ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠤᠳᠤᠷᠢᠳᠤᠯᠭ᠎ᠠ᠎ᠶᠢᠨ ᠲᠠᠨᠢᠯᠴᠠᠭᠤᠯᠭ᠎ᠠ
ᠦᠢᠯᠡᠴᠢᠯᠡᠭᠡ
ᠰᠢᠨᠵᠢᠯᠡᠭᠡ ᠮᠡᠷᠭᠡᠵᠢᠯ
ᠰᠢᠨᠵᠢᠯᠡᠭᠡ ᠮᠡᠷᠭᠡᠵᠢᠯ   -   ᠰᠢᠨᠵᠢᠯᠡᠭᠡ ᠮᠡᠷᠭᠡᠵᠢᠯ᠎ᠤᠨ ᠵᠠᠰᠠᠭ᠎ᠤᠨ ᠳᠠᠭᠤᠨ
36 ᠠᠵᠤ ᠠᠬᠤᠢ᠌ᠯᠠᠯ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠪᠣᠬᠢᠷᠲᠤᠯ ᠥᠬᠡᠶ ᠦᠢᠯᠡᠳᠪᠦᠷᠢ ᠵᠢᠨ ᠲᠠᠰ᠎ᠲᠤ ᠳᠡᠪᠰᠢᠪᠡ
ᠨᠡᠶ᠋ᠢᠲᠡᠯᠡᠭᠰᠡᠨ ᠴᠠᠭ᠄ 2021-07-21


        ᠲᠦᠷᠦᠭᠦᠬᠡᠨ᠂ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠠᠵᠤ ᠦᠢᠯᠡᠳᠪᠦᠷᠢ ᠪᠠ ᠮᠡᠳᠡᠭᠡ ᠵᠠᠩᠭᠢᠵᠢᠯᠲᠠ ᠵᠢᠨ ᠲᠢᠩᠬᠢᠮ ᠬᠣᠶᠠᠳᠤᠭ᠋ᠠᠷ ᠪᠦᠯᠦᠭ᠎ᠤᠨ ᠥᠪᠡᠷᠲᠡᠭᠡᠨ ᠵᠠᠰᠠᠬᠤ ᠣᠷᠣᠨ᠎ᠤ ᠲᠠᠰ᠎ᠤᠨ ᠪᠣᠬᠢᠷᠲᠤᠯ ᠥᠬᠡᠶ ᠦᠢᠯᠡᠳᠬᠦ ᠵᠢᠨ ᠵᠢᠱ᠌ᠢᠶ᠎ᠡ ᠦᠵᠡᠭᠦᠯᠬᠦ ᠨᠡᠷᠡᠰ᠎ᠢ ᠨᠡᠢ᠌ᠲᠡᠯᠡᠵᠦ᠂ ᠥᠪᠥᠷ ᠮᠣᠩᠭᠣᠯ᠎ᠤᠨ ᠰᠠᠶ ᠹᠸᠢ ᠶᠠ ᠲᠠᠷᠢᠶᠠᠯᠠᠩ᠎ᠤᠨ ᠰᠢᠨᠵᠢᠯᠡᠬᠦ ᠤᠬᠠᠭ᠋ᠠᠨ ᠮᠡᠷᠭᠡᠵᠢᠯ᠎ᠤᠨ ᠬᠥᠭᠵᠢᠯᠲᠡ ᠵᠢᠨ ᠬᠤᠪᠢ ᠣᠷᠣᠭᠤᠯᠤᠭᠰᠠᠨ ᠬᠢᠵᠠᠭ᠋ᠠᠷᠲᠤ ᠺᠣᠮᠫᠠᠨᠢ᠂ ᠴᠢ ᠯᠦ᠍ ᠡᠮ ᠦᠢᠯᠡᠳᠬᠦ (ᠥᠪᠥᠷ ᠮᠣᠩᠭᠣᠯ) ᠬᠢᠵᠠᠭ᠋ᠠᠷᠲᠤ ᠺᠣᠮᠫᠠᠨᠢ᠂ ᠬᠣᠩ ᠶᠤᠸᠠᠨ ᠰᠢᠨ᠎ᠡ ᠮᠠᠲ᠋ᠧᠷᠢᠶᠠᠯ (ᠪᠤᠭᠤᠲᠤ)᠎ᠤᠨ ᠬᠢᠵᠠᠭ᠋ᠠᠷᠲᠤ ᠺᠣᠮᠫᠠᠨᠢ ᠵᠡᠷᠭᠡ 36 ᠠᠵᠤ ᠠᠬᠤᠢ᠌ᠯᠠᠯ᠎ᠢ ᠪᠣᠬᠢᠷᠲᠤᠯ ᠥᠬᠡᠶ ᠦᠢᠯᠡᠳᠪᠦᠷᠢ᠎ᠪᠠᠷ ᠲᠣᠭᠲᠠᠭ᠋ᠠᠪᠠ  ᠃
        ᠡᠭᠦᠨ᠎ᠤ ᠬᠠᠮᠲᠤ᠂ ᠥᠪᠥᠷ ᠮᠣᠩᠭᠣᠯ᠎ᠤᠨ ᠴᠦᠨ ᠰᠢᠤᠸᠠᠢ ᠢᠮᠠᠭ᠋ᠠᠨ ᠨᠣᠯᠤᠤᠷ᠎ᠤᠨ ᠬᠢᠵᠠᠭ᠋ᠠᠷᠲᠤ ᠺᠣᠮᠫᠠᠨᠢ ᠵᠢᠨ ᠢᠮᠠᠭ᠋ᠠᠨ ᠨᠣᠯᠤᠤᠷ᠎ᠤᠨ ᠬᠠᠨᠲᠠᠭ᠋ᠠᠰᠤ᠂ ᠪᠠᠶᠠᠨᠨᠠᠭᠤᠷ᠎ᠤᠨ ᠪᠠᠷᠠᠭᠤᠨ ᠬᠡᠰᠡᠭ᠎ᠤᠨ ᠵᠡᠰ ᠮᠠᠲ᠋ᠧᠷᠢᠶᠠᠯ᠎ᠤᠨ ᠬᠢᠵᠠᠭ᠋ᠠᠷᠲᠤ ᠺᠣᠮᠫᠠᠨᠢ ᠵᠢᠨ ᠪᠢᠯᠢᠭ ᠲᠤᠢ᠌ᠯ᠎ᠤᠨ ᠵᠡᠰ᠂ ᠥᠪᠥᠷ ᠮᠣᠩᠭᠣᠯ᠎ᠤᠨ ᠪᠤᠭᠤᠲᠤ ᠵᠢᠨ ᠪᠣᠯᠣᠳ ᠲᠡᠮᠦᠷ᠎ᠤᠨ ᠬᠢᠵᠠᠭ᠋ᠠᠷᠲᠤ ᠺᠣᠮᠫᠠᠨᠢ ᠵᠢᠨ ᠾᠧ ᠹᠠ ᠬᠣᠪᠣᠷ ᠰᠢᠷᠣᠶ ᠵᠢᠨ ᠬᠢᠵᠠᠭ᠋ᠠᠷᠲᠤ ᠺᠣᠮᠫᠠᠨᠢ ᠵᠢᠨ ᠬᠣᠪᠣᠷ ᠰᠢᠷᠣᠶ ᠵᠢᠨ ᠴᠢᠭᠢᠭᠲᠦᠭᠦᠯᠬᠦ ᠠᠷᠭ᠎ᠠ᠎ᠪᠠᠷ ᠬᠠᠢ᠌ᠯᠤᠭᠤᠯᠤᠨ ᠰᠠᠯᠭ᠋ᠠᠭᠰᠠᠨ ᠦᠢᠯᠡᠳᠬᠦᠨ (REO) ᠵᠡᠷᠭᠡ 5 ᠵᠦᠢᠯ᠎ᠤᠨ ᠦᠢᠯᠡᠳᠬᠦᠨ᠎ᠢ ᠪᠣᠬᠢᠷᠲᠤᠯ ᠥᠬᠡᠶ ᠵᠢᠷᠤᠵᠤ ᠲᠥᠯᠥᠪᠯᠡᠭᠰᠡᠨ ᠦᠢᠯᠡᠳᠬᠦᠨ ᠵᠶ᠋ᠡᠷ ᠲᠣᠭᠲᠠᠭ᠋ᠠᠪᠠ; ᠦᠶᠤᠸᠠᠨ᠎ᠤ ᠠᠵᠤ ᠦᠢᠯᠡᠳᠪᠦᠷᠢ ᠵᠢᠨ ᠬᠦᠷᠢᠶᠡᠯᠡᠩ ᠲᠣᠭᠣᠷᠢᠭ᠂ ᠪᠤᠭᠤᠲᠤ ᠵᠢᠨ ᠵᠢᠨᠱ᠌ᠠᠨ ᠠᠵᠤ ᠦᠢᠯᠡᠳᠪᠦᠷᠢ ᠵᠢᠨ ᠬᠦᠷᠢᠶᠡᠯᠡᠩ ᠲᠣᠭᠣᠷᠢᠭ᠂ ᠥᠪᠥᠷ ᠮᠣᠩᠭᠣᠯ᠎ᠤᠨ ᠪᠤᠭᠤᠲᠤ ᠵᠢᠨ ᠵᠢᠦᠶᠤᠸᠠᠨ ᠠᠵᠤ ᠦᠢᠯᠡᠳᠪᠦᠷᠢ ᠵᠢᠨ ᠬᠦᠷᠢᠶᠡᠯᠡᠩ ᠲᠣᠭᠣᠷᠢᠭ ᠪᠣᠯᠤᠨ ᠪᠤᠭᠤᠲᠤ ᠵᠢᠨ ᠬᠣᠪᠣᠷ ᠰᠢᠷᠣᠶ ᠵᠢᠨ ᠳᠡᠭᠡᠳᠦ ᠰᠢᠨ᠎ᠡ ᠮᠡᠷᠭᠡᠵᠢᠯ᠎ᠤᠨ ᠠᠵᠤ ᠦᠢᠯᠡᠰ᠎ᠤᠨ ᠨᠡᠭᠡᠭᠡᠯᠲᠡ ᠵᠢᠨ ᠲᠣᠭᠣᠷᠢᠭ ᠵᠡᠷᠭᠡ 4 ᠬᠦᠷᠢᠶᠡᠯᠡᠩ ᠲᠣᠭᠣᠷᠢᠭ᠎ᠢ ᠪᠣᠬᠢᠷᠲᠤᠯ ᠥᠬᠡᠶ ᠬᠦᠷᠢᠶᠡᠯᠡᠩ ᠲᠣᠭᠣᠷᠢᠭ ᠵᠶ᠋ᠠᠷ ᠲᠣᠭᠲᠠᠭ᠋ᠠᠪᠠ; ᠥᠪᠥᠷ ᠮᠣᠩᠭᠣᠯ᠎ᠤᠨ ᠮᠸᠩ ᠨᠢᠤ ᠰᠦ ᠵᠢᠨ ᠦᠢᠯᠡᠰ (ᠪᠦᠯᠦᠭᠯᠡᠯ)᠎ᠤᠨ ᠬᠤᠪᠢ ᠣᠷᠣᠭᠤᠯᠤᠭᠰᠠᠨ ᠬᠢᠵᠠᠭ᠋ᠠᠷᠲᠤ ᠺᠣᠮᠫᠠᠨᠢ ᠪᠣᠯᠤᠨ ᠥᠪᠥᠷ ᠮᠣᠩᠭᠣᠯ᠎ᠤᠨ ᠢ ᠯᠢ ᠵᠢᠶ ᠳ᠋ᠦᠩ ᠱᠦᠢᠨᠢ ᠵᠢᠨ ᠬᠢᠵᠠᠭ᠋ᠠᠷᠲᠤ ᠬᠠᠷᠢᠭᠤᠴᠠᠯᠭ᠋ᠠᠲᠤ ᠺᠣᠮᠫᠠᠨᠢ ᠬᠣᠶᠠᠷ ᠠᠵᠤ ᠠᠬᠤᠢ᠌ᠯᠠᠯ᠎ᠢ ᠪᠣᠬᠢᠷᠲᠤᠯ ᠥᠬᠡᠶ ᠬᠠᠩᠭ᠋ᠠᠯᠭ᠎ᠠ ᠵᠢᠨ ᠬᠡᠯᠬᠢᠶ᠎ᠡ᠎ᠪᠠᠷ ᠲᠣᠭᠲᠠᠭ᠋ᠠᠪᠠ  ᠃
        ᠥᠪᠡᠷᠲᠡᠭᠡᠨ ᠵᠠᠰᠠᠬᠤ ᠣᠷᠣᠨ᠎ᠤ ᠠᠵᠤ ᠦᠢᠯᠡᠳᠪᠦᠷᠢ ᠪᠠ ᠮᠡᠳᠡᠭᠡ ᠵᠠᠩᠭᠢᠵᠢᠯᠲᠠ ᠵᠢᠨ ᠲᠢᠩᠬᠢᠮ᠎ᠠᠴᠠ ᠱᠠᠭ᠋ᠠᠷᠳᠠᠭᠰᠠᠨ᠎ᠨᠢ᠂ ᠪᠣᠬᠢᠷᠲᠤᠯ ᠥᠬᠡᠶ ᠦᠢᠯᠡᠳᠬᠦ ᠵᠢᠨ ᠵᠢᠱ᠌ᠢᠶ᠎ᠡ ᠦᠵᠡᠭᠦᠯᠬᠦ ᠨᠡᠷᠡᠰ᠎ᠲᠤ ᠵᠢᠭᠰᠠᠭ᠋ᠠᠭᠳᠠᠭᠰᠠᠨ ᠠᠵᠤ ᠠᠬᠤᠢ᠌ᠯᠠᠯ ᠪᠦᠬᠦᠨ ᠵᠢᠱ᠌ᠢᠶ᠎ᠡ ᠦᠵᠡᠭᠦᠯᠬᠦ ᠵᠢ ᠡᠭᠦᠳᠦᠨ ᠪᠠᠢ᠌ᠭᠤᠯᠵᠤ ᠳᠡᠭᠡᠭᠰᠢᠯᠡᠭᠦᠯᠬᠦ ᠡᠷᠴᠢᠮ ᠵᠶ᠋ᠡᠨ ᠤᠯᠠᠮ ᠨᠢᠭᠡ ᠠᠯᠬᠤᠮ ᠴᠢᠩᠭ᠋ᠠᠷᠠᠭᠤᠯᠵᠤ᠂ ᠭᠤᠷᠪᠠᠨ ᠵᠢᠯ᠎ᠤᠨ ᠳᠡᠭᠡᠭᠰᠢᠯᠡᠭᠦᠯᠬᠦ ᠲᠥᠯᠥᠪᠯᠡᠭᠡ ᠵᠢᠴᠢ ᠣᠨ᠎ᠤ ᠬᠡᠷᠡᠭᠵᠢᠭᠦᠯᠬᠦ ᠲᠥᠰᠦᠯ ᠲᠣᠭᠲᠠᠭ᠋ᠠᠵᠤ᠂ ᠳᠡᠭᠡᠭᠰᠢᠯᠡᠭᠦᠯᠬᠦ ᠬᠠᠷᠠᠯᠲᠠ᠂ ᠡᠭᠦᠷᠭᠡ ᠵᠢᠨ ᠠᠬᠢᠴᠠ᠂ ᠥᠷᠨᠢᠭᠦᠯᠬᠦ᠎ᠪᠠᠷ ᠪᠠᠢ᠌ᠭ᠎ᠠ ᠭᠣᠤᠯᠳᠠᠯᠭ᠎ᠠ᠎ᠲᠠᠢ ᠠᠵᠢᠯ᠂ ᠬᠡᠷᠡᠭᠵᠢᠭᠦᠯᠬᠦ᠎ᠪᠠᠷ ᠪᠠᠢ᠌ᠭ᠎ᠠ ᠴᠢᠬᠤᠯᠠ ᠶᠡᠬᠡ ᠲᠥᠷᠥᠯ ᠵᠦᠢᠯ᠂ ᠪᠠᠲᠤᠯᠠᠭ᠎ᠠ ᠵᠢᠨ ᠠᠷᠭ᠎ᠠ ᠬᠡᠮᠵᠢᠶ᠎ᠡ ᠵᠢᠴᠢ ᠵᠢᠱ᠌ᠢᠶ᠎ᠡ ᠦᠵᠡᠭᠦᠯᠵᠦ ᠤᠬᠠᠭᠤᠯᠤᠨ ᠳᠡᠯᠭᠡᠷᠡᠭᠦᠯᠬᠦ ᠲᠥᠯᠥᠪᠯᠡᠭᠡ ᠵᠡᠷᠭᠡ ᠠᠭᠤᠯᠭ᠎ᠠ ᠵᠢ ᠪᠣᠳᠠᠲᠠᠶ᠎ᠪᠠᠷ ᠪᠠᠭᠲᠠᠭ᠋ᠠᠬᠤ ᠬᠡᠷᠡᠭᠲᠡᠶ  ᠃ ᠭᠤᠷᠪᠠᠨ ᠵᠢᠯ᠎ᠤᠨ ᠡᠭᠦᠳᠦᠨ ᠪᠠᠢ᠌ᠭᠤᠯᠬᠤ ᠠᠵᠢᠯᠯᠠᠭ᠎ᠠ᠎ᠪᠠᠷ ᠳᠠᠮᠵᠢᠭᠤᠯᠤᠨ᠂ ᠳᠡᠭᠡᠭᠰᠢᠯᠡᠭᠦᠯᠬᠦ ᠬᠠᠷᠠᠯᠲᠠ ᠡᠭᠦᠷᠭᠡ ᠵᠢ ᠪᠥᠬᠥ ᠲᠠᠯ᠎ᠠ᠎ᠪᠠᠷ ᠪᠡᠶᠡᠯᠡᠭᠦᠯᠦᠨ᠎ᠡ  ᠃ ᠡᠯ᠎ᠡ ᠠᠢ᠌ᠮᠠᠭ ᠬᠣᠲᠠ ᠵᠢᠨ ᠠᠵᠤ ᠦᠢᠯᠡᠳᠪᠦᠷᠢ ᠪᠠ ᠮᠡᠳᠡᠭᠡ ᠵᠠᠩᠭᠢᠵᠢᠯᠲᠠ ᠵᠢᠨ ᠭᠣᠤᠯᠴᠢᠯᠠᠨ ᠬᠠᠮᠢᠶᠠᠷᠬᠤ ᠰᠠᠯᠠᠭ᠎ᠠ ᠮᠥᠴᠢᠷ᠎ᠨᠢ ᠪᠣᠬᠢᠷᠲᠤᠯ ᠥᠬᠡᠶ ᠦᠢᠯᠡᠳᠬᠦ ᠰᠢᠰᠲ᠋ᠧᠮᠵᠢ ᠵᠢᠨ ᠪᠠᠢ᠌ᠭᠤᠯᠤᠯᠲᠠ ᠵᠢᠨ ᠠᠵᠢᠯ᠎ᠢ ᠳᠡᠭᠡᠳᠦ ᠬᠡᠮᠵᠢᠶ᠎ᠡ᠎ᠪᠠᠷ ᠴᠢᠬᠤᠯᠠᠴᠢᠯᠠᠵᠤ᠂ ᠪᠣᠬᠢᠷᠲᠤᠯ ᠥᠬᠡᠶ ᠦᠢᠯᠡᠳᠬᠦ ᠵᠢᠨ ᠵᠢᠱ᠌ᠢᠶ᠎ᠡ ᠦᠵᠡᠭᠦᠯᠬᠦ ᠵᠢ ᠳᠡᠮᠵᠢᠬᠦ ᠬᠠᠮᠢᠶ᠎ᠠ ᠪᠥᠬᠥᠶ ᠲᠥᠬᠥᠷ ᠲᠥᠷᠥ ᠵᠢᠨ ᠪᠣᠳᠣᠯᠭ᠎ᠠ ᠵᠢ ᠲᠦᠷᠭᠡᠳᠬᠡᠨ ᠲᠣᠭᠲᠠᠭ᠋ᠠᠨ ᠨᠡᠢ᠌ᠲᠡᠯᠡᠵᠦ᠂ ᠬᠠᠮᠢᠶ᠎ᠠ ᠪᠥᠬᠥᠶ ᠠᠵᠤ ᠦᠢᠯᠡᠰ᠎ᠤᠨ ᠲᠥᠷᠥ ᠵᠢᠨ ᠪᠣᠳᠣᠯᠭ᠎ᠠ᠎ᠯᠤᠭ᠎ᠠ ᠵᠣᠯᠭ᠋ᠠᠭᠤᠯᠬᠤ ᠵᠢ ᠴᠢᠩᠭ᠋ᠠᠳᠬᠠᠨ᠂ ᠲᠡᠷᠢᠭᠦᠨ᠎ᠤ ᠪᠣᠬᠢᠷᠲᠤᠯ ᠥᠬᠡᠶ ᠨᠡᠢ᠌ᠲᠡᠯᠢᠭ ᠵᠢᠱ᠌ᠢᠶ᠎ᠡ ᠵᠢ ᠢᠳᠡᠪᠬᠢᠲᠡᠶ᠎ᠪᠠᠷ ᠲᠡᠳᠬᠦᠨ ᠳᠡᠮᠵᠢᠵᠦ᠂ ᠵᠢᠱ᠌ᠢᠶ᠎ᠡ ᠦᠵᠡᠭᠦᠯᠦᠨ ᠬᠥᠲᠥᠯᠦᠨ ᠳᠠᠭ᠋ᠠᠭᠤᠯᠬᠤ ᠦᠢᠯᠡᠳᠦᠯ᠎ᠢ ᠭᠦᠢᠴᠡᠳ ᠪᠠᠳᠠᠷᠠᠭᠤᠯᠤᠨ᠂ ᠡᠯ᠎ᠡ ᠭᠠᠵᠠᠷ ᠣᠷᠣᠨ᠎ᠤ ᠠᠵᠤ ᠦᠢᠯᠡᠳᠪᠦᠷᠢ ᠵᠢᠨ ᠲᠣᠭᠣᠷᠢᠭ᠎ᠤᠨ ᠪᠣᠬᠢᠷᠲᠤᠯ ᠥᠬᠡᠶ᠎ᠪᠠᠷ ᠬᠡᠯᠪᠡᠷᠢ᠎ᠪᠠᠨ ᠬᠤᠪᠢᠷᠠᠭᠤᠯᠤᠨ ᠲᠠᠰ ᠳᠡᠪᠰᠢᠭᠦᠯᠬᠦ ᠵᠢ ᠠᠬᠢᠭᠤᠯᠤᠨ᠎ᠠ  ᠃

ᠢᠷᠡᠯᠲᠡ᠄ ᠥᠪᠥᠷ ᠮᠣᠩᠭᠣᠯ᠎ᠤᠨ ᠡᠳᠦᠷ᠎ᠤᠨ ᠰᠣᠨᠢᠨ
          
ᠬᠠᠮᠢᠶ᠎ᠡ ᠪᠦᠬᠦᠢ ᠰᠣᠨᠢᠨ
