ᠠᠯᠠᠱᠠᠨ ᠠᠶᠢᠮᠠᠭ᠄ ᠤᠯᠤᠰ ᠠᠴᠠ ᠭᠤᠤᠯᠳᠠᠯᠭ᠎ᠠ ᠲᠠᠢ ᠰᠤᠳᠤᠯᠤᠨ ᠨᠡᠭᠡᠭᠡᠬᠦ ᠲᠥᠯᠥᠪᠯᠡᠭᠡ ᠶᠢᠨ ᠲᠥᠷᠥᠯ ᠵᠦᠢᠯ ᠤᠨ ︽ᠬᠢᠲᠠᠳ ᠡᠮ ᠴᠠᠭᠠᠨ ᠭᠤᠶᠣᠣ ᠲᠣᠮᠣ ᠲᠥᠷᠥᠯ ᠵᠦᠢᠯ ᠢ ᠨᠡᠭᠡᠭᠡᠨ ᠬᠥᠭᠵᠢᠭᠦᠯᠬᠦ ᠪᠠ ᠠᠵᠤ ᠦᠢᠯᠡᠰᠵᠢᠭᠦᠯᠬᠦ︾ ᠠᠵᠢᠯ ᠱᠠᠲᠤ ᠦᠶ᠎ᠡ ᠶᠢᠨ ᠴᠢᠨᠠᠷᠲᠠᠶ ᠠᠬᠢᠴᠠ ᠲᠠᠢ ᠪᠣᠯᠪᠠ
ᠨᠡᠶᠢᠲᠡᠯᠡᠭᠰᠡᠨ ᠴᠠᠭ᠄
2019/8/27
  ᠠᠯᠠᠱᠠᠨ ᠠᠶᠢᠮᠠᠭ᠄ ᠤᠯᠤᠰ ᠠᠴᠠ ᠭᠤᠤᠯᠳᠠᠯᠭ᠎ᠠ ᠲᠠᠢ ᠰᠤᠳᠤᠯᠤᠨ ᠨᠡᠭᠡᠭᠡᠬᠦ ᠲᠥᠯᠥᠪᠯᠡᠭᠡ ᠶᠢᠨ ᠲᠥᠷᠥᠯ ᠵᠦᠢᠯ ᠤᠨ ︽ᠬᠢᠲᠠᠳ ᠡᠮ ᠴᠠᠭᠠᠨ ᠭᠤᠶᠣᠣ ᠲᠣᠮᠣ ᠲᠥᠷᠥᠯ ᠵᠦᠢᠯ ᠢ ᠨᠡᠭᠡᠭᠡᠨ ᠬᠥᠭᠵᠢᠭᠦᠯᠬᠦ ᠪᠠ ᠠᠵᠤ ᠦᠢᠯᠡᠰᠵᠢᠭᠦᠯᠬᠦ︾ ᠠᠵᠢᠯ ᠱᠠᠲᠤ ᠦᠶ᠎ᠡ ᠶᠢᠨ ᠴᠢᠨᠠᠷᠲᠠᠶ ᠠᠬᠢᠴᠠ ᠲᠠᠢ ᠪᠣᠯᠪᠠ    ᠴᠧᠨ ᠱᠠ ᠠᠵᠤ ᠦᠢᠯᠡᠰ ᠤᠨ ᠠᠵᠤ ᠠᠬᠤᠢᠯᠠᠯ ᠥᠪᠥᠷ ᠮᠣᠩᠭᠤᠯ ᠤᠨ ᠮᠠᠨᠳᠤᠯᠠᠱᠠ ᠠᠵᠤ ᠦᠢᠯᠡᠰ ᠤᠨ ᠨᠡᠭᠡᠭᠡᠯᠲᠡ ᠶᠢᠨ ᠬᠢᠵᠠᠭᠠᠷᠲᠤ ᠺᠣᠮᠫᠠᠨᠢ ᠠᠴᠠ ᠲᠦᠷᠦᠭᠦᠯᠡᠨ ᠡᠭᠦᠷᠭᠡᠯᠡᠭᠰᠡᠨ ᠤᠯᠤᠰ ᠠᠴᠠ ᠭᠤᠤᠯᠳᠠᠯᠭ᠎ᠠ ᠲᠠᠢ ᠰᠤᠳᠤᠯᠤᠨ ᠨᠡᠭᠡᠭᠡᠬᠦ ᠲᠥᠯᠥᠪᠯᠡᠭᠡ ᠶᠢᠨ ︽ᠬᠢᠲᠠᠳ ᠡᠮ ᠡᠮᠨᠡᠯᠭᠡ ᠶᠢᠨ ᠣᠳᠣᠬᠢᠴᠢᠯᠠᠯᠲᠠ ᠶᠢᠨ ᠰᠤᠳᠤᠯᠭᠠᠨ︾ ᠤ ᠲᠤᠰᠬᠠᠶ ᠲᠥᠷᠥᠯ ᠤᠨ ︽ᠬᠢᠲᠠᠳ ᠡᠮ ᠴᠠᠭᠠᠨ ᠭᠤᠶᠣᠣ ᠲᠣᠮᠣ ᠲᠥᠷᠥᠯ ᠵᠦᠢᠯ ᠢ ᠨᠡᠭᠡᠭᠡᠨ ᠬᠥᠭᠵᠢᠭᠦᠯᠬᠦ ᠪᠠ ᠠᠵᠤ ᠦᠢᠯᠡᠰᠵᠢᠭᠦᠯᠬᠦ︾ ᠲᠥᠷᠥᠯ ᠵᠦᠢᠯ 2018 ᠤᠨ 5 ᠰᠠᠷ᠎ᠠ ᠠᠴᠠ ᠡᠬᠢᠯᠡᠵᠦ᠂ ᠴᠠᠭᠠᠨ ᠭᠤᠶᠣᠣ ᠡᠬᠢ ᠪᠠᠶᠠᠯᠢᠭ ᠢ ᠬᠠᠮᠠᠭᠠᠯᠠᠬᠤ᠂ ᠵᠦᠶ ᠵᠣᠬᠢᠰᠲᠠᠶ ᠨᠡᠭᠡᠭᠡᠨ ᠬᠥᠭᠵᠢᠭᠦᠯᠬᠦ ᠪᠠ ᠠᠵᠤ ᠦᠢᠯᠡᠰᠵᠢᠭᠦᠯᠬᠦ ᠵᠡᠷᠭᠡ ᠠᠰᠠᠭᠤᠳᠠᠯ ᠳᠤ ᠴᠢᠭᠯᠡᠭᠦᠯᠦᠨ᠂ ᠶᠡᠭᠡ ᠬᠡᠮᠵᠢᠶᠡᠨ ᠤ ᠲᠤᠷᠰᠢᠯᠲᠠ ᠰᠤᠳᠤᠯᠭᠠᠨ ᠤ ᠠᠵᠢᠯ ᠢ ᠥᠷᠨᠢᠭᠦᠯᠵᠦ᠂ ᠱᠠᠲᠤᠴᠢ ᠴᠢᠨᠠᠷᠲᠠᠶ ᠰᠤᠳᠤᠯᠭᠠᠨ ᠤ ᠠᠬᠢᠴᠠ ᠲᠠᠢ ᠪᠣᠯᠪᠠ᠃    ︽ᠬᠢᠲᠠᠳ ᠴᠠᠭᠠᠨ ᠭᠤᠶᠣᠣ ᠲᠣᠮᠣ ᠡᠭᠦᠯᠳᠡᠷ ᠢ ᠨᠡᠭᠡᠭᠡᠨ ᠬᠥᠭᠵᠢᠭᠦᠯᠬᠦ ᠪᠠ ᠠᠵᠤ ᠦᠢᠯᠡᠰᠵᠢᠭᠦᠯᠬᠦ︾ ᠲᠥᠷᠥᠯ ᠵᠦᠢᠯ ᠢ ᠬᠡᠷᠡᠭᠵᠢᠭᠦᠯᠬᠦ ᠶᠢᠨ ᠵᠣᠷᠢᠯᠭ᠎ᠠ ᠨᠢ ᠴᠠᠭᠠᠨ ᠭᠤᠶᠣᠣ ᠡᠯᠪᠡᠭ ᠲᠣᠭᠲᠠᠭᠤᠨ ᠦᠶ᠋ᠯᠡᠳᠪᠦᠷᠢᠯᠡᠵᠦ ᠲᠠᠷᠢᠬᠤ ᠮᠡᠷᠭᠡᠵᠢᠯ ᠢ ᠤᠯᠠᠮ ᠨᠢᠭᠡ ᠠᠯᠬᠤᠮ ᠳᠡᠭᠡᠭᠰᠢᠯᠡᠭᠦᠯᠵᠦ᠂ ᠴᠠᠭᠠᠨ ᠭᠤᠶᠣᠣ ᠵᠢᠴᠢ ᠲᠡᠭᠦᠨ ᠤ ᠦᠶ᠋ᠯᠡᠳᠦᠯ ᠤᠨ ᠲᠣᠭᠲᠠᠴᠠ ᠶᠢ ᠲᠣᠳᠣᠷᠬᠠᠶᠢᠯᠠᠨ ᠥᠭᠦᠯᠡᠵᠦ᠂ ᠠᠮᠢᠳᠤ ᠪᠣᠳᠠᠰ ᠤᠨ ᠴᠢᠳᠠᠮᠵᠢ ᠶᠢ ᠭᠦᠨᠵᠡᠭᠡᠶ ᠠᠭᠤᠳᠠᠯᠵᠤ᠂ ᠨᠢᠭᠡ ᠪᠦᠯᠦᠭ ᠡᠮ ᠤᠨ ᠵᠦᠢᠯ ᠪᠠ ᠡᠷᠡᠭᠡᠯᠵᠡᠯ ᠤᠨ ᠦᠢᠯᠡᠳᠭᠦᠨ ᠢ ᠰᠤᠳᠤᠯᠤᠨ ᠨᠡᠭᠡᠭᠡᠵᠦ᠂ ᠴᠠᠭᠠᠨ ᠭᠤᠶᠣᠣ ᠪᠥᠬᠦ ᠠᠵᠤ ᠦᠢᠯᠡᠰ ᠤᠨ ᠬᠡᠯᠬᠢᠶ᠎ᠡ ᠶᠢ ᠪᠤᠢ ᠪᠣᠯᠭᠠᠵᠤ᠂ ᠠᠵᠤ ᠦᠢᠯᠡᠰ ᠤᠨ ᠦᠷᠭᠦᠯᠵᠢᠯᠡᠨ ᠬᠥᠭᠵᠢᠬᠦ ᠶᠢ ᠠᠬᠢᠭᠤᠯᠬᠤ ᠶᠢᠨ ᠲᠥᠯᠥᠭᠡ ᠶᠤᠮ᠃ ᠣᠳᠣᠬᠠᠨ ᠳᠤ᠂ ᠲᠣᠰ ᠲᠥᠷᠥᠯ ᠵᠦᠢᠯ ᠨᠢ ᠡᠮᠦᠨᠡᠬᠢ ᠬᠤᠭᠤᠴᠠᠭᠠᠨ ᠤ ᠠᠵᠢᠯ ᠶᠢᠨ ᠰᠠᠭᠤᠷᠢᠨ ᠳᠡᠭᠡᠷ᠎ᠡ᠂ ᠴᠠᠭᠠᠨ ᠭᠤᠶᠣᠣ ᠵᠢᠱᠢᠶ᠎ᠡ ᠦᠵᠡᠭᠦᠯᠦᠨ ᠳᠡᠯᠭᠡᠷᠡᠭᠦᠯᠬᠦ ᠰᠠᠭᠤᠷᠢᠨ ᠭᠠᠵᠠᠷ ᠤᠨ ᠪᠦᠲᠦᠭᠡᠨ ᠪᠠᠶᠢᠭᠤᠯᠤᠯᠲᠠ ᠶᠢ ᠡᠮᠬᠢ ᠵᠢᠷᠤᠮ ᠲᠠᠢ ᠠᠬᠢᠭᠤᠯᠤᠨ᠎ᠠ︔ ᠴᠠᠭᠠᠨ ᠭᠤᠶᠣᠣ ᠭᠠᠩᠰᠠᠷᠠᠯ ᠢ ᠡᠰᠡᠷᠭᠦᠴᠡᠬᠦ᠂ ᠮᠡᠳᠡᠷᠡᠯ ᠤᠨ ᠦᠷᠪᠢᠰᠦᠯ ᠵᠢᠴᠢ ᠡᠯᠢᠭᠡ ᠶᠢ ᠬᠠᠮᠠᠭᠠᠯᠠᠬᠤ ᠵᠡᠷᠭᠡ ᠢᠳᠡᠪᠬᠢ ᠴᠢᠨᠠᠷ ᠤᠨ ᠪᠣᠳᠠᠰ ᠤᠨ ᠰᠠᠭᠤᠷᠢ ᠶᠢ ᠲᠣᠳᠣᠷᠬᠠᠶᠢᠯᠠᠵᠤ᠂ ᠣᠳᠣ ᠶᠠᠭ ᠲᠣᠭᠲᠠᠴᠠ ᠶᠢᠨ ᠰᠤᠳᠤᠯᠭᠠᠨ ᠢ ᠥᠷᠨᠢᠭᠦᠯᠵᠦ ᠪᠠᠶᠢᠨ᠎ᠠ︔ ᠴᠠᠭᠠᠨ ᠭᠤᠶᠣᠣ ᠴᠡᠴᠡᠭ ᠤᠨ ᠨᠠᠶᠢᠷᠠᠯᠭ᠎ᠠ ᠶᠢᠨ ᠨᠤᠲᠠᠯᠠᠯᠲᠠ ᠵᠢᠴᠢ ᠬᠠᠮᠢᠶ᠎ᠠ ᠪᠦᠬᠦᠢ ᠭᠠᠷ ᠤᠷᠠᠯᠠᠯ ᠳᠤ ᠰᠤᠳᠤᠯᠤᠯᠲᠠ ᠬᠢᠵᠦ᠂ ᠴᠠᠭᠠᠨ ᠭᠤᠶᠣᠣ ᠦᠵᠦᠮ ᠤᠨ ᠠᠷᠢᠬᠢ ᠵᠡᠷᠭᠡ 4  ᠦᠢᠯᠡᠳᠭᠦᠨ ᠢ ᠳᠤᠮᠳᠠ ᠨᠢ ᠲᠤᠷᠰᠢᠨ ᠦᠢᠯᠡᠳᠪᠤᠷᠢᠯᠡᠵᠤ᠂ ᠶᠠᠭ ᠰᠢᠯᠭᠠᠨ ᠪᠠᠶᠢᠴᠠᠭᠠᠬᠤ ᠪᠠᠶᠢᠭᠤᠯᠤᠮᠵᠢ ᠠᠴᠠ ᠳᠠᠩᠰᠠᠯᠠᠭᠤᠯᠤᠨ ᠰᠢᠯᠭᠠᠨ ᠪᠠᠶᠢᠴᠠᠭᠠᠵᠤ ᠪᠣᠶ︔ 3  ᠦᠢᠯᠡᠳᠭᠦᠨ ᠢ ᠲᠤᠷᠰᠢᠨ ᠦᠢᠯᠡᠳᠪᠤᠷᠢᠯᠡᠵᠤ᠂ 22 ᠦᠢᠯᠡᠳᠭᠦᠨ ᠢ ᠦᠢᠯᠡᠳᠭᠦᠨ ᠤ ᠤᠷᠠᠯᠠᠯ ᠤᠨ ᠰᠤᠳᠤᠯᠭᠠᠨ ᠬᠢᠵᠦ᠂ 7 ᠦᠢᠯᠡᠳᠭᠦᠨ ᠢ ᠨᠤᠲᠠᠯᠠᠬᠤ ᠠᠵᠢᠯ ᠬᠢᠵᠦ ᠪᠠᠶᠢᠨ᠎ᠠ︔ ᠴᠠᠭᠠᠨ ᠭᠤᠶᠣᠣ ᠶᠢᠨ ᠶᠡᠷᠦᠩᠬᠡᠶ ᠭᠯᠢᠺᠣᠰᠢᠳ᠋ ᠤᠨ ᠬᠤᠮᠵᠢᠶ᠎ᠠ᠂ ᠪᠥᠭᠡᠷ᠎ᠡ ᠶᠢᠨ ᠡᠷᠳᠡᠨᠢ ᠶᠢᠨ ᠬᠠᠪᠲᠠᠭᠠᠶ ᠦᠷᠢᠯ᠂ ᠰᠠᠶᠢᠨ ᠠᠷᠢᠬᠢ ᠪᠣᠯᠤᠨ ᠺᠠᠩᠺᠧᠷ ᠤᠨ ᠬᠠᠪᠲᠠᠭᠠᠶ ᠦᠷᠢᠯ ᠵᠡᠷᠭᠡ ᠵᠠᠬ᠎ᠠ ᠳᠡᠯᠭᠡᠭᠦᠷ ᠲᠤ ᠭᠠᠷᠭᠠᠭᠰᠠᠨ ᠪᠦᠲᠦᠭᠡᠭᠳᠡᠬᠦᠨ ᠳᠤ ᠴᠢᠭᠯᠡᠭᠦᠯᠦᠨ᠂ ᠲᠡᠭᠦᠨ ᠤ  ᠦᠢᠯᠡᠳᠪᠤᠷᠢᠯᠡᠯ ᠤᠨ ᠶᠠᠪᠤᠴᠠ ᠶᠢ ᠡᠵᠡᠮᠳᠡᠬᠦ᠂ ᠰᠢᠭᠠᠷᠤ ᠶᠢ ᠳᠡᠭᠡᠭᠰᠢᠯᠡᠭᠦᠯᠬᠦ ᠵᠡᠷᠭᠡ ᠰᠤᠳᠤᠯᠭᠠᠨ ᠢ ᠥᠷᠨᠢᠭᠦᠯᠦᠨ᠎ᠡ᠃ ︽ᠨᠢᠭᠡ ᠵᠦᠶ᠋ᠯ ᠤᠨ ᠴᠠᠭᠠᠨ ᠭᠤᠶᠣᠣ ᠰᠢᠨ᠎ᠡ ᠪᠦᠲᠦᠭᠡᠭᠳᠡᠬᠦᠨ ᠢ ᠪᠣᠯᠪᠠᠰᠤᠷᠠᠭᠤᠯᠬᠤ ᠬᠠᠳᠠᠭᠠᠬᠤ ᠤᠷᠠᠯᠠᠯ︾ ᠵᠡᠷᠭᠡ 6 ᠵᠦᠢᠯ ᠤᠨ ᠭᠤᠶᠤᠴᠢᠯᠠᠯ ᠭᠠᠷᠭᠠᠪᠠ᠂ ᠡᠭᠦᠨ ᠳᠤ ︽ᠨᠢᠭᠡ ᠵᠦᠶ᠋ᠯ ᠤᠨ ᠬᠢᠲᠠᠳ ᠡᠮ ᠤᠨ ᠳᠡᠭᠳᠡᠮᠡᠬᠡᠶ ᠲᠣᠰᠣ ᠴᠤᠭᠯᠠᠭᠤᠯᠬᠤ ᠲᠥᠬᠦᠭᠡᠷᠦᠮᠵᠢ︾ ᠨᠢ ᠨᠢᠭᠡᠨᠲᠡ ᠡᠷᠬᠡ ᠣᠯᠭᠤᠵᠤ᠂ ᠪᠤᠰᠤᠳ 5 ᠵᠦᠢᠯ ᠤᠨ ᠬᠢᠨᠠᠨ ᠪᠠᠶᠢᠴᠠᠭᠠᠯᠲᠠ ᠶᠢ ᠶᠠᠭ ᠬᠢᠵᠦ ᠪᠣᠶ︔ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠥᠭᠦᠯᠡᠯ ᠢ 2 ᠨᠡᠶᠢᠲᠡᠯᠡᠭᠦᠯᠪᠡ᠃    ᠲᠠᠷᠠᠭᠠᠴᠢ ᠶᠢᠨ ᠠᠯᠬᠤᠮ ᠳᠤ᠂ ᠲᠥᠷᠥᠯ ᠵᠦᠢᠯ ᠨᠢ ᠴᠠᠭᠠᠨ ᠭᠤᠶᠣᠣ ᠶᠢᠨ ᠵᠢᠱᠢᠶ᠎ᠡ ᠦᠵᠡᠭᠦᠯᠦᠨ ᠳᠡᠯᠭᠡᠷᠡᠭᠦᠯᠬᠦ ᠰᠠᠭᠤᠷᠢᠨ ᠭᠠᠵᠠᠷ᠂ ᠦᠷ᠎ᠡ ᠪᠠ ᠵᠤᠯᠵᠠᠭ᠎ᠠ ᠮᠣᠳᠣᠨ ᠤ ᠰᠠᠭᠤᠷᠢᠨ ᠭᠠᠵᠠᠷ ᠤᠨ ᠪᠦᠲᠦᠭᠡᠨ ᠪᠠᠶᠢᠭᠤᠯᠤᠯᠲᠠ ᠶᠢ ᠦᠷᠭᠦᠯᠵᠢᠯᠡᠨ ᠥᠷᠨᠢᠭᠦᠯᠵᠦ᠂ ᠴᠠᠭᠠᠨ ᠭᠤᠶᠣᠣ ᠶᠢᠨ ᠡᠮ ᠤᠨ ᠦᠶ᠋ᠯᠡᠳᠦᠯᠳᠦ ᠪᠣᠳᠠᠰ ᠵᠢᠴᠢ ᠦᠢᠯᠡᠲᠣᠯ‌‍ᠤᠨ ᠲᠣᠭᠲᠠᠴᠠ ᠶᠢᠨ ᠰᠤᠳᠤᠯᠭᠠᠨ ᠢ ᠠᠬᠢᠭᠤᠯᠵᠤ᠂ ᠴᠠᠭᠠᠨ ᠭᠤᠶᠣᠣ ᠶᠢᠨ ᠵᠠᠪᠰᠠᠷ ᠤᠨ ᠲᠤᠷᠰᠢᠯᠲᠠ ᠬᠢᠵᠦ᠂ ᠱᠠᠭᠠᠷᠳᠠᠯᠭ᠎ᠠ ᠶᠣᠰᠣᠭᠠᠷ ᠴᠠᠭᠠᠨ ᠭᠤᠶᠣᠣ ᠶᠢᠨ ᠦᠨᠡᠯᠡᠯᠲᠡ ᠲᠤᠷᠰᠢᠯᠲᠠ᠂ ᠡᠷᠡᠭᠦᠯ ᠬᠠᠮᠠᠭᠠᠯᠠᠯ ᠤᠨ ᠤᠬᠠᠭᠠᠨ ᠤ ᠲᠤᠷᠰᠢᠯᠲᠠ᠂ ᠲᠥᠷᠥᠯ ᠵᠦᠢᠯ ᠤᠨ ᠰᠤᠳᠤᠯᠭᠠᠨ ᠤ ᠡᠭᠦᠷᠭᠡ ᠶᠢᠨ ᠤᠷᠤᠭᠰᠢᠲᠠᠶ ᠬᠡᠷᠡᠭᠵᠢᠭᠦᠯᠦᠭᠳᠡᠬᠦ ᠶᠢ ᠠᠬᠢᠭᠤᠯᠵᠤ᠂ ᠲᠥᠷᠥᠯ ᠵᠦᠢᠯ ᠤᠨ ᠳᠤᠮᠳᠠ ᠬᠤᠭᠤᠴᠠᠭᠠᠨ ᠤ ᠪᠠᠶᠢᠴᠠᠭᠠᠯᠲᠠ ᠶᠢᠨ ᠬᠠᠮᠢᠶ᠎ᠠ ᠪᠦᠬᠦᠢ ᠪᠡᠯᠡᠳᠬᠡᠯ ᠠᠵᠢᠯ ᠢ ᠰᠠᠶᠢᠲᠤᠷ ᠬᠢᠨ᠎ᠡ᠃  
 
ᠢᠷᠡᠯᠲᠡ᠄ ᠲᠣᠲᠣᠷᠬᠠᠢ ᠦᠭᠡᠢ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号