ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠤᠳᠤᠷᠢᠳᠤᠯᠭ᠎ᠠ᠎ᠶᠢᠨ ᠲᠠᠨᠢᠯᠴᠠᠭᠤᠯᠭ᠎ᠠ
ᠦᠢᠯᠡᠴᠢᠯᠡᠭᠡ
ᠰᠢᠨᠵᠢᠯᠡᠭᠡ ᠮᠡᠷᠭᠡᠵᠢᠯ
ᠰᠢᠨᠵᠢᠯᠡᠭᠡ ᠮᠡᠷᠭᠡᠵᠢᠯ   -   ᠰᠢᠨᠵᠢᠯᠡᠭᠡ ᠮᠡᠷᠭᠡᠵᠢᠯ᠎ᠤᠨ ᠵᠠᠰᠠᠭ᠎ᠤᠨ ᠳᠠᠭᠤᠨ
ᠥᠨᠳᠥᠷ ᠲᠦᠪᠰᠢᠨ ᠪᠦᠬᠦᠢ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠪᠡᠶ᠎ᠡ᠎ᠪᠠᠨ ᠳᠠᠭ᠋ᠠᠭ᠋ᠠᠵᠤ ᠥᠪᠡᠷ᠎ᠢ᠎ᠪᠠᠨ ᠬᠦᠴᠦᠷᠬᠡᠭᠵᠢᠭᠦᠯᠬᠦ᠎ᠪᠠᠷ ᠴᠢᠨᠠᠷ ᠰᠠᠢ᠌ᠲᠠᠢ ᠬᠥᠭᠵᠢᠯᠲᠡ ᠵᠢ ᠲᠤᠯᠭ᠋ᠠᠭᠤᠷᠢᠯᠠᠬᠤ ᠬᠡᠷᠡᠭᠲᠡᠢ
ᠨᠡᠶ᠋ᠢᠲᠡᠯᠡᠭᠰᠡᠨ ᠴᠠᠭ᠄ 2023-01-05

 

   《  ᠰᠢᠨᠵᠢᠯᠡᠬᠦ ᠤᠬᠠᠭ᠋ᠠᠨ ᠮᠡᠷᠭᠡᠵᠢᠯ᠎ᠤᠨ ᠲᠦᠷᠦ ᠵᠢᠨ ᠪᠤᠳᠤᠯᠭ᠎ᠠ᠎ᠨᠢ ᠪᠡᠶ᠎ᠡ᠎ᠪᠠᠨ ᠳᠠᠭ᠋ᠠᠭ᠋ᠠᠵᠤ ᠥᠪᠡᠷ᠎ᠢ᠎ᠪᠠᠨ ᠬᠦᠴᠦᠷᠬᠡᠭᠵᠢᠭᠦᠯᠬᠦ᠎ᠳᠤ ᠠᠩᠬᠠᠷᠤᠯ ᠵᠶ᠋ᠠᠨ ᠲᠥᠪᠯᠡᠷᠡᠭᠦᠯᠬᠦ》᠎ᠠᠴᠠ 《ᠰᠤᠷᠭ᠋ᠠᠨ ᠬᠥᠮᠦᠵᠢᠯ᠂ ᠰᠢᠨᠵᠢᠯᠡᠬᠦ ᠤᠬᠠᠭ᠋ᠠᠨ ᠮᠡᠷᠭᠡᠵᠢᠯ᠂ ᠴᠢᠳᠠᠪᠤᠷᠢᠲᠠᠨ᠎ᠢ ᠣᠷᠭ᠋ᠠᠨᠢᠭ ᠵᠶ᠋ᠠᠷ ᠨᠢᠭᠡᠳᠦᠯᠲᠡᠢ ᠲᠥᠯᠥᠪᠵᠢᠭᠦᠯᠦᠨ ᠠᠬᠢᠭᠤᠯᠬᠤ》 ᠬᠦᠷᠲᠡᠯ᠎ᠡ  ᠂᠂᠂᠂᠂᠂
      ᠴᠢᠳᠠᠪᠤᠷᠢᠲᠠᠨ᠎ᠢ ᠬᠥᠮᠦᠵᠢᠭᠦᠯᠬᠦ ᠪᠠ ᠣᠷᠣᠭᠤᠯᠤᠨ ᠠᠪᠴᠢᠷᠠᠬᠤ᠎ᠠᠴᠠ ᠰᠢᠨᠵᠢᠯᠡᠬᠦ ᠤᠬᠠᠭ᠋ᠠᠨ ᠮᠡᠷᠭᠡᠵᠢᠯ᠎ᠤᠨ ᠬᠠᠮᠢᠶᠠᠷᠤᠯᠲᠠ ᠵᠢᠨ ᠪᠠᠢ᠌ᠭᠤᠯᠤᠮᠵᠢ ᠵᠢᠨ ᠥᠭᠡᠷᠡᠴᠢᠯᠡᠯᠲᠡ ᠵᠢ ᠭᠦᠨᠵᠡᠭᠡᠢ᠌ᠷᠡᠭᠦᠯᠬᠦ ᠬᠦᠷᠲᠡᠯ᠎ᠡ᠂ ᠳᠠᠬᠢᠭ᠋ᠠᠳ ᠪᠦᠬᠦ ᠨᠡᠢ᠌ᠭᠡᠮ᠎ᠤᠨ ᠰᠢᠨ᠎ᠡ ᠵᠢ ᠡᠭᠦᠳᠬᠦ ᠡᠭᠦᠳᠦᠨ ᠪᠦᠲᠦᠭᠡᠬᠦ ᠳᠠᠯᠳᠠ ᠬᠦᠴᠦᠨ᠎ᠢ ᠪᠠᠳᠠᠷᠠᠭᠤᠯᠬᠤ ᠬᠦᠷᠲᠡᠯ᠎ᠡ  ᠃ᠲᠥᠪ᠎ᠤᠨ ᠠᠵᠤ ᠠᠬᠤᠢ ᠵᠢᠨ ᠠᠵᠢᠯ᠎ᠤᠨ ᠬᠤᠷᠠᠯ᠎ᠤᠨ ᠵᠣᠷᠢᠭ ᠰᠠᠨᠠᠭ᠎ᠠ ᠵᠢ ᠨᠠᠢ᠌ᠳᠠᠪᠤᠷᠢᠵᠢᠭᠤᠯᠬᠤ ᠵᠢᠨ ᠲᠣᠭᠣᠷᠢᠨ᠎ᠳᠤ᠂ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠡᠲᠡᠭᠡᠳ ᠬᠡᠷᠬᠢᠨ ᠰᠡᠳᠬᠢᠯ ᠨᠢᠭᠡᠳᠦᠨ ᠬᠦᠴᠦ᠎ᠪᠠᠨ ᠬᠠᠮᠲᠤᠳᠬᠠᠵᠤ᠂ ᠢᠲᠡᠭᠡᠯ ᠵᠣᠷᠢᠭ ᠵᠶ᠋ᠠᠨ ᠪᠠᠲᠤᠳᠬᠠᠵᠤ ᠴᠢᠨᠠᠷ ᠰᠠᠢ᠌ᠲᠠᠢ ᠬᠥᠭᠵᠢᠯᠲᠡ ᠵᠢ ᠠᠬᠢᠭᠤᠯᠬᠤ᠂ ᠥᠨᠳᠥᠷ ᠲᠦᠪᠰᠢᠨ᠎ᠲᠠᠢ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠪᠡᠶ᠎ᠡ᠎ᠪᠠᠨ ᠳᠠᠭ᠋ᠠᠭ᠋ᠠᠵᠤ ᠬᠦᠴᠦᠷᠬᠡᠭᠵᠢᠬᠦ ᠵᠢ ᠪᠡᠶᠡᠯᠡᠭᠦᠯᠬᠦ᠎ᠳᠤ ᠬᠦᠴᠦᠨ ᠴᠢᠳᠠᠯ ᠵᠶ᠋ᠠᠨ ᠡᠷᠭᠦᠬᠦ ᠪᠤᠢ? ᠣᠳᠣᠬᠠᠨ᠎ᠤ ᠰᠢᠨ᠎ᠡ ᠪᠠᠢ᠌ᠳᠠᠯ᠂ ᠰᠢᠨ᠎ᠡ ᠡᠭᠦᠷᠭᠡ᠂ ᠰᠢᠨ᠎ᠡ ᠥᠷᠢᠰᠥᠯᠳᠦᠭᠡᠨ᠎ᠳᠤ ᠲᠤᠯᠭ᠋ᠠᠷᠠᠵᠤ ᠪᠠᠢ᠌ᠭ᠎ᠠ ᠪᠣᠯᠬᠣᠷ ᠰᠢᠨᠵᠢᠯᠡᠬᠦ ᠤᠬᠠᠭ᠋ᠠᠨ ᠮᠡᠷᠭᠡᠵᠢᠯ᠎ᠤᠨ ᠶᠠᠮᠤᠨ 2023 ᠣᠨ᠎ᠤ ᠭᠣᠤᠯᠳᠠᠯᠭ᠎ᠠ᠎ᠲᠠᠢ ᠠᠵᠢᠯ᠎ᠢ ᠬᠡᠷᠬᠢᠨ ᠪᠠᠢ᠌ᠷᠢᠯᠠᠭᠤᠯᠬᠤ ᠪᠣᠶ? ᠰᠢᠨᠵᠢᠯᠡᠬᠦ ᠤᠬᠠᠭ᠋ᠠᠨ ᠮᠡᠷᠭᠡᠵᠢᠯ᠎ᠤᠨ ᠶᠠᠮᠤᠨ᠎ᠤ ᠨᠠᠮ᠎ᠤᠨ ᠤᠳᠤᠷᠢᠳᠬᠤ ᠳᠤᠭᠤᠢ᠌ᠯᠠᠩ᠎ᠤᠨ ᠱᠦᠵᠢ᠂ ᠰᠠᠢ᠌ᠳ ᠸᠠᠩ ᡁᠢ ᠭᠠᠩ ᠲᠦᠷᠦᠭᠦᠬᠡᠨ ᠰᠢᠨᠵᠢᠯᠡᠬᠦ ᠤᠬᠠᠭ᠋ᠠᠨ ᠮᠡᠷᠭᠡᠵᠢᠯ᠎ᠤᠨ ᠡᠳᠦᠷ᠎ᠤᠨ ᠰᠣᠨᠢᠨ᠎ᠤ ᠰᠤᠷᠪᠤᠯᠵᠢᠯᠠᠭᠴᠢ ᠵᠢᠨ ᠲᠤᠰᠬᠠᠶ ᠰᠤᠷᠪᠤᠯᠵᠢᠯᠠᠭ᠎ᠠ ᠵᠢ ᠬᠦᠯᠢᠶᠡᠪᠡ  ᠃
      ᠵᠠᠩᠭᠢᠯᠠᠭ᠎ᠠ ᠵᠢᠨ ᠭᠣᠣᠯᠯᠠᠬᠤ ᠮᠡᠷᠭᠡᠵᠢᠯ᠎ᠤᠨ ᠪᠡᠷᠬᠡ ᠰᠡᠳᠦᠪ᠎ᠢ ᠰᠢᠢ᠍ᠳᠪᠦᠷᠢᠯᠡᠬᠦ ᠳᠤᠮᠳᠠᠬᠢ ᠵᠠᠰᠠᠭ᠎ᠤᠨ ᠣᠷᠳᠣᠨ᠎ᠤ ᠵᠣᠬᠢᠶᠠᠨ ᠪᠠᠢ᠌ᠭᠤᠯᠬᠤ ᠦᠢ᠍ᠯᠡᠳᠦᠯ᠎ᠢ ᠬᠡᠷᠬᠢᠨ ᠰᠠᠢ᠌ᠲᠤᠷ ᠪᠠᠳᠠᠷᠠᠭᠤᠯᠬᠤ ᠲᠤᠬᠠᠢ ᠶᠠᠷᠢᠬᠤ᠎ᠳᠠᠭᠠᠨ᠂ ᠲᠡᠷᠡ᠂ ᠵᠠᠰᠠᠭ᠎ᠤᠨ ᠣᠷᠳᠣᠨ ᠪᠣᠯ ᠴᠢᠬᠤᠯᠠ ᠶᠡᠬᠡ ᠵᠠᠩᠭᠢᠯᠠᠭ᠎ᠠ ᠵᠢᠨ ᠭᠣᠣᠯᠯᠠᠬᠤ ᠮᠡᠷᠭᠡᠵᠢᠯ᠎ᠤᠨ ᠠᠰᠠᠭᠤᠳᠠᠯ᠎ᠢ ᠰᠢᠢ᠍ᠳᠪᠦᠷᠢᠯᠡᠬᠦ ᠪᠡᠶᠡᠴᠢ ᠴᠣᠭᠴᠠ ᠪᠢᠰᠢ᠂ ᠵᠠᠰᠠᠭ᠎ᠤᠨ ᠣᠷᠳᠣᠨ᠎ᠤ ᠬᠢᠬᠦ ᠠᠵᠢᠯ ᠪᠣᠯ ᠶᠡᠬᠡ ᠰᠤᠷᠭ᠋ᠠᠭᠤᠯᠢ᠂ ᠰᠢᠨᠵᠢᠯᠡᠬᠦ ᠤᠬᠠᠭ᠋ᠠᠨ᠎ᠤ ᠰᠤᠳᠤᠯᠭ᠋ᠠᠨ᠎ᠤ ᠬᠦᠷᠢᠶᠡᠯᠡᠩ ᠭᠠᠵᠠᠷ᠂ ᠠᠵᠤ ᠠᠬᠤᠢ᠌ᠯᠠᠯ ᠵᠡᠷᠭᠡ ᠰᠢᠨᠵᠢᠯᠡᠬᠦ ᠤᠬᠠᠭ᠋ᠠᠨ ᠮᠡᠷᠭᠡᠵᠢᠯ᠎ᠤᠨ ᠰᠢᠨ᠎ᠡ ᠵᠢ ᠡᠭᠦᠳᠬᠦ ᠪᠡᠶᠡᠴᠢ ᠴᠣᠭᠴᠠ᠎ᠳᠤ ᠨᠥᠬᠥᠴᠡᠯ ᠪᠠ ᠣᠷᠴᠢᠨ ᠨᠥᠬᠥᠴᠡᠯ ᠬᠠᠩᠭ᠋ᠠᠵᠤ᠂ ᠠᠰᠠᠭᠤᠳᠠᠯ ᠳᠤᠷᠠᠳᠬᠤ ᠶᠠᠪᠤᠳᠠᠯ ᠪᠣᠯᠤᠨ᠎ᠠ  ᠃
    ᠰᠢᠨᠵᠢᠯᠡᠬᠦ ᠤᠬᠠᠭ᠋ᠠᠨ ᠮᠡᠷᠭᠡᠵᠢᠯ᠎ᠤᠨ ᠬᠠᠮᠢᠶᠠᠷᠤᠯᠲᠠ ᠵᠢᠨ ᠪᠠᠢ᠌ᠭᠤᠯᠤᠯ᠎ᠤᠨ ᠥᠭᠡᠷᠡᠴᠢᠯᠡᠯᠲᠡ ᠵᠢ ᠬᠡᠷᠬᠢᠨ ᠭᠦᠨᠵᠡᠭᠡᠢ᠌ᠷᠡᠭᠦᠯᠬᠦ ᠲᠤᠬᠠᠶ ᠶᠠᠷᠢᠬᠤ᠎ᠳᠠᠭᠠᠨ ᠲᠡᠷᠡ᠂ ᠥᠨᠳᠥᠷ ᠬᠢᠷᠢ ᠲᠦᠪᠰᠢᠨ ᠪᠥᠬᠥᠶ ᠰᠢᠨᠵᠢᠯᠡᠬᠦ ᠤᠬᠠᠭ᠋ᠠᠨ ᠮᠡᠷᠭᠡᠵᠢᠯ᠎ᠤᠨ ᠪᠡᠶ᠎ᠡ᠎ᠪᠠᠨ ᠳᠠᠭ᠋ᠠᠭ᠋ᠠᠵᠤ ᠬᠦᠴᠦᠷᠬᠡᠭᠵᠢᠬᠦ ᠵᠢ ᠲᠦᠷᠭᠡᠪᠴᠢᠯᠡᠨ ᠪᠡᠶᠡᠯᠡᠭᠦᠯᠬᠦ᠎ᠳᠤ ᠠᠩᠬᠠᠷᠤᠯ ᠵᠶ᠋ᠠᠨ ᠲᠥᠪᠯᠡᠷᠡᠭᠦᠯᠵᠦ᠂ ᠰᠢᠨᠵᠢᠯᠡᠬᠦ ᠤᠬᠠᠭ᠋ᠠᠨ ᠮᠡᠷᠭᠡᠵᠢᠯ᠎ᠤᠨ ᠪᠠᠢ᠌ᠭᠤᠯᠤᠯ᠎ᠤᠨ ᠥᠭᠡᠷᠡᠴᠢᠯᠡᠯᠲᠡ ᠵᠢᠨ ᠭᠤᠷᠪᠠᠨ ᠵᠢᠯ᠎ᠤᠨ ᠪᠡᠷᠬᠡ ᠰᠡᠳᠦᠪ᠎ᠢ ᠰᠢᠢᠳᠪᠦᠷᠢᠯᠡᠬᠦ ᠲᠥᠰᠦᠯ᠎ᠤᠨ ᠪᠠᠢ᠌ᠷᠢᠯᠠᠭᠤᠯᠤᠯᠲᠠ ᠵᠢ ᠨᠠᠢ᠌ᠳᠠᠪᠤᠷᠢᠵᠢᠭᠤᠯᠵᠤ᠂ ᠪᠥᠬᠥ ᠲᠠᠯ᠎ᠠ᠎ᠪᠠᠷ ᠰᠢᠨ᠎ᠡ ᠵᠢ ᠡᠭᠦᠳᠬᠦ ᠵᠢ ᠳᠡᠮᠵᠢᠬᠦ ᠰᠠᠭᠤᠷᠢ ᠲᠦᠷᠢᠮ᠎ᠢ ᠲᠦᠷᠭᠡᠪᠴᠢᠯᠡᠨ ᠪᠣᠶ ᠪᠣᠯᠭ᠋ᠠᠨ᠎ᠠ  ᠃
      ᠲᠥᠪ᠎ᠤᠨ ᠠᠵᠤ ᠠᠬᠤᠶ ᠵᠢᠨ ᠠᠵᠢᠯ᠎ᠤᠨ ᠬᠤᠷᠠᠯᠳᠤᠭ᠋ᠠᠨ᠎ᠠᠴᠠ ᠴᠢᠬᠤᠯᠠᠴᠢᠯᠠᠭᠰᠠᠨ᠎ᠨᠢ᠂ ᠰᠢᠨᠵᠢᠯᠡᠬᠦ ᠤᠬᠠᠭ᠋ᠠᠨ ᠮᠡᠷᠭᠡᠵᠢᠯ᠎ᠤᠨ ᠲᠥᠷᠥ ᠵᠢᠨ ᠪᠣᠳᠣᠯᠭ᠎ᠠ᠎ᠨᠢ ᠪᠡᠶ᠎ᠡ᠎ᠪᠠᠨ ᠳᠠᠭ᠋ᠠᠭ᠋ᠠᠵᠤ ᠬᠦᠴᠦᠷᠬᠡᠭᠵᠢᠬᠦ ᠳᠡᠭᠡᠷ᠎ᠡ ᠠᠩᠬᠠᠷᠤᠯ ᠵᠶ᠋ᠠᠨ ᠲᠥᠪᠯᠡᠷᠡᠭᠦᠯᠬᠦ ᠬᠡᠷᠡᠭᠲᠡᠶ  ᠃ ᠬᠠᠯᠠᠮᠰᠢᠯ ᠠᠰᠠᠭᠤᠳᠠᠯ᠎ᠳᠤ ᠰᠢᠭᠤᠳ ᠬᠠᠨᠳᠤᠵᠤ᠂ ᠸᠠᠩ ᡁᠢ ᠭᠠᠩ ᠨᠢᠭᠡᠳ ᠨᠢᠭᠡ᠎ᠪᠠᠷ ᠬᠠᠷᠢᠭᠤ ᠥᠭᠪᠡ  ᠃
      ᠰᠤᠷᠪᠤᠯᠵᠢᠯᠠᠭᠴᠢ᠄ ᠲᠥᠪ᠎ᠤᠨ ᠠᠵᠤ ᠠᠬᠤᠶ ᠵᠢᠨ ᠠᠵᠢᠯ᠎ᠤᠨ ᠬᠤᠷᠠᠯ᠎ᠤᠨ ᠵᠣᠷᠢᠭ ᠰᠠᠨᠠᠭ᠎ᠠ ᠵᠢ ᠪᠥᠬᠥ ᠲᠠᠯ᠎ᠠ᠎ᠪᠠᠷ ᠨᠠᠢ᠌ᠳᠠᠪᠤᠷᠢᠵᠢᠭᠤᠯᠬᠤ ᠵᠢᠨ ᠲᠣᠭᠣᠷᠢᠨ᠎ᠳᠤ᠂ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠶᠠᠮᠤᠨ᠎ᠤ ᠪᠦᠬᠦᠯᠢ ᠴᠣᠭᠴᠠ ᠵᠢᠨ ᠠᠵᠢᠯ᠎ᠤᠨ ᠰᠡᠳᠬᠢᠮᠵᠢ᠎ᠨᠢ ᠶᠠᠭᠤ ᠪᠣᠶ 2023 ᠣᠨ᠎ᠳᠤ ᠶᠠᠮᠠᠷ ᠶᠠᠮᠠᠷ ᠭᠣᠤᠯᠳᠠᠯᠭ᠎ᠠ᠎ᠲᠠᠢ ᠠᠵᠢᠯ ᠪᠠᠢ᠌ᠬᠤ ᠪᠣᠶ?
      ᠸᠠᠩ ᡁᠢ ᠭᠠᠩ᠄ 2023 ᠣᠨ ᠪᠣᠯ ᠨᠠᠮ᠎ᠤᠨ ᠬᠣᠷᠢᠳᠤᠭ᠋ᠠᠷ ᠶᠡᠬᠡ ᠬᠤᠷᠠᠯ᠎ᠤᠨ ᠵᠣᠷᠢᠭ ᠰᠠᠨᠠᠭ᠎ᠠ ᠵᠢ ᠲᠤᠭᠤᠰᠢᠯᠠᠭᠤᠯᠤᠨ ᠨᠠᠢ᠌ᠳᠠᠪᠤᠷᠢᠵᠢᠭᠤᠯᠬᠤ ᠡᠬᠢᠯᠡᠯᠲᠡ ᠵᠢᠨ ᠵᠢᠯ ᠪᠣᠯᠤᠨ᠎ᠠ  ᠃ ᠲᠥᠪ᠎ᠤᠨ ᠠᠵᠤ ᠠᠬᠤᠢ ᠵᠢᠨ ᠠᠵᠢᠯ᠎ᠤᠨ ᠬᠤᠷᠠᠯ᠎ᠤᠨ ᠵᠣᠷᠢᠭ ᠰᠠᠨᠠᠭ᠎ᠠ ᠢᠯᠠᠩᠭᠤᠶ᠎ᠠ ᠶᠡᠷᠦᠩᠬᠡᠢ ᠱᠦᠵᠢ ᠰᠢ ᠵᠢᠨ ᠫᠢᠩ᠎ᠤᠨ ᠴᠢᠬᠤᠯᠠ ᠶᠠᠷᠢᠶᠠᠨ᠎ᠤ ᠵᠣᠷᠢᠭ ᠰᠠᠨᠠᠭ᠎ᠠ ᠵᠢ ᠨᠠᠢ᠌ᠳᠠᠪᠤᠷᠢᠵᠢᠭᠤᠯᠬᠤ᠎ᠳᠤ᠂ ᠨᠠᠮ᠎ᠤᠨ ᠬᠣᠷᠢᠳᠤᠭ᠋ᠠᠷ ᠶᠡᠬᠡ ᠬᠤᠷᠠᠯ᠎ᠤᠨ ᠪᠠᠢ᠌ᠷᠢᠯᠠᠭᠤᠯᠤᠯᠲᠠ ᠵᠢ ᠨᠠᠢ᠌ᠳᠠᠪᠤᠷᠢᠵᠢᠭᠤᠯᠬᠤ᠎ᠯᠤᠭ᠎ᠠ ᠣᠷᠭ᠋ᠠᠨᠢᠭ ᠵᠶ᠋ᠠᠷ ᠤᠶᠠᠯᠳᠤᠭᠤᠯᠵᠤ᠂ ᠠᠭᠤᠰᠤᠯᠴᠠᠭᠤᠯᠬᠤ ᠬᠡᠷᠡᠭᠲᠡᠢ᠂ ᠢᠯᠠᠩᠭᠤᠶ᠎ᠠ ᠠᠵᠤ ᠠᠬᠤᠢ ᠵᠢᠨ ᠠᠵᠢᠯ᠎ᠤᠨ ᠡᠨᠡ ᠬᠦ᠌ ᠬᠠᠷᠠᠭ᠋ᠠᠰᠤ᠎ᠠᠴᠠ ᠨᠠᠮ᠎ᠤᠨ ᠬᠣᠷᠢᠳᠤᠭ᠋ᠠᠷ ᠶᠡᠬᠡ ᠬᠤᠷᠠᠯ᠎ᠠᠴᠠ ᠲᠣᠭᠲᠠᠭ᠋ᠠᠭᠰᠠᠨ ᠬᠠᠷᠠᠯᠲᠠ ᠡᠭᠦᠷᠭᠡ᠎ᠲᠠᠢ ᠰᠠᠢ᠌ᠲᠤᠷ ᠵᠣᠯᠭ᠋ᠠᠭᠤᠯᠬᠤ ᠬᠡᠷᠡᠭᠲᠡᠢ  ᠃ ᠡᠨᠡ ᠤᠳᠠᠭ᠎ᠠ ᠵᠢᠨ ᠲᠥᠪ᠎ᠤᠨ ᠠᠵᠤ ᠠᠬᠤᠶ ᠵᠢᠨ ᠠᠵᠢᠯ᠎ᠤᠨ ᠬᠤᠷᠠᠯ᠎ᠠᠴᠠ ᠴᠢᠨᠠᠷ ᠰᠠᠢ᠌ᠲᠠᠶ ᠬᠥᠭᠵᠢᠯᠲᠡ ᠵᠢᠨ ᠴᠢᠬᠤᠯᠠ ᠴᠢᠨᠠᠷ ᠪᠣᠯᠤᠨ ᠲᠤᠯᠭ᠋ᠠᠮ ᠴᠢᠨᠠᠷ᠎ᠢ ᠨᠠᠩ ᠴᠢᠬᠤᠯᠠᠴᠢᠯᠠᠵᠤ᠂ ᠴᠢᠨᠠᠷ ᠰᠠᠢ᠌ᠲᠠᠶ ᠬᠥᠭᠵᠢᠯᠲᠡ ᠵᠢ ᠪᠡᠶᠡᠯᠡᠭᠦᠯᠬᠦ᠎ᠳᠤ ᠡᠷᠬᠡᠪᠰᠢ ᠥᠨᠳᠥᠷ ᠲᠦᠪᠰᠢᠨ ᠪᠥᠬᠥᠶ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠪᠡᠶ᠎ᠡ᠎ᠪᠠᠨ ᠳᠠᠭ᠋ᠠᠭ᠋ᠠᠵᠤ ᠬᠦᠴᠦᠷᠬᠡᠭᠵᠢᠬᠦ᠎ᠳᠤ ᠲᠦᠰᠢᠭᠯᠡᠬᠦ ᠴᠢᠩᠭ᠎ᠠ ᠬᠦᠴᠦᠲᠡᠶ ᠲᠤᠯᠭ᠋ᠠᠭᠤᠷᠢᠯᠠᠯ ᠪᠣᠯᠤᠨ ᠳᠠᠭ᠋ᠠᠭᠤᠯᠭ᠎ᠠ ᠵᠢ ᠨᠠᠩ ᠳᠣᠪᠣᠢ᠌ᠯᠭ᠋ᠠᠪᠠ  ᠃ ᠰᠢᠨᠵᠢᠯᠡᠬᠦ ᠤᠬᠠᠭ᠋ᠠᠨ ᠮᠡᠷᠭᠡᠵᠢᠯ᠎ᠤᠨ ᠰᠢᠨ᠎ᠡ ᠵᠢ ᠡᠭᠦᠳᠬᠦ ᠠᠵᠢᠯ᠎ᠨᠢ ᠡᠨᠡ ᠬᠦ᠌ ᠶᠡᠬᠡ ᠲᠠᠯ᠎ᠠ ᠵᠢᠨ ᠳᠤᠮᠳᠠ ᠴᠢᠭᠯᠡᠯ ᠵᠶ᠋ᠡᠨ ᠣᠨᠣᠪᠴᠢᠲᠠᠢ ᠣᠯᠵᠤ᠂ ᠪᠠᠢ᠌ᠷᠢ ᠲᠣᠭᠲᠠᠭ᠋ᠠᠯᠲᠠ ᠪᠠ ᠭᠣᠣᠯᠳᠠᠯᠭ᠎ᠠ᠎ᠪᠠᠨ ᠣᠨᠣᠪᠴᠢᠲᠠᠢ ᠣᠯᠵᠤ᠂ ᠴᠢᠳᠠᠪᠤᠷᠢᠲᠠᠨ ᠬᠦᠴᠦᠷᠬᠡᠭ᠂ ᠰᠢᠨᠵᠢᠯᠡᠬᠦ ᠤᠬᠠᠭ᠋ᠠᠨ ᠮᠡᠷᠭᠡᠵᠢᠯ᠎ᠤᠨ ᠬᠦᠴᠦᠷᠬᠡᠭ ᠲᠤᠯᠭ᠋ᠠᠭᠤᠷᠢ᠎ᠪᠠᠷ ᠠᠵᠤ ᠠᠬᠤᠢ ᠬᠦᠴᠦᠷᠬᠡᠭ᠂ ᠤᠯᠤᠰ ᠣᠷᠣᠨ ᠬᠦᠴᠦᠷᠬᠡᠭ ᠪᠣᠯᠬᠤ ᠵᠢ ᠬᠦᠳᠦᠯᠦᠨ ᠳᠠᠭ᠋ᠠᠭᠤᠯᠵᠤ᠂ ᠰᠢᠨᠵᠢᠯᠡᠬᠦ ᠤᠬᠠᠭ᠋ᠠᠨ ᠮᠡᠷᠭᠡᠵᠢᠯ᠎ᠤᠨ ᠰᠢᠨ᠎ᠡ ᠵᠢ ᠡᠭᠦᠳᠬᠦ ᠵᠢᠨ ᠮᠠᠨ᠎ᠤ ᠤᠯᠤᠰ᠎ᠤᠨ ᠣᠳᠣᠬᠢᠴᠢᠯᠠᠬᠤ ᠪᠦᠲᠦᠭᠡᠨ ᠪᠠᠢ᠌ᠭᠤᠯᠤᠯᠲᠠ᠎ᠳᠠᠬᠢ ᠭᠣᠣᠯᠯᠠᠬᠤ ᠵᠠᠩᠭᠢᠯᠠᠭ᠎ᠠ ᠵᠢᠨ ᠦᠢ᠍ᠯᠡᠳᠦᠯ᠎ᠢ ᠦᠨᠡᠨ ᠬᠦ᠌ ᠰᠠᠢ᠌ᠲᠤᠷ ᠪᠠᠳᠠᠷᠠᠭᠤᠯᠬᠤ ᠬᠡᠷᠡᠭᠲᠡᠢ  ᠃
      ᠨᠢᠭᠡ᠎ᠳᠤ ᠰᠢᠨ᠎ᠡ ᠵᠢ ᠡᠭᠦᠳᠬᠦ ᠢᠲᠡᠭᠡᠯ ᠵᠶ᠋ᠡᠨ ᠨᠡᠩ ᠪᠠᠲᠤᠳᠬᠠᠬᠤ ᠬᠡᠷᠡᠭᠲᠡᠢ  ᠃ ᠨᠠᠮ᠎ᠤᠨ ᠠᠷᠪᠠᠨ ᠨᠠᠢ᠍ᠮᠠᠳᠤᠭ᠋ᠠᠷ ᠶᠡᠬᠡ ᠬᠤᠷᠠᠯ᠎ᠠᠴᠠ ᠨᠠᠭ᠋ᠠᠰᠢᠬᠢ ᠡᠨᠡ ᠠᠷᠪᠠᠨ ᠵᠢᠯ᠎ᠳᠤ᠂ ᠳᠤᠮᠳᠠᠳᠤ ᠤᠯᠤᠰ᠎ᠤᠨ ᠰᠢᠨᠵᠢᠯᠡᠬᠦ ᠤᠬᠠᠭ᠋ᠠᠨ ᠮᠡᠷᠭᠡᠵᠢᠯ᠎ᠤᠨ ᠰᠢᠨ᠎ᠡ ᠡᠭᠦᠳᠦᠯᠲᠡ ᠳᠡᠯᠡᠬᠡᠢ ᠳ᠋ᠠᠬᠢᠨ᠎ᠤ ᠠᠩᠬᠠᠷᠤᠯ᠎ᠢ ᠲᠠᠲᠠᠭᠰᠠᠨ ᠶᠡᠷᠦ ᠪᠤᠰᠤ ᠵᠢᠨ ᠠᠮᠵᠢᠯᠲᠠ ᠪᠦᠲᠦᠮᠵᠢ ᠣᠯᠵᠤ᠂ ᠰᠢᠨᠵᠢᠯᠡᠬᠦ ᠤᠬᠠᠭ᠋ᠠᠨ ᠮᠡᠷᠭᠡᠵᠢᠯ᠎ᠤᠨ ᠪᠡᠶ᠎ᠡ᠎ᠪᠠᠨ ᠳᠠᠭ᠋ᠠᠭ᠋ᠠᠵᠤ ᠬᠦᠴᠦᠷᠬᠡᠭᠵᠢᠭᠰᠡᠨ ᠶᠠᠪᠤᠳᠠᠯ ᠴᠢᠬᠤᠯᠠ ᠶᠡᠬᠡ ᠠᠬᠢᠯᠲᠠ᠎ᠲᠠᠢ ᠪᠤᠯᠵᠤ᠂ ᠮᠠᠨ᠎ᠤ ᠤᠯᠤᠰ ᠰᠢᠨ᠎ᠡ ᠵᠢ ᠡᠭᠦᠳᠬᠦ ᠬᠡᠯᠪᠡᠷᠢ ᠵᠢᠨ ᠤᠯᠤᠰ᠎ᠤᠨ ᠡᠩᠨᠡᠭᠡᠨ᠎ᠳᠤ ᠠᠮᠵᠢᠯᠲᠠ᠎ᠲᠠᠢ᠎ᠪᠠᠷ ᠣᠷᠣᠵᠤ᠂ ᠰᠢᠨᠵᠢᠯᠡᠬᠦ ᠤᠬᠠᠭ᠋ᠠᠨ ᠮᠡᠷᠭᠡᠵᠢᠯ᠎ᠤᠨ ᠰᠢᠨ᠎ᠡ ᠡᠭᠦᠳᠦᠯᠲᠡ ᠵᠢᠨ ᠬᠥᠭᠵᠢᠯᠲᠡ᠎ᠳᠤ ᠪᠠᠲᠤ ᠪᠡᠬᠢ ᠰᠠᠭᠤᠷᠢ ᠵᠢ ᠲᠠᠯᠪᠢᠵᠤ ᠥᠭᠭᠦᠭᠰᠡᠨ ᠪᠠᠢ᠌ᠨ᠎ᠠ  ᠃ ᠨᠠᠮ᠎ᠤᠨ ᠤᠳᠤᠷᠢᠳᠤᠯᠭ᠎ᠠ᠂ ᠳᠤᠮᠳᠠᠳᠤ ᠤᠯᠤᠰ᠎ᠤᠨ ᠣᠨᠴᠠᠯᠢᠭ᠎ᠲᠠᠢ ᠨᠡᠢ᠌ᠭᠡᠮ ᠵᠢᠷᠤᠮ᠎ᠤᠨ ᠪᠠᠢ᠌ᠭᠤᠯᠤᠯ᠎ᠤᠨ ᠳᠠᠪᠠᠭᠤᠯᠢᠭ ᠪᠣᠯ ᠢᠲᠡᠭᠡᠯ᠎ᠤᠨ ᠬᠠᠮᠤᠭ᠎ᠤᠨ ᠶᠡᠬᠡ ᠢᠳᠡ ᠬᠦᠴᠦᠨ ᠮᠥᠨ  ᠃ ᠪᠦᠬᠦ ᠤᠯᠤᠰ᠎ᠤᠨ ᠥᠷᠭᠡᠨ ᠤᠯᠠᠨ ᠰᠢᠨᠵᠢᠯᠡᠬᠦ ᠤᠬᠠᠭ᠋ᠠᠨ ᠮᠡᠷᠭᠡᠵᠢᠯ᠎ᠤᠨ ᠠᠵᠢᠯᠳᠠᠨ᠎ᠤ ᠠᠮᠢ ᠴᠦᠯᠡᠨ ᠵᠢᠳᠬᠦᠬᠦ ᠪᠠ ᠰᠡᠴᠡᠨ ᠰᠡᠷᠭᠦᠯᠡᠩ ᠠᠪᠢᠶᠠᠰ ᠴᠢᠳᠠᠪᠤᠷᠢ᠂ ᠪᠦᠬᠦ ᠤᠯᠤᠰ᠎ᠤᠨ ᠠᠷᠠᠳ ᠲᠦᠮᠡᠨ᠎ᠤ ᠢᠳᠡᠪᠬᠢᠲᠡᠢ ᠣᠷᠣᠯᠴᠠᠬᠤ᠂ ᠣᠢ᠌ᠯᠠᠭ᠋ᠠᠬᠤ᠂ ᠳᠡᠮᠵᠢᠬᠦ ᠪᠣᠯ ᠬᠠᠮᠤᠭ᠎ᠤᠨ ᠶᠡᠬᠡ ᠬᠥᠳᠡᠯᠭᠡᠭᠴᠢ ᠬᠦᠴᠦᠨ ᠮᠥᠨ  ᠃ ᠥᠭᠡᠷᠡᠴᠢᠯᠡᠯᠲᠡ ᠨᠡᠭᠡᠭᠡᠯᠳᠡ ᠪᠠ ᠰᠢᠨᠵᠢᠯᠡᠬᠦ ᠤᠬᠠᠭ᠋ᠠᠨ ᠮᠡᠷᠭᠡᠵᠢᠯ᠎ᠤᠨ ᠰᠢᠨ᠎ᠡ ᠵᠢ ᠡᠭᠦᠳᠬᠦ ᠵᠢ ᠳᠡᠮᠵᠢᠬᠦ ᠰᠠᠢ᠍ᠢ᠍ᠨ ᠲᠦᠷᠦ ᠵᠢᠨ ᠪᠤᠳᠤᠯᠭ᠎ᠠ ᠪᠣᠯ ᠬᠠᠮᠤᠭ᠎ᠤᠨ ᠬᠦᠴᠦᠲᠡᠢ ᠪᠠᠲᠤᠯᠠᠭ᠎ᠠ ᠮᠥᠨ  ᠃
      ᠬᠣᠶᠠᠷ᠎ᠲᠤ ᠰᠢᠰᠲ᠋ᠧᠮ᠎ᠤᠨ ᠦᠵᠡᠯᠲᠡ ᠵᠢ ᠪᠠᠷᠢᠮᠲᠠᠯᠠᠬᠤ ᠬᠡᠷᠡᠭᠲᠡᠢ  ᠃ ᠬᠠᠷᠠᠯᠲᠠ ᠴᠢᠭᠯᠡᠯ᠎ᠤᠨ ᠲᠠᠯ᠎ᠠ᠎ᠪᠠᠷ 《ᠳᠦᠷᠪᠡ᠎ᠳᠤ ᠬᠠᠨᠳᠤᠭᠤᠯᠬᠤ》 ᠵᠢ ᠬᠠᠮᠲᠤ᠎ᠳᠤᠨᠢ ᠪᠠᠢ᠌ᠷᠢᠯᠠᠭᠤᠯᠵᠤ᠂ ᠤᠯᠤᠰ᠎ᠤᠨ ᠰᠢᠨ᠎ᠡ ᠵᠢ ᠡᠭᠦᠳᠬᠦ ᠰᠢᠰᠲ᠋ᠧᠮ᠎ᠢ ᠤᠯᠠᠮ ᠨᠢᠭᠡ ᠠᠯᠬᠤᠮ ᠲᠡᠭᠦᠯᠳᠡᠷᠵᠢᠭᠦᠯᠦᠨ᠂ ᠰᠢᠨᠵᠢᠯᠡᠬᠦ ᠤᠬᠠᠭ᠋ᠠᠨ ᠮᠡᠷᠭᠡᠵᠢᠯ᠎ᠤᠨ ᠰᠢᠨ᠎ᠡ ᠵᠢ ᠡᠭᠦᠳᠬᠦ ᠰᠢᠰᠲ᠋ᠧᠮ᠎ᠤᠨ ᠪᠠᠢ᠌ᠷᠢᠯᠠᠭᠤᠯᠤᠯᠲᠠ ᠵᠢ ᠴᠢᠩᠭ᠋ᠠᠳᠬᠠᠬᠤ ᠬᠡᠷᠡᠭᠲᠡᠢ  ᠃ ᠪᠠᠢ᠌ᠯᠳᠤᠬᠤ ᠪᠤᠳᠤᠯᠭ᠎ᠠ ᠵᠢᠨ ᠲᠥᠯᠥᠪᠵᠢᠭᠦᠯᠭᠡ ᠵᠢᠨ ᠲᠠᠯ᠎ᠠ᠎ᠪᠠᠷ᠂ ᠰᠢᠨᠵᠢᠯᠡᠬᠦ ᠤᠬᠠᠭ᠋ᠠᠨ ᠮᠡᠷᠭᠡᠵᠢᠯ᠎ᠤᠨ ᠰᠢᠨ᠎ᠡ ᠵᠢ ᠡᠭᠦᠳᠬᠦ ᠵᠢ ᠪᠦᠬᠦ ᠲᠠᠯ᠎ᠠ᠎ᠪᠠᠷ ᠲᠦᠯᠬᠢᠨ ᠠᠬᠢᠭᠤᠯᠬᠤ ᠬᠢᠭᠡᠳ ᠵᠠᠩᠭᠢᠯᠠᠭ᠎ᠠ ᠵᠢᠨ ᠭᠣᠣᠯᠯᠠᠬᠤ ᠮᠡᠷᠭᠡᠵᠢᠯ᠎ᠤᠨ ᠪᠡᠷᠬᠡ ᠰᠡᠳᠦᠪ᠎ᠢ ᠰᠢᠢ᠍ᠳᠪᠦᠷᠢᠯᠡᠬᠦ ᠠᠵᠢᠯ᠎ᠢ ᠭᠣᠣᠯᠳᠠᠯᠭ᠎ᠠ᠎ᠲᠠᠢ᠎ᠪᠠᠷ ᠰᠠᠢ᠌ᠲᠤᠷ ᠠᠳᠬᠤᠬᠤ ᠵᠢ ᠨᠢᠭᠡᠳᠦᠯᠲᠡᠢ ᠲᠥᠯᠥᠪᠯᠡᠵᠦ᠂ ᠰᠢᠨᠵᠢᠯᠡᠬᠦ ᠤᠬᠠᠭ᠋ᠠᠨ ᠮᠡᠷᠭᠡᠵᠢᠯ᠎ᠤᠨ ᠰᠢᠨ᠎ᠡ ᠵᠢ ᠡᠭᠦᠳᠬᠦ ᠠᠵᠢᠯᠯᠠᠭ᠎ᠠ ᠵᠢᠨ ᠲᠤᠰ ᠪᠡᠶ᠎ᠡ ᠬᠢᠭᠡᠳ ᠰᠢᠨᠵᠢᠯᠡᠬᠦ ᠤᠬᠠᠭ᠋ᠠᠨ ᠮᠡᠷᠭᠡᠵᠢᠯ᠎ᠤᠨ ᠴᠢᠳᠠᠪᠤᠷᠢᠲᠠᠨ᠎ᠤ ᠠᠵᠢᠯ ᠵᠢᠴᠢ ᠬᠣᠯᠪᠣᠭᠳᠠᠯ ᠪᠦᠬᠦᠢ ᠰᠢᠨᠵᠢᠯᠡᠬᠦ ᠤᠬᠠᠭ᠋ᠠᠨ ᠮᠡᠷᠭᠡᠵᠢᠯ᠎ᠤᠨ ᠬᠠᠤᠯᠢ ᠴᠠᠭ᠋ᠠᠵᠠ᠂ ᠲᠦᠷᠦ ᠵᠢᠨ ᠪᠤᠳᠤᠯᠭ᠎ᠠ᠂ ᠰᠣᠶᠣᠯ ᠵᠡᠷᠭᠡ ᠠᠮᠢ ᠠᠬᠤᠢ ᠵᠢᠨ ᠣᠷᠴᠢᠨ ᠨᠥᠬᠥᠴᠡᠯ᠎ᠢ ᠨᠢᠭᠡᠳᠦᠯᠲᠡᠢ ᠲᠥᠯᠥᠪᠯᠡᠵᠦ᠂ ᠣᠳᠣᠬᠠᠨ᠎ᠤ 《ᠪᠣᠭᠣᠮᠢ》 ᠬᠢᠭᠡᠳ ᠠᠯᠤᠰ ᠭᠡᠳᠤ ᠵᠢᠨ ᠳᠠᠪᠠᠭᠤᠯᠢᠭ᠎ᠤᠨ ᠬᠠᠷᠢᠴᠠᠭ᠎ᠠ ᠵᠡᠷᠭᠡ ᠵᠢ ᠨᠢᠭᠡᠳᠦᠯᠲᠡᠢ ᠲᠥᠯᠥᠪᠯᠡᠨ᠎ᠡ  ᠃ ᠠᠷᠭ᠎ᠠ ᠵᠢᠨ ᠲᠠᠯ᠎ᠠ᠎ᠪᠠᠷ᠂ ᠰᠢᠨᠵᠢᠯᠡᠬᠦ ᠤᠬᠠᠭ᠋ᠠᠨ ᠮᠡᠷᠭᠡᠵᠢᠯ᠎ᠤᠨ ᠰᠢᠨ᠎ᠡ ᠵᠢ ᠡᠭᠦᠳᠬᠦ ᠰᠢᠰᠲ᠋ᠧᠮ᠎ᠤᠨ ᠦᠵᠦ ᠲᠥᠯᠥᠪᠯᠡᠭᠡ ᠵᠢ ᠰᠠᠢ᠌ᠲᠤᠷ ᠬᠢᠵᠦ᠂ ᠴᠡᠭ ᠪᠠ ᠨᠡᠢ᠌ᠳᠡᠮ᠎ᠢ ᠤᠶᠠᠯᠳᠤᠭᠤᠯᠬᠤ ᠵᠢ ᠴᠢᠩᠭ᠋ᠠᠳᠬᠠᠵᠤ᠂ ᠴᠡᠭ᠎ᠠᠴᠠ ᠳᠡᠭᠡᠭᠰᠢᠬᠢ ᠰᠢᠪᠲᠤᠯᠤᠯᠲᠠ᠎ᠪᠠᠷ ᠰᠢᠨᠵᠢᠯᠡᠬᠦ ᠤᠬᠠᠭ᠋ᠠᠨ ᠮᠡᠷᠭᠡᠵᠢᠯ᠎ᠤᠨ ᠰᠢᠨ᠎ᠡ ᠵᠢ ᠡᠭᠦᠳᠬᠦ ᠴᠢᠳᠠᠪᠤᠷᠢ ᠵᠢᠨ ᠰᠢᠰᠲ᠋ᠧᠮ᠎ᠤᠨ ᠳᠡᠭᠡᠭᠰᠢᠯᠡᠯᠲᠡ ᠵᠢ ᠳᠠᠢ᠍ᠢ᠍ᠴᠢᠯᠠᠵᠤ᠂ ᠰᠢᠨᠵᠢᠯᠡᠬᠦ ᠤᠬᠠᠭ᠋ᠠᠨ ᠮᠡᠷᠭᠡᠵᠢᠯ᠎ᠤᠨ ᠪᠡᠶ᠎ᠡ᠎ᠪᠠᠨ ᠳᠠᠭ᠋ᠠᠭ᠋ᠠᠵᠤ ᠬᠦᠴᠦᠷᠬᠡᠭᠵᠢᠬᠦ ᠪᠠ ᠤᠯᠠᠨ ᠤᠯᠤᠰ᠎ᠤᠨ ᠰᠢᠨᠵᠢᠯᠡᠬᠦ ᠤᠬᠠᠭ᠋ᠠᠨ ᠮᠡᠷᠭᠡᠵᠢᠯ᠎ᠤᠨ ᠬᠠᠮᠲᠤᠷᠠᠯᠴᠠᠭ᠎ᠠ ᠵᠢ ᠨᠢᠭᠡᠳᠦᠯᠲᠡᠢ ᠲᠥᠯᠥᠪᠵᠢᠭᠦᠯᠦᠨ ᠰᠠᠢ᠌ᠲᠤᠷ ᠬᠢᠬᠦ ᠬᠡᠷᠡᠭᠲᠡᠢ  ᠃
      ᠭᠤᠷᠪᠠ᠎ᠳᠤ ᠠᠵᠢᠯ᠎ᠤᠨ ᠨᠠᠢ᠌ᠳᠠᠪᠤᠷᠢᠵᠢᠭᠤᠯᠤᠯᠲᠠ ᠵᠢ ᠰᠠᠢ᠌ᠲᠤᠷ ᠠᠳᠬᠤᠬᠤ ᠬᠡᠷᠡᠭᠲᠡᠶ  ᠃ 《ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠲᠦᠷᠦ ᠵᠢᠨ ᠪᠤᠳᠤᠯᠭ᠎ᠠ᠎ᠨᠢ ᠪᠡᠶ᠎ᠡ᠎ᠪᠠᠨ ᠳᠠᠭ᠋ᠠᠭ᠋ᠠᠵᠤ ᠥᠪᠡᠷ᠎ᠢ᠎ᠪᠠᠨ ᠬᠦᠴᠦᠷᠬᠡᠭᠵᠢᠭᠦᠯᠬᠦ᠎ᠳᠤ ᠠᠩᠬᠠᠷᠤᠯ ᠵᠶ᠋ᠠᠨ ᠲᠥᠪᠯᠡᠷᠡᠭᠦᠯᠬᠦ ᠬᠡᠷᠡᠭᠲᠡᠢ》 ᠭᠡᠬᠦ ᠪᠦᠬᠦ ᠤᠯᠤᠰ᠎ᠤᠨ ᠪᠠᠢ᠌ᠭᠤᠯᠤᠮᠵᠢ ᠵᠢᠨ ᠲᠣᠭᠣᠷᠢᠨ᠎ᠳᠤ ᠵᠢᠷᠭᠤᠭ᠋ᠠᠨ ᠲᠠᠯ᠎ᠠ ᠵᠢᠨ ᠠᠵᠢᠯ᠎ᠢ ᠰᠠᠢ᠌ᠲᠤᠷ ᠬᠢᠬᠦ ᠬᠡᠷᠡᠭᠲᠡᠢ᠄ ᠨᠢᠭᠡ᠎ᠳᠤ᠂ ᠵᠠᠩᠭᠢᠯᠠᠭ᠎ᠠ ᠵᠢᠨ ᠭᠣᠣᠯᠯᠠᠬᠤ ᠮᠡᠷᠭᠡᠵᠢᠯ᠎ᠤᠨ ᠪᠣᠭᠣᠮᠲᠠ ᠰᠢᠪᠲᠤᠯᠬᠤ ᠳᠠᠢ᠌ᠯᠠᠯᠳᠤᠭ᠋ᠠᠨ᠎ᠤ ᠢᠯᠠᠯᠲᠠ ᠵᠢ ᠡᠷᠡᠰ ᠣᠯᠵᠤ᠂ ᠨᠢᠭᠡ ᠪᠦᠯᠦᠭ ᠤᠯᠤᠰ᠎ᠤᠨ ᠴᠢᠬᠤᠯᠠ ᠶᠡᠬᠡ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠲᠦᠷᠦᠯ ᠵᠦᠢ᠍ᠯ᠎ᠢ ᠲᠦᠷᠭᠡᠨ ᠪᠠᠢ᠌ᠷᠢᠯᠠᠭᠤᠯᠤᠨ ᠬᠡᠷᠡᠭᠵᠢᠭᠦᠯᠵᠦ᠂ ᠰᠢᠯᠢᠳᠡᠭ ᠡᠬᠢ ᠪᠠᠶᠠᠯᠢᠭ᠎ᠢ ᠲᠥᠪᠯᠡᠷᠡᠭᠦᠯᠦᠨ ᠬᠦᠴᠦ᠎ᠪᠠᠨ ᠬᠠᠮᠲᠤᠳᠬᠠᠨ ᠪᠣᠭᠣᠮᠲᠠ ᠰᠢᠪᠲᠤᠯᠬᠤ ᠬᠡᠷᠡᠭᠲᠡᠢ; ᠬᠣᠶᠠᠷ᠎ᠲᠤ ᠰᠤᠷᠭ᠋ᠠᠨ ᠬᠥᠮᠦᠵᠢᠯ᠂ ᠰᠢᠨᠵᠢᠯᠡᠬᠦ ᠤᠬᠠᠭ᠋ᠠᠨ ᠮᠡᠷᠭᠡᠵᠢᠯ᠂ ᠴᠢᠳᠠᠪᠤᠷᠢᠲᠠᠨ᠎ᠤ ᠠᠵᠢᠯ᠎ᠢ ᠬᠦᠴᠦᠲᠡᠶ ᠨᠢᠭᠡᠳᠦᠯᠲᠡᠶ ᠲᠥᠯᠥᠪᠯᠡᠵᠦ᠂ ᠰᠢᠨ᠎ᠡ ᠵᠢ ᠡᠭᠦᠳᠬᠦ ᠬᠡᠯᠬᠢᠶ᠎ᠡ ᠵᠢᠨ ᠠᠵᠤ ᠦᠢᠯᠡᠰ᠎ᠤᠨ ᠬᠡᠯᠬᠢᠶ᠎ᠡ ᠪᠠᠯᠠ ᠮᠥᠩᠭᠥ ᠵᠢᠨ ᠬᠡᠯᠬᠢᠶ᠎ᠡ ᠵᠢᠨ ᠴᠢᠳᠠᠪᠤᠷᠢᠲᠠᠨ᠎ᠤ ᠬᠡᠯᠬᠢᠶ᠎ᠡ ᠵᠢᠨ ᠭᠦᠨᠵᠡᠭᠡᠶ ᠠᠭᠤᠰᠤᠯᠴᠠᠯ᠎ᠢ ᠠᠬᠢᠭᠤᠯᠵᠤ᠂ ᠠᠵᠤ ᠠᠬᠤᠢ᠌ᠯᠠᠯ ᠵᠶ᠋ᠠᠷ ᠭᠣᠤᠯ ᠤᠳᠤᠷᠢᠳᠤᠮᠵᠢ ᠪᠣᠯᠭ᠋ᠠᠭᠰᠠᠨ ᠠᠵᠤ ᠠᠬᠤᠢ᠌ᠯᠠᠯ ᠳᠡᠭᠡᠳᠦ ᠰᠤᠷᠭ᠋ᠠᠭᠤᠯᠢ ᠰᠢᠨᠵᠢᠯᠡᠬᠦ ᠤᠬᠠᠭ᠋ᠠᠨ᠎ᠤ ᠰᠤᠳᠤᠯᠭ᠋ᠠᠨ᠎ᠤ ᠪᠠᠢ᠌ᠭᠤᠯᠤᠮᠵᠢ ᠵᠢᠨ ᠭᠦᠨᠵᠡᠭᠡᠶ ᠠᠭᠤᠰᠤᠯᠴᠠᠯ᠎ᠢ ᠴᠢᠩᠭ᠋ᠠᠳᠬᠠᠵᠤ᠂ ᠰᠢᠨ᠎ᠡ ᠵᠢ ᠡᠭᠦᠳᠬᠦ᠎ᠳᠤ ᠲᠦᠰᠢᠭᠯᠡᠨ ᠬᠥᠭᠵᠢᠯᠲᠡ ᠵᠢᠨ ᠰᠢᠨ᠎ᠡ ᠬᠥᠳᠡᠯᠭᠡᠬᠦ ᠡᠨᠧᠷᠭᠢ ᠵᠢ ᠪᠣᠢ᠌ᠵᠢᠭᠤᠯᠤᠨ ᠪᠤᠵᠠᠭ᠋ᠠᠢ᠌ᠷᠠᠭᠤᠯᠤᠨ᠎ᠠ; ᠭᠤᠷᠪᠠ᠎ᠳᠤ᠂ ᠤᠯᠠᠨ ᠤᠯᠤᠰ᠎ᠤᠨ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠰᠢᠨ᠎ᠡ ᠵᠢ ᠡᠭᠦᠳᠬᠦ ᠲᠥᠪ᠂ ᠣᠷᠣᠨ ᠪᠦᠰᠡ ᠵᠢᠨ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠰᠢᠨ᠎ᠡ ᠵᠢ ᠡᠭᠦᠳᠬᠦ ᠲᠥᠪ᠎ᠤᠨ ᠪᠦᠳᠦᠭᠡᠨ ᠪᠠᠢ᠌ᠭᠤᠯᠤᠯᠲᠠ ᠵᠢ ᠨᠢᠭᠡᠳᠦᠯᠲᠡᠢ ᠲᠥᠯᠥᠪᠵᠢᠭᠦᠯᠦᠨ ᠠᠬᠢᠭᠤᠯᠵᠤ᠂ ᠤᠯᠤᠰ᠎ᠤᠨ ᠪᠡᠶ᠎ᠡ᠎ᠪᠠᠨ ᠳᠠᠭ᠋ᠠᠭ᠋ᠠᠵᠤ ᠰᠢᠨ᠎ᠡ ᠵᠢ ᠡᠭᠦᠳᠬᠦ ᠲᠣᠭᠣᠷᠢᠭ᠂ ᠳᠡᠭᠡᠳᠦ ᠰᠢᠨ᠎ᠡ ᠮᠡᠷᠭᠡᠵᠢᠯ᠎ᠤᠨ ᠲᠣᠭᠣᠷᠢᠭ᠎ᠤᠨ ᠴᠢᠨᠠᠷ ᠰᠠᠢ᠌ᠲᠠᠢ ᠬᠥᠭᠵᠢᠯᠲᠡ ᠵᠢ ᠲᠦᠷᠭᠡᠳᠬᠡᠵᠦ᠂ ᠠᠵᠤ ᠠᠬᠤᠢ ᠵᠢᠨ ᠰᠢᠨ᠎ᠡ ᠨᠡᠮᠡᠭᠳᠡᠯ᠎ᠤᠨ ᠲᠤᠢ᠌ᠯ᠎ᠢ ᠲᠦᠷᠭᠡᠨ ᠪᠦᠷᠢᠯᠳᠦᠭᠦᠯᠦᠨ᠎ᠡ; ᠲᠦᠷᠪᠡ᠎ᠳᠤ ᠰᠢᠨᠵᠢᠯᠡᠬᠦ ᠤᠬᠠᠭ᠋ᠠᠨ ᠮᠡᠷᠭᠡᠵᠢᠯ᠎ᠤᠨ ᠪᠠᠢ᠌ᠭᠤᠯᠤᠯ᠎ᠤᠨ ᠥᠭᠡᠷᠡᠴᠢᠯᠡᠯᠲᠡ ᠵᠢ ᠦᠷᠭᠦᠯᠵᠢᠯᠡᠨ ᠭᠦᠨᠵᠡᠭᠡᠢ᠌ᠷᠡᠭᠦᠯᠵᠦ᠂ ᠰᠢᠨᠵᠢᠯᠡᠬᠦ ᠤᠬᠠᠭ᠋ᠠᠨ ᠮᠡᠷᠭᠡᠵᠢᠯ᠎ᠤᠨ ᠦᠨᠡᠯᠡᠯᠲᠡ᠂ ᠰᠢᠨᠵᠢᠯᠡᠬᠦ ᠤᠬᠠᠭ᠋ᠠᠨ᠎ᠤ ᠰᠤᠳᠤᠯᠭ᠋ᠠᠨ᠎ᠤ ᠬᠠᠮᠢᠶᠠᠷᠤᠯᠲᠠ᠂ ᠰᠢᠨᠵᠢᠯᠡᠬᠦ ᠤᠬᠠᠭ᠋ᠠᠨ ᠮᠡᠷᠭᠡᠵᠢᠯ᠎ᠤᠨ ᠵᠠᠷᠤᠳᠠᠯ᠎ᠤᠨ ᠥᠭᠡᠷᠡᠴᠢᠯᠡᠯᠲᠡ ᠵᠢ ᠭᠦᠨᠵᠡᠭᠡᠢ᠌ᠷᠡᠭᠦᠯᠵᠦ᠂ ᠪᠦᠬᠦ ᠲᠠᠯ᠎ᠠ᠎ᠪᠠᠷ ᠰᠢᠨ᠎ᠡ ᠵᠢ ᠡᠭᠦᠳᠬᠦ ᠵᠢ ᠳᠡᠮᠵᠢᠬᠦ ᠰᠠᠭᠤᠷᠢ ᠲᠦᠷᠢᠮ᠎ᠢ ᠪᠤᠢ ᠪᠣᠯᠭ᠋ᠠᠨ᠎ᠠ; ᠲᠠᠪᠤ᠎ᠳᠤ ᠴᠢᠳᠠᠪᠤᠷᠢᠲᠠᠨ᠎ᠤ ᠪᠠᠢ᠌ᠯᠳᠤᠬᠤ ᠪᠤᠳᠤᠯᠭ᠎ᠠ ᠵᠢᠨ ᠪᠠᠢ᠌ᠷᠢᠯᠠᠭᠤᠯᠤᠯᠲᠠ ᠵᠢ ᠲᠡᠭᠦᠯᠳᠡᠷᠵᠢᠭᠦᠯᠵᠦ᠂ ᠪᠡᠶ᠎ᠡ᠎ᠪᠠᠨ ᠳᠠᠭ᠋ᠠᠭ᠋ᠠᠵᠤ ᠬᠥᠮᠦᠵᠢᠭᠦᠯᠬᠦ ᠪᠠ ᠣᠷᠣᠭᠤᠯᠵᠤ ᠠᠪᠴᠢᠷᠠᠬᠤ ᠵᠢ ᠵᠡᠷᠭᠡ᠎ᠪᠠᠷ ᠴᠢᠬᠤᠯᠠᠴᠢᠯᠠᠵᠤ᠂ ᠳᠡᠯᠡᠬᠡᠢ ᠵᠢᠨ ᠴᠢᠬᠤᠯᠠ ᠴᠢᠳᠠᠪᠤᠷᠢᠲᠠᠨ᠎ᠤ ᠲᠥᠪ ᠪᠠ ᠰᠢᠨ᠎ᠡ ᠵᠢ ᠡᠭᠦᠳᠬᠦ ᠥᠨᠳᠥᠷᠯᠢᠭ ᠭᠠᠵᠠᠷ᠎ᠢ ᠲᠦᠷᠭᠡᠪᠴᠢᠯᠡᠨ ᠪᠠᠢ᠌ᠭᠤᠯᠤᠨ᠎ᠠ; ᠵᠢᠷᠭᠤᠭ᠎ᠠ᠎ᠳᠤ᠂ ᠤᠯᠠᠨ ᠤᠯᠤᠰ᠎ᠤᠨ ᠰᠢᠨᠵᠢᠯᠡᠬᠦ ᠤᠬᠠᠭ᠋ᠠᠨ ᠮᠡᠷᠭᠡᠵᠢᠯ᠎ᠤᠨ ᠬᠠᠮᠲᠤᠷᠠᠯᠴᠠᠭ᠋ᠠᠨ᠎ᠤ ᠣᠷᠣᠨ ᠵᠠᠢ ᠵᠢ ᠢᠳᠡᠪᠬᠢᠲᠡᠢ ᠥᠷᠭᠡᠳᠬᠡᠵᠦ᠂ ᠥᠨᠳᠥᠷ ᠲᠦᠪᠰᠢᠨ ᠪᠦᠬᠦᠢ ᠭᠠᠳᠠᠭ᠋ᠠᠳᠤ ᠨᠡᠬᠡᠬᠡᠯᠳᠡ ᠵᠢ ᠠᠬᠢᠭᠤᠯᠤᠨ᠎ᠠ  ᠃
      ᠰᠤᠷᠪᠤᠯᠵᠢᠯᠠᠭᠴᠢ ᠲᠥᠪ᠎ᠤᠨ ᠠᠵᠤ ᠠᠬᠤᠶ ᠵᠢᠨ ᠠᠵᠢᠯ᠎ᠤᠨ ᠬᠤᠷᠠᠯᠳᠤᠭ᠋ᠠᠨ᠎ᠠᠴᠠ ᠳᠤᠷᠠᠳᠤᠭᠰᠠᠨ᠎ᠨᠢ᠂ 《ᠰᠤᠷᠭ᠋ᠠᠨ ᠬᠥᠮᠦᠵᠢᠯ᠂ ᠰᠢᠨᠵᠢᠯᠡᠬᠦ ᠤᠬᠠᠭ᠋ᠠᠨ ᠮᠡᠷᠭᠡᠵᠢᠯ᠂ ᠴᠢᠳᠠᠪᠤᠷᠢᠲᠠᠨ᠎ᠤ ᠠᠵᠢᠯ᠎ᠢ ᠬᠦᠴᠦᠲᠡᠶ ᠨᠢᠭᠡᠳᠦᠯᠲᠡᠶ ᠲᠥᠯᠥᠪᠯᠡᠬᠦ ᠬᠡᠷᠡᠭᠲᠡᠶ》᠂ ᠰᠢᠨᠵᠢᠯᠡᠬᠦ ᠤᠬᠠᠭ᠋ᠠᠨ ᠮᠡᠷᠭᠡᠵᠢᠯ᠎ᠤᠨ ᠶᠠᠮᠤᠨ ᠳᠠᠷᠠᠭ᠋ᠠᠴᠢ ᠵᠢᠨ ᠠᠯᠬᠤᠮ᠎ᠳᠤ ᠶᠠᠮᠠᠷ ᠪᠣᠳᠣᠯᠬᠢᠯᠠᠯ᠎ᠲᠠᠢ ᠪᠤᠶ?
      ᠸᠠᠩ ᡁᠢ ᠭᠠᠩ᠄ ᠨᠠᠮ᠎ᠤᠨ ᠬᠣᠷᠢᠳᠤᠭ᠋ᠠᠷ ᠶᠡᠬᠡ ᠬᠤᠷᠠᠯ᠎ᠤᠨ ᠢᠯᠡᠳᠬᠡᠯ᠎ᠳᠤ ᠰᠤᠷᠭ᠋ᠠᠨ ᠬᠥᠮᠦᠵᠢᠯ᠂ ᠰᠢᠨᠵᠢᠯᠡᠬᠦ ᠤᠬᠠᠭ᠋ᠠᠨ ᠮᠡᠷᠭᠡᠵᠢᠯ᠂ ᠴᠢᠳᠠᠪᠤᠷᠢᠲᠠᠨ ᠭᠤᠷᠪᠠ ᠵᠢ ᠨᠢᠭᠡ ᠴᠤᠬ᠍ᠴᠠᠵᠢᠭᠤᠯᠤᠨ ᠪᠣᠳᠣᠯᠬᠢᠯᠠᠭᠰᠠᠨ ᠪᠥᠭᠡᠳ 《ᠨᠡᠢ᠌ᠭᠡᠮ ᠵᠢᠷᠤᠮ᠎ᠤᠨ ᠣᠳᠣᠬᠢᠴᠢᠯᠠᠭᠰᠠᠨ ᠤᠯᠤᠰ᠎ᠢ ᠪᠦᠬᠦ ᠲᠠᠯ᠎ᠠ᠎ᠪᠠᠷ ᠪᠦᠳᠦᠭᠡᠨ ᠪᠠᠢ᠌ᠭᠤᠯᠬᠤ ᠵᠢᠨ ᠰᠠᠭᠤᠷᠢ ᠴᠢᠨᠠᠷᠲᠠᠢ᠂ ᠪᠠᠢ᠌ᠯᠳᠤᠬᠤ ᠪᠤᠳᠤᠯᠭ᠎ᠠ ᠵᠢᠨ ᠴᠢᠨᠠᠷᠲᠠᠢ ᠲᠤᠯᠭ᠋ᠠᠭᠤᠷᠢᠯᠠᠯ》 ᠪᠣᠯᠭ᠋ᠠᠵᠤ ᠨᠢᠭᠡᠳᠦᠯᠲᠡᠢ ᠲᠥᠯᠥᠪᠵᠢᠭᠦᠯᠦᠨ ᠪᠠᠢ᠌ᠷᠢᠯᠠᠭᠤᠯᠪᠠ  ᠃ ᠲᠥᠪ᠎ᠤᠨ ᠠᠵᠤ ᠠᠬᠤᠢ ᠵᠢᠨ ᠠᠵᠢᠯ᠎ᠤᠨ ᠬᠤᠷᠠᠯ᠎ᠠᠴᠠ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠰᠢᠨ᠎ᠡ ᠵᠢ ᠡᠭᠦᠳᠬᠦ ᠡᠭᠦᠷᠭᠡ ᠵᠢᠨ ᠲᠤᠬᠠᠢ ᠪᠠᠢ᠌ᠷᠢᠯᠠᠭᠤᠯᠤᠯᠲᠠ ᠬᠢᠬᠦ᠎ᠳᠡᠭᠡᠨ ᠰᠤᠷᠭ᠋ᠠᠨ ᠬᠥᠮᠦᠵᠢᠯ᠂ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠂ ᠴᠢᠳᠠᠪᠤᠷᠢᠲᠠᠨ᠎ᠤ ᠠᠵᠢᠯ᠎ᠢ ᠬᠦᠴᠦᠲᠡᠢ ᠨᠢᠭᠡᠳᠦᠯᠲᠡᠢ ᠲᠥᠯᠥᠪᠵᠢᠭᠦᠯᠬᠦ ᠵᠢ ᠣᠨᠴᠠᠭ᠋ᠠᠢ᠌ᠯᠠᠨ ᠴᠢᠬᠤᠯᠠᠴᠢᠯᠠᠵᠤ᠂ ᠮᠠᠨ᠎ᠤ ᠨᠠᠮ᠎ᠤᠨ ᠣᠳᠣᠬᠢᠴᠢᠯᠠᠭᠰᠠᠨ ᠬᠦᠴᠦᠷᠬᠡᠭ ᠤᠯᠤᠰ᠎ᠤᠨ ᠪᠦᠳᠦᠭᠡᠨ ᠪᠠᠢ᠌ᠭᠤᠯᠤᠯᠲᠠ ᠵᠢᠨ ᠵᠢᠮ᠎ᠡ ᠶᠣᠰᠣᠴᠢ ᠴᠢᠨᠠᠷ᠎ᠤᠨ ᠲᠤᠬᠠᠢ ᠲᠠᠨᠢᠯᠲᠠ ᠲᠠᠰᠤᠷᠠᠯᠳᠠ ᠦᠭᠡᠢ ᠭᠦᠨᠵᠡᠭᠡᠢ᠌ᠷᠡᠵᠦ᠂ ᠰᠤᠷᠭ᠋ᠠᠨ ᠬᠥᠮᠦᠵᠢᠯ᠎ᠤᠨ ᠬᠦᠴᠦᠷᠬᠡᠭ ᠤᠯᠤᠰ᠂ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠬᠦᠴᠦᠷᠬᠡᠭ ᠤᠯᠤᠰ᠂ ᠴᠢᠳᠠᠪᠤᠷᠢᠲᠠᠨ᠎ᠤ ᠬᠦᠴᠦᠷᠬᠡᠭ ᠤᠯᠤᠰ ᠪᠠᠢ᠌ᠬᠤ ᠦᠭᠡᠢ ᠪᠣᠯ ᠣᠳᠣᠬᠢᠴᠢᠯᠠᠭᠰᠠᠨ ᠬᠦᠴᠦᠷᠬᠡᠭ ᠤᠯᠤᠰ ᠪᠠᠢ᠌ᠵᠤ ᠴᠢᠳᠠᠬᠤ ᠦᠭᠡᠢ ᠭᠡᠳᠡᠭ᠎ᠢ ᠢᠯᠡᠷᠡᠭᠦᠯᠵᠡᠢ  ᠃
      ᠰᠤᠷᠭ᠋ᠠᠨ ᠬᠥᠮᠦᠵᠢᠯ ᠪᠣᠯ ᠰᠠᠭᠤᠷᠢ᠂ ᠰᠢᠨᠵᠢᠯᠡᠬᠦ ᠤᠬᠠᠭ᠋ᠠᠨ ᠮᠡᠷᠭᠡᠵᠢᠯ ᠪᠣᠯ ᠵᠠᠩᠭᠢᠯᠠᠭ᠎ᠠ᠂ ᠴᠢᠳᠠᠪᠤᠷᠢᠲᠠᠨ ᠪᠣᠯ ᠦᠨᠳᠦᠰᠦ᠂ ᠡᠨᠡ ᠭᠤᠷᠪᠠ ᠵᠢ ᠣᠷᠭ᠋ᠠᠨᠢᠭ ᠵᠶ᠋ᠠᠷ ᠨᠢᠭᠡᠳᠦᠯᠲᠡᠢ ᠲᠥᠯᠥᠪᠯᠡᠨ ᠠᠬᠢᠭᠤᠯᠪᠠᠯ ᠰᠠᠶᠢ ᠣᠳᠣᠬᠢᠴᠢᠯᠠᠭᠰᠠᠨ ᠤᠯᠤᠰ᠎ᠤᠨ ᠪᠦᠳᠦᠭᠡᠨ ᠪᠠᠢ᠌ᠭᠤᠯᠤᠯᠲᠠ ᠵᠢ ᠰᠢᠰᠲ᠋ᠧᠮ᠎ᠲᠠᠢ᠂ ᠬᠠᠮᠤᠭ᠎ᠤᠨ ᠶᠡᠬᠡ ᠬᠡᠮᠵᠢᠢ᠎ᠡ᠎ᠪᠠᠷ ᠲᠤᠯᠭ᠋ᠠᠭᠤᠷᠢᠯᠠᠵᠤ ᠴᠢᠳᠠᠨ᠎ᠠ ᠭᠡᠳᠡᠭ᠎ᠢ ᠪᠢ ᠣᠢ᠌ᠯᠠᠭ᠋ᠠᠵᠤ ᠪᠠᠢ᠌ᠨ᠎ᠠ  ᠃ ᠡᠭᠦᠨ᠎ᠠᠴᠠ ᠭᠠᠳᠠᠨ᠎ᠠ᠂ ᠤᠯᠤᠰ᠎ᠤᠨ ᠣᠳᠣᠬᠢᠴᠢᠯᠠᠬᠤ ᠪᠦᠲᠦᠭᠡᠨ ᠪᠠᠢ᠌ᠭᠤᠯᠤᠯᠲᠠ ᠵᠢᠨ ᠴᠢᠬᠤᠯᠠ ᠶᠡᠬᠡ ᠬᠡᠷᠡᠭᠴᠡᠭᠡ ᠵᠢ ᠴᠢᠩᠭ᠎ᠠ ᠠᠩᠬᠠᠷᠴᠤ᠂ ᠭᠣᠣᠯᠳᠠᠯᠭ᠎ᠠ ᠵᠢ ᠲᠤᠪᠤᠢ᠍ᠢ᠍ᠯᠭ᠋ᠠᠨ ᠨᠢᠭᠡᠳᠦᠯᠲᠡᠢ ᠲᠥᠯᠥᠪᠯᠡᠬᠦ ᠬᠡᠷᠡᠭᠲᠡᠢ  ᠃ ᠰᠤᠷᠭ᠋ᠠᠨ ᠬᠥᠮᠦᠵᠢᠯ᠂ ᠰᠢᠨᠵᠢᠯᠡᠬᠦ ᠤᠬᠠᠭ᠋ᠠᠨ ᠮᠡᠷᠭᠡᠵᠢᠯ᠂ ᠴᠢᠳᠠᠪᠤᠷᠢᠲᠠᠨ᠎ᠤ ᠠᠵᠢᠯ᠎ᠢ ᠨᠢᠭᠡᠳᠦᠯᠲᠡᠢ ᠲᠥᠯᠥᠪᠵᠢᠭᠦᠯᠬᠦ ᠭᠣᠣᠯᠳᠠᠯᠭ᠎ᠠ᠎ᠳᠤ᠄ ᠨᠢᠭᠡ᠎ᠳᠤ᠂ ᠪᠠᠢ᠌ᠯᠳᠤᠬᠤ ᠪᠤᠳᠤᠯᠭ᠎ᠠ ᠵᠢ ᠨᠢᠭᠡᠳᠦᠯᠲᠡᠢ ᠲᠥᠯᠥᠪᠵᠢᠭᠦᠯᠵᠦ᠂ ᠭᠤᠷᠪᠠ ᠵᠢ ᠨᠢᠭᠡ ᠴᠤᠬ᠍ᠴᠠᠵᠢᠭᠤᠯᠤᠨ ᠰᠢᠨᠵᠢᠯᠡᠬᠦ ᠤᠬᠠᠭ᠋ᠠᠨ ᠰᠤᠷᠭ᠋ᠠᠨ ᠬᠥᠮᠦᠵᠢᠯ ᠵᠶ᠋ᠡᠷ ᠤᠯᠤᠰ ᠵᠶ᠋ᠠᠨ ᠮᠠᠨᠳᠤᠭᠤᠯᠬᠤ᠂ ᠴᠢᠳᠠᠪᠤᠷᠢᠲᠠᠨ ᠵᠶ᠋ᠠᠷ ᠤᠯᠤᠰ ᠵᠶ᠋ᠠᠨ ᠬᠦᠴᠦᠷᠬᠡᠭᠵᠢᠭᠦᠯᠬᠦ᠂ ᠰᠢᠨ᠎ᠡ ᠵᠢ ᠡᠭᠦᠳᠬᠦ᠎ᠪᠠᠷ ᠬᠥᠭᠵᠢᠯᠲᠡ ᠵᠢᠨ ᠬᠥᠳᠡᠯᠭᠡᠭᠦᠷ ᠪᠣᠯᠭ᠋ᠠᠬᠤ ᠡᠨᠡ ᠬᠦ᠌ ᠭᠤᠷᠪᠠᠨ ᠶᠡᠬᠡ ᠪᠠᠢ᠌ᠯᠳᠤᠬᠤ ᠪᠤᠳᠤᠯᠭ᠎ᠠ ᠵᠢ ᠬᠡᠷᠡᠭᠵᠢᠭᠦᠯᠬᠦ ᠵᠢ ᠠᠬᠢᠭᠤᠯᠵᠤ᠂ ᠬᠠᠮᠵᠢᠯᠴᠠᠨ ᠬᠠᠮᠵᠢᠯᠴᠠᠬᠤ᠂ ᠰᠢᠰᠲ᠋ᠧᠮ᠎ᠲᠠᠢ ᠬᠤᠷᠠᠮᠳᠤᠭᠤᠯᠬᠤ᠎ᠪᠠᠷ ᠲᠠᠮᠵᠢᠨ ᠰᠢᠨ᠎ᠡ ᠬᠦᠷᠢᠢ᠎ᠡ ᠰᠢᠨ᠎ᠡ ᠤᠷᠤᠯᠳᠤᠭ᠋ᠠᠨ᠎ᠤ ᠵᠠᠮ᠎ᠢ ᠨᠡᠭᠡᠭᠡᠵᠦ᠂ ᠬᠥᠭᠵᠢᠯᠲᠡ ᠵᠢᠨ ᠰᠢᠨ᠎ᠡ ᠬᠥᠳᠡᠯᠭᠡᠬᠦ ᠡᠨᠧᠷᠭᠢ ᠰᠢᠨ᠎ᠡ ᠳᠠᠪᠠᠭᠤᠯᠢᠭ᠎ᠢ ᠪᠤᠢ ᠪᠣᠯᠭ᠋ᠠᠨ᠎ᠠ; ᠬᠣᠶᠠᠷ᠎ᠲᠤ᠂ ᠬᠠᠷᠠᠯᠲᠠ ᠵᠢ ᠨᠢᠭᠡᠳᠦᠯᠲᠡᠶ ᠲᠥᠯᠥᠪᠵᠢᠭᠦᠯᠵᠦ᠂ ᠰᠤᠷᠭ᠋ᠠᠨ ᠬᠥᠮᠦᠵᠢᠯ᠎ᠤᠨ ᠬᠦᠴᠦᠷᠬᠡᠭ ᠤᠯᠤᠰ᠂ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠬᠦᠴᠦᠷᠬᠡᠭ ᠤᠯᠤᠰ᠂ ᠴᠢᠳᠠᠪᠤᠷᠢᠲᠠᠨ᠎ᠤ ᠬᠦᠴᠦᠷᠬᠡᠭ ᠤᠯᠤᠰ᠎ᠤᠨ ᠬᠠᠷᠠᠯᠲᠠ ᠱᠠᠭ᠋ᠠᠷᠳᠠᠯᠭ᠎ᠠ᠎ᠳᠤ ᠠᠩᠬᠠᠷᠤᠯ ᠵᠶ᠋ᠠᠨ ᠲᠥᠪᠯᠡᠷᠡᠭᠦᠯᠦᠨ ᠬᠠᠮᠵᠢᠯᠴᠠᠨ ᠬᠦᠴᠦᠯᠡᠵᠦ᠂ ᠡᠴᠦᠰ᠎ᠲᠡᠭᠡᠨ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠰᠢᠨ᠎ᠡ ᠵᠢ ᠡᠭᠦᠳᠬᠦ᠎ᠳᠤ ᠲᠦᠰᠢᠭᠯᠡᠨ ᠣᠳᠣᠬᠢᠴᠢᠯᠠᠯᠲᠠ ᠵᠢᠨ ᠪᠥᠲᠥᠭᠡᠨ ᠪᠠᠢ᠌ᠭᠤᠯᠤᠯᠲᠠ ᠵᠢᠨ ᠰᠠᠭᠤᠷᠢ ᠵᠢ ᠲᠠᠰᠤᠷᠠᠯᠲᠠ ᠥᠬᠡᠶ ᠪᠡᠬᠢᠵᠢᠭᠦᠯᠵᠦ᠂ ᠴᠢᠨᠠᠷ ᠰᠠᠢ᠌ᠲᠠᠶ ᠬᠥᠭᠵᠢᠯᠲᠡ᠎ᠳᠤ ᠰᠢᠨ᠎ᠡ ᠥᠰᠥᠯᠲᠡ ᠵᠢᠨ ᠣᠷᠣᠨ ᠵᠠᠶ᠂ ᠵᠠᠩᠭᠢᠯᠠᠭ᠎ᠠ ᠵᠢᠨ ᠬᠦᠴᠦᠯᠡᠬᠦ ᠴᠡᠭ ᠪᠠ ᠭᠣᠤᠯ ᠲᠤᠯᠭ᠋ᠠᠭᠤᠷᠢᠯᠠᠬᠤ ᠰᠢᠰᠲ᠋ᠧᠮ᠎ᠢ ᠬᠠᠩᠭ᠋ᠠᠵᠤ᠂ ᠰᠢᠨ᠎ᠡ ᠵᠢ ᠡᠭᠦᠳᠬᠦ᠎ᠪᠠᠷ ᠬᠥᠳᠡᠯᠭᠡᠭᠦᠷ ᠪᠣᠯᠭ᠋ᠠᠬᠤ᠂ ᠴᠢᠳᠠᠪᠤᠷᠢᠲᠠᠨ᠎ᠤ ᠲᠤᠯᠭ᠋ᠠᠭᠤᠷᠢᠯᠠᠯ᠎ᠳᠤ ᠲᠦᠰᠢᠭᠯᠡᠬᠦ ᠠᠭᠤᠯᠤᠭᠳᠠᠬᠤᠨ᠎ᠤ ᠬᠡᠯᠪᠡᠷᠢ ᠵᠢᠨ ᠨᠡᠮᠡᠭᠳᠡᠯ᠎ᠢ ᠪᠡᠶᠡᠯᠡᠭᠦᠯᠦᠨ᠎ᠡ; ᠭᠤᠷᠪᠠ᠎ᠳᠤ ᠡᠯᠧᠮᠧᠨ᠋ᠲ᠎ᠢ ᠨᠢᠭᠡᠳᠦᠯᠲᠡᠶ ᠲᠥᠯᠥᠪᠯᠡᠵᠦ᠂ ᠰᠢᠨᠵᠢᠯᠡᠬᠦ ᠤᠬᠠᠭ᠋ᠠᠨ ᠮᠡᠷᠭᠡᠵᠢᠯ ᠪᠣᠯ ᠨᠢᠭᠡᠳᠦᠭᠡᠷ ᠦᠢ᠍ᠯᠡᠳᠪᠦᠷᠢᠯᠡᠯ᠎ᠤᠨ ᠬᠦᠴᠦᠨ᠂ ᠴᠢᠳᠠᠪᠤᠷᠢᠲᠠᠨ ᠪᠣᠯ ᠨᠢᠭᠡᠳᠦᠭᠡᠷ ᠡᠬᠢ ᠪᠠᠶᠠᠯᠢᠭ᠂ ᠰᠢᠨ᠎ᠡ ᠵᠢ ᠡᠭᠦᠳᠬᠦ ᠪᠣᠯ ᠨᠢᠭᠡᠳᠦᠭᠡᠷ ᠬᠥᠳᠡᠯᠭᠡᠬᠦ ᠬᠦᠴᠦᠨ ᠪᠣᠯᠬᠤ ᠵᠢ ᠪᠠᠷᠢᠮᠲᠠᠯᠠᠨ᠎ᠠ; ᠳᠥᠷᠪᠡ᠎ᠳᠤ᠂ ᠠᠵᠢᠯ᠎ᠢ ᠨᠢᠭᠡᠳᠦᠯᠲᠡᠶ ᠲᠥᠯᠥᠪᠵᠢᠭᠦᠯᠦᠨ᠂ ᠪᠠᠢ᠌ᠯᠳᠤᠬᠤ ᠪᠣᠳᠣᠯᠭ᠎ᠠ ᠵᠢᠨ ᠲᠥᠯᠥᠪᠵᠢᠭᠦᠯᠭᠡ ᠵᠢ ᠨᠢᠭᠡᠳᠦᠯᠲᠡᠶ ᠲᠥᠯᠥᠪᠵᠢᠭᠦᠯᠬᠦ᠂ ᠬᠠᠤᠯᠢ ᠴᠠᠭ᠋ᠠᠵᠠ ᠲᠥᠷᠥ ᠵᠢᠨ ᠪᠣᠳᠣᠯᠭ᠎ᠠ ᠰᠣᠶᠣᠯ᠎ᠢ ᠨᠢᠭᠡᠳᠦᠯᠲᠡᠶ ᠲᠥᠯᠥᠪᠵᠢᠭᠦᠯᠬᠦ᠂ ᠰᠢᠨᠵᠢᠯᠡᠬᠦ ᠤᠬᠠᠭ᠋ᠠᠨ ᠮᠡᠷᠭᠡᠵᠢᠯ ᠵᠢᠴᠢ ᠬᠠᠮᠢᠶ᠎ᠠ ᠪᠥᠬᠥᠶ ᠡᠬᠢ ᠪᠠᠶᠠᠯᠢᠭ᠎ᠢ ᠨᠢᠭᠡᠳᠦᠯᠲᠡᠶ ᠲᠥᠯᠥᠪᠵᠢᠭᠦᠯᠬᠦ ᠵᠢ ᠦᠨᠡᠨ ᠬᠦ᠌ ᠰᠠᠢ᠌ᠲᠤᠷ ᠬᠢᠵᠦ᠂ ᠦᠵᠦ ᠲᠥᠯᠥᠪᠯᠡᠭᠡ ᠪᠠ ᠰᠢᠰᠲ᠋ᠧᠮ᠎ᠲᠠᠢ ᠠᠬᠢᠭᠤᠯᠬᠤ ᠵᠢ ᠴᠢᠩᠭ᠋ᠠᠳᠬᠠᠨ᠎ᠠ  ᠃
      ᠰᠤᠷᠪᠤᠯᠵᠢᠯᠠᠭᠴᠢ᠄ ᠵᠠᠩᠭᠢᠯᠠᠭ᠎ᠠ ᠵᠢᠨ ᠭᠣᠤᠯᠯᠠᠬᠤ ᠮᠡᠷᠭᠡᠵᠢᠯ᠎ᠤᠨ ᠪᠣᠭᠣᠮᠲᠠ ᠰᠢᠪᠲᠤᠯᠬᠤ ᠳᠤᠮᠳᠠᠬᠢ ᠵᠠᠰᠠᠭ᠎ᠤᠨ ᠣᠷᠳᠣᠨ᠎ᠤ ᠵᠣᠬᠢᠶᠠᠨ ᠪᠠᠢ᠌ᠭᠤᠯᠬᠤ ᠦᠢᠯᠡᠳᠦᠯ᠎ᠢ ᠰᠠᠢ᠌ᠲᠤᠷ ᠪᠠᠳᠠᠷᠠᠭᠤᠯᠬᠤ ᠬᠡᠷᠡᠭᠲᠡᠶ  ᠃ ᠵᠠᠰᠠᠭ᠎ᠤᠨ ᠣᠷᠳᠣᠨ᠎ᠤ ᠵᠣᠬᠢᠶᠠᠨ ᠪᠠᠢ᠌ᠭᠤᠯᠬᠤ ᠦᠢ᠍ᠯᠡᠳᠦᠯ᠎ᠢ ᠬᠡᠷᠬᠢᠨ ᠰᠠᠢ᠌ᠲᠤᠷ ᠪᠠᠳᠠᠷᠠᠭᠤᠯᠬᠤ ᠲᠠᠯ᠎ᠠ᠎ᠪᠠᠷ ᠰᠢᠨᠵᠢᠯᠡᠬᠦ ᠤᠬᠠᠭ᠋ᠠᠨ ᠮᠡᠷᠭᠡᠵᠢᠯ᠎ᠤᠨ ᠶᠠᠮᠤᠨ ᠪᠠᠰᠠ ᠬᠡᠷᠬᠢᠨ ᠬᠦᠴᠦᠯᠡᠬᠦ ᠪᠤᠶ?
