ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠤᠳᠤᠷᠢᠳᠤᠯᠭ᠎ᠠ᠎ᠶᠢᠨ ᠲᠠᠨᠢᠯᠴᠠᠭᠤᠯᠭ᠎ᠠ
ᠦᠢᠯᠡᠴᠢᠯᠡᠭᠡ
ᠰᠢᠨᠵᠢᠯᠡᠭᠡ ᠮᠡᠷᠭᠡᠵᠢᠯ
ᠰᠢᠨᠵᠢᠯᠡᠭᠡ ᠮᠡᠷᠭᠡᠵᠢᠯ   -   ᠰᠢᠨᠵᠢᠯᠡᠭᠡ ᠮᠡᠷᠭᠡᠵᠢᠯ᠎ᠤᠨ ᠵᠠᠰᠠᠭ᠎ᠤᠨ ᠳᠠᠭᠤᠨ
ᠥᠪᠥᠷ ᠮᠣᠩᠭᠣᠯ ᠳᠠᠪᠠᠭᠤᠯᠢᠭ ᠣᠨᠴᠠᠯᠢᠭᠲᠤ ᠠᠵᠤ ᠦᠢᠯᠡᠰ᠎ᠤᠨ ᠰᠦᠷᠦᠭᠵᠢᠯ᠎ᠤᠨ ᠪᠥᠲᠥᠭᠡᠨ ᠪᠠᠢ᠌ᠭᠤᠯᠤᠯᠲᠠ ᠵᠢ ᠦᠷᠭᠦᠯᠵᠢᠯᠡᠨ ᠠᠬᠢᠭᠤᠯᠵᠤ ᠪᠣᠶ
ᠨᠡᠶ᠋ᠢᠲᠡᠯᠡᠭᠰᠡᠨ ᠴᠠᠭ᠄ 2021-09-10

      9 ᠰᠠᠷ᠎ᠠ ᠵᠢᠨ 8᠎ᠤ ᠡᠳᠦᠷ᠂ ᠰᠤᠷᠪᠤᠯᠵᠢᠯᠠᠭᠴᠢ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠲᠠᠷᠢᠶᠠᠯᠠᠩ ᠮᠠᠯ ᠠᠵᠤ ᠠᠬᠤᠶ ᠪᠠ ᠬᠥᠳᠡᠭᠡ ᠲᠣᠰᠬᠣᠨ ᠮᠠᠯᠵᠢᠬᠤ ᠣᠷᠣᠨ᠎ᠤ ᠲᠢᠩᠬᠢᠮ᠎ᠠᠴᠠ ᠣᠢ᠌ᠯᠠᠭ᠋ᠠᠭᠰᠠᠨ ᠵᠶ᠋ᠠᠷ᠂ ᠴᠥᠬᠥᠷᠡᠰᠢ ᠥᠬᠡᠶ ᠴᠢᠷᠮᠠᠢ᠌ᠯᠭ᠎ᠠ᠎ᠪᠠᠷ ᠳᠡᠮᠵᠢᠨ᠂ ᠥᠪᠥᠷ ᠮᠣᠩᠭᠣᠯ ᠤᠷᠢᠳ ᠬᠣᠵᠢᠳ ᠲᠠᠯ᠎ᠠ ᠨᠤᠲᠤᠭ᠎ᠤᠨ ᠠᠯᠠᠰᠢᠨ ᠬᠣᠨᠢ᠂ ᠪᠣᠷᠣᠲᠣᠬᠣᠶ ᠵᠢᠨ ᠨᠡᠷᠡᠨ ᠬᠤᠸᠠᠷ᠂ ᠬᠣᠷᠴᠢᠨ᠎ᠤ ᠠᠯᠠᠰᠢᠨ ᠦᠬᠡᠷ᠂ ᠶᠡᠬᠡ ᠬᠢᠩᠭ᠋ᠠᠨ ᠳᠠᠪᠠᠭ᠎ᠠ ᠵᠢᠨ ᠰᠢᠷ᠎ᠠ ᠪᠤᠷᠴᠠᠭ ᠵᠡᠷᠭᠡ ᠤᠯᠤᠰ᠎ᠤᠨ ᠲᠠᠰ᠎ᠤᠨ ᠳᠠᠪᠠᠭᠤᠯᠢᠭ ᠤᠨᠴᠠᠯᠢᠭᠳᠤ 4 ᠠᠵᠤ ᠦᠢᠯᠡᠰ᠎ᠤᠨ ᠰᠦᠷᠦᠭᠵᠢᠯ᠎ᠢ ᠡᠭᠦᠳᠦᠨ ᠪᠠᠢ᠌ᠭᠤᠯᠵᠤ᠂ 23 ᠬᠣᠰᠢᠭᠤ ᠰᠢᠶᠠᠨ ᠲᠣᠭᠣᠷᠢᠭ᠎ᠢ ᠬᠠᠮᠤᠷᠴᠤ᠂ 166 ᠠᠵᠤ ᠠᠬᠤᠢ᠌ᠯᠠᠯ᠂ ᠳᠠᠷᠢᠵᠤ ᠲᠡᠵᠢᠭᠡᠬᠦ ᠲᠣᠮᠣ ᠡᠷᠦᠬᠡ᠂ ᠬᠡᠷ ᠪᠦᠯᠢ ᠵᠢᠨ ᠲᠠᠷᠢᠶᠠᠯᠠᠩ ᠮᠠᠯᠵᠢᠯ᠎ᠤᠨ ᠲᠠᠯᠠᠪᠠᠶ ᠪᠠ ᠨᠡᠢ᠌ᠭᠡᠮᠴᠢᠯᠡᠭᠰᠡᠨ ᠦᠢᠯᠡᠴᠢᠯᠡᠭᠡᠨ᠎ᠤ ᠵᠣᠬᠢᠶᠠᠨ ᠪᠠᠢ᠌ᠭᠤᠯᠤᠯᠲᠠ ᠵᠡᠷᠭᠡ ᠰᠢᠨ᠎ᠡ ᠬᠡᠯᠪᠡᠷᠢ ᠵᠢᠨ ᠡᠵᠡᠩᠨᠡᠯᠲᠡ ᠵᠢᠨ ᠭᠣᠤᠯ ᠴᠣᠭᠴᠠ ᠪᠥᠲᠥᠭᠡᠨ ᠪᠠᠢ᠌ᠭᠤᠯᠤᠯᠲᠠ᠎ᠳᠤ ᠣᠷᠣᠯᠴᠠᠪᠠ  ᠃ ᠵᠠᠭᠤᠨ ᠳ᠋᠊ ᠦᠩᠰᠢᠭᠤᠷ᠎ᠤᠨ ᠲᠠᠰ᠎ᠤᠨ ᠠᠵᠤ ᠦᠢ᠍ᠯᠡᠰ᠎ᠢ ᠲᠠᠰᠤᠷᠠᠯᠲᠠ ᠤᠢ᠍ᠭᠡᠢ ᠪᠤᠵᠠᠭ᠋ᠠᠢ᠌ᠷᠠᠭᠤᠯᠤᠨ ᠬᠦᠴᠦᠷᠬᠡᠭᠵᠢᠭᠦᠯᠵᠦ᠂ ᠪᠦᠬᠦ ᠠᠵᠤ ᠦᠢ᠍ᠯᠡᠰ᠎ᠤᠨ ᠬᠡᠯᠬᠢᠶ᠎ᠡ ᠵᠢᠨ ᠳᠠᠢ᠌ᠴᠢᠯᠠᠬᠤ ᠴᠢᠳᠠᠪᠤᠷᠢ᠂ ᠵᠠᠬ᠎ᠠ ᠳᠡᠯᠭᠡᠭᠦᠷ᠎ᠤᠨ ᠥᠷᠢᠰᠥᠯᠳᠦᠬᠦ ᠬᠦᠴᠦᠨ᠎ᠢ ᠦᠷᠭᠦᠯᠵᠢᠯᠡᠨ ᠨᠡᠮᠡᠭᠳᠡᠭᠦᠯᠵᠦ᠂ ᠠᠯᠠᠰᠢᠨ ᠬᠣᠨᠢ᠂ ᠠᠯᠠᠰᠢᠨ ᠦᠬᠡᠷ᠂ ᠨᠡᠷᠡᠨ ᠬᠤᠸᠠᠷ᠂ ᠰᠢᠷ᠎ᠠ ᠪᠤᠷᠴᠠᠭ᠎ᠤᠨ ᠠᠵᠤ ᠦᠢ᠍ᠯᠡᠰ᠎ᠤᠨ ᠪᠦᠬᠦ ᠠᠵᠤ ᠦᠢ᠍ᠯᠡᠰ᠎ᠤᠨ ᠬᠡᠯᠬᠢᠶ᠎ᠡ ᠵᠢᠨ ᠦᠢ᠍ᠯᠡᠳᠬᠦᠨ᠎ᠤ ᠥᠷᠲᠡᠭ᠎ᠢ ᠲᠤᠰ ᠲᠤᠰ 870 ᠳ᠋᠊ ᠦᠩᠰᠢᠭᠤᠷ ᠲᠥᠭᠥᠷᠢᠭ᠂ 500 ᠳ᠋᠊ ᠦᠩᠰᠢᠭᠤᠷ ᠲᠥᠭᠥᠷᠢᠭ᠂ 175 ᠳ᠋᠊ ᠦᠩᠰᠢᠭᠤᠷ ᠲᠥᠭᠥᠷᠢᠭ ᠪᠠ 160 ᠳ᠋᠊ ᠦᠩᠰᠢᠭᠤᠷ ᠲᠥᠭᠥᠷᠢᠭ᠎ᠲᠤ ᠬᠦᠷᠦᠭᠦᠯᠦᠨ᠎ᠡ  ᠃
      ᠲᠦᠷᠦᠭᠦᠬᠡᠨ ᠬᠤᠷᠠᠯᠳᠤᠭᠰᠠᠨ 《ᠪᠥᠬᠥ ᠣᠷᠣᠨ᠎ᠤ ᠳᠠᠪᠠᠭᠤᠯᠢᠭ ᠤᠨᠴᠠᠯᠢᠬᠳᠤ ᠠᠵᠤ ᠦᠢᠯᠡᠰ᠎ᠤᠨ ᠪᠦᠯᠦᠭᠵᠢᠯ᠎ᠤᠨ ᠪᠥᠲᠥᠭᠡᠨ ᠪᠠᠢ᠌ᠭᠤᠯᠤᠯᠲᠠ ᠵᠢ ᠠᠬᠢᠭᠤᠯᠬᠤ ᠲᠣᠬᠢᠷᠠᠭᠤᠯᠤᠯᠲᠠ ᠵᠢᠨ ᠸᠢᠳᠢᠣ᠋ ᠬᠤᠷᠠᠯ》᠎ᠳᠤ᠂ ᠳᠠᠪᠠᠭᠤᠯᠢᠭ ᠤᠨᠴᠠᠯᠢᠬᠳᠤ ᠠᠵᠤ ᠦᠢᠯᠡᠰ᠎ᠤᠨ ᠪᠦᠯᠦᠭᠵᠢᠯ᠎ᠢ ᠪᠥᠲᠥᠭᠡᠨ ᠪᠠᠢ᠌ᠭᠤᠯᠬᠤ ᠪᠣᠯ ᠲᠠᠷᠢᠶᠠᠯᠠᠩ ᠮᠠᠯ ᠠᠵᠤ ᠠᠬᠤᠶ ᠵᠢᠨ ᠣᠳᠣᠬᠢᠴᠢᠯᠠᠯᠲᠠ ᠵᠢ ᠠᠬᠢᠭᠤᠯᠬᠤ ᠴᠢᠬᠤᠯᠠ ᠬᠥᠳᠡᠯᠭᠡᠭᠦᠷ᠂ ᠰᠢᠨ᠎ᠡ ᠬᠥᠭᠵᠢᠯᠲᠡ ᠵᠢᠨ ᠪᠠᠢ᠌ᠷᠢᠰᠢᠯ᠎ᠢ ᠪᠠᠢ᠌ᠭᠤᠯᠬᠤ ᠴᠢᠬᠤᠯᠠ ᠲᠤᠯᠭ᠋ᠠᠭᠤᠷᠢᠯᠠᠯ᠂ ᠬᠥᠳᠡᠭᠡ ᠲᠣᠰᠬᠣᠨ᠎ᠢ ᠪᠥᠬᠥ ᠲᠠᠯ᠎ᠠ᠎ᠪᠠᠷ ᠬᠥᠭᠵᠢᠭᠦᠯᠦᠨ ᠮᠠᠨᠳᠤᠭᠤᠯᠬᠤ ᠵᠢ ᠠᠬᠢᠭᠤᠯᠬᠤ ᠴᠢᠬᠤᠯᠠ ᠠᠷᠭ᠎ᠠ ᠵᠠᠮ ᠮᠥᠨ  ᠃ ᠡᠯ᠎ᠡ ᠭᠠᠵᠠᠷ᠎ᠤᠨ ᠲᠠᠷᠢᠶᠠᠯᠠᠩ ᠮᠠᠯ ᠠᠵᠤ ᠠᠬᠤᠶ ᠵᠢᠨ ᠰᠠᠯᠠᠭ᠎ᠠ ᠮᠥᠴᠢᠷ᠎ᠤᠳ ᠲᠥᠷᠥᠯ ᠵᠦᠢᠯ᠎ᠢ ᠨᠠᠢ᠌ᠳᠠᠪᠤᠷᠢᠵᠢᠭᠤᠯᠤᠨ ᠪᠣᠳᠠᠲᠠᠢ᠌ᠵᠢᠭᠤᠯᠬᠤ ᠵᠢ ᠲᠦᠷᠭᠡᠳᠬᠡᠨ ᠠᠬᠢᠭᠤᠯᠵᠤ᠂ ᠲᠥᠷᠥᠯ ᠵᠦᠢᠯ᠎ᠢ ᠠᠬᠢᠭᠤᠯᠬᠤ ᠱᠠᠭ᠋ᠠᠷᠳᠠᠯᠭ᠎ᠠ ᠵᠢ ᠣᠨᠣᠪᠴᠢᠲᠠᠶ ᠡᠵᠡᠮᠳᠡᠨ᠂ ᠪᠣᠬᠢᠷᠲᠤᠯ ᠥᠬᠡᠶ᠎ᠪᠠᠷ ᠬᠥᠲᠥᠯᠦᠨ ᠳᠠᠭ᠋ᠠᠭᠤᠯᠬᠤ ᠵᠢ ᠪᠠᠷᠢᠮᠲᠠᠯᠠᠵᠤ᠂ ᠲᠥᠷᠥᠯ ᠵᠦᠢᠯ᠎ᠢ ᠰᠢᠯᠢᠳᠡᠭᠵᠢᠭᠦᠯᠦᠨ ᠪᠣᠢ᠌ᠵᠢᠭᠤᠯᠬᠤ᠂ ᠶᠠᠰᠤ ᠴᠢᠨᠠᠷ᠎ᠢ ᠳᠡᠭᠡᠭᠰᠢᠯᠡᠭᠦᠯᠬᠦ᠂ ᠨᠠᠷᠠᠲᠤ ᠲᠥᠷᠥᠯ ᠲᠡᠮᠳᠡᠭᠲᠦ ᠵᠢ ᠪᠣᠢ᠌ᠵᠢᠭᠤᠯᠬᠤ ᠪᠠ ᠪᠠᠷᠢᠮᠵᠢᠶᠠᠵᠢᠭᠤᠯᠤᠭᠰᠠᠨ ᠦᠢᠯᠡᠳᠪᠦᠷᠢᠯᠡᠯ᠎ᠢ ᠠᠬᠢᠭᠤᠯᠬᠤ᠎ᠳᠤ ᠠᠩᠬᠠᠷᠤᠯ ᠵᠶ᠋ᠠᠨ ᠲᠥᠪᠯᠡᠷᠡᠭᠦᠯᠵᠦ᠂ ᠳᠠᠪᠠᠭᠤᠯᠢᠭ ᠣᠨᠴᠠᠯᠢᠭ ᠵᠶ᠋ᠠᠨ ᠳᠣᠪᠣᠢ᠌ᠯᠭ᠋ᠠᠨ᠂ ᠪᠥᠬᠥ ᠠᠵᠤ ᠦᠢᠯᠡᠰ᠎ᠤᠨ ᠬᠡᠯᠬᠢᠶ᠎ᠡ᠎ᠪᠠᠷ ᠬᠥᠭᠵᠢᠭᠦᠯᠵᠦ᠂ ᠬᠥᠲᠥᠴᠢ ᠠᠵᠤ ᠠᠬᠤᠢ᠌ᠯᠠᠯ᠎ᠢ ᠪᠣᠢ᠌ᠵᠢᠭᠤᠯᠤᠨ᠂ ᠲᠠᠷᠢᠶᠠᠯᠠᠩ ᠪᠠ ᠠᠵᠤ ᠠᠬᠤᠢ᠌ᠯᠠᠯ᠎ᠤᠨ ᠠᠰᠢᠭ ᠲᠤᠰᠠ ᠵᠢ ᠬᠣᠯᠪᠣᠬᠤ ᠬᠡᠷᠡᠭᠲᠡᠶ  ᠃ ᠴᠠᠭ᠎ᠤᠨ ᠬᠦᠰᠦᠨᠦᠭᠲᠦ᠂ ᠵᠠᠮ ᠱᠤᠭᠤᠮ᠎ᠤᠨ ᠵᠢᠷᠤᠭ᠎ᠢ ᠨᠠᠷᠢᠯᠢᠭᠵᠢᠭᠤᠯᠤᠨ᠂ ᠲᠥᠷᠥᠯ ᠵᠦᠢᠯ᠎ᠤᠨ ᠬᠣᠰᠢᠭᠤ ᠰᠢᠶᠠᠨ᠎ᠤ ᠭᠣᠤᠯ ᠴᠣᠭᠴᠠ ᠵᠢᠨ ᠬᠠᠷᠢᠭᠤᠴᠠᠯᠭ᠎ᠠ ᠵᠢ ᠪᠣᠳᠠᠲᠠᠢ᠌ᠵᠢᠭᠤᠯᠵᠤ᠂ ᠬᠠᠮᠢᠶᠠᠷᠤᠯᠲᠠ ᠬᠢᠨᠠᠯᠲᠠ᠎ᠪᠠᠨ ᠴᠢᠩᠭ᠋ᠠᠳᠬᠠᠨ᠂ ᠬᠡᠷᠡᠭᠵᠢᠭᠦᠯᠬᠦ ᠶᠠᠰᠤ ᠴᠢᠨᠠᠷ ᠪᠠ ᠠᠬᠢᠴᠠ ᠵᠢ ᠰᠠᠢ᠌ᠲᠤᠷ ᠠᠳᠬᠤᠵᠤ᠂ ᠲᠥᠷᠥᠯ ᠵᠦᠢᠯ᠎ᠤᠨ ᠪᠠᠯᠠ ᠮᠥᠩᠭᠥ ᠵᠢᠨ ᠬᠠᠮᠤᠭ᠎ᠤᠨ ᠶᠡᠬᠡ ᠦᠷ᠎ᠡ ᠠᠰᠢᠭ᠎ᠢ ᠪᠠᠳᠠᠷᠠᠭᠤᠯᠬᠤ ᠵᠢ ᠪᠠᠲᠤᠯᠠᠵᠤ᠂ ᠠᠵᠤ ᠦᠢᠯᠡᠰ᠎ᠤᠨ ᠪᠦᠯᠦᠭᠵᠢᠯ᠎ᠢ ᠪᠤᠵᠠᠭ᠋ᠠᠢ᠌ᠷᠠᠭᠤᠯᠤᠨ᠎ᠠ  ᠃ ᠡᠭᠦᠨ᠎ᠤ ᠬᠠᠮᠲᠤ᠂ ᠲᠥᠪ᠎ᠤᠨ ᠡᠳ᠎ᠤᠨ ᠵᠠᠰᠠᠭ᠎ᠤᠨ ᠱᠠᠩᠨᠠᠵᠤ ᠲᠤᠰᠠᠯᠠᠬᠤ ᠪᠡᠯᠡ ᠮᠥᠩᠭᠥ ᠵᠢ ᠪᠦᠲᠦᠮᠵᠢᠲᠡᠶ ᠠᠰᠢᠭᠯᠠᠨ ᠮᠥᠩᠭᠥᠨ ᠭᠦᠢ᠍ᠯᠭᠡᠭᠡᠨ ᠪᠣᠯᠤᠨ ᠨᠡᠢ᠌ᠭᠡᠮ᠎ᠤᠨ ᠬᠥᠷᠥᠩᠭᠡ ᠵᠢ ᠬᠥᠲᠥᠯᠥᠨ ᠵᠢᠯᠣᠭᠣᠳᠴᠤ ᠪᠠᠢ᠌ᠭ᠋ᠠᠳ ᠪᠦᠲᠦᠭᠡᠨ ᠪᠠᠢ᠌ᠭᠤᠯᠤᠯᠲᠠ᠎ᠳᠤ ᠣᠷᠣᠭᠤᠯᠬᠤ ᠬᠡᠷᠡᠭᠲᠡᠶ  ᠃ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠲᠠᠷᠢᠶᠠᠯᠠᠩ ᠮᠠᠯ ᠠᠵᠤ ᠠᠬᠤᠶ ᠪᠠ ᠬᠥᠳᠡᠭᠡ ᠲᠣᠰᠬᠣᠨ ᠮᠠᠯᠵᠢᠬᠤ ᠣᠷᠣᠨ᠎ᠤ ᠲᠢᠩᠬᠢᠮ᠎ᠠᠴᠠ ᠴᠠᠭ᠎ᠲᠤᠨᠢ ᠲᠣᠬᠢᠷᠠᠭᠤᠯᠤᠨ ᠭᠤᠷᠪᠠᠳᠠᠬᠢ ᠡᠲᠡᠭᠡᠳ᠎ᠤᠨ ᠪᠠᠢ᠌ᠭᠤᠯᠤᠮᠵᠢ ᠵᠢ ᠵᠣᠬᠢᠶᠠᠨ ᠪᠠᠢ᠌ᠭᠤᠯᠤᠨ ᠠᠮᠵᠢᠯᠲᠠ ᠪᠦᠲᠦᠮᠵᠢ ᠵᠢᠨ ᠦᠨᠡᠯᠡᠨ ᠵᠢᠱ᠌ᠢᠯᠲᠡ ᠬᠢᠵᠦ᠂ ᠲᠥᠷᠥᠯ ᠵᠦᠢᠯ᠎ᠢ ᠨᠠᠢ᠌ᠳᠠᠪᠤᠷᠢᠵᠢᠭᠤᠯᠤᠨ ᠦᠷ᠎ᠡ ᠪᠦᠲᠦᠮᠵᠢ ᠭᠠᠷᠭ᠋ᠠᠬᠤ ᠵᠢ ᠠᠬᠢᠭᠤᠯᠤᠨ᠎ᠠ  ᠃
      ᠬᠤᠷᠠᠯ᠎ᠠᠴᠠ᠂ ᠡᠯ᠎ᠡ ᠭᠠᠵᠠᠷ᠎ᠤᠨ᠎ᠬᠢᠨ ᠲᠠᠷᠢᠶᠠᠯᠠᠩ ᠮᠠᠯ ᠠᠵᠤ ᠠᠬᠤᠶ ᠵᠢᠨ ᠠᠵᠤ ᠦᠢᠯᠡᠰ᠎ᠤᠨ ᠡᠵᠡᠩᠨᠡᠯᠲᠡ ᠵᠢᠨ ᠵᠣᠬᠢᠶᠠᠨ ᠪᠠᠢ᠌ᠭᠤᠯᠤᠯᠲᠠ ᠵᠢᠨ ᠰᠢᠰᠲ᠋ᠧᠮ᠎ᠢ ᠪᠦᠷᠢᠨᠰᠢᠬᠦᠯᠵᠤ᠂ ᠮᠥᠩᠭᠥᠨ ᠭᠦᠢᠯᠭᠡᠭᠡ᠂ ᠭᠠᠵᠠᠷ ᠰᠢᠷᠣᠶ ᠬᠡᠷᠡᠭᠯᠡᠬᠦ᠂ ᠮᠡᠳᠡᠭᠡ ᠵᠠᠩᠭᠢ ᠵᠢᠨ ᠦᠢᠯᠡᠴᠢᠯᠡᠭᠡ ᠵᠡᠷᠭᠡ ᠴᠢᠬᠤᠯᠠ ᠡᠯᠧᠮᠧᠨ᠋ᠲ᠎ᠤᠨ ᠴᠤᠭᠯᠠᠷᠠᠯ᠎ᠢ ᠨᠢᠭᠡᠳᠦᠯᠲᠡᠶ ᠲᠥᠯᠥᠪᠵᠢᠭᠦᠯᠵᠦ᠂ 《ᠵᠠᠰᠠᠭ᠎ᠤᠨ ᠣᠷᠳᠣᠨ ᠵᠶ᠋ᠠᠷ ᠭᠣᠤᠯᠯᠠᠭᠤᠯᠬᠤ + ᠠᠵᠤ ᠠᠬᠤᠢ᠌ᠯᠠᠯ ᠲᠦᠷᠦᠭᠦᠯᠡᠨ ᠬᠠᠷᠢᠭᠤᠴᠠᠬᠤ + ᠬᠣᠷᠰᠢᠶ᠎ᠠ + ᠬᠡᠷ ᠪᠦᠯᠢ ᠵᠢᠨ ᠲᠠᠷᠢᠶᠠᠯᠠᠩ ᠮᠠᠯᠵᠢᠯ᠎ᠤᠨ ᠲᠠᠯᠠᠪᠠᠶ + ᠮᠡᠷᠭᠡᠵᠢᠯ᠎ᠤᠨ ᠲᠤᠯᠭ᠋ᠠᠭᠤᠷᠢᠯᠠᠯ + ᠮᠥᠩᠭᠥᠨ ᠭᠦᠢᠯᠭᠡᠭᠡᠨ ᠵᠶ᠋ᠡᠷ ᠲᠤᠰᠠᠯᠠᠬᠤ + ᠠᠷᠠᠯᠵᠢᠶ᠎ᠠ ᠬᠤᠳᠠᠯᠳᠤᠭ᠎ᠠ ᠪᠠᠷᠠᠭ᠋ᠠᠨ᠎ᠤ ᠭᠦᠢᠯᠭᠡᠭᠡ + ᠮᠠᠯᠵᠢᠬᠤ ᠲᠠᠷᠢᠶᠠᠯᠠᠬᠤ ᠡᠷᠦᠬᠡ》 ᠵᠢᠨ ᠵᠠᠭᠪᠤᠷ᠎ᠲᠤ ᠲᠦᠰᠢᠭᠯᠡᠨ᠂ ᠠᠵᠤ ᠦᠢ᠌ᠯᠡᠰᠵᠢᠭᠰᠡᠨ ᠬᠣᠯᠪᠣᠭ᠋ᠠᠲᠤ ᠴᠣᠭᠴᠠ ᠵᠢ ᠪᠣᠢ᠌ᠵᠢᠭᠤᠯᠵᠤ᠂ ᠮᠠᠯᠵᠢᠬᠤ ᠲᠠᠷᠢᠶᠠᠯᠠᠬᠤ ᠡᠷᠦᠬᠡ ᠵᠢ ᠳᠠᠢ᠌ᠴᠢᠯᠠᠨ ᠠᠵᠤ ᠦᠢᠯᠡᠰ᠎ᠤᠨ ᠰᠦᠷᠦᠭᠵᠢᠯ᠎ᠤᠨ ᠬᠥᠭᠵᠢᠯᠲᠡ᠎ᠳᠤ ᠣᠷᠣᠯᠴᠠᠭᠤᠯᠵᠤ᠂ ᠮᠠᠯᠴᠢᠨ ᠲᠠᠷᠢᠶᠠᠴᠢᠨ᠎ᠳᠤ ᠨᠠᠩ ᠣᠯᠠᠨ ᠠᠵᠤ ᠦᠢᠯᠡᠰ᠎ᠤᠨ ᠬᠥᠭᠵᠢᠯᠲᠡ ᠵᠢᠨ ᠠᠰᠢᠭ᠎ᠢ ᠡᠳ᠋ᠯᠡᠭᠦᠯᠬᠦ ᠬᠡᠷᠡᠭᠲᠡᠶ  ᠃

ᠢᠷᠡᠯᠲᠡ᠄ ᠠᠰ ᠤᠮᠠᠷᠠᠲᠤ ᠵᠢᠨ ᠰᠦᠯᠵᠢᠶ᠎ᠡ
          
ᠬᠠᠮᠢᠶ᠎ᠡ ᠪᠦᠬᠦᠢ ᠰᠣᠨᠢᠨ
ᠥᠪᠥᠷ ᠮᠣᠩᠭᠣᠯ ᠳᠠᠪᠠᠭᠤᠯᠢᠭ ᠣᠨᠴᠠᠯᠢᠭᠲᠤ ᠠᠵᠤ ᠦᠢᠯᠡᠰ᠎ᠤᠨ ᠰᠦᠷᠦᠭᠵᠢᠯ᠎ᠤᠨ ᠪᠥᠲᠥᠭᠡᠨ ᠪᠠᠢ᠌ᠭᠤᠯᠤᠯᠲᠠ ᠵᠢ ᠦᠷᠭᠦᠯᠵᠢᠯᠡᠨ ᠠᠬᠢᠭᠤᠯᠵᠤ ᠪᠣᠶ
ᠨᠠᠮ᠎ᠠᠴᠠ ᠴᠢᠳᠠᠪᠤᠷᠢᠲᠠᠨ᠎ᠢ ᠬᠠᠮᠢᠶᠠᠷᠬᠤ᠎ᠨᠢ ᠬᠥᠮᠦᠨ᠎ᠤ ᠴᠢᠳᠠᠪᠤᠷᠢ ᠵᠢ ᠭᠦᠢ᠍ᠴᠡᠳ ᠪᠠᠳᠠᠷᠠᠭᠤᠯᠤᠨ᠎ᠠ
ᠴᠢᠳᠠᠪᠤᠷᠢᠲᠠᠨ᠎ᠢ ᠪᠥᠬᠥ ᠲᠠᠯ᠎ᠠ᠎ᠪᠠᠷ ᠬᠥᠮᠦᠵᠢᠭᠦᠯᠵᠦ᠂ ᠣᠷᠣᠭᠤᠯᠤᠨ ᠠᠪᠴᠢᠷᠠᠵᠤ᠂ ᠰᠠᠢ᠌ᠲᠤᠷ ᠬᠡᠷᠡᠭᠯᠡᠵᠦ ᠪᠠᠢ᠌ᠭ᠋ᠠᠳ ᠳᠡᠯᠡᠬᠡᠶ ᠵᠢᠨ ᠴᠢᠬᠤᠯᠠ ᠴᠢᠳᠠᠪᠤᠷᠢᠲᠠᠨ᠎ᠤ ᠲᠥᠪ ᠪᠠ ᠰᠢᠨ᠎ᠡ ᠵᠢ ᠡᠭᠦᠳᠬᠦ ᠥᠨᠳᠥᠷᠯᠢᠭ ᠭᠠᠵᠠᠷ᠎ᠢ ᠲᠦᠷᠭᠡᠪᠴᠢᠯᠡᠨ ᠪᠠᠢ᠌ᠭᠤᠯᠤᠨ᠎ᠠ (ᠲᠤᠰᠬᠠᠶ ᠰᠡᠳᠦᠪᠲᠦ ᠭᠦᠨ ᠪᠣᠳᠣᠯᠬᠢᠯᠠᠯ)
ᠸᠠᠩ ᡁᠢ ᠭᠠᠩ᠄ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠦᠷ᠎ᠡ ᠪᠦᠲᠦᠭᠡᠯ᠎ᠢ ᠤᠯᠠᠷᠢᠭᠤᠯᠬᠤ ᠵᠢ ᠠᠬᠢᠭᠤᠯᠵᠤ᠂ ᠴᠢᠨᠠᠷ ᠰᠠᠢ᠌ᠲᠠᠶ ᠬᠥᠭᠵᠢᠯᠲᠡ ᠵᠢ ᠲᠤᠯᠭ᠋ᠠᠭᠤᠷᠢᠯᠠᠬᠤ ᠬᠡᠷᠡᠭᠲᠡᠶ
ᠶᠠᠮᠤᠨ᠎ᠤ ᠰᠠᠢ᠌ᠳ ᠸᠠᠩ ᡁᠢ ᠭᠠᠩ ᠪᠦᠯᠬᠦᠮ ᠳᠠᠭ᠋ᠠᠭᠤᠯᠤᠨ 《93》 ᠡᠷᠳᠡᠮ ᠰᠢᠨᠵᠢᠯᠡᠭᠡᠨ᠎ᠤ ᠨᠡᠢ᠌ᠭᠡᠮᠯᠢᠭ᠎ᠤᠨ ᠲᠥᠪ ᠬᠣᠷᠢᠶ᠎ᠠ᠎ᠳᠤ ᠠᠢ᠌ᠯᠴᠢᠯᠠᠭᠰᠠᠨ ᠪᠥᠭᠡᠳ ᠶᠠᠷᠢᠯᠴᠠᠬᠤ ᠬᠤᠷᠠᠯ ᠬᠤᠷᠠᠯᠳᠤᠭᠤᠯᠪᠠ
 
            