ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠤᠳᠤᠷᠢᠳᠤᠯᠭ᠎ᠠ᠎ᠶᠢᠨ ᠲᠠᠨᠢᠯᠴᠠᠭᠤᠯᠭ᠎ᠠ
ᠦᠢᠯᠡᠴᠢᠯᠡᠭᠡ
ᠰᠢᠨᠵᠢᠯᠡᠭᠡ ᠮᠡᠷᠭᠡᠵᠢᠯ
ᠰᠢᠨᠵᠢᠯᠡᠭᠡ ᠮᠡᠷᠭᠡᠵᠢᠯ   -   ᠰᠢᠨᠵᠢᠯᠡᠭᠡ ᠮᠡᠷᠭᠡᠵᠢᠯ᠎ᠤᠨ ᠵᠠᠰᠠᠭ᠎ᠤᠨ ᠳᠠᠭᠤᠨ
ᠠᠷᠪᠠᠨ ᠵᠢᠷᠭᠤᠳᠤᠭ᠋ᠠᠷ ᠬᠤᠭᠤᠴᠠᠭ᠋ᠠᠨ᠎ᠤ ᠥᠪᠥᠷ ᠮᠣᠩᠭᠣᠯ᠎ᠤᠨ ᠪᠠᠢ᠌ᠭ᠋ᠠᠯᠢ ᠵᠢᠨ ᠰᠢᠨᠵᠢᠯᠡᠬᠦ ᠤᠬᠠᠭ᠋ᠠᠨ᠎ᠤ ᠡᠷᠳᠡᠮ ᠰᠢᠨᠵᠢᠯᠡᠭᠡᠨ᠎ᠤ ᠣᠨ᠎ᠤ ᠬᠤᠷᠠᠯ ᠬᠥᠬᠡᠬᠣᠲᠠ᠎ᠳᠤ ᠡᠬᠢᠯᠡᠪᠡ
ᠨᠡᠶ᠋ᠢᠲᠡᠯᠡᠭᠰᠡᠨ ᠴᠠᠭ᠄ 2021-07-27


      7 ᠰᠠᠷ᠎ᠠ ᠵᠢᠨ 26᠎ᠤ ᠡᠳᠦᠷ᠂ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠨᠡᠢ᠌ᠭᠡᠮᠯᠢᠭ᠂ ᠰᠤᠷᠭ᠋ᠠᠨ ᠬᠥᠮᠦᠵᠢᠯ᠎ᠤᠨ ᠲᠢᠩᠬᠢᠮ᠂ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠲᠢᠩᠬᠢᠮ᠂ ᠬᠥᠮᠦᠨ᠎ᠤ ᠬᠦᠴᠦᠨ᠎ᠤ ᠡᠬᠢ ᠪᠠᠶᠠᠯᠢᠭ ᠪᠠ ᠨᠡᠢ᠌ᠭᠡᠮ᠎ᠤᠨ ᠪᠠᠲᠤᠯᠠᠭ᠎ᠠ ᠵᠢᠨ ᠲᠢᠩᠬᠢᠮ ᠬᠠᠮᠲᠤᠷᠠᠨ ᠡᠷᠭᠢᠯᠡᠭᠰᠡᠨ ᠠᠷᠪᠠᠨ ᠵᠢᠷᠭᠤᠳᠤᠭ᠋ᠠᠷ ᠬᠤᠭᠤᠴᠠᠭ᠋ᠠᠨ᠎ᠤ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠪᠠᠢ᠌ᠭ᠋ᠠᠯᠢ ᠵᠢᠨ ᠰᠢᠨᠵᠢᠯᠡᠬᠦ ᠤᠬᠠᠭ᠋ᠠᠨ᠎ᠤ ᠡᠷᠳᠡᠮ ᠰᠢᠨᠵᠢᠯᠡᠭᠡᠨ᠎ᠤ ᠣᠨ᠎ᠤ ᠬᠤᠷᠠᠯ ᠬᠥᠬᠡᠬᠣᠲᠠ᠎ᠳᠤ ᠡᠬᠢᠯᠡᠪᠡ  ᠃ ᠳᠤᠮᠳᠠᠳᠤ ᠤᠯᠤᠰ᠎ᠤᠨ ᠰᠢᠨᠵᠢᠯᠡᠬᠦ ᠤᠬᠠᠭ᠋ᠠᠨ᠎ᠤ ᠬᠦᠷᠢᠶᠡᠯᠡᠩ᠎ᠤᠨ ᠠᠺᠠᠳᠧᠮᠢᠴᠢ ᠴᠧᠨ᠂ ᠲᠸᠩ ᠵᠢᠶ ᠸᠸᠨ᠂ ᠳᠤᠮᠳᠠᠳᠤ ᠤᠯᠤᠰ᠎ᠤᠨ ᠢᠨᠵᠧᠨᠧᠷᠢᠩ᠎ᠤᠨ ᠬᠦᠷᠢᠶᠡᠯᠡᠩ᠎ᠤᠨ ᠠᠺᠠᠳᠧᠮᠢᠴᠢ ᠫᠸᠩ ᠰᠦ᠍ ᠫᠢᠩ ᠶᠡᠬᠡ ᠬᠤᠷᠠᠯ᠎ᠳᠤ ᠣᠷᠣᠯᠴᠠᠭᠰᠠᠨ ᠪᠥᠭᠡᠳ ᠣᠨᠴᠠ ᠤᠷᠢᠭᠰᠠᠨ ᠮᠡᠳᠡᠭᠦᠯᠦᠯᠲᠡ ᠬᠢᠪᠠ  ᠃ ᠪᠦᠬᠦ ᠣᠷᠣᠨ᠎ᠤ 200 ᠭᠠᠷᠤᠢ ᠰᠢᠨᠵᠢᠯᠡᠬᠦ ᠤᠬᠠᠭ᠋ᠠᠨ   ᠲᠧᠭᠨᠢᠭ ᠮᠡᠷᠭᠡᠵᠢᠯ᠎ᠤᠨ ᠠᠵᠢᠯᠲᠠᠳ ᠬᠤᠷᠠᠯ᠎ᠳᠤ ᠣᠷᠣᠯᠴᠠᠵᠠᠢ  ᠃
      ᠲᠣᠰ ᠬᠤᠭᠤᠴᠠᠭ᠋ᠠᠨ᠎ᠤ ᠣᠨ᠎ᠤ ᠬᠤᠷᠠᠯ᠎ᠨᠢ 《ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠰᠢᠨ᠎ᠡ ᠵᠢ ᠡᠭᠦᠳᠴᠦ ᠪᠣᠬᠢᠷᠲᠤᠯ ᠥᠬᠡᠶ ᠬᠥᠭᠵᠢᠭᠦᠯᠬᠦ》᠎ᠪᠠᠷ ᠭᠣᠤᠯ ᠰᠡᠳᠦᠪ ᠪᠣᠯᠭ᠋ᠠᠵᠤ᠂ ᠪᠥᠬᠥ ᠣᠷᠣᠨ᠎ᠳᠤ ᠨᠡᠢ᠌ᠲᠡ 1 ᠭᠣᠤᠯ ᠬᠤᠷᠠᠯ᠎ᠤᠨ ᠲᠠᠯᠠᠪᠠᠶ ᠪᠠ 20 ᠬᠤᠪᠢᠶᠠᠷᠢ ᠬᠤᠷᠠᠯ᠎ᠤᠨ ᠲᠠᠯᠠᠪᠠᠶ ᠭᠠᠷᠭ᠋ᠠᠪᠠ  ᠃ ᠶᠡᠬᠡ ᠬᠤᠷᠠᠯ᠎ᠨᠢ ᠰᠢᠨᠵᠢᠯᠡᠭᠡᠨ᠎ᠤ ᠬᠣᠰᠢᠭᠤᠷᠠᠯ᠎ᠤᠨ ᠲᠣᠭᠣᠷᠢᠨ᠎ᠳᠤ᠂ ᠥᠪᠡᠷᠲᠡᠭᠡᠨ ᠵᠠᠰᠠᠬᠤ ᠣᠷᠣᠨ᠎ᠤ ᠠᠵᠤ ᠠᠬᠤᠶ ᠨᠡᠢ᠌ᠭᠡᠮ᠎ᠤᠨ ᠬᠥᠭᠵᠢᠯᠲᠡ ᠳᠤᠮᠳᠠᠬᠢ ᠰᠢᠨᠵᠢᠯᠡᠬᠦ ᠤᠬᠠᠭ᠋ᠠᠨ᠎ᠤ ᠠᠰᠠᠭᠤᠳᠠᠯ ᠪᠣᠯᠤᠨ ᠪᠠᠢ᠌ᠯᠳᠤᠬᠤ ᠪᠣᠳᠣᠯᠭ᠎ᠠ ᠵᠢᠨ ᠰᠢᠨ᠎ᠡ᠎ᠪᠠᠷ ᠮᠠᠨᠳᠤᠭᠰᠠᠨ ᠠᠵᠤ ᠦᠢᠯᠡᠰ᠂ ᠲᠤᠯᠭ᠋ᠠᠭᠤᠷᠢ ᠠᠵᠤ ᠦᠢᠯᠡᠰ᠂ ᠭᠣᠤᠯᠯᠠᠬᠤ ᠠᠵᠤ ᠦᠢᠯᠡᠰ᠎ᠤᠨ ᠬᠥᠭᠵᠢᠯᠲᠡ ᠳᠤᠮᠳᠠᠬᠢ ᠵᠠᠩᠭᠢᠯᠠᠭ᠎ᠠ ᠵᠢᠨ ᠮᠡᠷᠭᠡᠵᠢᠯ᠎ᠤᠨ ᠠᠰᠠᠭᠤᠳᠠᠯ᠎ᠲᠠᠢ ᠤᠶᠠᠯᠳᠤᠭᠤᠯᠤᠨ ᠰᠣᠯᠢᠯᠴᠠᠭ᠎ᠠ ᠪᠠ ᠰᠤᠳᠤᠯᠤᠨ ᠶᠠᠷᠢᠯᠴᠠᠵᠤ᠂ ᠠᠳᠠᠯᠢ ᠪᠤᠰᠤ ᠰᠢᠨᠵᠢᠯᠡᠭᠡᠨ᠎ᠤ ᠬᠦᠷᠢᠶᠡᠨ᠎ᠤ ᠬᠣᠭᠣᠷᠣᠨᠳᠣᠬᠢ ᠰᠣᠯᠢᠯᠴᠠᠭ᠎ᠠ ᠵᠢ ᠠᠬᠢᠭᠤᠯᠵᠤ᠂ ᠰᠢᠨ᠎ᠡ᠎ᠪᠠᠷ ᠮᠠᠨᠳᠤᠭᠰᠠᠨ ᠰᠢᠨᠵᠢᠯᠡᠬᠦ ᠤᠬᠠᠭ᠋ᠠᠨ   ᠲᠧᠭᠨᠢᠭ ᠮᠡᠷᠭᠡᠵᠢᠯ ᠪᠣᠯᠤᠨ ᠰᠢᠨ᠎ᠡ᠎ᠪᠠᠷ ᠮᠠᠨᠳᠤᠭᠰᠠᠨ ᠠᠵᠤ ᠦᠢᠯᠡᠰ᠎ᠤᠨ ᠭᠦᠨᠵᠡᠭᠡᠶ ᠠᠭᠤᠰᠤᠯᠴᠠᠯ᠎ᠢ ᠠᠬᠢᠭᠤᠯᠪᠠ  ᠃ ᠡᠭᠦᠨ᠎ᠤ ᠬᠠᠮᠲᠤ ᠪᠠᠰᠠ ᠠᠺᠠᠳᠧᠮᠢᠴᠢ ᠲᠤᠰᠬᠠᠶ ᠮᠡᠷᠭᠡᠵᠢᠯᠲᠡᠨ᠎ᠤ ᠣᠶᠤᠨ᠎ᠤ ᠳᠠᠪᠠᠭᠤᠯᠢᠭ᠎ᠢ ᠭᠦᠢᠴᠡᠳ ᠪᠠᠳᠠᠷᠠᠭᠤᠯᠵᠤ᠂ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠦᠷ᠎ᠡ ᠪᠦᠲᠦᠭᠡᠯ᠎ᠢ ᠰᠢᠯᠵᠢᠭᠦᠯᠦᠨ ᠤᠯᠠᠷᠢᠭᠤᠯᠬᠤ᠎ᠳᠤ ᠠᠩᠬᠠᠷᠤᠯ ᠵᠶ᠋ᠠᠨ ᠲᠥᠪᠯᠡᠷᠡᠭᠦᠯᠵᠦ᠂ ᠬᠠᠷᠢᠯᠴᠠᠵᠤ ᠦᠢᠯᠡᠴᠢᠯᠡᠬᠦ ᠲᠣᠭᠲᠠᠴᠠ ᠵᠢ ᠪᠠᠢ᠌ᠭᠤᠯᠵᠤ᠂ ᠠᠺᠠᠳᠧᠮᠢᠴᠢ ᠲᠤᠰᠬᠠᠶ ᠮᠡᠷᠭᠡᠵᠢᠯᠲᠡᠨ᠎ᠤ ᠰᠢᠨ᠎ᠡ ᠵᠢ ᠡᠭᠦᠳᠬᠦ ᠡᠬᠢ ᠪᠠᠶᠠᠯᠢᠭ ᠬᠢᠭᠡᠳ ᠠᠢ᠌ᠮᠠᠭ ᠬᠣᠲᠠ ᠵᠢᠨ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠬᠡᠷᠡᠭᠴᠡᠭᠡ ᠱᠠᠭ᠋ᠠᠷᠳᠠᠯᠭ᠎ᠠ ᠵᠢ ᠭᠦᠢᠴᠡᠳ ᠠᠭᠤᠰᠤᠯᠴᠠᠭᠤᠯᠵᠤ᠂ ᠣᠷᠣᠨ ᠨᠤᠲᠤᠭ᠎ᠤᠨ ᠠᠵᠤ ᠠᠬᠤᠶ ᠨᠡᠢ᠌ᠭᠡᠮ᠎ᠤᠨ ᠬᠥᠭᠵᠢᠯᠲᠡ ᠵᠢᠨ ᠠᠵᠤ ᠦᠢᠯᠡᠰ᠎ᠤᠨ ᠬᠡᠯᠪᠡᠷᠢ᠎ᠪᠠᠨ ᠬᠤᠪᠢᠷᠠᠭᠤᠯᠤᠨ ᠲᠠᠰ ᠳᠡᠪᠰᠢᠬᠦ᠎ᠳᠤ ᠦᠢᠯᠡᠴᠢᠯᠡᠨ᠎ᠡ  ᠃
      ᠣᠢ᠌ᠯᠠᠭ᠋ᠠᠭᠰᠠᠨ ᠵᠶ᠋ᠠᠷ᠂ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠪᠠᠢ᠌ᠭ᠋ᠠᠯᠢ ᠵᠢᠨ ᠰᠢᠨᠵᠢᠯᠡᠬᠦ ᠤᠬᠠᠭ᠋ᠠᠨ᠎ᠤ ᠡᠷᠳᠡᠮ ᠰᠢᠨᠵᠢᠯᠡᠭᠡᠨ᠎ᠤ ᠣᠨ᠎ᠤ ᠬᠤᠷᠠᠯ 2001 ᠣᠨ᠎ᠠᠴᠠ ᠡᠬᠢᠯᠡᠵᠦ᠂ ᠨᠢᠭᠡᠨᠲᠡ ᠠᠷᠪᠠᠨ ᠲᠠᠪᠤᠨ ᠬᠤᠭᠤᠴᠠᠭ᠎ᠠ ᠠᠮᠵᠢᠯᠲᠠ᠎ᠲᠠᠢ ᠶᠠᠪᠤᠭᠳᠠᠪᠠ  ᠃ ᠥᠩᠭᠡᠷᠡᠭᠰᠡᠨ ᠬᠤᠭᠤᠴᠠᠭ᠋ᠠᠨ᠎ᠤ ᠣᠨ᠎ᠤ ᠬᠤᠷᠠᠯ᠎ᠤᠨ ᠭᠣᠤᠯ ᠰᠡᠳᠦᠪ᠎ᠨᠢ ᠴᠠᠭ ᠦᠶ᠎ᠡ ᠵᠢᠨ ᠬᠥᠭᠵᠢᠯᠲᠡ ᠵᠢᠨ ᠬᠠᠨᠳᠤᠰᠢ ᠵᠢ ᠴᠢᠩᠭ᠎ᠠ ᠡᠵᠡᠮᠳᠡᠵᠦ᠂ 《ᠳᠡᠭᠡᠳᠦ᠂ ᠨᠠᠷᠢᠯᠢᠭ᠂ ᠪᠣᠳᠠᠲᠠᠶ》᠎ᠪᠠᠷ ᠶᠡᠷᠦᠩᠬᠡᠶ ᠱᠠᠭ᠋ᠠᠷᠳᠠᠯᠭ᠎ᠠ ᠪᠣᠯᠭ᠋ᠠᠵᠤ᠂ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠠᠵᠢᠯᠲᠠᠨ᠂ ᠨᠡᠢ᠌ᠭᠡᠮ ᠨᠡᠢ᠌ᠲᠡ᠂ ᠵᠠᠰᠠᠭ᠎ᠤᠨ ᠣᠷᠳᠣᠨ ᠪᠣᠯᠤᠨ ᠠᠵᠤ ᠠᠬᠤᠢ᠌ᠯᠠᠯ᠎ᠤᠨ ᠬᠠᠮᠵᠢᠯᠴᠠᠨ ᠰᠢᠨ᠎ᠡ ᠵᠢ ᠡᠭᠦᠳᠬᠦ᠎ᠳᠤ ᠦᠢᠯᠡᠴᠢᠯᠡᠭᠡᠨ᠎ᠤ ᠲᠠᠪᠴᠠᠩ ᠪᠠᠢ᠌ᠭᠤᠯᠵᠤ᠂ ᠪᠥᠬᠥ ᠣᠷᠣᠨ᠎ᠤ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠠᠵᠢᠯᠲᠠᠨ᠎ᠤ ᠣᠶᠤᠨ᠎ᠤ ᠡᠬᠢ ᠪᠠᠶᠠᠯᠢᠭ᠎ᠢ ᠨᠢᠭᠲᠠᠷᠠᠭᠤᠯᠵᠤ᠂ ᠳᠡᠭᠡᠳᠦ ᠲᠠᠰ᠎ᠤᠨ ᠲᠥᠷᠥᠯ ᠲᠡᠮᠳᠡᠭ᠎ᠤᠨ ᠡᠷᠳᠡᠮ ᠰᠢᠨᠵᠢᠯᠡᠭᠡᠨ᠎ᠤ ᠬᠥᠲᠥᠯᠥᠨ ᠳᠠᠭ᠋ᠠᠭᠤᠯᠬᠤ ᠦᠢᠯᠡᠳᠦᠯ᠎ᠢ ᠪᠠᠳᠠᠷᠠᠭᠤᠯᠵᠤ᠂ 《ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠰᠢᠨ᠎ᠡ ᠵᠢ ᠡᠭᠦᠳᠬᠦ ᠳᠤᠮᠳᠠᠳᠤ ᠤᠯᠤᠰ》 ᠪᠣᠯᠤᠨ 《ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ ᠵᠶ᠋ᠡᠷ ᠥᠪᠥᠷ ᠮᠣᠩᠭᠣᠯ ᠵᠶ᠋ᠠᠨ ᠮᠠᠨᠳᠤᠭᠤᠯᠬᠤ》 ᠠᠵᠢᠯᠯᠠᠭ᠎ᠠ᠎ᠳᠤ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠲᠤᠯᠭ᠋ᠠᠭᠤᠷᠢᠯᠠᠯ ᠬᠠᠩᠭ᠋ᠠᠬᠤ᠎ᠪᠠᠷ ᠵᠣᠷᠢᠯᠭ᠎ᠠ᠎ᠪᠠᠨ ᠪᠣᠯᠭ᠋ᠠᠵᠠᠶ  ᠃

ᠢᠷᠡᠯᠲᠡ᠄ ᠠᠰ ᠤᠮᠠᠷᠠᠲᠤ ᠰᠦᠯᠵᠢᠶ᠎ᠡ
          
ᠬᠠᠮᠢᠶ᠎ᠡ ᠪᠦᠬᠦᠢ ᠰᠣᠨᠢᠨ
ᠬᠦᠴᠢᠷ ᠠᠰᠠᠭᠤᠳᠠᠯ᠎ᠢ ᠰᠢᠢᠳᠪᠦᠷᠢᠯᠡᠨ ᠳᠠᠪᠠᠭᠤᠯᠢᠭ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠰᠢᠨ᠎ᠡ ᠡᠭᠦᠳᠦᠯᠲᠡ ᠵᠢ ᠵᠤᠵᠠᠭ᠋ᠠᠳᠬᠠᠵᠤ ᠥᠪᠥᠷ ᠮᠣᠩᠭᠣᠯ᠎ᠤᠨ ᠲᠠᠷᠢᠶᠠᠯᠠᠩ ᠮᠠᠯ ᠠᠵᠤ ᠠᠬᠤᠶ ᠵᠢᠨ ᠴᠢᠨᠠᠷ ᠰᠠᠢ᠌ᠲᠠᠶ ᠬᠥᠭᠵᠢᠯᠲᠡ ᠵᠢ ᠠᠬᠢᠭᠤᠯᠬᠤ ᠬᠡᠷᠡᠭᠲᠡᠶ
ᠥᠪᠥᠷ ᠮᠣᠩᠭᠣᠯ ᠳᠠᠪᠠᠭᠤᠯᠢᠭ ᠣᠨᠴᠠᠯᠢᠭᠲᠤ ᠠᠵᠤ ᠦᠢᠯᠡᠰ᠎ᠤᠨ ᠰᠦᠷᠦᠭᠵᠢᠯ᠎ᠤᠨ ᠪᠥᠲᠥᠭᠡᠨ ᠪᠠᠢ᠌ᠭᠤᠯᠤᠯᠲᠠ ᠵᠢ ᠦᠷᠭᠦᠯᠵᠢᠯᠡᠨ ᠠᠬᠢᠭᠤᠯᠵᠤ ᠪᠣᠶ
ᠥᠪᠥᠷ ᠮᠣᠩᠭᠣᠯ ᠳᠠᠪᠠᠭᠤᠯᠢᠭ ᠣᠨᠴᠠᠯᠢᠭᠲᠤ ᠠᠵᠤ ᠦᠢᠯᠡᠰ᠎ᠤᠨ ᠰᠦᠷᠦᠭᠵᠢᠯ᠎ᠤᠨ ᠪᠥᠲᠥᠭᠡᠨ ᠪᠠᠢ᠌ᠭᠤᠯᠤᠯᠲᠠ ᠵᠢ ᠦᠷᠭᠦᠯᠵᠢᠯᠡᠨ ᠠᠬᠢᠭᠤᠯᠵᠤ ᠪᠣᠶ
ᠨᠠᠮ᠎ᠠᠴᠠ ᠴᠢᠳᠠᠪᠤᠷᠢᠲᠠᠨ᠎ᠢ ᠬᠠᠮᠢᠶᠠᠷᠬᠤ᠎ᠨᠢ ᠬᠥᠮᠦᠨ᠎ᠤ ᠴᠢᠳᠠᠪᠤᠷᠢ ᠵᠢ ᠭᠦᠢ᠍ᠴᠡᠳ ᠪᠠᠳᠠᠷᠠᠭᠤᠯᠤᠨ᠎ᠠ
ᠴᠢᠳᠠᠪᠤᠷᠢᠲᠠᠨ᠎ᠢ ᠪᠥᠬᠥ ᠲᠠᠯ᠎ᠠ᠎ᠪᠠᠷ ᠬᠥᠮᠦᠵᠢᠭᠦᠯᠵᠦ᠂ ᠣᠷᠣᠭᠤᠯᠤᠨ ᠠᠪᠴᠢᠷᠠᠵᠤ᠂ ᠰᠠᠢ᠌ᠲᠤᠷ ᠬᠡᠷᠡᠭᠯᠡᠵᠦ ᠪᠠᠢ᠌ᠭ᠋ᠠᠳ ᠳᠡᠯᠡᠬᠡᠶ ᠵᠢᠨ ᠴᠢᠬᠤᠯᠠ ᠴᠢᠳᠠᠪᠤᠷᠢᠲᠠᠨ᠎ᠤ ᠲᠥᠪ ᠪᠠ ᠰᠢᠨ᠎ᠡ ᠵᠢ ᠡᠭᠦᠳᠬᠦ ᠥᠨᠳᠥᠷᠯᠢᠭ ᠭᠠᠵᠠᠷ᠎ᠢ ᠲᠦᠷᠭᠡᠪᠴᠢᠯᠡᠨ ᠪᠠᠢ᠌ᠭᠤᠯᠤᠨ᠎ᠠ (ᠲᠤᠰᠬᠠᠶ ᠰᠡᠳᠦᠪᠲᠦ ᠭᠦᠨ ᠪᠣᠳᠣᠯᠬᠢᠯᠠᠯ)
 
            