      ᠸᠠᠩ ᡁᠢ ᠭᠠᠩ᠄ ᠴᠢᠬᠤᠯᠠ ᠶᠡᠬᠡ ᠵᠠᠩᠭᠢᠯᠠᠭ᠎ᠠ ᠵᠢᠨ ᠭᠣᠤᠯᠯᠠᠬᠤ ᠮᠡᠷᠭᠡᠵᠢᠯ ᠪᠣᠯ ᠤᠯᠤᠰ᠎ᠤᠨ ᠵᠣᠷᠢᠭ ᠰᠠᠨᠠᠭ᠎ᠠ ᠵᠢ ᠢᠯᠡᠷᠡᠭᠦᠯᠬᠦ᠂ ᠤᠯᠤᠰ᠎ᠤᠨ ᠪᠠᠢ᠌ᠯᠳᠤᠬᠤ ᠪᠣᠳᠣᠯᠭ᠎ᠠ ᠵᠢᠨ ᠬᠠᠷᠠᠯᠲᠠ ᠵᠢ ᠪᠡᠶᠡᠯᠡᠭᠦᠯᠬᠦ᠂ ᠤᠯᠤᠰ᠎ᠤᠨ ᠬᠥᠭᠵᠢᠯᠲᠡ ᠪᠠ ᠠᠮᠤᠷ ᠲᠦᠪᠰᠢᠨ᠎ᠤ ᠴᠢᠬᠤᠯᠠ ᠶᠡᠬᠡ ᠠᠰᠠᠭᠤᠳᠠᠯ᠎ᠢ ᠰᠢᠢᠳᠪᠦᠷᠢᠯᠡᠬᠦ ᠮᠡᠷᠭᠡᠵᠢᠯ ᠪᠣᠯᠤᠨ᠎ᠠ  ᠃ ᠪᠡᠷᠬᠡ ᠰᠡᠳᠦᠪ᠎ᠢ ᠰᠢᠢ᠍ᠳᠪᠦᠷᠢᠯᠡᠬᠦ ᠠᠷᠭ᠎ᠠ ᠮᠠᠶᠢᠭ᠎ᠤᠨ ᠲᠠᠯ᠎ᠠ᠎ᠪᠠᠷ᠂ ᠮᠠᠨ᠎ᠤ ᠤᠯᠤᠰ᠎ᠤᠨ ᠬᠦᠴᠦᠨ ᠵᠶ᠋ᠡᠨ ᠲᠥᠪᠯᠡᠷᠡᠭᠦᠯᠦᠨ ᠶᠡᠬᠡ ᠶᠠᠪᠤᠳᠠᠯ᠎ᠢ ᠪᠦᠲᠦᠭᠡᠬᠦ ᠳᠤᠮᠳᠠᠳᠤ ᠤᠯᠤᠰ᠎ᠤᠨ ᠣᠨᠴᠠᠯᠢᠭ ᠪᠦᠬᠦᠢ ᠨᠡᠢ᠌ᠭᠡᠮ ᠵᠢᠷᠤᠮ᠎ᠤᠨ ᠪᠠᠢ᠌ᠭᠤᠯᠤᠯ᠎ᠤᠨ ᠳᠠᠪᠠᠭᠤᠯᠢᠭ᠎ᠢ ᠪᠠᠳᠠᠷᠠᠭᠤᠯᠬᠤ ᠬᠡᠷᠡᠭᠲᠡᠢ᠂ ᠪᠣᠳᠠᠲᠠᠢ ᠵᠣᠬᠢᠶᠠᠨ ᠪᠠᠢ᠌ᠭᠤᠯᠤᠯᠲᠠ ᠵᠢᠨ ᠵᠠᠭᠪᠤᠷ᠎ᠢ ᠪᠡᠷᠬᠡ ᠰᠡᠳᠦᠪ᠎ᠢ ᠰᠢᠢ᠍ᠳᠪᠦᠷᠢᠯᠡᠬᠦ ᠴᠢᠬᠤᠯᠠᠲᠠᠢ ᠰᠢᠨᠵᠢᠯᠡᠬᠦ ᠤᠬᠠᠭ᠋ᠠᠨ᠂ ᠮᠡᠷᠭᠡᠵᠢᠯ ᠪᠠ ᠰᠢᠨ᠎ᠡ ᠵᠢ ᠡᠭᠦᠳᠬᠦ ᠠᠰᠠᠭᠤᠳᠠᠯ᠎ᠢ ᠦᠨᠳᠦᠰᠦᠯᠡᠨ᠂ ᠬᠠᠨᠳᠤᠯᠭ᠋ᠠᠲᠤ ᠴᠢᠨᠠᠷᠲᠠᠢ᠎ᠪᠠᠷ ᠲᠤᠬᠢᠷᠠᠭᠤᠯᠬᠤ ᠬᠡᠷᠡᠭᠲᠡᠢ᠂ ᠬᠠᠷᠢᠨ ᠳᠥᠭᠥᠮᠬᠡᠨ ᠵᠶ᠋ᠡᠷ 《ᠶᠡᠬᠡ ᠪᠢᠩᠲ᠋ᠤᠸᠠᠨ》᠎ᠤ ᠪᠠᠢ᠌ᠯᠳᠤᠭ᠋ᠠᠨ ᠭᠡᠵᠦ ᠣᠢ᠌ᠯᠠᠭ᠋ᠠᠵᠤ ᠪᠣᠯᠬᠤ ᠦᠭᠡᠢ  ᠃ ᠣᠢ᠌ᠯᠠᠭ᠋ᠠᠭᠳᠠᠬᠤᠨ᠎ᠤ ᠲᠠᠯ᠎ᠠ᠎ᠪᠠᠷ᠂ ᠠᠷᠭ᠎ᠠ ᠵᠢᠨ ᠲᠠᠯ᠎ᠠ᠎ᠪᠠᠷ᠂ ᠰᠢᠨᠵᠢᠯᠡᠬᠦ ᠤᠬᠠᠭ᠋ᠠᠨ ᠮᠡᠷᠭᠡᠵᠢᠯ ᠵᠶ᠋ᠡᠷ ᠰᠢᠨᠵᠢᠯᠡᠬᠦ ᠤᠬᠠᠭ᠋ᠠᠨ ᠮᠡᠷᠭᠡᠵᠢᠯ᠎ᠢ ᠦᠵᠡᠵᠦ᠂ ᠬᠡᠷᠡᠭᠴᠡᠭᠡᠨ᠎ᠤ ᠢᠨᠵᠧᠨᠧᠷᠢᠩ᠂ ᠮᠡᠷᠭᠡᠵᠢᠯ᠎ᠤᠨ ᠠᠬᠢᠭᠤᠯᠤᠯ᠂ ᠦᠵᠡᠭᠳᠡᠯ ᠵᠶ᠋ᠡᠷ ᠬᠥᠳᠡᠯᠭᠡᠭᠦᠷ ᠪᠣᠯᠭ᠋ᠠᠬᠤ ᠵᠡᠷᠭᠡ ᠠᠷᠭ᠎ᠠ᠎ᠪᠠᠷ ᠠᠰᠠᠭᠤᠳᠠᠯ᠎ᠢ ᠡᠷᠢᠵᠦ᠂ ᠵᠠᠰᠠᠭ᠎ᠤᠨ ᠣᠷᠳᠣᠨ᠎ᠠᠴᠠ ᠴᠢᠬᠤᠯᠠ ᠶᠡᠬᠡ ᠵᠠᠩᠭᠢᠯᠠᠭ᠎ᠠ ᠵᠢᠨ ᠮᠡᠷᠭᠡᠵᠢᠯ᠎ᠤᠨ ᠠᠰᠠᠭᠤᠳᠠᠯ᠎ᠢ ᠳᠤᠷᠠᠳᠬᠤ ᠵᠢᠨ ᠬᠠᠮᠲᠤ ᠪᠠᠢ᠌ᠯᠳᠤᠬᠤ ᠪᠤᠳᠤᠯᠭ᠎ᠠ ᠵᠢᠨ ᠰᠢᠨᠵᠢᠯᠡᠬᠦ ᠤᠬᠠᠭ᠋ᠠᠨ ᠮᠡᠷᠭᠡᠵᠢᠯ᠎ᠤᠨ ᠬᠦᠴᠦᠨ᠎ᠤ ᠪᠠᠢ᠌ᠭᠤᠯᠤᠯᠲᠠ᠂ ᠴᠢᠳᠠᠪᠤᠷᠢᠲᠠᠨ᠎ᠤ ᠡᠩᠨᠡᠭᠡ ᠵᠢ ᠬᠥᠮᠦᠵᠢᠭᠦᠯᠦᠨ ᠬᠡᠷᠡᠭᠯᠡᠬᠦ᠂ ᠰᠢᠨᠵᠢᠯᠡᠬᠦ ᠤᠬᠠᠭ᠋ᠠᠨ ᠮᠡᠷᠭᠡᠵᠢᠯ᠎ᠤᠨ ᠲᠦᠷᠦ ᠵᠢᠨ ᠪᠤᠳᠤᠯᠭ᠎ᠠ ᠲᠦᠷᠢᠮ᠎ᠢ ᠲᠣᠭᠲᠠᠭ᠋ᠠᠬᠤ᠂ ᠰᠢᠨᠵᠢᠯᠡᠬᠦ ᠤᠬᠠᠭ᠋ᠠᠨ ᠮᠡᠷᠭᠡᠵᠢᠯ᠎ᠤᠨ ᠡᠬᠢ ᠪᠠᠶᠠᠯᠢᠭ᠎ᠢ ᠲᠤᠬᠢᠷᠠᠭᠤᠯᠬᠤ᠂ ᠰᠢᠨᠵᠢᠯᠡᠬᠦ ᠤᠬᠠᠭ᠋ᠠᠨ᠎ᠤ ᠰᠤᠳᠤᠯᠭ᠋ᠠᠨ᠎ᠤ ᠦᠷ᠎ᠡ ᠪᠦᠲᠦᠭᠡᠯ᠎ᠢ ᠦᠨᠡᠯᠡᠬᠦ ᠲᠠᠯ᠎ᠠ᠎ᠪᠠᠷ ᠭᠣᠣᠯᠳᠠᠯᠭ᠎ᠠ᠎ᠲᠠᠢ ᠲᠤᠬᠢᠷᠠᠭᠤᠯᠤᠯᠳᠠ ᠬᠢᠬᠦ ᠬᠡᠷᠡᠭᠲᠡᠢ  ᠃
      ᠡᠭᠦᠨ᠎ᠤ ᠬᠠᠮᠲᠤ ᠪᠠᠰᠠ ᠵᠠᠰᠠᠭ᠎ᠤᠨ ᠣᠷᠳᠣᠨ ᠪᠣᠯ ᠰᠢᠨᠵᠢᠯᠡᠬᠦ ᠤᠬᠠᠭ᠋ᠠᠨ ᠮᠡᠷᠭᠡᠵᠢᠯ᠎ᠤᠨ ᠰᠢᠨ᠎ᠡ ᠵᠢ ᠡᠭᠦᠳᠬᠦ ᠪᠡᠶᠡᠴᠢ ᠴᠣᠭᠴᠠ ᠪᠢᠰᠢ᠂ ᠴᠢᠬᠤᠯᠠ ᠶᠡᠬᠡ ᠵᠠᠩᠭᠢᠯᠠᠭ᠎ᠠ ᠵᠢᠨ ᠭᠣᠣᠯᠯᠠᠬᠤ ᠮᠡᠷᠭᠡᠵᠢᠯ᠎ᠤᠨ ᠠᠰᠠᠭᠤᠳᠠᠯ᠎ᠢ ᠰᠢᠢ᠍ᠳᠪᠦᠷᠢᠯᠡᠬᠦ ᠪᠡᠶᠡᠴᠢ ᠴᠣᠭᠴᠠ ᠴᠤ᠌ ᠪᠢᠰᠢ᠂ ᠵᠠᠰᠠᠭ᠎ᠤᠨ ᠣᠷᠳᠣᠨ᠎ᠤ ᠬᠢᠬᠦ ᠠᠵᠢᠯ ᠪᠣᠯ ᠶᠡᠬᠡ ᠰᠤᠷᠭ᠋ᠠᠭᠤᠯᠢ᠂ ᠰᠢᠨᠵᠢᠯᠡᠬᠦ ᠤᠬᠠᠭ᠋ᠠᠨ᠎ᠤ ᠰᠤᠳᠤᠯᠭ᠋ᠠᠨ᠎ᠤ ᠬᠦᠷᠢᠶᠡᠯᠡᠩ ᠭᠠᠵᠠᠷ᠂ ᠠᠵᠤ ᠠᠬᠤᠢ᠌ᠯᠠᠯ ᠵᠡᠷᠭᠡ ᠰᠢᠨᠵᠢᠯᠡᠬᠦ ᠤᠬᠠᠭ᠋ᠠᠨ ᠮᠡᠷᠭᠡᠵᠢᠯ᠎ᠤᠨ ᠰᠢᠨ᠎ᠡ ᠵᠢ ᠡᠭᠦᠳᠬᠦ ᠪᠡᠶᠡᠴᠢ ᠴᠣᠭᠴᠠ᠎ᠳᠤ ᠨᠥᠬᠥᠴᠡᠯ ᠬᠠᠩᠭ᠋ᠠᠵᠤ᠂ ᠣᠷᠴᠢᠨ ᠨᠥᠬᠥᠴᠡᠯ ᠬᠠᠩᠭ᠋ᠠᠵᠤ᠂ ᠠᠰᠠᠭᠤᠳᠠᠯ ᠳᠤᠷᠠᠳᠬᠤ ᠶᠠᠪᠤᠳᠠᠯ ᠪᠣᠯᠤᠨ᠎ᠠ ᠭᠡᠳᠡᠭ᠎ᠢ ᠲᠣᠳᠣᠷᠬᠠᠢ᠌ᠯᠠᠬᠤ ᠬᠡᠷᠡᠭᠲᠡᠢ  ᠃ ᠵᠢᠱ᠌ᠢᠶᠡᠯᠡᠪᠡᠯ᠂ ᠤᠯᠤᠰ᠎ᠤᠨ ᠬᠥᠭᠵᠢᠯᠲᠡ ᠪᠠ ᠠᠮᠤᠷ ᠲᠦᠪᠰᠢᠨ᠎ᠤ ᠴᠢᠬᠤᠯᠠ ᠶᠡᠬᠡ ᠪᠠᠢ᠌ᠯᠳᠤᠬᠤ ᠪᠤᠳᠤᠯᠭ᠎ᠠ ᠪᠠ ᠬᠡᠷᠡᠭᠯᠡᠭᠡᠨ᠎ᠤ ᠠᠬᠤᠢ ᠪᠠᠢ᠌ᠳᠠᠯ᠎ᠤᠨ ᠥᠷᠢᠰᠥᠯᠳᠦᠭᠡᠨ᠎ᠢ ᠬᠡᠷᠬᠢᠨ ᠴᠢᠬᠤᠯᠠ ᠶᠡᠬᠡ ᠵᠠᠩᠭᠢᠯᠠᠭ᠎ᠠ ᠵᠢᠨ ᠰᠢᠨᠵᠢᠯᠡᠬᠦ ᠤᠬᠠᠭ᠋ᠠᠨ ᠮᠡᠷᠭᠡᠵᠢᠯ᠎ᠤᠨ ᠠᠰᠠᠭᠤᠳᠠᠯ ᠪᠣᠯᠭ᠋ᠠᠨ ᠬᠤᠪᠢᠷᠠᠭᠤᠯᠬᠤ᠂ ᠴᠢᠬᠤᠯᠠ ᠶᠡᠬᠡ ᠵᠠᠩᠭᠢᠯᠠᠭ᠎ᠠ ᠵᠢᠨ ᠰᠢᠨᠵᠢᠯᠡᠬᠦ ᠤᠬᠠᠭ᠋ᠠᠨ ᠮᠡᠷᠭᠡᠵᠢᠯ᠎ᠤᠨ ᠠᠰᠠᠭᠤᠳᠠᠯ᠎ᠢ ᠬᠡᠷᠬᠢᠨ ᠤᠯᠤᠰ᠎ᠤᠨ ᠥᠨᠳᠥᠷ ᠲᠦᠪᠰᠢᠨ ᠪᠦᠬᠦᠢ ᠰᠢᠨᠵᠢᠯᠡᠬᠦ ᠤᠬᠠᠭ᠋ᠠᠨ ᠮᠡᠷᠭᠡᠵᠢᠯ᠎ᠤᠨ ᠰᠢᠨ᠎ᠡ ᠵᠢ ᠡᠭᠦᠳᠬᠦ ᠪᠡᠶᠡᠴᠢ ᠴᠣᠭᠴᠠ ᠪᠠ ᠡᠯ᠎ᠡ ᠵᠦᠢ᠍ᠯ᠎ᠤᠨ ᠰᠢᠨᠵᠢᠯᠡᠬᠦ ᠤᠬᠠᠭ᠋ᠠᠨ ᠮᠡᠷᠭᠡᠵᠢᠯ᠎ᠤᠨ ᠰᠢᠨ᠎ᠡ ᠵᠢ ᠡᠭᠦᠳᠬᠦ ᠡᠬᠢ ᠪᠠᠶᠠᠯᠢᠭ᠎ᠢ ᠨᠢᠭᠲᠠᠷᠠᠭᠤᠯᠬᠤ᠂ ᠥᠨᠳᠥᠷ ᠲᠦᠪᠰᠢᠨ ᠪᠦᠬᠦᠢ ᠰᠢᠨᠵᠢᠯᠡᠬᠦ ᠤᠬᠠᠭ᠋ᠠᠨ ᠮᠡᠷᠭᠡᠵᠢᠯ᠎ᠤᠨ ᠴᠢᠳᠠᠪᠤᠷᠢᠲᠠᠨ᠎ᠢ ᠬᠡᠷᠬᠢᠨ ᠲᠠᠲᠠᠬᠤ ᠵᠡᠷᠭᠡ ᠪᠣᠯᠤᠨ᠎ᠠ  ᠃
      ᠵᠠᠯᠭ᠋ᠠᠭ᠋ᠠᠳ᠂ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠶᠠᠮᠤᠨ ᠬᠡᠷᠬᠢᠨ 《ᠳᠥᠷᠪᠡᠨ ᠬᠠᠨᠳᠤᠰᠢ》 ᠶᠣᠰᠣᠭ᠋ᠠᠷ ᠴᠢᠬᠤᠯᠠ ᠶᠡᠬᠡ ᠠᠰᠠᠭᠤᠳᠠᠯ᠎ᠢ ᠰᠢᠢᠳᠪᠦᠷᠢᠯᠡᠬᠦ᠂ ᠬᠡᠷᠬᠢᠨ ᠪᠣᠭᠣᠮᠲᠠ ᠰᠢᠪᠲᠤᠯᠬᠤ ᠬᠠᠷᠠᠯᠲᠠ ᠵᠢ ᠴᠢᠩᠭ᠎ᠠ ᠠᠩᠬᠠᠷᠬᠤ᠂ ᠬᠡᠷᠬᠢᠨ ᠬᠢᠵᠠᠭ᠋ᠠᠷ᠎ᠲᠠᠢ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠡᠬᠢ ᠪᠠᠶᠠᠯᠢᠭ᠎ᠢ ᠰᠠᠢ᠌ᠲᠤᠷ ᠨᠢᠭᠡᠳᠦᠯᠲᠡᠶ ᠲᠥᠯᠥᠪᠵᠢᠭᠦᠯᠬᠦ᠂ ᠨᠠᠩ ᠶᠡᠬᠡ ᠦᠷ᠎ᠡ ᠪᠦᠲᠦᠮᠵᠢ ᠵᠢ ᠪᠠᠳᠠᠷᠠᠭᠤᠯᠬᠤ ᠵᠡᠷᠭᠡ ᠭᠣᠤᠯᠳᠠᠯᠭ᠎ᠠ ᠵᠢᠨ ᠲᠣᠭᠣᠷᠢᠨ᠎ᠳᠤ᠂ ᠵᠠᠩᠭᠢᠯᠠᠭ᠎ᠠ ᠵᠢᠨ ᠭᠣᠤᠯᠯᠠᠬᠤ ᠮᠡᠷᠭᠡᠵᠢᠯ᠎ᠤᠨ ᠪᠣᠭᠣᠮᠲᠠ ᠰᠢᠪᠲᠤᠯᠬᠤ ᠳᠠᠢ᠌ᠯᠠᠯᠳᠤᠭ᠋ᠠᠨ᠎ᠢ ᠬᠦᠴᠦᠨ ᠵᠶ᠋ᠡᠨ ᠲᠥᠪᠯᠡᠷᠡᠭᠦᠯᠦᠨ ᠰᠠᠢ᠌ᠲᠤᠷ ᠬᠢᠵᠦ᠂ ᠵᠠᠩᠭᠢᠯᠠᠭ᠎ᠠ ᠵᠢᠨ ᠭᠣᠤᠯᠯᠠᠬᠤ ᠮᠡᠷᠭᠡᠵᠢᠯ᠎ᠤᠨ ᠪᠣᠭᠣᠮᠲᠠ ᠰᠢᠪᠲᠤᠯᠬᠤ ᠰᠢᠨ᠎ᠡ ᠬᠡᠯᠪᠡᠷᠢ ᠵᠢᠨ ᠤᠯᠤᠰ ᠳᠠᠶᠠᠭ᠋ᠠᠷ᠎ᠤᠨ ᠪᠠᠢ᠌ᠭᠤᠯᠤᠮᠵᠢ ᠵᠢ ᠲᠠᠰᠤᠷᠠᠯᠲᠠ ᠥᠬᠡᠶ ᠲᠡᠭᠦᠯᠳᠡᠷᠵᠢᠭᠦᠯᠬᠦ ᠪᠣᠯᠤᠨ᠎ᠠ  ᠃
      ᠪᠣᠳᠠᠲᠠᠢ᠎ᠪᠠᠷ ᠬᠡᠯᠡᠪᠡᠯ᠂ ᠨᠢᠭᠡ᠎ᠳᠤ ᠤᠯᠤᠰ᠎ᠤᠨ ᠪᠠᠢ᠌ᠯᠳᠤᠬᠤ ᠪᠤᠳᠤᠯᠭ᠎ᠠ ᠵᠢᠨ ᠠᠰᠢᠭ ᠲᠤᠰᠠ ᠪᠠ ᠤᠯᠤᠰ᠎ᠤᠨ ᠴᠢᠬᠤᠯᠠ ᠵᠡᠪᠰᠡᠭ᠎ᠲᠠᠢ ᠤᠶᠠᠯᠳᠤᠭᠤᠯᠤᠨ᠂ ᠬᠠᠷᠠᠯᠲᠠ ᠵᠢᠨ ᠤᠳᠤᠷᠢᠳᠤᠮᠵᠢ ᠳᠣᠣᠷᠠᠬᠢ ᠠᠰᠠᠭᠤᠳᠠᠯ ᠵᠶ᠋ᠠᠷ ᠤᠳᠤᠷᠢᠳᠤᠮᠵᠢ ᠪᠣᠯᠭ᠋ᠠᠬᠤ ᠵᠢ ᠪᠠᠷᠢᠮᠲᠠᠯᠠᠵᠤ᠂ ᠦᠵᠦ ᠲᠥᠯᠥᠪᠯᠡᠭᠡ ᠵᠢ ᠴᠢᠩᠭ᠋ᠠᠳᠬᠠᠨ᠂ ᠠᠵᠢᠯ᠎ᠤᠨ ᠲᠣᠭᠲᠠᠴᠠ ᠵᠢ ᠲᠡᠭᠦᠯᠳᠡᠷᠵᠢᠭᠦᠯᠵᠦ᠂ ᠡᠯ᠎ᠡ ᠲᠦᠷᠦᠯ᠎ᠤᠨ ᠰᠢᠨᠵᠢᠯᠡᠬᠦ ᠤᠬᠠᠭ᠋ᠠᠨ ᠮᠡᠷᠭᠡᠵᠢᠯ᠎ᠤᠨ ᠲᠥᠯᠥᠪᠯᠡᠭᠡ ᠵᠢ ᠨᠢᠭᠡᠳᠦᠯᠲᠡᠢ ᠲᠥᠯᠥᠪᠯᠡᠨ ᠵᠣᠬᠢᠴᠠᠭᠤᠯᠬᠤ᠂ ᠰᠢᠰᠲ᠋ᠧᠮᠵᠢᠭᠦᠯᠦᠨ ᠪᠠᠢ᠌ᠷᠢᠰᠢᠭᠤᠯᠬᠤ ᠪᠡᠷᠬᠡ ᠰᠡᠳᠦᠪ᠎ᠢ ᠰᠢᠢ᠍ᠳᠪᠦᠷᠢᠯᠡᠬᠦ ᠡᠭᠦᠷᠭᠡ ᠵᠢ ᠲᠠᠰᠤᠷᠠᠯᠲᠠ ᠦᠭᠡᠢ ᠴᠢᠩᠭ᠋ᠠᠳᠬᠠᠨ᠎ᠠ; ᠬᠣᠶᠠᠷ᠎ᠲᠤ᠂ ᠠᠬᠤᠶ ᠪᠠᠢ᠌ᠳᠠᠯ ᠵᠶ᠋ᠠᠷ ᠬᠥᠳᠡᠯᠭᠡᠭᠦᠷ ᠪᠣᠯᠭ᠋ᠠᠬᠤ ᠵᠢ ᠪᠠᠷᠢᠮᠲᠠᠯᠠᠵᠤ᠂ ᠮᠠᠨ᠎ᠤ ᠤᠯᠤᠰ᠎ᠤᠨ ᠬᠡᠲᠦ ᠶᠡᠬᠡ ᠬᠡᠪᠴᠢᠶᠡᠨ᠎ᠤ ᠵᠠᠬ᠎ᠠ ᠳᠡᠯᠭᠡᠭᠦᠷ᠎ᠤᠨ ᠳᠠᠪᠠᠭᠤᠯᠢᠭ᠎ᠢ ᠪᠠᠳᠠᠷᠠᠭᠤᠯᠵᠤ᠂ ᠪᠣᠭᠣᠮᠲᠠ ᠰᠢᠪᠲᠤᠯᠤᠭᠰᠠᠨ ᠦᠢᠯᠡᠳᠬᠦᠨ᠎ᠢ ᠳᠡᠯᠭᠡᠷᠡᠭᠦᠯᠦᠨ ᠬᠡᠷᠡᠭᠯᠡᠬᠦ ᠵᠢ ᠲᠦᠷᠭᠡᠳᠬᠡᠵᠦ᠂ ᠰᠢᠨ᠎ᠡ ᠦᠢᠯᠡᠳᠬᠦᠨ᠎ᠤ ᠰᠢᠨ᠎ᠡ ᠮᠡᠷᠭᠡᠵᠢᠯ᠎ᠢ ᠳᠠᠪᠲᠠᠨ ᠣᠷᠣᠯᠠᠭᠤᠯᠬᠤ᠎ᠳᠤ ᠬᠡᠷᠡᠭᠯᠡᠭᠡᠨ᠎ᠤ ᠪᠠᠢ᠌ᠳᠠᠯ᠎ᠢ ᠬᠠᠩᠭ᠋ᠠᠵᠤ᠂ ᠠᠵᠤ ᠦᠢᠯᠡᠰ᠎ᠤᠨ ᠬᠡᠯᠬᠢᠶ᠎ᠡ ᠬᠠᠩᠭ᠋ᠠᠯᠭ᠎ᠠ ᠵᠢᠨ ᠬᠡᠯᠬᠢᠶ᠎ᠡ ᠤᠶᠠᠨ ᠴᠢᠨᠠᠷ ᠪᠠ ᠠᠮᠤᠷ ᠲᠦᠪᠰᠢᠨ᠎ᠤ ᠲᠦᠪᠰᠢᠨ᠎ᠢ ᠬᠦᠴᠦᠯᠡᠨ ᠳᠡᠭᠡᠭᠰᠢᠯᠡᠭᠦᠯᠦᠨ᠎ᠡ; ᠭᠤᠷᠪᠠ᠎ᠳᠤ᠂ ᠰᠢᠨᠵᠢᠯᠡᠬᠦ ᠤᠬᠠᠭ᠋ᠠᠨ᠎ᠤ ᠰᠤᠳᠤᠯᠭ᠋ᠠᠨ᠎ᠤ ᠦᠨᠡᠯᠡᠯᠲᠡ ᠪᠠ ᠦᠷ᠎ᠡ ᠳ᠋ᠦᠩ᠎ᠤᠨ ᠬᠡᠷᠡᠭᠯᠡᠯᠲᠡ ᠵᠢ ᠰᠠᠢ᠌ᠲᠤᠷ ᠪᠠᠳᠠᠷᠠᠭᠤᠯᠵᠤ᠂ ᠰᠢᠨᠵᠢᠯᠡᠬᠦ ᠤᠬᠠᠭ᠋ᠠᠨ᠎ᠤ ᠰᠤᠳᠤᠯᠭ᠋ᠠᠨ᠎ᠤ ᠠᠵᠢᠯᠲᠠᠳ᠎ᠤᠨ ᠳᠠᠷᠤᠭ᠋ᠠᠰᠤ ᠵᠢ ᠬᠥᠩᠭᠡᠷᠡᠭᠦᠯᠬᠦ᠂ ᠰᠠᠢ᠌ᠨ ᠰᠠᠢ᠌ᠬᠠᠨ ᠰᠢᠨ᠎ᠡ ᠵᠢ ᠡᠭᠦᠳᠬᠦ ᠠᠮᠢ ᠠᠬᠤᠶ ᠪᠠ ᠰᠤᠷᠲᠠᠯ ᠡᠷᠳᠡᠮ ᠰᠢᠨᠵᠢᠯᠡᠭᠡᠨ᠎ᠤ ᠰᠤᠷᠲᠠᠯ᠎ᠢ ᠪᠣᠶ ᠪᠣᠯᠭ᠋ᠠᠬᠤ᠂ ᠰᠢᠨᠵᠢᠯᠡᠬᠦ ᠤᠬᠠᠭ᠋ᠠᠨ᠎ᠤ ᠰᠤᠳᠤᠯᠭ᠋ᠠᠨ᠎ᠤ ᠠᠵᠢᠯᠲᠠᠳ᠎ᠢ ᠨᠢᠭᠡ ᠰᠡᠳᠬᠢᠯ ᠨᠢᠭᠡ ᠵᠣᠷᠢᠭ ᠵᠶ᠋ᠠᠷ ᠰᠢᠨᠵᠢᠯᠡᠬᠦ ᠤᠬᠠᠭ᠋ᠠᠨ᠎ᠤ ᠰᠤᠳᠤᠯᠭ᠋ᠠᠨ ᠬᠢᠬᠦ ᠵᠡᠷᠭᠡ ᠲᠠᠯ᠎ᠠ᠎ᠪᠠᠷ ᠬᠦᠴᠦ ᠣᠷᠣᠭᠤᠯᠵᠤ᠂ ᠴᠢᠯᠥᠭᠡᠲᠡᠶ ᠬᠠᠢ᠌ᠨ ᠰᠦᠪᠡᠭᠴᠢᠯᠡᠬᠦ ᠵᠢ ᠵᠣᠷᠢᠭᠵᠢᠭᠤᠯᠵᠤ᠂ ᠨᠠᠩ ᠣᠯᠠᠨ ᠥᠨᠳᠥᠷ ᠲᠦᠪᠰᠢᠨ ᠪᠥᠬᠥᠶ ᠴᠢᠳᠠᠪᠤᠷᠢᠲᠠᠨ᠎ᠢ ᠦᠷᠭᠦᠯᠵᠢᠯᠡᠨ ᠲᠠᠲᠠᠵᠤ ᠤᠯᠤᠰ᠎ᠤᠨ ᠪᠠᠢ᠌ᠯᠳᠤᠬᠤ ᠪᠣᠳᠣᠯᠭ᠎ᠠ ᠵᠢᠨ ᠬᠡᠷᠡᠭᠴᠡᠭᠡ ᠱᠠᠭ᠋ᠠᠷᠳᠠᠯᠭ᠎ᠠ ᠵᠢᠨ ᠲᠣᠭᠣᠷᠢᠨ᠎ᠳᠤ ᠪᠣᠭᠣᠮᠲᠠ ᠰᠢᠪᠲᠤᠯᠬᠤ᠎ᠳᠤ ᠣᠷᠣᠯᠴᠠᠭᠤᠯᠤᠨ᠎ᠠ  ᠃
      ᠰᠤᠷᠪᠤᠯᠵᠢᠯᠠᠭᠴᠢ᠄ ᠰᠢᠨᠵᠢᠯᠡᠬᠦ ᠤᠬᠠᠭ᠋ᠠᠨ ᠮᠡᠷᠭᠡᠵᠢᠯ᠎ᠤᠨ ᠶᠠᠮᠤᠨ ᠠᠵᠤ ᠠᠬᠤᠢ᠌ᠯᠠᠯ᠎ᠤᠨ ᠰᠢᠨᠵᠢᠯᠡᠬᠦ ᠤᠬᠠᠭ᠋ᠠᠨ ᠮᠡᠷᠭᠡᠵᠢᠯ᠎ᠤᠨ ᠰᠢᠨ᠎ᠡ ᠵᠢ ᠡᠭᠦᠳᠬᠦ ᠪᠡᠶᠡᠴᠢ ᠴᠣᠭᠴᠠ ᠵᠢᠨ ᠪᠠᠢ᠌ᠷᠢ ᠰᠠᠭᠤᠷᠢ ᠵᠢ ᠬᠡᠷᠬᠢᠨ ᠤᠯᠠᠮ ᠨᠢᠭᠡ ᠠᠯᠬᠤᠮ ᠳᠣᠪᠣᠢ᠌ᠯᠭ᠋ᠠᠬᠤ ᠪᠣᠶ?
      ᠸᠠᠩ ᡁᠢ ᠭᠠᠩ᠄ ᠡᠨᠡ ᠤᠳᠠᠭ᠎ᠠ ᠵᠢᠨ ᠲᠥᠪ᠎ᠤᠨ ᠠᠵᠤ ᠠᠬᠤᠢ ᠵᠢᠨ ᠠᠵᠢᠯ᠎ᠤᠨ ᠬᠤᠷᠠᠯ᠎ᠠᠴᠠ ᠠᠵᠤ ᠠᠬᠤᠢ᠌ᠯᠠᠯ ᠪᠣᠯ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠰᠢᠨ᠎ᠡ ᠵᠢ ᠡᠭᠦᠳᠬᠦ ᠭᠣᠣᠯ ᠴᠣᠭᠴᠠ ᠪᠣᠯᠤᠨ᠎ᠠ  ᠃ ᠠᠵᠤ ᠠᠬᠤᠢ᠌ᠯᠠᠯ᠎ᠢ 《ᠰᠢᠨ᠎ᠡ ᠵᠢ ᠡᠭᠦᠳᠬᠦ ᠪᠡᠶᠡᠴᠢ ᠴᠣᠭᠴᠠ》᠎ᠠᠴᠠ 《ᠰᠢᠨᠵᠢᠯᠡᠬᠦ ᠤᠬᠠᠭ᠋ᠠᠨ ᠮᠡᠷᠭᠡᠵᠢᠯ᠎ᠤᠨ ᠰᠢᠨ᠎ᠡ ᠵᠢ ᠡᠭᠦᠳᠬᠦ ᠪᠡᠶᠡᠴᠢ ᠴᠣᠭᠴᠠ》 ᠪᠣᠯᠭ᠋ᠠᠨ ᠬᠤᠪᠢᠷᠠᠭᠤᠯᠤᠭᠰᠠᠨ᠎ᠨᠢ ᠠᠵᠤ ᠠᠬᠤᠢ᠌ᠯᠠᠯ᠎ᠤᠨ ᠤᠯᠤᠰ᠎ᠤᠨ ᠰᠢᠨ᠎ᠡ ᠵᠢ ᠡᠭᠦᠳᠬᠦ ᠰᠢᠰᠲ᠋ᠧᠮ᠎ᠳᠠᠬᠢ ᠪᠠᠢ᠌ᠷᠢ ᠰᠠᠭᠤᠷᠢ ᠵᠢ ᠰᠢᠨ᠎ᠡ ᠳᠡᠭᠡᠳᠦ ᠬᠡᠮᠵᠢᠶᠡᠨ᠎ᠳᠤ ᠬᠦᠷᠲᠡᠯ᠎ᠡ ᠳᠡᠭᠡᠭᠰᠢᠯᠡᠭᠦᠯᠦᠭᠰᠡᠨ᠎ᠢ ᠬᠠᠷᠠᠭᠤᠯᠵᠤ᠂ ᠠᠵᠤ ᠠᠬᠤᠢ᠌ᠯᠠᠯ᠎ᠢ ᠰᠠᠭᠤᠷᠢ ᠰᠤᠳᠤᠯᠭ᠋ᠠᠨ᠂ ᠬᠡᠷᠡᠭᠯᠡᠭᠡᠨ᠎ᠤ ᠰᠠᠭᠤᠷᠢ ᠰᠤᠳᠤᠯᠭ᠋ᠠᠨ ᠵᠡᠷᠭᠡ ᠰᠢᠨ᠎ᠡ ᠵᠢ ᠡᠭᠦᠳᠬᠦ ᠬᠡᠯᠬᠢᠶ᠎ᠡ ᠵᠢᠨ ᠡᠮᠦᠨ᠎ᠡ ᠦᠵᠦᠭᠦᠷ ᠲᠡᠢ᠌ᠰᠢ ᠤᠷᠲᠤᠳᠬᠠᠬᠤ ᠵᠢ ᠲᠦᠯᠬᠢᠨ ᠠᠬᠢᠭᠤᠯᠬᠤ ᠵᠢ ᠨᠡᠩ ᠴᠢᠬᠤᠯᠠᠴᠢᠯᠠᠭᠰᠠᠨ ᠪᠥᠭᠡᠳ ᠠᠵᠤ ᠠᠬᠤᠢ᠌ᠯᠠᠯ᠎ᠤᠨ ᠰᠠᠭᠤᠷᠢ ᠰᠤᠳᠤᠯᠭ᠋ᠠᠨ᠂ ᠬᠡᠷᠡᠭᠯᠡᠭᠡᠨ᠎ᠤ ᠰᠠᠭᠤᠷᠢ ᠰᠤᠳᠤᠯᠭ᠋ᠠᠨ᠂ ᠮᠡᠷᠭᠡᠵᠢᠯ᠎ᠤᠨ ᠰᠢᠨ᠎ᠡ ᠡᠭᠦᠳᠦᠯᠲᠡ᠂ ᠦᠷ᠎ᠡ ᠪᠦᠲᠦᠭᠡᠯ᠎ᠤᠨ ᠬᠤᠪᠢᠷᠠᠭᠤᠯᠤᠯᠲᠠ ᠪᠠ ᠠᠵᠤ ᠦᠢ᠍ᠯᠡᠰᠵᠢᠯᠲᠡ ᠵᠢᠨ ᠪᠦᠬᠦ ᠶᠠᠪᠤᠴᠠ᠎ᠳᠠᠬᠢ ᠪᠡᠶᠡᠴᠢ ᠴᠣᠭᠴᠠ ᠵᠢᠨ ᠪᠠᠢ᠌ᠷᠢ ᠰᠠᠭᠤᠷᠢ ᠵᠢ ᠲᠤᠪᠤᠢ᠍ᠢ᠍ᠯᠭ᠋ᠠᠵᠠᠢ  ᠃
      ᠠᠵᠤ ᠠᠬᠤᠢ᠌ᠯᠠᠯ᠎ᠨᠢ ᠮᠡᠷᠭᠡᠵᠢᠯ᠎ᠤᠨ ᠰᠢᠨ᠎ᠡ ᠵᠢ ᠡᠭᠦᠳᠬᠦ ᠰᠢᠢᠳᠪᠦᠷᠢᠲᠦ ᠪᠣᠳᠣᠯᠭ᠎ᠠ ᠲᠣᠭᠲᠠᠭ᠋ᠠᠬᠤ᠂ ᠰᠤᠳᠤᠯᠤᠨ ᠨᠡᠭᠡᠭᠡᠬᠦ᠎ᠳᠤ ᠣᠷᠣᠭᠤᠯᠤᠯᠲᠠ ᠬᠢᠬᠦ᠂ ᠰᠢᠨᠵᠢᠯᠡᠬᠦ ᠤᠬᠠᠭ᠋ᠠᠨ᠎ᠤ ᠰᠤᠳᠤᠯᠭ᠋ᠠᠨ᠎ᠢ ᠵᠣᠬᠢᠶᠠᠨ ᠪᠠᠢ᠌ᠭᠤᠯᠬᠤ ᠪᠠ ᠦᠷ᠎ᠡ ᠪᠦᠲᠦᠭᠡᠯ᠎ᠢ ᠤᠯᠠᠷᠢᠭᠤᠯᠬᠤ ᠭᠣᠤᠯ ᠴᠣᠭᠴᠠ ᠪᠣᠯᠵᠣ᠂ ᠰᠢᠨᠵᠢᠯᠡᠬᠦ ᠤᠬᠠᠭ᠋ᠠᠨ ᠮᠡᠷᠭᠡᠵᠢᠯ᠎ᠤᠨ ᠶᠠᠮᠤᠨ᠎ᠠᠴᠠ ᠬᠦᠴᠦᠨ ᠵᠦᠢᠯ᠂ ᠲᠥᠷᠥ ᠵᠢᠨ ᠪᠣᠳᠣᠯᠭ᠎ᠠ᠂ ᠲᠥᠷᠥᠯ ᠵᠦᠢᠯ ᠪᠠ ᠵᠠᠬ᠎ᠠ ᠳᠡᠯᠭᠡᠭᠦᠷ ᠵᠡᠷᠭᠡ ᠲᠠᠯ᠎ᠠ᠎ᠪᠠᠷ ᠳᠡᠮᠵᠢᠯᠭᠡ ᠦᠵᠡᠭᠦᠯᠦᠨ᠎ᠡ  ᠃
      ᠵᠢᠱ᠌ᠢᠶᠡᠯᠡᠪᠡᠯ᠂ ᠰᠢᠨ᠎ᠡ ᠵᠢ ᠡᠭᠦᠳᠬᠦ ᠡᠯᠧᠮᠧᠨ᠋ᠲ᠎ᠤᠨ ᠥᠨᠳᠥᠷ ᠪᠦᠲᠦᠮᠵᠢᠲᠡᠢ ᠲᠤᠬᠢᠷᠠᠭᠤᠯᠤᠯᠳᠠ ᠵᠢ ᠠᠬᠢᠭᠤᠯᠵᠤ᠂ ᠠᠵᠤ ᠠᠬᠤᠢ᠌ᠯᠠᠯ᠎ᠤᠨ ᠰᠤᠳᠤᠯᠤᠨ ᠨᠡᠭᠡᠭᠡᠬᠦ ᠣᠷᠣᠭᠤᠯᠤᠯᠲᠠ ᠵᠢᠨ ᠭᠣᠣᠯ ᠴᠣᠭᠴᠠ ᠵᠢᠨ ᠪᠠᠢ᠌ᠷᠢ ᠰᠠᠭᠤᠷᠢ ᠵᠢ ᠴᠢᠩᠭ᠋ᠠᠳᠬᠠᠨ᠎ᠠ  ᠃ ᠲᠠᠷᠠᠭ᠋ᠠᠴᠢ ᠵᠢᠨ ᠠᠯᠬᠤᠮ᠎ᠳᠤ᠂ ᠠᠵᠤ ᠠᠬᠤᠢ᠌ᠯᠠᠯ᠎ᠤᠨ ᠤᠷᠢᠳᠴᠢᠯᠠᠯ ᠪᠠᠢ᠌ᠷᠢᠰᠢᠭᠤᠯᠤᠯᠲᠠ ᠵᠢᠨ ᠰᠠᠭᠤᠷᠢ ᠬᠣᠰᠢᠭᠤᠷᠠᠯ ᠰᠤᠳᠤᠯᠭ᠋ᠠᠨ᠎ᠢ ᠳᠡᠮᠵᠢᠵᠦ᠂ ᠤᠯᠤᠰ᠎ᠤᠨ ᠪᠠᠢ᠌ᠭ᠋ᠠᠯᠢ ᠵᠢᠨ ᠰᠢᠨᠵᠢᠯᠡᠬᠦ ᠤᠬᠠᠭ᠋ᠠᠨ᠎ᠤ ᠰᠠᠭᠤᠷᠢ ᠮᠥᠩᠭᠥ ᠵᠢᠨ ᠠᠵᠤ ᠠᠬᠤᠢ᠌ᠯᠠᠯ᠎ᠤᠨ ᠰᠢᠨ᠎ᠡ ᠵᠢ ᠡᠭᠦᠳᠬᠦ ᠬᠥᠭᠵᠢᠯᠲᠡ ᠵᠢᠨ ᠬᠠᠮᠲᠤᠷᠠᠭᠰᠠᠨ ᠰᠠᠭᠤᠷᠢ ᠮᠥᠩᠭᠥ ᠵᠢᠨ ᠬᠡᠪᠴᠢᠶ᠎ᠡ ᠵᠢ ᠥᠷᠭᠡᠳᠬᠡᠨ᠂ ᠢᠷᠡᠭᠡᠳᠦᠶ ᠵᠢᠨ ᠠᠵᠤ ᠦᠢᠯᠡᠰ᠎ᠤᠨ ᠰᠢᠨᠵᠢᠯᠡᠬᠦ ᠤᠬᠠᠭ᠋ᠠᠨ ᠮᠡᠷᠭᠡᠵᠢᠯ᠎ᠤᠨ ᠬᠦᠷᠢᠶᠡᠯᠡᠩ᠎ᠤᠨ ᠪᠥᠲᠥᠭᠡᠨ ᠪᠠᠢ᠌ᠭᠤᠯᠤᠯᠲᠠ ᠵᠢᠨ ᠲᠤᠷᠰᠢᠯᠲᠠ ᠵᠢ ᠥᠷᠨᠢᠭᠦᠯᠦᠨ᠎ᠡ; ᠰᠢᠨᠵᠢᠯᠡᠬᠦ ᠤᠬᠠᠭ᠋ᠠᠨ ᠮᠡᠷᠭᠡᠵᠢᠯ᠎ᠤᠨ ᠰᠢᠨ᠎ᠡ ᠵᠢ ᠡᠭᠦᠳᠬᠦ ᠵᠢ ᠳᠡᠮᠵᠢᠬᠦ ᠭᠠᠢ᠌ᠯᠢ ᠲᠠᠲᠠᠪᠤᠷᠢ ᠵᠢᠨ ᠬᠠᠷᠠᠭ᠋ᠠᠯᠵᠠᠯ᠎ᠤᠨ ᠲᠥᠷᠥ ᠵᠢᠨ ᠪᠣᠳᠣᠯᠭ᠎ᠠ ᠵᠢ ᠨᠠᠢ᠌ᠳᠠᠪᠤᠷᠢᠵᠢᠭᠤᠯᠵᠤ᠂ ᠠᠵᠤ ᠠᠬᠤᠢ᠌ᠯᠠᠯ᠎ᠤᠨ ᠰᠤᠳᠤᠯᠤᠨ ᠨᠡᠭᠡᠭᠡᠬᠦ ᠣᠷᠣᠭᠤᠯᠤᠯᠲᠠ᠎ᠪᠠᠨ ᠨᠡᠮᠡᠭᠳᠡᠭᠦᠯᠬᠦ ᠵᠢ ᠬᠥᠲᠥᠯᠥᠨ ᠵᠢᠯᠣᠭᠣᠳᠤᠨ᠎ᠠ  ᠃
      ᠪᠠᠢ᠌ᠯᠳᠤᠬᠤ ᠪᠣᠳᠣᠯᠭ᠎ᠠ ᠵᠢᠨ ᠬᠥᠲᠥᠯᠥᠨ ᠳᠠᠭ᠋ᠠᠭᠤᠯᠬᠤ ᠦᠢᠯᠡᠳᠦᠯ᠎ᠢ ᠪᠠᠳᠠᠷᠠᠭᠤᠯᠵᠤ᠂ ᠠᠵᠤ ᠠᠬᠤᠢ᠌ᠯᠠᠯ᠎ᠤᠨ ᠰᠢᠨᠵᠢᠯᠡᠬᠦ ᠤᠬᠠᠭ᠋ᠠᠨ ᠮᠡᠷᠭᠡᠵᠢᠯ᠎ᠤᠨ ᠰᠢᠨ᠎ᠡ ᠵᠢ ᠡᠭᠦᠳᠬᠦ ᠰᠢᠢᠳᠪᠦᠷᠢᠲᠦ ᠪᠣᠳᠣᠯᠭ᠎ᠠ ᠵᠢᠨ ᠭᠣᠤᠯ ᠴᠣᠭᠴᠠ ᠵᠢᠨ ᠪᠠᠢ᠌ᠷᠢ ᠰᠠᠭᠤᠷᠢ ᠵᠢ ᠴᠢᠩᠭ᠋ᠠᠷᠠᠭᠤᠯᠤᠨ᠎ᠠ  ᠃ ᠠᠵᠤ ᠠᠬᠤᠢ᠌ᠯᠠᠯ᠎ᠤᠨ ᠤᠯᠤᠰ᠎ᠤᠨ ᠰᠢᠨ᠎ᠡ ᠵᠢ ᠡᠭᠦᠳᠬᠦ ᠰᠢᠢ᠍ᠳᠪᠦᠷᠢᠲᠦ ᠪᠤᠳᠤᠯᠭ᠎ᠠ ᠲᠣᠭᠲᠠᠭ᠋ᠠᠬᠤ᠎ᠳᠤ ᠨᠡᠩ ᠶᠡᠬᠡ ᠬᠡᠪᠴᠢᠢ᠎ᠡ ᠨᠡᠩ ᠭᠦᠨ ᠬᠡᠮᠵᠢᠢ᠎ᠡ᠎ᠪᠠᠷ ᠣᠷᠣᠯᠴᠠᠬᠤ ᠵᠢ ᠲᠡᠮᠵᠢᠵᠤ᠂ ᠠᠵᠤ ᠠᠬᠤᠢ᠌ᠯᠠᠯᠲᠠᠨ᠎ᠤ ᠰᠢᠨᠵᠢᠯᠡᠬᠦ ᠤᠬᠠᠭ᠋ᠠᠨ ᠮᠡᠷᠭᠡᠵᠢᠯ᠎ᠤᠨ ᠰᠢᠨ᠎ᠡ ᠵᠢ ᠡᠭᠦᠳᠬᠦ ᠵᠥᠪᠯᠡᠯᠭᠡ ᠥᠭᠬᠦ ᠶᠠᠷᠢᠯᠴᠠᠬᠤ ᠬᠤᠷᠠᠯ᠎ᠤᠨ ᠲᠦᠷᠢᠮ᠎ᠢ ᠪᠠᠢ᠌ᠭᠤᠯᠵᠤ᠂ ᠠᠵᠤ ᠠᠬᠤᠢ᠌ᠯᠠᠯ᠎ᠤᠨ ᠰᠢᠨ᠎ᠡ ᠵᠢ ᠡᠭᠦᠳᠬᠦ ᠳᠡᠭᠡᠳᠦ ᠲᠡᠰ᠎ᠤᠨ ᠤᠶᠤᠨ᠎ᠤ ᠬᠥᠮᠥᠷᠭᠡ ᠵᠢᠨ ᠰᠦᠯᠵᠢᠶᠡᠨ᠎ᠤ ᠪᠠᠢ᠌ᠭᠤᠯᠤᠯᠲᠠ ᠵᠢ ᠲᠦᠷᠭᠡᠪᠴᠢᠯᠡᠨ ᠠᠬᠢᠭᠤᠯᠤᠨ᠎ᠠ  ᠃
      ᠲᠦᠷᠦᠯ ᠵᠦᠢ᠍ᠯ᠎ᠤᠨ ᠵᠣᠬᠢᠶᠠᠨ ᠪᠠᠢ᠌ᠭᠤᠯᠤᠯᠲᠠ ᠵᠢᠨ ᠲᠣᠭᠲᠠᠴᠠ ᠵᠢ ᠲᠡᠭᠦᠯᠳᠡᠷᠵᠢᠭᠦᠯᠵᠦ᠂ ᠠᠵᠤ ᠠᠬᠤᠢ᠌ᠯᠠᠯ᠎ᠤᠨ ᠰᠢᠨᠵᠢᠯᠡᠬᠦ ᠤᠬᠠᠭ᠋ᠠᠨ᠎ᠤ ᠰᠤᠳᠤᠯᠭ᠋ᠠᠨ᠎ᠤ ᠵᠣᠬᠢᠶᠠᠨ ᠪᠠᠢ᠌ᠭᠤᠯᠤᠯᠲᠠ ᠵᠢᠨ ᠭᠣᠣᠯ ᠴᠣᠭᠴᠠ ᠵᠢᠨ ᠪᠠᠢ᠌ᠷᠢ ᠰᠠᠭᠤᠷᠢ ᠵᠢ ᠴᠢᠩᠭ᠋ᠠᠳᠬᠠᠨ᠎ᠠ  ᠃ 2021 ᠣᠨ᠎ᠤ ᠤᠯᠤᠰ᠎ᠤᠨ ᠭᠣᠤᠯᠳᠠᠯᠭ᠎ᠠ᠎ᠲᠠᠢ ᠰᠤᠳᠤᠯᠤᠨ ᠨᠡᠭᠡᠭᠡᠬᠦ ᠲᠥᠯᠥᠪᠯᠡᠭᠡ ᠵᠢᠨ 860 ᠭᠠᠷᠤᠶ ᠲᠥᠷᠥᠯ ᠵᠦᠢᠯ᠎ᠤᠨ ᠳᠣᠲᠣᠷ᠎ᠠ᠂ ᠠᠵᠤ ᠠᠬᠤᠢ᠌ᠯᠠᠯ ᠲᠦᠷᠦᠭᠦᠯᠡᠭᠰᠡᠨ ᠪᠤᠶᠤ ᠣᠷᠣᠯᠴᠠᠭᠰᠠᠨ᠎ᠨᠢ 680 ᠭᠠᠷᠤᠶ ᠪᠠᠢ᠌ᠵᠤ᠂ ᠡᠵᠡᠯᠡᠬᠦ ᠬᠠᠷᠢᠴᠠᠯ᠎ᠨᠢ 79 %᠎ᠳᠤ ᠬᠦᠷᠴᠡᠶ  ᠃ ᠵᠠᠯᠭ᠋ᠠᠭ᠋ᠠᠳ᠂ ᠠᠵᠤ ᠠᠬᠤᠢ᠌ᠯᠠᠯ᠎ᠤᠨ ᠰᠡᠳᠦᠪ ᠭᠠᠷᠭ᠋ᠠᠭᠴᠢ᠂ ᠰᠡᠳᠦᠪ ᠬᠠᠷᠢᠭᠤᠯᠤᠭᠴᠢ ᠪᠠ ᠰᠢᠯᠭ᠋ᠠᠯᠲᠠ ᠦᠵᠡᠭᠴᠢ ᠪᠣᠯᠬᠤ ᠦᠢᠯᠡᠳᠦᠯ᠎ᠢ ᠤᠯᠠᠮ ᠨᠢᠭᠡ ᠠᠯᠬᠤᠮ ᠪᠠᠳᠠᠷᠠᠭᠤᠯᠬᠤ ᠬᠡᠷᠡᠭᠲᠡᠶ  ᠃ ᠡᠭᠦᠨ᠎ᠤ ᠬᠠᠮᠲᠤ᠂ 《ᠰᠠᠮᠪᠠᠷ᠎ᠠ ᠰᠡᠬᠦᠵᠦ ᠮᠠᠩᠯᠠᠢ᠌ᠯᠠᠭᠤᠯᠬᠤ》 ᠵᠡᠷᠭᠡ ᠠᠷᠭ᠎ᠠ ᠮᠠᠶᠢᠭ ᠵᠶ᠋ᠠᠷ ᠳᠠᠮᠵᠢᠭᠤᠯᠤᠨ᠂ ᠨᠠᠩ ᠣᠯᠠᠨ ᠠᠵᠤ ᠠᠬᠤᠢ᠌ᠯᠠᠯ᠎ᠤᠨ ᠰᠠᠭᠤᠷᠢ ᠰᠤᠳᠤᠯᠭ᠋ᠠᠨ᠂ ᠮᠡᠷᠭᠡᠵᠢᠯ᠎ᠤᠨ ᠰᠢᠨ᠎ᠡ ᠡᠭᠦᠳᠦᠯᠲᠡ᠂ ᠠᠵᠤ ᠦᠢ᠍ᠯᠡᠰᠵᠢᠯᠲᠡ ᠵᠡᠷᠭᠡ ᠰᠢᠨᠵᠢᠯᠡᠬᠦ ᠤᠬᠠᠭ᠋ᠠᠨ ᠮᠡᠷᠭᠡᠵᠢᠯ᠎ᠤᠨ ᠰᠢᠨ᠎ᠡ ᠵᠢ ᠡᠭᠦᠳᠬᠦ ᠠᠵᠢᠯᠯᠠᠭ᠎ᠠ᠎ᠳᠤ ᠣᠷᠣᠯᠴᠠᠬᠤ ᠵᠢ ᠳᠡᠮᠵᠢᠨ᠎ᠡ  ᠃
      ᠵᠠᠬ᠎ᠠ ᠳᠡᠯᠭᠡᠭᠦᠷ᠎ᠤᠨ ᠳᠠᠪᠠᠭᠤᠯᠢᠭ᠎ᠢ ᠪᠠᠳᠠᠷᠠᠭᠤᠯᠵᠤ᠂ ᠠᠵᠤ ᠠᠬᠤᠢ᠌ᠯᠠᠯ᠎ᠤᠨ ᠦᠷ᠎ᠡ ᠪᠦᠲᠦᠭᠡᠯ᠎ᠢ ᠤᠯᠠᠷᠢᠭᠤᠯᠬᠤ ᠵᠢᠨ ᠭᠣᠤᠯ ᠴᠣᠭᠴᠠ ᠵᠢᠨ ᠪᠠᠢ᠌ᠷᠢ ᠰᠠᠭᠤᠷᠢ ᠵᠢ ᠴᠢᠩᠭ᠋ᠠᠷᠠᠭᠤᠯᠤᠨ᠎ᠠ  ᠃ 2021 ᠣᠨ᠎ᠳᠤ᠂ ᠪᠥᠬᠥ ᠤᠯᠤᠰ᠎ᠤᠨ ᠮᠡᠷᠭᠡᠵᠢᠯ᠎ᠤᠨ ᠭᠡᠷ᠎ᠡ ᠵᠢᠨ ᠠᠷᠠᠯᠵᠢᠶ᠎ᠠ ᠪᠦᠲᠦᠭᠰᠡᠨ ᠲᠣᠭ᠎ᠠ 3 . 7 ᠲᠦᠮᠡᠨ ᠳ᠋ᠦᠩᠰᠢᠭᠤᠷ ᠲᠥᠭᠥᠷᠢᠭ᠎ᠲᠤ ᠬᠦᠷᠴᠦ᠂ ᠠᠵᠤ ᠠᠬᠤᠢ᠌ᠯᠠᠯ᠎ᠤᠨ ᠮᠡᠷᠭᠡᠵᠢᠯ᠎ᠤᠨ ᠭᠠᠷᠭ᠋ᠠᠯᠲᠠ ᠪᠠ ᠣᠷᠣᠭᠤᠯᠤᠯᠲᠠ ᠴᠥᠮ 80 %᠎ᠠᠴᠠ ᠳᠡᠭᠡᠭᠰᠢᠬᠢ ᠵᠢ ᠡᠵᠡᠯᠡᠪᠡ  ᠃ ᠲᠠᠷᠠᠭ᠋ᠠᠴᠢ ᠵᠢᠨ ᠠᠯᠬᠤᠮ᠎ᠳᠤ᠂ ᠠᠵᠤ ᠠᠬᠤᠢ᠌ᠯᠠᠯ᠎ᠤᠨ ᠬᠡᠷᠡᠭᠴᠡᠭᠡ ᠱᠠᠭ᠋ᠠᠷᠳᠠᠯᠭ᠎ᠠ ᠵᠢᠨ ᠲᠠᠯ᠎ᠠ ᠵᠢᠨ ᠦᠷ᠎ᠡ ᠪᠦᠲᠦᠭᠡᠯ᠎ᠢ ᠰᠢᠩᠭᠡᠭᠡᠨ ᠠᠪᠬᠤ ᠴᠢᠳᠠᠪᠤᠷᠢ ᠪᠠ ᠤᠯᠠᠷᠢᠭᠤᠯᠬᠤ ᠴᠢᠳᠠᠪᠤᠷᠢ ᠵᠢ ᠳᠡᠭᠡᠭᠰᠢᠯᠡᠭᠦᠯᠵᠦ᠂ ᠳᠡᠭᠡᠳᠦ ᠰᠤᠷᠭ᠋ᠠᠭᠤᠯᠢ᠂ ᠰᠤᠳᠤᠯᠭ᠋ᠠᠨ᠎ᠤ ᠬᠦᠷᠢᠶᠡᠯᠡᠩ ᠭᠠᠵᠠᠷ ᠵᠡᠷᠭᠡ ᠰᠢᠨᠵᠢᠯᠡᠬᠦ ᠤᠬᠠᠭ᠋ᠠᠨ ᠮᠡᠷᠭᠡᠵᠢᠯ᠎ᠤᠨ ᠦᠷ᠎ᠡ ᠪᠦᠲᠦᠭᠡᠯ᠎ᠢ ᠠᠵᠤ ᠠᠬᠤᠢ᠌ᠯᠠᠯ᠎ᠳᠤ ᠤᠯᠠᠷᠢᠭᠤᠯᠬᠤ ᠪᠠ ᠠᠵᠤ ᠦᠢ᠍ᠯᠡᠰᠵᠢᠭᠦᠯᠬᠦ ᠵᠢ ᠲᠦᠷᠭᠡᠳᠬᠡᠨ᠎ᠡ; ᠠᠵᠤ ᠠᠬᠤᠢ᠌ᠯᠠᠯ᠎ᠤᠨ ᠪᠥᠲᠥᠭᠡᠨ ᠪᠠᠢ᠌ᠭᠤᠯᠤᠯᠲᠠ ᠵᠢᠨ ᠳᠤᠮᠳᠠᠬᠢ ᠲᠤᠷᠰᠢᠯᠲᠠ ᠵᠢᠨ ᠦᠨᠡᠮᠯᠡᠯ᠎ᠤᠨ ᠲᠠᠪᠴᠠᠩ᠎ᠢ ᠨᠠᠩ ᠶᠡᠬᠡ ᠡᠷᠴᠢᠮ ᠵᠶ᠋ᠡᠷ ᠳᠡᠮᠵᠢᠵᠦ᠂ ᠦᠷ᠎ᠡ ᠪᠦᠲᠦᠭᠡᠯ᠎ᠢ ᠤᠯᠠᠷᠢᠭᠤᠯᠬᠤ ᠵᠢᠨ ᠤᠷᠮᠠᠰᠢᠭᠤᠯᠵᠤ ᠬᠢᠵᠠᠭ᠋ᠠᠷᠯᠠᠬᠤ ᠲᠣᠭᠲᠠᠴᠠ ᠵᠢ ᠲᠡᠭᠦᠯᠳᠡᠷᠵᠢᠭᠦᠯᠦᠨ᠎ᠡ  ᠃
      ᠰᠤᠷᠪᠤᠯᠵᠢᠯᠠᠭᠴᠢ᠄ ᠲᠥᠪ᠎ᠤᠨ ᠠᠵᠤ ᠠᠬᠤᠶ ᠵᠢᠨ ᠠᠵᠢᠯ᠎ᠤᠨ ᠬᠤᠷᠠᠯᠳᠤᠭ᠋ᠠᠨ᠎ᠠᠴᠠ ᠵᠢᠭ᠋ᠠᠵᠤ ᠭᠠᠷᠭ᠋ᠠᠭᠰᠠᠨ᠎ᠨᠢ᠂ ᠰᠢᠨᠵᠢᠯᠡᠬᠦ ᠤᠬᠠᠭ᠋ᠠᠨ ᠮᠡᠷᠭᠡᠵᠢᠯ᠎ᠤᠨ ᠲᠥᠷᠥ ᠵᠢᠨ ᠪᠣᠳᠣᠯᠭ᠎ᠠ᠎ᠨᠢ ᠪᠡᠶ᠎ᠡ᠎ᠪᠠᠨ ᠳᠠᠭ᠋ᠠᠭ᠋ᠠᠵᠤ ᠬᠦᠴᠦᠷᠬᠡᠭᠵᠢᠬᠦ ᠳᠡᠭᠡᠷ᠎ᠡ ᠠᠩᠬᠠᠷᠤᠯ ᠵᠶ᠋ᠠᠨ ᠲᠥᠪᠯᠡᠷᠡᠭᠦᠯᠬᠦ ᠬᠡᠷᠡᠭᠲᠡᠶ᠂ ᠡᠭᠦᠨ᠎ᠳᠤ ᠰᠢᠨᠵᠢᠯᠡᠬᠦ ᠤᠬᠠᠭ᠋ᠠᠨ ᠮᠡᠷᠭᠡᠵᠢᠯ᠎ᠤᠨ ᠶᠠᠮᠤᠨ ᠶᠠᠮᠠᠷ ᠪᠣᠳᠣᠯᠬᠢᠯᠠᠯ ᠪᠠ ᠲᠣᠬᠢᠷᠠᠭᠤᠯᠤᠯᠲᠠ᠎ᠲᠠᠢ ᠪᠤᠶ?
