ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠤᠳᠤᠷᠢᠳᠤᠯᠭ᠎ᠠ᠎ᠶᠢᠨ ᠲᠠᠨᠢᠯᠴᠠᠭᠤᠯᠭ᠎ᠠ
ᠦᠢᠯᠡᠴᠢᠯᠡᠭᠡ
ᠰᠢᠨᠵᠢᠯᠡᠭᠡ ᠮᠡᠷᠭᠡᠵᠢᠯ
ᠰᠢᠨᠵᠢᠯᠡᠭᠡ ᠮᠡᠷᠭᠡᠵᠢᠯ   -   ᠰᠢᠨᠵᠢᠯᠡᠭᠡ ᠮᠡᠷᠭᠡᠵᠢᠯ᠎ᠤᠨ ᠵᠠᠰᠠᠭ᠎ᠤᠨ ᠳᠠᠭᠤᠨ
ᠶᠠᠮᠤᠨ᠎ᠤ ᠰᠠᠢ᠌ᠳ ᠸᠠᠩ ᡁᠢ ᠭᠠᠩ ᠪᠦᠯᠬᠦᠮ ᠳᠠᠭ᠋ᠠᠭᠤᠯᠤᠨ 《93》 ᠡᠷᠳᠡᠮ ᠰᠢᠨᠵᠢᠯᠡᠭᠡᠨ᠎ᠤ ᠨᠡᠢ᠌ᠭᠡᠮᠯᠢᠭ᠎ᠤᠨ ᠲᠥᠪ ᠬᠣᠷᠢᠶ᠎ᠠ᠎ᠳᠤ ᠠᠢ᠌ᠯᠴᠢᠯᠠᠭᠰᠠᠨ ᠪᠥᠭᠡᠳ ᠶᠠᠷᠢᠯᠴᠠᠬᠤ ᠬᠤᠷᠠᠯ ᠬᠤᠷᠠᠯᠳᠤᠭᠤᠯᠪᠠ
ᠨᠡᠶ᠋ᠢᠲᠡᠯᠡᠭᠰᠡᠨ ᠴᠠᠭ᠄ 2022-02-09


     1 ᠰᠠᠷ᠎ᠠ ᠵᠢᠨ 29᠎ᠤ ᠡᠳᠦᠷ᠂ ᠰᠢᠨᠵᠢᠯᠡᠬᠦ ᠤᠬᠠᠭ᠋ᠠᠨ ᠮᠡᠷᠭᠡᠵᠢᠯ᠎ᠤᠨ ᠶᠠᠮᠤᠨ᠎ᠤ ᠨᠠᠮ᠎ᠤᠨ ᠤᠳᠤᠷᠢᠳᠬᠤ ᠳᠤᠭᠤᠢ᠌ᠯᠠᠩ᠎ᠤᠨ ᠱᠦᠵᠢ᠂ ᠰᠠᠢ᠌ᠳ ᠸᠠᠩ ᡁᠢ ᠭᠠᠩ ᠪᠦᠯᠬᠦᠮ ᠳᠠᠭ᠋ᠠᠭᠤᠯᠤᠨ 《93》 ᠡᠷᠳᠡᠮ ᠰᠢᠨᠵᠢᠯᠡᠭᠡᠨ᠎ᠤ ᠨᠡᠢ᠌ᠭᠡᠮᠯᠢᠭ᠎ᠤᠨ ᠲᠥᠪ ᠬᠣᠷᠢᠶ᠎ᠠ ᠵᠢ ᠰᠤᠷᠪᠤᠯᠵᠢᠯᠠᠭᠰᠠᠨ ᠪᠥᠭᠡᠳ ᠶᠠᠷᠢᠯᠴᠠᠬᠤ ᠬᠤᠷᠠᠯ ᠬᠤᠷᠠᠯᠳᠤᠭᠤᠯᠵᠤ᠂ ᠰᠢᠨᠵᠢᠯᠡᠬᠦ ᠤᠬᠠᠭ᠋ᠠᠨ ᠮᠡᠷᠭᠡᠵᠢᠯ᠎ᠤᠨ ᠠᠵᠢᠯ᠎ᠤᠨ ᠪᠠᠢ᠌ᠳᠠᠯ᠎ᠢ ᠲᠠᠨᠢᠯᠴᠠᠭᠤᠯᠵᠤ᠂ ᠰᠠᠨᠠᠯ ᠰᠠᠨᠠᠭᠤᠯᠭ᠎ᠠ ᠵᠢ ᠰᠣᠨᠣᠰᠪᠠ  ᠃ ᠪᠦᠬᠦ ᠤᠯᠤᠰ᠎ᠤᠨ ᠠᠷᠠᠳ᠎ᠤᠨ ᠲᠥᠯᠥᠭᠡᠯᠡᠭᠴᠢᠳ᠎ᠤᠨ ᠶᠡᠬᠡ ᠬᠤᠷᠠᠯ᠎ᠤᠨ ᠪᠠᠢ᠌ᠩᠭᠤ ᠵᠢᠨ ᠬᠣᠷᠢᠶᠠᠨ᠎ᠤ ᠳᠡᠳ᠋ ᠳᠠᠷᠤᠭ᠎ᠠ᠂ 《93》᠎ᠤ ᠡᠷᠳᠡᠮ ᠰᠢᠨᠵᠢᠯᠡᠭᠡᠨ᠎ᠤ ᠨᠡᠢ᠌ᠭᠡᠮᠯᠢᠭ᠎ᠤᠨ ᠲᠥᠪ ᠬᠣᠷᠢᠶᠠᠨ᠎ᠤ ᠲᠡᠷᠢᠭᠦᠯᠡᠭᠴᠢ ᠦ ᠸᠧᠢ ᠬᠤᠸᠠ ᠬᠤᠷᠠᠯ᠎ᠳᠤ ᠣᠷᠣᠯᠴᠠᠨ ᠶᠠᠷᠢᠶ᠎ᠠ ᠲᠠᠯᠪᠢᠵᠤ᠂ 《93》᠎ᠤ ᠡᠷᠳᠡᠮ ᠰᠢᠨᠵᠢᠯᠡᠭᠡᠨ᠎ᠤ ᠨᠡᠢ᠌ᠭᠡᠮᠯᠢᠭ᠎ᠤᠨ ᠲᠥᠪ ᠬᠣᠷᠢᠶᠠᠨ᠎ᠤ ᠳᠡᠳ᠋ ᠲᠡᠷᠢᠭᠦᠯᠡᠭᠴᠢ ᠯᠠᠢ ᠮᠢᠩ ᠶᠠᠷᠢᠯᠴᠠᠬᠤ ᠬᠤᠷᠠᠯ᠎ᠢ ᠡᠷᠬᠢᠯᠡᠪᠡ  ᠃ ᠰᠢᠨᠵᠢᠯᠡᠬᠦ ᠤᠬᠠᠭ᠋ᠠᠨ ᠮᠡᠷᠭᠡᠵᠢᠯ᠎ᠤᠨ ᠶᠠᠮᠤᠨ᠎ᠤ ᠨᠠᠮ᠎ᠤᠨ ᠤᠳᠤᠷᠢᠳᠬᠤ ᠳᠤᠭᠤᠢ᠌ᠯᠠᠩ᠎ᠤᠨ ᠪᠦᠷᠢᠯᠳᠦᠬᠦᠨ᠂ ᠳᠡᠳ᠋ ᠰᠠᠢ᠌ᠳ ᠯᠢ ᠮᠸᠩ᠂ ᠨᠠᠮ᠎ᠤᠨ ᠤᠳᠤᠷᠢᠳᠬᠤ ᠳᠤᠭᠤᠢ᠌ᠯᠠᠩ᠎ᠤᠨ ᠪᠦᠷᠢᠯᠳᠦᠬᠦᠨ ᠯᠢᠨ ᠰᠢᠨ᠂ 《93》᠎ᠤ ᠡᠷᠳᠡᠮ ᠰᠢᠨᠵᠢᠯᠡᠭᠡᠨ᠎ᠤ ᠨᠡᠢ᠌ᠭᠡᠮᠯᠢᠭ᠎ᠤᠨ ᠲᠥᠪ ᠬᠣᠷᠢᠶᠠᠨ᠎ᠤ ᠳᠡᠳ᠋ ᠲᠡᠷᠢᠭᠦᠯᠡᠭᠴᠢ ᠯᠢᠦ ᠵᠦᠩ ᠹᠠᠨ ᠨᠠᠷ ᠬᠤᠷᠠᠯ᠎ᠳᠤ ᠣᠷᠣᠯᠴᠠᠪᠠ  ᠃
      ᠶᠠᠮᠤᠨ᠎ᠤ ᠰᠠᠢ᠌ᠳ ᠸᠠᠩ ᡁᠢ ᠭᠠᠩ 《93》᠎ᠤ ᠡᠷᠳᠡᠮ ᠰᠢᠨᠵᠢᠯᠡᠭᠡᠨ᠎ᠤ ᠨᠡᠢ᠌ᠭᠡᠮᠯᠢᠭ᠎ᠤᠨ ᠤᠯᠠᠨ ᠵᠢᠯ᠎ᠤᠨ ᠲᠤᠷᠰᠢ ᠰᠢᠨᠵᠢᠯᠡᠬᠦ ᠤᠬᠠᠭ᠋ᠠᠨ ᠮᠡᠷᠭᠡᠵᠢᠯ᠎ᠤᠨ ᠰᠢᠨ᠎ᠡ ᠵᠢ ᠡᠭᠦᠳᠬᠦ ᠠᠵᠢᠯ ᠪᠣᠯᠤᠨ ᠰᠢᠨᠵᠢᠯᠡᠬᠦ ᠤᠬᠠᠭ᠋ᠠᠨ ᠮᠡᠷᠭᠡᠵᠢᠯ᠎ᠤᠨ ᠶᠠᠮᠤᠨ᠎ᠤ ᠠᠵᠢᠯ᠎ᠳᠤ ᠳᠡᠮᠵᠢᠯᠭᠡ ᠦᠵᠡᠭᠦᠯᠦᠭᠰᠡᠨ᠎ᠳᠤ ᠲᠠᠯᠠᠷᠬᠠᠵᠤ ᠪᠠᠢ᠌ᠬᠤ᠎ᠪᠠᠨ ᠢᠯᠡᠳᠬᠡᠪᠡ  ᠃ ᠲᠡᠷᠡ᠂ ᠰᠢ ᠵᠢᠨ ᠫᠢᠩ ᠨᠥᠬᠥᠷ ᠵᠶ᠋ᠡᠷ ᠭᠣᠤᠯ ᠪᠣᠯᠭ᠋ᠠᠭᠰᠠᠨ ᠨᠠᠮ᠎ᠤᠨ ᠲᠥᠪ ᠬᠣᠷᠢᠶ᠎ᠠ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠰᠢᠨ᠎ᠡ ᠵᠢ ᠡᠭᠦᠳᠬᠦ ᠵᠢ ᠳᠡᠭᠡᠳᠦ ᠬᠡᠮᠵᠢᠶ᠎ᠡ᠎ᠪᠠᠷ ᠴᠢᠬᠤᠯᠠᠴᠢᠯᠠᠵᠤ᠂ ᠨᠠᠮ᠎ᠤᠨ ᠠᠷᠪᠠ ᠶᠢᠰᠦᠳᠦᠭᠡᠷ ᠬᠤᠭᠤᠴᠠᠭ᠋ᠠᠨ᠎ᠤ ᠲᠥᠪ ᠬᠣᠷᠢᠶᠠᠨ᠎ᠤ ᠲᠠᠪᠤᠳᠤᠭ᠋ᠠᠷ ᠪᠥᠬᠥᠳᠡ ᠬᠤᠷᠠᠯ᠎ᠠᠴᠠ ᠮᠠᠨ᠎ᠤ ᠤᠯᠤᠰ᠎ᠤᠨ ᠣᠳᠣᠬᠢᠴᠢᠯᠠᠯᠲᠠ ᠵᠢᠨ ᠪᠥᠲᠥᠭᠡᠨ ᠪᠠᠢ᠌ᠭᠤᠯᠤᠯᠲᠠ ᠵᠢᠨ ᠪᠥᠬᠥ ᠲᠠᠯ᠎ᠠ᠎ᠳᠠᠬᠢ ᠰᠢᠨ᠎ᠡ ᠵᠢ ᠡᠭᠦᠳᠬᠦ ᠵᠢ ᠪᠠᠷᠢᠮᠲᠠᠯᠠᠬᠤ ᠭᠣᠤᠯᠯᠠᠭᠴᠢ ᠵᠢᠨ ᠪᠠᠢ᠌ᠷᠢ ᠰᠠᠭᠤᠷᠢ ᠵᠢ ᠲᠣᠳᠣᠷᠬᠠᠶ ᠳᠤᠷᠠᠳᠴᠤ᠂ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠪᠡᠶ᠎ᠡ᠎ᠪᠠᠨ ᠳᠠᠭ᠋ᠠᠭ᠋ᠠᠵᠤ ᠥᠪᠡᠷ᠎ᠢ᠎ᠪᠠᠨ ᠬᠦᠴᠦᠷᠬᠡᠭᠵᠢᠭᠦᠯᠬᠦ ᠵᠢ ᠤᠯᠤᠰ᠎ᠤᠨ ᠬᠥᠭᠵᠢᠯᠲᠡ ᠵᠢᠨ ᠪᠠᠢ᠌ᠯᠳᠤᠬᠤ ᠪᠣᠳᠣᠯᠭ᠎ᠠ ᠵᠢᠨ ᠲᠤᠯᠭ᠋ᠠᠭᠤᠷᠢᠯᠠᠯ ᠪᠣᠯᠭ᠋ᠠᠪᠠ  ᠃ ᠨᠢᠳᠤᠨᠤᠨ᠂ ᠶᠡᠷᠦᠩᠬᠡᠢ ᠱᠦᠵᠢ ᠰᠢ ᠵᠢᠨ ᠫᠢᠩ ᠳᠤᠮᠳᠠᠳᠤ ᠤᠯᠤᠰ᠎ᠤᠨ ᠡᠪ ᠬᠠᠮᠲᠤ ᠨᠠᠮ ᠪᠠᠢ᠌ᠭᠤᠯᠤᠭᠳᠠᠭᠰᠠᠨ 100 ᠵᠢᠯ᠎ᠤᠨ ᠤᠢ ᠵᠢ ᠪᠡᠯᠭᠡᠯᠡᠬᠦ ᠶᠡᠬᠡ ᠬᠤᠷᠠᠯ᠂ ᠨᠠᠮ᠎ᠤᠨ ᠠᠷᠪᠠ ᠶᠢᠰᠦᠳᠦᠭᠡᠷ ᠬᠤᠭᠤᠴᠠᠭ᠋ᠠᠨ᠎ᠤ ᠲᠥᠪ ᠬᠣᠷᠢᠶᠠᠨ᠎ᠤ ᠵᠢᠷᠭᠤᠳᠤᠭ᠋ᠠᠷ ᠪᠦᠬᠦᠳᠠ ᠬᠤᠷᠠᠯ᠂ ᠲᠥᠪ᠎ᠤᠨ ᠠᠵᠤ ᠠᠬᠤᠢ ᠵᠢᠨ ᠠᠵᠢᠯ᠎ᠤᠨ ᠬᠤᠷᠠᠯ ᠵᠡᠷᠭᠡ ᠴᠢᠬᠤᠯᠠ ᠬᠤᠷᠠᠯ ᠳᠡᠭᠡᠷ᠎ᠡ ᠪᠦᠷ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠪᠡᠶ᠎ᠡ᠎ᠪᠠᠨ ᠳᠠᠭ᠋ᠠᠭ᠋ᠠᠵᠤ ᠬᠦᠴᠦᠷᠬᠡᠭᠵᠢᠬᠦ ᠵᠢ ᠠᠬᠢᠭᠤᠯᠬᠤ ᠲᠤᠬᠠᠢ ᠴᠢᠬᠤᠯᠠ ᠪᠠᠢ᠌ᠷᠢᠯᠠᠭᠤᠯᠤᠯᠲᠠ ᠬᠢᠵᠡᠢ  ᠃ ᠤᠢ᠍ᠢ᠍ᠷ᠎ᠠ ᠵᠢᠨ ᠵᠢᠯ᠎ᠤᠳ᠎ᠲᠤ᠂ ᠮᠠᠨ᠎ᠤ ᠤᠯᠤᠰ᠎ᠤᠨ ᠰᠢᠨᠵᠢᠯᠡᠬᠦ ᠤᠬᠠᠭ᠋ᠠᠨ ᠮᠡᠷᠭᠡᠵᠢᠯ᠎ᠤᠨ ᠦᠢ᠍ᠯᠡᠰ᠎ᠲᠤ ᠲᠡᠦᠬᠡᠲᠦ ᠴᠢᠨᠠᠷᠲᠠᠢ ᠬᠤᠪᠢᠰᠤᠯᠲᠠ ᠭᠠᠷᠴᠤ᠂ ᠲᠡᠦᠬᠡᠲᠦ ᠴᠢᠨᠠᠷᠲᠠᠢ ᠠᠮᠵᠢᠯᠲᠠ ᠪᠦᠲᠦᠮᠵᠢ ᠤᠯᠪᠠ  ᠃ ᠰᠢᠨ᠎ᠡ ᠵᠢ ᠡᠭᠦᠳᠬᠦ᠎ᠪᠠᠷ ᠬᠥᠳᠡᠯᠭᠡᠭᠦᠷ ᠪᠣᠯᠭ᠋ᠠᠬᠤ ᠬᠥᠭᠵᠢᠯᠲᠡ ᠵᠢᠨ ᠪᠠᠢ᠌ᠯᠳᠤᠬᠤ ᠪᠤᠳᠤᠯᠭ᠎ᠠ ᠵᠢ ᠭᠦᠨᠵᠡᠭᠡᠢ ᠬᠡᠷᠡᠭᠵᠢᠭᠦᠯᠵᠦ᠂ ᠤᠯᠤᠰ᠎ᠤᠨ ᠪᠠᠢ᠌ᠯᠳᠤᠬᠤ ᠪᠤᠳᠤᠯᠭ᠎ᠠ ᠵᠢᠨ ᠰᠢᠨᠵᠢᠯᠡᠬᠦ ᠤᠬᠠᠭ᠋ᠠᠨ ᠲᠸᠭᠨᠢᠢ᠍ᠡ ᠮᠡᠷᠭᠡᠵᠢᠯ᠎ᠤᠨ ᠬᠦᠴᠦᠨ ᠲᠦᠷᠭᠡᠨ ᠪᠤᠵᠠᠭ᠋ᠠᠢ᠌ᠷᠠᠵᠤ᠂ ᠰᠢᠨ᠎ᠡ ᠲᠢᠲᠢᠮᠯᠢᠭ ᠠᠭᠤᠰᠬᠢᠨ ᠦᠷᠪᠢᠰᠦᠯ᠎ᠤᠨ ᠬᠢᠵᠢᠭ᠎ᠤᠨ ᠪᠠᠢ᠌ᠳᠠᠯ᠎ᠤᠨ ᠰᠢᠨᠵᠢᠯᠡᠬᠦ ᠤᠬᠠᠭ᠋ᠠᠨ᠎ᠤ ᠰᠤᠳᠤᠯᠭ᠋ᠠᠨ᠎ᠤ ᠪᠣᠭᠣᠮᠲᠠ ᠰᠢᠪᠲᠤᠯᠬᠤ ᠠᠵᠢᠯ ᠦᠷᠭᠦᠯᠵᠢᠯᠡᠨ ᠰᠢᠪᠲᠤᠯᠤᠯᠲᠠ᠎ᠲᠠᠢ ᠪᠤᠯᠵᠥ᠂ ᠵᠠᠩᠭᠢᠯᠠᠭ᠎ᠠ ᠵᠢᠨ ᠭᠣᠣᠯᠯᠠᠬᠤ ᠮᠡᠷᠭᠡᠵᠢᠯ᠎ᠤᠨ ᠪᠣᠭᠣᠮᠲᠠ ᠰᠢᠪᠲᠤᠯᠬᠤ ᠰᠢᠨ᠎ᠡ ᠬᠡᠯᠪᠡᠷᠢ ᠵᠢᠨ ᠤᠯᠤᠰ ᠳᠠᠶᠠᠭ᠋ᠠᠷ᠎ᠤᠨ ᠪᠠᠢ᠌ᠭᠤᠯᠤᠮᠵᠢ ᠳᠠᠰᠤᠷᠠᠯᠳᠠ ᠦᠬᠡᠢ ᠪᠦᠷᠢᠨᠰᠢᠵᠥ᠂ ᠴᠢᠬᠤᠯᠠ ᠰᠢᠨᠵᠢᠯᠡᠬᠦ ᠤᠬᠠᠭ᠋ᠠᠨ ᠲᠸᠭᠨᠢᠢ᠍ᠡ ᠮᠡᠷᠭᠡᠵᠢᠯ᠎ᠤᠨ ᠦᠷ᠎ᠡ ᠪᠦᠲᠦᠭᠡᠯ ᠳᠠᠰᠤᠷᠠᠯᠳᠠ ᠦᠬᠡᠢ ᠴᠣᠯᠭᠣᠷᠠᠨ ᠭᠠᠷᠴᠤ᠂ ᠰᠢᠨᠵᠢᠯᠡᠬᠦ ᠤᠬᠠᠭ᠋ᠠᠨ ᠲᠸᠭᠨᠢᠢ᠍ᠡ ᠮᠡᠷᠭᠡᠵᠢᠯ᠎ᠤᠨ ᠰᠢᠨ᠎ᠡ ᠵᠢ ᠡᠭᠦᠳᠬᠦ ᠵᠢᠨ ᠤᠯᠤᠰ᠎ᠤᠨ ᠬᠥᠭᠵᠢᠯᠲᠡ ᠪᠣᠯᠤᠨ ᠠᠮᠤᠷ ᠲᠦᠪᠰᠢᠨ᠎ᠢ ᠨᠢᠭᠡᠳᠦᠯᠲᠡᠢ ᠲᠥᠯᠥᠪᠵᠢᠭᠦᠯᠬᠦ ᠳᠤᠮᠳᠠᠬᠢ ᠲᠤᠯᠭ᠋ᠠᠭᠤᠷᠢᠯᠠᠨ ᠳᠠᠭ᠋ᠠᠭᠤᠯᠬᠤ ᠦᠢ᠍ᠯᠡᠳᠦᠯ ᠶᠠᠪᠤᠬᠤ ᠳᠤᠳᠤᠮ ᠳᠤᠪᠤᠢ᠍ᠢ᠍ᠮ᠎ᠠ ᠪᠤᠯᠵᠥ ᠪᠠᠢ᠌ᠨ᠎ᠠ  ᠃
      ᠶᠠᠮᠤᠨ᠎ᠤ ᠰᠠᠢ᠌ᠳ ᠸᠠᠩ ᡁᠢ ᠭᠠᠩ ᠴᠢᠬᠤᠯᠠᠴᠢᠯᠠᠭᠰᠠᠨ᠎ᠨᠢ᠂ 《93》 ᠡᠷᠳᠡᠮ ᠰᠢᠨᠵᠢᠯᠡᠭᠡᠨ᠎ᠤ ᠨᠡᠢ᠌ᠭᠡᠮᠯᠢᠭ᠎ᠤᠨ ᠴᠢᠳᠠᠪᠤᠷᠢᠲᠠᠨ ᠬᠤᠷᠠᠨ ᠴᠤᠭᠯᠠᠷᠠᠵᠤ᠂ ᠰᠢᠨᠵᠢᠯᠡᠬᠦ ᠤᠬᠠᠭ᠋ᠠᠨ ᠮᠡᠷᠭᠡᠵᠢᠯ᠎ᠤᠨ ᠰᠢᠨ᠎ᠡ ᠵᠢ ᠡᠭᠦᠳᠬᠦ ᠲᠠᠯ᠎ᠠ᠎ᠪᠠᠷ ᠣᠷᠳᠣ ᠬᠤᠭᠤᠴᠠᠭ᠎ᠠ᠎ᠪᠠᠷ ᠴᠢᠷᠮᠠᠢ᠌ᠨ ᠪᠠᠢ᠌ᠴᠠᠭ᠋ᠠᠨ ᠰᠤᠳᠤᠯᠤᠯᠲᠠ ᠬᠢᠵᠦ᠂ ᠨᠢᠭᠡ ᠪᠦᠯᠦᠭ ᠪᠠᠢ᠌ᠯᠳᠤᠬᠤ ᠪᠣᠳᠣᠯᠭ᠎ᠠ ᠵᠢᠨ ᠴᠢᠨᠠᠷᠲᠠᠶ᠂ ᠢᠷᠡᠭᠡᠳᠦᠢ᠌ᠴᠢ ᠴᠢᠨᠠᠷᠲᠠᠶ᠂ ᠬᠠᠨᠳᠤᠯᠭ᠋ᠠᠲᠤ ᠴᠢᠨᠠᠷᠲᠠᠶ ᠰᠠᠨᠠᠯ ᠰᠠᠨᠠᠭᠤᠯᠭ᠎ᠠ ᠵᠢ ᠳᠤᠷᠠᠳᠴᠤ᠂ ᠮᠠᠨ᠎ᠤ ᠤᠯᠤᠰ᠎ᠤᠨ ᠰᠢᠨᠵᠢᠯᠡᠬᠦ ᠤᠬᠠᠭ᠋ᠠᠨ ᠮᠡᠷᠭᠡᠵᠢᠯ᠎ᠤᠨ ᠦᠢᠯᠡᠰ᠎ᠤᠨ ᠬᠥᠭᠵᠢᠯᠲᠡ᠎ᠳᠤ ᠢᠳᠡᠪᠬᠢᠲᠡᠶ ᠬᠤᠪᠢ ᠨᠡᠮᠡᠷᠢ ᠦᠵᠡᠭᠦᠯᠪᠡ  ᠃ ᠰᠢᠨᠵᠢᠯᠡᠬᠦ ᠤᠬᠠᠭ᠋ᠠᠨ ᠮᠡᠷᠭᠡᠵᠢᠯ᠎ᠤᠨ ᠶᠠᠮᠤᠨ ᠳᠡᠭᠡᠳᠦ ᠬᠡᠮᠵᠢᠶ᠎ᠡ᠎ᠪᠠᠷ ᠴᠢᠬᠤᠯᠠᠴᠢᠯᠠᠵᠤ᠂ ᠬᠣᠯᠪᠣᠭᠳᠠᠯ ᠪᠦᠬᠦᠢ ᠰᠠᠨᠠᠯ ᠳᠤᠷᠠᠳᠤᠯᠭ᠎ᠠ ᠵᠢ ᠰᠢᠢ᠍ᠳᠪᠦᠷᠢᠯᠡᠬᠦ ᠵᠢ ᠠᠵᠢᠯ ᠵᠶ᠋ᠠᠨ ᠠᠬᠢᠭᠤᠯᠬᠤ ᠴᠢᠬᠤᠯᠠ ᠭᠠᠷᠳᠠᠴᠠ ᠪᠣᠯᠭ᠋ᠠᠵᠤ᠂ ᠬᠣᠯᠪᠣᠭᠳᠠᠯ ᠪᠦᠬᠦᠢ ᠰᠠᠨᠠᠯ ᠰᠠᠨᠠᠭᠤᠯᠭ᠎ᠠ ᠵᠢ ᠴᠠᠭ ᠲᠤᠬᠠᠢ᠎ᠳᠤᠨᠢ ᠰᠢᠨᠵᠢᠯᠡᠬᠦ ᠤᠬᠠᠭ᠋ᠠᠨ ᠮᠡᠷᠭᠡᠵᠢᠯ᠎ᠤᠨ ᠰᠢᠨ᠎ᠡ ᠵᠢ ᠡᠭᠦᠳᠬᠦ ᠬᠥᠭᠵᠢᠯᠲᠡ ᠵᠢ ᠠᠬᠢᠭᠤᠯᠬᠤ ᠲᠦᠷᠦ ᠵᠢᠨ ᠪᠤᠳᠤᠯᠭ᠎ᠠ ᠠᠷᠭ᠎ᠠ ᠬᠡᠮᠵᠢᠶ᠎ᠡ ᠪᠠ ᠪᠣᠳᠠᠲᠠᠢ ᠠᠵᠢᠯᠯᠠᠭ᠎ᠠ ᠪᠣᠯᠭ᠋ᠠᠨ ᠬᠤᠪᠢᠷᠠᠭᠤᠯᠵᠤ᠂ ᠮᠠᠨ᠎ᠤ ᠤᠯᠤᠰ᠎ᠤᠨ ᠰᠢᠨᠵᠢᠯᠡᠬᠦ ᠤᠬᠠᠭ᠋ᠠᠨ ᠮᠡᠷᠭᠡᠵᠢᠯ᠎ᠤᠨ ᠰᠢᠨ᠎ᠡ ᠵᠢ ᠡᠭᠦᠳᠬᠦ ᠵᠢᠨ ᠰᠢᠨ᠎ᠡ ᠳᠡᠭᠲᠡᠷ᠎ᠲᠤ ᠭᠠᠷᠬᠤ ᠵᠢ ᠠᠬᠢᠭᠤᠯᠪᠠ  ᠃
      ᠲᠡᠷᠢᠭᠦᠯᠡᠭᠴᠢ ᠦ ᠸᠧᠢ ᠬᠤᠸᠠ ᠰᠢᠨᠵᠢᠯᠡᠬᠦ ᠤᠬᠠᠭ᠋ᠠᠨ ᠮᠡᠷᠭᠡᠵᠢᠯ᠎ᠤᠨ ᠶᠠᠮᠤᠨ᠎ᠤ ᠤᠷᠳᠤ ᠬᠤᠭᠤᠴᠠᠭ᠋ᠠᠨ᠎ᠤ ᠲᠤᠷᠰᠢ 《93》᠎ᠤ ᠡᠷᠳᠡᠮ ᠰᠢᠨᠵᠢᠯᠡᠭᠡᠨ᠎ᠤ ᠨᠡᠢ᠌ᠭᠡᠮᠯᠢᠭ᠎ᠤᠨ ᠠᠵᠢᠯ᠎ᠢ ᠳᠡᠮᠵᠢᠭᠰᠡᠨ᠎ᠳᠤ ᠲᠠᠯᠠᠷᠬᠠᠵᠤ ᠪᠠᠢ᠌ᠬᠤ᠎ᠪᠠᠨ ᠢᠯᠡᠳᠬᠡᠪᠡ  ᠃ ᠲᠡᠷᠡ᠂ ᠰᠢ ᠵᠢᠨ ᠫᠢᠩ ᠨᠥᠬᠥᠷ ᠵᠶ᠋ᠡᠷ ᠭᠣᠣᠯ ᠪᠣᠯᠭ᠋ᠠᠭᠰᠠᠨ ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠲᠥᠪ ᠬᠣᠷᠢᠢ᠎ᠠ ᠢᠮᠠᠭᠲᠠ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠰᠢᠨ᠎ᠡ ᠵᠢ ᠡᠭᠦᠳᠬᠦ ᠵᠢ ᠤᠯᠤᠰ᠎ᠤᠨ ᠬᠥᠭᠵᠢᠯᠲᠡ ᠵᠢᠨ ᠪᠦᠬᠦ ᠲᠠᠯ᠎ᠠ ᠵᠢᠨ ᠭᠣᠣᠯ ᠪᠠᠢ᠌ᠷᠢᠨ᠎ᠳᠤ ᠲᠠᠯᠪᠢᠭᠰᠠᠭ᠋ᠠᠷ ᠢᠷᠡᠵᠠᠢ  ᠃ 《ᠠᠷᠪᠠᠨ ᠳᠥᠷᠪᠡᠳᠦᠭᠡᠷ ᠲᠠᠪᠤᠨ ᠵᠢᠯ》᠎ᠤᠨ ᠲᠥᠯᠥᠪᠵᠢᠭᠦᠯᠭᠡ ᠵᠢᠨ ᠬᠥᠲᠥᠯᠪᠦᠷᠢ᠎ᠳᠤ᠂ 《ᠰᠢᠨ᠎ᠡ ᠵᠢ ᠡᠭᠦᠳᠬᠦ ᠮᠠᠨ᠎ᠤ ᠤᠯᠤᠰ᠎ᠤᠨ ᠣᠳᠣᠬᠢᠴᠢᠯᠠᠯᠲᠠ ᠵᠢᠨ ᠪᠥᠲᠥᠭᠡᠨ ᠪᠠᠢ᠌ᠭᠤᠯᠤᠯᠲᠠ ᠵᠢᠨ ᠪᠥᠬᠥ ᠲᠠᠯ᠎ᠠ᠎ᠳᠠᠬᠢ ᠭᠣᠤᠯᠯᠠᠬᠤ ᠪᠠᠢ᠌ᠷᠢ ᠰᠠᠭᠤᠷᠢ ᠵᠢ ᠪᠠᠷᠢᠮᠲᠠᠯᠠᠵᠤ᠂ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠪᠡᠶ᠎ᠡ᠎ᠪᠠᠨ ᠳᠠᠭ᠋ᠠᠭ᠋ᠠᠵᠤ ᠬᠦᠴᠦᠷᠬᠡᠭᠵᠢᠬᠦ ᠵᠢ ᠤᠯᠤᠰ᠎ᠤᠨ ᠬᠥᠭᠵᠢᠯᠲᠡ ᠵᠢᠨ ᠪᠠᠢ᠌ᠯᠳᠤᠬᠤ ᠪᠣᠳᠣᠯᠭ᠎ᠠ ᠵᠢᠨ ᠲᠤᠯᠭ᠋ᠠᠭᠤᠷᠢᠯᠠᠯ ᠪᠣᠯᠭ᠋ᠠᠬᠤ ᠬᠡᠷᠡᠭᠲᠡᠶ》 ᠭᠡᠵᠦ ᠵᠢᠭ᠋ᠠᠵᠤ ᠭᠠᠷᠭ᠋ᠠᠪᠠ  ᠃ 《93》᠎ᠤ ᠡᠷᠳᠡᠮ ᠰᠢᠨᠵᠢᠯᠡᠭᠡᠨ᠎ᠤ ᠨᠡᠢ᠌ᠭᠡᠮᠯᠢᠭ᠎ᠨᠢ ᠰᠢᠨᠵᠢᠯᠡᠬᠦ ᠤᠬᠠᠭ᠋ᠠᠨ ᠮᠡᠷᠭᠡᠵᠢᠯ᠎ᠤᠨ ᠡᠲᠡᠭᠡᠳ᠎ᠤᠨ ᠳᠡᠭᠡᠳᠦ ᠳᠤᠮᠳᠠ ᠵᠡᠷᠭᠡ ᠵᠢᠨ ᠰᠡᠬᠡᠭᠡᠲᠡᠨ ᠵᠶ᠋ᠡᠷ ᠭᠣᠣᠯ ᠪᠣᠯᠭ᠋ᠠᠭᠰᠠᠨ ᠠᠷᠠᠳᠴᠢᠯᠠᠭᠰᠠᠨ ᠨᠠᠮ ᠪᠦᠯᠦᠭ ᠪᠣᠯᠤᠭᠰᠠᠨ᠎ᠤ ᠬᠤᠪᠢ᠎ᠳᠤ᠂ ᠰᠢᠨᠵᠢᠯᠡᠬᠦ ᠤᠬᠠᠭ᠋ᠠᠨ ᠮᠡᠷᠭᠡᠵᠢᠯ᠎ᠤᠨ ᠬᠥᠭᠵᠢᠯᠲᠡ ᠪᠠ ᠪᠡᠶ᠎ᠡ᠎ᠪᠠᠨ ᠳᠠᠭ᠋ᠠᠭ᠋ᠠᠵᠤ ᠰᠢᠨ᠎ᠡ ᠵᠢ ᠡᠭᠦᠳᠬᠦ ᠵᠢ ᠲᠦᠷᠦ ᠵᠢᠨ ᠶᠠᠪᠤᠳᠠᠯ᠎ᠳᠤ ᠣᠷᠣᠯᠴᠠᠨ ᠲᠦᠷᠦ ᠵᠢᠨ ᠶᠠᠪᠤᠳᠠᠯ᠎ᠢ ᠵᠥᠪᠯᠡᠬᠦ ᠠᠵᠢᠯ᠎ᠤᠨ ᠭᠣᠣᠯᠳᠠᠯᠭ᠎ᠠ ᠵᠢᠨ ᠳᠣᠲᠣᠷᠠᠬᠢ ᠭᠣᠣᠯᠳᠠᠯᠭ᠎ᠠ ᠪᠣᠯᠭ᠋ᠠᠭᠰᠠᠭ᠋ᠠᠷ ᠢᠷᠡᠵᠠᠢ  ᠃ ᠨᠠᠮ᠎ᠤᠨ ᠠᠷᠪᠠ ᠶᠢᠰᠦᠳᠦᠭᠡᠷ ᠶᠡᠬᠡ ᠬᠤᠷᠠᠯ᠎ᠠᠴᠠ ᠨᠠᠭ᠋ᠠᠰᠢ᠂ ᠤᠷᠢᠳ ᠬᠣᠵᠢᠳ 《ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠮᠠᠶᠢᠭ᠎ᠤᠨ ᠠᠷᠠᠳ᠎ᠤᠨ ᠡᠵᠡᠩᠨᠡᠯᠲᠡ ᠵᠢᠨ ᠠᠵᠤ ᠠᠬᠤᠢ᠌ᠯᠠᠯ᠎ᠤᠨ ᠴᠢᠨᠠᠷ ᠰᠠᠢ᠌ᠲᠠᠶ ᠬᠥᠭᠵᠢᠯᠲᠡ ᠵᠢ ᠠᠬᠢᠭᠤᠯᠬᠤ》᠂ 《ᠰᠢᠨ᠎ᠡ ᠵᠢ ᠡᠭᠦᠳᠬᠦ ᠴᠢᠳᠠᠪᠤᠷᠢ ᠵᠢ ᠳᠡᠭᠡᠭᠰᠢᠯᠡᠭᠦᠯᠬᠦ᠂ ᠤᠯᠤᠰ᠎ᠤᠨ ᠮᠡᠷᠭᠡᠵᠢᠯ᠎ᠤᠨ ᠰᠢᠨ᠎ᠡ ᠵᠢ ᠡᠭᠦᠳᠬᠦ ᠰᠢᠰᠲ᠋ᠧᠮ᠎ᠢ ᠬᠦᠴᠦᠷᠬᠡᠭᠵᠢᠭᠦᠯᠬᠦ》᠂ 《ᠤᠯᠤᠰ᠎ᠤᠨ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠰᠢᠨ᠎ᠡ ᠵᠢ ᠡᠭᠦᠳᠬᠦ ᠲᠠᠪᠴᠠᠩ᠎ᠤᠨ ᠪᠠᠢ᠌ᠭᠤᠯᠤᠯᠲᠠ ᠵᠢ ᠠᠬᠢᠭᠤᠯᠬᠤ᠂ ᠮᠠᠨ᠎ᠤ ᠤᠯᠤᠰ᠎ᠤᠨ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠪᠡᠶ᠎ᠡ᠎ᠪᠠᠨ ᠳᠠᠭ᠋ᠠᠭ᠋ᠠᠵᠤ ᠥᠪᠡᠷ᠎ᠢ᠎ᠪᠠᠨ ᠬᠦᠴᠦᠷᠬᠡᠭᠵᠢᠭᠦᠯᠬᠦ ᠵᠢ ᠠᠬᠢᠭᠤᠯᠬᠤ》 ᠵᠡᠷᠭᠡ ᠲᠣᠭᠣᠷᠢᠨ᠎ᠳᠤ ᠠᠯᠢ ᠣᠯᠠᠨ ᠭᠣᠤᠯᠳᠠᠯᠭ᠎ᠠ᠎ᠲᠠᠢ ᠰᠢᠨᠵᠢᠯᠡᠨ ᠪᠠᠢ᠌ᠴᠠᠭ᠋ᠠᠵᠤ ᠪᠠᠢ᠌ᠴᠠᠭ᠋ᠠᠨ ᠰᠤᠳᠤᠯᠤᠯᠲᠠ ᠬᠢᠵᠦ᠂ ᠨᠢᠭᠡ ᠪᠦᠯᠦᠭ ᠴᠢᠨᠠᠷ ᠰᠠᠢ᠌ᠲᠠᠶ ᠰᠠᠨᠠᠯ ᠰᠠᠨᠠᠭᠤᠯᠭ᠎ᠠ ᠳᠤᠷᠠᠳᠤᠭᠰᠠᠨ ᠦᠷ᠎ᠡ ᠪᠦᠲᠦᠭᠡᠯ᠎ᠢ ᠪᠣᠶ ᠪᠣᠯᠭ᠋ᠠᠪᠠ  ᠃ ᠰᠢᠨ᠎ᠡ ᠠᠶᠠᠨ ᠵᠠᠮ ᠰᠢᠨ᠎ᠡ ᠡᠭᠦᠷᠭᠡ ᠵᠢᠨ ᠡᠮᠦᠨ᠎ᠡ᠂ ᠰᠢᠨᠵᠢᠯᠡᠬᠦ ᠤᠬᠠᠭ᠋ᠠᠨ ᠮᠡᠷᠭᠡᠵᠢᠯ᠎ᠤᠨ ᠶᠠᠮᠤᠨ᠎ᠲᠠᠢ ᠨᠡᠪᠲᠡᠷᠡᠯᠴᠡᠭᠡ ᠰᠣᠯᠢᠯᠴᠠᠭ᠎ᠠ᠎ᠪᠠᠨ ᠤᠯᠠᠮ ᠨᠢᠭᠡ ᠠᠯᠬᠤᠮ ᠴᠢᠩᠭ᠋ᠠᠳᠬᠠᠵᠤ᠂ ᠰᠢᠨᠵᠢᠯᠡᠬᠦ ᠤᠬᠠᠭ᠋ᠠᠨ ᠮᠡᠷᠭᠡᠵᠢᠯ᠎ᠤᠨ ᠰᠢᠨ᠎ᠡ ᠵᠢ ᠡᠭᠦᠳᠬᠦ᠎ᠲᠠᠢ ᠤᠶᠠᠯᠳᠤᠭᠤᠯᠤᠨ ᠠᠷᠭ᠎ᠠ ᠤᠬᠠᠭ᠋ᠠᠨ ᠭᠠᠷᠭ᠋ᠠᠨ ᠵᠠᠰᠠᠭ᠎ᠲᠤ ᠲᠤᠰᠠᠯᠠᠵᠤ᠂ ᠬᠠᠮᠲᠤ ᠵᠢᠨ ᠲᠠᠨᠢᠯᠲᠠ᠎ᠪᠠᠨ ᠨᠢᠭᠲᠠᠷᠠᠭᠤᠯᠤᠨ᠂ ᠮᠠᠨ᠎ᠤ ᠤᠯᠤᠰ᠎ᠤᠨ ᠰᠢᠨ᠎ᠡ ᠵᠢ ᠡᠭᠦᠳᠬᠦ ᠬᠡᠯᠪᠡᠷᠢ ᠵᠢᠨ ᠤᠯᠤᠰ ᠪᠠ ᠳᠡᠯᠡᠬᠡᠶ ᠵᠢᠨ ᠰᠢᠨᠵᠢᠯᠡᠬᠦ ᠤᠬᠠᠭ᠋ᠠᠨ ᠮᠡᠷᠭᠡᠵᠢᠯ᠎ᠤᠨ ᠬᠦᠴᠦᠷᠬᠡᠭ ᠤᠯᠤᠰ᠎ᠤᠨ ᠪᠥᠲᠥᠭᠡᠨ ᠪᠠᠢ᠌ᠭᠤᠯᠤᠯᠲᠠ ᠵᠢ ᠬᠠᠮᠲᠤ᠎ᠪᠠᠷ ᠠᠬᠢᠭᠤᠯᠬᠤ ᠵᠢ ᠬᠦᠰᠡᠵᠦ ᠪᠠᠢ᠌ᠨ᠎ᠠ  ᠃
      ᠶᠠᠷᠢᠯᠴᠠᠬᠤ ᠬᠤᠷᠠᠯ ᠳᠡᠭᠡᠷ᠎ᠡ᠂ ᠬᠣᠶᠠᠷ ᠲᠠᠯ᠎ᠠ᠎ᠪᠠᠷ ᠵᠶ᠋ᠠᠨ ᠤᠯᠤᠰ᠎ᠤᠨ ᠰᠢᠨᠵᠢᠯᠡᠬᠦ ᠤᠬᠠᠭ᠋ᠠᠨ ᠲᠸᠭᠨᠢᠢ᠍ᠡ ᠮᠡᠷᠭᠡᠵᠢᠯ᠎ᠤᠨ ᠰᠢᠨ᠎ᠡ ᠵᠢ ᠡᠭᠦᠳᠬᠦ ᠲᠠᠪᠴᠠᠩ᠎ᠤᠨ ᠪᠠᠢ᠌ᠭᠤᠯᠤᠯᠲᠠ᠂ ᠰᠢᠨᠵᠢᠯᠡᠬᠦ ᠤᠬᠠᠭ᠋ᠠᠨ ᠲᠸᠭᠨᠢᠢ᠍ᠡ ᠮᠡᠷᠭᠡᠵᠢᠯ᠎ᠤᠨ ᠴᠢᠳᠠᠪᠤᠷᠢᠲᠠᠨ᠎ᠢ ᠬᠥᠮᠦᠵᠢᠭᠦᠯᠬᠦ᠂ ᠲᠠᠷᠢᠶᠠᠯᠠᠩ᠎ᠤᠨ ᠰᠢᠨᠵᠢᠯᠡᠬᠦ ᠤᠬᠠᠭ᠋ᠠᠨ ᠲᠸᠭᠨᠢᠢ᠍ᠡ ᠮᠡᠷᠭᠡᠵᠢᠯ᠂ ᠲᠠᠯ᠎ᠠ ᠨᠤᠲᠤᠭ᠎ᠤᠨ ᠰᠢᠨᠵᠢᠯᠡᠬᠦ ᠤᠬᠠᠭ᠋ᠠᠨ ᠲᠸᠭᠨᠢᠢ᠍ᠡ ᠮᠡᠷᠭᠡᠵᠢᠯ ᠵᠡᠷᠭᠡ ᠵᠢᠨ ᠲᠣᠭᠣᠷᠢᠨ᠎ᠳᠤ ᠭᠦᠨᠵᠡᠭᠡᠢ ᠰᠤᠳᠤᠯᠤᠨ ᠶᠠᠷᠢᠯᠴᠠᠬᠤ ᠵᠢᠨ ᠬᠠᠮᠲᠤ ᠬᠠᠮᠲᠤ᠎ᠪᠠᠷ ᠠᠩᠬᠠᠷᠴᠤ ᠪᠠᠢ᠌ᠭ᠎ᠠ ᠠᠰᠠᠭᠤᠳᠠᠯ᠎ᠳᠤ ᠠᠩᠬᠠᠷᠤᠯ ᠵᠶ᠋ᠠᠨ ᠲᠥᠪᠯᠡᠷᠡᠭᠦᠯᠦᠨ ᠭᠦᠨᠵᠡᠭᠡᠢ ᠬᠠᠮᠲᠤᠷᠠᠯᠴᠠᠭ᠎ᠠ ᠥᠷᠨᠢᠭᠦᠯᠵᠦ᠂ ᠳᠠᠪᠠᠭᠤᠯᠢᠭ ᠵᠶ᠋ᠠᠨ ᠬᠠᠷᠢᠯᠴᠠᠨ ᠨᠥᠬᠥᠪᠥᠷᠢᠯᠡᠵᠦ᠂ ᠬᠠᠮᠲᠤᠷᠠᠯ ᠬᠦᠴᠦᠨ᠎ᠢ ᠪᠦᠷᠢᠯᠳᠦᠭᠦᠯᠵᠦ᠂ ᠰᠢᠨᠵᠢᠯᠡᠬᠦ ᠤᠬᠠᠭ᠋ᠠᠨ ᠲᠸᠭᠨᠢᠢ᠍ᠡ ᠮᠡᠷᠭᠡᠵᠢᠯ᠎ᠤᠨ ᠰᠢᠨ᠎ᠡ ᠵᠢ ᠡᠭᠦᠳᠬᠦ᠎ᠨᠢ ᠮᠠᠨ᠎ᠤ ᠤᠯᠤᠰ᠎ᠤᠨ ᠣᠳᠣᠬᠢᠴᠢᠯᠠᠯᠲᠠ ᠵᠢᠨ ᠪᠦᠲᠦᠭᠡᠨ ᠪᠠᠢ᠌ᠭᠤᠯᠤᠯᠲᠠ ᠵᠢᠨ ᠪᠦᠬᠦ ᠲᠠᠯ᠎ᠠ᠎ᠳᠤ ᠨᠡᠩ ᠶᠡᠬᠡ ᠦᠢ᠍ᠯᠡᠳᠦᠯ ᠦᠵᠡᠭᠦᠯᠬᠦ ᠵᠢ ᠬᠠᠮᠲᠤ᠎ᠪᠠᠷ ᠠᠬᠢᠭᠤᠯᠵᠤ᠂ ᠪᠣᠳᠠᠲᠤ ᠠᠵᠢᠯᠯᠠᠭ᠎ᠠ᠎ᠪᠠᠷ ᠵᠶ᠋ᠠᠨ ᠨᠠᠮ᠎ᠤᠨ ᠬᠣᠷᠢᠳᠤᠭ᠋ᠠᠷ ᠶᠡᠬᠡ ᠬᠤᠷᠠᠯ᠎ᠤᠨ ᠠᠮᠵᠢᠯᠲᠠ᠎ᠲᠠᠢ ᠬᠤᠷᠠᠯᠳᠤᠬᠤ ᠵᠢ ᠤᠭᠲᠤᠬᠤ᠎ᠪᠠᠷ ᠰᠠᠨᠠᠯ ᠨᠢᠭᠡᠲᠡᠢ ᠲᠣᠭᠲᠠᠵᠠᠢ  ᠃

ᠢᠷᠡᠯᠲᠡ᠄ ᠰᠢᠨᠵᠢᠯᠡᠬᠦ ᠤᠬᠠᠭ᠋ᠠᠨ ᠮᠡᠷᠭᠡᠵᠢᠯ᠎ᠤᠨ ᠶᠠᠮᠤᠨ᠎ᠤ ᠠᠯᠪᠠᠨ ᠲᠢᠩᠬᠢᠮ
          
ᠬᠠᠮᠢᠶ᠎ᠡ ᠪᠦᠬᠦᠢ ᠰᠣᠨᠢᠨ
《ᠰᠢᠨᠵᠢᠯᠡᠬᠦ ᠤᠬᠠᠭ᠋ᠠᠨ ᠮᠡᠷᠭᠡᠵᠢᠯ᠎ᠤᠨ ᠲᠦᠷᠦ ᠵᠢᠨ ᠪᠤᠳᠤᠯᠭ᠎ᠠ ᠵᠢ ᠯᠠᠪᠳᠠᠭᠤᠨ ᠪᠠᠲᠤᠲᠠᠢ ᠨᠠᠶ᠋ᠢᠳᠠᠪᠤᠷᠢᠵᠢᠭᠤᠯᠬᠤ ᠡᠨᠡᠬᠦ ᠠᠵᠢᠯ᠎ᠢ ᠰᠠᠶ᠋ᠢᠲᠤᠷ ᠠᠳᠬᠤᠵᠤ᠂ ᠪᠣᠳᠠᠲᠠᠢ᠎ᠳᠤ ᠨᠠᠶ᠋ᠢᠳᠠᠪᠤᠷᠢᠵᠢᠭᠤᠯᠬᠤ ᠬᠡᠷᠡᠭᠲᠡᠢ》 — ᠰᠢᠨᠵᠢᠯᠡᠬᠦ ᠤᠬᠠᠭ᠋ᠠᠨ ᠮᠡᠷᠭᠡᠵᠢᠯ᠎ᠤᠨ ᠶᠠᠮᠤᠨ᠎ᠤ ᠰᠠᠶ᠋ᠢᠳ ᠸᠠᠩ ᡁᠢ ᠭᠠᠩ ᠰᠢᠨᠵᠢᠯᠡᠬᠦ ᠤᠬᠠᠭ᠋ᠠᠨ ᠮᠡᠷᠭᠡᠵᠢᠯ᠎ᠤᠨ ᠰᠢᠨ᠎ᠡ ᠵᠢ ᠡᠭᠦᠳᠬᠦ ᠬᠠᠯᠠᠮᠰᠢᠯ ᠠᠰᠠᠭᠤᠳᠠᠯ᠎ᠤᠨ ᠲᠤᠬᠠᠢ ᠶᠠᠷᠢᠭᠰᠠᠨ᠎ᠨᠢ
ᠰᠢᠨᠵᠢᠯᠡᠬᠦ ᠤᠬᠠᠭ᠋ᠠᠨ ᠮᠡᠷᠭᠡᠵᠢᠯ᠎ᠤᠨ ᠶᠠᠮᠤᠨ᠂ ᠤᠯᠤᠰ᠎ᠤᠨ ᠬᠥᠭᠵᠢᠭᠦᠯᠦᠯᠲᠡ ᠥᠭᠡᠷᠡᠴᠢᠯᠡᠯᠲᠡ ᠵᠢᠨ ᠵᠥᠪᠯᠡᠯ ᠨᠡᠭᠦᠷᠡᠰᠦᠲᠥ᠋ᠷᠥᠭᠴᠢ ᠭᠠᠷᠬᠤ ᠤᠷᠬᠢᠯ ᠨᠡᠭᠦᠷᠡᠰᠦᠲᠥ᠋ᠷᠥᠭᠴᠢ ᠭᠠᠷᠬᠤ ᠳᠤᠮᠳᠠ ᠪᠠ ᠰᠢᠨᠵᠢᠯᠡᠬᠦ ᠤᠬᠠᠭ᠋ᠠᠨ ᠮᠡᠷᠭᠡᠵᠢᠯ᠎ᠤᠨ ᠰᠢᠨ᠎ᠡ ᠵᠢ ᠡᠭᠦᠳᠬᠦ ᠶᠠᠮᠤᠨ᠎ᠤ ᠬᠣᠭᠣᠷᠣᠨᠳᠣᠬᠢ ᠵᠣᠬᠢᠴᠠᠭᠤᠯᠬᠤ ᠲᠣᠭᠲᠠᠴᠠ ᠵᠢᠨ ᠠᠩᠬᠠᠳᠤᠭ᠋ᠠᠷ ᠤᠳᠠᠭ᠎ᠠ ᠵᠢᠨ ᠬᠤᠷᠠᠯ ᠬᠤᠷᠠᠯᠳᠤᠭᠤᠯᠪᠠ
ᠥᠨᠳᠥᠷ ᠲᠦᠪᠰᠢᠨ ᠪᠦᠬᠦᠢ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠪᠡᠶ᠎ᠡ᠎ᠪᠠᠨ ᠳᠠᠭ᠋ᠠᠭ᠋ᠠᠵᠤ ᠥᠪᠡᠷ᠎ᠢ᠎ᠪᠠᠨ ᠬᠦᠴᠦᠷᠬᠡᠭᠵᠢᠭᠦᠯᠬᠦ᠎ᠪᠠᠷ ᠴᠢᠨᠠᠷ ᠰᠠᠢ᠌ᠲᠠᠢ ᠬᠥᠭᠵᠢᠯᠲᠡ ᠵᠢ ᠲᠤᠯᠭ᠋ᠠᠭᠤᠷᠢᠯᠠᠬᠤ ᠬᠡᠷᠡᠭᠲᠡᠢ
 
            