ᠥᠪᠡᠷᠲᠡᠭᠡᠨ ᠵᠠᠰᠠᠬᠤ ᠣᠷᠣᠨ ᠤ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠲᠢᠩᠬᠢᠮ ᠬᠢᠭᠡᠳ ᠰᠢᠨᠵᠢᠶᠠᠩ ᠤᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠦᠷ᠎ᠡ ᠪᠦᠲᠦᠭᠡᠯ ᠤᠨ ᠬᠤᠪᠢᠷᠠᠭᠤᠯᠤᠯᠲᠠ  ᠶᠢ ᠠᠬᠢᠭᠤᠯᠬᠤ ᠬᠠᠤᠯᠢ ᠶᠢᠨ ᠣᠷᠣᠨ ᠨᠤᠲᠤᠭ ᠤᠨ ᠬᠠᠤᠯᠢ ᠲᠣᠭᠲᠠᠭᠠᠬᠤ ᠵᠠᠰᠠᠪᠤᠷᠢ ᠣᠷᠣᠭᠤᠯᠬᠤ ᠠᠵᠢᠯ  ᠤᠨ ᠪᠠᠶᠢᠴᠠᠭᠠᠨ ᠰᠤᠳᠤᠯᠬᠤ ᠳᠤᠭᠤᠶᠢᠯᠠᠩ ᠶᠠᠷᠢᠯᠴᠠᠵᠤ ᠰᠠᠨᠠᠯ ᠢᠶᠠᠨ ᠰᠣᠯᠢᠯᠴᠠᠪᠠ
ᠨᠡᠶᠢᠲᠡᠯᠡᠭᠰᠡᠨ ᠴᠠᠭ᠄
2021/10/13
       10 ᠳ᠋ᠤᠭᠠᠷ ᠰᠠᠷ᠎ᠠ ᠶᠢᠨ 11 ᠤ ᠡᠳᠦᠷ᠂ ᠥᠪᠡᠷᠲᠡᠭᠡᠨ ᠵᠠᠰᠠᠬᠤ ᠣᠷᠣᠨ ᠤ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠲᠢᠩᠬᠢᠮ ᠶᠠᠷᠢᠯᠴᠠᠬᠤ ᠬᠤᠷᠠᠯ ᠬᠤᠷᠠᠯᠳᠤᠭᠤᠯᠵᠤ᠂ ᠰᠢᠨᠵᠢᠶᠠᠩ ᠤᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠲᠢᠩᠬᠢᠮ ᠤᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠦᠷ᠎ᠡ ᠪᠦᠲᠦᠭᠡᠯ ᠢ ᠤᠯᠠᠷᠢᠭᠤᠯᠬᠤ ᠶᠢ ᠠᠬᠢᠭᠤᠯᠬᠤ ᠬᠠᠤᠯᠢ ᠶᠢᠨ ᠣᠷᠣᠨ ᠨᠤᠲᠤᠭ ᠤᠨ ᠬᠠᠤᠯᠢ ᠲᠣᠭᠲᠠᠭᠠᠬᠤ ᠵᠠᠰᠠᠪᠤᠷᠢ ᠣᠷᠣᠭᠤᠯᠬᠤ ᠠᠵᠢᠯ ᠤᠨ ᠪᠠᠶᠢᠴᠠᠭᠠᠨ ᠰᠤᠳᠤᠯᠬᠤ ᠳᠤᠭᠤᠶᠢᠯᠠᠩ ᠲᠠᠢ ᠶᠠᠷᠢᠯᠴᠠᠨ ᠰᠣᠯᠢᠯᠴᠠᠵᠤ᠂ ᠥᠪᠡᠷᠲᠡᠭᠡᠨ ᠵᠠᠰᠠᠬᠤ ᠣᠷᠣᠨ ᠤ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠲᠢᠩᠬᠢᠮ ᠤᠨ ᠨᠠᠮ ᠤᠨ ᠤᠳᠤᠷᠢᠳᠬᠤ ᠳᠤᠭᠤᠶᠢᠯᠠᠩ ᠤᠨ ᠪᠦᠷᠢᠯᠳᠦᠬᠦᠨ᠂ ᠲᠢᠩᠬᠢᠮ ᠤᠨ ᠳᠡᠳ᠋ ᠳᠠᠷᠤᠭ᠎ᠠ ᠵᠠᠩ ᡁᠢ ᠺᠤᠸᠠᠨ᠂ ᠰᠢᠨᠵᠢᠶᠠᠩ ᠤᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠲᠢᠩᠬᠢᠮ ᠤᠨ ᠨᠠᠮ ᠤᠨ ᠤᠳᠤᠷᠢᠳᠬᠤ ᠳᠤᠭᠤᠶᠢᠯᠠᠩ ᠤᠨ ᠪᠦᠷᠢᠯᠳᠦᠬᠦᠨ᠂ ᠲᠢᠩᠬᠢᠮ ᠤᠨ ᠳᠡᠳ᠋ ᠳᠠᠷᠤᠭ᠎ᠠ‌‍ᠳᠦᠦᠸ᠋ ᠯᠢ ᠺᠦᠨ ᠠ ᠦ ᠲᠢ᠂ ᠬᠤᠶᠠᠷ ᠭᠠᠵᠠᠷ ᠤᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠲᠢᠩᠬᠢᠮ᠂ ᠬᠠᠤᠯᠢ ᠴᠠᠭᠠᠵᠠ ᠶᠢᠨ ᠲᠢᠩᠬᠢᠮ ᠤᠨ ᠬᠠᠮᠢᠶ᠎ᠠ ᠪᠥᠬᠦᠶ ᠭᠠᠵᠠᠷ ᠬᠡᠷ ᠤᠨ ᠬᠠᠷᠢᠭᠤᠴᠠᠯᠭᠠᠲᠠᠨ ᠨᠥᠬᠦᠳ ᠶᠠᠷᠢᠯᠴᠠᠬᠤ ᠬᠤᠷᠠᠯ ᠳᠤ ᠣᠷᠣᠯᠴᠠᠪᠠ  ᠃
       ᠵᠠᠩ ᡁᠢ ᠺᠤᠸᠠᠨ ᠲᠤᠷᠢᠺᠦᠨ ᠠᠦ᠋ᠲ᠋ᠢ ᠨᠠᠷ ᠢ ᠪᠠᠶᠠᠷᠯᠠᠨ ᠤᠭᠲᠤᠵᠤ ᠪᠠᠶᠢᠬᠤ ᠪᠠᠨ ᠢᠯᠡᠳᠬᠡᠭᠰᠡᠨ ᠪᠥᠭᠡᠳ ᠥᠪᠥᠷ ᠮᠣᠩᠭᠤᠯ ᠤᠨ ᠦᠨᠳᠦᠰᠦᠨ ᠲᠣᠶᠢᠮᠣ ᠪᠠᠶᠢᠳᠠᠯ ᠵᠢᠴᠢ 《 ᠠᠷᠪᠠᠨ ᠳᠥᠷᠪᠡᠳᠦᠭᠡᠷ ᠲᠠᠪᠤᠨ ᠵᠢᠯ 》 ᠤᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠢᠨ᠎ᠡ ᠶᠢ ᠡᠭᠦᠳᠬᠦ ᠲᠥᠯᠥᠪᠵᠢᠭᠦᠯᠭᠡ᠂ 《 ᠭᠤᠷᠪᠠᠨ ᠣᠷᠣᠨ ᠬᠤᠶᠠᠷ ᠲᠥᠪ 》᠂ ᠳᠡᠭᠡᠳᠦ ᠰᠢᠨ᠎ᠡ ᠮᠡᠷᠭᠡᠵᠢᠯ ᠤᠨ ᠠᠵᠤ ᠠᠬᠤᠶᠢᠯᠠᠯ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ  ᠤᠨ ᠰᠢᠨ᠎ᠡ ᠶᠢ ᠡᠭᠦᠳᠬᠦ ᠲᠠᠪᠴᠠᠩ ᠪᠣᠯᠤᠨ ᠰᠢᠨ᠎ᠡ ᠶᠢ ᠡᠭᠦᠳᠬᠦ ᠪᠠᠯᠠ ᠮᠥᠩᠭᠦ ᠶᠢᠨ ᠬᠠᠮᠢᠶᠠᠷᠤᠯᠲᠠ ᠬᠡᠷᠡᠭᠯᠡᠯᠲᠡ ᠵᠡᠷᠭᠡ ᠲᠠᠯ᠎ᠠ ᠶᠢᠨ ᠠᠵᠢᠯ ᠤᠨ ᠪᠠᠶᠢᠳᠠᠯ ᠢ ᠲᠠᠨᠢᠯᠴᠠᠭᠤᠯᠪᠠ  ᠃ ᠬᠤᠷᠠᠯ ᠳᠡᠭᠡᠷ᠎ᠡ 《 ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠦᠷ᠎ᠡ ᠪᠦᠲᠦᠭᠡᠯ ᠢ ᠤᠯᠠᠷᠢᠭᠤᠯᠬᠤ  ᠶᠢ ᠠᠬᠢᠭᠤᠯᠬᠤ ᠲᠦᠷᠢᠮ 》 ᠳᠤ ᠵᠠᠰᠠᠪᠤᠷᠢ ᠣᠷᠣᠭᠤᠯᠬᠤ ᠵᠢᠴᠢ ᠨᠡᠶᠢᠲᠡᠯᠡᠨ ᠬᠡᠷᠡᠭᠵᠢᠭᠦᠯᠬᠦ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠦᠷ᠎ᠡ ᠪᠦᠲᠦᠭᠡᠯ ᠢ ᠤᠯᠠᠷᠢᠭᠤᠯᠬᠤ ᠵᠡᠷᠭᠡ ᠲᠠᠯ᠎ᠠ ᠶᠢᠨ ᠠᠵᠢᠯ ᠥᠷᠨᠢᠭᠦᠯᠦᠭᠰᠡᠨ ᠪᠠᠶᠢᠳᠠᠯ ᠢ ᠲᠠᠨᠢᠯᠴᠠᠭᠤᠯᠵᠤ᠂ ᠬᠤᠷᠠᠯ ᠳᠤ ᠣᠷᠣᠯᠴᠠᠭᠰᠠᠳ ᠠᠵᠢᠯ ᠤᠨ ᠣᠯᠤᠯᠲᠠ ᠲᠥᠷᠥᠭᠳᠡᠯ ᠢᠶᠠᠨ ᠬᠤᠪᠢᠶᠠᠯᠴᠠᠵᠤ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠬᠠᠮᠢᠶᠠᠷᠤᠯᠲᠠ ᠶᠢᠨ ᠠᠵᠢᠯ ᠳᠤ ᠣᠷᠣᠰᠢᠵᠤ ᠪᠠᠶᠢᠭ᠎ᠠ ᠠᠰᠠᠭᠤᠳᠠᠯ ᠪᠣᠯᠤᠨ ᠪᠣᠳᠠᠲᠠᠶ ᠠᠷᠭ᠎ᠠ ᠬᠡᠮᠵᠢᠶ᠎ᠡ ᠪᠠᠨ ᠰᠣᠯᠢᠯᠴᠠᠪᠠ  ᠃
      ᠵᠠᠩ ᡁᠢ ᠺᠤᠸᠠᠨ ᠵᠢᠭᠠᠵᠤ ᠭᠠᠷᠭᠠᠭᠰᠠᠨ ᠨᠢ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠦᠷ᠎ᠡ ᠪᠦᠲᠦᠭᠡᠯ ᠢ ᠬᠤᠪᠢᠷᠠᠭᠤᠯᠬᠤ ᠪᠣᠯ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠢᠨ᠎ᠡ ᠶᠢ ᠡᠭᠦᠳᠬᠦ ᠠᠵᠢᠯᠯᠠᠭ᠎ᠠ  ᠶᠢᠨ ᠪᠥᠬᠦ ᠶᠠᠪᠤᠴᠠ ᠶᠢᠨ 《 ᠡᠴᠦᠰ ᠤᠨ ᠨᠢᠭᠡ ᠺᠢᠯᠣᠮᠧᠲᠷ 》 ᠮᠥᠨ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ  ᠤᠨ ᠦᠷ᠎ᠡ ᠪᠦᠲᠦᠭᠡᠯ ᠢ ᠬᠤᠪᠢᠷᠠᠭᠤᠯᠬᠤ ᠠᠵᠢᠯ ᠤᠷᠤᠭᠰᠢᠲᠠᠶ ᠶᠠᠪᠤᠭᠳᠠᠵᠤ ᠪᠠᠶᠢᠬᠤ ᠡᠰᠡᠬᠦ ᠨᠢ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠢᠨ᠎ᠡ ᠶᠢ ᠡᠭᠦᠳᠬᠦ ᠠᠵᠢᠯᠯᠠᠭ᠎ᠠ ᠶᠢᠨ ᠢᠯᠠᠵᠤ ᠢᠯᠠᠭᠳᠠᠬᠤ ᠴᠢᠨᠠᠭᠰᠢᠯᠠᠪᠠᠯ ᠠᠵᠤ ᠠᠬᠤᠶ ᠨᠡᠶᠢᠭᠡᠮ ᠤᠨ ᠬᠥᠭᠵᠢᠯᠲᠡ ᠳᠤ ᠴᠥᠮ ᠴᠢᠬᠤᠯᠠ ᠠᠴᠢ ᠬᠤᠯᠪᠣᠭᠳᠠᠯ ᠲᠠᠢ ᠶᠤᠮ  ᠃ ᠶᠡᠷᠦᠩᠬᠡᠶ ᠱᠦᠵᠢ ᠰᠢ  ᠶᠢᠨ ᠫᠢᠩ ᠥᠪᠥᠷ ᠮᠣᠩᠭᠤᠯ ᠳᠤ ᠴᠢᠬᠤᠯᠠ ᠶᠠᠷᠢᠶ᠎ᠠ ᠴᠢᠬᠤᠯᠠ ᠵᠢᠭᠠᠪᠤᠷᠢ ᠴᠣᠬᠤᠯᠠᠪᠤᠷᠢ ᠥᠭᠬᠦ ᠳᠡᠭᠡᠨ᠂ ᠴᠥᠮ ᠥᠪᠥᠷ ᠮᠣᠩᠭᠤᠯ ᠤᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠦᠷ᠎ᠡ ᠪᠦᠲᠦᠭᠡᠯ ᠢ ᠣᠨᠳᠣᠤᠰᠢᠭᠤᠯᠬᠤ ᠠᠵᠢᠯ  ᠢ ᠳᠡᠭᠡᠳᠦ ᠬᠡᠮᠵᠢᠶ᠎ᠡ ᠪᠠᠷ ᠠᠩᠬᠠᠷᠴᠤ᠂ 《 ᠬᠤᠶᠠᠷ ᠬᠠᠯᠬᠠᠪᠴᠢ 》᠂ 《 ᠬᠤᠶᠠᠷ ᠰᠠᠭᠤᠷᠢᠨ 》 ᠪᠣᠯᠤᠨ 《 ᠨᠢᠭᠡ ᠬᠥᠭᠦᠷᠭᠡᠨ ᠪᠠᠬᠢᠯᠡᠯᠲᠡ 》 ᠶᠢᠨ ᠪᠠᠶᠢᠯᠳᠤᠬᠤ ᠪᠣᠳᠣᠯᠭ᠎ᠠ ᠶᠢᠨ ᠪᠠᠶᠢᠷᠢ ᠲᠣᠭᠲᠠᠭᠠᠯᠲᠠ ᠳᠤ ᠠᠩᠬᠠᠷᠤᠯ ᠢᠶᠠᠨ ᠲᠥᠪᠯᠡᠷᠡᠭᠦᠯᠵᠦ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠦᠷ᠎ᠡ ᠪᠦᠲᠦᠭᠡᠯ ᠢ ᠣᠨᠳᠣᠤᠰᠢᠭᠤᠯᠬᠤ ᠳᠤ ᠠᠮᠢ ᠠᠬᠤᠶ ᠶᠢ ᠤᠷᠢᠳ ᠢᠶᠠᠷ ᠪᠣᠳᠣᠯᠬᠢᠯᠠᠬᠤ᠂ ᠪᠣᠬᠢᠷᠲᠤᠯ ᠥᠬᠡᠶ ᠬᠥᠭᠵᠢᠭᠦᠯᠬᠦ ᠪᠠᠷ ᠤᠳᠤᠷᠢᠳᠤᠮᠵᠢ ᠪᠣᠯᠭᠠᠭᠰᠠᠨ ᠴᠢᠨᠠᠷ ᠰᠠᠶᠢᠲᠠᠶ ᠬᠥᠭᠵᠢᠯᠲᠡ ᠶᠢᠨ ᠡᠨᠡ ᠬᠦ ᠰᠢᠨ᠎ᠡ ᠲᠡᠦᠬᠡᠲᠦ ᠡᠭᠦᠷᠭᠡ ᠶᠢ ᠪᠡᠶᠡᠯᠡᠭᠦᠯᠬᠦ ᠳᠤ ᠬᠦᠴᠦᠨ ᠨᠡᠮᠡᠷᠢᠯᠡᠬᠦ ᠳᠤ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠦᠷ᠎ᠡ ᠪᠦᠲᠦᠭᠡᠯ ᠢ ᠣᠨᠳᠣᠤᠰᠢᠭᠤᠯᠬᠤ ᠠᠵᠢᠯ ᠢ ᠰᠠᠶᠢᠲᠤᠷ ᠬᠢᠬᠦ ᠳᠤ ᠬᠦᠴᠦᠨ ᠪᠥᠬᠦᠶ ᠬᠠᠤᠯᠢ ᠴᠠᠭᠠᠵᠠ ᠪᠣᠯᠤᠨ ᠲᠦᠷᠢᠮ ᠤᠨ ᠪᠠᠲᠤᠯᠠᠭ᠎ᠠ ᠠᠴᠠ ᠰᠠᠯᠵᠤ ᠴᠢᠳᠠᠬᠤ ᠥᠬᠡᠶ ᠶᠤᠮ  ᠃ ᠲᠡᠷᠡ᠂ ᠶᠠᠷᠢᠯᠴᠠᠬᠤ ᠬᠤᠷᠠᠯ ᠢᠶᠠᠷ ᠲᠠᠮᠵᠢᠨ᠂ ᠬᠤᠶᠠᠷ ᠲᠠᠯ᠎ᠠ ᠪᠠᠷ ᠢᠶᠠᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ  ᠤᠨ ᠰᠢᠨ᠎ᠡ ᠶᠢ ᠡᠭᠦᠳᠬᠦ᠂ ᠦᠷ᠎ᠡ ᠪᠦᠲᠦᠭᠡᠯ ᠢ ᠣᠨᠳᠣᠣᠰᠢᠭᠤᠯᠬᠤ ᠵᠡᠷᠭᠡ ᠠᠵᠢᠯ ᠤᠨ ᠲᠤᠬᠠᠢ ᠣᠶᠢᠯᠠᠭᠠᠯᠲᠠ ᠪᠠᠨ ᠤᠯᠠᠮ ᠴᠢᠨᠠᠭᠰᠢᠳᠠ ᠭᠦᠨᠵᠡᠭᠡᠶᠢᠷᠡᠭᠦᠯᠵᠦ᠂ ᠬᠠᠷᠢᠯᠴᠠᠨ ᠲᠤᠯᠢ ᠪᠣᠯᠭᠠᠨ ᠰᠤᠷᠤᠯᠴᠠᠬᠤ᠂ ᠰᠠᠶᠢᠨ ᠲᠠᠢ ᠲᠠᠯ᠎ᠠ ᠶᠢ ᠨᠢ ᠠᠪᠴᠤ ᠳᠤᠲᠠᠭᠳᠠᠯ ᠲᠠᠢ ᠲᠠᠯ᠎ᠠ ᠪᠠᠨ ᠨᠥᠬᠦᠪᠥᠷᠢᠯᠡᠬᠦ᠂ ᠬᠠᠮᠲᠤ ᠪᠠᠷ ᠬᠥᠭᠵᠢᠬᠦ ᠰᠠᠶᠢᠨ ᠦᠷ᠎ᠡ ᠪᠦᠲᠦᠮᠵᠢ ᠲᠠᠢ ᠪᠣᠯᠵᠠᠢ  ᠃
        ᠳ᠋ᠤᠯᠢᠺᠤᠨ ᠠᠦ᠋ᠲ᠋ᠢ᠂ ᠲᠤᠰ ᠤᠳᠠᠭ᠎ᠠ ᠶᠢᠨ ᠶᠠᠷᠢᠯᠴᠠᠬᠤ ᠬᠤᠷᠠᠯ ᠪᠣᠯᠤᠨ ᠪᠠᠶᠢᠴᠠᠭᠠᠨ ᠰᠤᠳᠤᠯᠤᠯᠲᠠ ᠨᠢ ᠰᠢᠨ᠎ᠡ ᠶᠢ ᠡᠭᠦᠳᠬᠦ ᠪᠠᠷ ᠬᠥᠳᠡᠯᠭᠡᠭᠦᠷ ᠪᠣᠯᠭᠠᠬᠤ ᠬᠥᠭᠵᠢᠯᠲᠡ ᠶᠢᠨ ᠪᠠᠶᠢᠯᠳᠤᠬᠤ ᠪᠤᠳᠤᠯᠭ᠎ᠠ ᠶᠢ ᠲᠦᠷᠭᠡᠳᠬᠡᠨ ᠬᠡᠷᠡᠭᠵᠢᠭᠦᠯᠬᠦ᠂ 《 ᠪᠦᠬᠦᠳᠠ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠦᠷ᠎ᠡ ᠪᠦᠲᠦᠭᠡᠯ ᠢ ᠣᠨᠳᠣᠣᠰᠢᠭᠤᠯᠬᠤ ᠶᠢ ᠠᠬᠢᠭᠤᠯᠬᠤ ᠬᠠᠤᠯᠢ 》 ᠶᠢ ᠨᠠᠶᠢᠳᠠᠪᠤᠷᠢᠵᠢᠭᠤᠯᠬᠤ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠪᠣᠯᠤᠨ ᠠᠵᠤ ᠠᠬᠤᠢ ᠶᠢ ᠤᠶᠠᠯᠳᠤᠭᠤᠯᠬᠤ ᠠᠷᠭ᠎ᠠ ᠵᠠᠮ ᠢ ᠨᠡᠪᠲᠡᠷᠡᠭᠦᠯᠬᠦ᠂ ᠰᠢᠨᠵᠢᠯᠡᠬᠦ ᠤᠬᠠᠭᠠᠨ ᠤ ᠰᠤᠳᠤᠯᠭᠠᠨ ᠤ ᠬᠦᠷᠢᠶᠡᠯᠡᠩ ᠭᠠᠵᠠᠷ᠂ ᠶᠡᠭᠡ ᠳᠡᠭᠡᠳᠦ ᠰᠤᠷᠭᠠᠭᠤᠯᠢ ᠵᠡᠷᠭᠡ ᠰᠢᠨ᠎ᠡ ᠶᠢ ᠡᠭᠦᠳᠬᠦ ᠭᠤᠣᠯ ᠴᠣᠭᠴᠠ ᠵᠢᠴᠢ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠠᠵᠢᠯᠲᠠᠳ ᠢ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠦᠷ᠎ᠡ ᠪᠦᠲᠦᠭᠡᠯ ᠢᠶᠠᠨ ᠣᠨᠳᠣᠣᠰᠢᠭᠤᠯᠬᠤ ᠶᠢ ᠵᠣᠷᠢᠭᠵᠢᠭᠤᠯᠬᠤ᠂ ᠰᠢᠨᠵᠢᠶᠠᠩ ᠤᠨ ᠠᠵᠤ ᠠᠬᠤᠢ ᠶᠢᠨ ᠶᠠᠰᠤ ᠴᠢᠨᠠᠷ ᠢ ᠳᠡᠭᠡᠭᠰᠢᠯᠡᠭᠦᠯᠦᠨ ᠦᠷ᠎ᠡ ᠠᠰᠢᠭ ᠢ ᠨᠡᠮᠡᠭᠳᠡᠭᠦᠯᠬᠦ ᠶᠢ ᠠᠬᠢᠭᠤᠯᠬᠤ ᠪᠠᠷ ᠵᠣᠷᠢᠯᠭ᠎ᠠ ᠪᠣᠯᠭᠠᠭᠰᠠᠨ ᠶᠤᠮ  ᠃ ᠶᠠᠷᠢᠯᠴᠠᠬᠤ ᠬᠤᠷᠠᠯ ᠳᠡᠭᠡᠷ᠎ᠡ ᠥᠪᠥᠷ ᠮᠣᠩᠭᠤᠯ ᠤᠨ ᠰᠢᠨᠵᠢᠯᠡᠬᠦ ᠤᠬᠠᠭᠠᠨ ᠲᠧᠭᠨᠢᠢᠡ ᠮᠡᠷᠭᠡᠵᠢᠯ ᠤᠨ ᠰᠢᠨ᠎ᠡ ᠶᠢ ᠡᠭᠦᠳᠬᠦ ᠠᠵᠢᠯ᠂ ᠢᠯᠠᠩᠭᠤᠶ᠎ᠠ ᠰᠢᠨᠵᠢᠯᠡᠬᠦ ᠤᠬᠠᠭᠠᠨ ᠲᠧᠭᠨᠢᠢᠡ ᠮᠡᠷᠭᠡᠵᠢᠯ ᠤᠨ ᠦᠷ᠎ᠡ ᠪᠦᠲᠦᠭᠡᠯ ᠢ ᠣᠨᠳᠣᠣᠰᠢᠭᠤᠯᠬᠤ ᠲᠠᠯ᠎ᠠ ᠪᠠᠷ ᠬᠢ ᠰᠠᠶᠢᠨ ᠠᠷᠭ᠎ᠠ ᠬᠢᠳᠡᠯ ᠪᠠ ᠲᠤᠷᠰᠢᠯᠭ᠎ᠠ ᠶᠢ ᠨᠠᠷᠢᠨ ᠣᠶᠢᠯᠠᠭᠠᠵᠤ᠂ ᠰᠢᠨᠵᠢᠯᠡᠬᠦ ᠤᠬᠠᠭᠠᠨ ᠲᠧᠭᠨᠢᠢᠡ ᠮᠡᠷᠭᠡᠵᠢᠯ ᠤᠨ ᠰᠢᠨ᠎ᠡ ᠶᠢ ᠡᠭᠦᠳᠬᠦ ᠲᠠᠯ᠎ᠠ ᠪᠠᠷ ᠰᠢᠨᠵᠢᠶᠠᠩ ᠪᠣᠯᠤᠨ ᠥᠪᠥᠷ ᠮᠣᠩᠭᠤᠯ ᠳᠤ ᠮᠠᠰᠢ ᠣᠯᠠᠨ ᠠᠳᠠᠯᠢᠪᠲᠤᠷ ᠲᠠᠯ᠎ᠠ ᠪᠠᠶᠢᠨ᠎ᠠ᠂ ᠬᠤᠶᠠᠷ ᠲᠠᠯ᠎ᠠ ᠪᠠᠷ ᠢᠶᠠᠨ ᠤᠯᠤᠯᠴᠠᠭ᠎ᠠ ᠰᠣᠯᠢᠯᠴᠠᠭ᠎ᠠ  ᠪᠠᠨ ᠤᠯᠠᠮ ᠴᠢᠨᠠᠭᠰᠢᠳᠠ ᠴᠢᠩᠭᠠᠳᠬᠠᠵᠤ᠂ ᠬᠤᠯᠪᠣᠭᠳᠠᠯ ᠪᠦᠬᠦᠢ ᠬᠦᠷᠢᠶᠡᠨ ᠤ ᠰᠢᠨᠵᠢᠯᠡᠬᠦ ᠤᠬᠠᠭᠠᠨ ᠲᠧᠭᠨᠢᠢᠡ ᠮᠡᠷᠭᠡᠵᠢᠯ ᠤᠨ ᠬᠠᠮᠲᠤᠷᠠᠯᠴᠠᠭ᠎ᠠ ᠶᠢ ᠥᠷᠭᠡᠨ ᠢᠶᠠᠷ ᠥᠷᠨᠢᠭᠦᠯᠬᠦ ᠶᠢ ᠬᠦᠰᠡᠵᠦ ᠪᠠᠶᠢᠨ᠎ᠠ  ᠃
 
ᠢᠷᠡᠯᠲᠡ᠄ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠲᠢᠩᠬᠢᠮ ᠤᠨ ᠲᠥᠷᠥ ᠶᠢᠨ ᠪᠣᠳᠣᠯᠭ᠋
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号