ᠠᠷᠪᠠᠨ ᠵᠢᠷᠭᠤᠳᠤᠭ᠋ᠠᠷ ᠬᠤᠭᠤᠴᠠᠭ᠋ᠠᠨ᠎ᠤ ᠥᠪᠥᠷ ᠮᠣᠩᠭᠣᠯ᠎ᠤᠨ ᠪᠠᠢ᠌ᠭ᠋ᠠᠯᠢ ᠵᠢᠨ ᠰᠢᠨᠵᠢᠯᠡᠬᠦ ᠤᠬᠠᠭ᠋ᠠᠨ᠎ᠤ ᠡᠷᠳᠡᠮ ᠰᠢᠨᠵᠢᠯᠡᠭᠡᠨ᠎ᠤ ᠣᠨ᠎ᠤ ᠬᠤᠷᠠᠯ ᠬᠥᠬᠡᠬᠣᠲᠠ᠎ᠳᠤ ᠡᠬᠢᠯᠡᠪᠡ
ᠬᠦᠴᠢᠷ ᠠᠰᠠᠭᠤᠳᠠᠯ᠎ᠢ ᠰᠢᠢᠳᠪᠦᠷᠢᠯᠡᠨ ᠳᠠᠪᠠᠭᠤᠯᠢᠭ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠰᠢᠨ᠎ᠡ ᠡᠭᠦᠳᠦᠯᠲᠡ ᠵᠢ ᠵᠤᠵᠠᠭ᠋ᠠᠳᠬᠠᠵᠤ ᠥᠪᠥᠷ ᠮᠣᠩᠭᠣᠯ᠎ᠤᠨ ᠲᠠᠷᠢᠶᠠᠯᠠᠩ ᠮᠠᠯ ᠠᠵᠤ ᠠᠬᠤᠶ ᠵᠢᠨ ᠴᠢᠨᠠᠷ ᠰᠠᠢ᠌ᠲᠠᠶ ᠬᠥᠭᠵᠢᠯᠲᠡ ᠵᠢ ᠠᠬᠢᠭᠤᠯᠬᠤ ᠬᠡᠷᠡᠭᠲᠡᠶ
ᠥᠪᠥᠷ ᠮᠣᠩᠭᠣᠯ ᠳᠠᠪᠠᠭᠤᠯᠢᠭ ᠣᠨᠴᠠᠯᠢᠭᠲᠤ ᠠᠵᠤ ᠦᠢᠯᠡᠰ᠎ᠤᠨ ᠰᠦᠷᠦᠭᠵᠢᠯ᠎ᠤᠨ ᠪᠥᠲᠥᠭᠡᠨ ᠪᠠᠢ᠌ᠭᠤᠯᠤᠯᠲᠠ ᠵᠢ ᠦᠷᠭᠦᠯᠵᠢᠯᠡᠨ ᠠᠬᠢᠭᠤᠯᠵᠤ ᠪᠣᠶ
ᠥᠪᠥᠷ ᠮᠣᠩᠭᠣᠯ ᠳᠠᠪᠠᠭᠤᠯᠢᠭ ᠣᠨᠴᠠᠯᠢᠭᠲᠤ ᠠᠵᠤ ᠦᠢᠯᠡᠰ᠎ᠤᠨ ᠰᠦᠷᠦᠭᠵᠢᠯ᠎ᠤᠨ ᠪᠥᠲᠥᠭᠡᠨ ᠪᠠᠢ᠌ᠭᠤᠯᠤᠯᠲᠠ ᠵᠢ ᠦᠷᠭᠦᠯᠵᠢᠯᠡᠨ ᠠᠬᠢᠭᠤᠯᠵᠤ ᠪᠣᠶ
ᠨᠠᠮ᠎ᠠᠴᠠ ᠴᠢᠳᠠᠪᠤᠷᠢᠲᠠᠨ᠎ᠢ ᠬᠠᠮᠢᠶᠠᠷᠬᠤ᠎ᠨᠢ ᠬᠥᠮᠦᠨ᠎ᠤ ᠴᠢᠳᠠᠪᠤᠷᠢ ᠵᠢ ᠭᠦᠢ᠍ᠴᠡᠳ ᠪᠠᠳᠠᠷᠠᠭᠤᠯᠤᠨ᠎ᠠ
 
            