      ᠸᠠᠩ ᡁᠢ ᠭᠠᠩ᠄ ᠲᠥᠪ᠎ᠤᠨ ᠠᠵᠤ ᠠᠬᠤᠶ ᠵᠢᠨ ᠠᠵᠢᠯ᠎ᠤᠨ ᠬᠤᠷᠠᠯ᠎ᠠᠴᠠ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠲᠥᠷᠥ ᠵᠢᠨ ᠪᠣᠳᠣᠯᠭ᠎ᠠ ᠬᠢᠭᠡᠳ ᠡᠳ᠋᠎ᠤᠨ ᠵᠠᠰᠠᠭ᠎ᠤᠨ ᠲᠥᠷᠥ ᠵᠢᠨ ᠪᠣᠳᠣᠯᠭ᠎ᠠ᠂ ᠵᠣᠭᠣᠰᠣᠨ᠎ᠤ ᠲᠥᠷᠥ ᠵᠢᠨ ᠪᠣᠳᠣᠯᠭ᠎ᠠ᠂ ᠠᠵᠤ ᠦᠢᠯᠡᠰ᠎ᠤᠨ ᠲᠥᠷᠥ ᠵᠢᠨ ᠪᠣᠳᠣᠯᠭ᠎ᠠ᠂ ᠨᠡᠢ᠌ᠭᠡᠮ᠎ᠤᠨ ᠲᠥᠷᠥ ᠵᠢᠨ ᠪᠣᠳᠣᠯᠭ᠎ᠠ᠎ᠲᠠᠢ ᠴᠢᠨᠠᠷ ᠰᠠᠢ᠌ᠲᠠᠶ ᠬᠥᠭᠵᠢᠯᠲᠡ ᠵᠢ ᠲᠤᠯᠭ᠋ᠠᠭᠤᠷᠢᠯᠠᠬᠤ 《ᠲᠠᠪᠤᠨ ᠶᠡᠬᠡ ᠲᠥᠷᠥ ᠵᠢᠨ ᠪᠣᠳᠣᠯᠭ᠎ᠠ》 ᠪᠣᠯᠤᠭᠰᠠᠨ᠎ᠤ ᠬᠤᠪᠢ᠎ᠳᠤ᠂ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠰᠢᠨ᠎ᠡ ᠵᠢ ᠡᠭᠦᠳᠬᠦ ᠵᠢᠨ ᠴᠢᠨᠠᠷ ᠰᠠᠢ᠌ᠲᠠᠶ ᠬᠥᠭᠵᠢᠯᠲᠡ᠎ᠳᠠᠬᠢ ᠪᠠᠢ᠌ᠷᠢ ᠰᠠᠭᠤᠷᠢ ᠪᠠ ᠦᠢᠯᠡᠳᠦᠯ᠎ᠢ ᠨᠠᠩ ᠲᠣᠪᠣᠢ᠌ᠮ᠎ᠠ ᠪᠣᠯᠭ᠋ᠠᠵᠤ᠂ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠪᠡᠶ᠎ᠡ᠎ᠪᠠᠨ ᠳᠠᠭ᠋ᠠᠭ᠋ᠠᠵᠤ ᠥᠪᠡᠷ᠎ᠢ᠎ᠪᠠᠨ ᠬᠦᠴᠦᠷᠬᠡᠭᠵᠢᠭᠦᠯᠬᠦ ᠵᠢᠨ ᠴᠢᠬᠤᠯᠠ ᠴᠢᠨᠠᠷ ᠪᠠ ᠲᠤᠯᠭ᠋ᠠᠮ ᠴᠢᠨᠠᠷ᠎ᠢ ᠨᠠᠩ ᠲᠣᠪᠣᠢ᠌ᠮ᠎ᠠ ᠪᠣᠯᠭ᠋ᠠᠵᠠᠶ  ᠃
      ᠰᠢᠨᠵᠢᠯᠡᠬᠦ ᠤᠬᠠᠭ᠋ᠠᠨ ᠮᠡᠷᠭᠡᠵᠢᠯ᠎ᠤᠨ ᠪᠡᠶ᠎ᠡ᠎ᠪᠠᠨ ᠳᠠᠭ᠋ᠠᠭ᠋ᠠᠵᠤ ᠬᠦᠴᠦᠷᠬᠡᠭᠵᠢᠬᠦ ᠪᠣᠯ ᠨᠢᠭᠡᠨ ᠲᠤᠮᠤ ᠤᠯᠤᠰ ᠬᠦᠴᠦᠷᠬᠡᠭ ᠤᠯᠤᠰ ᠪᠣᠯᠬᠤ ᠵᠢᠨ ᠵᠠᠢ᠌ᠯᠠᠰᠢ ᠦᠭᠡᠢ ᠱᠠᠭ᠋ᠠᠷᠳᠠᠯᠭ᠎ᠠ ᠮᠥᠨ  ᠃ ᠪᠡᠶ᠎ᠡ᠎ᠪᠠᠨ ᠳᠠᠭ᠋ᠠᠭ᠋ᠠᠵᠤ ᠥᠪᠡᠷ᠎ᠢ᠎ᠪᠠᠨ ᠬᠦᠴᠦᠷᠬᠡᠭᠵᠢᠭᠦᠯᠬᠦ ᠵᠢᠨ ᠠᠭᠤᠯᠤᠭᠳᠠᠬᠤᠨ᠎ᠳᠤ᠄ ᠪᠠᠢ᠌ᠭᠤᠯᠤᠯ᠎ᠤᠨ ᠳᠠᠪᠠᠭᠤᠯᠢᠭ᠎ᠢ ᠰᠠᠢ᠌ᠲᠤᠷ ᠬᠡᠷᠡᠭᠯᠡᠵᠦ᠂ ᠤᠯᠤᠰ᠎ᠤᠨ ᠰᠢᠨᠵᠢᠯᠡᠬᠦ ᠤᠬᠠᠭ᠋ᠠᠨ ᠮᠡᠷᠭᠡᠵᠢᠯ᠎ᠤᠨ ᠰᠢᠨ᠎ᠡ ᠵᠢ ᠡᠭᠦᠳᠬᠦ ᠰᠢᠰᠲ᠋ᠧᠮ᠎ᠢ ᠲᠠᠰᠤᠷᠠᠯᠲᠠ ᠦᠭᠡᠢ ᠲᠡᠭᠦᠯᠳᠡᠷᠵᠢᠭᠦᠯᠬᠦ; ᠰᠢᠨᠵᠢᠯᠡᠬᠦ ᠤᠬᠠᠭ᠋ᠠᠨ ᠮᠡᠷᠭᠡᠵᠢᠯ᠎ᠤᠨ ᠬᠥᠭᠵᠢᠯᠲᠡ ᠵᠢᠨ ᠪᠠᠢ᠌ᠯᠳᠤᠬᠤ ᠪᠣᠳᠣᠯᠭ᠎ᠠ ᠰᠢᠨᠵᠢᠯᠡᠬᠦ ᠤᠬᠠᠭ᠋ᠠᠨᠴᠢ ᠵᠦᠶ ᠵᠣᠬᠢᠰᠲᠠᠶ; ᠤᠯᠤᠰ᠎ᠤᠨ ᠪᠠᠢ᠌ᠯᠳᠤᠬᠤ ᠪᠤᠳᠤᠯᠭ᠎ᠠ ᠵᠢᠨ ᠰᠢᠨᠵᠢᠯᠡᠬᠦ ᠤᠬᠠᠭ᠋ᠠᠨ ᠮᠡᠷᠭᠡᠵᠢᠯ᠎ᠤᠨ ᠬᠦᠴᠦᠨ᠎ᠨᠢ ᠤᠯᠤᠰ᠎ᠤᠨ ᠬᠥᠭᠵᠢᠯᠲᠡ ᠵᠢᠨ ᠪᠠᠢ᠌ᠯᠳᠤᠬᠤ ᠪᠤᠳᠤᠯᠭ᠎ᠠ ᠵᠢᠨ ᠬᠡᠷᠡᠭᠵᠢᠭᠦᠯᠦᠯᠲᠡ ᠵᠢ ᠬᠦᠴᠦᠲᠡᠢ ᠲᠤᠯᠭ᠋ᠠᠭᠤᠷᠢᠯᠠᠪᠠ; ᠰᠢᠨᠵᠢᠯᠡᠬᠦ ᠤᠬᠠᠭ᠋ᠠᠨ ᠮᠡᠷᠭᠡᠵᠢᠯ᠎ᠤᠨ ᠦᠷ᠎ᠡ ᠪᠦᠲᠦᠭᠡᠯ ᠪᠠᠲᠤ ᠴᠢᠩᠭ᠎ᠠ; ᠰᠢᠨᠵᠢᠯᠡᠬᠦ ᠤᠬᠠᠭ᠋ᠠᠨ ᠮᠡᠷᠭᠡᠵᠢᠯ᠎ᠤᠨ ᠨᠡᠪᠴᠢᠯᠲᠡ ᠵᠢᠨ ᠴᠢᠨᠠᠷ᠂ ᠲᠠᠷᠬᠠᠯᠲᠠ ᠵᠢᠨ ᠴᠢᠨᠠᠷ᠎ᠨᠢ ᠤᠯᠤᠰ᠎ᠤᠨ ᠬᠥᠭᠵᠢᠯᠲᠡ᠂ ᠠᠮᠤᠷ ᠲᠦᠪᠰᠢᠨ᠎ᠤ ᠶᠡᠬᠡ ᠲᠠᠯ᠎ᠠ ᠵᠢ ᠬᠦᠴᠦᠲᠡᠶ ᠲᠤᠯᠭ᠋ᠠᠭᠤᠷᠢᠯᠠᠨ᠎ᠠ; ᠪᠦᠬᠦ ᠪᠥᠮᠪᠥᠷᠴᠡᠭ᠎ᠤᠨ ᠰᠢᠨᠵᠢᠯᠡᠬᠦ ᠤᠬᠠᠭ᠋ᠠᠨ ᠮᠡᠷᠭᠡᠵᠢᠯ᠎ᠤᠨ ᠰᠢᠨ᠎ᠡ ᠵᠢ ᠡᠭᠦᠳᠬᠦ ᠰᠢᠰᠲ᠋ᠧᠮ᠎ᠳᠤ ᠴᠢᠬᠤᠯᠠ ᠪᠠᠢ᠌ᠷᠢ ᠰᠠᠭᠤᠷᠢ᠎ᠲᠠᠢ ᠶᠤᠮ  ᠃
      ᠰᠢᠨᠵᠢᠯᠡᠬᠦ ᠤᠬᠠᠭ᠋ᠠᠨ ᠮᠡᠷᠭᠡᠵᠢᠯ᠎ᠤᠨ ᠶᠠᠮᠤᠨ 2023 ᠣᠨ᠎ᠤ ᠨᠠᠮ᠎ᠤᠨ ᠤᠳᠤᠷᠢᠳᠬᠤ ᠳᠤᠭᠤᠢ᠌ᠯᠠᠩ᠎ᠤᠨ ᠨᠢᠭᠡᠳᠦᠭᠡᠷ ᠲᠣᠭ᠋ᠠᠲᠤ ᠪᠢᠴᠢᠭ ᠮᠠᠲ᠋ᠧᠷᠢᠶᠠᠯ᠎ᠢ ᠰᠤᠳᠤᠯᠤᠨ ᠲᠣᠭᠲᠠᠭ᠋ᠠᠵᠤ᠂ ᠪᠦᠬᠦ ᠤᠯᠤᠰ᠎ᠤᠨ ᠰᠢᠨᠵᠢᠯᠡᠬᠦ ᠤᠬᠠᠭ᠋ᠠᠨ ᠮᠡᠷᠭᠡᠵᠢᠯ᠎ᠤᠨ ᠬᠠᠮᠢᠶᠠᠷᠤᠯᠲᠠ ᠵᠢᠨ ᠰᠢᠰᠲ᠋ᠧᠮ᠎ᠢ ᠵᠢᠯᠣᠭᠣᠳᠴᠤ᠂ ᠤᠷᠢᠳᠠᠴᠢ ᠴᠢᠨᠠᠷᠲᠠᠢ ᠲᠥᠯᠥᠪᠵᠢᠭᠦᠯᠭᠡ ᠬᠢᠬᠦ᠂ ᠪᠦᠬᠦᠯᠢ ᠴᠣᠭᠴᠠ ᠵᠢᠨ ᠴᠢᠨᠠᠷᠲᠠᠢ ᠠᠬᠢᠭᠤᠯᠬᠤ ᠵᠢ ᠴᠢᠩᠭ᠋ᠠᠳᠬᠠᠪᠠ  ᠃ ᠨᠢᠭᠡ᠎ᠳᠤ ᠰᠢᠨ᠎ᠡ ᠮᠠᠶᠢᠭ᠎ᠤᠨ ᠤᠯᠤᠰ ᠳᠠᠶᠠᠭ᠋ᠠᠷ᠎ᠤᠨ ᠪᠠᠢ᠌ᠭᠤᠯᠤᠯ᠎ᠢ ᠲᠡᠭᠦᠯᠳᠡᠷᠵᠢᠭᠦᠯᠦᠨ᠎ᠡ  ᠃ ᠵᠠᠩᠭᠢᠯᠠᠭ᠎ᠠ ᠵᠢᠨ ᠭᠣᠣᠯᠯᠠᠬᠤ ᠮᠡᠷᠭᠡᠵᠢᠯ᠎ᠤᠨ ᠪᠡᠷᠬᠡ ᠰᠡᠳᠦᠪ᠎ᠢ ᠰᠢᠢ᠍ᠳᠪᠦᠷᠢᠯᠡᠬᠦ ᠵᠢ ᠴᠢᠩᠭ᠋ᠠᠳᠬᠠᠵᠤ᠂ ᠨᠢᠭᠡ ᠪᠦᠯᠦᠭ ᠤᠯᠤᠰ᠎ᠤᠨ ᠴᠢᠬᠤᠯᠠ ᠶᠡᠬᠡ ᠰᠢᠨᠵᠢᠯᠡᠬᠦ ᠤᠬᠠᠭ᠋ᠠᠨ ᠮᠡᠷᠭᠡᠵᠢᠯ᠎ᠤᠨ ᠵᠦᠢ᠍ᠯᠡᠰ᠎ᠢ ᠪᠠᠢ᠌ᠷᠢᠰᠢᠭᠤᠯᠤᠨ ᠬᠡᠷᠡᠭᠵᠢᠭᠦᠯᠵᠦ᠂ ᠠᠵᠤ ᠦᠢ᠍ᠯᠡᠰ᠎ᠤᠨ ᠬᠡᠯᠬᠢᠶ᠎ᠡ ᠬᠠᠩᠭ᠋ᠠᠯᠭ᠎ᠠ ᠵᠢᠨ ᠬᠡᠯᠬᠢᠶᠡᠨ᠎ᠤ ᠤᠶᠠᠨ ᠬᠠᠳᠠᠨ ᠴᠢᠨᠠᠷ ᠪᠠ ᠠᠮᠤᠷ ᠲᠦᠪᠰᠢᠨ᠎ᠤ ᠬᠢᠷᠢ ᠲᠦᠪᠰᠢᠨ᠎ᠢ ᠳᠡᠭᠡᠭᠰᠢᠯᠡᠭᠦᠯᠦᠨ᠎ᠡ  ᠃ ᠬᠣᠶᠠᠷ᠎ᠲᠤ ᠤᠯᠤᠰ᠎ᠤᠨ ᠪᠠᠢ᠌ᠯᠳᠤᠬᠤ ᠪᠤᠳᠤᠯᠭ᠎ᠠ ᠵᠢᠨ ᠰᠢᠨᠵᠢᠯᠡᠬᠦ ᠤᠬᠠᠭ᠋ᠠᠨ ᠮᠡᠷᠭᠡᠵᠢᠯ᠎ᠤᠨ ᠬᠦᠴᠦᠨ᠎ᠢ ᠴᠢᠩᠭ᠋ᠠᠷᠠᠭᠤᠯᠤᠨ᠎ᠠ  ᠃ ᠤᠯᠤᠰ᠎ᠤᠨ ᠲᠤᠷᠰᠢᠯᠲᠠ ᠵᠢᠨ ᠲᠠᠰᠤᠭ᠎ᠢ ᠲᠦᠷᠭᠡᠪᠴᠢᠯᠡᠨ ᠪᠠᠢ᠌ᠭᠤᠯᠵᠤ᠂ ᠪᠦᠬᠦ ᠤᠯᠤᠰ᠎ᠤᠨ ᠭᠣᠣᠯᠳᠠᠯᠭ᠎ᠠ᠎ᠲᠠᠢ ᠲᠤᠷᠰᠢᠯᠲᠠ ᠵᠢᠨ ᠲᠠᠰᠤᠭ᠎ᠢ ᠲᠠᠬᠢᠨ ᠪᠠᠢ᠌ᠭᠤᠯᠵᠤ᠂ ᠳᠤᠮᠳᠠᠳᠤ ᠤᠯᠤᠰ᠎ᠤᠨ ᠣᠨᠴᠠᠯᠢᠭ ᠪᠦᠬᠦᠢ ᠤᠯᠤᠰ᠎ᠤᠨ ᠲᠤᠷᠰᠢᠯᠲᠠ ᠵᠢᠨ ᠲᠠᠰᠤᠭ᠎ᠤᠨ ᠰᠢᠰᠲ᠋ᠧᠮ᠎ᠢ ᠪᠠᠢ᠌ᠭᠤᠯᠵᠤ᠂ ᠳᠡᠭᠡᠳᠦ ᠰᠤᠷᠭ᠋ᠠᠭᠤᠯᠢ ᠪᠠ ᠰᠢᠨᠵᠢᠯᠡᠬᠦ ᠤᠬᠠᠭ᠋ᠠᠨ᠎ᠤ ᠰᠤᠳᠤᠯᠭ᠋ᠠᠨ᠎ᠤ ᠬᠦᠷᠢᠶᠡᠯᠡᠩ᠎ᠤᠨ ᠪᠤᠢ ᠪᠦᠬᠦᠢ ᠵᠣᠬᠢᠶᠠᠨ ᠪᠠᠢ᠌ᠭᠤᠯᠤᠯᠲᠠ ᠵᠢᠨ ᠰᠢᠨᠵᠢᠯᠡᠬᠦ ᠤᠬᠠᠭ᠋ᠠᠨ᠎ᠤ ᠰᠤᠳᠤᠯᠭ᠋ᠠᠨ᠎ᠢ ᠴᠢᠩᠭ᠋ᠠᠳᠬᠠᠨ᠎ᠠ  ᠃ ᠭᠤᠷᠪᠠ᠎ᠳᠤ ᠰᠠᠭᠤᠷᠢ ᠰᠤᠳᠤᠯᠤᠯ᠎ᠤᠨ ᠠᠩᠬᠠᠨ᠎ᠤ ᠡᠭᠦᠳᠦᠯᠲᠡ ᠵᠢᠨ ᠴᠢᠳᠠᠪᠤᠷᠢ ᠵᠢ ᠳᠡᠭᠡᠭᠰᠢᠯᠡᠭᠦᠯᠦᠨ᠎ᠡ  ᠃ ᠰᠠᠭᠤᠷᠢ ᠰᠤᠳᠤᠯᠭ᠋ᠠᠨ᠎ᠤ ᠠᠷᠪᠠᠨ ᠵᠢᠯ᠎ᠤᠨ ᠲᠥᠯᠥᠪᠵᠢᠭᠦᠯᠭᠡ ᠵᠢ ᠬᠡᠷᠡᠭᠵᠢᠭᠦᠯᠵᠦ᠂ ᠬᠡᠷᠡᠭᠴᠡᠭᠡ᠎ᠪᠠᠷ ᠤᠳᠤᠷᠢᠳᠤᠮᠵᠢ ᠪᠣᠯᠭ᠋ᠠᠬᠤ ᠪᠠ ᠴᠢᠯᠥᠭᠡᠲᠡᠶ ᠰᠦᠪᠡᠭᠴᠢᠯᠡᠬᠦ ᠲᠥᠷᠥᠯ᠎ᠤᠨ ᠰᠠᠭᠤᠷᠢ ᠰᠤᠳᠤᠯᠭ᠋ᠠᠨ᠎ᠢ ᠨᠢᠭᠡᠳᠦᠯᠲᠡᠶ ᠲᠥᠯᠥᠪᠯᠡᠨ ᠪᠠᠢ᠌ᠷᠢᠯᠠᠭᠤᠯᠵᠤ᠂ ᠰᠠᠭᠤᠷᠢ ᠰᠢᠨᠵᠢᠯᠡᠭᠡᠨ᠎ᠤ ᠰᠤᠳᠤᠯᠭ᠋ᠠᠨ᠎ᠤ ᠲᠥᠪ᠎ᠤᠨ ᠪᠠᠢ᠌ᠭᠤᠯᠤᠯᠲᠠ ᠵᠢ ᠴᠢᠩᠭ᠋ᠠᠳᠬᠠᠨ᠎ᠠ  ᠃ ᠲᠦᠷᠪᠡ᠎ᠳᠤ ᠰᠢᠨᠵᠢᠯᠡᠬᠦ ᠤᠬᠠᠭ᠋ᠠᠨ ᠮᠡᠷᠭᠡᠵᠢᠯ᠎ᠤᠨ ᠠᠵᠤ ᠦᠢ᠍ᠯᠡᠰ ᠮᠥᠩᠭᠥᠨ ᠭᠦᠢ᠍ᠯᠭᠡᠭᠡᠨ᠎ᠤ ᠰᠠᠢ᠍ᠢ᠍ᠨ ᠣᠷᠴᠢᠯ᠎ᠢ ᠠᠬᠢᠭᠤᠯᠵᠤ᠂ ᠮᠥᠩᠭᠥᠨ ᠭᠦᠢ᠍ᠯᠭᠡᠭᠡᠨ᠎ᠤ ᠵᠠᠬ᠎ᠠ ᠳᠡᠯᠭᠡᠭᠦᠷ ᠪᠠ ᠮᠥᠩᠭᠥᠨ ᠭᠦᠢ᠍ᠯᠭᠡᠭᠡᠨ᠎ᠤ ᠪᠠᠭ᠋ᠠᠵᠢ ᠵᠢᠨ ᠰᠢᠨᠵᠢᠯᠡᠬᠦ ᠤᠬᠠᠭ᠋ᠠᠨ ᠮᠡᠷᠭᠡᠵᠢᠯ᠎ᠤᠨ ᠰᠢᠨ᠎ᠡ ᠵᠢ ᠡᠭᠦᠳᠬᠦ ᠵᠢ ᠳᠡᠮᠵᠢᠬᠦ ᠲᠣᠭᠲᠠᠴᠠ ᠵᠢ ᠲᠡᠭᠦᠯᠳᠡᠷᠵᠢᠭᠦᠯᠦᠨ᠎ᠡ  ᠃ ᠲᠠᠪᠤ᠎ᠳᠤ᠂ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠪᠡᠶ᠎ᠡ᠎ᠪᠠᠨ ᠳᠠᠭ᠋ᠠᠭ᠋ᠠᠵᠤ ᠬᠦᠴᠦᠷᠬᠡᠭᠵᠢᠬᠦ ᠪᠠ ᠤᠯᠠᠨ ᠤᠯᠤᠰ᠎ᠤᠨ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠰᠣᠯᠢᠯᠴᠠᠭ᠎ᠠ ᠬᠠᠮᠲᠤᠷᠠᠯᠴᠠᠭ᠎ᠠ ᠵᠢᠨ ᠬᠠᠷᠢᠴᠠᠭ᠎ᠠ ᠵᠢ ᠰᠠᠢ᠌ᠲᠤᠷ ᠡᠵᠡᠮᠳᠡᠵᠦ᠂ ᠪᠦᠬᠦ ᠪᠥᠮᠪᠥᠷᠴᠡᠭ᠎ᠤᠨ ᠰᠢᠨ᠎ᠡ ᠵᠢ ᠡᠭᠦᠳᠬᠦ ᠲᠣᠣᠷ᠎ᠲᠤ ᠰᠠᠨᠠᠭ᠋ᠠᠴᠢᠯᠠᠭ᠎ᠠ᠎ᠠᠴᠠ᠎ᠪᠠᠨ ᠠᠭᠤᠰᠤᠯᠴᠠᠵᠤ᠂ ᠪᠦᠬᠦ ᠪᠥᠮᠪᠥᠷᠴᠡᠭ᠎ᠤᠨ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠵᠠᠰᠠᠯᠲᠠ᠎ᠳᠤ ᠢᠳᠡᠪᠬᠢᠲᠡᠢ ᠣᠷᠣᠯᠴᠠᠨ᠎ᠠ  ᠃
      ᠰᠤᠷᠪᠤᠯᠵᠢᠯᠠᠭᠴᠢ᠄ ᠴᠢᠳᠠᠪᠤᠷᠢᠲᠠᠨ᠎ᠢ ᠬᠥᠮᠦᠵᠢᠭᠦᠯᠬᠦ ᠪᠠ ᠣᠷᠣᠭᠤᠯᠤᠨ ᠠᠪᠴᠢᠷᠠᠬᠤ ᠲᠠᠯ᠎ᠠ᠎ᠪᠠᠷ ᠰᠢᠨᠵᠢᠯᠡᠬᠦ ᠤᠬᠠᠭ᠋ᠠᠨ ᠮᠡᠷᠭᠡᠵᠢᠯ᠎ᠤᠨ ᠶᠠᠮᠤᠨ ᠶᠠᠮᠠᠷ ᠶᠠᠮᠠᠷ ᠪᠣᠳᠣᠯᠬᠢᠯᠠᠯ᠎ᠲᠠᠢ ᠪᠣᠶ?
      ᠸᠠᠩ ᡁᠢ ᠭᠠᠩ᠄ ᠴᠢᠳᠠᠪᠤᠷᠢᠲᠠᠨ᠎ᠤ ᠪᠡᠶ᠎ᠡ᠎ᠪᠠᠨ ᠳᠠᠭ᠋ᠠᠭ᠋ᠠᠵᠤ ᠬᠥᠮᠦᠵᠢᠭᠦᠯᠬᠦ ᠶᠠᠰᠤ ᠴᠢᠨᠠᠷ ᠪᠠ ᠴᠢᠳᠠᠪᠤᠷᠢ ᠵᠢ ᠳᠡᠭᠡᠭᠰᠢᠯᠡᠭᠦᠯᠬᠦ ᠪᠣᠯ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠪᠡᠶ᠎ᠡ᠎ᠪᠠᠨ ᠳᠠᠭ᠋ᠠᠭ᠋ᠠᠨ ᠬᠦᠴᠦᠷᠬᠡᠭᠵᠢᠵᠦ᠂ ᠥᠨᠳᠥᠷ ᠲᠦᠪᠰᠢᠨ ᠪᠥᠬᠥᠶ ᠪᠠᠢ᠌ᠯᠳᠤᠬᠤ ᠪᠣᠳᠣᠯᠭ᠎ᠠ ᠵᠢᠨ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠬᠦᠴᠦᠨ᠎ᠢ ᠪᠦᠷᠢᠯᠳᠦᠭᠦᠯᠬᠦ᠎ᠳᠤ ᠪᠠᠢ᠌ᠪᠠᠰᠤ ᠵᠣᠬᠢᠬᠤ ᠠᠭᠤᠯᠭ᠎ᠠ ᠪᠣᠯᠤᠨ᠎ᠠ  ᠃ ᠲᠠᠷᠠᠭ᠋ᠠᠴᠢ ᠵᠢᠨ ᠠᠯᠬᠤᠮ᠎ᠳᠤ᠂ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠶᠠᠮᠤᠨ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠂ ᠰᠤᠷᠭ᠋ᠠᠨ ᠬᠥᠮᠦᠵᠢᠯ᠂ ᠴᠢᠳᠠᠪᠤᠷᠢᠲᠠᠨ᠎ᠤ ᠠᠵᠢᠯ᠎ᠢ ᠨᠢᠭᠡ ᠴᠣᠭᠴᠠᠵᠢᠭᠤᠯᠤᠨ ᠠᠬᠢᠭᠤᠯᠵᠤ᠂ ᠳᠥᠷᠪᠡᠨ ᠲᠠᠯ᠎ᠠ ᠵᠢᠨ ᠠᠵᠢᠯ᠎ᠢ ᠭᠣᠤᠯᠳᠠᠯᠭ᠎ᠠ᠎ᠲᠠᠢ ᠰᠠᠢ᠌ᠲᠤᠷ ᠬᠢᠨ᠎ᠠ᠄ ᠨᠢᠭᠡ᠎ᠳᠤ ᠪᠠᠢ᠌ᠯᠳᠤᠬᠤ ᠪᠣᠳᠣᠯᠭ᠎ᠠ ᠵᠢᠨ ᠰᠢᠨᠵᠢᠯᠡᠬᠦ ᠤᠬᠠᠭ᠋ᠠᠨᠲᠠᠨ᠎ᠢ ᠶᠡᠬᠡ᠎ᠪᠠᠷ ᠢᠯᠡᠷᠡᠭᠦᠯᠵᠦ᠂ ᠬᠥᠮᠦᠵᠢᠭᠦᠯᠵᠦ᠂ ᠬᠡᠷᠡᠭᠯᠡᠵᠦ᠂ ᠤᠯᠤᠰ᠎ᠤᠨ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠲᠥᠯᠥᠪᠯᠡᠭᠡ ᠵᠢᠨ ᠲᠥᠷᠥᠯ ᠵᠦᠢᠯ᠂ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠰᠢᠨ᠎ᠡ ᠵᠢ ᠡᠭᠦᠳᠬᠦ ᠲᠠᠪᠴᠠᠩ᠎ᠤᠨ ᠰᠠᠭᠤᠷᠢᠨ᠂ ᠴᠢᠳᠠᠪᠤᠷᠢᠲᠠᠨ᠎ᠤ ᠲᠥᠯᠥᠪᠯᠡᠭᠡ ᠵᠢᠨ ᠢᠨᠵᠧᠨᠧᠷᠢᠩ ᠵᠡᠷᠭᠡ᠎ᠳᠤ ᠲᠦᠰᠢᠭᠯᠡᠨ ᠲᠡᠷᠢᠭᠦᠨ᠎ᠤ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠳᠠᠭ᠋ᠠᠭᠤᠯᠤᠭᠴᠢ ᠴᠢᠳᠠᠪᠤᠷᠢᠲᠠᠨ ᠪᠠ ᠰᠢᠨ᠎ᠡ ᠵᠢ ᠡᠭᠦᠳᠬᠦ ᠪᠦᠯᠬᠦᠮ ᠨᠡᠢ᠌ᠲᠡ ᠵᠢ ᠬᠥᠮᠦᠵᠢᠭᠦᠯᠦᠨ᠎ᠡ; ᠬᠣᠶᠠᠷ᠎ᠲᠤ᠂ ᠤᠯᠤᠰ᠎ᠤᠨ ᠭᠣᠤᠯᠳᠠᠯᠭ᠎ᠠ᠎ᠲᠠᠢ ᠰᠤᠳᠤᠯᠤᠨ ᠨᠡᠭᠡᠭᠡᠬᠦ ᠲᠥᠯᠥᠪᠯᠡᠭᠡ ᠵᠢᠨ ᠵᠠᠯᠠᠭᠤ ᠰᠢᠨᠵᠢᠯᠡᠬᠦ ᠤᠬᠠᠭ᠋ᠠᠨᠲᠠᠨ᠎ᠤ ᠲᠥᠷᠥᠯ ᠵᠦᠢᠯ᠎ᠢ ᠬᠡᠷᠡᠭᠵᠢᠭᠦᠯᠬᠦ ᠡᠷᠴᠢᠮ ᠵᠶ᠋ᠡᠨ ᠴᠢᠩᠭ᠋ᠠᠷᠠᠭᠤᠯᠵᠤ᠂ ᠵᠠᠯᠠᠭᠤ ᠰᠢᠨᠵᠢᠯᠡᠬᠦ ᠤᠬᠠᠭ᠋ᠠᠨ ᠮᠡᠷᠭᠡᠵᠢᠯ᠎ᠤᠨ ᠴᠢᠳᠠᠪᠤᠷᠢᠲᠠᠨ᠎ᠢ ᠬᠥᠮᠦᠵᠢᠭᠦᠯᠵᠦ ᠬᠡᠷᠡᠭᠯᠡᠬᠦ ᠵᠢ ᠤᠯᠠᠮ ᠴᠢᠨᠠᠭᠰᠢᠳᠠ ᠴᠢᠩᠭ᠋ᠠᠳᠬᠠᠬᠤ ᠲᠥᠷᠥ ᠵᠢᠨ ᠪᠣᠳᠣᠯᠭ᠎ᠠ ᠠᠷᠭ᠎ᠠ ᠬᠡᠮᠵᠢᠶ᠎ᠡ ᠵᠢ ᠰᠤᠳᠤᠯᠤᠨ ᠲᠣᠭᠲᠠᠭ᠋ᠠᠨ᠎ᠠ; ᠭᠤᠷᠪᠠ᠎ᠳᠤ ᠰᠢᠨᠵᠢᠯᠡᠬᠦ ᠤᠬᠠᠭ᠋ᠠᠨ ᠮᠡᠷᠭᠡᠵᠢᠯ᠎ᠤᠨ ᠴᠢᠳᠠᠪᠤᠷᠢᠲᠠᠨ᠎ᠢ ᠦᠨᠡᠯᠡᠬᠦ ᠥᠭᠡᠷᠡᠴᠢᠯᠡᠯᠲᠡ ᠵᠢ ᠭᠦᠨᠵᠡᠭᠡᠢ᠌ᠷᠡᠭᠦᠯᠵᠦ᠂ ᠰᠢᠨᠵᠢᠯᠡᠬᠦ ᠤᠬᠠᠭ᠋ᠠᠨ ᠮᠡᠷᠭᠡᠵᠢᠯ᠎ᠤᠨ ᠴᠢᠳᠠᠪᠤᠷᠢᠲᠠᠨ᠎ᠢ ᠤᠷᠮᠠᠰᠢᠭᠤᠯᠤᠨ ᠵᠣᠷᠢᠭᠵᠢᠭᠤᠯᠬᠤ ᠲᠣᠭᠲᠠᠴᠠ ᠵᠢ ᠲᠡᠭᠦᠯᠳᠡᠷᠵᠢᠭᠦᠯᠵᠦ᠂ ᠤᠯᠤᠰ᠎ᠤᠨ ᠥᠮᠴᠢᠯᠡᠯ᠎ᠤᠨ ᠠᠵᠤ ᠠᠬᠤᠢ᠌ᠯᠠᠯ᠂ ᠰᠢᠨᠵᠢᠯᠡᠬᠦ ᠤᠬᠠᠭ᠋ᠠᠨ᠎ᠤ ᠰᠤᠳᠤᠯᠭ᠋ᠠᠨ᠎ᠤ ᠬᠦᠷᠢᠶᠡᠯᠡᠩ ᠭᠠᠵᠠᠷ᠎ᠤᠨ ᠴᠢᠳᠠᠪᠤᠷᠢᠲᠠᠨ᠎ᠤ ᠴᠠᠯᠢᠩ ᠣᠯᠭᠣᠮᠵᠢ ᠵᠢ ᠤᠷᠮᠠᠰᠢᠭᠤᠯᠤᠨ ᠵᠣᠷᠢᠭᠵᠢᠭᠤᠯᠬᠤ ᠵᠢ ᠴᠢᠩᠭ᠋ᠠᠳᠬᠠᠨ᠎ᠠ; ᠳᠥᠷᠪᠡ᠎ᠳᠤ᠂ ᠬᠥᠮᠦᠨ ᠵᠶ᠋ᠡᠷ ᠭᠣᠤᠯ ᠪᠣᠯᠭ᠋ᠠᠭᠰᠠᠨ ᠰᠢᠨᠵᠢᠯᠡᠬᠦ ᠤᠬᠠᠭ᠋ᠠᠨ᠎ᠤ ᠰᠤᠳᠤᠯᠭ᠋ᠠᠨ᠎ᠤ ᠲᠥᠷᠥᠯ ᠵᠦᠢᠯ᠎ᠤᠨ ᠬᠠᠮᠢᠶᠠᠷᠤᠯᠲᠠ ᠵᠢᠨ ᠥᠭᠡᠷᠡᠴᠢᠯᠡᠯᠲᠡ ᠵᠢ ᠭᠦᠨᠵᠡᠭᠡᠢ᠌ᠷᠡᠭᠦᠯᠵᠦ᠂ ᠥᠭᠡᠷᠡᠴᠢᠯᠡᠯᠲᠡ ᠵᠢᠨ ᠠᠰᠢᠭ᠎ᠢ ᠰᠢᠭᠤᠳ ᠨᠢᠭᠡᠳᠦᠭᠡᠷ ᠹᠷᠣᠨᠲ᠎ᠲᠤ ᠬᠦᠷᠭᠡᠬᠦ ᠵᠢ ᠪᠠᠲᠤᠯᠠᠵᠤ᠂ 《ᠳᠠᠷᠤᠭ᠋ᠠᠰᠤ ᠵᠢ ᠬᠥᠩᠭᠡᠷᠡᠭᠦᠯᠬᠦ ᠠᠵᠢᠯᠯᠠᠭ᠎ᠠ》 ᠵᠢᠨ ᠠᠷᠭ᠎ᠠ ᠬᠡᠮᠵᠢᠶ᠎ᠡ ᠵᠢ ᠪᠠᠢ᠌ᠩᠭᠤᠵᠢᠭᠤᠯᠤᠨ ᠳᠦᠷᠢᠮᠵᠢᠭᠦᠯᠬᠦ ᠵᠢ ᠠᠬᠢᠭᠤᠯᠵᠤ᠂ ᠰᠢᠨᠵᠢᠯᠡᠬᠦ ᠤᠬᠠᠭ᠋ᠠᠨ᠎ᠤ ᠰᠤᠳᠤᠯᠭ᠋ᠠᠨ᠎ᠤ ᠠᠵᠢᠯᠲᠠᠨ᠎ᠤ ᠰᠢᠨᠵᠢᠯᠡᠬᠦ ᠤᠬᠠᠭ᠋ᠠᠨ᠎ᠤ ᠰᠤᠳᠤᠯᠭ᠋ᠠᠨ᠎ᠤ ᠪᠤᠰᠤ ᠳᠠᠷᠤᠭ᠋ᠠᠰᠤ ᠵᠢ ᠤᠯᠠᠮ ᠨᠢᠭᠡ ᠠᠯᠬᠤᠮ ᠬᠥᠩᠭᠡᠷᠡᠭᠦᠯᠦᠨ᠎ᠡ  ᠃
      ᠡᠭᠦᠨ᠎ᠤ ᠬᠠᠮᠲᠤ᠂ ᠰᠢᠨᠵᠢᠯᠡᠬᠦ ᠤᠬᠠᠭ᠋ᠠᠨ ᠮᠡᠷᠭᠡᠵᠢᠯ᠎ᠤᠨ ᠶᠠᠮᠤᠨ ᠨᠠᠩ ᠢᠳᠡᠪᠬᠢᠲᠡᠶ᠂ ᠨᠠᠩ ᠨᠡᠭᠡᠭᠡᠯᠲᠡ᠎ᠲᠠᠢ᠂ ᠨᠠᠩ ᠪᠦᠲᠦᠮᠵᠢᠲᠡᠶ ᠴᠢᠳᠠᠪᠤᠷᠢᠲᠠᠨ᠎ᠤ ᠲᠥᠷᠥ ᠵᠢᠨ ᠪᠣᠳᠣᠯᠭ᠎ᠠ ᠵᠢ ᠬᠡᠷᠡᠭᠵᠢᠭᠦᠯᠬᠦ ᠵᠢ ᠪᠠᠷᠢᠮᠲᠠᠯᠠᠨ᠎ᠠ᠂ ᠨᠢᠭᠡ᠎ᠳᠤ ᠭᠠᠳᠠᠭ᠋ᠠᠳᠤ ᠵᠢᠨ ᠬᠥᠮᠦᠨ᠎ᠤ ᠳᠤᠮᠳᠠᠳᠤ ᠤᠯᠤᠰ᠎ᠲᠤ ᠢᠷᠡᠵᠦ ᠠᠵᠢᠯᠯᠠᠬᠤ ᠵᠢ ᠵᠥᠪᠰᠢᠶᠡᠷᠡᠬᠦ ᠲᠦᠷᠢᠮ ᠵᠶ᠋ᠡᠷ ᠭᠠᠷᠳᠠᠴᠠ ᠪᠣᠯᠭ᠋ᠠᠵᠤ᠂ ᠭᠠᠳᠠᠭ᠋ᠠᠳᠤ ᠵᠢᠨ ᠴᠢᠳᠠᠪᠤᠷᠢᠲᠠᠨ᠎ᠤ ᠳᠤᠮᠳᠠᠳᠤ ᠤᠯᠤᠰ᠎ᠲᠤ ᠢᠷᠡᠵᠦ ᠰᠢᠨ᠎ᠡ ᠵᠢ ᠡᠭᠦᠳᠴᠦ ᠠᠳᠠᠯ ᠦᠢᠯᠡᠰ ᠴᠣᠭᠴᠠᠯᠠᠬᠤ᠎ᠳᠤ ᠲᠥᠬᠥᠮ ᠦᠵᠡᠭᠦᠯᠵᠦ᠂ ᠠᠵᠢᠯ᠎ᠤᠨ ᠵᠥᠪᠰᠢᠶᠡᠷᠡᠯ᠂ ᠣᠷᠣᠰᠢᠨ ᠰᠠᠭᠤᠬᠤ᠂ ᠸᠢᠰᠠ ᠬᠢᠬᠦ᠂ ᠡᠭᠦᠷᠢᠳᠡ ᠣᠷᠣᠰᠢᠨ ᠰᠠᠭᠤᠬᠤ ᠵᠢᠨ ᠬᠠᠷᠢᠶ᠎ᠠ᠎ᠳᠤ ᠣᠷᠣᠬᠤ ᠵᠢ ᠣᠷᠭ᠋ᠠᠨᠢᠭ ᠵᠶ᠋ᠠᠷ ᠵᠣᠯᠭ᠋ᠠᠯᠳᠤᠭᠤᠯᠬᠤ ᠪᠠ ᠪᠡᠶ᠎ᠡ ᠬᠡᠮ ᠵᠶ᠋ᠡᠨ ᠬᠤᠪᠢᠷᠠᠭᠤᠯᠬᠤ ᠲᠣᠭᠲᠠᠴᠠ ᠵᠢ ᠪᠠᠢ᠌ᠭᠤᠯᠬᠤ ᠵᠢ ᠠᠬᠢᠭᠤᠯᠤᠨ᠎ᠠ; ᠬᠣᠶᠠᠷ᠎ᠲᠤ᠂ ᠭᠠᠳᠠᠭ᠋ᠠᠳᠤ ᠵᠢᠨ ᠴᠢᠳᠠᠪᠤᠷᠢᠲᠠᠨ᠎ᠢ ᠣᠷᠣᠭᠤᠯᠬᠤ ᠵᠢ ᠵᠥᠪᠰᠢᠶᠡᠷᠡᠬᠦ ᠲᠦᠷᠦ ᠵᠢᠨ ᠪᠤᠳᠤᠯᠭ᠎ᠠ ᠵᠢ ᠲᠠᠰᠤᠷᠠᠯᠲᠠ ᠦᠭᠡᠢ ᠲᠡᠭᠦᠯᠳᠡᠷᠵᠢᠭᠦᠯᠵᠦ᠂ ᠵᠠᠯᠠᠭᠤ ᠴᠢᠳᠠᠪᠤᠷᠢᠲᠠᠨ᠂ ᠰᠢᠨ᠎ᠡ ᠵᠢ ᠡᠭᠦᠳᠬᠦ ᠦᠢ᠍ᠯᠡᠰ ᠪᠤᠰᠬᠠᠬᠤ ᠴᠢᠳᠠᠪᠤᠷᠢᠲᠠᠨ᠎ᠢ ᠣᠷᠣᠭᠤᠯᠤᠨ ᠠᠪᠴᠢᠷᠠᠬᠤ ᠡᠷᠴᠢᠮ ᠵᠶ᠋ᠡᠨ ᠴᠢᠩᠭ᠋ᠠᠷᠠᠭᠤᠯᠤᠨ᠎ᠠ; ᠭᠤᠷᠪᠠ᠎ᠳᠤ ᠰᠢᠨᠵᠢᠯᠡᠬᠦ ᠤᠬᠠᠭ᠋ᠠᠨ ᠮᠡᠷᠭᠡᠵᠢᠯ᠎ᠤᠨ ᠡᠬᠢ ᠪᠠᠶᠠᠯᠢᠭ᠎ᠤᠨ ᠭᠠᠳᠠᠭᠰᠢ ᠨᠡᠭᠡᠭᠡᠯᠳᠡ ᠵᠢ ᠥᠷᠭᠡᠳᠬᠡᠵᠦ᠂ ᠭᠠᠳᠠᠭ᠋ᠠᠳᠤ ᠵᠢᠨ ᠰᠢᠨᠵᠢᠯᠡᠬᠦ ᠤᠬᠠᠭ᠋ᠠᠨ ᠮᠡᠷᠭᠡᠵᠢᠯ᠎ᠤᠨ ᠴᠢᠳᠠᠪᠤᠷᠢᠲᠠᠨ᠎ᠤ ᠤᠯᠤᠰ᠎ᠤᠨ ᠴᠢᠬᠤᠯᠠ ᠶᠡᠬᠡ ᠰᠢᠨᠵᠢᠯᠡᠬᠦ ᠤᠬᠠᠭ᠋ᠠᠨ ᠮᠡᠷᠭᠡᠵᠢᠯ᠎ᠤᠨ ᠡᠭᠦᠷᠭᠡ ᠵᠢ ᠬᠡᠷᠡᠭᠵᠢᠭᠦᠯᠬᠦ ᠶᠠᠪᠤᠴᠠ᠎ᠳᠠᠬᠢ ᠣᠷᠣᠯᠴᠠᠬᠤ ᠬᠡᠮᠵᠢᠢ᠎ᠡ ᠵᠢ ᠳᠡᠭᠡᠭᠰᠢᠯᠡᠭᠦᠯᠦᠨ᠎ᠡ  ᠃
      ᠰᠤᠷᠪᠤᠯᠵᠢᠯᠠᠭᠴᠢ᠄ ᠲᠦᠭ ᠲᠦᠮᠡᠨ ᠵᠶ᠋ᠡᠷ ᠵᠶ᠋ᠡᠨ ᠠᠳᠠᠯ ᠦᠢᠯᠡᠰ ᠴᠣᠭᠴᠠᠯᠠᠵᠤ ᠲᠦᠮᠡᠨ ᠣᠯᠠᠨ ᠵᠶ᠋ᠠᠷ ᠵᠶ᠋ᠠᠨ ᠰᠢᠨ᠎ᠡ ᠵᠢ ᠡᠭᠦᠳᠬᠦ ᠵᠢᠨ ᠭᠦᠨᠵᠡᠭᠡᠢ᠌ᠷᠡᠨ ᠬᠥᠭᠵᠢᠬᠦ ᠵᠢ ᠠᠬᠢᠭᠤᠯᠵᠤ᠂ ᠪᠥᠬᠥ ᠨᠡᠢ᠌ᠭᠡᠮ᠎ᠤᠨ ᠰᠢᠨ᠎ᠡ ᠵᠢ ᠡᠭᠦᠳᠬᠦ ᠪᠠ ᠡᠭᠦᠳᠦᠨ ᠪᠦᠲᠦᠭᠡᠬᠦ ᠳᠠᠯᠳᠠ ᠬᠦᠴᠦᠨ᠎ᠢ ᠬᠠᠮᠤᠭ᠎ᠤᠨ ᠶᠡᠬᠡ ᠬᠡᠮᠵᠢᠶ᠎ᠡ᠎ᠪᠠᠷ ᠪᠠᠳᠠᠷᠠᠭᠤᠯᠬᠤ ᠲᠠᠯ᠎ᠠ᠎ᠪᠠᠷ᠂ ᠰᠢᠨᠵᠢᠯᠡᠬᠦ ᠤᠬᠠᠭ᠋ᠠᠨ ᠮᠡᠷᠭᠡᠵᠢᠯ᠎ᠤᠨ ᠶᠠᠮᠤᠨ ᠶᠠᠮᠠᠷ ᠶᠠᠮᠠᠷ ᠠᠵᠢᠯ᠎ᠤᠨ ᠰᠡᠳᠬᠢᠮᠵᠢ ᠪᠠ ᠲᠣᠬᠢᠷᠠᠭᠤᠯᠤᠯᠲᠠ᠎ᠲᠠᠢ ᠪᠣᠶ?
