ᠬᠤᠸᠠᠩ ᡁᠢ ᠴᠢᠶᠠᠩ ᠤᠷᠳᠤᠰ ᠬᠤᠳᠠ ᠳᠤ ᠪᠠᠶᠢᠴᠠᠭᠠᠨ ᠰᠤᠳᠤᠯᠤᠯᠲᠠ ᠬᠢᠬᠦ ᠳᠡᠭᠡᠨ ᠴᠢᠬᠤᠯᠠᠴᠢᠯᠠᠭᠰᠠᠨ ᠨᠢ ᠰᠢᠨ᠎ᠡ ᠶᠢ ᠡᠭᠦᠳᠬᠦ ᠪᠠᠷ ᠬᠥᠳᠡᠯᠭᠡᠭᠦᠷ ᠪᠣᠯᠭᠠᠬᠤ ᠬᠥᠭᠵᠢᠯᠲᠡ ᠶᠢᠨ ᠪᠠᠶᠢᠯᠳᠤᠬᠤ ᠪᠤᠳᠤᠯᠭ᠎ᠠ ᠶᠢ ᠭᠦᠨᠵᠡᠭᠡᠢ ᠬᠡᠷᠡᠭᠵᠢᠭᠦᠯᠵᠦ ᠭᠤᠣᠯᠳᠠᠯᠭ᠎ᠠ ᠲᠠᠢ ᠲᠦᠷᠦᠯ ᠵᠦᠢᠯ ᠤᠨ ᠪᠦᠳᠦᠭᠡᠨ ᠪᠠᠶᠢᠭᠤᠯᠤᠯᠲᠠ ᠶᠢ ᠲᠦᠷᠭᠡᠳᠬᠡᠨ ᠠᠬᠢᠭᠤᠯᠬᠤ ᠬᠡᠷᠡᠭᠲᠡᠢ
ᠨᠡᠶᠢᠲᠡᠯᠡᠭᠰᠡᠨ ᠴᠠᠭ᠄
2021/10/13
      10 ᠰᠠᠷ᠎ᠠ ᠶᠢᠨ 10 ᠤ ᠡᠳᠦᠷ᠂ ᠥᠪᠡᠷᠲᠡᠭᠡᠨ ᠵᠠᠰᠠᠬᠤ ᠣᠷᠣᠨ ᠤ ᠳᠡᠳ᠋ ᠲᠡᠷᠢᠭᠦᠯᠡᠭᠴᠢ ᠬᠤᠸᠠᠩ ᡁᠢ ᠴᠢᠶᠠᠩ ᠣᠷᠳᠣᠰ ᠬᠤᠲᠠ ᠳᠤ ᠭᠦᠨᠵᠡᠭᠡᠶᠢᠷᠡᠨ ᠰᠣᠶᠣᠯ ᠵᠢᠭᠤᠯᠴᠢᠯᠠᠯ᠂ ᠣᠷᠣᠨ ᠰᠠᠭᠤᠴᠠ ᠪᠠ ᠬᠤᠲᠠ ᠬᠥᠳᠡᠭᠡ  ᠶᠢᠨ ᠪᠥᠲᠥᠭᠡᠨ ᠪᠠᠶᠢᠭᠤᠯᠤᠯᠲᠠ ᠶᠢᠨ ᠠᠵᠢᠯ ᠢ ᠪᠠᠶᠢᠴᠠᠭᠠᠨ ᠰᠤᠳᠤᠯᠪᠠ  ᠃        ᠬᠤᠸᠠᠩ ᡁᠢ ᠴᠢᠶᠠᠩ᠂ ᠣᠷᠳᠣᠰ ᠵᠢᠭᠤᠯᠴᠢᠯᠠᠯ ᠤᠨ ᠦᠶᠯᠡᠰ ᠢ ᠬᠥᠭᠵᠢᠭᠦᠯᠬᠦ ᠥᠪᠡᠷᠮᠢᠴᠡ ᠳᠠᠪᠠᠭᠤᠯᠢᠭ ᠪᠠ ᠰᠠᠶᠢᠨ ᠰᠠᠶᠢᠬᠠᠨ ᠰᠠᠭᠤᠷᠢ ᠲᠠᠢ ᠶᠤᠮ᠂ ᠡᠯ᠎ᠡ ᠱᠠᠲᠤ ᠡᠯ᠎ᠡ ᠬᠤᠯᠪᠣᠭᠳᠠᠯ ᠪᠥᠬᠦᠶ ᠰᠠᠯᠠᠭ᠎ᠠ ᠮᠥᠴᠢᠷ ᠤᠨ ᠬᠢᠨ ᠵᠢᠭᠤᠯᠴᠢᠯᠠᠯ ᠤᠨ ᠦᠶᠯᠡᠰ ᠢ ᠠᠵᠤ ᠦᠶᠯᠡᠰ ᠤᠨ ᠬᠡᠯᠪᠡᠷᠢ ᠪᠠᠨ ᠬᠤᠪᠢᠷᠠᠭᠤᠯᠤᠨ ᠲᠠᠰ ᠳᠡᠪᠰᠢᠭᠦᠯᠬᠦ ᠶᠢ ᠠᠬᠢᠭᠤᠯᠬᠤ ᠴᠢᠬᠤᠯᠠ ᠭᠠᠷᠳᠠᠴᠠ ᠪᠣᠯᠭᠠᠵᠤ᠂ ᠵᠢᠭᠤᠯᠴᠢᠯᠠᠯ ᠤᠨ ᠬᠠᠩᠭᠠᠯᠭ᠎ᠠ ᠶᠢᠨ ᠲᠠᠯ᠎ᠠ ᠶᠢᠨ ᠪᠦᠲᠦᠴᠡ ᠶᠢᠨ ᠴᠢᠨᠠᠷᠲᠠᠶ ᠥᠭᠡᠷᠡᠴᠢᠯᠡᠯᠲᠡ ᠶᠢ ᠦᠷᠭᠦᠯᠵᠢᠯᠡᠨ ᠭᠦᠨᠵᠡᠭᠡᠶ ᠠᠬᠢᠭᠤᠯᠵᠤ᠂ ᠵᠢᠭᠤᠯᠴᠢᠯᠠᠯ ᠤᠨ ᠦᠶᠯᠡᠰ ᠤᠨ ᠴᠢᠨᠠᠷ ᠰᠠᠶᠢᠲᠠᠶ ᠬᠥᠭᠵᠢᠯᠲᠡ ᠶᠢ ᠪᠥᠬᠦ ᠬᠦᠴᠦᠨ ᠢᠶᠠᠷ ᠢᠶᠠᠨ ᠠᠬᠢᠭᠤᠯᠬᠤ ᠬᠡᠷᠡᠭᠲᠡᠶ  ᠃       ᠬᠤᠸᠠᠩ ᡁᠢ ᠴᠢᠶᠠᠩ᠂ ᠠᠷᠠᠳ ᠲᠦᠮᠡᠨ ᠢᠶᠠᠷ ᠭᠤᠣᠯ ᠪᠣᠯᠭᠠᠬᠤ ᠬᠥᠭᠵᠢᠯᠲᠡ ᠶᠢᠨ ᠦᠵᠡᠯ ᠰᠠᠨᠠᠭ᠎ᠠ ᠶᠢ ᠪᠠᠷᠢᠮᠲᠠᠯᠠᠵᠤ᠂ ᠭᠡᠷ ᠭᠠᠵᠠᠷ ᠤᠨ ᠬᠦᠷᠦᠩᠭᠡ ᠶᠢᠨ ᠬᠦᠷᠢᠶᠡᠨ ᠳᠠᠬᠢ ᠲᠡᠦᠬᠡ ᠶᠢᠨ ᠦᠯᠡᠳᠡᠭᠳᠡᠯ ᠠᠰᠠᠭᠤᠳᠠᠯ ᠳᠤ ᠤᠯᠠᠮ ᠴᠢᠨᠠᠭᠰᠢᠳᠠ ᠠᠵᠢᠯ ᠤᠨ ᠡᠷᠴᠢᠮ ᠢᠶᠠᠨ ᠴᠢᠩᠭᠠᠷᠠᠭᠤᠯᠵᠤ᠂ ᠠᠵᠢᠯ ᠤᠨ ᠦᠷ᠎ᠡ ᠪᠦᠲᠦᠮᠵᠢ ᠪᠠᠨ ᠳᠡᠭᠡᠭᠰᠢᠯᠡᠭᠦᠯᠵᠦ᠂ ᠤᠯᠠᠨ ᠲᠦᠮᠡᠨ ᠤ 《 ᠦᠨᠡᠮᠯᠡᠯ ᠠᠪᠬᠤ ᠳᠤ ᠬᠦᠴᠢᠷ 》 ᠪᠠᠶᠢᠬᠤ ᠠᠰᠠᠭᠤᠳᠠᠯ ᠢ ᠲᠤᠶᠢᠯᠪᠤᠷᠢᠲᠠᠢ ᠰᠢᠢᠳᠪᠦᠷᠢᠯᠡᠬᠦ ᠬᠡᠷᠡᠭᠲᠡᠢ  ᠃ ᠠᠵᠤ ᠠᠬᠤᠶᠢᠯᠠᠯ ᠤᠨ ᠪᠠᠷᠢᠯᠭ᠎ᠠ ᠶᠢᠨ ᠠᠵᠢᠯ ᠳᠤᠮᠳᠠᠬᠢ ᠠᠶᠤᠯᠭᠦᠢ ᠦᠢᠯᠡᠳᠪᠦᠷᠢᠯᠡᠯ ᠤᠨ ᠬᠢᠨᠠᠯᠲᠠ ᠬᠠᠮᠢᠶᠠᠷᠤᠯᠲᠠ ᠶᠢ ᠴᠢᠩᠭᠠᠳᠬᠠᠵᠤ᠂ ᠢᠨᠵᠧᠨᠧᠷᠢᠩ ᠤᠨ ᠲᠥᠯᠥᠪᠵᠢᠭᠦᠯᠭᠡ ᠶᠢᠨ ᠪᠣᠭᠤᠮᠲᠠ ᠪᠣᠯᠤᠨ ᠶᠠᠰᠤ ᠴᠢᠨᠠᠷ ᠤᠨ ᠪᠣᠭᠤᠮᠲᠠ ᠶᠢ ᠴᠢᠩᠭ᠎ᠠ ᠰᠠᠬᠢᠵᠤ᠂ ᠬᠤᠳᠠ ᠯᠤᠭ᠎ᠠ ᠠᠭᠤᠰᠤᠯᠴᠠᠭᠰᠠᠨ᠂ ᠠᠷᠠᠳ ᠲᠦᠮᠡᠨ ᠳᠤ ᠲᠠᠭᠠᠰᠢᠶᠠᠭᠳᠠᠭᠰᠠᠨ ᠰᠣᠳᠣᠨ ᠣᠷᠣᠨ ᠰᠠᠭᠤᠴᠠ ᠶᠢ ᠪᠠᠶᠢᠭᠤᠯᠵᠤ᠂ ᠤᠯᠠᠨ ᠲᠦᠮᠡᠨ ᠤ ᠬᠦᠷᠲᠡᠮᠵᠢ ᠶᠢᠨ ᠲᠦᠷᠦᠭᠳᠡᠯ ᠪᠣᠯᠤᠨ ᠵᠢᠷᠭᠠᠯᠲᠤ ᠲᠦᠷᠦᠭᠳᠡᠯ ᠢ ᠲᠠᠰᠤᠷᠠᠯᠳᠠ ᠦᠭᠡᠢ ᠨᠡᠮᠡᠭᠳᠡᠭᠦᠯᠵᠦ᠂ ᠭᠡᠷ ᠭᠠᠵᠠᠷ  ᠤᠨ ᠬᠦᠷᠦᠩᠬᠡ ᠶᠢᠨ ᠵᠠᠬ᠎ᠠ ᠳᠡᠯᠭᠡᠭᠦᠷ ᠤᠨ ᠠᠶᠤᠯ ᠲᠦᠭᠰᠢᠭᠦᠷᠢ ᠶᠢ ᠦᠨᠡᠨ ᠬᠦ ᠰᠡᠷᠭᠡᠶᠢᠯᠡᠬᠦ ᠬᠡᠷᠡᠭᠲᠡᠢ  ᠃       ᠬᠤᠸᠠᠩ ᡁᠢ ᠴᠢᠶᠠᠩ᠂ ᠰᠢᠨ᠎ᠡ ᠶᠢ ᠡᠭᠦᠳᠬᠦ ᠪᠠᠷ ᠬᠥᠳᠡᠯᠭᠡᠭᠦᠷ ᠪᠣᠯᠭᠠᠬᠤ ᠬᠥᠭᠵᠢᠯᠲᠡ ᠶᠢᠨ ᠪᠠᠶᠢᠯᠳᠤᠬᠤ ᠪᠤᠳᠤᠯᠭ᠎ᠠ ᠶᠢ ᠪᠠᠷᠢᠮᠲᠠᠯᠠᠵᠤ᠂ ᠰᠢᠨ᠎ᠡ ᠶᠢ ᠡᠭᠦᠳᠬᠦ ᠪᠠᠷ ᠬᠥᠳᠡᠯᠭᠡᠭᠦᠷ ᠪᠣᠯᠭᠠᠬᠤ ᠬᠥᠭᠵᠢᠯᠲᠡ ᠶᠢᠨ ᠪᠠᠶᠢᠯᠳᠤᠬᠤ ᠪᠤᠳᠤᠯᠭ᠎ᠠ ᠶᠢᠨ ᠲᠦᠷᠢᠮ ᠤᠨ ᠪᠠᠲᠤᠯᠠᠭ᠎ᠠ ᠶᠢᠨ ᠪᠠᠶᠢᠭᠤᠯᠤᠯᠲᠠ ᠶᠢ ᠲᠡᠭᠦᠯᠳᠡᠷᠵᠢᠭᠦᠯᠵᠦ᠂ ᠰᠢᠨ᠎ᠡ ᠶᠢ ᠡᠭᠦᠳᠬᠦ ᠰᠣᠶᠣᠯ ᠤᠨ ᠣᠷᠴᠢᠨ ᠲᠣᠭᠤᠷᠢᠨ ᠤ ᠣᠳᠣᠬᠢᠴᠢᠯᠠᠯᠲᠠ ᠶᠢᠨ ᠪᠦᠳᠦᠭᠡᠨ ᠪᠠᠶᠢᠭᠤᠯᠤᠯᠲᠠ ᠶᠢ ᠠᠬᠢᠭᠤᠯᠬᠤ ᠬᠡᠷᠡᠭᠲᠡᠢ  ᠃ ᠬᠤᠳᠠᠯᠳᠤᠭ᠎ᠠ ᠡᠷᠬᠢᠯᠡᠬᠦ ᠣᠷᠴᠢᠨ ᠨᠥᠬᠦᠴᠡᠯ ᠢ ᠤᠯᠠᠮ ᠴᠢᠨᠠᠭᠰᠢᠳᠠ ᠰᠢᠯᠢᠳᠡᠭᠵᠢᠭᠦᠯᠵᠦ᠂ ᠰᠠᠨᠠᠭᠠᠴᠢᠯᠠᠭ᠎ᠠ ᠠᠴᠠ  ᠪᠠᠨ ᠦᠢᠯᠡᠴᠢᠯᠡᠬᠦ ᠤᠬᠠᠮᠰᠠᠷ ᠢᠶᠠᠨ ᠴᠢᠩᠭᠠᠳᠬᠠᠵᠤ᠂ ᠡᠯ᠎ᠡ ᠲᠦᠷᠦᠯ ᠤᠨ ᠳᠡᠭᠡᠳᠦ ᠰᠢᠨ᠎ᠡ ᠮᠡᠷᠭᠡᠵᠢᠯ ᠤᠨ ᠠᠵᠤ ᠠᠬᠤᠶᠢᠯᠠᠯ ᠢ ᠬᠠᠪᠰᠤᠷᠤᠨ ᠤᠯᠤᠰ ᠤᠨ ᠡᠯ᠎ᠡ ᠵᠦᠢᠯ ᠤᠨ ᠬᠠᠷᠠᠭᠠᠯᠵᠠᠯ ᠤᠨ ᠲᠦᠷᠦ ᠶᠢᠨ ᠪᠤᠳᠤᠯᠭ᠎ᠠ ᠶᠢ ᠰᠠᠶᠢᠲᠤᠷ ᠭᠦᠢᠴᠡᠳ ᠬᠡᠷᠡᠭᠯᠡᠵᠦ᠂ ᠠᠵᠤ ᠠᠬᠤᠶᠢᠯᠠᠯ ᠤᠨ ᠦᠢᠯᠡᠳᠪᠦᠷᠢᠯᠡᠯ ᠡᠵᠡᠩᠨᠡᠯᠲᠡ ᠶᠢᠨ ᠥᠪᠡᠷ ᠤᠨ ᠦᠷᠳᠡᠭ ᠢ ᠪᠦᠲᠦᠮᠵᠢᠲᠡᠢ ᠪᠠᠭᠤᠷᠠᠭᠤᠯᠬᠤ ᠬᠡᠷᠡᠭᠲᠡᠢ  ᠃
 
ᠢᠷᠡᠯᠲᠡ᠄ ᠥᠪᠥᠷ ᠮᠣᠩᠭᠤᠯ ᠤᠨ ᠡᠳᠦᠷ ᠤᠨ ᠰᠣᠨᠢᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号