵᠥᠷᠢᠶ᠎ᠡ᠎ᠲᠠᠢ ᠪᠠᠢ᠌ᠨ᠎ᠠ ᠃ ᠡᠭᠦᠨ᠎ᠳᠤ᠂ ᠬᠤᠸᠠ ᠸᠧᠶ ᠵᠢᠨ 1 ᠵᠠᠷᠤᠯᠭ᠎ᠠ᠎ᠨᠢ ᠮᠠᠰᠢ ᠶᠡᠬᠡ ᠬᠤᠪᠢ ᠵᠢ ᠡᠵᠡᠯᠡᠵᠦ ᠪᠠᠢ᠌ᠨ᠎ᠠ᠂ ᠬᠤᠸᠠ ᠸᠧᠶ ᠵᠢ ᠪᠣᠳᠣᠯᠬᠢᠯᠠᠬᠤ ᠥᠬᠡᠶ ᠪᠣᠯ ᠪᠤᠰᠤᠳ 9 ᠠᠵᠤ ᠠᠬᠤᠢ᠌ᠯᠠᠯ᠎ᠨᠢ ᠳᠤᠮᠳᠠᠴᠢ᠎ᠪᠠᠷ ᠵᠥᠪᠬᠡᠨ 26 . 9 ᠳ᠋ᠦᠩᠰᠢᠭᠤᠷ ᠧᠦ᠋ᠷᠣᠫᠠ ᠵᠣᠭᠣᠰ ᠪᠠᠢ᠌ᠵᠤ᠂ ᠲᠦᠷᠦᠭᠦᠦ 5 ᠤᠯᠤᠰ᠎ᠤᠨ ᠳᠤᠮᠳᠠᠴᠢ ᠬᠢᠷᠢ ᠲᠦᠪᠰᠢᠨ᠎ᠤ ᠬᠠᠭ᠋ᠠᠰ᠎ᠳᠤ ᠬᠥᠷᠬᠥ ᠥᠬᠡᠶ ᠪᠠᠢ᠌ᠵᠤ᠂ ᠤᠯᠤᠰ᠎ᠤᠨ ᠵᠢᠭᠰᠠᠭ᠋ᠠᠯᠲᠠ᠎ᠳᠤ ᠴᠤ᠌ 11 ᠳ᠋ᠦ᠍ᠭᠡᠷ᠎ᠲᠤ ᠵᠢᠭᠰᠠᠭ᠋ᠠᠭᠳᠠᠪᠠ ᠃
ᠭᠤᠷᠪᠠᠳᠤᠭ᠋ᠠᠷ᠎ᠲᠤ᠂ ᠠᠵᠤ ᠠᠬᠤᠢ᠌ᠯᠠᠯ᠎ᠤᠨ ᠰᠤᠳᠤᠯᠤᠨ ᠨᠡᠭᠡᠭᠡᠬᠦ ᠵᠠᠷᠤᠳᠠᠯ᠎ᠤᠨ ᠬᠦᠴᠦᠯᠡᠴᠡ ᠳᠣᠣᠷ᠎ᠠ ᠃ 2019 ᠣᠨ᠎ᠳᠤ TOP 100 ᠠᠵᠤ ᠠᠬᠤᠢ᠌ᠯᠠᠯ᠎ᠤᠨ ᠰᠤᠳᠤᠯᠤᠨ ᠨᠡᠭᠡᠭᠡᠬᠦ ᠵᠠᠷᠤᠳᠠᠯ᠎ᠤᠨ ᠴᠡᠪᠡᠷ ᠪᠣᠷᠣᠯᠠᠭᠤᠯᠭ᠎ᠠ ᠵᠢᠨ ᠲᠣᠭ᠎ᠠ᠎ᠳᠤ ᠡᠵᠡᠯᠡᠬᠦ ᠬᠠᠷᠢᠴᠠᠯ᠎ᠨᠢ ᠳᠤᠮᠳᠠᠴᠢ᠎ᠪᠠᠷ 11 . 1 % ᠪᠠᠢ᠌ᠵᠤ᠂ ᠮᠠᠨ᠎ᠤ ᠤᠯᠤᠰ᠎ᠤᠨ ᠠᠵᠤ ᠠᠬᠤᠢ᠌ᠯᠠᠯ᠎ᠤᠨ ᠰᠤᠳᠤᠯᠤᠨ ᠨᠡᠭᠡᠭᠡᠬᠦ ᠵᠠᠷᠤᠳᠠᠯ᠎ᠤᠨ ᠡᠷᠴᠢᠮ᠎ᠨᠢ ᠳᠤᠮᠳᠠᠴᠢ᠎ᠪᠠᠷ 7 . 1 % ᠪᠠᠢ᠌ᠵᠤ᠂ ᠵᠥᠪᠬᠡᠨ ᠡᠨᠡᠳᠬᠡᠭ᠎ᠠᠴᠠ ᠥᠨᠳᠥᠷ ᠪᠠᠢ᠌ᠵᠤ᠂ 14 ᠳ᠋ᠦ᠍ᠭᠡᠷ᠎ᠲᠤ ᠵᠢᠭᠰᠠᠭ᠋ᠠᠭᠳᠠᠵᠤ ᠪᠠᠢ᠌ᠨ᠎ᠠ ᠃ TOP 100 ᠵᠢᠨ ᠰᠤᠳᠤᠯᠤᠨ ᠨᠡᠭᠡᠭᠡᠬᠦ ᠵᠠᠷᠤᠳᠠᠯ᠎ᠤᠨ ᠬᠦᠴᠦᠯᠡᠴᠡ᠎ᠨᠢ 2 . 0 %᠎ᠠᠴᠠ ᠳᠣᠣᠷ᠎ᠠ ᠠᠵᠤ ᠠᠬᠤᠢ᠌ᠯᠠᠯ ᠵᠥᠪᠬᠡᠨ 7 ᠪᠠᠢ᠌ᠵᠤ᠂ ᠡᠭᠦᠨ᠎ᠤ ᠳᠣᠲᠣᠷᠠᠬᠢ 5᠎ᠨᠢ ᠮᠠᠨ᠎ᠤ ᠤᠯᠤᠰ᠎ᠤᠨ ᠠᠵᠤ ᠠᠬᠤᠢ᠌ᠯᠠᠯ ᠪᠣᠯᠤᠨ᠎ᠠ ᠃
ᠳᠥᠷᠪᠡᠳᠦᠭᠡᠷ᠎ᠲᠤ᠂ ᠠᠵᠢᠯ ᠲᠥᠷᠥᠯ᠎ᠤᠨ ᠲᠠᠷᠬᠠᠯᠲᠠ ᠬᠦᠨᠳᠦ ᠨᠣᠴᠢᠲᠠᠶ ᠲᠡᠩᠴᠡᠭᠦᠷᠢ᠎ᠪᠠᠨ ᠠᠯᠳᠠᠵᠤ᠂ ᠭᠣᠤᠯᠳᠠᠯᠭ᠎ᠠ᠎ᠲᠠᠢ ᠠᠵᠤ ᠦᠢᠯᠡᠰ᠎ᠤᠨ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠳᠠᠭ᠋ᠠᠭᠤᠯᠤᠭᠴᠢ ᠠᠵᠤ ᠠᠬᠤᠢ᠌ᠯᠠᠯ ᠳᠤᠲᠠᠭᠳᠠᠵᠤ ᠪᠠᠢ᠌ᠨ᠎ᠠ ᠃ ᠢᠷᠡᠭᠡᠳᠦᠶ ᠵᠢᠨ ᠵᠠᠬ᠎ᠠ ᠳᠡᠯᠭᠡᠭᠦᠷ᠎ᠤᠨ ᠢᠷᠡᠭᠡᠳᠦᠶ ᠥᠷᠭᠡᠨ ᠠᠭᠤᠳᠠᠮ ᠡᠮ ᠦᠢᠯᠡᠳᠬᠦ᠂ ᠮᠡᠷᠭᠡᠵᠢᠯ᠎ᠤᠨ ᠬᠠᠲᠠᠭᠤ ᠲᠣᠨᠣᠭ᠂ ᠵᠥᠭᠡᠯᠡᠨ ᠲᠣᠨᠣᠭ ᠵᠡᠷᠭᠡ ᠭᠣᠤᠯᠳᠠᠯᠭ᠎ᠠ᠎ᠲᠠᠢ ᠠᠵᠤ ᠦᠢᠯᠡᠰ᠎ᠤᠨ ᠳᠤᠮᠳᠠ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠳᠠᠭ᠋ᠠᠭᠤᠯᠤᠭᠴᠢ ᠠᠵᠤ ᠠᠬᠤᠢ᠌ᠯᠠᠯ ᠳᠤᠲᠠᠭᠳᠠᠵᠤ ᠪᠠᠢ᠌ᠬᠤ᠎ᠳᠤ᠂ ᠮᠠᠰᠢᠨ ᠲᠡᠷᠭᠡᠨ᠎ᠤ ᠠᠵᠤ ᠦᠢᠯᠡᠰ᠎ᠤᠨ ᠳᠣᠲᠣᠷ᠎ᠠ ᠵᠥᠪᠬᠡᠨ 1 ᠠᠵᠤ ᠠᠬᠤᠢ᠌ᠯᠠᠯ᠎ᠨᠢ ᠰᠤᠳᠤᠯᠤᠨ ᠨᠡᠭᠡᠭᠡᠬᠦ ᠵᠠᠷᠤᠳᠠᠯ᠎ᠤᠨ ᠡᠷᠴᠢᠮ ᠵᠶ᠋ᠡᠷ ᠬᠠᠮᠤᠭ᠎ᠤᠨ ᠳᠣᠤᠷ᠎ᠠ (2 . 0 % ᠬᠥᠷᠬᠥ ᠥᠬᠡᠶ) ᠪᠠᠢ᠌ᠨ᠎ᠠ ᠃ ᠡᠨᠡ᠎ᠨᠢ ᠮᠠᠨ᠎ᠤ ᠤᠯᠤᠰ᠎ᠤᠨ ᠠᠵᠤ ᠠᠬᠤᠢ᠌ᠯᠠᠯ᠎ᠤᠨ ᠠᠵᠤ ᠦᠢ᠍ᠯᠡᠰ᠎ᠤᠨ ᠮᠡᠷᠭᠡᠵᠢᠯ᠎ᠤᠨ ᠤᠯᠠᠨ ᠤᠯᠤᠰ᠎ᠲᠠᠬᠢ ᠦᠭᠡ ᠬᠡᠯᠡᠬᠦ ᠡᠷᠬᠡ ᠳᠤᠲᠠᠭᠳᠠᠵᠤ ᠪᠠᠢ᠌ᠬᠤ᠎ᠲᠠᠢ ᠨᠢᠭᠲᠠ ᠬᠣᠯᠪᠣᠭ᠎ᠠ᠎ᠲᠠᠢ ᠪᠠᠢ᠌ᠵᠤ᠂ ᠢᠷᠡᠭᠡᠳᠦᠢ ᠵᠢᠨ ᠠᠵᠤ ᠦᠢ᠍ᠯᠡᠰ᠎ᠤᠨ ᠮᠡᠷᠭᠡᠵᠢᠯ᠎ᠤᠨ ᠦᠷᠢᠰᠦᠯᠳᠦᠬᠦ ᠬᠦᠴᠦᠨ᠎ᠤ ᠳᠡᠭᠡᠭᠰᠢᠯᠡᠯᠲᠡ ᠵᠢ ᠬᠢᠵᠠᠭ᠋ᠠᠷᠯᠠᠬᠤ᠎ᠨᠢ ᠵᠠᠢ᠌ᠯᠠᠰᠢ ᠦᠭᠡᠢ ᠶᠤᠮ ᠃
ᠳᠥᠷᠪᠡ᠂ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠳᠠᠭ᠋ᠠᠭᠤᠯᠤᠭᠴᠢ ᠠᠵᠤ ᠠᠬᠤᠢ᠌ᠯᠠᠯ᠎ᠢ ᠪᠣᠢ᠌ᠵᠢᠭᠤᠯᠬᠤ ᠲᠤᠬᠠᠶ ᠰᠡᠩᠬᠡᠷᠡᠭᠦᠯᠦᠯ ᠃《ᠠᠷᠪᠠᠨ ᠳᠥᠷᠪᠡᠳᠦᠭᠡᠷ ᠲᠠᠪᠤᠨ ᠵᠢᠯ》 ᠵᠢᠴᠢ 2035 ᠣᠨ᠎ᠤ ᠠᠯᠤᠰ᠎ᠤᠨ ᠬᠠᠷᠠᠯᠲᠠ᠎ᠳᠤ ᠬᠠᠨᠳᠤᠭᠤᠯᠤᠨ᠂ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠳᠠᠭ᠋ᠠᠭᠤᠯᠤᠭᠴᠢ ᠠᠵᠤ ᠠᠬᠤᠢ᠌ᠯᠠᠯ᠎ᠢ ᠪᠣᠢ᠌ᠵᠢᠭᠤᠯᠬᠤ᠎ᠳᠤ ᠡᠩ ᠲᠡᠷᠢᠭᠦᠨ᠎ᠳᠤ ᠲᠠᠨᠢᠯᠲᠠ᠎ᠪᠠᠨ ᠭᠦᠨᠵᠡᠭᠡᠢ᠌ᠷᠡᠭᠦᠯᠵᠦ᠂ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠢ ᠪᠣᠶ ᠪᠣᠯᠭ᠋ᠠᠬᠤ ᠬᠡᠷᠡᠭᠲᠡᠶ ᠃