2019 ᠤᠨ ︽ᠨᠢᠭᠡ ᠪᠦᠰᠡ ᠨᠢᠭᠡ ᠵᠠᠮ︾ ᠤᠨ ᠤᠯᠤᠰ ᠠᠴᠠ ᠠᠵᠤ ᠠᠬᠤᠢᠯᠠᠯ ᠤᠨ ᠰᠢᠨ᠎ᠡ ᠶᠢ ᠡᠭᠦᠳᠬᠦ ᠬᠥᠭᠵᠢᠯᠲᠡ ᠶᠢᠨ ᠰᠤᠳᠤᠯᠤᠨ ᠰᠤᠷᠤᠯᠴᠠᠬᠤ ᠠᠩᠭᠢ ᠪᠤᠭᠤᠲᠤ ᠬᠤᠲᠠ ᠳᠤ ᠬᠦᠷᠴᠦ ᠲᠣᠭᠤᠷᠢᠨ ᠦᠵᠡᠵᠦ ᠰᠢᠨᠵᠢᠯᠡᠨ ᠪᠠᠶᠢᠴᠠᠭᠠᠪᠠ
ᠨᠡᠶᠢᠲᠡᠯᠡᠭᠰᠡᠨ ᠴᠠᠭ᠄
2019/8/27
   2019 ᠤᠨ ︽ᠨᠢᠭᠡ ᠪᠦᠰᠡ ᠨᠢᠭᠡ ᠵᠠᠮ︾ ᠤᠨ ᠤᠯᠤᠰ ᠠᠴᠠ ᠠᠵᠤ ᠠᠬᠤᠢᠯᠠᠯ ᠤᠨ ᠰᠢᠨ᠎ᠡ ᠶᠢ ᠡᠭᠦᠳᠬᠦ ᠬᠥᠭᠵᠢᠯᠲᠡ ᠶᠢᠨ ᠰᠤᠳᠤᠯᠤᠨ ᠰᠤᠷᠤᠯᠴᠠᠬᠤ ᠠᠩᠭᠢ ᠪᠤᠭᠤᠲᠤ ᠬᠤᠲᠠ ᠳᠤ ᠬᠦᠷᠴᠦ ᠲᠣᠭᠤᠷᠢᠨ ᠦᠵᠡᠵᠦ ᠰᠢᠨᠵᠢᠯᠡᠨ ᠪᠠᠶᠢᠴᠠᠭᠠᠪᠠ    8 ᠰᠠᠷ᠎ᠠ ᠶᠢᠨ 15 ᠤ ᠡᠳᠦᠷ᠂ ᠬᠤᠳᠠᠯᠳᠤᠭᠠᠨ ᠤ ᠶᠠᠪᠤᠳᠠᠯ ᠤᠨ ᠶᠠᠮᠤᠨ ᠠᠴᠠ ᠭᠤᠤᠯᠯᠠᠨ ᠡᠷᠬᠢᠯᠡᠭᠰᠡᠨ᠂ ᠳᠤᠮᠳᠠᠳᠤ ᠤᠯᠤᠰ ᠠᠴᠠ ᠣᠯᠠᠨ ᠤᠯᠤᠰ ᠠᠴᠠ ᠴᠢᠳᠠᠪᠤᠷᠢᠲᠠᠨ ᠤ ᠰᠣᠯᠢᠯᠴᠠᠭᠠᠨ ᠤ ᠰᠠᠭᠤᠷᠢ ᠮᠥᠩᠭᠦᠨ ᠤ ᠨᠡᠶᠢᠭᠡᠮᠯᠢᠭ ᠤᠨ ᠬᠡᠷᠡᠭᠵᠢᠭᠦᠯᠦᠭᠰᠡᠨ 2019 ᠤᠨ ︽ᠨᠢᠭᠡ ᠪᠦᠰᠡ ᠨᠢᠭᠡ ᠵᠠᠮ︾ ᠤᠨ ᠤᠯᠤᠰ ᠠᠴᠠ ᠠᠵᠤ ᠠᠬᠤᠢᠯᠠᠯ ᠤᠨ ᠰᠢᠨ᠎ᠡ ᠶᠢ ᠡᠭᠦᠳᠬᠦ ᠬᠥᠭᠵᠢᠯᠲᠡ ᠶᠢᠨ ᠰᠤᠳᠤᠯᠤᠨ ᠰᠤᠷᠤᠯᠴᠠᠬᠤ ᠠᠩᠭᠢ ᠪᠤᠭᠤᠲᠤ ᠬᠤᠲᠠ ᠳᠤ ᠬᠦᠷᠴᠦ ᠲᠣᠭᠤᠷᠢᠨ ᠦᠵᠡᠵᠦ ᠰᠢᠨᠵᠢᠯᠡᠨ ᠪᠠᠶᠢᠴᠠᠭᠠᠵᠤ᠂ ᠰᠤᠳᠤᠯᠤᠨ ᠰᠤᠷᠤᠯᠴᠠᠬᠤ ᠠᠩᠭᠢ ᠶᠢᠨ ᠰᠤᠷᠤᠭᠴᠢᠳ ᠠᠽᠢᠶ᠎ᠠ ᠲᠢᠪ᠂ ᠠᠹᠷᠢᠺᠠ ᠲᠢᠪ᠂ ᠧᠦ᠋ᠷᠣᠫᠠ ᠲᠢᠪ ᠵᠡᠷᠭᠡ ︽ᠨᠢᠭᠡ ᠪᠦᠰᠡ ᠨᠢᠭᠡ ᠵᠠᠮ︾ ᠳᠠᠭᠠᠤ ᠶᠢᠨ ᠬᠥᠭᠵᠢᠵᠦ ᠪᠠᠶ᠋ᠭ᠎ᠠ ᠤᠯᠤᠰ ᠣᠷᠣᠨ ᠤ ᠠᠵᠤ ᠠᠬᠤᠢᠯᠠᠯ ᠤᠨ ᠬᠠᠮᠢᠶᠠᠷᠤᠯᠲᠠ ᠬᠢᠭᠡᠳ ᠰᠢᠨ᠎ᠡ ᠶᠢ ᠡᠭᠦᠳᠬᠦ ᠬᠥᠭᠵᠢᠯᠲᠡ ᠶᠢ ᠬᠠᠷᠢᠭᠤᠴᠠᠵᠤ ᠪᠠᠶ᠋ᠭ᠎ᠠ ᠵᠠᠰᠠᠭ ᠤᠨ ᠣᠷᠳᠣᠨ᠂ ᠶᠡᠭᠡ ᠳᠡᠭᠡᠰᠦ ᠰᠤᠷᠭᠠᠭᠤᠯᠢ ᠪᠣᠯᠤᠨ ᠠᠵᠤ ᠠᠬᠤᠢᠯᠠᠯ ᠤᠨ ᠬᠤᠯᠪᠣᠭᠳᠠᠯ ᠪᠦᠬᠦᠢ ᠬᠥᠮᠦᠰ 20 ᠬᠥᠮᠦᠨ ᠢᠶᠠᠷ ᠪᠦᠷᠢᠯᠳᠦᠵᠡᠶ᠃ ᠥᠪᠡᠷᠲᠡᠭᠡᠨ ᠵᠠᠰᠠᠬᠤ ᠣᠷᠣᠨ ᠤ ᠣᠯᠠᠨ ᠤᠯᠤᠰ ᠠᠴᠠ ᠴᠢᠳᠠᠪᠤᠷᠢᠲᠠᠨ ᠤ ᠰᠣᠯᠢᠯᠴᠠᠭᠠᠨ ᠤ ᠲᠥᠪ ᠪᠣᠯᠤᠨ ᠪᠤᠭᠤᠲᠤ ᠬᠤᠲᠠ ᠶᠢᠨ ᠰᠢᠨᠵᠢᠯᠡᠬᠦ ᠤᠬᠠᠭᠠᠨ ᠮᠡᠷᠭᠡᠵᠢᠯ ᠤᠨ ᠲᠣᠪᠴᠢᠶ᠎ᠠ ᠶᠢᠨ ᠬᠠᠮᠲᠤᠷᠠᠯᠴᠠᠭᠠᠨ ᠤ ᠰᠠᠯᠠᠭᠠᠨ ᠤ ᠬᠤᠯᠪᠣᠭᠳᠠᠯ ᠪᠦᠬᠦᠢ ᠬᠠᠷᠢᠭᠤᠴᠠᠯᠭᠠᠲᠠᠨ ᠪᠠᠷ᠎ᠠ ᠪᠣᠯᠵᠤ ᠲᠣᠭᠤᠷᠢᠨ ᠦᠵᠡᠪᠡ᠃    ᠰᠤᠳᠤᠯᠤᠨ ᠰᠤᠷᠤᠯᠴᠠᠬᠤ ᠠᠩᠭᠢ ᠶᠢᠨ ᠰᠤᠷᠤᠭᠴᠢᠳ ᠳᠤᠮᠳᠠᠳᠤ ᠤᠯᠤᠰ ᠠᠴᠠ ᠰᠢᠨᠵᠢᠯᠡᠬᠦ ᠤᠬᠠᠭᠠᠨ ᠤ ᠬᠦᠷᠢᠶᠡᠯᠡᠩ ᠤᠨ ᠪᠤᠭᠤᠲᠤ ᠶᠢᠨ ᠬᠤᠪᠣᠷ ᠰᠢᠷᠣᠶ ᠶᠢᠨ ᠰᠤᠳᠤᠯᠤᠨ ᠨᠡᠭᠡᠭᠡᠬᠦ ᠲᠥᠪ᠂ ᠪᠤᠭᠤᠲᠤ ᠶᠢᠨ ᠬᠤᠪᠣᠷ ᠡᠷᠳᠡᠨᠢ ᠪᠥᠸᠧ ᠪᠠᠷ ᠡᠮᠴᠢᠯᠡᠭᠡᠨ ᠤ ᠰᠢᠰᠲ᠋ᠧᠮ ᠤᠨ ᠬᠢᠵᠠᠭᠠᠷᠲᠤ ᠺᠣᠮᠫᠠᠨᠢ᠂ ᠪᠤᠭᠤᠲᠤ ᠬᠤᠲᠠ ᠶᠢᠨ ᠳ᠋ᠦᠩ ᠪᠦᠦ ᠠᠮᠢᠳᠤ ᠪᠣᠳᠠᠰ ᠤᠨ ᠮᠡᠷᠭᠡᠵᠢᠯ ᠤᠨ ᠬᠤᠪᠢ ᠣᠷᠣᠭᠤᠯᠤᠭᠰᠠᠨ ᠬᠢᠵᠠᠭᠠᠷᠲᠤ ᠺᠣᠮᠫᠠᠨᠢ ᠪᠣᠯᠤᠨ ᠪᠤᠭᠤᠲᠤ ᠶᠢᠨ ᠱᠧᠩ ᠲᠠᠢ ᠮᠠᠰᠢᠨ ᠲᠡᠷᠭᠡᠨ ᠤ ᠰᠤᠳᠤᠯᠤᠨ ᠦᠶ᠋ᠯᠡᠳᠬᠦ ᠬᠢᠵᠠᠭᠠᠷᠲᠤ ᠺᠣᠮᠫᠠᠨᠢ ᠶᠢ ᠲᠣᠭᠤᠷᠢᠨ ᠦᠵᠡᠵᠦ ᠰᠢᠨᠵᠢᠯᠡᠨ ᠪᠠᠶᠢᠴᠠᠭᠠᠵᠤ᠂ ᠬᠤᠶᠠᠷ ᠲᠠᠯ᠎ᠠ ᠪᠠᠷ ᠢᠶᠠᠨ ᠬᠤᠪᠣᠷ ᠰᠢᠷᠣᠶ ᠶᠢᠨ ᠮᠠᠲ᠋ᠧᠷᠢᠶᠠᠯ ᠢ ᠰᠤᠳᠤᠯᠤᠨ ᠨᠡᠭᠡᠭᠡᠬᠦ᠂ ᠰᠢᠨᠵᠢᠯᠡᠬᠦ ᠤᠬᠠᠭᠠᠨ ᠮᠡᠷᠭᠡᠵᠢᠯ ᠤᠨ ᠦᠷ᠎ᠡ ᠪᠦᠲᠦᠭᠡᠯ ᠢ ᠬᠤᠪᠢᠷᠠᠭᠤᠯᠬᠤ᠂ ᠬᠤᠪᠣᠷ ᠰᠢᠷᠣᠶ ᠶᠢᠨ ᠲᠣᠭᠲᠠᠮᠠᠯ ᠰᠣᠷᠢᠨᠵᠢᠨ ᠰᠣᠷᠢᠨᠵᠢᠨ ᠰᠦᠯᠢᠶᠣᠣ ᠶᠢ ᠰᠤᠳᠤᠯᠤᠨ ᠨᠡᠭᠡᠭᠡᠬᠦ ᠵᠢᠷᠤᠭ ᠲᠥᠯᠥᠪᠯᠡᠭᠡ᠂ ᠢᠳᠡᠭᠡᠨ ᠳᠤ ᠬᠡᠷᠡᠭᠯᠡᠬᠦ ᠭᠧᠯᠠᠲᠢᠨ ᠠᠮᠢᠳᠤ ᠪᠣᠳᠠᠰ ᠤᠨ ᠪᠦᠲᠦᠭᠡᠭᠳᠡᠬᠦᠨ ᠪᠣᠯᠤᠨ ᠮᠠᠰᠢᠨ ᠲᠡᠷᠭᠡᠨ ᠤ ᠰᠤᠳᠤᠯᠤᠨ ᠦᠶ᠋ᠯᠡᠳᠬᠦ ᠵᠡᠷᠭᠡ ᠲᠠᠯ᠎ᠠ ᠪᠠᠷ ᠰᠠᠨᠠᠯ ᠢᠶᠠᠨ ᠰᠣᠯᠢᠯᠴᠠᠪᠠ᠃    ᠰᠤᠳᠤᠯᠤᠨ ᠰᠤᠷᠤᠯᠴᠠᠬᠤ ᠠᠩᠭᠢ ᠶᠢᠨ ᠰᠤᠷᠤᠭᠴᠢᠳ ᠪᠤᠭᠤᠲᠤ ᠬᠤᠲᠠ ᠶᠢᠨ ᠦᠷ᠎ᠡ ᠶᠢᠨ ᠵᠢᠯ ᠤᠨ ᠲᠤᠷᠰᠢᠬᠢ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠰᠢᠰᠲ᠋ᠧᠮ ᠤᠨ ᠪᠠᠢᠭᠤᠯᠤᠯᠲᠠ ᠪᠣᠯᠤᠨ ᠠᠵᠤ ᠠᠬᠤᠢᠯᠠᠯ ᠤᠨ ᠮᠡᠷᠭᠡᠵᠢᠯ ᠤᠨ ᠰᠤᠳᠤᠯᠤᠨ ᠨᠡᠭᠡᠭᠡᠬᠦ ᠴᠢᠳᠠᠪᠤᠷᠢ ᠵᠡᠷᠭᠡ ᠲᠠᠯ᠎ᠠ ᠪᠠᠷ ᠣᠯᠤᠭᠰᠠᠨ ᠦᠷ᠎ᠡ ᠪᠦᠲᠦᠭᠡᠯ ᠢ ᠳᠡᠭᠡᠰᠦ ᠬᠡᠮᠵᠢᠶ᠎ᠡ ᠪᠠᠷ ᠮᠠᠭᠲᠠᠨ ᠰᠠᠶᠢᠰᠢᠶᠠᠬᠤ ᠶᠢᠨ ᠬᠠᠮᠲᠤ ᠪᠤᠭᠤᠲᠤ ᠬᠤᠲᠠ ᠶᠢᠨ ᠬᠠᠮᠢᠶ᠎ᠠ ᠪᠦᠬᠦᠢ ᠰᠤᠳᠤᠯᠤᠨ ᠨᠡᠭᠡᠭᠡᠬᠦ ᠪᠠᠢᠭᠤᠯᠤᠮᠵᠢ ᠪᠣᠯᠤᠨ ᠠᠵᠤ ᠠᠬᠤᠢᠯᠠᠯ ︽ᠨᠢᠭᠡ ᠪᠦᠰᠡ ᠨᠢᠭᠡ ᠵᠠᠮ︾ ᠳᠠᠭᠠᠤ ᠶᠢᠨ ᠤᠯᠤᠰ ᠯᠤᠭ᠎ᠠ ᠭᠦᠨᠵᠡᠭᠡᠶ ᠣᠯᠠᠨ ᠤᠯᠤᠰ ᠠᠴᠠ ᠰᠣᠯᠢᠯᠴᠠᠭ᠎ᠠ ᠪᠣᠯᠤᠨ ᠬᠠᠮᠲᠤᠷᠠᠯᠴᠠᠭ᠎ᠠ ᠥᠷᠨᠢᠭᠦᠯᠬᠦ ᠶᠢ ᠬᠦᠰᠡᠵᠦ ᠪᠠᠶᠢᠨ᠎ᠠ᠃  
 
ᠢᠷᠡᠯᠲᠡ᠄ ᠲᠣᠲᠣᠷᠬᠠᠢ ᠦᠭᠡᠢ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号