      ᠸᠠᠩ ᡁᠢ ᠭᠠᠩ᠄ ᠣᠢ᠌ᠷ᠎ᠠ ᠵᠢᠨ ᠵᠢᠯ᠎ᠠᠴᠠ ᠨᠠᠭ᠋ᠠᠰᠢ᠂ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠶᠠᠮᠤᠨ ᠰᠢᠨ᠎ᠡ ᠵᠢ ᠡᠭᠦᠳᠬᠦ᠎ᠪᠠᠷ ᠬᠥᠳᠡᠯᠭᠡᠭᠦᠷ ᠪᠣᠯᠭ᠋ᠠᠬᠤ ᠬᠥᠭᠵᠢᠯᠲᠡ ᠵᠢᠨ ᠪᠠᠢ᠌ᠯᠳᠤᠬᠤ ᠪᠣᠳᠣᠯᠭ᠎ᠠ ᠵᠢ ᠬᠡᠷᠡᠭᠵᠢᠭᠦᠯᠬᠦ᠂ ᠤᠯᠤᠰ᠎ᠤᠨ ᠰᠢᠨ᠎ᠡ ᠵᠢ ᠡᠭᠦᠳᠬᠦ ᠰᠢᠰᠲ᠋ᠧᠮ᠎ᠤᠨ ᠪᠠᠢ᠌ᠭᠤᠯᠤᠯᠲᠠ ᠵᠢ ᠲᠡᠭᠦᠯᠳᠡᠷᠵᠢᠭᠦᠯᠬᠦ ᠵᠠᠩᠭᠢᠯᠠᠭ᠎ᠠ ᠵᠢᠨ ᠭᠣᠭᠴᠣᠭ᠎ᠠ᠎ᠳᠤ ᠠᠩᠬᠠᠷᠤᠯ ᠵᠶ᠋ᠠᠨ ᠲᠥᠪᠯᠡᠷᠡᠭᠦᠯᠵᠦ᠂ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠰᠢᠨ᠎ᠡ ᠵᠢ ᠡᠭᠦᠳᠬᠦ ᠦᠢᠯᠡᠰ ᠪᠤᠰᠬᠠᠬᠤ ᠵᠢ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠪᠡᠶ᠎ᠡ᠎ᠪᠠᠨ ᠳᠠᠭ᠋ᠠᠭ᠋ᠠᠵᠤ ᠥᠪᠡᠷ᠎ᠢ᠎ᠪᠠᠨ ᠬᠦᠴᠦᠷᠬᠡᠭᠵᠢᠭᠦᠯᠬᠦ ᠪᠠᠢ᠌ᠯᠳᠤᠬᠤ ᠪᠣᠳᠣᠯᠭ᠎ᠠ ᠵᠢᠨ ᠪᠠᠢ᠌ᠷᠢᠰᠢᠭᠤᠯᠤᠯᠲᠠ᠎ᠳᠤ ᠨᠠᠩ ᠰᠠᠢ᠌ᠲᠤᠷ ᠠᠭᠤᠰᠤᠯᠴᠠᠭᠤᠯᠬᠤ ᠵᠢ ᠴᠢᠷᠮᠠᠢ᠌ᠨ ᠠᠬᠢᠭᠤᠯᠪᠠ  ᠃ ᠲᠥᠪ᠎ᠤᠨ ᠠᠵᠤ ᠠᠬᠤᠢ ᠵᠢᠨ ᠠᠵᠢᠯ᠎ᠤᠨ ᠬᠤᠷᠠᠯ᠎ᠤᠨ ᠪᠠᠢ᠌ᠷᠢᠯᠠᠭᠤᠯᠤᠯᠲᠠ ᠶᠣᠰᠣᠭ᠋ᠠᠷ᠂ ᠪᠢᠳᠡ ᠦᠷ᠎ᠡ ᠪᠦᠲᠦᠭᠡᠯ᠎ᠢ ᠣᠨᠳᠣᠣᠰᠢᠭᠤᠯᠬᠤ ᠪᠠ ᠰᠢᠨ᠎ᠡ ᠮᠡᠷᠭᠡᠵᠢᠯ᠎ᠤᠨ ᠬᠡᠷᠡᠭᠯᠡᠭᠡᠨ᠎ᠤ ᠵᠢᠱ᠌ᠢᠢ᠎ᠡ ᠦᠵᠡᠭᠦᠯᠬᠦ ᠠᠵᠢᠯ᠎ᠢ ᠰᠠᠢ᠌ᠲᠤᠷ ᠬᠢᠬᠦ ᠵᠢ ᠪᠠᠷᠢᠮᠲᠠᠯᠠᠨ᠎ᠠ  ᠃ ᠨᠢᠭᠡ ᠲᠠᠯ᠎ᠠ᠎ᠪᠠᠷ᠂ ᠰᠢᠨ᠎ᠡ ᠮᠡᠷᠭᠡᠵᠢᠯ᠂ ᠰᠢᠨ᠎ᠡ ᠠᠵᠤ ᠦᠢᠯᠡᠰ᠂ ᠰᠢᠨ᠎ᠡ ᠡᠵᠡᠩᠨᠡᠯᠲᠡ ᠵᠢᠨ ᠬᠡᠯᠪᠡᠷᠢ ᠪᠠᠢ᠌ᠳᠠᠯ᠂ ᠰᠢᠨ᠎ᠡ ᠵᠠᠭᠪᠤᠷ ᠵᠶ᠋ᠠᠷ ᠤᠯᠠᠮᠵᠢᠯᠠᠯᠲᠤ ᠠᠵᠤ ᠦᠢᠯᠡᠰ᠎ᠢ ᠥᠭᠡᠷᠡᠴᠢᠯᠡᠨ ᠲᠠᠰ ᠳᠡᠪᠰᠢᠭᠦᠯᠬᠦ ᠵᠢ ᠠᠬᠢᠭᠤᠯᠵᠤ᠂ ᠦᠢᠯᠡᠳᠬᠦ ᠦᠢᠯᠡᠰ᠎ᠤᠨ ᠲᠣᠭ᠋ᠠᠴᠢᠯᠠᠭᠰᠠᠨ᠂ ᠪᠣᠬᠢᠷᠲᠤᠯ ᠥᠬᠡᠶ᠂ ᠤᠶᠤᠨᠴᠢᠯᠠᠭᠰᠠᠨ ᠲᠡᠢ᠌ᠰᠢ ᠲᠦᠷᠭᠡᠨ ᠬᠥᠭᠵᠢᠬᠦ ᠵᠢ ᠠᠬᠢᠭᠤᠯᠤᠨ᠎ᠠ; ᠨᠥᠭᠥᠭᠡ ᠲᠠᠯ᠎ᠠ᠎ᠪᠠᠷ᠂ ᠳᠡᠭᠡᠳᠦ ᠰᠢᠨ᠎ᠡ ᠮᠡᠷᠭᠡᠵᠢᠯ᠎ᠤᠨ ᠲᠣᠭᠣᠷᠢᠭ᠎ᠲᠤ ᠲᠦᠰᠢᠭᠯᠡᠨ ᠳᠡᠭᠡᠳᠦ ᠰᠢᠨ᠎ᠡ ᠮᠡᠷᠭᠡᠵᠢᠯ᠎ᠤᠨ ᠠᠵᠤ ᠦᠢᠯᠡᠰ᠎ᠤᠨ ᠪᠥᠭᠡᠮᠨᠡᠷᠡᠯ᠎ᠢ ᠪᠣᠶ ᠪᠣᠯᠭ᠋ᠠᠵᠤ᠂ ᠢᠷᠡᠭᠡᠳᠦᠶ ᠵᠢᠨ ᠠᠵᠤ ᠦᠢᠯᠡᠰ᠎ᠤᠨ ᠬᠥᠭᠵᠢᠯᠲᠡ ᠵᠢ ᠪᠠᠢ᠌ᠷᠢᠰᠢᠭᠤᠯᠤᠨ᠂ ᠪᠠᠢ᠌ᠯᠳᠤᠬᠤ ᠪᠣᠳᠣᠯᠭ᠎ᠠ ᠵᠢᠨ ᠴᠢᠨᠠᠷᠲᠠᠶ ᠰᠢᠨ᠎ᠡ᠎ᠪᠠᠷ ᠬᠥᠭᠵᠢᠭᠰᠡᠨ ᠠᠵᠤ ᠦᠢᠯᠡᠰ ᠪᠠ ᠣᠲᠣ ᠦᠶ᠎ᠡ ᠵᠢᠨ ᠦᠢᠯᠡᠴᠢᠯᠡᠭᠡᠨ᠎ᠤ ᠦᠢᠯᠡᠰ᠎ᠢ ᠪᠤᠵᠠᠭ᠋ᠠᠢ᠌ᠷᠠᠭᠤᠯᠤᠨ᠎ᠠ  ᠃
      ᠠᠵᠢᠯ᠎ᠤᠨ ᠭᠣᠤᠯᠳᠠᠯᠭ᠎ᠠ᠎ᠳᠤ᠄ ᠨᠢᠭᠡ᠎ᠳᠤ ᠰᠢᠨ᠎ᠡ ᠵᠢ ᠡᠭᠦᠳᠴᠦ ᠠᠳᠠᠯ ᠦᠢᠯᠡᠰ ᠴᠣᠭᠴᠠᠯᠠᠬᠤ ᠵᠢ ᠳᠡᠮᠵᠢᠬᠦ ᠲᠥᠷᠥ ᠵᠢᠨ ᠪᠣᠳᠣᠯᠭ᠎ᠠ ᠵᠢ ᠰᠢᠯᠢᠳᠡᠭᠵᠢᠭᠦᠯᠦᠨ᠂ ᠲᠤᠢ᠌ᠯ᠎ᠤᠨ ᠣᠨᠣᠪᠴᠢᠲᠠᠶ᠎ᠪᠠᠷ ᠬᠦᠴᠦᠯᠡᠬᠦ ᠵᠢ ᠨᠠᠩ ᠴᠢᠬᠤᠯᠠᠴᠢᠯᠠᠨ᠎ᠠ; ᠬᠣᠶᠠᠷ᠎ᠲᠤ ᠰᠢᠨ᠎ᠡ ᠵᠢ ᠡᠭᠦᠳᠴᠦ ᠠᠳᠠᠯ ᠦᠢᠯᠡᠰ ᠴᠣᠭᠴᠠᠯᠠᠬᠤ ᠵᠢ ᠳᠡᠮᠵᠢᠬᠦ ᠳᠡᠭᠡᠳᠦ ᠴᠢᠳᠠᠪᠤᠷᠢᠲᠤ ᠲᠠᠪᠴᠠᠩ᠎ᠤᠨ ᠠᠴᠢᠶᠠᠯᠠᠪᠤᠷᠢ ᠵᠢ ᠪᠣᠶ ᠪᠣᠯᠭ᠋ᠠᠵᠤ᠂ ᠶᠡᠷᠦᠩᠬᠡᠢ᠌ᠯᠡᠭᠰᠡᠨ ᠡᠨᠧᠷᠭᠢ ᠣᠯᠭᠣᠬᠤ ᠵᠢ ᠨᠠᠩ ᠴᠢᠬᠤᠯᠠᠴᠢᠯᠠᠨ᠎ᠠ; ᠭᠤᠷᠪᠠ᠎ᠳᠤ᠂ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ ᠮᠥᠩᠭᠥᠨ ᠭᠦᠢ᠍ᠯᠭᠡᠭᠡ ᠵᠢ ᠠᠭᠤᠰᠤᠯᠴᠠᠭᠤᠯᠤᠨ ᠬᠥᠭᠵᠢᠭᠦᠯᠬᠦ ᠲᠦᠷᠢᠮ᠎ᠤᠨ ᠴᠢᠨᠠᠷᠲᠠᠢ ᠲᠤᠬᠢᠷᠠᠭᠤᠯᠤᠯᠳᠠ ᠵᠢ ᠪᠠᠢ᠌ᠭᠤᠯᠵᠤ᠂ ᠪᠠᠭ᠎ᠠ ᠪᠡᠯᠡ ᠣᠷᠣᠭᠤᠯᠵᠤ ᠡᠷᠲᠡ ᠪᠡᠯᠡ ᠣᠷᠣᠭᠤᠯᠬᠤ ᠵᠢ ᠨᠡᠩ ᠴᠢᠬᠤᠯᠠᠴᠢᠯᠠᠬᠤ ᠬᠡᠷᠡᠭᠲᠡᠢ  ᠃
      ᠲᠠᠷᠠᠭ᠋ᠠᠴᠢ ᠵᠢᠨ ᠠᠯᠬᠤᠮ᠎ᠳᠤ᠂ ᠪᠢᠳᠡ ᠰᠢᠨᠵᠢᠯᠡᠬᠦ ᠤᠬᠠᠭ᠋ᠠᠨ᠎ᠤ ᠰᠤᠳᠤᠯᠭ᠋ᠠᠨ᠎ᠤ ᠠᠵᠢᠯᠲᠠᠨ᠎ᠳᠤ ᠡᠭᠦᠷᠭᠡ ᠲᠤᠰᠢᠶᠠᠯ᠎ᠤᠨ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠦᠷ᠎ᠡ ᠪᠦᠲᠦᠭᠡᠯ᠎ᠤᠨ ᠥᠮᠴᠢᠯᠡᠬᠦ ᠡᠷᠬᠡ ᠪᠠ ᠣᠷᠳᠣ ᠬᠤᠭᠤᠴᠠᠭ᠎ᠠ᠎ᠪᠠᠷ ᠬᠡᠷᠡᠭᠯᠡᠬᠦ ᠡᠷᠬᠡ ᠣᠯᠭᠣᠬᠤ ᠲᠤᠷᠰᠢᠯᠲᠠ᠂ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠦᠷ᠎ᠡ ᠪᠦᠲᠦᠭᠡᠯ᠎ᠢ ᠦᠨᠡᠯᠡᠬᠦ ᠲᠤᠷᠰᠢᠯᠲᠠ ᠪᠠ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠦᠷ᠎ᠡ ᠪᠦᠲᠦᠭᠡᠯ᠎ᠢ ᠣᠨᠳᠣᠤᠰᠢᠭᠤᠯᠬᠤ ᠲᠤᠰᠠᠭ᠋ᠠᠷ ᠲᠤᠷᠰᠢᠯᠲᠠ ᠬᠢᠬᠦ ᠵᠢ ᠦᠷᠭᠦᠯᠵᠢᠯᠡᠨ ᠭᠦᠨᠵᠡᠭᠡᠢ᠌ᠷᠡᠭᠦᠯᠵᠦ᠂ ᠦᠷ᠎ᠡ ᠪᠦᠲᠦᠭᠡᠯ᠎ᠢ ᠰᠢᠯᠵᠢᠭᠦᠯᠦᠨ ᠣᠨᠳᠣᠤᠰᠢᠭᠤᠯᠬᠤ ᠪᠠᠢ᠌ᠭᠤᠯᠤᠮᠵᠢ ᠲᠣᠭᠲᠠᠴᠠ ᠵᠢ ᠰᠢᠯᠤᠭᠤᠳᠬᠠᠨ᠎ᠠ; ᠭᠣᠣᠯᠳᠠᠯᠭ᠎ᠠ᠎ᠲᠠᠢ ᠰᠤᠳᠤᠯᠤᠨ ᠨᠡᠭᠡᠭᠡᠬᠦ ᠲᠥᠯᠥᠪᠯᠡᠭᠡ᠎ᠳᠤ ᠰᠢᠨᠵᠢᠯᠡᠬᠦ ᠤᠬᠠᠭ᠋ᠠᠨ ᠮᠡᠷᠭᠡᠵᠢᠯ᠎ᠤᠨ ᠬᠡᠯᠪᠡᠷᠢ ᠵᠢᠨ ᠳᠤᠮᠳᠠ ᠵᠢᠵᠢᠭ ᠠᠵᠤ ᠠᠬᠤᠢ᠌ᠯᠠᠯ᠎ᠤᠨ ᠵᠦᠢ᠍ᠯᠡᠰ᠎ᠢ ᠳᠡᠮᠵᠢᠬᠦ ᠡᠷᠴᠢᠮ ᠵᠶ᠋ᠡᠨ ᠴᠢᠩᠭ᠋ᠠᠳᠬᠠᠨ᠎ᠠ  ᠃ ᠡᠭᠦᠨ᠎ᠤ ᠬᠠᠮᠲᠤ᠂ ᠰᠢᠨ᠎ᠡ ᠵᠢ ᠡᠭᠦᠳᠴᠦ ᠦᠢᠯᠡᠰ ᠪᠤᠰᠬᠠᠬᠤ ᠠᠮᠢ ᠠᠬᠤᠶ ᠵᠢ ᠪᠣᠶ ᠪᠣᠯᠭ᠋ᠠᠬᠤ ᠵᠢ ᠭᠦᠨᠵᠡᠭᠡᠢ᠌ᠷᠡᠭᠦᠯᠵᠦ᠂ ᠢᠷᠡᠭᠡᠳᠦᠶ ᠵᠢᠨ ᠠᠵᠤ ᠦᠢᠯᠡᠰ᠎ᠤᠨ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠬᠦᠷᠢᠶᠡᠯᠡᠩ᠂ ᠤᠯᠤᠰ᠎ᠤᠨ ᠮᠡᠷᠭᠡᠵᠢᠯ᠎ᠤᠨ ᠰᠢᠨ᠎ᠡ ᠵᠢ ᠡᠭᠦᠳᠬᠦ ᠲᠥᠪ᠂ ᠲᠤᠰᠬᠠᠢ᠌ᠵᠢᠭᠰᠠᠨ ᠣᠯᠠᠨ ᠵᠶ᠋ᠠᠷ ᠵᠶ᠋ᠠᠨ ᠰᠢᠨ᠎ᠡ ᠵᠢ ᠡᠭᠦᠳᠬᠦ ᠣᠷᠣᠨ ᠵᠠᠶ ᠵᠡᠷᠭᠡ ᠳᠡᠭᠡᠳᠦ ᠴᠢᠳᠠᠪᠤᠷᠢᠲᠤ ᠲᠠᠰ᠎ᠤᠨ ᠰᠢᠨ᠎ᠡ ᠵᠢ ᠡᠭᠦᠳᠬᠦ ᠠᠴᠢᠶᠠᠯᠠᠪᠤᠷᠢ᠎ᠳᠤ ᠢᠳᠡᠪᠬᠢᠲᠡᠶ ᠡᠨᠧᠷᠭᠢ ᠣᠯᠭᠣᠵᠤ᠂ 《ᠪᠠᠯᠠ ᠣᠷᠣᠭᠤᠯᠤᠯᠲᠠ + ᠨᠡᠪᠴᠢᠭᠦᠯᠦᠯᠲᠡ》 《ᠰᠢᠨᠵᠢᠯᠡᠭᠡᠨ᠎ᠤ ᠰᠠᠯᠠᠭ᠎ᠠ + ᠠᠵᠤ ᠦᠢᠯᠡᠰ》 ᠵᠡᠷᠭᠡ ᠰᠢᠨ᠎ᠡ ᠬᠡᠯᠪᠡᠷᠢ ᠵᠢᠨ ᠰᠢᠨ᠎ᠡ ᠵᠢ ᠡᠭᠦᠳᠬᠦ ᠵᠠᠭᠪᠤᠷ᠎ᠢ ᠰᠠᠢ᠌ᠲᠤᠷ ᠬᠡᠷᠡᠭᠵᠢᠭᠦᠯᠦᠨ᠎ᠡ  ᠃
      ᠰᠤᠷᠪᠤᠯᠵᠢᠯᠠᠭᠴᠢ᠄ ᠰᠢᠨᠵᠢᠯᠡᠬᠦ ᠤᠬᠠᠭ᠋ᠠᠨ ᠮᠡᠷᠭᠡᠵᠢᠯ᠎ᠤᠨ ᠬᠠᠮᠢᠶᠠᠷᠤᠯᠲᠠ ᠵᠢᠨ ᠪᠠᠢ᠌ᠭᠤᠯᠤᠯ᠎ᠤᠨ ᠥᠭᠡᠷᠡᠴᠢᠯᠡᠯᠲᠡ ᠵᠢ ᠭᠦᠨᠵᠡᠭᠡᠢ᠌ᠷᠡᠭᠦᠯᠬᠦ ᠪᠣᠯ ᠥᠨᠳᠥᠷ ᠬᠢᠷᠢ ᠲᠦᠪᠰᠢᠨ ᠪᠥᠬᠥᠶ ᠰᠢᠨᠵᠢᠯᠡᠬᠦ ᠤᠬᠠᠭ᠋ᠠᠨ ᠮᠡᠷᠭᠡᠵᠢᠯ᠎ᠤᠨ ᠥᠪᠡᠷ᠎ᠢ᠎ᠪᠠᠨ ᠬᠦᠴᠦᠷᠬᠡᠭᠵᠢᠭᠦᠯᠬᠦ ᠵᠢ ᠲᠦᠷᠭᠡᠳᠬᠡᠨ ᠪᠡᠶᠡᠯᠡᠭᠦᠯᠬᠦ ᠵᠢᠨ ᠵᠠᠩᠭᠢᠯᠠᠭ᠎ᠠ ᠮᠥᠨ  ᠃ ᠰᠢᠨᠵᠢᠯᠡᠬᠦ ᠤᠬᠠᠭ᠋ᠠᠨ ᠮᠡᠷᠭᠡᠵᠢᠯ᠎ᠤᠨ ᠶᠠᠮᠤᠨ ᠵᠠᠯᠭ᠋ᠠᠭ᠋ᠠᠳ ᠰᠢᠨᠵᠢᠯᠡᠬᠦ ᠤᠬᠠᠭ᠋ᠠᠨ ᠮᠡᠷᠭᠡᠵᠢᠯ᠎ᠤᠨ ᠬᠠᠮᠢᠶᠠᠷᠤᠯᠲᠠ ᠵᠢᠨ ᠪᠠᠢ᠌ᠭᠤᠯᠤᠯ᠎ᠤᠨ ᠥᠭᠡᠷᠡᠴᠢᠯᠡᠯᠲᠡ ᠵᠢ ᠬᠡᠷᠬᠢᠨ ᠭᠦᠨᠵᠡᠭᠡᠢ᠌ᠷᠡᠭᠦᠯᠵᠦ᠂ ᠰᠢᠨ᠎ᠡ ᠵᠢ ᠡᠭᠦᠳᠬᠦ ᠠᠮᠢᠳᠤᠯᠢᠭ ᠬᠦᠴᠦᠨ᠎ᠢ ᠤᠯᠠᠮ ᠨᠢᠭᠡ ᠠᠯᠬᠤᠮ ᠪᠠᠳᠠᠷᠠᠭᠤᠯᠬᠤ ᠪᠤᠢ?
      ᠸᠠᠩ ᡁᠢ ᠭᠠᠩ᠄ ᠣᠢ᠌ᠷ᠎ᠠ ᠵᠢᠨ ᠵᠢᠯ᠎ᠳᠤ᠂ ᠮᠠᠨ᠎ᠤ ᠤᠯᠤᠰ᠎ᠤᠨ ᠰᠢᠨᠵᠢᠯᠡᠬᠦ ᠤᠬᠠᠭ᠋ᠠᠨ ᠮᠡᠷᠭᠡᠵᠢᠯ᠎ᠤᠨ ᠬᠠᠮᠢᠶᠠᠷᠤᠯᠲᠠ ᠵᠢᠨ ᠪᠠᠢ᠌ᠭᠤᠯᠤᠮᠵᠢ ᠪᠠᠢ᠌ᠳᠠᠯ᠎ᠤᠨ ᠱᠠᠭ᠋ᠠᠷᠳᠠᠯᠭ᠎ᠠ ᠵᠢ ᠦᠨᠳᠦᠰᠦᠯᠡᠨ᠂ ᠭᠣᠤᠯ ᠡᠭᠦᠷᠭᠡ ᠪᠠ ᠰᠢᠨᠵᠢᠯᠡᠬᠦ ᠤᠬᠠᠭ᠋ᠠᠨ ᠮᠡᠷᠭᠡᠵᠢᠯ᠎ᠤᠨ ᠬᠥᠭᠵᠢᠯᠲᠡ ᠵᠢᠨ ᠲᠦᠪᠰᠢᠨ᠎ᠢ ᠲᠠᠰᠤᠷᠠᠯᠲᠠ ᠥᠬᠡᠶ ᠲᠣᠬᠢᠷᠠᠭᠤᠯᠤᠨ ᠲᠡᠭᠦᠯᠳᠡᠷᠵᠢᠭᠦᠯᠵᠦ᠂ ᠨᠠᠮ᠎ᠤᠨ ᠲᠥᠪ ᠬᠣᠷᠢᠶ᠎ᠠ᠎ᠠᠴᠠ ᠪᠠᠢ᠌ᠷᠢᠯᠠᠭᠤᠯᠤᠭᠰᠠᠨ 143 ᠵᠦᠢᠯ᠎ᠤᠨ ᠥᠭᠡᠷᠡᠴᠢᠯᠡᠯᠲᠡ ᠵᠢᠨ ᠡᠭᠦᠷᠭᠡ ᠵᠢ ᠪᠥᠬᠥ ᠲᠠᠯ᠎ᠠ᠎ᠪᠠᠷ ᠪᠡᠶᠡᠯᠡᠭᠦᠯᠵᠦ᠂ ᠭᠣᠤᠯᠳᠠᠯᠭ᠎ᠠ᠎ᠲᠠᠢ ᠬᠦᠷᠢᠶ᠎ᠡ ᠪᠠ ᠵᠠᠩᠭᠢᠯᠠᠭ᠎ᠠ ᠵᠢᠨ ᠭᠣᠭᠴᠣᠭ᠎ᠠ ᠵᠢ ᠭᠦᠨᠵᠡᠭᠡᠢ᠌ᠷᠡᠭᠦᠯᠦᠨ ᠠᠬᠢᠭᠤᠯᠵᠤ᠂ ᠣᠯᠠᠨ ᠲᠠᠯ᠎ᠠ᠎ᠪᠠᠷ ᠰᠢᠪᠲᠤᠯᠤᠯᠲᠠ ᠭᠠᠷᠭ᠋ᠠᠵᠤ᠂ ᠪᠥᠬᠥ ᠲᠠᠯ᠎ᠠ᠎ᠪᠠᠷ ᠬᠦᠴᠦᠯᠡᠵᠦ᠂ ᠢᠯᠡᠳᠲᠡ ᠦᠷ᠎ᠡ ᠪᠦᠲᠦᠮᠵᠢ ᠤᠯᠪᠠ  ᠃
      ᠰᠢᠨ᠎ᠡ ᠲᠡᠦᠬᠡᠨ ᠱᠠᠳᠤ ᠦᠶ᠎ᠡ᠎ᠳᠤ᠂ ᠨᠡᠢ᠌ᠭᠡᠮ ᠵᠢᠷᠤᠮ᠎ᠤᠨ ᠣᠳᠣᠬᠢᠴᠢᠯᠠᠭᠰᠠᠨ ᠤᠯᠤᠰ ᠪᠣᠯᠤᠨ ᠳᠡᠯᠡᠬᠡᠢ ᠵᠢᠨ ᠰᠢᠨᠵᠢᠯᠡᠬᠦ ᠤᠬᠠᠭ᠋ᠠᠨ ᠮᠡᠷᠭᠡᠵᠢᠯ᠎ᠤᠨ ᠬᠦᠴᠦᠷᠬᠡᠭ ᠤᠯᠤᠰ᠎ᠤᠨ ᠪᠦᠳᠦᠭᠡᠨ ᠪᠠᠢ᠌ᠭᠤᠯᠤᠯᠲᠠ᠎ᠳᠤ ᠦᠢ᠍ᠯᠡᠴᠢᠯᠡᠵᠦ᠂ ᠪᠢᠳᠡ ᠥᠨᠳᠥᠷ ᠲᠦᠪᠰᠢᠨ ᠪᠦᠬᠦᠢ ᠰᠢᠨᠵᠢᠯᠡᠬᠦ ᠤᠬᠠᠭ᠋ᠠᠨ ᠮᠡᠷᠭᠡᠵᠢᠯ᠎ᠤᠨ ᠪᠡᠶ᠎ᠡ᠎ᠪᠠᠨ ᠳᠠᠭ᠋ᠠᠭ᠋ᠠᠵᠤ ᠬᠦᠴᠦᠷᠬᠡᠭᠵᠢᠬᠦ ᠵᠢ ᠲᠦᠷᠭᠡᠨ ᠪᠡᠶᠡᠯᠡᠭᠦᠯᠬᠦ᠎ᠳᠤ ᠠᠩᠬᠠᠷᠤᠯ ᠵᠶ᠋ᠠᠨ ᠲᠥᠪᠯᠡᠷᠡᠭᠦᠯᠵᠦ᠂ ᠰᠢᠨᠵᠢᠯᠡᠬᠦ ᠤᠬᠠᠭ᠋ᠠᠨ ᠮᠡᠷᠭᠡᠵᠢᠯ᠎ᠤᠨ ᠪᠠᠢ᠌ᠭᠤᠯᠤᠮᠵᠢ ᠵᠢᠨ ᠥᠭᠡᠷᠡᠴᠢᠯᠡᠯᠲᠡ ᠵᠢᠨ ᠭᠤᠷᠪᠠᠨ ᠵᠢᠯ᠎ᠤᠨ ᠪᠣᠭᠣᠮᠲᠠ ᠰᠢᠪᠲᠤᠯᠬᠤ ᠲᠥᠰᠦᠯ᠎ᠤᠨ ᠪᠠᠢ᠌ᠷᠢᠯᠠᠭᠤᠯᠤᠯᠲᠠ ᠵᠢ ᠨᠠᠢ᠌ᠳᠠᠪᠤᠷᠢᠵᠢᠭᠤᠯᠵᠤ᠂ ᠪᠦᠬᠦ ᠲᠠᠯ᠎ᠠ᠎ᠪᠠᠷ ᠰᠢᠨ᠎ᠡ ᠵᠢ ᠡᠭᠦᠳᠬᠦ ᠵᠢ ᠳᠡᠮᠵᠢᠬᠦ ᠰᠠᠭᠤᠷᠢ ᠲᠦᠷᠢᠮ᠎ᠢ ᠲᠦᠷᠭᠡᠨ ᠪᠦᠷᠢᠯᠳᠦᠭᠦᠯᠦᠨ᠎ᠡ  ᠃
      ᠨᠢᠭᠡ᠎ᠳᠤ᠂ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠬᠠᠮᠢᠶᠠᠷᠤᠯᠲᠠ ᠵᠢ ᠨᠢᠭᠡᠳᠦᠯᠲᠡᠶ ᠲᠥᠯᠥᠪᠵᠢᠭᠦᠯᠦᠨ ᠵᠣᠬᠢᠴᠠᠭᠤᠯᠬᠤ ᠵᠢ ᠴᠢᠩᠭ᠋ᠠᠳᠬᠠᠨ᠎ᠠ  ᠃ ᠨᠠᠮ᠎ᠤᠨ ᠬᠣᠷᠢᠳᠤᠭ᠋ᠠᠷ ᠶᠡᠬᠡ ᠬᠤᠷᠠᠯ᠎ᠤᠨ ᠢᠯᠡᠳᠬᠡᠯ᠎ᠳᠤ᠂ ᠰᠢᠨᠵᠢᠯᠡᠬᠦ ᠤᠬᠠᠭ᠋ᠠᠨ ᠮᠡᠷᠭᠡᠵᠢᠯ᠎ᠤᠨ ᠠᠵᠢᠯ᠎ᠢ ᠨᠠᠮ᠎ᠤᠨ ᠲᠥᠪ ᠬᠣᠷᠢᠢ᠎ᠠ ᠨᠢᠭᠡᠳᠦᠯᠲᠡᠢ ᠤᠳᠤᠷᠢᠳᠬᠤ ᠪᠠᠢ᠌ᠭᠤᠯᠤᠯ᠎ᠢ ᠲᠡᠭᠦᠯᠳᠡᠷᠵᠢᠭᠦᠯᠦᠨ᠎ᠡ ᠭᠡᠵᠦ ᠳᠤᠷᠠᠳᠤᠨ ᠭᠠᠷᠭ᠋ᠠᠪᠠ  ᠃ ᠪᠢᠳᠡ ᠨᠡᠢ᠌ᠭᠡᠮ ᠵᠢᠷᠤᠮ᠎ᠤᠨ ᠬᠦᠴᠦᠨ ᠵᠶ᠋ᠡᠨ ᠲᠥᠪᠯᠡᠷᠡᠭᠦᠯᠦᠨ ᠶᠡᠬᠡ ᠶᠠᠪᠤᠳᠠᠯ᠎ᠢ ᠪᠦᠲᠦᠭᠡᠬᠦ ᠪᠠᠢ᠌ᠭᠤᠯᠤᠯ᠎ᠤᠨ ᠳᠠᠪᠠᠭᠤᠯᠢᠭ ᠵᠶ᠋ᠠᠨ ᠪᠠᠳᠠᠷᠠᠭᠤᠯᠵᠤ᠂ ᠰᠠᠯᠠᠭ᠎ᠠ ᠮᠥᠴᠢᠷ ᠠᠯᠤᠰᠯᠠᠭᠰᠠᠨ᠂ ᠴᠡᠷᠢᠭ ᠠᠷᠠᠳ ᠠᠯᠤᠰᠯᠠᠭᠰᠠᠨ᠂ ᠲᠥᠪ ᠪᠠ ᠣᠷᠣᠨ ᠨᠤᠲᠤᠭ ᠠᠯᠤᠰᠯᠠᠭᠰᠠᠨ ᠬᠦᠴᠦᠨ ᠪᠠ ᠡᠬᠢ ᠪᠠᠶᠠᠯᠢᠭ᠎ᠢ ᠡᠮᠬᠢᠯᠡᠨ ᠨᠡᠢ᠌ᠯᠡᠭᠦᠯᠬᠦ᠎ᠪᠠᠨ ᠴᠢᠩᠭ᠋ᠠᠳᠬᠠᠬᠤ ᠬᠡᠷᠡᠭᠲᠡᠢ  ᠃
      ᠬᠣᠶᠠᠷ᠎ᠲᠤ ᠰᠢᠨᠵᠢᠯᠡᠬᠦ ᠤᠬᠠᠭ᠋ᠠᠨ ᠮᠡᠷᠭᠡᠵᠢᠯ᠎ᠤᠨ ᠪᠠᠢ᠌ᠯᠳᠤᠬᠤ ᠪᠣᠳᠣᠯᠭ᠎ᠠ ᠵᠢᠨ ᠲᠥᠯᠥᠪᠵᠢᠭᠦᠯᠭᠡ ᠵᠢᠨ ᠬᠥᠲᠥᠯᠥᠨ ᠳᠠᠭ᠋ᠠᠭᠤᠯᠬᠤ ᠦᠢᠯᠡᠳᠦᠯ᠎ᠢ ᠪᠠᠳᠠᠷᠠᠭᠤᠯᠤᠨ᠎ᠠ  ᠃ ᠰᠢᠨ᠎ᠡ ᠨᠢᠭᠡ ᠡᠭᠡᠯᠵᠢ ᠵᠢᠨ ᠳᠤᠮᠳᠠ ᠣᠷᠳᠣ ᠬᠤᠭᠤᠴᠠᠭ᠋ᠠᠨ᠎ᠤ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠬᠥᠭᠵᠢᠯᠲᠡ ᠵᠢᠨ ᠲᠥᠯᠥᠪᠵᠢᠭᠦᠯᠭᠡ ᠪᠣᠯᠤᠨ 《ᠠᠷᠪᠠᠨ ᠳᠥᠷᠪᠡᠳᠦᠭᠡᠷ ᠲᠠᠪᠤᠨ ᠵᠢᠯ》᠎ᠤᠨ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠰᠢᠨ᠎ᠡ ᠵᠢ ᠡᠭᠦᠳᠬᠦ ᠲᠥᠯᠥᠪᠵᠢᠭᠦᠯᠭᠡ ᠵᠢᠨ ᠪᠠᠢ᠌ᠷᠢᠯᠠᠭᠤᠯᠤᠯᠲᠠ ᠵᠢ ᠨᠠᠷᠢᠨ ᠬᠢᠨᠠᠮᠠᠭ᠋ᠠᠶ ᠨᠠᠢ᠌ᠳᠠᠪᠤᠷᠢᠵᠢᠭᠤᠯᠤᠨ᠎ᠠ  ᠃ ᠰᠢᠨᠵᠢᠯᠡᠬᠦ ᠤᠬᠠᠭ᠋ᠠᠨ ᠮᠡᠷᠭᠡᠵᠢᠯ᠎ᠤᠨ ᠪᠠᠢ᠌ᠯᠳᠤᠬᠤ ᠪᠤᠳᠤᠯᠭ᠎ᠠ ᠵᠢᠨ ᠵᠥᠪᠯᠡᠯᠭᠡ ᠥᠭᠬᠦ ᠵᠢ ᠴᠢᠩᠭ᠋ᠠᠳᠬᠠᠵᠤ᠂ ᠤᠯᠤᠰ᠎ᠤᠨ ᠰᠢᠨᠵᠢᠯᠡᠬᠦ ᠤᠬᠠᠭ᠋ᠠᠨ ᠮᠡᠷᠭᠡᠵᠢᠯ᠎ᠤᠨ ᠵᠥᠪᠯᠡᠯᠭᠡ ᠥᠭᠬᠦ ᠺᠣᠮᠢᠰ᠎ᠤᠨ ᠲᠣᠭᠲᠠᠴᠠ ᠵᠢᠨ ᠦᠢ᠍ᠯᠡᠳᠦᠯ᠎ᠢ ᠭᠦᠢ᠍ᠴᠡᠳ ᠪᠠᠳᠠᠷᠠᠭᠤᠯᠵᠤ᠂ ᠳᠡᠯᠡᠬᠡᠢ ᠵᠢᠨ ᠬᠢᠷᠢ ᠲᠦᠪᠰᠢᠨ ᠪᠦᠬᠦᠢ ᠰᠢᠨᠵᠢᠯᠡᠬᠦ ᠤᠬᠠᠭ᠋ᠠᠨ ᠮᠡᠷᠭᠡᠵᠢᠯ᠎ᠤᠨ ᠰᠢᠨ᠎ᠡ ᠵᠢ ᠡᠭᠦᠳᠬᠦ ᠤᠶᠤᠨ᠎ᠤ ᠬᠥᠮᠥᠷᠭᠡ ᠵᠢᠨ ᠰᠢᠰᠲ᠋ᠧᠮ᠎ᠢ ᠪᠠᠢ᠌ᠭᠤᠯᠤᠨ᠎ᠠ  ᠃
      ᠭᠤᠷᠪᠠ᠎ᠳᠤ ᠨᠢᠭᠡ ᠪᠦᠯᠦᠭ ᠰᠠᠭᠤᠷᠢ ᠴᠢᠨᠠᠷᠲᠠᠢ᠂ ᠳᠦᠷᠢᠮ᠎ᠤᠨ ᠴᠢᠨᠠᠷᠲᠠᠢ ᠥᠭᠡᠷᠡᠴᠢᠯᠡᠯᠲᠡ ᠵᠢᠨ ᠠᠷᠭ᠎ᠠ ᠬᠡᠮᠵᠢᠶ᠎ᠡ ᠵᠢ ᠪᠠᠢ᠌ᠷᠢᠯᠠᠭᠤᠯᠤᠨ ᠬᠡᠷᠡᠭᠵᠢᠭᠦᠯᠦᠨ᠎ᠡ  ᠃ ᠰᠢᠨᠵᠢᠯᠡᠬᠦ ᠤᠬᠠᠭ᠋ᠠᠨ ᠮᠡᠷᠭᠡᠵᠢᠯ᠎ᠤᠨ ᠪᠠᠢ᠌ᠭᠤᠯᠤᠮᠵᠢ ᠵᠢᠨ ᠥᠭᠡᠷᠡᠴᠢᠯᠡᠯᠲᠡ ᠵᠢᠨ ᠭᠤᠷᠪᠠᠨ ᠵᠢᠯ᠎ᠤᠨ ᠪᠣᠭᠣᠮᠲᠠ ᠰᠢᠪᠲᠤᠯᠬᠤ ᠵᠢ ᠪᠡᠶᠡᠯᠡᠭᠦᠯᠵᠦ᠂ ᠡᠭᠦᠷᠭᠡ ᠬᠠᠷᠢᠭᠤᠴᠠᠯᠭ᠎ᠠ᠎ᠪᠠᠷ ᠤᠳᠤᠷᠢᠳᠤᠮᠵᠢ ᠪᠣᠯᠭ᠋ᠠᠭᠰᠠᠨ ᠰᠢᠨᠵᠢᠯᠡᠬᠦ ᠤᠬᠠᠭ᠋ᠠᠨ ᠮᠡᠷᠭᠡᠵᠢᠯ᠎ᠤᠨ ᠴᠢᠳᠠᠪᠤᠷᠢᠲᠠᠨ᠎ᠢ ᠤᠷᠮᠠᠰᠢᠭᠤᠯᠤᠨ ᠵᠣᠷᠢᠭᠵᠢᠭᠤᠯᠬᠤ ᠲᠣᠭᠲᠠᠴᠠ ᠵᠢ ᠴᠢᠩᠭ᠋ᠠᠳᠬᠠᠵᠤ᠂ ᠰᠢᠨᠵᠢᠯᠡᠬᠦ ᠤᠬᠠᠭ᠋ᠠᠨ ᠮᠡᠷᠭᠡᠵᠢᠯ᠎ᠤᠨ ᠵᠠᠯᠠᠭᠤ ᠴᠢᠳᠠᠪᠤᠷᠢᠲᠠᠨ᠎ᠤ ᠬᠦᠨᠳᠦ ᠡᠭᠦᠷᠭᠡ ᠵᠢ ᠵᠣᠷᠢᠭᠲᠠᠢ᠎ᠪᠠᠷ ᠡᠭᠦᠷᠭᠡᠯᠡᠬᠦ ᠵᠢ ᠵᠣᠷᠢᠭᠵᠢᠭᠤᠯᠵᠤ᠂ ᠰᠢᠨᠵᠢᠯᠡᠬᠦ ᠤᠬᠠᠭ᠋ᠠᠨ ᠮᠡᠷᠭᠡᠵᠢᠯ᠎ᠤᠨ ᠨᠡᠭᠡᠭᠡᠯᠲᠡᠲᠦ ᠬᠠᠮᠲᠤᠷᠠᠯᠴᠠᠭ᠋ᠠᠨ᠎ᠤ ᠳᠦᠷᠢᠮ᠎ᠢ ᠲᠡᠭᠦᠯᠳᠡᠷᠵᠢᠭᠦᠯᠵᠦ᠂ ᠪᠦᠬᠦ ᠪᠥᠮᠪᠥᠷᠴᠡᠭ᠎ᠤᠨ ᠦᠷᠢᠰᠦᠯᠳᠦᠬᠦ ᠬᠦᠴᠦᠨ᠎ᠲᠠᠢ ᠨᠡᠭᠡᠭᠡᠯᠲᠡᠲᠦ ᠰᠢᠨ᠎ᠡ ᠵᠢ ᠡᠭᠦᠳᠬᠦ ᠠᠮᠢ ᠠᠬᠤᠢ ᠵᠢ ᠴᠣᠭᠴᠠᠯᠠᠨ᠎ᠠ  ᠃
      ᠳᠥᠷᠪᠡ᠎ᠳᠤ ᠰᠢᠨᠵᠢᠯᠡᠬᠦ ᠤᠬᠠᠭ᠋ᠠᠨ ᠮᠡᠷᠭᠡᠵᠢᠯ᠎ᠤᠨ ᠡᠭᠦᠷᠭᠡ ᠪᠠ ᠡᠬᠢ ᠪᠠᠶᠠᠯᠢᠭ᠎ᠤᠨ ᠲᠣᠬᠢᠷᠠᠭᠤᠯᠤᠯᠲᠠ ᠵᠢ ᠨᠢᠭᠡᠳᠦᠯᠲᠡᠶ ᠲᠥᠯᠥᠪᠯᠡᠨ ᠬᠠᠮᠢᠶᠠᠷᠬᠤ ᠵᠢ ᠴᠢᠩᠭ᠋ᠠᠳᠬᠠᠨ᠎ᠠ  ᠃ 《ᠰᠠᠮᠪᠠᠷ᠎ᠠ ᠰᠡᠬᠦᠵᠦ ᠮᠠᠩᠯᠠᠢ᠌ᠯᠠᠭᠤᠯᠬᠤ》 《ᠮᠣᠷᠢ ᠤᠷᠤᠯᠳᠤᠬᠤ ᠲᠦᠷᠢᠮ》 《ᠥᠮᠴᠢᠲᠡᠨ᠎ᠤ ᠲᠦᠷᠢᠮ》 《ᠲᠥᠷᠥᠯ ᠵᠦᠢᠯ᠎ᠤᠨ ᠲᠤᠰᠬᠠᠶ ᠲᠤᠰᠢᠶᠠᠯᠲᠠᠨ᠎ᠤ ᠲᠦᠷᠢᠮ》 ᠵᠡᠷᠭᠡ ᠬᠠᠮᠢᠶᠠᠷᠤᠯᠲᠠ ᠵᠢᠨ ᠲᠦᠷᠢᠮ᠎ᠢ ᠶᠡᠬᠡᠪᠡᠷ ᠬᠡᠷᠡᠭᠵᠢᠭᠦᠯᠦᠨ᠎ᠡ  ᠃ ᠢᠲᠡᠭᠡᠯ ᠪᠣᠯᠤᠨ ᠠᠮᠵᠢᠯᠲᠠ ᠪᠦᠲᠦᠮᠵᠢ᠎ᠪᠠᠷ ᠭᠣᠣᠯ ᠪᠣᠯᠭ᠋ᠠᠭᠰᠠᠨ ᠰᠢᠨᠵᠢᠯᠡᠬᠦ ᠤᠬᠠᠭ᠋ᠠᠨ᠎ᠤ ᠰᠤᠳᠤᠯᠤᠯ᠎ᠤᠨ ᠵᠠᠷᠤᠳᠠᠯ᠎ᠤᠨ ᠬᠠᠮᠢᠶᠠᠷᠤᠯᠲᠠ ᠵᠢᠨ ᠥᠭᠡᠷᠡᠴᠢᠯᠡᠯᠲᠡ ᠵᠢ ᠤᠯᠠᠮ ᠨᠢᠭᠡ ᠠᠯᠬᠤᠮ ᠲᠦᠯᠬᠢᠨ ᠠᠬᠢᠭᠤᠯᠵᠤ᠂ ᠵᠠᠷᠤᠳᠠᠯ᠎ᠢ ᠨᠡᠩ ᠰᠠᠢ᠌ᠨ ᠵᠶ᠋ᠠᠷ ᠬᠥᠮᠦᠨ᠎ᠳᠤ ᠪᠦᠲᠦᠭᠡᠯᠴᠢ ᠴᠢᠨᠠᠷᠲᠠᠶ ᠦᠢ᠍ᠯᠡᠴᠢᠯᠡᠭᠦᠯᠬᠦ ᠬᠡᠷᠡᠭᠲᠡᠶ  ᠃ ᠰᠢᠨᠵᠢᠯᠡᠬᠦ ᠤᠬᠠᠭ᠋ᠠᠨ ᠮᠡᠷᠭᠡᠵᠢᠯ᠎ᠤᠨ ᠣᠯᠠᠨ ᠡᠰᠢᠵᠢᠭᠰᠡᠨ ᠣᠷᠣᠭᠤᠯᠤᠯᠲᠠ ᠵᠢ ᠨᠡᠮᠡᠭᠳᠡᠭᠦᠯᠵᠦ᠂ ᠪᠦᠬᠦ ᠨᠡᠢ᠌ᠭᠡᠮ᠎ᠤᠨ ᠰᠢᠨ᠎ᠡ ᠵᠢ ᠡᠭᠦᠳᠬᠦ ᠡᠬᠢ ᠪᠠᠶᠠᠯᠢᠭ᠎ᠢ ᠨᠢᠭᠡᠳᠦᠯᠲᠡᠶ ᠲᠥᠯᠥᠪᠯᠡᠨ ᠠᠰᠢᠭᠯᠠᠵᠤ᠂ ᠰᠢᠨᠵᠢᠯᠡᠬᠦ ᠤᠬᠠᠭ᠋ᠠᠨ ᠮᠡᠷᠭᠡᠵᠢᠯ᠎ᠤᠨ ᠣᠷᠣᠭᠤᠯᠤᠯᠲᠠ ᠵᠢᠨ ᠬᠦᠴᠦᠨ ᠴᠢᠳᠠᠪᠤᠷᠢ ᠵᠢ ᠳᠡᠭᠡᠭᠰᠢᠯᠡᠭᠦᠯᠦᠨ᠎ᠡ  ᠃

ᠢᠷᠡᠯᠲᠡ᠄ ᠷᠦᠢ ᠰᠢᠨᠵᠢᠯᠡᠭᠡ ᠮᠡᠷᠭᠡᠵᠢᠯ
          
ᠬᠠᠮᠢᠶ᠎ᠡ ᠪᠦᠬᠦᠢ ᠰᠣᠨᠢᠨ
ᠰᠢᠨᠵᠢᠯᠡᠬᠦ ᠤᠬᠠᠭ᠋ᠠᠨ ᠮᠡᠷᠭᠡᠵᠢᠯ᠎ᠤᠨ ᠶᠠᠮᠤᠨ᠂ ᠤᠯᠤᠰ᠎ᠤᠨ ᠬᠥᠭᠵᠢᠭᠦᠯᠦᠯᠲᠡ ᠥᠭᠡᠷᠡᠴᠢᠯᠡᠯᠲᠡ ᠵᠢᠨ ᠵᠥᠪᠯᠡᠯ ᠨᠡᠭᠦᠷᠡᠰᠦᠲᠥ᠋ᠷᠥᠭᠴᠢ ᠭᠠᠷᠬᠤ ᠤᠷᠬᠢᠯ ᠨᠡᠭᠦᠷᠡᠰᠦᠲᠥ᠋ᠷᠥᠭᠴᠢ ᠭᠠᠷᠬᠤ ᠳᠤᠮᠳᠠ ᠪᠠ ᠰᠢᠨᠵᠢᠯᠡᠬᠦ ᠤᠬᠠᠭ᠋ᠠᠨ ᠮᠡᠷᠭᠡᠵᠢᠯ᠎ᠤᠨ ᠰᠢᠨ᠎ᠡ ᠵᠢ ᠡᠭᠦᠳᠬᠦ ᠶᠠᠮᠤᠨ᠎ᠤ ᠬᠣᠭᠣᠷᠣᠨᠳᠣᠬᠢ ᠵᠣᠬᠢᠴᠠᠭᠤᠯᠬᠤ ᠲᠣᠭᠲᠠᠴᠠ ᠵᠢᠨ ᠠᠩᠬᠠᠳᠤᠭ᠋ᠠᠷ ᠤᠳᠠᠭ᠎ᠠ ᠵᠢᠨ ᠬᠤᠷᠠᠯ ᠬᠤᠷᠠᠯᠳᠤᠭᠤᠯᠪᠠ
《ᠰᠢᠨᠵᠢᠯᠡᠬᠦ ᠤᠬᠠᠭ᠋ᠠᠨ ᠮᠡᠷᠭᠡᠵᠢᠯ᠎ᠤᠨ ᠲᠦᠷᠦ ᠵᠢᠨ ᠪᠤᠳᠤᠯᠭ᠎ᠠ ᠵᠢ ᠯᠠᠪᠳᠠᠭᠤᠨ ᠪᠠᠲᠤᠲᠠᠢ ᠨᠠᠶ᠋ᠢᠳᠠᠪᠤᠷᠢᠵᠢᠭᠤᠯᠬᠤ ᠡᠨᠡᠬᠦ ᠠᠵᠢᠯ᠎ᠢ ᠰᠠᠶ᠋ᠢᠲᠤᠷ ᠠᠳᠬᠤᠵᠤ᠂ ᠪᠣᠳᠠᠲᠠᠢ᠎ᠳᠤ ᠨᠠᠶ᠋ᠢᠳᠠᠪᠤᠷᠢᠵᠢᠭᠤᠯᠬᠤ ᠬᠡᠷᠡᠭᠲᠡᠢ》 — ᠰᠢᠨᠵᠢᠯᠡᠬᠦ ᠤᠬᠠᠭ᠋ᠠᠨ ᠮᠡᠷᠭᠡᠵᠢᠯ᠎ᠤᠨ ᠶᠠᠮᠤᠨ᠎ᠤ ᠰᠠᠶ᠋ᠢᠳ ᠸᠠᠩ ᡁᠢ ᠭᠠᠩ ᠰᠢᠨᠵᠢᠯᠡᠬᠦ ᠤᠬᠠᠭ᠋ᠠᠨ ᠮᠡᠷᠭᠡᠵᠢᠯ᠎ᠤᠨ ᠰᠢᠨ᠎ᠡ ᠵᠢ ᠡᠭᠦᠳᠬᠦ ᠬᠠᠯᠠᠮᠰᠢᠯ ᠠᠰᠠᠭᠤᠳᠠᠯ᠎ᠤᠨ ᠲᠤᠬᠠᠢ ᠶᠠᠷᠢᠭᠰᠠᠨ᠎ᠨᠢ
ᠶᠠᠮᠤᠨ᠎ᠤ ᠰᠠᠢ᠌ᠳ ᠸᠠᠩ ᡁᠢ ᠭᠠᠩ ᠪᠦᠯᠬᠦᠮ ᠳᠠᠭ᠋ᠠᠭᠤᠯᠤᠨ 《93》 ᠡᠷᠳᠡᠮ ᠰᠢᠨᠵᠢᠯᠡᠭᠡᠨ᠎ᠤ ᠨᠡᠢ᠌ᠭᠡᠮᠯᠢᠭ᠎ᠤᠨ ᠲᠥᠪ ᠬᠣᠷᠢᠶ᠎ᠠ᠎ᠳᠤ ᠠᠢ᠌ᠯᠴᠢᠯᠠᠭᠰᠠᠨ ᠪᠥᠭᠡᠳ ᠶᠠᠷᠢᠯᠴᠠᠬᠤ ᠬᠤᠷᠠᠯ ᠬᠤᠷᠠᠯᠳᠤᠭᠤᠯᠪᠠ
ᠸᠠᠩ ᡁᠢ ᠭᠠᠩ᠄ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠦᠷ᠎ᠡ ᠪᠦᠲᠦᠭᠡᠯ᠎ᠢ ᠤᠯᠠᠷᠢᠭᠤᠯᠬᠤ ᠵᠢ ᠠᠬᠢᠭᠤᠯᠵᠤ᠂ ᠴᠢᠨᠠᠷ ᠰᠠᠢ᠌ᠲᠠᠶ ᠬᠥᠭᠵᠢᠯᠲᠡ ᠵᠢ ᠲᠤᠯᠭ᠋ᠠᠭᠤᠷᠢᠯᠠᠬᠤ ᠬᠡᠷᠡᠭᠲᠡᠶ
ᠴᠢᠳᠠᠪᠤᠷᠢᠲᠠᠨ᠎ᠢ ᠪᠥᠬᠥ ᠲᠠᠯ᠎ᠠ᠎ᠪᠠᠷ ᠬᠥᠮᠦᠵᠢᠭᠦᠯᠵᠦ᠂ ᠣᠷᠣᠭᠤᠯᠤᠨ ᠠᠪᠴᠢᠷᠠᠵᠤ᠂ ᠰᠠᠢ᠌ᠲᠤᠷ ᠬᠡᠷᠡᠭᠯᠡᠵᠦ ᠪᠠᠢ᠌ᠭ᠋ᠠᠳ ᠳᠡᠯᠡᠬᠡᠶ ᠵᠢᠨ ᠴᠢᠬᠤᠯᠠ ᠴᠢᠳᠠᠪᠤᠷᠢᠲᠠᠨ᠎ᠤ ᠲᠥᠪ ᠪᠠ ᠰᠢᠨ᠎ᠡ ᠵᠢ ᠡᠭᠦᠳᠬᠦ ᠥᠨᠳᠥᠷᠯᠢᠭ ᠭᠠᠵᠠᠷ᠎ᠢ ᠲᠦᠷᠭᠡᠪᠴᠢᠯᠡᠨ ᠪᠠᠢ᠌ᠭᠤᠯᠤᠨ᠎ᠠ (ᠲᠤᠰᠬᠠᠶ ᠰᠡᠳᠦᠪᠲᠦ ᠭᠦᠨ ᠪᠣᠳᠣᠯᠬᠢᠯᠠᠯ)
 
            